ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠴᠤᠭᠳᠤ ︵ᠦᠭᠡᠷᠡᠴᠢᠯᠡᠭᠰᠡᠨ ᠨᠠᠷ᠎ᠠ︶ ᠵᠣᠷᠢᠭᠤᠳᠠ ᠬᠦᠮᠦᠨ ᠠᠯᠠᠭᠰᠠᠨ ᠶᠠᠯ᠎ᠠ ᠪᠠᠷ ᠰᠡᠵᠢᠭᠯᠡᠭᠳᠡᠵᠦ ᠬᠠᠣᠯᠢ ᠶᠣᠰᠣᠭᠠᠷ ᠪᠠᠷᠢᠪᠴᠢᠯᠠᠭᠳᠠᠪᠠ

2017-07-28 11:25:32
ᠵᠣᠬᠢᠶᠠᠭᠴᠢ
ᠰᠦᠮᠪᠦᠷ

    ᠴᠤᠭᠳᠤ ᠪᠠᠭᠠᠷᠢᠨ ᠪᠠᠷᠠᠭᠤᠨ ᠬᠤᠰᠢᠭᠤᠨ ᠤ ᠪᠣᠷᠣᠣᠰᠦ ᠪᠠᠯᠭᠠᠰᠣᠨ ᠤ ᠬᠦᠮᠦᠨ᠂ 2016 ᠣᠨ ᠤ 12 ᠰᠠᠷ᠎ᠠ ᠶᠢᠨ 25 ᠤ ᠡᠳᠦᠷ ᠵᠣᠷᠢᠭᠤᠳᠠ ᠬᠦᠮᠦᠨ ᠠᠯᠠᠭᠰᠠᠨ ᠶᠠᠯ᠎ᠠ ᠳᠤ ᠰᠡᠵᠢᠭᠯᠡᠭᠳᠡᠨ ᠪᠠᠭᠠᠷᠢᠨ ᠪᠠᠷᠠᠭᠤᠨ ᠬᠤᠰᠢᠭᠤᠨ ᠤ ᠲᠣᠳᠣᠭᠠᠳᠦ ᠶᠢ ᠬᠠᠮᠠᠭᠠᠯᠠᠬᠤ ᠲᠣᠪᠴᠢᠶᠠᠨ ᠳᠤ ᠡᠷᠡᠭᠦᠦ ᠶᠢᠨ ᠬᠡᠷᠡᠭ ᠢᠶᠠᠷ ᠲᠦᠷ ᠬᠤᠷᠢᠭᠳᠠᠪᠠ᠃

    ᠲᠣᠳᠣᠭᠠᠳᠦ ᠶᠢᠨ ᠬᠠᠮᠠᠭᠠᠯᠠᠬᠤ ᠲᠣᠪᠴᠢᠶ᠎ᠠ ᠬᠠᠣᠯᠢ ᠶᠣᠰᠣᠭᠠᠷ ᠲᠣᠷᠰᠢᠨ ᠪᠠᠶᠢᠴᠠᠭᠠᠵᠦ ᠲᠣᠳᠣᠷᠬᠠᠶᠢᠯᠠᠭᠰᠠᠨ ᠨᠢ᠄ ᠶᠠᠯ᠎ᠠ ᠬᠢᠭᠰᠡᠨ ᠰᠡᠵᠢᠭᠳᠡᠨ ᠴᠤᠭᠳᠤ 2016 ᠣᠨ ᠤ 12 ᠰᠠᠷ᠎ᠠ ᠶᠢᠨ 22 ᠤᠨ ᠡᠳᠦᠷ᠂ ᠦᠪᠠᠷ ᠤᠨ ᠡᠮᠡᠭᠳᠠᠢ ᠨᠠᠶᠢᠵᠠ ᠴᠠᠴᠡᠭ ︵ᠦᠭᠡᠷᠡᠴᠢᠯᠡᠭᠰᠡᠨ ᠨᠠᠷ᠎ᠠ︶ ᠲᠡᠬᠢᠨ ᠲᠡᠭᠦᠨ ᠲᠠᠢ ᠶᠠᠪᠣᠯᠴᠠᠬᠤ ᠬᠠᠷᠢᠴᠠᠭ᠎ᠠ ᠪᠠᠨ ᠵᠣᠭᠰᠣᠬᠤ ᠭᠡᠰᠡᠨ ᠴᠢᠮᠡᠭᠡ ᠶᠢ ᠣᠯᠣᠭᠰᠠᠨ ᠤ ᠬᠤᠶᠢᠨ᠎ᠠ᠂ ᠴᠠᠴᠡᠭ ᠤᠨ ᠠᠮᠢ ᠶᠢ ᠬᠤᠷᠣᠭᠠᠬᠤ ᠰᠠᠨᠠᠭ᠎ᠠ ᠡᠭᠦᠰᠴᠠᠢ᠃ 2016 ᠣᠨ ᠤ 12 ᠰᠠᠷ᠎ᠠ ᠶᠢᠨ 24 ᠤ ᠡᠳᠦᠷ᠂ ᠶᠠᠯ᠎ᠠ ᠬᠢᠭᠰᠡᠨ ᠰᠡᠵᠢᠭᠳᠡᠨ ᠴᠤᠭᠳᠤ ᠳ᠋ᠠᠪᠠᠨ ᠪᠠᠯᠭᠠᠰᠣᠨ ᠤ ᠨᠢᠭᠡᠨ ᠬᠤᠶᠠᠷ ᠲᠦᠭᠦᠷᠢᠭ ᠤᠨ ᠬᠡᠷᠡᠭᠰᠡᠯ ᠤᠨ ᠲᠡᠯᠭᠡᠭᠦᠷ ᠠᠴᠠ ᠬᠠᠶᠢᠴᠢ ᠬᠤᠳᠠᠯᠳᠣᠨ ᠠᠪᠴᠦ᠂ ᠡᠭᠡᠯᠵᠢ ᠶᠢᠨ ᠮᠠᠰᠢᠨ ᠲᠡᠷᠭᠡᠨ ᠳᠤ ᠰᠠᠭᠤᠨ ᠪᠠᠶᠠᠨᠳᠠᠯ᠎ᠠ ᠰᠣᠮᠦᠨ ᠳᠤ ᠴᠠᠴᠡᠭ ᠶᠢᠨ ᠭᠡᠷ ᠲᠤ ᠭᠦᠷᠴᠠᠢ᠃ ᠴᠡᠴᠡᠭ ᠶᠢᠨ ᠭᠡᠷ ᠲᠤ ᠬᠦᠷᠴᠦ ᠴᠡᠴᠡᠭ ᠲᠠᠢ ᠣᠷᠤᠭ ᠤᠨ ᠶᠡᠪᠣᠯᠴᠠᠭ᠎ᠠ ᠪᠠᠨ ᠦᠷᠭᠦᠯᠵᠢᠯᠡᠭᠦᠯᠬᠦ ᠪᠠᠷ ᠰᠠᠨᠠᠭᠤᠯᠭ᠎ᠠ ᠭᠠᠷᠭᠠᠨ ᠴᠡᠴᠡᠭ ᠪᠣᠯᠣᠨ ᠲᠡᠭᠦᠨ ᠤ ᠡᠵᠢ ᠳᠤ ᠲᠡᠪᠴᠢᠭᠳᠡᠭᠰᠡᠨ ᠬᠤᠶᠢᠨ᠎ᠠ ᠴᠡᠴᠡᠭ ᠢ ᠭᠡᠷ ᠤᠨ ᠬᠦᠷᠢᠶᠡᠨ ᠲᠣᠮᠳᠠ ᠨᠢ ᠭᠡᠵᠢᠭᠡᠳᠡᠨ ᠬᠦᠰᠡᠷ ᠣᠶᠢᠴᠢᠭᠤᠯᠣᠭᠰᠠᠨ ᠬᠤᠶᠢᠨ᠎ᠠ᠂ ᠪᠠᠶ᠎ᠠ ᠳᠡᠭᠡᠨ ᠠᠪᠴᠦ  ᠶᠠᠪᠣᠵᠦ ᠪᠠᠶᠢᠭᠰᠠᠨ ᠬᠠᠶᠢᠴᠢ ᠪᠠᠷ ᠴᠡᠴᠡᠭ ᠶᠢᠨ ᠲᠣᠯᠣᠭᠠᠢ ᠶᠢᠨ ᠬᠡᠰᠡᠭ᠂ ᠬᠤᠶᠠᠷ ᠭᠠᠷ ᠤᠨ ᠬᠡᠰᠡᠭ ᠲᠤ ᠣᠯᠠᠨ ᠲᠡᠬᠢᠨ ᠴᠢᠴᠢᠵᠦ᠂ ᠬᠡᠷᠡᠭ ᠮᠡᠳᠠᠭᠦᠯᠦᠭᠴᠢ ᠪᠠᠭᠠᠳᠣᠷ ︵ᠦᠭᠡᠷᠡᠴᠢᠯᠡᠭᠰᠡᠨ ᠨᠠᠷ᠎ᠠ︶ ᠲᠣᠬᠠᠢ ᠶᠢᠨ ᠲᠠᠯᠠᠪᠠᠢ ᠳᠤ ᠬᠦᠷᠴᠦ ᠴᠤᠭᠳᠤ ᠶᠢᠨ ᠠᠵᠢᠯᠯᠠᠭ᠎ᠠ ᠶᠢ ᠬᠤᠷᠢᠭᠯᠠᠬᠤ ᠳᠤ ᠴᠤᠭᠳᠤ ᠠᠵᠢᠯᠯᠠᠭ᠎ᠠ ᠪᠠᠨ ᠵᠣᠭᠰᠣᠵᠦ ᠲᠣᠬᠠᠢ ᠶᠢᠨ ᠲᠠᠯᠠᠪᠠᠢ ᠠᠴᠠ ᠲᠣᠳᠠᠭᠠᠨ ᠶᠠᠪᠣᠵᠠᠢ᠃ ᠬᠠᠣᠯᠢ ᠶᠢᠨ ᠡᠮᠴᠢ ᠠᠴᠠ ᠴᠡᠴᠡᠭ ᠶᠢᠨ ᠰᠢᠷᠬ᠎ᠠ ᠬᠦᠡᠭᠭᠡᠨ ᠰᠢᠷᠬ᠎ᠠ ᠶᠢᠨ ᠬᠡᠮᠵᠢᠶ᠎ᠠ ᠳᠤ ᠬᠦᠷᠦᠭᠰᠡᠨ ᠰᠢᠯᠭᠠᠨ ᠲᠤᠭᠳᠠᠭᠠᠯᠳᠠ ᠭᠠᠷᠭᠠᠵᠠᠢ᠃

    ᠶᠠᠯ᠎ᠠ ᠬᠢᠭᠰᠡᠨ ᠰᠡᠵᠢᠭᠳᠡᠨ ᠴᠤᠭᠳᠤ ᠶᠢᠨ ᠠᠵᠢᠯᠯᠠᠭ᠎ᠠ ︽ᠪᠦᠭᠦᠳᠠ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠡᠷᠡᠭᠦᠦ ᠶᠢᠨ ᠬᠠᠣᠯᠢ︾ ᠶᠢᠨ ᠬᠤᠶᠠᠷ ᠵᠠᠭᠤ ᠭᠤᠴᠢᠨ ᠬᠤᠶᠠᠳᠣᠭᠠᠷ ᠵᠦᠢᠯ ᠳᠤ ᠬᠠᠯᠳᠠᠨ ᠵᠣᠷᠢᠭᠤᠳᠠ ᠬᠦᠮᠦᠨ ᠠᠯᠠᠭᠰᠠᠨ ᠶᠠᠯ᠎ᠠ ᠳᠤ ᠰᠡᠵᠢᠭᠯᠡᠭᠳᠡᠵᠦ᠂ ᠪᠠᠷᠢᠪᠴᠢᠯᠠᠬᠤ ᠨᠦᠬᠦᠴᠠᠯ ᠳᠤ ᠬᠦᠷᠪᠠ᠃ 2017 ᠣᠨ ᠤ 1 ᠰᠠᠷ᠎ᠠ ᠶᠢᠨ 6 ᠤ ᠡᠳᠦᠷ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠴᠤᠭᠳᠤ ᠶᠢ ᠬᠠᠣᠯᠢ ᠶᠣᠰᠣᠭᠠᠷ ᠪᠠᠷᠢᠪᠴᠢᠯᠠᠬᠤ ᠶᠢ ᠵᠦᠪᠰᠢᠶᠠᠷᠡᠪᠠ᠃ ᠴᠤᠭᠳᠤ ᠶᠢᠨ ᠡᠨᠡᠬᠦ ᠦᠢᠯᠠ ᠠᠵᠢᠯᠯᠠᠭ᠎ᠠ ᠨᠢ ᠬᠠᠣᠯᠢ ᠶᠢᠨ ᠴᠢᠩᠭ᠎ᠠ ᠰᠢᠳᠬᠡᠯ ᠢ ᠣᠯᠬᠤ ᠪᠣᠯᠣᠨ᠎ᠠ᠃

                                                                  

ᠢᠷᠡᠯᠲᠡ
ᠪᠠᠭᠠᠷᠢᠨ ᠪᠠᠷᠠᠭᠤᠨ ᠬᠤᠰᠢᠭᠤᠨ ‍ᠣ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro