ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠪᠠᠷᠢᠪᠴᠢᠯᠠᠬᠤ ᠪᠠ ᠵᠠᠭᠠᠯᠲᠤᠬᠤ ᠶᠢ ᠨᠢᠭᠡ ᠴᠤᠭᠴᠠᠵᠢᠭᠤᠯᠬᠤ ᠬᠡᠷᠡᠭ ᠰᠢᠳᠬᠡᠬᠦ ᠲᠤᠭᠲᠠᠴᠠ ᠶᠢ ᠳᠦᠬᠦᠮ ᠵᠠᠳᠠᠯᠬᠤ ᠨᠢ

2018-08-31 09:51:07
ᠵᠣᠬᠢᠶᠠᠭᠴᠢ
ᠪᠤᠤ ᠵᠢᠶᠠᠨ ᠮᠢᠨ ᠵᠤᠯᠠ

     ᠬᠢᠨᠠᠨ ᠪᠠᠷᠢᠪᠴᠢᠯᠠᠬᠤ ᠪᠠ ᠬᠢᠨᠠᠨ ᠵᠠᠭᠠᠯᠲᠤᠬᠤ ᠪᠤᠯ ᠡᠷᠡᠬᠦᠦ ᠶᠢᠨ ᠵᠠᠷᠭᠤ ᠶᠢᠨ ᠬᠠᠤᠯᠢ ᠠᠴᠠ ᠪᠠᠶᠢᠴᠠᠭᠠᠬᠤ ᠪᠠᠶᠢᠭᠤᠯᠭ᠎ᠠ ᠳᠤ ᠤᠯᠭᠤᠭᠰᠠᠨ ᠬᠤᠶᠠᠷ ᠶᠡᠭᠡ ᠴᠢᠬᠤᠯᠠ ᠡᠬᠦᠷᠭᠡ ᠴᠢᠳᠠᠮᠵᠢ ᠪᠤᠯᠤᠨ᠎ᠠ᠃《 ᠡᠷᠡᠬᠦᠦ ᠶᠢᠨ ᠵᠠᠷᠭᠤ ᠶᠢᠨ ᠬᠠᠤᠯᠢ》 ᠶᠢᠨ ᠲᠠᠪᠢᠨ ᠶᠢᠰᠦᠳᠦᠭᠡᠷ ᠵᠦᠢᠯ ᠤᠨ ᠲᠤᠭᠲᠠᠭᠠᠯ ᠳᠤ᠄《 ᠶᠠᠯ᠎ᠠ ᠬᠢᠭᠰᠡᠨ ᠰᠡᠵᠢᠭᠲᠡᠨ᠂ ᠵᠠᠭᠠᠯᠲᠤᠭᠳᠠᠭᠴᠢ ᠶᠢ ᠪᠠᠷᠢᠪᠴᠢᠯᠠᠬᠤ ᠳᠤ ᠡᠷᠬᠡᠪᠰᠢ ᠠᠷᠠᠳ ᠤᠨ ᠪᠠᠶᠢᠴᠠᠭᠠᠬᠤ ᠬᠤᠷᠢᠶ᠎ᠠ ᠪᠠᠷ ᠵᠦᠪᠰᠢᠶᠡᠷᠡᠬᠦᠯᠬᠦ ᠪᠤᠶᠤ ᠠᠷᠠᠳ ᠤᠨ ᠰᠢᠭᠦᠭᠦ ᠬᠤᠷᠢᠶ᠎ᠠ ᠪᠠᠷ ᠲᠤᠭᠲᠠᠭᠠᠯᠭᠠᠵᠤ᠂ ᠲᠤᠳᠤᠭᠠᠲᠦ ᠶᠢ ᠬᠠᠮᠠᠭᠠᠯᠠᠬᠤ ᠪᠠᠶᠢᠭᠤᠯᠭ᠎ᠠ ᠠᠴᠠ ᠬᠦᠢᠴᠡᠳᠬᠡᠨ᠎ᠡ》ᠬᠡᠵᠤ ᠲᠤᠭᠲᠠᠭᠠᠭᠰᠠᠨ ᠪᠠᠶᠢᠨ᠎ᠠ᠃ ᠵᠠᠭᠤ ᠭᠤᠴᠢᠨ ᠵᠢᠷᠭᠤᠲᠤᠭᠠᠷ ᠵᠦᠢᠯ ᠳᠤ ᠪᠠᠰᠠ᠄《 ᠠᠯᠪᠠᠨ ᠵᠠᠭᠠᠯᠲᠤᠯᠭ᠎ᠠ ᠭᠠᠷᠭᠠᠬᠤ ᠴᠢᠬᠤᠯᠠ ᠲᠠᠢ ᠬᠡᠷᠡᠭ ᠢ ᠴᠦᠮ ᠠᠷᠠᠳ ᠤᠨ ᠪᠠᠶᠢᠴᠠᠭᠠᠬᠤ ᠬᠤᠷᠢᠶᠠᠨ ᠠᠴᠠ ᠬᠢᠨᠠᠨ ᠲᠤᠭᠲᠠᠭᠠᠨ᠎ᠠ》ᠭᠡᠵᠤ ᠲᠤᠭᠲᠠᠭᠠᠪᠠ᠃ ᠡᠶᠢᠮᠦ ᠠᠴᠠ᠂ ᠬᠠᠤᠯᠢ ᠴᠠᠭᠠᠵᠠ ᠳᠡᠭᠡᠷ᠎ᠡ ᠵᠠᠷᠭᠤ ᠶᠢᠨ ᠪᠠᠶᠡᠴᠢ ᠴᠤᠭᠴᠠ ᠶᠢᠨ ᠬᠤᠪᠢ ᠠᠴᠠ ᠵᠠᠷᠭᠤᠯᠠᠬᠤ ᠠᠵᠢᠯᠯᠠᠭ᠎ᠠ ᠳᠤ ᠤᠷᠤᠯᠴᠠᠵᠤ ᠪᠠᠶᠢᠭ᠎ᠠ ᠨᠢ ᠪᠠᠶᠢᠴᠠᠭᠠᠬᠤ ᠪᠠᠶᠢᠭᠤᠯᠭ᠎ᠠ ᠪᠤᠯᠤᠨ᠎ᠠ᠂ ᠬᠠᠷᠢᠨ ᠲᠡᠬᠦᠨ ᠤ ᠨᠢᠭᠡ ᠰᠠᠯᠠᠭ᠎ᠠ ᠮᠦᠴᠢᠷ ᠪᠢᠰᠢ᠃ ᠤᠷᠲᠦ ᠬᠤᠭᠤᠴᠠᠭᠠᠨ ᠤ ᠲᠤᠷᠰᠢ᠂ ᠡᠷᠡᠬᠦᠦ ᠶᠢᠨ ᠬᠡᠷᠡᠭ ᠤᠨ ᠪᠠᠶᠢᠴᠠᠭᠠᠬᠤ ᠪᠦᠲᠦᠴᠡ ᠨᠢ ᠪᠦᠷ ᠪᠠᠷᠢᠪᠴᠢᠯᠠᠬᠤ ᠪᠠ ᠵᠠᠭᠠᠯᠲᠤᠬᠤ ᠬᠠᠷᠢᠴᠠᠩᠭᠤᠢ ᠰᠠᠯᠤᠩᠬᠢ ᠪᠠᠶᠢᠳᠠᠯ ᠳᠤ ᠤᠷᠤᠰᠢᠵᠤ᠂ ᠪᠠᠷᠢᠪᠴᠢᠯᠠᠬᠤ ᠪᠠ ᠵᠠᠭᠠᠯᠲᠤᠬᠤ ᠨᠢ ᠰᠠᠯᠤᠩᠬᠢᠷᠠᠭᠰᠠᠨ ᠠᠴᠠ ᠮᠠᠰᠢ ᠤᠯᠠᠨ ᠬᠡᠮ ᠰᠤᠭᠤᠭ ᠢᠯᠡᠷᠡᠪᠡ᠃ ᠵᠢᠱᠢᠶᠡᠯᠡᠪᠡᠯ᠄ ᠬᠡᠷᠡᠭ ᠤᠨ ᠶᠠᠪᠤᠴᠠ ᠶᠢ ᠳᠠᠪᠲᠠᠬᠤ᠂ ᠬᠡᠷᠡᠭ ᠰᠢᠳᠬᠡᠬᠦ ᠶᠠᠰᠤ ᠴᠢᠨᠠᠷ ᠪᠠ ᠦᠷ᠎ᠡ ᠪᠦᠲᠦᠮᠵᠢ ᠨᠢ ᠠᠨᠠᠢ ᠵᠡᠷᠭᠡ ᠪᠠᠶᠢᠳᠠᠯ ᠢᠯᠡᠷᠡᠭᠰᠡᠨ ᠪᠠᠶᠢᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠦᠭᠡᠷᠡᠴᠢᠯᠡᠯᠲᠡ ᠠᠴᠠ ᠪᠤᠯᠵᠤ ᠪᠠᠶᠢᠴᠠᠭᠠᠬᠤ ᠠᠵᠢᠯᠲᠠᠨ ᠴᠦᠬᠡᠳᠴᠦ᠂ ᠬᠡᠷᠡᠭ ᠰᠢᠳᠬᠡᠬᠦ ᠬᠦᠴᠦᠨ ᠬᠦᠷᠦᠯᠴᠡᠬᠦ ᠦᠭᠡᠢ ᠵᠦᠷᠢᠴᠡᠯ ᠢ ᠲᠡᠪᠴᠢᠬᠦ ᠶᠢᠨ ᠲᠦᠯᠦᠭᠡ᠂ ᠨᠢᠭᠡᠨ ᠲᠦᠪ ᠭᠤᠤᠯᠴᠢ ᠪᠦᠭᠡᠳ ᠦᠷ᠎ᠡ ᠪᠦᠲᠦᠮᠵᠢ ᠶᠢ ᠬᠤᠤᠰᠯᠠᠭᠤᠯᠤᠭᠰᠠᠨ ᠰᠢᠨ᠎ᠡ ᠵᠠᠮ — ᠲᠠᠷᠦᠢ《 ᠪᠠᠷᠢᠪᠴᠢᠯᠠᠬᠤ ᠪᠠ ᠵᠠᠭᠠᠯᠲᠤᠬᠤ ᠶᠢ ᠨᠢᠭᠡ ᠴᠤᠭᠴᠠᠵᠢᠭᠤᠯᠬᠤ》ᠬᠡᠷᠡᠭ ᠰᠢᠳᠭᠡᠬᠦ ᠪᠦᠲᠦᠴᠡ  ᠶᠢ ᠡᠭᠦᠳᠦᠨ ᠪᠠᠶᠢᠭᠤᠯᠬᠤ ᠴᠢᠬᠤᠯᠠᠲᠠᠢ ᠪᠤᠯᠤᠭᠰᠠᠨ ᠪᠠᠶᠢᠨ᠎ᠠ᠃

     ᠲᠤᠰ ᠪᠠᠶᠢᠴᠠᠭᠠᠨ ᠰᠤᠲᠤᠯᠤᠯᠲᠠ ᠳᠤ᠂ 2016 ᠣᠨ ᠤ 10 ᠰᠠᠷ᠎ᠠ ᠠᠴᠠ ᠨᠠᠰᠢᠬᠢ᠂ ᠮᠠᠨ ᠤ ᠬᠤᠷᠢᠶᠠᠨ ᠤ ᠤᠷᠤᠨ ᠲᠤᠭᠠᠲᠤ ᠳᠦᠷᠢᠮ ᠤᠨ ᠦᠭᠡᠷᠡᠴᠢᠯᠡᠯᠲᠡ ᠶᠢ ᠨᠡᠶᠢᠳᠡᠪᠦᠷᠢᠵᠢᠭᠤᠯᠤᠭᠰᠠᠨ ᠤ ᠳᠠᠷᠠᠭᠠᠬᠢ ᠬᠦᠯᠢᠶᠡᠨ ᠠᠪᠴᠦ ᠰᠢᠳᠬᠡᠭᠰᠡᠨ ᠬᠡᠷᠡᠭ ᠤᠨ ᠲᠤᠭ᠎ᠠ ᠳᠤ ᠰᠠᠭᠤᠷᠢᠯᠠᠨ᠂ ᠲᠤᠷᠰᠢᠨ  ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠠᠯᠪᠠᠨ ᠵᠠᠭᠠᠯᠳᠤᠯᠭ᠎ᠠ ᠶᠢᠨ ᠰᠠᠯᠠᠭ᠎ᠠ ᠮᠦᠴᠢᠷ ᠤᠨ ᠤᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠤ ᠠᠦ᠋ᠲ᠋ᠤᠴᠢᠯᠠᠭᠰᠠᠨ ᠡᠭᠡᠯᠵᠢᠯᠡᠨ ᠬᠡᠷᠡᠭ ᠬᠤᠪᠢᠶᠠᠷᠢᠯᠠᠬᠤ ᠲᠤᠭᠲᠠᠴᠠ ᠶᠢᠨ ᠪᠤᠳᠠᠲᠠᠢ ᠠᠵᠢᠯᠯᠠᠭᠠᠨ ᠤ ᠪᠠᠶᠢᠳᠠᠯ ᠲᠠᠢ ᠤᠶᠠᠯᠲᠤᠭᠤᠯᠤᠨ᠂《 ᠪᠠᠷᠢᠪᠴᠢᠯᠠᠬᠤ ᠪᠠ ᠵᠠᠭᠠᠯᠲᠤᠬᠤ ᠶᠢ ᠨᠢᠭᠡ ᠴᠤᠭᠴᠠᠵᠢᠭᠤᠯᠬᠤ》ᠬᠡᠷᠡᠭ ᠰᠢᠳᠬᠡᠬᠦ ᠲᠤᠭᠲᠠᠴᠠ ᠳᠤ ᠲᠦᠬᠦᠮ ᠵᠠᠳᠠᠯᠤᠯᠲᠠ ᠬᠢᠶ᠎ᠡ᠃

     ᠨᠢᠭᠡ᠂ ᠤᠷᠤᠨ ᠲᠤᠭᠠᠲᠦ ᠪᠠᠶᠢᠴᠠᠭᠠᠬᠤ ᠲᠤᠰᠢᠶᠠᠯᠲᠠᠨ ᠤ ᠳᠡᠭᠰᠢᠳᠬᠡᠭᠰᠡᠨ ᠬᠡᠷᠡᠭ ᠰᠢᠳᠬᠡᠭᠦ ᠲᠤᠭ᠎ᠠ ᠬᠡᠮᠵᠢᠶ᠎ᠡ ᠶᠢ ᠠᠳᠠᠯᠢᠳᠬᠠᠨ ᠵᠠᠳᠠᠯᠬᠤ ᠨᠢ

     ᠤᠷᠤᠨ ᠲᠤᠭᠠᠲᠦ ᠦᠭᠡᠷᠡᠴᠢᠯᠡᠯᠲᠡ ᠶᠠᠪᠤᠭᠳᠠᠭᠰᠠᠨ ᠠᠴᠠ ᠨᠠᠰᠢ᠂ ᠮᠡᠨ ᠤ ᠬᠤᠷᠢᠶᠠᠨ ᠤ ᠬᠢᠨᠠᠨ ᠪᠠᠷᠢᠪᠴᠢᠯᠠᠬᠤ ᠬᠡᠷᠡᠭ ᠨᠡᠶᠢᠲᠡ 44 ᠬᠡᠷᠡᠭ 77 ᠬᠦᠮᠦᠨ᠂ ᠬᠢᠨᠠᠨ ᠵᠠᠭᠠᠯᠲᠤᠭᠰᠠᠨ ᠬᠡᠷᠡᠭ 125 ᠬᠡᠷᠡᠭ 166 ᠬᠦᠮᠦᠨ ᠢ ᠬᠦᠯᠢᠶᠡᠨ ᠠᠪᠤᠪᠠ᠃ ᠦᠡᠭᠭᠡᠷᠡᠭᠰᠡᠨ ᠬᠤᠭᠤᠴᠠᠭ᠎ᠠ ᠲᠠᠢ ᠠᠳᠠᠯᠢᠳᠬᠠᠪᠠᠯ᠂ ᠬᠡᠷᠡᠭ ᠤᠨ ᠲᠤᠭ᠎ᠠ ᠬᠡᠮᠵᠢᠶ᠎ᠡ ᠵᠢᠴᠢ ᠰᠢᠨ᠎ᠡ ᠮᠠᠶ᠋ᠢᠭ ᠤᠨ ᠬᠡᠷᠡᠭ᠂ ᠬᠦᠴᠢᠷ ᠪᠤᠲᠤᠯᠢᠶᠠᠨᠲᠠᠢ ᠬᠡᠷᠡᠭ᠂ ᠰᠦᠯᠵᠢᠶᠡᠨ ᠤ ᠶᠠᠯᠠᠲᠦ ᠬᠡᠷᠡᠭ᠂ ᠤᠷᠴᠢᠨ ᠲᠤᠭᠤᠷᠢᠨ ᠤ ᠡᠬᠢ ᠪᠠᠶᠠᠯᠢᠭ ᠢ ᠡᠪᠳᠡᠭᠰᠡᠨ ᠬᠡᠷᠡᠭ᠂ ᠢᠳᠡᠭᠡᠨ ᠤ ᠵᠦᠢᠯ ᠡᠮ ᠤᠨ ᠵᠦᠢᠯ ᠤᠨ ᠠᠮᠦᠷ ᠲᠦᠪᠰᠢᠨ ᠤ ᠬᠡᠷᠡᠭ ᠢᠯᠡᠳᠲᠡ ᠨᠡᠮᠡᠭᠳᠡᠭᠰᠡᠨ ᠪᠠᠶᠢᠨ᠎ᠠ᠃

     ᠤᠳᠤᠬᠠᠨ ᠳᠤ ᠮᠠᠨ ᠤ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠲᠤᠰᠬᠠᠢ ᠤᠷᠤᠨ‌‍ᠲ᠋ᠣᠭᠠᠲᠦ ᠬᠦᠮᠦᠨ 29  ︵ᠬᠠᠷᠢᠶᠠᠯᠠᠯ ᠢ ᠰᠢᠯᠵᠢᠭᠦᠯᠦᠭᠰᠡᠨ ᠤ ᠳᠠᠷᠠᠭ᠎ᠠ︶ ᠨᠡᠷᠡᠰ ᠪᠠᠶᠢᠵᠤ᠂ 30 ᠬᠦᠮᠦᠨ ᠠᠴᠠ ᠳᠤᠭᠤᠭᠰᠢᠬᠢ ᠬᠤᠷᠢᠶᠠᠨ ᠳᠤ ᠪᠠᠭᠲᠠᠵᠤ᠂ ᠪᠠᠶᠢᠴᠠᠭᠠᠬᠤ ᠳᠠᠷᠤᠭ᠎ᠠ ᠶᠢ ᠪᠠᠭᠲᠠᠭᠠᠭᠠᠳ ᠨᠡᠶᠢᠲᠡ 10 ᠤᠷᠤᠨ ᠲᠤᠭᠠᠲᠦ ᠪᠠᠶᠢᠴᠠᠭᠠᠬᠤ ᠲᠤᠰᠢᠶᠠᠯᠲᠡᠨ ᠪᠠᠶᠢᠨ᠎ᠠ᠃ ᠮᠠᠨ ᠤ ᠬᠤᠷᠢᠶ᠎ᠠ ᠶᠢᠨ ᠡᠯ᠎ᠡ ᠰᠠᠯᠠᠭ᠎ᠠ ᠮᠦᠴᠢᠷ ᠤᠨ ᠬᠡᠷᠡᠭ ᠰᠢᠳᠬᠡᠬᠦ ᠲᠤᠭ᠎ᠠ᠂ ᠤᠷᠤᠨ ᠲᠤᠭᠠᠲᠦ ᠪᠠᠶᠢᠴᠠᠭᠠᠬᠤ ᠲᠤᠰᠢᠶᠠᠯᠲᠡᠨ ᠤ ᠲᠤᠭ᠎ᠠ᠂ ᠨᠠᠰᠤᠨ ᠤ ᠪᠦᠲᠦᠴᠡ᠂ ᠪᠠᠶᠢᠴᠠᠭᠠᠬᠤ ᠲᠤᠰᠠᠯᠠᠬᠤ ᠠᠵᠢᠯᠲᠠᠨ‌‍ᠣ ᠪᠤᠳᠠᠲᠦ ᠪᠠᠶᠢᠳᠠᠯ ᠵᠡᠷᠭᠡ ᠡᠯᠧᠮᠧᠨ᠋ᠲ ᠶᠢ ᠦᠨᠲᠦᠰᠦᠯᠡᠨ᠂ ᠬᠡᠷᠡᠭ ᠰᠢᠳᠬᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯᠲᠠ ᠶᠢᠨ ᠬᠡᠷᠡᠭᠴᠡᠭᠡ ᠳᠤ ᠰᠠᠭᠤᠷᠢᠯᠠᠨ᠂ ᠰᠠᠯᠠᠭ᠎ᠠ ᠮᠦᠴᠢᠷ ᠤᠨ ᠬᠤᠭᠤᠷᠤᠨᠲᠤᠬᠢ ᠵᠠᠭᠠᠭ ᠢ ᠡᠪᠳᠡᠵᠤ᠂ 2 ᠨᠡᠷᠡᠰ ᠤᠷᠤᠨ ᠲᠤᠭᠠᠲᠦ ᠪᠠᠶᠢᠴᠠᠭᠠᠬᠤ ᠲᠤᠰᠢᠶᠠᠯᠲᠡᠨ ᠨᠢ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠬᠡᠷᠡᠭ ᠢ ᠰᠢᠳᠭᠡᠬᠦ ᠳᠤ ᠡᠭᠡᠯᠵᠢᠯᠡᠨ ᠤᠷᠤᠯᠴᠠᠵᠤ᠂ 5 ᠨᠡᠷᠡᠰ ᠤᠷᠤᠨ ᠲᠤᠭᠠᠲᠦ ᠪᠠᠶᠢᠴᠠᠭᠠᠬᠤ ᠲᠤᠰᠢᠶᠠᠯᠲᠡᠨ ᠨᠢ ᠠᠯᠪᠠᠨ ᠵᠠᠭᠠᠯᠳᠤᠯᠭ᠎ᠠ ᠶᠢᠨ ᠬᠡᠷᠡᠭ  ᠢ ᠰᠢᠳᠭᠡᠬᠦ ᠳᠤ ᠡᠭᠡᠯᠵᠢᠯᠡᠨ ᠤᠷᠤᠯᠴᠠᠵᠤ ᠪᠤᠢ᠃ ᠡᠬᠦᠨ ᠳᠤ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠰᠠᠯᠠᠭᠠᠨ ᠤ ᠳᠠᠷᠤᠭ᠎ᠠ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠠᠯᠪᠠᠨ ᠵᠠᠭᠠᠯᠳᠤᠯᠭ᠎ᠠ ᠬᠢᠬᠦ ᠬᠤᠶᠠᠷ ᠰᠠᠯᠠᠭ᠎ᠠ ᠮᠦᠴᠢᠷ ᠲᠤ ᠲᠤᠰ ᠲᠤᠰ 1:1 ᠪᠠ 1:2 ᠤᠨ ᠬᠠᠷᠢᠴᠠᠯ ᠢᠶᠠᠷ ᠬᠡᠷᠡᠭ ᠰᠢᠳᠬᠡᠵᠤ ︵ᠮᠤᠩᠭᠤᠯ ᠬᠢᠳᠠᠳ ᠬᠤᠤᠰ ᠬᠡᠯᠡᠨ ᠤ ᠬᠡᠷᠡᠭ ᠢ ᠪᠠᠭᠲᠠᠭᠠᠨ᠎ᠠ︶᠂ ᠠᠯᠪᠠᠨ ᠵᠠᠭᠠᠯᠳᠤᠯᠭ᠎ᠠ ᠶᠢᠨ ᠰᠠᠯᠠᠭᠠᠨ ᠤ ᠳᠠᠷᠤᠭ᠎ᠠ 1:1 ᠤᠨ ᠬᠠᠷᠢᠴᠠᠯ ᠢᠶᠠᠷ ᠬᠡᠷᠡᠭ ᠰᠢᠳᠬᠡᠵᠤ ︵ᠮᠤᠩᠭᠤᠯ ᠬᠢᠲᠠᠳ ᠬᠤᠤᠰ ᠬᠡᠯᠡᠨ ᠤ ᠬᠡᠷᠡᠭ ᠢ ᠪᠠᠭᠲᠠᠭᠠᠨ᠎ᠠ︶᠂ ᠭᠤᠮᠤᠲᠠᠯ ᠵᠠᠭᠠᠯᠳᠤᠯᠭ᠎ᠠ ᠪᠠᠶᠢᠴᠠᠭᠠᠬᠤ ᠰᠠᠯᠠᠭᠠᠨ ᠤ ᠲᠠᠷᠤᠭ᠎ᠠ ᠲᠤᠰ ᠰᠠᠯᠠᠭᠠᠨ ᠳᠤ ᠪᠠᠨ ᠬᠡᠷᠡᠭ ᠳᠠᠭᠠᠭᠠᠨ ᠰᠢᠳᠭᠡᠬᠦ ᠶᠢᠨ ᠬᠠᠮᠲᠦ ᠪᠠᠰᠠ 1:2 ᠤᠨ ᠬᠠᠷᠢᠴᠠᠯ ᠢᠶᠠᠷ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠰᠠᠯᠠᠭᠠᠨ ᠤ ᠬᠡᠷᠡᠭ ᠰᠢᠳᠭᠡᠬᠦ ᠳᠤ ᠤᠷᠤᠯᠴᠠᠵᠤ ᠪᠤᠢ᠃ ᠪᠠᠶᠢᠴᠠᠭᠠᠬᠤ ᠳᠠᠷᠤᠭ᠎ᠠ ᠪᠠ ᠨᠢᠭᠡ ᠨᠡᠷᠡᠰ ᠳᠡᠳ᠋ ᠪᠠᠶᠢᠴᠠᠭᠠᠬᠤ ᠳᠠᠷᠤᠭ᠎ᠠ ᠲᠤᠰ ᠲᠤᠰ 1:3 ᠪᠠ 1:2 ᠤᠨ ᠬᠠᠷᠢᠴᠠᠯ ᠢᠶᠠᠷ ᠠᠯᠪᠠᠨ ᠵᠠᠭᠠᠯᠳᠤᠯᠭ᠎ᠠ ᠶᠢᠨ ᠬᠡᠷᠡᠭ ᠰᠢᠳᠭᠡᠬᠦ ᠳᠤ ᠤᠷᠤᠯᠴᠠᠵᠤ ︵ᠬᠠᠷᠢᠶᠠᠯᠠᠯ ᠢ ᠰᠢᠯᠵᠢᠭᠦᠯᠬᠦ ᠠᠴᠠ ᠡᠮᠦᠨᠡᠬᠢ ᠲᠤᠷᠰᠢᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠬᠦ ᠬᠡᠷᠡᠭ ᠢ ᠪᠠᠭᠳᠠᠭᠠᠨ᠎ᠠ︶᠂ ᠨᠢᠭᠡ ᠨᠡᠷᠡᠰ ᠰᠢᠨ᠎ᠡ ᠲᠤᠰᠢᠶᠠᠯ ᠳᠤ ᠭᠠᠷᠤᠭᠰᠠᠨ ᠳᠡᠳ᠋ ᠪᠠᠶᠢᠴᠠᠭᠠᠬᠤ ᠳᠠᠷᠤᠭ᠎ᠠ ᠬᠡᠷᠡᠭ ᠬᠠᠮᠢᠶᠠᠷᠬᠤ ᠰᠠᠯᠠᠭ᠎ᠠ ᠮᠦᠴᠢᠷ ᠲᠤ ᠬᠡᠷᠡᠭ ᠳᠠᠭᠠᠭᠠᠨ ᠰᠢᠳᠭᠡᠬᠦ ᠶᠢᠨ ᠬᠠᠮᠲᠦ 1᠄ 3 ᠤᠨ ᠬᠠᠷᠢᠴᠠᠯ ᠢᠶᠠᠷ ᠠᠯᠪᠠᠨ ᠵᠠᠭᠠᠯᠳᠤᠯᠭ᠎ᠠ ᠶᠢᠨ ᠬᠡᠷᠡᠭ ᠢ ᠰᠢᠳᠬᠡᠬᠦ ᠳᠤ ᠤᠷᠤᠯᠴᠠᠵᠤ ᠪᠤᠢ᠃ 2016 ᠣᠨ ᠤ 10 ᠰᠠᠷ᠎ᠠ ᠠᠴᠠ ᠨᠠᠰᠢ᠂ ᠬᠢᠨᠠᠨ ᠪᠠᠷᠢᠪᠴᠢᠯᠠᠬᠤ ᠬᠡᠷᠡᠭ ᠨᠡᠶᠢᠲᠡ 44 ᠬᠡᠷᠡᠭ ᠬᠦᠯᠢᠶᠡᠨ ᠠᠪᠴᠤ᠂ 2 ᠨᠡᠷᠡᠰ ᠤᠷᠤᠨ ᠲᠤᠭᠠᠲᠦ ᠪᠠᠶᠢᠴᠠᠭᠠᠬᠤ ᠲᠤᠰᠢᠶᠠᠯᠲᠡᠨ ᠤ ᠨᠡᠷ᠎ᠡ ᠳᠤᠤᠷ᠎ᠠ ᠬᠡᠷᠡᠭ ᠬᠤᠪᠢᠶᠠᠷᠢᠯᠡᠵᠤ᠂ ᠬᠦᠮᠦᠨ ᠪᠦᠷᠢ ᠶᠢᠨ ᠲᠤᠮᠲᠠᠴᠢ ᠬᠡᠷᠡᠭ ᠰᠢᠳᠬᠡᠭᠰᠡᠨ ᠲᠤᠭ᠎ᠠ 22 ᠪᠣᠯᠤᠨ᠎ᠠ᠃  ᠬᠢᠨᠠᠨ ᠵᠠᠭᠠᠯᠲᠤᠬᠤ ᠬᠡᠷᠡᠭ 125  ᠶᠢ ᠬᠦᠯᠢᠶᠡᠨ ᠠᠪᠴᠤ᠂ ᠠᠳᠠᠯᠢ ᠪᠤᠰᠤ ᠬᠠᠷᠢᠴᠠᠯ ᠢᠶᠠᠷ 5 ᠨᠡᠷᠡᠰ ᠤᠷᠤᠨ ᠲᠤᠭᠠᠲᠦ ᠪᠠᠶᠢᠴᠠᠭᠠᠬᠤ ᠲᠤᠰᠢᠶᠠᠯᠲᠠ ᠤ ᠨᠡᠷ᠎ᠡ ᠳᠤᠤᠷ᠎ᠠ ᠬᠡᠷᠡᠭ ᠬᠤᠪᠢᠶᠠᠷᠢᠯᠠᠨ᠂ ᠬᠦᠮᠦᠨ ᠪᠦᠷᠢ ᠶᠢᠨ ᠲᠤᠮᠲᠠᠴᠢ ᠬᠡᠷᠡᠭ ᠰᠢᠳᠬᠡᠭᠰᠡᠨ ᠲᠤᠭ᠎ᠠ ᠨᠢ 25 ᠪᠣᠯᠤᠨ᠎ᠠ᠃ ᠤᠷᠤᠨ ᠲᠤᠭᠠᠲᠦ ᠦᠭᠡᠷᠡᠴᠢᠯᠡᠯᠲᠡ ᠶᠠᠪᠤᠭᠳᠠᠭᠰᠠᠨ ᠠᠴᠠ ᠨᠠᠰᠢ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ᠂ ᠠᠯᠪᠠᠨ ᠵᠠᠭᠠᠯᠳᠤᠯᠭ᠎ᠠ ᠶᠢᠨ ᠰᠠᠯᠠᠭ᠎ᠠ ᠮᠦᠴᠢᠷ ᠨᠡᠶᠢᠲᠡ 169 ᠬᠡᠷᠡᠭ 243 ᠬᠦᠮᠦᠨ ᠢ ᠬᠦᠯᠢᠶᠡᠨ ᠠᠪᠴᠤ ᠰᠢᠳᠬᠡᠵᠤ᠂ ᠳᠡᠭᠡᠷᠡᠬᠢ ᠬᠡᠷᠡᠭ ᠢ 6 ᠨᠡᠷᠡᠰ ᠤᠷᠤᠨ ᠲᠤᠭᠠᠲᠦ ᠪᠠᠶᠢᠴᠠᠭᠠᠬᠤ ᠲᠤᠰᠢᠶᠠᠯᠲᠡᠨ ᠤ ᠨᠡᠷ᠎ᠡ ᠳᠤᠤᠷ᠎ᠠ ᠠᠳᠠᠯᠢ ᠪᠣᠰᠤ ᠬᠠᠷᠢᠴᠠᠯ ᠢᠶᠠᠷ ᠬᠡᠷᠡᠭ ᠬᠤᠪᠢᠶᠠᠷᠢᠯᠠᠬᠤ ᠪᠠᠷ ᠪᠤᠲᠤᠪᠠᠯ᠂ ᠬᠦᠮᠦᠨ ᠪᠦᠷᠢ ᠶᠢᠨ ᠲᠤᠮᠲᠠᠴᠢ ᠬᠡᠷᠡᠭ ᠰᠢᠳᠬᠡᠭᠰᠡᠨ ᠲᠤᠭ᠎ᠠ ᠨᠢ 28 ᠪᠤᠯᠤᠨ᠎ᠠ᠃ ᠳᠡᠭᠡᠷᠡᠬᠢ ᠲᠤᠭ᠎ᠠ ᠬᠡᠮᠵᠢᠶ᠎ᠡ ᠶᠢ ᠠᠳᠠᠯᠢᠳᠬᠠᠭᠰᠠᠨ‌ᠦᠷ᠎ᠡ ᠳ᠋ᠦᠡᠭ ᠠᠴᠠ ᠦᠵᠡᠵᠤ ᠭᠠᠷᠬᠤ ᠨᠢ᠂ ᠡᠭᠡᠯᠵᠢᠯᠡᠭᠦᠯᠦᠨ ᠬᠡᠷᠡᠭ ᠬᠤᠪᠢᠶᠠᠷᠢᠯᠠᠬᠤ ᠲᠤᠭᠲᠠᠴᠠ ᠶᠢ ᠶᠠᠪᠤᠭᠳᠠᠭᠤᠯᠬᠤ ᠠᠴᠠ ᠡᠮᠦᠨ᠎ᠡ ᠬᠤᠶᠢᠨ᠎ᠠ᠂ ᠪᠠᠶᠢᠴᠠᠭᠠᠬᠤ ᠲᠤᠰᠢᠶᠠᠯᠲᠡᠨ ᠤ ᠬᠦᠮᠦᠨ ᠪᠦᠷᠢ ᠶᠢᠨ ᠳᠡᠭᠰᠢᠳᠬᠡᠭᠰᠡᠨ ᠬᠡᠷᠡᠭ ᠰᠢᠳᠬᠡᠬᠦ ᠲᠤᠭ᠎ᠠ ᠨᠢ  ᠦᠨᠲᠦᠰᠦᠨ ᠳᠤ ᠪᠠᠨ ᠲᠡᠩᠴᠡᠬᠦᠦ ᠪᠠᠶᠢᠵᠤ᠂ ᠬᠤᠪᠢᠷᠠᠯᠲᠡ ᠶᠡᠭᠡ ᠦᠭᠡᠢ᠃

     ᠬᠤᠶᠠᠷ᠂ ᠪᠠᠷᠢᠪᠴᠢᠯᠠᠬᠤ ᠪᠠ ᠵᠠᠭᠠᠯᠲᠤᠬᠤ ᠶᠢ ᠨᠢᠭᠡ ᠴᠤᠭᠴᠠᠵᠢᠭᠤᠯᠬᠤ ᠶᠢᠨ ᠠᠰᠢᠭ ᠲᠠᠢ ᠲᠠᠯ᠎ᠠ

     ᠨᠢᠭᠡ ᠳᠤ᠂ ᠬᠡᠷᠡᠭ ᠰᠢᠳᠬᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠵᠤ᠂ ᠵᠠᠷᠭᠤ ᠶᠢᠨ ᠡᠬᠢ ᠪᠠᠶᠠᠯᠢᠭ ᠢ ᠠᠷᠪᠢᠯᠠᠨ᠎ᠠ ᠃《 ᠬᠤᠶᠠᠷ ᠰᠠᠯᠠᠭ᠎ᠠ ᠮᠦᠴᠢᠷ᠂ ᠬᠤᠶᠠᠷ ᠪᠦᠯᠦᠭ ᠬᠦᠮᠦᠨ᠂ ᠬᠤᠶᠠᠷ ᠤᠳᠠᠭ᠎ᠠ ᠳᠠᠬᠢᠨ ᠳᠠᠪᠲᠠᠨ ᠬᠢᠨᠠᠨ ᠪᠠᠶᠢᠴᠠᠭᠠᠬᠤ》 ᠬᠦᠴᠦᠨ ᠵᠠᠯᠭᠠᠵᠤ ᠬᠡᠷᠡᠭ ᠰᠢᠳᠬᠡᠬᠦ ᠵᠠᠭᠪᠤᠷ ᠠᠴᠠ ᠵᠠᠶᠢᠯᠠᠬᠤ ᠮᠦᠷᠲᠡᠭᠡᠨ ᠨᠢᠭᠡ ᠬᠡᠷᠡᠭ ᠰᠢᠳᠬᠡᠭᠴᠢ ᠠᠴᠠ ᠬᠡᠷᠡᠭ ᠤᠨ ᠪᠦᠬᠦᠶᠢᠯᠡ ᠵᠠᠷᠭᠤ ᠶᠢᠨ ᠶᠠᠪᠤᠴᠠ ᠶᠢ ᠬᠠᠷᠢᠭᠤᠴᠠᠵᠤ᠂ ᠬᠡᠷᠡᠭ ᠰᠢᠳᠬᠡᠭᠴᠢ ᠰᠤᠯᠢᠭᠰᠠᠨ ᠠᠴᠠ ᠪᠣᠯᠵᠤ ᠬᠡᠷᠡᠭ ᠢ ᠲᠠᠬᠢᠨ ᠲᠠᠪᠲᠠᠨ ᠪᠠᠶᠢᠴᠠᠭᠠᠬᠤ ᠠᠴᠠ ᠵᠠᠶᠢᠯᠠᠰᠬᠢᠵᠤ᠂ ᠵᠠᠷᠭᠤ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠵᠤ᠂ ᠵᠠᠷᠭᠤ ᠶᠢᠨ ᠦᠪᠡᠷ ᠤᠨ ᠦᠷᠲᠡᠭ ᠪᠠ ᠬᠠᠤᠯᠢ ᠴᠠᠭᠠᠵᠠ ᠶᠢᠨ ᠡᠬᠢ ᠪᠠᠶᠠᠯᠢᠭ ᠢ ᠠᠷᠪᠢᠯᠠᠵᠤ ᠴᠢᠳᠠᠨ᠎ᠠ᠃

     ᠬᠤᠶᠠᠷ ᠲᠤ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠬᠦᠴᠦᠯᠡᠵᠨ ᠪᠠ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠪᠠᠷᠢᠪᠴᠢᠯᠠᠬᠤ ᠪᠠ ᠵᠠᠭᠠᠯᠲᠤᠬᠤ ᠶᠢ ᠨᠢᠭᠡ ᠴᠤᠭᠴᠠᠵᠢᠭᠤᠯᠤᠭᠰᠠᠨ ᠤ ᠳᠠᠷᠠᠭ᠎ᠠ᠂ ᠪᠠᠷᠢᠪᠴᠢᠯᠠᠬᠤ ᠱᠠᠲᠤᠨ ᠳᠤ ᠪᠦᠬᠦ ᠲᠠᠯ᠎ᠠ ᠪᠠᠷ ᠬᠡᠷᠡᠴᠢ ᠪᠠᠷᠢᠮᠲᠠ ᠠᠪᠬᠤ ᠶᠢ ᠬᠦᠲᠦᠯᠦᠨ ᠵᠢᠯᠦᠭᠤᠳᠬᠤ ᠠᠰᠠᠭᠤᠳᠠᠯ ᠢ ᠰᠢᠢᠳᠪᠦᠷᠢᠯᠠᠵᠤ᠂ ᠬᠠᠮᠢᠶ᠎ᠠ ᠪᠦᠬᠦᠢ ᠬᠡᠷᠡᠴᠢ ᠪᠠᠷᠢᠮᠲᠠ ᠪᠠ ᠱᠠᠭᠠᠷᠳᠠᠯᠭ᠎ᠠ ᠪᠠᠨ ᠴᠠᠭ ᠲᠤᠬᠠᠢ ᠳᠤ ᠨᠢ ᠲᠤᠷᠰᠢᠨ ᠪᠠᠶᠢᠴᠠᠭᠠᠬᠤ ᠪᠠᠶᠢᠭᠤᠯᠭ᠎ᠠ ᠪᠠ ᠰᠠᠯᠠᠭ᠎ᠠ ᠮᠦᠴᠢᠷ ᠲᠤ ᠳᠤᠷᠠᠳᠤᠨ ᠭᠠᠷᠭᠠᠵᠤ᠂ ᠲᠤᠷᠰᠢᠨ ᠪᠠᠶᠢᠴᠠᠭᠠᠬᠤ ᠪᠠᠶᠢᠭᠤᠯᠭ᠎ᠠ ᠪᠠ ᠰᠠᠯᠠᠭ᠎ᠠ ᠮᠦᠴᠢᠷ ᠤᠨ ᠬᠡᠷᠡᠴᠢ ᠪᠠᠷᠢᠮᠲᠠ ᠴᠤᠭᠯᠠᠭᠤᠯᠬᠤ᠂ ᠨᠦᠬᠦᠪᠦᠷᠢᠯᠡᠬᠦ᠂ ᠲᠤᠭᠲᠠᠭᠠᠬᠤ᠂ ᠳᠡᠭᠦᠯᠳᠡᠷᠵᠢᠬᠦᠯᠬᠦ ᠲᠤᠬᠠᠢ ᠲᠤᠳᠤᠷᠬᠠᠢ ᠪᠠᠷᠢᠮᠵᠢᠶ᠎ᠠ ᠲᠠᠢ ᠪᠤᠯᠵᠤ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠᠯᠠᠢ ᠤᠷᠤᠨ ᠢ ᠨᠦᠬᠦᠪᠦᠷᠢᠯᠡᠵᠤ᠂ ᠬᠠᠥᠯᠢ ᠴᠠᠭᠠᠵᠠ ᠳᠤ ᠬᠢᠨᠠᠯᠲᠠ ᠲᠠᠯᠪᠢᠬᠤ ᠶᠢ ᠪᠦᠬᠦᠶᠢᠯᠡ ᠲᠤᠷᠰᠢᠨ ᠪᠠᠶᠢᠴᠠᠭᠠᠬᠤ ᠠᠵᠢᠯᠯᠠᠭ᠎ᠠ ᠳᠤ ᠭᠦᠨᠵᠡᠭᠡᠶᠢᠷᠡᠭᠦᠯᠵᠤ᠂ ᠬᠡᠯᠪᠡᠷᠢ ᠶᠢᠨ ᠲᠡᠳᠦᠢ ᠪᠠᠶᠢᠬᠤ ᠶᠢ ᠲᠡᠪᠴᠢᠵᠤ᠂ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠭᠡᠷᠡᠴᠢ ᠴᠤᠭᠯᠠᠭᠤᠯᠬᠤ ᠦᠵᠡᠯ ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠬᠦᠯᠵᠤ᠂ ᠬᠡᠷᠡᠴᠢ ᠪᠠᠷᠢᠮᠲᠠ ᠴᠤᠭᠯᠠᠭᠤᠯᠬᠤ ᠶᠠᠰᠤ ᠴᠢᠨᠠᠷ ᠢ ᠳᠡᠭᠡᠭᠰᠢᠯᠡᠬᠦᠯᠵᠤ᠂ ᠪᠦᠬᠦᠶᠢᠯᠡ ᠵᠠᠷᠭᠤ ᠶᠢᠨ ᠶᠠᠰᠤ ᠴᠢᠨᠠᠷ ᠤᠨ ᠳᠡᠭᠡᠭᠰᠢᠯᠡᠯᠲᠡ ᠳᠤ ᠰᠠᠭᠤᠷᠢ ᠶᠢ ᠪᠠᠲᠦ ᠲᠠᠯᠪᠢᠵᠤ ᠦᠭᠴᠦ ᠴᠢᠳᠠᠨ᠎ᠠ᠃

     ᠭᠤᠷᠪᠠ ᠳᠤ᠂ ᠪᠠᠶᠢᠴᠠᠭᠠᠬᠤ ᠲᠤᠰᠢᠶᠠᠯᠲᠠᠨ ᠤ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠤ᠂ ᠬᠡᠷᠡᠭ ᠤᠨ ᠶᠠᠰᠣ ᠴᠢᠨᠠᠷ ᠢ ᠪᠠᠲᠤᠯᠭᠠᠵᠢᠭᠤᠯᠤᠨ᠎ᠠ᠃ ᠪᠤᠲᠠᠲᠠᠢ ᠠᠵᠢᠯ ᠤᠨ ᠲᠤᠮᠳᠠ᠂  ᠪᠠᠷᠢᠪᠴᠢᠯᠠᠬᠤ ᠪᠠ ᠵᠠᠭᠠᠯᠳᠤᠬᠤ ᠨᠢ ᠰᠠᠯᠤᠩᠬᠢᠷᠠᠭᠰᠠᠨ ᠠᠴᠠ᠂ ᠬᠡᠷᠡᠭ ᠰᠢᠳᠬᠡᠭᠴᠢ ᠶᠢᠨ ᠬᠠᠷᠢᠭᠤᠴᠠᠯᠭᠠᠳᠤ ᠤᠬᠠᠮᠰᠠᠷ ᠲᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠨᠢ  ᠲᠤᠳᠤᠷᠬᠠᠢ ᠪᠤᠰᠤ᠂ ᠬᠡᠷᠡᠭ ᠢ ᠪᠤᠷᠤᠭᠤ ᠰᠢᠳᠭᠡᠭᠰᠡᠨ‌ᠬᠠᠷᠢᠭᠤᠴᠠᠯᠭ᠎ᠠ ᠶᠢ ᠲᠤᠭᠲᠠᠭᠠᠬᠤ ᠶᠢᠨ ᠠᠷᠭ᠎ᠠ ᠦᠬᠡᠢ ᠪᠠᠶᠢᠳᠠᠭ᠃ ᠨᠢᠭᠡᠯᠡ ᠪᠤᠷᠤᠭᠤ ᠬᠡᠷᠡᠭ ᠢᠯᠡᠷᠡᠭᠰᠡᠭᠡᠷ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠰᠠᠯᠠᠭ᠎ᠠ ᠪᠠ ᠠᠯᠪᠠᠨ ᠵᠠᠭᠠᠯᠳᠤᠯᠭ᠎ᠠ ᠶᠢᠨ ᠰᠠᠯᠠᠭ᠎ᠠ ᠬᠤᠭᠤᠷᠤᠨᠳᠤ ᠪᠠᠨ ᠬᠠᠷᠢᠯᠴᠠᠨ ᠲᠦᠯᠬᠢᠯᠴᠡᠵᠤ᠂《 ᠬᠡᠷᠡᠭ ᠢ ᠪᠤᠷᠤᠭᠤ ᠰᠢᠳᠭᠡᠭᠰᠡᠨ ᠬᠠᠷᠢᠭᠤᠴᠠᠯᠭ᠎ᠠ ᠶᠢ ᠨᠡᠬᠡᠮᠵᠢᠯᠡᠬᠦ ᠲᠦᠷᠢᠮ》 ᠨᠢ ᠪᠤᠲᠠᠲᠠᠢ ᠬᠦᠮᠦᠨ ᠤ ᠳᠡᠭᠡᠷ᠎ᠡ ᠨᠠᠶᠢᠳᠠᠪᠤᠷᠢᠵᠢᠭᠳᠠᠬᠤ ᠳᠤ ᠪᠡᠷᠬᠡ ᠪᠤᠯᠤᠨ᠎ᠠ᠃ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ ᠶᠢ ᠬᠡᠷᠡᠭᠵᠢᠬᠦᠯᠬᠦ ᠨᠢ᠂ ᠬᠡᠨ ᠪᠠᠷᠢᠪᠴᠢᠯᠠᠭᠰᠠᠨ ᠪᠤᠯ ᠬᠡᠨ ᠬᠠᠷᠢᠭᠤᠴᠠᠵᠤ᠂ ᠬᠡᠷᠡᠭ ᠰᠢᠳᠬᠡᠭᠴᠢ ᠶᠢᠨ ᠪᠤᠲᠠᠲᠤ ᠬᠡᠷᠡᠭ ᠪᠠ ᠬᠡᠷᠡᠴᠢ ᠪᠠᠷᠢᠮᠲᠠ ᠶᠢ ᠬᠢᠨᠠᠬᠤ ᠲᠠᠯ᠎ᠠ ᠪᠠᠷ ᠬᠢ ᠨᠠᠷᠢᠨ ᠬᠢᠨᠠᠮᠠᠭᠠᠢ ᠪᠤᠰᠤ ᠪᠠᠶᠢᠳᠠᠯ ᠢ ᠰᠡᠷᠭᠡᠶᠢᠯᠡᠵᠦ᠂ ᠬᠡᠷᠡᠭ ᠰᠢᠳᠬᠡᠭᠴᠢ ᠶᠢᠨ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠤ᠂ ᠬᠡᠷᠡᠭ ᠢ ᠪᠤᠷᠤᠭᠤ ᠰᠢᠳᠭᠡᠭᠰᠡᠨ ᠬᠠᠷᠢᠭᠤᠴᠠᠯᠭ᠎ᠠ ᠲᠤᠳᠤᠬᠠᠨ ᠮᠦᠷᠲᠡᠭᠡᠨ ᠪᠤᠰᠤᠳᠴᠢ ᠲᠠᠯ᠎ᠠ ᠪᠠᠷ ᠬᠡᠷᠡᠭ ᠤᠨ ᠶᠠᠰᠤ ᠴᠢᠨᠠᠷ ᠢ ᠪᠠᠲᠤᠯᠠᠵᠤ ᠴᠢᠳᠠᠨ᠎ᠠ ᠃

     ᠳᠦᠷᠪᠡ ᠳᠤ᠂ ᠶᠠᠯ᠎ᠠ ᠬᠢᠭᠰᠡᠨ‌‍ᠰᠡᠵᠢᠭᠲᠡᠨ ᠤ ᠡᠷᠭᠡ ᠶᠢ ᠪᠠᠲᠤᠯᠠᠵᠤ ᠴᠢᠳᠠᠨ᠎ᠠ᠃ ᠬᠡᠷᠡᠭ ᠰᠢᠳᠬᠡᠬᠦ ᠦᠢᠯᠡᠳᠦᠯᠭᠡ ᠠᠴᠠ ᠠᠪᠴᠦ ᠦᠵᠡᠪᠡᠯ᠂ ᠶᠠᠯ᠎ᠠ ᠬᠢᠭᠰᠡᠨ ᠰᠡᠵᠢᠭᠲᠡᠨ  ᠡᠷᠡᠭᠦᠦ ᠶᠢᠨ ᠬᠡᠷᠡᠭ ᠤᠨ ᠵᠠᠷᠭᠤ ᠶᠢᠨ ᠵᠢᠷᠦᠮ ᠳᠤ ᠤᠷᠤᠭᠰᠠᠨ ᠠᠴᠠ ᠡᠬᠢᠯᠡᠭᠡᠳ᠂ ᠬᠤᠶᠠᠷ ᠵᠦᠢᠯᠡᠰ ᠢ ᠬᠠᠮᠤᠭ ᠠᠴᠠ ᠠᠩᠬᠠᠷᠳᠠᠭ᠃ ᠨᠢᠭᠡ ᠨᠢ ᠬᠡᠷᠡᠭ ᠢ ᠬᠡᠵᠢᠶ᠎ᠡ ᠠᠯᠪᠠᠨ ᠵᠠᠭᠠᠯᠳᠤᠯᠭ᠎ᠠ ᠭᠠᠷᠭᠠᠬᠤ᠂ ᠨᠦᠭᠦᠭᠡ ᠨᠢ ᠬᠡᠳᠦᠢ ᠤᠷᠲᠤ ᠬᠤᠭᠤᠴᠠᠭ᠎ᠠ ᠲᠠᠢ ᠡᠷᠡᠭᠦᠦ ᠰᠢᠳᠬᠡᠯ ᠢᠶᠠᠷ ᠰᠢᠳᠭᠡᠭᠳᠡᠬᠦ ᠪᠤᠯᠤᠨ᠎ᠠ᠃ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ ᠳᠦᠷᠢᠮ ᠢ ᠬᠡᠷᠡᠭᠵᠢᠭᠦᠯᠬᠦ ᠨᠢ᠂ ᠬᠡᠷᠡᠭ ᠰᠢᠳᠬᠡᠬᠦ ᠬᠤᠭᠤᠴᠠᠭ᠎ᠠ ᠶᠢ ᠶᠡᠬᠡᠪᠡᠷ ᠪᠣᠭᠤᠨᠢᠰᠬᠠᠵᠤ᠂ ᠶᠠᠯ᠎ᠠ ᠬᠢᠭᠰᠡᠨ ᠰᠡᠵᠢᠭᠲᠡᠨ ᠤ ᠬᠤᠷᠢᠬᠤ ᠬᠤᠭᠤᠴᠠᠭ᠎ᠠ ᠶᠢ ᠪᠤᠭᠤᠨᠢᠰᠬᠠᠬᠤ ᠮᠦᠷᠲᠡᠭᠡᠨ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠᠷ ᠳᠠᠮᠵᠢᠨ᠂ ᠬᠠᠥᠯᠢ ᠪᠤᠰᠤ ᠪᠠᠷ ᠭᠡᠷᠡᠴᠢ ᠠᠪᠬᠤ ᠶᠢ ᠪᠠᠭᠠᠰᠬᠠᠵᠤ᠂ ᠶᠠᠯ᠎ᠠ ᠬᠢᠭᠰᠡᠨ ᠰᠡᠵᠢᠭᠲᠡᠨ ᠤ ᠵᠠᠷᠭᠤ ᠶᠢᠨ ᠡᠷᠬᠡ ᠶᠢ ᠪᠠᠲᠤᠯᠠᠵᠤ ᠴᠢᠳᠠᠨ᠎ᠠ᠃

     ᠭᠤᠷᠪᠠ᠂ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ ᠠᠵᠢᠯ ᠤᠨ ᠲᠤᠭᠲᠠᠴᠠ ᠶᠢᠨ ᠲᠤᠬᠠᠢ ᠬᠡᠳᠦᠨ ᠦᠵᠡᠯᠲᠡ

     ︵ᠨᠢᠭᠡ︶ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ ᠲᠤᠭᠲᠠᠴᠠ ᠶᠢ ᠬᠡᠷᠡᠭ ᠢ ᠦᠨᠳᠦᠰᠦᠯᠡᠨ ᠲᠤᠷᠰᠢᠨ ᠬᠡᠷᠡᠭᠵᠢᠭᠦᠯᠦᠨ᠎ᠡ᠃ ᠡᠷᠡᠭᠦᠦ ᠶᠢᠨ ᠬᠡᠷᠡᠭ ᠢ ᠪᠠᠶᠢᠴᠠᠭᠠᠬᠤ ᠰᠠᠯᠠᠭ᠎ᠠ ᠮᠦᠴᠢᠷ ᠤᠨ ᠬᠡᠷᠡᠭ  ᠰᠢᠳᠬᠡᠭᠴᠢ ᠶᠢᠨ ᠴᠢᠳᠡᠪᠦᠷᠢ᠂ ᠬᠡᠪ ᠴᠢᠨᠠᠷ᠂ ᠲᠤᠷᠰᠢᠯᠭ᠎ᠠ ᠵᠡᠷᠭᠡ ᠰᠢᠯᠲᠠᠭᠠᠨ ᠢ ᠦᠨᠳᠦᠰᠦᠯᠡᠨ᠂ ᠬᠦᠩᠭᠡᠨ ᠡᠷᠡᠭᠦᠦ ᠶᠢᠨ ᠬᠡᠷᠡᠭ ᠪᠠ ᠨᠠᠰᠤᠨ ᠳᠤ ᠦᠯᠦ ᠬᠦᠷᠦᠭᠰᠡᠳ ᠤᠨ ᠶᠠᠯᠠᠲᠤ ᠬᠡᠷᠡᠭ ᠲᠤ ᠪᠦᠬᠦ ᠲᠠᠯ᠎ᠠ ᠪᠠᠷ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ ᠲᠤᠭᠲᠠᠴᠠ ᠶᠢ ᠬᠡᠷᠡᠭᠵᠢᠭᠦᠯᠬᠦ ᠨᠢ᠂ ᠬᠡᠷᠡᠭ  ᠰᠢᠳᠬᠡᠭᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠬᠦᠯᠵᠤ ᠴᠢᠳᠠᠨ᠎ᠠ᠃ ᠵᠢᠱᠢᠶᠡᠯᠡᠪᠡᠯ᠂ ᠬᠦᠩᠭᠡᠨ ᠡᠷᠡᠭᠦᠦ ᠶᠢᠨ ᠭᠡᠷᠡᠭ ᠲᠤ᠂ ᠨᠢᠭᠡ ᠬᠡᠷᠡᠭ ᠰᠢᠳᠬᠡᠭᠴᠢ ᠠᠴᠠ ᠬᠢᠨᠠᠨ ᠪᠠᠷᠢᠪᠴᠢᠯᠠᠬᠤ᠂ ᠬᠢᠨᠠᠨ ᠵᠠᠭᠠᠯᠳᠤᠬᠤ᠂ ᠰᠢᠭᠦᠯᠲᠡ ᠳᠤ ᠤᠷᠤᠯᠴᠠᠵᠤ ᠠᠯᠪᠠᠨ ᠵᠠᠭᠠᠯᠳᠤᠯᠭ᠎ᠠ ᠬᠢᠭᠦ᠂ ᠰᠢᠭᠦᠨ ᠲᠠᠰᠤᠯᠤᠯᠲᠠ ᠶᠢ ᠬᠢᠨᠠᠨ ᠪᠠᠶᠢᠴᠠᠭᠠᠬᠤ ᠵᠡᠷᠭᠡ ᠪᠦᠷᠢᠨ ᠲᠦᠬᠦᠷ ᠬᠡᠷᠡᠭ ᠤᠨ ᠶᠠᠪᠤᠴᠠ ᠶᠢ ᠭᠦᠢᠴᠡᠳᠬᠡᠵᠤ᠂  ᠪᠠᠷᠢᠪᠴᠢᠯᠠᠬᠤ ᠵᠠᠭᠠᠯᠳᠤᠬᠤ ᠬᠤᠶᠠᠷ ᠶᠠᠪᠤᠴᠠ ᠳᠤ ᠬᠡᠷᠡᠭ ᠢ ᠳᠠᠭᠠᠭᠠᠨ ᠰᠢᠳᠭᠡᠭᠴᠢ ᠶᠢ ᠰᠤᠯᠢᠭᠰᠠᠨ ᠠᠴᠠ ᠪᠤᠯᠵᠤ ᠲᠠᠬᠢᠨ ᠲᠠᠪᠲᠠᠨ ᠡᠪᠬᠡᠮᠡᠯ ᠢ ᠦᠵᠡᠬᠦ ᠵᠡᠷᠭᠡ ᠬᠤᠶᠠᠷᠲᠠ ᠬᠢᠨᠠᠬᠤ ᠠᠴᠠ ᠵᠠᠶᠢᠯᠠᠰᠬᠢᠵᠤ᠂ ᠦᠨᠡᠨ ᠬᠦ ᠵᠠᠷᠭᠤ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠵᠤ᠂ ᠵᠠᠷᠭᠤ ᠶᠢᠨ ᠡᠬᠢ ᠪᠠᠶᠠᠯᠢᠭ ᠢ ᠠᠷᠪᠢᠯᠠᠵᠤ᠂ ᠵᠤᠬᠢᠬᠤ ᠬᠡᠮᠵᠢᠶᠠᠨ ᠳᠡᠭᠡᠷ᠎ᠡ ᠬᠡᠷᠡᠭ ᠤᠯᠠᠨ ᠬᠦᠮᠦᠨ ᠴᠦᠭᠡᠨ ᠵᠦᠷᠢᠴᠡᠯ ᠢ ᠨᠠᠮᠳᠠᠭᠤᠯᠬᠤ ᠵᠤᠷᠢᠯᠭ᠎ᠠ ᠳᠤ ᠪᠠᠨ ᠬᠦᠷᠴᠦ ᠴᠢᠳᠠᠨ᠎ᠠ᠃

     ︵ᠬᠤᠶᠠᠷ︶ ᠤᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠳᠬᠡᠬᠦ ᠳᠤᠭᠤᠶᠢᠯᠠᠩ ᠤᠨ ᠦᠢᠯᠡᠳᠤᠯ ᠢ ᠬᠦᠢᠴᠡᠳ ᠪᠠᠳᠠᠷᠠᠭᠤᠯᠵᠤ ᠴᠢᠳᠠᠨ᠎ᠠ᠃ ᠬᠦᠨᠳᠦ ᠶᠡᠭᠡ᠂  ᠬᠦᠴᠢᠷ ᠪᠤᠳᠤᠯᠢᠶᠠᠨᠲᠠᠢ ᠬᠡᠷᠡᠭ ᠲᠤ ᠠᠪᠴᠦ ᠬᠡᠯᠡᠪᠡᠯ᠂ ᠬᠡᠷᠡᠭ ᠤᠨ ᠶᠠᠰᠤ ᠴᠢᠨᠠᠷ ᠢ ᠪᠠᠲᠤᠯᠠᠬᠤ ᠶᠢᠨ ᠲᠦᠯᠦᠭᠡ᠂ ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ ᠬᠡᠷᠡᠭ ᠰᠢᠳᠬᠡᠬᠦ ᠲᠤᠭᠲᠠᠴᠠ ᠶᠢ  ᠪᠦᠬᠦ ᠲᠠᠯ᠎ᠠ ᠪᠠᠷ ᠬᠡᠷᠡᠭᠵᠢᠬᠦᠯᠬᠦ ᠨᠢ ᠵᠤᠬᠢᠰ ᠦᠬᠡᠢ ᠪᠠᠶᠢᠳᠠᠭ᠃ ᠤᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠳᠬᠡᠬᠦ ᠳᠤᠭᠤᠶᠢᠯᠠᠩ ᠤᠨ ᠦᠢᠯᠡᠳᠤᠯ ᠢ ᠪᠠᠳᠠᠷᠠᠭᠤᠯᠤᠨ ᠲᠡᠭᠦᠯᠳᠡᠷᠵᠢᠭᠦᠯᠵᠦ᠂ ᠬᠦᠨ ᠭᠦᠨᠵᠡᠭᠡᠢ ᠶᠠᠷᠢᠯᠴᠠᠨ ᠰᠤᠳᠤᠯᠬᠤ ᠪᠠᠷ ᠳᠠᠮᠵᠢᠨ᠂ ᠤᠷᠤᠰᠢᠬᠤ ᠪᠤᠯᠤᠮᠵᠢ ᠲᠠᠢ ᠠᠰᠠᠭᠤᠳᠠᠯ ᠳᠤ ᠤᠯᠠᠨ ᠤ ᠠᠷᠭ᠎ᠠ ᠤᠬᠠᠭᠠᠨ ᠢ ᠲᠦᠪᠯᠡᠷᠡᠭᠦᠯᠵᠤ᠂ ᠪᠠᠷᠢᠪᠴᠢᠯᠠᠬᠤ ᠪᠠ ᠵᠠᠭᠠᠯᠳᠤᠬᠤ ᠪᠠᠷᠢᠮᠵᠢᠶ᠎ᠠ ᠳᠤ ᠦᠨᠳᠦᠰᠦᠯᠡᠵᠤ ᠦᠷᠬᠦᠯᠵᠢᠯᠡᠨ ᠲᠤᠷᠰᠢᠨ ᠪᠠᠶᠢᠴᠠᠭᠠᠵᠤ ᠬᠡᠷᠡᠴᠢ ᠠᠪᠴᠤ ᠰᠠᠨᠠᠯ ᠰᠠᠨᠠᠭᠤᠯᠭ᠎ᠠ ᠪᠠᠨ ᠳᠤᠷᠠᠳᠴᠦ᠂ ᠢᠳᠡᠪᠬᠢᠲᠠᠢ ᠪᠠᠷ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠠᠨᠳᠤᠯᠭᠠᠳᠤ ᠴᠢᠨᠠᠷᠲᠠᠢ ᠬᠡᠷᠡᠴᠢ ᠠᠪᠬᠤ᠂ ᠬᠡᠷᠡᠴᠢ ᠪᠠᠲᠤᠵᠢᠭᠤᠯᠬᠤ ᠶᠢ ᠬᠦᠲᠦᠯᠦᠨ ᠵᠢᠯᠦᠭᠤᠳᠴᠦ᠂ ᠪᠠᠷᠢᠪᠴᠢᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠵᠠᠭᠠᠯᠳᠤᠬᠤ ᠪᠠ ᠬᠡᠷᠡᠭ ᠤᠨ ᠶᠠᠰᠤ ᠴᠢᠨᠠᠷ ᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠨ᠎ᠠ᠃

     ︵ᠭᠤᠷᠪᠠ︶ ᠬᠡᠷᠡᠭ ᠤᠨ ᠡᠬᠢ ᠪᠠᠶᠠᠯᠢᠭ ᠢ ᠬᠠᠮᠲᠤᠪᠡᠷ ᠡᠳ᠋ᠯᠡᠬᠦ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃  ᠳᠣᠲᠤᠷ᠎ᠠ ᠰᠦᠯᠵᠢᠶ᠎ᠡ ᠶᠢ ᠠᠰᠢᠭᠯᠠᠵᠤ ᠪᠠᠶᠢᠳᠠᠯ ᠢ  ᠮᠡᠳᠡᠭᠡᠯᠡᠬᠦ᠂ ᠮᠡᠳᠡᠭᠦᠯᠭᠦ ᠪᠠ ᠨᠠᠶᠢᠳᠡᠪᠦᠷᠢᠵᠢᠭᠤᠯᠬᠤ᠂ ᠡᠬᠢ ᠪᠠᠶᠠᠯᠢᠭ ᠢ ᠬᠠᠮᠲᠤᠪᠡᠷ ᠡᠳ᠋ᠯᠡᠬᠦ᠂ ᠬᠠᠥᠯᠢ ᠴᠠᠭᠠᠵᠠ ᠶᠢᠨ ᠮᠡᠳᠡᠭᠡ ᠵᠠᠩᠬᠢ᠂ ᠠᠵᠢᠯ ᠤᠨ ᠲᠤᠷᠰᠢᠯᠭ᠎ᠠ ᠶᠢᠨ ᠰᠤᠯᠢᠯᠴᠠᠭ᠎ᠠ ᠵᠡᠷᠭᠡ ᠶᠢ ᠪᠡᠶᠡᠯᠡᠭᠦᠯᠵᠤ ᠪᠤᠯᠤᠨ᠎ᠠ᠃ ᠤᠨᠴᠠᠭᠠᠶᠢᠯᠠᠨ ᠬᠢᠨᠠᠨ ᠪᠠᠷᠢᠪᠴᠢᠯᠠᠬᠤ ᠱᠠᠲᠤᠨ ᠤ ᠬᠢᠨᠠᠨ ᠪᠠᠷᠢᠪᠴᠢᠯᠠᠭᠰᠠᠨ ᠰᠠᠨᠠᠯ ᠤᠨ ᠪᠢᠴᠢᠭ᠂ ᠰᠢᠬᠦᠬᠦ ᠲᠢᠩᠬᠢᠮ ᠤᠨ ᠰᠢᠬᠦᠨ ᠲᠠᠰᠤᠯᠤᠯᠲᠠ ᠳᠤ ᠬᠡᠷᠡᠭᠰᠡᠬᠦ ᠭᠡᠷᠡᠴᠢ ᠮᠠᠲ᠋ᠧᠷᠢᠶᠠᠯ ᠬᠠᠩᠭᠠᠬᠤ ᠰᠠᠨᠠᠯ ᠤᠨ ᠪᠢᠴᠢᠭ ᠵᠡᠷᠭᠡ ᠴᠢᠬᠤᠯᠠ ᠪᠢᠴᠢᠭ ᠬᠠᠷ᠎ᠠ ᠶᠢ ᠬᠠᠮᠲᠤᠪᠡᠷ‌ᠡᠳ᠋ᠯᠡᠬᠦ ᠶᠢ ᠪᠡᠶᠡᠯᠡᠭᠦᠯᠵᠤ᠂ ᠬᠢᠨᠠᠨ ᠵᠠᠭᠠᠯᠳᠤᠬᠤ ᠱᠠᠲᠤᠨ ᠤ ᠬᠡᠷᠡᠭ ᠰᠢᠳᠬᠡᠭᠴᠢ ᠠᠴᠠ ᠲᠠᠬᠢᠨ ᠳᠠᠪᠳᠠᠬᠤ ᠠᠵᠢᠯ ᠤᠨ ᠬᠡᠮᠵᠢᠶ᠎ᠡ ᠶᠢ ᠪᠠᠭᠠᠰᠬᠠᠵᠤ᠂ ᠵᠠᠷᠭᠤ ᠶᠢᠨ ᠡᠬᠢ ᠪᠠᠶᠠᠯᠢᠭ ᠢ ᠠᠷᠪᠢᠯᠠᠭᠰᠠᠨ ᠵᠤᠷᠢᠯᠭ᠎ᠠ ᠳᠤ ᠪᠠᠨ ᠬᠦᠷᠴᠦ ᠴᠢᠳᠠᠨ᠎ᠠ᠃

     ︵ᠳᠦᠷᠪᠡ︶ ᠬᠠᠥᠯᠢ ᠬᠡᠷᠡᠭᠵᠢᠭᠦᠯᠬᠦ ᠦᠵᠡᠯᠲᠡ ᠪᠠᠨ ᠬᠤᠪᠢᠷᠠᠭᠤᠯᠵᠤ᠂ ᠬᠠᠥᠯᠢ ᠬᠡᠷᠡᠭᠵᠢᠬᠦᠯᠬᠦ ᠠᠵᠢᠯᠯᠠᠭ᠎ᠠ ᠪᠠᠨ ᠳᠦᠷᠢᠮᠵᠢᠬᠦᠯᠵᠤ᠂ ᠬᠡᠷᠡᠭ ᠰᠢᠳᠬᠡᠭᠴᠢ ᠶᠢᠨ ᠴᠢᠳᠡᠪᠦᠷᠢ ᠪᠠ ᠬᠢᠷᠢ ᠲᠦᠪᠰᠢᠨ ᠢ ᠲᠠᠰᠣᠷᠠᠯᠲᠠ ᠦᠬᠡᠢ ᠳᠡᠭᠡᠭᠰᠢᠯᠡᠭᠦᠯᠦᠨ᠎ᠡ᠃ ᠡᠷᠡᠭᠦᠦ ᠶᠢᠨ ᠬᠡᠷᠡᠭ ᠤᠨ ᠵᠠᠷᠭᠤ ᠶᠢᠨ ᠲᠤᠮᠳᠠ᠂ ᠬᠡᠷᠡᠭ ᠰᠢᠳᠬᠡᠭᠴᠢ ᠠᠴᠠ ᠦᠵᠡᠯᠲᠡ ᠪᠠᠨ ᠬᠤᠪᠢᠷᠠᠭᠤᠯᠵᠤ᠂ ᠦᠨᠡᠨᠴᠢ ᠰᠢᠳᠤᠷᠭᠤ ᠬᠠᠥᠯᠢ ᠴᠠᠭᠠᠵᠠ ᠶᠢᠨ ᠰᠠᠬᠢᠭᠴᠢ ᠪᠤᠯᠪᠠᠯ ᠵᠤᠬᠢᠨ᠎ᠠ᠃ ᠪᠤᠰᠤᠳᠴᠢ᠂ ᠲᠦᠪ ᠭᠤᠤᠯᠴᠢ ᠪᠠᠷ ᠬᠡᠷᠡᠭ ᠢ ᠬᠢᠨᠠᠵᠤ᠂ ᠪᠤᠲᠠᠲᠤ ᠬᠡᠷᠡᠭ ᠤᠨ ᠦᠨᠡᠨ ᠪᠠᠶᠢᠳᠠᠯ ᠢ ᠴᠢᠷᠮᠠᠶᠢᠨ ᠢᠯᠡᠷᠡᠬᠦᠯᠬᠦ ᠮᠦᠷᠲᠡᠭᠡᠨ ᠬᠦᠨᠳᠦᠳᠬᠡᠵᠤ᠂ ᠬᠡᠷᠡᠭ ᠰᠢᠳᠬᠡᠭᠦ ᠲᠤᠮᠳᠠ ᠬᠢᠯᠢᠰᠳᠡᠬᠦᠯᠬᠦ ᠦᠬᠡᠢ ᠮᠦᠷᠲᠡᠭᠡᠨ ᠲᠤᠷ᠎ᠠ ᠪᠠᠷ ᠨᠢ ᠲᠠᠯᠪᠢᠬᠤ ᠦᠬᠡᠢ ᠪᠠᠶᠢᠬᠤ ᠶᠢ ᠡᠷᠢᠯᠬᠢᠯᠡᠨ᠎ᠡ᠃ ᠡᠭᠦᠨ ᠤ ᠬᠠᠮᠲᠤ᠂ ᠵᠢᠷᠦᠮ ᠢ ᠬᠢᠨᠠᠬᠤ ᠦᠵᠡᠯᠲᠡ ᠪᠠᠨ ᠲᠠᠰᠣᠷᠠᠯᠲᠠ ᠦᠬᠡᠢ ᠳᠡᠭᠡᠭᠰᠢᠯᠡᠬᠦᠯᠵᠤ᠂ ᠪᠡᠶᠡᠲᠤ ᠬᠠᠥᠯᠢ ᠶᠢ ᠴᠢᠬᠤᠯᠠᠴᠢᠯᠠᠨ ᠵᠢᠷᠦᠮ ᠤᠨ ᠬᠠᠥᠯᠢ ᠶᠢ ᠬᠦᠩᠭᠡᠪᠴᠢᠯᠡᠬᠦ ᠪᠠᠶᠢᠳᠠᠯ ᠢ ᠡᠷᠡᠰ ᠠᠷᠢᠯᠭᠠᠵᠤ᠂ ᠬᠡᠷᠡᠭ ᠰᠢᠢᠳᠪᠦᠷᠢᠯᠡᠬᠦ ᠦᠢᠯᠡᠳᠦᠯᠭᠡ ᠪᠠ ᠤᠨᠤᠯ ᠤᠨ ᠰᠤᠷᠤᠯᠴᠠᠯᠭ᠎ᠠ ᠪᠠᠷ ᠳᠠᠮᠵᠢᠨ᠂ ᠡᠷᠡᠭᠦᠦ ᠶᠢᠨ ᠬᠡᠷᠡᠭ ᠢ ᠪᠠᠶᠢᠴᠠᠭᠠᠬᠤ ᠰᠠᠯᠠᠭᠠᠨ ᠤ ᠺᠠᠳ᠋ᠷ ᠴᠠᠭᠳᠠᠭᠠᠨ ᠤ ᠬᠡᠷᠡᠴᠢ ᠬᠢᠨᠠᠨ ᠪᠠᠶᠢᠴᠠᠭᠠᠬᠤ᠂ ᠪᠢᠴᠢᠭ ᠬᠠᠷ᠎ᠠ ᠵᠤᠬᠢᠶᠠᠬᠤ᠂ ᠰᠢᠭᠦᠯᠲᠡ ᠳᠤ ᠤᠷᠤᠯᠴᠠᠨ ᠠᠯᠪᠠᠨ ᠵᠠᠭᠠᠯᠳᠤᠯᠭ᠎ᠠ ᠭᠠᠷᠭᠠᠬᠤ ᠵᠡᠷᠭᠡ ᠴᠢᠳᠡᠪᠦᠷᠢ ᠶᠢ ᠲᠠᠰᠤᠷᠠᠯᠲᠠ ᠦᠬᠡᠢ ᠳᠡᠭᠡᠭᠰᠢᠯᠡᠭᠦᠯᠵᠤ᠂《ᠰᠢᠬᠦᠨ ᠲᠠᠰᠤᠯᠬᠤ ᠪᠠᠷ ᠲᠦᠪ ᠪᠤᠯᠭᠠᠭᠰᠠᠨ》ᠵᠠᠷᠭᠤ ᠶᠢᠨ ᠳᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃

     ᠶᠡᠷᠦᠩᠬᠡᠶᠢᠯᠡᠪᠡᠯ᠂ ᠮᠠᠨ ᠤ ᠬᠤᠷᠢᠶᠠᠨ ᠤ 2016 ᠤᠨ ᠤ10 ᠰᠠᠷ᠎ᠠ ᠠᠴᠠ ᠨᠠᠰᠢᠬᠢ ᠬᠡᠷᠡᠭ ᠬᠦᠯᠢᠶᠡᠭᠰᠡᠨ ᠲᠤᠭ᠎ᠠ ᠬᠡᠮᠵᠢᠶ᠎ᠡ᠂ ᠬᠡᠷᠡᠭ ᠤᠨ ᠲᠦᠷᠦᠯ ᠵᠤᠶᠢᠯ᠂ ᠤᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠤ ᠬᠦᠮᠦᠨ ᠪᠦᠷᠢ ᠶᠢᠨ ᠬᠡᠷᠡᠭ ᠳᠠᠭᠠᠭᠠᠨ ᠰᠢᠳᠭᠡᠭᠰᠡᠨ ᠲᠤᠮᠳᠠᠴᠢ ᠲᠤᠭ᠎ᠠ ᠬᠡᠮᠵᠢᠶ᠎ᠡ ᠵᠡᠷᠭᠡ ᠲᠤᠭ᠎ᠠ ᠪᠠᠷᠢᠮᠲᠠ ᠶᠢ ᠵᠠᠳᠠᠯᠬᠤ ᠪᠠᠷ ᠳᠠᠮᠵᠢᠨ᠂《ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ》ᠬᠡᠷᠡᠭ ᠰᠢᠳᠬᠡᠭᠦ ᠲᠤᠭᠲᠠᠴᠠ ᠶᠢ ᠲᠦᠯᠬᠢᠨ ᠬᠡᠷᠡᠭᠵᠢᠬᠦᠯᠬᠦ ᠨᠢ᠂ ᠮᠠᠨ ᠤ ᠬᠤᠷᠢᠶᠠᠨ ᠤ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ᠂ ᠠᠯᠪᠠᠨ ᠵᠠᠭᠠᠯᠳᠤᠯᠭ᠎ᠠ ᠶᠢᠨ ᠰᠠᠯᠠᠭ᠎ᠠ ᠮᠦᠴᠢᠷ ᠤᠨ ᠪᠦᠲᠦᠴᠡ ᠶᠢ ᠰᠢᠯᠢᠳᠡᠭᠵᠢᠬᠦᠯᠬᠦ᠂ ᠬᠡᠷᠡᠭ ᠰᠢᠳᠬᠡᠬᠦ ᠬᠦᠴᠦᠨ ᠢ ᠨᠡᠮᠡᠭᠳᠡᠬᠦᠯᠬᠦ᠂ ᠬᠡᠷᠡᠭ ᠰᠢᠳᠬᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠬᠦ᠂ ᠵᠠᠷᠭᠤ ᠶᠢᠨ ᠬᠤᠭᠤᠴᠠᠭ᠎ᠠ ᠶᠢ ᠠᠷᠪᠢᠯᠠᠬᠤ᠂ ᠬᠡᠷᠡᠭ ᠤᠨ ᠲᠤᠬᠠᠢ ᠶᠢᠨ ᠬᠦᠮᠦᠨ ᠤ ᠵᠠᠷᠭᠤ ᠶᠢᠨ ᠡᠷᠬᠡ ᠶᠢ ᠪᠠᠲᠤᠯᠠᠬᠤ ᠵᠡᠷᠭᠡ ᠲᠠᠯ᠎ᠠ ᠪᠠᠷ ᠪᠦᠷ  ᠠᠰᠢᠭᠲᠠᠢ ᠪᠠᠶᠢᠳᠠᠭ᠃《ᠪᠠᠷᠢᠪᠴᠢᠯᠠᠬᠤ ᠪᠠ ᠵᠠᠭᠠᠯᠳᠤᠬᠤ ᠶᠢ ᠨᠢᠭᠡ ᠴᠤᠭᠴᠠᠵᠢᠭᠤᠯᠬᠤ》ᠲᠤᠭᠲᠠᠴᠠ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠨᠢ᠂ ᠤᠷᠢᠳᠤ ᠶᠢᠨ ᠪᠠᠷᠢᠪᠴᠢᠯᠠᠵᠤ ᠵᠠᠭᠠᠯᠳᠤᠬᠤ ᠰᠠᠯᠠᠭ᠎ᠠ ᠮᠦᠴᠢᠷ ᠤᠨ ᠬᠤᠭᠤᠷᠤᠨᠳᠤ ᠪᠠᠨ ᠬᠠᠷᠢᠯᠴᠠᠨ ᠲᠦᠯᠬᠢᠯᠴᠡᠬᠦ ᠠᠰᠠᠭᠤᠳᠠᠯ ᠢ ᠦᠭᠡᠶᠢᠰᠬᠡᠵᠤ᠂ ᠬᠠᠥᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠮᠵᠢ ᠪᠠᠨ ᠨᠡᠩ ᠰᠠᠶᠢᠳᠤᠷ ᠪᠠᠳᠠᠷᠠᠭᠤᠯᠵᠤ᠂ ᠪᠦᠬᠦᠶᠢᠯᠡ ᠵᠠᠷᠭᠤ ᠶᠢᠨ ᠶᠠᠰᠤ ᠴᠢᠨᠠᠷ ᠤᠨ ᠳᠡᠭᠡᠭᠰᠢᠯᠡᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ᠂《 ᠬᠡᠷᠡᠭ ᠰᠢᠳᠭᠡᠭᠴᠢ ᠠᠴᠠ ᠬᠠᠷᠢᠭᠤᠴᠠᠬᠤ》ᠬᠠᠥᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠤᠨ ᠦᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ ᠴᠢᠳᠠᠬᠤ ᠶᠤᠮ᠃

ᠢᠷᠡᠯᠲᠡ
ᠬᠠᠭᠤᠴᠢᠨ ᠪᠠᠷᠭᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro