ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠵᠤᠳᠤᠭᠠᠨ ᠬᠢᠭᠡᠳ ᠢᠯᠠᠪᠠᠯ ᠱᠣᠷᠤᠩ ᠳᠤ ᠰᠠᠭᠤᠵᠤ᠂ ᠢᠯᠠᠭᠳᠠᠪᠠᠯ ᠡᠮᠨᠡᠯᠭᠡ   ᠳᠤ ᠰᠠᠭᠤᠨ᠎ᠠ

2019-02-21 15:00:41
ᠵᠣᠬᠢᠶᠠᠭᠴᠢ
ᠪᠤᠯᠤᠷᠮ᠎ᠠ

     ᠳᠦᠷᠦᠭᠦᠬᠡᠨ ᠵᠠᠭᠠᠯᠳᠤᠭᠳᠠᠭᠴᠢ ᠴᠡᠩᠭᠡᠯᠲᠦ ᠬᠡᠳᠦᠨ ᠨᠠᠶᠢᠵᠠ ᠲᠠᠢ ᠪᠠᠨ ᠰᠢᠷᠠᠯᠭ᠎ᠠ ᠶᠢᠨ ᠭᠠᠵᠠᠷ ᠠᠷᠢᠬᠢ ᠤᠤᠭᠤᠵᠤ ᠰᠤᠭᠲᠤᠭᠠᠳ᠂ ᠶᠦᠨ ᠤᠪᠤᠭᠲᠤ ᠪᠤᠯᠤᠨ ᠪᠠᠢ ᠤᠪᠤᠭᠲᠤ ᠲᠠᠢ ᠬᠡᠷᠡᠭᠦᠯ ᠵᠢᠭᠤᠷᠠᠯᠳᠤᠭᠠᠨ ᠪᠤᠯᠵᠥ᠂ ᠴᠡᠩᠭᠡᠯᠲᠦ ᠬᠠᠭᠠᠷᠠᠬᠠᠢ ᠰᠢᠯᠢᠨ ᠴᠤᠮᠤ ᠪᠠᠷ ᠪᠠᠢ ᠤᠪᠤᠭᠲᠤ ᠶᠢᠨ ᠵᠡᠭᠦᠨ ᠴᠢᠬᠢ  ᠶᠢ ᠵᠦᠰᠦᠨ ᠰᠢᠷᠬᠠᠲᠤᠭᠤᠯᠤᠭᠰᠠᠨ ᠬᠡᠷᠡᠭ ᠭᠠᠷᠭᠠᠭᠰᠠᠨ ᠳᠤ ᠳᠤᠲᠤᠭᠠᠳᠤ  ᠶᠢ ᠬᠠᠮᠠᠭᠠᠯᠠᠬᠤ ᠲᠤᠪᠴᠢᠶ᠎ᠠ ᠠᠴᠠ ᠡᠷᠡᠭᠦᠦ ᠶᠢᠨ ᠭᠡᠷᠡᠭ ᠢᠶᠠᠷ ᠲᠦᠷ ᠬᠤᠷᠢᠬᠤ ᠰᠢᠳᠭᠡᠯ ᠭᠠᠷᠭᠠᠵᠠᠢ᠃ ᠪᠠᠢ ᠤᠪᠤᠭᠲᠤ ᠡᠮᠨᠡᠯᠭᠡ ᠶᠢᠨ ᠬᠤᠷᠢᠶᠠᠨ ᠳᠤ ᠬᠡᠰᠡᠭ ᠬᠤᠭᠤᠴᠠᠭᠠᠨ ᠤ ᠵᠠᠰᠠᠯᠭ᠎ᠠ ᠬᠢᠪᠡ᠃ ᠬᠢᠨᠠᠨ ᠳᠤᠭᠲᠠᠭᠠᠯᠲᠠ ᠪᠠᠷ ᠪᠠᠢ ᠤᠪᠤᠭᠲᠤ ᠶᠢᠨ ᠰᠢᠷᠬᠠᠳᠤᠯ ᠤᠨ ᠬᠡᠮᠵᠢᠶ᠎ᠡ ᠨᠢ ᠬᠤᠶᠠᠳᠤᠭᠠᠷ ᠳᠡᠰ ᠤᠨ ᠬᠦᠩᠭᠡᠨ ᠰᠢᠷᠬ᠎ᠠ ᠭᠡᠳᠡᠭ ᠢ ᠲᠤᠳᠤᠯᠠᠪᠠ᠃ ᠬᠡᠷᠡᠭ ᠤᠨ ᠳᠠᠷᠠᠭ᠎ᠠ ᠴᠡᠩᠭᠡᠯᠲᠦ᠂ ᠪᠠᠢ ᠤᠪᠤᠭᠲᠤ ᠬᠤᠶᠠᠷ ᠲᠠᠯ᠎ᠠ ᠪᠠᠷ ᠢᠶᠠᠨ ᠡᠪᠰᠡᠬᠦ ᠬᠡᠯᠡᠯᠴᠡᠭᠡᠷ ᠲᠤᠭᠲᠠᠵᠤ᠂ 5 ᠲᠦᠮᠡᠨ ᠲᠦᠬᠦᠷᠢᠭ ᠤᠨ ᠠᠷᠠᠳ ᠤᠨ ᠮᠦᠩᠭᠦ ᠲᠦᠯᠦᠪᠦᠷᠢᠯᠡᠵᠦ᠂ ᠪᠠᠢ ᠤᠪᠤᠭᠲᠤ  ᠶᠢᠨ ᠠᠭᠤᠴᠢᠯᠠᠯ ᠢ ᠣᠯᠤᠭᠰᠠᠨ ᠪᠠᠶᠢᠨ᠎ᠠ᠃ ᠪᠠᠶᠢᠴᠠᠭᠠᠬᠤ ᠬᠤᠷᠢᠶ᠎ᠠ  ᠨᠢ ᠲᠤᠰ ᠭᠡᠷᠡᠭ ᠢ ᠬᠢᠨᠠᠨ ᠪᠠᠶᠢᠴᠠᠭᠠᠵᠤ᠂  ᠰᠢᠭᠦᠭᠦ ᠬᠤᠷᠢᠶᠠᠨ ᠳᠤ ᠠᠯᠪᠠᠨ ᠵᠠᠭᠠᠯᠳᠤᠯᠭ᠎ᠠ ᠬᠢᠭᠰᠡᠨ ᠪᠠᠶᠢᠨ᠎ᠠ᠃ 

     ᠵᠤᠷᠢᠭᠤᠳᠠ ᠭᠡᠮᠲᠦᠭᠡᠬᠦ ᠶᠠᠯᠠᠲᠦ ᠠᠵᠢᠯᠯᠠᠭ᠎ᠠ ᠨᠢ ᠨᠢᠭᠡ ᠵᠦᠢᠯ ᠤᠨ ᠬᠠᠭᠤᠴᠢᠨ ᠬᠡᠯᠪᠡᠷᠢ ᠶᠢᠨ  ᠶᠠᠯᠠᠲᠦ ᠠᠵᠢᠯᠯᠠᠭ᠎ᠠ ᠪᠦᠭᠡᠳ ᠬᠦᠴᠦᠷᠭᠡᠭᠯᠡᠯ ᠤᠨ ᠠᠷᠭ᠎ᠠ ᠪᠠᠷᠢᠯ ᠢᠶᠠᠷ ᠪᠣᠰᠤᠳ‌‍ᠬᠦ᠋ᠮᠦᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠦᠨᠦᠭᠡᠳᠡᠭ ᠵᠤᠬᠢᠬᠤ ᠬᠡᠮᠵᠢᠶᠡᠨ ᠤ ᠨᠡᠶᠢᠭᠡᠮ ᠤᠨ ᠬᠦᠨᠦᠭᠡᠯᠲᠦ ᠴᠢᠨᠠᠷᠲᠠᠢ ᠪᠠᠶᠢᠳᠠᠭ᠃ ᠵᠤᠷᠢᠭᠤᠳᠠ ᠭᠡᠮᠲᠦᠭᠡᠭᠰᠡ ᠬᠡᠷᠡᠭ ᠤᠨ ᠡᠭᠦᠰᠦᠯ ᠨᠢ ᠬᠡᠳᠦᠶᠢᠪᠡᠷ ᠶᠠᠯᠢᠮ ᠦᠭᠡᠢ ᠪᠠᠭ᠎ᠠ ᠪᠠᠶᠢᠳᠠᠭ ᠪᠤᠯᠪᠠᠴᠤ ᠬᠦᠨᠳᠦ ᠨᠤᠴᠢᠲᠠᠢ ᠬᠤᠤᠷ ᠬᠦᠨᠦᠭᠡᠯᠲᠦ ᠦᠷ᠎ᠡ ᠳ᠋ᠦᠩ ᠭᠠᠷᠭᠠᠳᠠᠭ ᠤᠴᠢᠷ ᠠᠴᠠ ᠠᠷᠠᠳ ᠢᠷᠭᠡᠳ ᠤᠨ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ᠂ ᠨᠡᠶᠢᠭᠡᠮ ᠤᠨ ᠡᠮᠬᠢ ᠲᠢᠭᠯᠢᠮ ᠪᠠ ᠠᠮᠦᠷ ᠲᠤᠭᠲᠠᠭᠤᠨ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠳᠠᠭ᠂ ᠢᠢᠮᠦ ᠠᠴᠠ ᠬᠠᠥᠯᠢ ᠪᠠᠷᠢᠬᠤ ᠪᠠᠶᠢᠭᠤᠯᠭ᠎ᠠ ᠠᠴᠠ ᠡᠭᠦᠷᠭᠡ ᠴᠢᠳᠠᠮᠵᠢ ᠪᠠᠨ ᠪᠠᠳᠠᠷᠠᠭᠤᠯᠵᠤ᠂ ᠢᠢᠮᠦᠷᠬᠦ ᠬᠡᠷᠡᠭ ᠢ ᠴᠢᠩᠭ᠎ᠠ ᠪᠠᠷ ᠰᠢᠢᠳᠪᠦᠷᠢᠯᠡᠨ᠂ ᠰᠠᠶᠢᠨ ᠰᠠᠶᠢᠬᠠᠨ ᠬᠠᠥᠯᠢ ᠪᠠᠷ ᠵᠠᠰᠠᠭᠰᠠᠨ ᠤᠷᠴᠢᠨ ᠢ ᠪᠤᠢ ᠪᠤᠯᠭᠠᠵᠤ᠂ ᠨᠡᠶᠢᠭᠡᠮ ᠨᠡᠶᠢᠲᠡ ᠶᠢᠨ ᠡᠷᠬᠡ ᠲᠡᠭᠰᠢ ᠲᠦᠪ ᠭᠤᠤᠯᠴᠢ ᠶᠢ ᠪᠠᠲᠤᠯᠠᠬᠤ ᠬᠡᠷᠡᠭᠲᠡᠢ᠃                                           

ᠢᠷᠡᠯᠲᠡ
ᠲᠠᠷᠬᠠᠨ ᠮᠤᠤᠮᠢᠩᠭᠠᠨ ᠬᠣᠯᠪᠤᠭᠠᠲᠦ ᠬᠤᠰᠢᠭᠤᠨ ᠤ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro