ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠰᠢᠯᠢ  ᠶᠢᠨ ᠭᠤᠤᠯ ᠠᠶᠢᠮᠠᠭ  ᠤᠨ ᠪᠠᠶᠢᠴᠠᠭᠠᠬᠤ ᠪᠠᠶᠢᠭᠤᠯᠭ᠎ᠠ  ᠶᠢᠨ ︽ᠢᠪᠡᠭᠡ ︾ ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ  ᠤᠨ ᠮᠤᠩᠭᠤᠯ ᠬᠢᠲᠠᠳ ᠬᠤᠤᠰ ᠬᠡᠯᠡᠨ  ᠦ ᠪᠦᠯᠬᠦᠮ ᠪᠠᠶᠢᠭᠤᠯᠤᠭᠲᠠᠯ᠎ᠠ

2020-06-02 19:07:34
ᠵᠣᠬᠢᠶᠠᠭᠴᠢ
ᠭᠡᠭᠡᠷᠡᠯ

5 ᠰᠠᠷ᠎ᠠ  ᠶᠢᠨ 25 ᠦ ᠡᠲᠦᠷ ᠂ ︽ᠬᠠᠲᠠᠭᠤ ᠪᠡᠷᠬᠡᠰᠢᠶᠡᠯ  ᠢ ᠬᠠᠮᠲᠤᠪᠡᠷ ᠲᠤᠭᠤᠯᠵᠤ ᠂ ᠪᠠᠶᠢᠴᠠᠭᠠᠬᠤ ᠪᠠᠶᠢᠭᠤᠯᠭ᠎ᠠ ᠨᠠᠰᠤᠨ  ᠳᠤ ᠦᠯᠦ ᠬᠦᠷᠦᠭᠰᠡᠳ ᠢ ᠬᠠᠯᠠᠮᠵᠢᠯᠠᠨ ᠬᠠᠮᠠᠭᠠᠯᠠᠬᠤ ︾ ᠪᠠᠶᠢᠴᠠᠭᠠᠬᠤ ᠨᠡᠬᠡᠭᠡᠯᠲᠡ  ᠶᠢᠨ ᠡᠲᠦᠷ ᠵᠢᠴᠢ ︽ᠢᠪᠡᠭᠡ ︾ ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ  ᠤᠨ ᠮᠤᠩᠭᠤᠯ ᠬᠢᠲᠠᠳ ᠬᠤᠤᠰ ᠬᠡᠯᠡᠨ  ᠦ ᠪᠦᠯᠬᠦᠮ ᠪᠠᠶᠢᠭᠤᠯᠤᠭᠲᠠᠬᠤ ᠶᠤᠰᠤᠯᠠᠯ ᠰᠢᠯᠢ  ᠶᠢᠨ ᠭᠤᠤᠯ ᠠᠶᠢᠮᠠᠭ  ᠤᠨ ᠪᠠᠶᠢᠴᠠᠭᠠᠬᠤ ᠬᠤᠪᠢᠶᠠᠷᠢ ᠬᠤᠷᠢᠶᠠᠨ  ᠳᠤ ᠶᠠᠪᠤᠭᠲᠠᠯ᠎ᠠ ᠃

ᠶᠤᠰᠤᠯᠠᠯ ᠲᠡᠭᠡᠷ᠎ᠡ ᠰᠢᠯᠢ  ᠶᠢᠨ ᠭᠤᠤᠯ ᠠᠶᠢᠮᠠᠭ  ᠤᠨ ︽ᠢᠪᠡᠭᠡ ︾ ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ  ᠤᠨ ᠮᠤᠩᠭᠤᠯ ᠬᠢᠲᠠᠳ ᠬᠤᠤᠰ ᠬᠡᠯᠡᠨ  ᠦ ᠪᠦᠯᠬᠦᠮ ᠤᠨ ᠰᠦᠯᠲᠡ ᠲᠡᠮᠲᠡᠭ  ᠢ ᠨᠡᠶᠢᠲᠡᠯᠡᠵᠦ ᠂ ᠰᠦᠯᠲᠡ ᠲᠡᠮᠲᠡᠭ ᠤᠨ ᠨᠡᠷ᠎ᠡ ᠪᠤᠯᠤᠨ ᠲᠤᠲᠤᠭᠠᠲᠤ ᠠᠭᠤᠯᠤᠭᠲᠠᠬᠤᠨ  ᠢ ᠤᠯᠠᠨ  ᠳᠤ ᠨᠠᠷᠢᠨ ᠲᠠᠶᠢᠯᠪᠤᠷᠢᠯᠠᠯᠲᠠ ᠬᠢᠬᠦ  ᠶᠢᠨ ᠬᠠᠮᠲᠦ ᠂ ᠶᠤᠰᠤᠯᠠᠯ  ᠳᠤ ᠤᠷᠤᠯᠴᠠᠭᠰᠠᠨ ᠡᠯ᠎ᠡ ᠪᠠᠶᠢᠭᠤᠯᠭ᠎ᠠ ᠨᠢᠭᠡᠴᠢ   ᠶᠢᠨ ᠬᠠᠷᠢᠭᠤᠴᠠᠯᠭᠠᠲᠠᠨ ᠪᠦᠬᠦ ᠠᠶᠢᠮᠠᠭ  ᠤᠨ ᠪᠠᠶᠢᠴᠠᠭᠠᠬᠤ ᠪᠠᠶᠢᠭᠤᠯᠭ᠎ᠠ  ᠶᠢᠨ ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ   ᠢ ᠬᠡᠷᠬᠢᠨ ᠰᠠᠶᠢᠲᠤᠷ ᠬᠢᠬᠦ ᠲᠤᠬᠠᠢ ᠴᠢᠯᠦᠭᠡᠲᠡᠢ ᠶᠠᠷᠢᠯᠴᠠᠭ᠎ᠠ ᠦᠷᠨᠢᠭᠦᠯᠪᠡ ᠃

 ︽ᠢᠪᠡᠭᠡ ︾ ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ  ᠤᠨ ᠮᠤᠩᠭᠤᠯ ᠬᠢᠲᠠᠳ ᠬᠤᠤᠰ ᠬᠡᠯᠡᠨ  ᠦ ᠪᠦᠯᠬᠦᠮ ᠪᠤᠯ ᠵᠠᠩ ᠵᠢᠶᠦ᠋ᠨ ᠪᠠᠶᠢᠴᠠᠭᠠᠬᠤ ᠲᠠᠷᠤᠭ᠎ᠠ  ᠶᠢᠨ ︽ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ ᠪᠤᠯ ᠪᠠᠶᠢᠴᠠᠭᠠᠬᠤ ᠪᠠᠶᠢᠭᠤᠯᠭ᠎ᠠ ᠪᠤᠯᠤᠨ ᠨᠡᠶᠢᠭᠡᠮ ᠨᠡᠶᠢᠲᠡ  ᠶᠢ ᠬᠤᠯᠪᠤᠬᠤ ᠬᠦᠭᠦᠷᠭᠡ ᠬᠤᠯᠪᠤᠭᠠᠰᠤ ᠪᠤᠯᠤᠨ᠎ᠠ ︾ ᠭᠡᠰᠡᠨ ᠶᠠᠷᠢᠶᠠᠨ  ᠤ ᠵᠤᠷᠢᠭ ᠰᠠᠨᠠᠭ᠎ᠠ  ᠶᠢ ᠦᠨᠲᠦᠰᠦᠯᠡᠵᠦ ᠂ ᠤᠷᠤᠨ ᠨᠤᠲᠤᠭ  ᠤᠨ ᠦᠨᠲᠦᠰᠤᠲᠡᠨ  ᠤ ᠦᠪᠡᠷᠮᠢᠴᠡ ᠤᠨᠴᠠᠯᠢᠭ ᠲᠠᠢ ᠤᠶᠠᠯᠲᠤᠭᠤᠯᠤᠨ ᠪᠠᠶᠢᠭᠤᠯᠤᠭᠰᠠᠨ ᠪᠦᠯᠬᠦᠮ ᠶᠤᠮ ᠃ ᠡᠨᠡᠬᠦ ᠪᠦᠯᠬᠦᠮ  ᠦᠨ ᠪᠠᠶᠢᠭᠤᠯᠤᠭᠲᠠᠭᠰᠠᠨ ᠨᠢ ᠰᠢᠯᠢ  ᠶᠢᠨ ᠭᠤᠤᠯ ᠠᠶᠢᠮᠠᠭ  ᠤᠨ ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ ᠤᠯᠠᠮ ᠲᠤᠰᠬᠠᠶᠢᠵᠢᠭᠰᠠᠨ ᠂ ᠲᠦᠷᠢᠮᠵᠢᠭᠰᠡᠨ  ᠢ ᠬᠠᠷᠠᠭᠤᠯᠵᠤ ᠪᠠᠶᠢᠭ᠎ᠠ ᠶᠤᠮ ᠃

ᠲᠠᠷᠠᠭᠠᠴᠢ  ᠶᠢᠨ ᠠᠯᠬᠤᠮ  ᠳᠤ ᠂ ᠰᠢᠯᠢ  ᠶᠢᠨ ᠭᠤᠤᠯ ᠠᠶᠢᠮᠠᠭ  ᠤᠨ ᠪᠠᠶᠢᠴᠠᠭᠠᠬᠤ ᠬᠤᠪᠢᠶᠠᠷᠢ ᠬᠤᠷᠢᠶ᠎ᠠ ᠨᠠᠰᠤᠨ  ᠳᠤ ᠦᠯᠦ ᠭᠦᠷᠦᠭᠰᠡᠳ  ᠦᠨ ᠪᠠᠶᠢᠴᠠᠭᠠᠬᠤ ᠠᠵᠢᠯ  ᠢ ᠰᠠᠶᠢᠲᠤᠷ ᠬᠢᠵᠦ ᠂ ᠬᠠᠤᠯᠢ ᠴᠠᠭᠠᠵᠠ  ᠶᠢᠨ ᠬᠢᠨᠠᠯᠲᠠ ᠲᠠᠯᠪᠢᠬᠤ ᠡᠷᠴᠢᠮ  ᠢᠶᠡᠨ ᠴᠢᠩᠭᠠᠳᠬᠠᠨ ᠂ ᠲᠦᠪ ᠭᠤᠤᠯᠴᠢ ᠰᠢᠲᠤᠷᠭᠤ ᠶᠤᠰᠤ  ᠶᠢ ᠬᠠᠮᠠᠭᠠᠯᠠᠨ ᠂ ᠨᠠᠰᠤᠨ  ᠳᠤ ᠦᠯᠦ ᠭᠦᠷᠦᠭᠰᠡᠳ ᠢ ᠬᠠᠯᠠᠮᠵᠢᠯᠠᠨ ᠬᠠᠮᠠᠭᠠᠯᠠᠬᠤ  ᠳᠤ ᠪᠠᠶᠢᠴᠠᠭᠠᠬᠤ ᠬᠦᠴᠦᠨ  ᠢᠶᠡᠨ ᠨᠡᠮᠡᠷᠢᠯᠡᠨ᠎ᠡ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro