ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠦᠬᠦ ᠣᠷᠣᠨ ᠤ ᠬᠣᠶᠠᠳᠤᠭᠠᠷ ᠪᠦᠯᠦᠭ ᠣᠷᠣᠨ ᠲᠤᠭᠠᠲᠤ ᠪᠠᠶᠢᠴᠠᠭᠠᠬᠤ ᠲᠤᠰᠢᠶᠠᠯᠲᠠᠨ  ᠤ ᠪᠠᠶᠢᠷᠢᠨ ᠳᠤ  342 ᠬᠦᠮᠦᠨ  ᠢ ᠡᠯᠰᠡᠬᠦ ᠪᠡᠷ ᠪᠠᠶᠢᠨ᠎ᠠ

2019-03-14 16:42:55
ᠵᠣᠬᠢᠶᠠᠭᠴᠢ
ᠪᠠᠶᠠᠰᠤᠯ

3 ᠰᠠᠷ᠎ᠠ ᠶᠢᠨ 12 ᠦ ᠡᠳᠦᠷ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠤᠶᠠᠳᠦᠭᠠᠷ ᠪᠦᠯᠦᠭ ᠣᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠢ ᠰᠢᠯᠢᠨ ᠰᠣᠡᠭᠭᠤᠬᠤ ᠺᠤᠮᠢᠰ ᠤᠨ ᠬᠤᠷᠠᠯ  ᠢ ᠬᠦᠬᠡᠬᠤᠲᠠ ᠳᠤ ᠬᠤᠷᠠᠯᠳᠤᠭᠤᠯᠪᠠ᠃ ᠰᠢᠯᠢᠨ ᠰᠤᠡᠭᠭᠤᠬᠤ ᠲᠥᠰᠦᠯ ᠳᠦ ᠲᠣᠭᠲᠠᠭᠠᠭᠰᠠᠨ1᠄1.1  ᠶᠢᠨ ᠵᠦᠷᠢᠶᠡᠲᠦ ᠲᠣᠭᠠᠨ ᠤ ᠬᠠᠷᠢᠴᠠᠯ  ᠠᠴᠠ ᠳᠣᠣᠭᠤᠷ ᠦᠯᠦ ᠪᠠᠶᠢᠯᠭᠠᠬᠤ ᠱᠠᠭᠠᠷᠳᠠᠯᠭ᠎ᠠ ᠶᠣᠰᠤᠭᠠᠷ᠂ ᠪᠦᠬᠦ ᠣᠷᠤᠨ  ᠳᠤ ᠬᠢᠨᠠᠨ ᠵᠦᠪᠯᠡᠭᠦᠯᠭᠦ ᠪᠡᠷ ᠳᠡᠪᠰᠢᠭᠦᠯᠦᠭᠰᠡᠨ ᠬᠦᠮᠦᠨ ᠤ ᠲᠣᠭ᠎ᠠ 418 ᠪᠠᠶᠢᠵᠦ᠂  ᠬᠠᠮᠤᠭ ᠡᠴᠦᠰ ᠲᠤ 342 ᠬᠦᠮᠦᠨ  ᠢ ᠡᠯᠰᠡᠬᠦ ᠪᠡᠷ ᠲᠣᠭᠲᠠᠪᠠ᠃

ᠬᠤᠷᠠᠯ ᠠᠴᠠ ᠡᠮᠦᠨ᠎ᠡ᠂ ︽ ᠰᠢᠯᠢᠨ ᠰᠤᠡᠭᠭᠤᠬᠤ ᠺᠤᠮᠢᠰ  ᠤᠨ ᠨᠢᠭᠡ ᠶᠠᠪᠤᠳᠠᠯ ᠳᠦ ᠨᠢᠭᠡ ᠳᠤᠭᠤᠶᠢᠯᠠᠩ ᠪᠠᠶᠢᠭᠤᠯᠬᠤ︾ ᠲᠤᠭᠲᠠᠭᠠᠯ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠤᠯᠤᠰ ᠲᠦᠷᠥ ᠬᠠᠤᠯᠢ ᠴᠠᠭᠠᠵᠠ ᠶᠢᠨ ᠬᠣᠷᠢᠶ᠎ᠠ ᠨᠢ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠰᠢᠯᠢᠨ ᠰᠤᠡᠭᠭᠣᠬᠤ ᠺᠣᠮᠢᠰ ᠤᠨ ᠰᠠᠯᠠᠭ᠎ᠠ ᠮᠦᠴᠢᠷ ᠦᠨ ᠤᠳᠤᠷᠢᠳᠤᠯᠭ᠎ᠠ ᠶᠢᠨ ᠲᠦᠯᠦᠭᠡᠯᠡᠭᠴᠢᠳ ᠤᠨ ᠬᠦᠮᠦᠷᠭᠡ ᠪᠠ ᠬᠠᠤᠯᠢ  ᠶᠢᠨ ᠤᠬᠠᠭᠠᠨ ᠤ ᠲᠤᠰᠬᠠᠢ ᠮᠡᠷᠭᠡᠵᠢᠯᠲᠡᠨ ᠡᠷᠳᠡᠮᠲᠡᠳ ᠦᠨ ᠬᠦᠮᠦᠷᠭᠡ  ᠡᠴᠠ11 ᠭᠡᠰᠢᠭᠦᠨ ᠢ ᠲᠠᠰᠢᠷᠠᠮ ᠢᠶᠠᠷ ᠰᠤᠭᠴᠢᠨ ᠬᠤᠷᠠᠯ ᠳᠤ ᠣᠷᠤᠯᠴᠠᠭᠤᠯᠪᠠ᠃

ᠬᠤᠷᠠᠯ ᠳᠡᠭᠡᠷ᠎ᠡ᠂11 ᠭᠡᠰᠢᠭᠦᠨ ᠡᠴᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠤᠯᠤᠰ ᠲᠦᠷᠥ ᠬᠠᠤᠯᠢ ᠴᠠᠭᠠᠵᠠ ᠶᠢᠨ ᠬᠣᠷᠢᠶᠠᠨ ᠤ ᠳᠡᠳ᠋ ᠱᠥᠵᠢ ᠡᠦ ᠭᠥᠸᠧ ᠷᠦᠢ  ᠶᠢ ᠲᠤᠰ ᠤᠳᠠᠭᠠᠨ ᠤ ᠡᠷᠬᠢᠯᠡᠭᠴᠢ ᠭᠡᠰᠢᠭᠦᠨ ᠢᠶᠡᠷ ᠰᠤᠡᠭᠭᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠯᠤᠰ ᠲᠦᠷᠥ ᠶᠢᠨ ᠬᠡᠯᠲᠡᠰ ᠦᠨ ᠡᠷᠬᠢᠯᠡᠭᠴᠢ ᠯᠢ ᠵᠢᠶᠠᠨ ᠫᠢᠩ ᠠᠴᠠ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠤᠶᠠᠳᠦᠭᠠᠷ ᠪᠦᠯᠦᠭ ᠣᠷᠤᠨ ᠲᠤᠭᠠᠲᠤ  ᠪᠠᠶᠢᠴᠠᠭᠠᠬᠤ ᠲᠤᠰᠢᠶᠠᠯᠲᠠᠨ ᠢ ᠰᠢᠯᠢᠨ ᠰᠤᠩᠭᠤᠭᠰᠠᠨ ᠠᠵᠢᠯ ᠤᠨ ᠶᠡᠷᠦᠩᠬᠡᠢ ᠪᠠᠶᠢᠳᠠᠯ ᠢ ᠬᠠᠷᠢᠭᠤ ᠮᠡᠳᠡᠭᠦᠯᠪᠡ᠃

ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠠᠵᠢᠯᠲᠠᠨ ᠠᠴᠠ︽ ᠲᠥᠪ ᠤᠨ ᠪᠠ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠲᠤᠰᠢᠶᠠᠯᠲᠠᠨ  ᠢ ᠣᠷᠤᠨ ᠲᠣᠭ᠎ᠠ  ᠳᠦ ᠰᠢᠯᠢᠨ ᠰᠤᠩᠭᠤᠬᠤ ᠠᠵᠢᠯ ᠤᠨ ᠲᠤᠬᠠᠢ ᠮᠠᠲ᠋ᠧᠷᠢᠶᠠᠯ ᠤᠨ ᠲᠣᠪᠴᠢ︾  ᠶᠢ ᠵᠠᠷᠯᠠᠨ ᠤᠩᠰᠢᠵᠤ᠂ ᠬᠡᠰᠢᠭᠦᠳ ᠠᠴᠠ ︽ ᠬᠣᠶᠠᠳᠤᠭᠠᠷ ᠪᠦᠯᠦᠭ ᠪᠠᠶᠢᠴᠠᠭᠠᠬᠤ ᠲᠤᠰᠢᠶᠠᠯᠲᠠᠨ  ᠢ ᠣᠷᠤᠨ ᠲᠣᠭ᠎ᠠ ᠳᠤ ᠡᠯᠰᠡᠬᠦ ᠠᠵᠢᠯ ᠤᠨ ᠬᠤᠷᠠᠯᠳᠤᠭᠠᠨ ᠤ ᠪᠠᠲᠤᠯᠠᠬᠤ ᠳᠦᠷᠢᠮᠯᠡᠯ︾ ᠢ ᠪᠠᠳᠤᠯᠠᠪᠠ᠃

ᠯᠢ ᠵᠢᠶᠠᠨ ᠫᠢᠩ ᠢᠯᠡᠷᠬᠡᠶᠢᠯᠡᠭᠰᠡᠨ ᠨᠢ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠡᠴᠡ ᠪᠦᠬᠦ ᠣᠷᠤᠨ ᠤ ᠪᠣᠲᠠᠲᠤ ᠪᠠᠶᠢᠳᠠᠯ ᠢ ᠦᠨᠳᠦᠰᠦᠯᠡᠨ᠂ ᠪᠦᠷᠢᠨ ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠦ ᠰᠠᠭᠤᠷᠢᠨ ᠳᠡᠭᠡᠷ᠎ᠡ᠂ ᠪᠦᠬᠦ ᠣᠷᠤᠨ ᠤ ᠭᠤᠷᠪᠠᠨ ᠱᠠᠲᠤᠨ ᠤ ᠬᠤᠶᠠᠳᠤᠭᠠᠷ ᠪᠦᠯᠦᠭ ᠣᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠢ ᠰᠢᠯᠢᠨ ᠰᠤᠡᠭᠭᠤᠬᠤ ᠠᠵᠢᠯ ᠤᠨ ᠬᠡᠷᠡᠭᠵᠢᠭᠦᠯᠬᠦ ᠲᠦᠰᠦᠯ᠂ ᠠᠵᠢᠯᠯᠠᠭᠠᠨ ᠤ ᠵᠦᠭᠯᠡᠭᠦᠷ ᠵᠢᠴᠢ ᠬᠠᠮᠢᠶ᠎ᠠ ᠪᠦᠬᠦᠢ  ᠳᠠᠭᠠᠯᠳᠤᠭᠰᠠᠨ ᠪᠢᠴᠢᠭ ᠮᠠᠲ᠋ᠧᠷᠢᠶᠠᠯ ᠢ ᠰᠣᠳᠤᠯᠤᠨ ᠲᠣᠭᠲᠠᠭᠠᠨ᠂  ᠰᠢᠯᠢᠨ ᠰᠤᠡᠭᠭᠤᠬᠤ ᠠᠵᠢᠯ ᠤᠨ ᠵᠢᠷᠦᠮ ᠪᠠ ᠠᠯᠬᠤᠮ ᠳᠠᠷᠠᠭ᠎ᠠ ᠶᠢ ᠨᠢᠭᠡᠳᠦᠯᠲᠠᠢ ᠲᠣᠭᠲᠠᠭᠠᠵᠤ᠂ ᠪᠦᠬᠦ ᠣᠷᠣᠨ ᠤ ᠭᠤᠷᠪᠠᠨ ᠱᠠᠲᠤᠨ ᠤ ᠪᠠᠶᠢᠴᠠᠭᠠᠬᠤ ᠪᠠᠶᠢᠭᠤᠯᠤᠭ᠎ᠠ ᠳᠤ ᠬᠤᠶᠠᠳᠤᠭᠠᠷ ᠪᠦᠯᠦᠭ ᠣᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠢ ᠰᠢᠯᠢᠨ ᠰᠤᠡᠭᠭᠤᠬᠤ ᠠᠵᠢᠯ  ᠢ ᠵᠡᠷᠭᠡᠪᠡᠷ ᠦᠷᠨᠢᠭᠦᠯᠦᠭᠰᠡᠨ ᠪᠠᠶᠢᠨ᠎ᠠ᠃

ᠬᠤᠷᠠᠯ ᠳᠡᠭᠡᠷ᠎ᠡ᠂ ᠬᠤᠷᠠᠯ ᠳᠦ ᠣᠷᠤᠯᠴᠠᠭᠰᠠᠨ ᠭᠡᠰᠢᠭᠦᠳ ᠡᠴᠡ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠵᠢᠴᠢ15 ᠬᠤᠪᠢᠶᠠᠷᠢ ᠬᠣᠲᠠ ᠶᠢᠨ ᠬᠣᠷᠢᠶᠠᠨ ᠤ ᠠᠵᠢᠯᠲᠠᠨ ᠠᠴᠠ ᠮᠣᠡᠭᠭᠤᠯ ᠬᠢᠲᠠᠳ ᠬᠣᠣᠰ ᠬᠡᠯᠡᠨ ᠦ ᠰᠢᠯᠭᠠᠭᠤᠯᠤᠭᠰᠠᠳ ᠤᠨ ᠲᠤᠰᠬᠠᠢ ᠬᠤᠪᠢᠶᠠᠷᠢ ᠱᠤᠭᠤᠮ᠂ ᠰᠤᠩᠭᠤᠨ ᠲᠣᠮᠢᠯᠠᠬᠤ ᠡᠯ᠎ᠡ ᠭᠣᠭᠴᠤᠭᠠᠨ ᠤ ᠪᠦᠬᠦ ᠶᠠᠪᠤᠴᠠ ᠳᠠᠬᠢ ᠢᠯᠡ ᠨᠡᠶᠢᠲᠡᠯᠡᠯ᠂ ᠬᠢᠷᠢ ᠭᠡᠮ ᠦᠨ ᠬᠢᠨᠠᠨ ᠪᠠᠶᠢᠴᠠᠭᠠᠯᠲᠠ᠂  ᠣᠷᠤᠯᠴᠠᠭᠴᠢ ᠶᠢᠨ ᠵᠦᠷᠢᠶᠡᠲᠦ ᠲᠣᠭ᠎ᠠ ᠵᠡᠷᠭᠡ ᠪᠠᠶᠢᠳᠠᠯ ᠢ ᠨᠠᠷᠢᠨ ᠲᠣᠳᠣᠷᠬᠠᠢ ᠲᠤᠯᠭᠠᠨ ᠯᠠᠪᠯᠠᠭᠰᠠᠨ ᠤ ᠬᠠᠮᠲᠤ᠂  ᠰᠤᠩᠭᠤᠨ ᠳᠡᠪᠰᠢᠭᠦᠯᠦᠭᠳᠡᠭᠴᠢ  ᠳᠤ ᠲᠤᠰᠬᠠᠢ ᠬᠢᠨᠠᠨ ᠬᠠᠷᠭᠤᠭᠤᠯᠤᠯᠲᠠ ᠬᠢᠵᠦ᠂  342   ᠢ ᠨᠢ ᠣᠷᠤᠨ ᠲᠣᠭ᠎ᠠ ᠳᠤ ᠣᠷᠤᠭᠤᠯᠬᠤ ᠪᠠᠷ ᠪᠢᠯᠧᠲ ᠦᠭᠴᠦ ᠵᠢᠱᠢᠨ ᠪᠠᠳᠤᠯᠠᠪᠠ᠃

ᠪᠠᠲᠤᠯᠠᠭᠰᠠᠨ ᠤ ᠳᠠᠷᠠᠭ᠎ᠠ᠂ ᠡᠦ ᠭᠥᠸᠧ ᠷᠦᠢ ᠢᠯᠡᠷᠬᠡᠶᠢᠯᠡᠭᠰᠡᠨ ᠨᠢ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠢ ᠣᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠢ ᠰᠢᠯᠢᠨ ᠰᠤᠡᠭᠭᠤᠬᠤ ᠠᠵᠢᠯ ᠢ ᠨᠢᠭᠡᠨᠲᠡ ᠬᠣᠶᠠᠷ ᠤᠳᠠᠭ᠎ᠠ ᠦᠷᠨᠢᠭᠦᠯᠦᠭᠰᠡᠨ ᠪᠠᠶᠢᠨ᠎ᠠ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠵᠠᠳᠠᠯᠤᠨ ᠪᠠᠶᠢᠴᠠᠭᠠᠨ ᠰᠣᠳᠤᠯᠬᠤ ᠠᠵᠢᠯ ᠢ ᠰᠠᠶᠢᠳᠤᠷ ᠦᠷᠨᠢᠭᠦᠯᠵᠦ᠂ ᠠᠰᠢᠭᠲᠠᠢ ᠲᠣᠷᠰᠢᠯᠭ᠎ᠠ ᠶᠢ ᠨᠢ ᠳ᠋ᠦᠡᠭᠨᠠᠵᠦ᠂  ᠰᠢᠯᠢᠨ ᠰᠤᠩᠭᠤᠬᠤ ᠵᠢᠷᠤᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠣᠶᠢᠰᠢᠲᠠ ᠶᠢᠨ ᠰᠢᠯᠢᠨ ᠰᠤᠩᠭᠤᠬᠤ ᠠᠵᠢᠯ ᠢ ᠨᠡᠡᠭ ᠡᠷᠬᠡ ᠲᠡᠭᠰᠢ ᠲᠥᠪ ᠭᠣᠣᠯᠴᠢ  ᠪᠡᠷ ᠥᠷᠨᠢᠭᠦᠯᠬᠦ ᠬᠡᠷᠡᠭᠲᠡᠢ ᠭᠡᠪᠡ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro