ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠢᠷᠭᠡᠨ ᠤ ᠭᠡᠷᠡᠭ ᠲᠤ ᠬᠢᠨᠠᠯᠳᠠ ᠲᠠᠯᠪᠢᠭᠤᠯᠬᠤ ᠪᠠᠷ ᠭᠤᠶᠤᠴᠢᠯᠠᠬᠤ ᠳᠤ ᠮᠡᠳᠡᠬᠦ ᠴᠢᠬᠤᠯᠠᠳᠠᠢ ᠵᠦᠢᠯ

2016-06-03 14:42:41
ᠵᠣᠬᠢᠶᠠᠭᠴᠢ

ᠨᠢᠭᠡ᠂ ᠢᠷᠭᠡᠨ ᠤ ᠭᠡᠷᠡᠭ ᠲᠤ ᠬᠢᠨᠠᠯᠳᠠ ᠲᠠᠯᠪᠢᠭᠤᠯᠬᠤ ᠪᠠᠷ ᠭᠤᠶᠤᠴᠢᠯᠠᠬᠤ ᠭᠡᠪᠴᠢᠶ᠎ᠠ


︵ᠨᠢᠭᠡ︶ ᠠᠷᠠᠳ ᠤᠨ ᠰᠢᠬᠦᠬᠦ ᠬᠤᠷᠢᠶ᠎ᠠ ᠶᠢᠨ ᠭᠠᠷᠭᠠᠭᠰᠠᠨ ᠨᠢᠭᠡᠨᠳᠡ ᠬᠦᠴᠦᠨ ᠲᠠᠢ ᠪᠤᠯᠤᠭᠰᠠᠨ ᠢᠷᠭᠡᠨ ᠤ ᠰᠢᠬᠦᠨ ᠲᠠᠰᠤᠯᠤᠯᠳᠠ᠂ ᠬᠢᠨᠠᠨ ᠲᠠᠰᠤᠯᠤᠯᠳᠠ᠂ ᠡᠶᠡᠳᠡᠬᠦᠯᠦᠯᠳᠡ ᠶᠢᠨ ᠪᠢᠴᠢᠭ ᠢ ᠬᠦᠯᠢᠶᠡᠬᠦ ᠦᠭᠡᠢ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠷᠭᠡᠨ ᠤ ᠵᠠᠷᠭᠤ ᠶᠢᠨ ᠬᠠᠤᠯᠢ︾ ᠶᠢᠨ ᠬᠤᠶᠠᠷ ᠵᠠᠭᠤ ᠪᠦᠭᠡᠳ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠤᠭᠳᠠᠭᠠᠯ ᠳᠤ ᠨᠡᠶᠢᠴᠡᠪᠡᠯ᠂ ᠠᠳᠠᠯᠢ ᠱᠠᠳᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠢᠨᠠᠯᠳᠠ ᠲᠠᠯᠪᠢᠭᠤᠯᠬᠤ ᠪᠠᠷ ᠭᠤᠶᠤᠴᠢᠯᠠᠵᠤ ᠪᠤᠯᠤᠨ᠎ᠠ᠃


︵ᠬᠤᠶᠠᠷ︶ᠠᠷᠠᠳ ᠤᠨ ᠰᠢᠬᠦᠬᠦ ᠬᠤᠷᠢᠶ᠎ᠠ ᠶᠢᠨ ᠢᠷᠭᠡᠨ ᠤ ᠭᠡᠷᠡᠭ ᠤᠨ ᠰᠢᠬᠦᠯᠳᠡ ᠶᠢᠨ ᠶᠠᠪᠤᠴᠠ ᠳᠤ ᠰᠢᠬᠦᠭᠴᠢ ᠬᠠᠤᠯᠢ ᠠᠴᠠ ᠵᠦᠷᠢᠴᠡᠭᠰᠡᠨ ᠤᠢᠢᠯᠡ ᠠᠵᠢᠯᠯᠠᠭ᠎ᠠ ᠪᠠᠶᠢᠪᠠᠯ᠂ ᠠᠳᠠᠯᠢ ᠱᠠᠳᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠬᠢᠨᠠᠯᠳᠠ ᠲᠠᠯᠪᠢᠭᠤᠯᠬᠤ ᠪᠠᠷ ᠭᠤᠶᠤᠴᠢᠯᠠᠵᠤ ᠪᠤᠯᠤᠨ᠎ᠠ᠃


︵ᠭᠤᠷᠪᠠ︶ ᠨᠡᠶᠢᠭᠡᠮ ᠨᠡᠶᠢᠳᠡ ᠶᠢᠨ ᠠᠰᠢᠭ ᠲᠤᠰᠠ ᠪᠤᠶᠤ ᠤᠯᠤᠰ ᠤᠷᠤᠨ ᠤ ᠠᠰᠢᠭ ᠲᠤᠰᠠ ᠶᠢ ᠬᠤᠬᠢᠷᠠᠭᠤᠯᠤᠭᠰᠠᠨ ᠤᠢᠢᠯᠡ ᠠᠵᠢᠯᠯᠠᠭ᠎ᠠ ᠪᠠᠶᠢᠬᠤ ᠶᠢ ᠤᠯᠵᠤ ᠮᠡᠳᠡᠪᠡᠯ᠂ ᠪᠠᠶᠢᠴᠠᠭᠠᠬᠤ ᠪᠠᠶᠢᠭᠤᠯᠭ᠎ᠠ ᠳᠤ ᠢᠯᠡᠴᠢᠯᠡᠨ ᠮᠡᠳᠡᠬᠦᠯᠵᠦ ᠪᠤᠯᠤᠨ᠎ᠠ᠃


ᠬᠤᠶᠠᠷ᠂ ᠢᠷᠭᠡᠨ ᠤ ᠭᠡᠷᠡᠭ ᠲᠤ ᠬᠢᠨᠠᠯᠳᠠ ᠲᠠᠯᠪᠢᠭᠤᠯᠬᠤ ᠪᠠᠷ ᠭᠤᠶᠤᠴᠢᠯᠠᠬᠤ ᠪᠢᠴᠢᠭ ᠮᠠᠲ᠋ᠧᠷᠢᠶᠠᠯ


︵ᠨᠢᠭᠡ︶ ᠬᠢᠨᠠᠯᠳᠠ ᠲᠠᠯᠪᠢᠭᠤᠯᠬᠤ ᠪᠠᠷ ᠭᠤᠶᠤᠴᠢᠯᠠᠬᠤ ᠪᠢᠴᠢᠭ ᠭᠤᠷᠪᠠᠨ ᠬᠤᠪᠢ ᠪᠦᠭᠡᠳ ᠪᠤᠰᠤᠳ ᠲᠤᠬᠠᠢ ᠶᠢᠨ ᠬᠦᠮᠦᠨ ᠤ ᠲᠤᠭ᠎ᠠ ᠪᠠᠷ ᠬᠢᠨᠠᠯᠳᠠ ᠲᠠᠯᠪᠢᠭᠤᠯᠬᠤ ᠪᠠᠷ ᠭᠤᠶᠤᠴᠢᠯᠠᠬᠤ ᠪᠢᠴᠢᠭ ᠤᠨ ᠬᠠᠭᠤᠯᠪᠤᠷᠢ ᠪᠢᠴᠢᠭ ᠢ ᠲᠤᠰᠢᠶᠠᠨ᠎ᠠ᠃


ᠬᠢᠨᠠᠯᠳᠠ ᠲᠠᠯᠪᠢᠭᠤᠯᠬᠤ ᠪᠠᠷ ᠭᠤᠶᠤᠴᠢᠯᠠᠬᠤ ᠪᠢᠴᠢᠭ ᠲᠤ ᠭᠤᠶᠤᠴᠢᠯᠠᠭᠴᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠲᠠᠷᠤᠬᠤ ᠪᠦᠭᠡᠳ ᠭᠤᠶᠤᠴᠢᠯᠠᠭᠴᠢ ᠵᠢᠴᠢ ᠪᠤᠰᠤᠳ ᠲᠤᠬᠠᠢ ᠶᠢᠨ ᠬᠦᠮᠦᠨ ᠤ ᠦᠨᠳᠦᠰᠦᠨ ᠪᠠᠶᠢᠳᠠᠯ᠂ ᠬᠢᠨᠠᠯᠳᠠ ᠲᠠᠯᠪᠢᠭᠤᠯᠬᠤ ᠭᠤᠶᠤᠴᠢᠯᠠᠯ ᠪᠠ ᠦᠨᠳᠦᠰᠦᠯᠡᠭᠰᠡᠨ ᠪᠤᠳᠠᠳᠤ ᠤᠴᠢᠷ ᠪᠤᠯᠤᠨ ᠰᠢᠯᠳᠠᠭᠠᠨ ᠢᠶᠠᠨ ᠪᠢᠴᠢᠨ ᠲᠤᠳᠤᠷᠬᠠᠢᠢᠯᠠᠨ᠎ᠠ᠃ ᠭᠤᠶᠤᠴᠢᠯᠠᠭᠴᠢ ᠨᠢ ᠪᠠᠶᠢᠭᠤᠯᠭ᠎ᠠ  ᠨᠢᠭᠡᠴᠢ ᠪᠤᠯ᠂ ᠪᠠᠶᠢᠭᠤᠯᠭ᠎ᠠ ᠶᠢᠨ ᠠᠯᠪᠠᠨ ᠲᠠᠮᠠᠭ᠎ᠠ ᠶᠢ ᠲᠠᠷᠤᠬᠤ ᠶᠤᠰᠤᠳᠠᠢ᠃


︵ᠬᠤᠶᠠᠷ︶ ᠠᠷᠠᠳ ᠤᠨ ᠰᠢᠬᠦᠬᠦ ᠬᠤᠷᠢᠶᠠᠨ ᠤ ᠢᠷᠭᠡᠨ ᠤ ᠭᠡᠷᠡᠭ ᠤᠨ ᠰᠢᠬᠦᠨ ᠲᠠᠰᠤᠯᠤᠯᠳᠠ ᠶᠢᠨ ᠪᠢᠴᠢᠭ᠂ ᠬᠢᠨᠠᠨ ᠲᠠᠰᠤᠯᠤᠯᠳᠠ ᠶᠢᠨ ᠪᠢᠴᠢᠭ᠂ ᠡᠶᠡᠳᠡᠬᠦᠯᠦᠯᠳᠡ ᠶᠢᠨ ᠪᠢᠴᠢᠭ᠂ ᠲᠠᠬᠢᠨ ᠰᠢᠬᠦᠬᠦ ᠭᠤᠶᠤᠴᠢᠯᠠᠯ ᠢ ᠨᠢᠴᠦᠭᠠᠭᠰᠠᠨ ᠬᠢᠨᠠᠨ ᠲᠠᠰᠤᠯᠤᠯᠳᠠ ᠶᠢᠨ ᠪᠢᠴᠢᠭ᠂ ᠲᠠᠬᠢᠨ ᠰᠢᠬᠦᠯᠳᠡ ᠶᠢᠨ ᠰᠢᠬᠦᠨ ᠲᠠᠰᠤᠯᠤᠯᠳᠠ ᠶᠢᠨ ᠪᠢᠴᠢᠭ ᠵᠢᠴᠢ ᠬᠠᠮᠢᠶ᠎ᠠ ᠪᠦᠬᠦᠢ ᠭᠡᠷᠡᠴᠢ ᠪᠠᠷᠢᠮᠳᠠ ᠬᠤᠶᠠᠷ ᠬᠤᠪᠢ᠃


︵ᠭᠤᠷᠪᠠ︶ ᠲᠤᠬᠠᠢ ᠶᠢᠨ ᠬᠦᠮᠦᠨ ᠤ ᠪᠡᠶ᠎ᠡ ᠶᠢᠨ ᠭᠠᠷᠤᠯ ᠤᠨ ᠭᠡᠷᠡᠴᠢ ᠮᠠᠲ᠋ᠧᠷᠢᠶᠠᠯ ᠵᠢᠴᠢ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ᠃


ᠭᠤᠷᠪᠠ᠂ ᠡᠰᠡᠷᠬᠦᠴᠡᠨ ᠵᠠᠭᠠᠯᠳᠤᠬᠤ ᠪᠤᠶᠤ ᠪᠠᠶᠢᠴᠠᠭᠠᠬᠤ ᠰᠠᠨᠠᠭᠤᠯᠭ᠎ᠠ ᠭᠠᠷᠭᠠᠬᠤ ᠪᠠᠷ ᠭᠤᠶᠤᠴᠢᠯᠠᠵᠤ ᠪᠤᠯᠬᠤ ᠦᠭᠡᠢ ᠪᠠᠶᠢᠳᠠᠯ


︵ᠨᠢᠭᠡ︶ ᠲᠤᠬᠠᠢ ᠶᠢᠨ ᠬᠦᠮᠦᠨ ᠠᠷᠠᠳ ᠤᠨ ᠰᠢᠬᠦᠬᠦ ᠬᠤᠷᠢᠶᠠᠨ ᠳᠤ ᠲᠠᠬᠢᠨ ᠰᠢᠬᠦᠯᠭᠡᠬᠦ ᠪᠠᠷ ᠭᠤᠶᠤᠴᠢᠯᠠᠭᠰᠠᠨ ᠦᠭᠡᠢ ᠪᠤᠶᠤ ᠲᠠᠬᠢᠨ ᠰᠢᠬᠦᠯᠭᠡᠬᠦ ᠭᠤᠶᠤᠴᠢᠯᠠᠯ ᠨᠢ ᠬᠠᠤᠯᠢ ᠳᠤ ᠲᠤᠭᠳᠠᠭᠠᠭᠰᠠᠨ ᠴᠠᠭ ᠬᠤᠭᠤᠴᠠᠭ᠎ᠠ ᠠᠴᠠ ᠭᠡᠳᠦᠷᠡᠭᠰᠡᠨ ᠪᠠᠶᠢᠬᠤ


︵ᠬᠤᠶᠠᠷ︶ ᠠᠷᠠᠳ ᠤᠨ ᠰᠢᠬᠦᠬᠦ ᠬᠤᠷᠢᠶ᠎ᠠ ᠲᠠᠬᠢᠨ ᠰᠢᠬᠦᠯᠭᠡᠬᠦ ᠭᠤᠶᠤᠴᠢᠯᠠᠯ ᠢ ᠶᠠᠭ ᠰᠠᠶ᠋ᠢᠬᠠᠨ ᠪᠠᠶᠢᠴᠠᠭᠠᠵᠤ ᠪᠠᠶᠢᠬᠤ᠂ ᠭᠡᠪᠡᠴᠦ ᠭᠤᠷᠪᠠᠨ ᠰᠠᠷ᠎ᠠ ᠭᠡᠳᠦᠷᠡᠭᠰᠡᠨ ᠪᠠᠶᠢᠬᠤ ᠳᠤ ᠲᠠᠬᠢᠨ ᠰᠢᠬᠦᠯᠭᠡᠬᠦ ᠭᠤᠶᠤᠴᠢᠯᠠᠯ ᠳᠤ ᠬᠢᠨᠠᠨ ᠲᠠᠰᠤᠯᠤᠯᠳᠠ ᠭᠠᠷᠭᠠᠭᠰᠠᠨ ᠦᠭᠡᠢ ᠪᠠᠶᠢᠬᠤ ᠠᠴᠠ ᠭᠠᠳᠠᠨ᠎ᠠ᠃


︵ᠭᠤᠷᠪᠠ︶ ᠠᠷᠠᠳ ᠤᠨ ᠰᠢᠬᠦᠬᠦ ᠬᠤᠷᠢᠶ᠎ᠠ ᠨᠢᠭᠡᠨᠳᠡ ᠲᠠᠬᠢᠨ ᠰᠢᠬᠦᠬᠦ ᠪᠠᠷ ᠬᠢᠨᠠᠨ ᠲᠠᠰᠤᠯᠤᠭᠰᠠᠨ ᠪᠦᠭᠡᠳ ᠰᠢᠬᠦᠵᠦ ᠪᠠᠷᠠᠭᠠᠳᠤᠢ ᠪᠠᠶᠢᠬᠤ᠃


︵ᠲᠦᠷᠪᠡ︶ ᠤᠷᠤᠭ ᠤᠨ ᠬᠠᠷᠢᠴᠠᠭ᠎ᠠ ᠶᠢ ᠴᠤᠴᠠᠯᠠᠬᠤ ᠪᠠᠷ ᠰᠢᠬᠦᠨ ᠲᠠᠰᠤᠯᠠᠭᠰᠠᠨ᠂ ᠡᠶᠡᠳᠡᠬᠦᠯᠦᠭᠰᠡᠨ᠂ ᠭᠡᠪᠡᠴᠦ ᠡᠳ᠋ ᠬᠦᠷᠦᠩᠭᠡ ᠬᠤᠪᠢᠶᠠᠬᠤ ᠭᠡᠰᠡᠭ ᠢ ᠬᠦᠯᠢᠶᠡᠬᠦ ᠦᠭᠡᠢ ᠠᠴᠠ ᠭᠠᠳᠠᠨ᠎ᠠ᠃


︵ᠲᠠᠪᠤ︶ ᠬᠠᠤᠯᠢ ᠳᠤ ᠲᠤᠭᠳᠠᠭᠠᠭᠰᠠᠨ ᠲᠤᠬᠠᠢ ᠶᠢᠨ ᠬᠦᠮᠦᠨ ᠪᠤᠰᠤᠳ ᠵᠠᠷᠭᠤ ᠲᠤᠷᠠᠳᠤᠵᠤ ᠪᠤᠯᠬᠤ ᠪᠤᠶᠤ ᠰᠠᠨᠠᠯ ᠲᠤᠷᠠᠳᠴᠦ ᠲᠠᠬᠢᠨ ᠶᠠᠷᠢᠯᠴᠠᠭᠤᠯᠬᠤ ᠪᠠᠷ ᠭᠤᠶᠤᠴᠢᠯᠠᠵᠤ ᠪᠤᠯᠬᠤ ᠪᠠᠶᠢᠵᠤ ᠲᠤᠬᠠᠢ ᠶᠢᠨ ᠬᠦᠮᠦᠨ ᠲᠡᠭᠡᠷᠡᠬᠢ ᠡᠷᠭᠡ ᠪᠠᠨ ᠲᠤᠭᠳᠠᠭᠠᠯ ᠶᠤᠰᠤᠭᠠᠷ ᠭᠡᠷᠡᠭᠵᠢᠬᠦᠯᠦᠭᠰᠡᠨ ᠦᠭᠡᠢ ᠪᠤᠶᠤ ᠠᠷᠠᠳ ᠤᠨ ᠰᠢᠬᠦᠬᠦ ᠬᠤᠷᠢᠶ᠎ᠠ ᠶᠠᠭ ᠰᠠᠶ᠋ᠢᠬᠠᠨ ᠰᠢᠢᠳᠪᠦᠷᠢᠯᠡᠵᠦ ᠪᠠᠶᠢᠬᠤ᠂ ᠭᠡᠪᠡᠴᠦ ᠵᠦᠢ ᠶᠤᠰᠤᠨ ᠤ ᠰᠢᠯᠳᠠᠭᠠᠨ ᠦᠭᠡᠢ ᠪᠠᠷ ᠬᠠᠤᠯᠢ ᠳᠤ ᠲᠤᠭᠳᠠᠭᠠᠭᠰᠠᠨ ᠴᠠᠭ ᠬᠤᠭᠤᠴᠠᠭ᠎ᠠ ᠭᠡᠳᠦᠷᠡᠭᠰᠡᠨ ᠪᠠᠶᠢᠳᠠᠯ᠎ᠠ ᠰᠢᠢᠳᠪᠦᠷᠢ ᠭᠠᠷᠭᠠᠭᠰᠠᠨ ᠦᠭᠡᠢ ᠠᠴᠠ ᠭᠠᠳᠠᠨ᠎ᠠ᠃


︵ᠵᠢᠷᠭᠤᠭ᠎ᠠ︶ ᠠᠷᠠᠳ ᠤᠨ ᠪᠠᠶᠢᠴᠠᠭᠠᠬᠤ ᠬᠤᠷᠢᠶ᠎ᠠ ᠨᠢᠭᠡᠨᠳᠡ ᠪᠠᠶᠢᠴᠠᠭᠠᠨ ᠲᠠᠭᠤᠰᠬᠠᠵᠤ ᠲᠤᠭᠳᠠᠭᠠᠯ ᠭᠠᠷᠭᠠᠭᠰᠠᠨ


︵ᠲᠤᠯᠤᠭ᠎ᠠ︶ ᠢᠷᠭᠡᠨ ᠤ ᠭᠡᠷᠡᠭ ᠤᠨ ᠰᠢᠬᠦᠨ ᠲᠠᠰᠤᠯᠤᠯᠳᠠ᠂ ᠬᠢᠨᠠᠨ ᠲᠠᠰᠤᠯᠤᠯᠳᠠ᠂ ᠡᠶᠡᠳᠡᠬᠦᠯᠦᠯᠳᠡ ᠶᠢᠨ ᠪᠢᠴᠢᠭ ᠢ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠡᠰᠡᠷᠬᠦᠴᠡᠨ ᠵᠠᠭᠠᠯᠳᠤᠯᠭ᠎ᠠ ᠪᠤᠶᠤ ᠲᠠᠬᠢᠨ ᠰᠢᠬᠦᠬᠦ ᠪᠠᠶᠢᠴᠠᠭᠠᠬᠤ ᠰᠠᠨᠠᠭᠤᠯᠭ᠎ᠠ ᠶᠢ ᠦᠨᠳᠦᠰᠦᠯᠡᠨ ᠲᠠᠬᠢᠨ ᠰᠢᠬᠦᠭᠰᠡᠨ ᠤ ᠲᠠᠷᠠᠭ᠎ᠠ ᠭᠠᠷᠭᠠᠭᠰᠠᠨ


︵ᠨᠠᠢᠮᠠ︶ ᠬᠦᠯᠢᠶᠡᠨ ᠠᠪᠬᠤ ᠦᠭᠡᠢ ᠪᠤᠰᠤᠳ ᠪᠠᠶᠢᠳᠠᠯ


ᠲᠦᠷᠪᠡ᠂ ᠢᠷᠭᠡᠨ ᠤ ᠭᠡᠷᠡᠭ ᠲᠤ ᠬᠢᠨᠠᠯᠳᠠ ᠲᠠᠯᠪᠢᠭᠤᠯᠬᠤ ᠭᠤᠶᠤᠴᠢᠯᠠᠯ ᠢ ᠰᠢᠢᠳᠪᠦᠷᠢᠯᠡᠬᠦ ᠠᠷᠭ᠎ᠠ ᠮᠠᠶ᠋ᠢᠭ


︵ᠨᠢᠭᠡ︶ ᠲᠠᠬᠢᠨ ᠰᠢᠬᠦᠬᠦ ᠪᠠᠶᠢᠴᠠᠭᠠᠬᠤ ᠰᠠᠨᠠᠭᠤᠯᠭ᠎ᠠ ᠲᠤᠷᠠᠳᠬᠤ


︵ᠬᠤᠶᠠᠷ︶ ᠡᠰᠡᠷᠬᠦᠴᠡᠨ ᠵᠠᠭᠠᠯᠳᠤᠭᠤᠯᠬᠤ ᠪᠠᠷ ᠲᠡᠪᠰᠢᠬᠦᠯᠬᠦ


︵ᠭᠤᠷᠪᠠ︶ ᠡᠰᠡᠷᠬᠦᠴᠡᠨ ᠵᠠᠭᠠᠯᠳᠤᠯᠭ᠎ᠠ ᠭᠠᠷᠭᠠᠬᠤ


︵ᠲᠦᠷᠪᠡ︶ ᠪᠠᠶᠢᠴᠠᠭᠠᠬᠤ ᠰᠠᠨᠠᠭᠤᠯᠭ᠎ᠠ ᠲᠤᠷᠠᠳᠬᠤ


︵ᠲᠠᠪᠤ︶ ᠪᠠᠶᠢᠴᠠᠭᠠᠵᠤ ᠲᠠᠭᠤᠰᠬᠠᠬᠤ


︵ᠵᠢᠷᠭᠤᠭ᠎ᠠ︶ ᠬᠢᠨᠠᠯᠳᠠ ᠲᠠᠯᠪᠢᠭᠤᠯᠬᠤ ᠭᠤᠶᠤᠴᠢᠯᠠᠯ ᠢ ᠲᠠᠮᠵᠢᠬᠦ ᠦᠭᠡᠢ


ᠲᠠᠪᠤ᠂ ᠬᠢᠨᠠᠯᠳᠠ ᠲᠠᠯᠪᠢᠭᠤᠯᠬᠤ ᠪᠠᠷ ᠭᠤᠶᠤᠴᠢᠯᠠᠬᠤ ᠳᠤ ᠠᠩᠬᠠᠷᠬᠤ ᠶᠤᠰᠤᠳᠠᠢ ᠵᠦᠢᠯ


︵ᠨᠢᠭᠡ︶ ᠭᠤᠶᠤᠴᠢᠯᠠᠭᠴᠢ ᠪᠠᠶᠢᠴᠠᠭᠠᠬᠤ ᠪᠠᠶᠢᠭᠤᠯᠭ᠎ᠠ ᠶᠢᠨ ᠵᠠᠷᠭᠤ ᠶᠢᠨ ᠬᠦᠳᠡᠯᠭᠡᠭᠡᠨ ᠢ ᠡᠷᠭᠡᠪᠰᠢ ᠬᠠᠮᠵᠢᠬᠤ ᠭᠡᠷᠡᠭᠳᠡᠢ᠃ ᠪᠠᠶᠢᠴᠠᠭᠠᠬᠤ ᠪᠠᠶᠢᠭᠤᠯᠭ᠎ᠠ ᠨᠢ ᠭᠤᠶᠤᠴᠢᠯᠠᠭᠴᠢ ᠶᠢ ᠲᠤᠭᠳᠠᠭᠠᠭᠰᠠᠨ ᠬᠤᠭᠤᠴᠠᠭᠠᠨ ᠳᠤ ᠭᠡᠷᠡᠴᠢᠯᠡᠬᠦ ᠪᠢᠴᠢᠭ ᠮᠠᠲ᠋ᠧᠷᠢᠶᠠᠯ ᠢᠶᠠᠨ ᠲᠤᠰᠢᠶᠠᠬᠤ ᠶᠢ ᠱᠠᠭᠠᠷᠳᠠᠵᠤ ᠪᠤᠯᠤᠨ᠎ᠠ᠃ ᠬᠤᠭᠤᠴᠠᠭ᠎ᠠ ᠭᠡᠳᠦᠷᠡᠭᠰᠡᠨ ᠪᠠᠶᠢᠳᠠᠯ᠎ᠠ ᠰᠢᠯᠳᠠᠭᠠᠨ ᠦᠭᠡᠢ ᠪᠠᠷ ᠲᠤᠰᠢᠶᠠᠬᠤ ᠦᠭᠡᠢ ᠪᠤᠯ᠂ ᠬᠢᠨᠠᠯᠳᠠ ᠲᠠᠯᠪᠢᠭᠤᠯᠬᠤ ᠭᠤᠶᠤᠴᠢᠯᠠᠯ ᠢᠶᠠᠨ ᠪᠤᠴᠠᠭᠠᠭᠰᠠᠨ ᠢᠶᠠᠷ ᠦᠵᠡᠨ᠎ᠡ᠃


︵ᠬᠤᠶᠠᠷ︶ ᠠᠷᠠᠳ ᠤᠨ ᠪᠠᠶᠢᠴᠠᠭᠠᠬᠤ ᠬᠤᠷᠢᠶ᠎ᠠ ᠲᠤᠬᠠᠢ ᠶᠢᠨ ᠬᠦᠮᠦᠨ ᠤ ᠬᠢᠨᠠᠯᠳᠠ ᠲᠠᠯᠪᠢᠭᠤᠯᠬᠤ ᠭᠤᠶᠤᠴᠢᠯᠠᠯ ᠳᠤ ᠲᠤᠭᠳᠠᠭᠠᠯ ᠭᠠᠷᠭᠠᠭᠰᠠᠨ ᠤ ᠲᠠᠷᠠᠭ᠎ᠠ᠂ ᠲᠤᠬᠠᠢ ᠶᠢᠨ ᠬᠦᠮᠦᠨ ᠲᠠᠬᠢᠨᠳᠠ ᠠᠷᠠᠳ ᠤᠨ ᠪᠠᠶᠢᠴᠠᠭᠠᠬᠤ ᠬᠤᠷᠢᠶᠠᠨ ᠳᠤ ᠪᠠᠶᠢᠴᠠᠭᠠᠬᠤ ᠰᠠᠨᠠᠭᠤᠯᠭ᠎ᠠ ᠪᠤᠶᠤ ᠡᠰᠡᠷᠭᠦᠴᠡᠨ ᠵᠠᠭᠠᠯᠳᠤᠬᠤ ᠪᠡ ᠭᠤᠶᠤᠴᠢᠯᠠᠵᠤ ᠪᠤᠯᠬᠤ ᠦᠭᠡᠢ᠃


ᠢᠷᠡᠯᠲᠡ
ᠥᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠤ ᠤᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro