ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠦᠬᠦ ᠣᠷᠤᠨ ᠤ ᠪᠠᠶᠢᠴᠠᠭᠠᠬᠤ ᠳᠠᠷᠤᠭ᠎ᠠ ᠨᠠᠷ  ᠤᠨ ᠬᠤᠷᠠᠯᠳᠤᠭᠠᠨ ᠬᠦᠬᠡᠬᠣᠲᠡ ᠳᠤ ᠪᠣᠯᠵᠤ ᠦᠩᠭᠡᠷᠡᠪᠡ

2019-04-10 16:30:35
ᠵᠣᠬᠢᠶᠠᠭᠴᠢ
ᠦᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ

4 ᠰᠠᠷ᠎ᠠ ᠶᠢᠨ1 ᠦ ᠡᠳᠦᠷ᠂ ᠪᠦᠬᠦ ᠣᠷᠤᠨ ᠤ ᠪᠠᠶᠢᠴᠠᠭᠠᠬᠤ ᠳᠠᠷᠤᠭ᠎ᠠ ᠨᠠᠷ ᠤᠨ ᠬᠤᠷᠠᠯᠳᠤᠭᠠᠨ ᠢ ᠬᠦᠬᠡᠬᠣᠲᠠᠨ᠎ᠠ ᠬᠤᠷᠠᠯᠳᠤᠭᠤᠯᠵᠤ᠂ ᠨᠠᠮ ᠤᠨ ᠲᠥᠪ ᠬᠣᠷᠢᠶ᠎ᠠ᠂ ᠠᠷᠠᠳ ᠤᠨ ᠳᠡᠭᠡᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶᠠᠨ ᠤ ᠬᠦᠨᠲᠦ ᠴᠢᠬᠤᠯᠠ ᠰᠢᠢᠳᠪᠦᠷᠢᠲᠤ ᠪᠣᠳᠤᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠩᠭᠡᠷᠡᠭᠰᠡᠨ ᠨᠢᠭᠡ ᠵᠢᠯ ᠦᠨ ᠪᠦᠬᠦ ᠣᠷᠣᠨ ᠤ ᠪᠠᠶᠢᠴᠠᠭᠠᠬᠤ ᠠᠵᠢᠯ ᠢ ᠳ᠋ᠦᠡᠭᠨᠠᠵᠦ᠂ ᠥᠨᠥ ᠵᠢᠯ ᠦᠨ ᠭᠣᠣᠯᠳᠠᠯᠭᠠᠲᠦ ᠠᠵᠢᠯ ᠤᠨ ᠡᠭᠦᠷᠭᠡ ᠶᠢ ᠲᠣᠬᠢᠷᠠᠭᠤᠯᠪᠠ᠃

ᠥᠪᠡᠷᠲᠡᠭᠡᠨ ᠵᠠᠰᠠᠬᠤ ᠣᠷᠣᠨ ᠤ  ᠪᠠᠶᠢᠴᠠᠭᠠᠬᠤ  ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠡᠭ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠶᠠᠷᠢᠶ᠎ᠠ ᠬᠢᠵᠦ᠂ ᠨᠠᠮ ᠤᠨ ᠤᠳᠦᠷᠢᠳᠬᠤ ᠳᠤᠭᠤᠶᠢᠯᠠᠡᠭ ᠤᠨ ᠳᠡᠳ᠋ ᠱᠦᠵᠢ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠣᠣ ᠸᠧᠨ ᠬᠤᠷᠠᠯ ᠡᠷᠬᠢᠯᠡᠪᠡ᠃

2018 ᠣᠨ ᠳᠦ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠨᠠᠮ ᠤᠨ ᠲᠥᠪ ᠬᠣᠷᠢᠶᠠᠨ ᠤ ᠰᠢᠨ᠎ᠡ ᠱᠠᠭᠠᠷᠳᠠᠯᠭ᠎ᠠ᠂ ᠠᠷᠠᠳ ᠲᠦᠮᠡᠨ ᠤ ᠰᠢᠨ᠎ᠡ ᠬᠦᠰᠡᠯ ᠨᠠᠶᠢᠳᠠᠯᠭ᠎ᠠ ᠳᠤ ᠨᠡᠶᠢᠴᠡᠭᠦᠯᠵᠦ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠦᠨ ᠦᠭᠡᠷᠡᠴᠢᠯᠡᠯᠲᠡ ᠶᠢᠨ ᠰᠢᠨ᠎ᠡ ᠲᠣᠬᠢᠶᠠᠯ ᠢ ᠣᠭᠲᠤᠨ᠂ ᠨᠡᠶᠢᠭᠡᠮ ᠦᠨ ᠵᠦᠷᠢᠴᠡᠯ ᠦᠨ ᠰᠢᠨ᠎ᠡ ᠦᠷᠢᠰᠦᠯᠳᠦᠭᠡᠨ ᠳᠤ ᠨᠢᠭᠤᠷᠯᠠᠨ᠂ ᠣᠳᠤᠷᠢᠳᠬᠤ ᠪᠠᠭ ᠢᠶᠠᠨ ᠠᠳᠬᠤᠨ ᠡᠩᠨᠡᠭᠡ ᠪᠡᠨ ᠳᠠᠶᠢᠴᠢᠯᠠᠵᠤ᠂ ᠨᠠᠮ ᠤᠨ ᠪᠠᠶᠢᠭᠤᠯᠤᠯᠲᠠ ᠶᠢ ᠠᠳᠬᠤᠨ ᠠᠵᠢᠯ ᠲᠦᠷᠦᠯ ᠢᠶᠡᠨ ᠠᠬᠢᠭᠤᠯᠵᠤ᠂ ᠭᠣᠤᠯ ᠠᠵᠢᠯ ᠢᠶᠠᠨ ᠠᠳᠬᠤᠨ ᠲᠤᠲᠠᠭᠤᠳᠠᠯ ᠢᠶᠠᠨ ᠨᠦᠬᠦᠪᠦᠷᠢᠯᠡᠵᠦ᠂ ᠰᠤᠷᠲᠠᠯ ᠢᠶᠠᠨ ᠴᠢᠡᠭᠭᠠᠳᠬᠠᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠡᠯ᠎ᠡ ᠲᠠᠯ᠎ᠠ ᠶᠢᠨ ᠠᠵᠢᠯ ᠰᠢᠨ᠎ᠡ ᠬᠦᠭᠵᠢᠯᠲᠡ ᠲᠠᠪᠰᠢᠯᠲᠠ ᠲᠠᠢ ᠪᠣᠯᠵᠡᠢ᠃

ᠯᠢ ᠴᠢ ᠯᠢᠨ ᠵᠢᠭᠠᠭᠰᠠᠨ ᠨᠢ᠂ 2019 ᠣᠨ ᠳᠤ᠂ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠰᠢ ᠵᠢᠨ ᠫᠢᠩ ᠦᠨ ᠰᠢᠨ᠎ᠡ ᠴᠠᠭ ᠥᠶ᠎ᠡ ᠶᠢᠨ ᠳᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠣᠯᠭᠠᠬᠤ ᠶᠢ ᠪᠠᠷᠢᠮᠲᠠᠯᠠᠵᠤ᠂ ᠰᠢ ᠵᠢᠨ ᠫᠢᠡᠭ ᠶᠡᠷᠦᠡᠭᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠪᠠᠶᠢᠴᠠᠭᠠᠬᠤ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠡᠷ ᠲᠥᠪ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠤᠯᠤᠰ ᠲᠦᠷᠦ ᠶᠢ ᠡᠷᠬᠢᠮᠯᠡᠨ᠂ ᠪᠦᠬᠦ ᠲᠠᠯ᠎ᠠ ᠶᠢ ᠬᠠᠷᠠᠭᠠᠯᠵᠠᠵᠤ᠂ ᠬᠦᠭᠵᠢᠯᠲᠡ ᠶᠢ ᠰᠥᠪᠡᠭᠴᠢᠯᠡᠨ᠂ ᠦᠪᠡᠷ ᠢ ᠪᠡᠨ ᠴᠢᠩᠭᠠᠳᠬᠠᠬᠤ ︾ ᠶᠢ ᠪᠠᠷᠢᠮᠲᠠᠯᠠᠨ᠂ ︽ᠳᠦᠷᠪᠡᠨ ᠡᠷᠭᠡᠪᠰᠢ︾᠂ ︽ᠲᠤᠯᠤᠭᠠᠨ ᠲᠦᠪᠯᠡᠷᠡᠯ︾᠂ ︽ᠲᠠᠪᠤᠨ ᠨᠠᠶᠢᠳᠠᠪᠤᠷᠵᠢᠭᠤᠯᠤᠯᠲᠠ︾ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠣᠭᠲᠠᠭᠤᠨ ᠤᠷᠤᠭᠰᠢᠯᠠᠬᠤ ᠨᠠᠶᠢᠳᠠᠪᠤᠷᠢᠵᠢᠭᠤᠯᠬᠤ ᠳᠡᠭᠡᠭᠰᠢᠯᠡᠭᠦᠯᠬᠦ ᠪᠡᠷ ᠠᠵᠢᠯ ᠤᠨ ᠶᠡᠷᠦᠡᠭᠬᠡᠢ ᠬᠥᠭ ᠠᠶᠠᠰ ᠪᠤᠯᠭᠠᠨ᠂ ᠤᠯᠤᠰ ᠲᠦᠷᠦ ᠶᠢ ᠡᠷᠬᠢᠮᠯᠡᠨ᠂ ᠬᠠᠤᠯᠢ ᠪᠠᠷ ᠵᠠᠰᠠᠬᠤ ᠶᠢ ᠡᠷᠬᠢᠮᠯᠡᠨ᠂ ᠡᠭᠦᠷᠭᠡᠯᠡᠬᠦᠢ ᠶᠢ ᠡᠷᠬᠢᠮᠯᠡᠵᠦ᠂ ᠬᠡᠷᠡᠭ ᠰᠢᠳᠭᠡᠬᠦ ᠶᠢ ᠠᠳᠬᠤᠬᠤ᠂ ᠥᠭᠡᠷᠡᠴᠢᠯᠡᠯᠲᠡ ᠶᠢ ᠠᠳᠬᠤᠬᠤ᠂ ᠬᠠᠮᠢᠶᠠᠷᠤᠯᠲᠠ ᠶᠢ ᠠᠳᠬᠤᠬᠤ᠂ ᠰᠤᠷᠲᠠᠯ ᠢ ᠠᠳᠬᠤᠬᠤ᠂ ᠦᠨᠳᠦᠰᠦᠨ ᠱᠠᠲᠤ ᠶᠢ ᠠᠳᠬᠤᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠪᠦᠬᠦ ᠲᠠᠯ᠎ᠠ ᠪᠠᠷ ᠵᠣᠬᠢᠴᠠᠩᠭᠤᠢ ᠭᠦᠢᠴᠡᠳ ᠬᠦᠭᠵᠢᠬᠦ ᠶᠢ ᠲᠦᠯᠬᠢᠨ ᠠᠬᠢᠭᠤᠯᠵᠤ᠂ ᠠᠮᠤᠷ ᠲᠠᠶᠢᠪᠤᠡᠭ ᠬᠠᠤᠯᠢ ᠪᠠᠷ ᠵᠠᠰᠠᠭᠰᠠᠨ ᠦᠵᠡᠰᠭᠦᠯᠡᠩᠲᠦ ᠰᠠᠶᠢᠬᠠᠨ ᠥᠪᠦᠷ ᠮᠣᠡᠭᠭᠤᠯ ᠳᠤ ᠨᠡᠡᠭ ᠥᠨᠳᠦᠷ ᠬᠢᠷᠢ ᠲᠦᠪᠰᠢᠨ ᠪᠦᠬᠦᠢ ᠬᠠᠤᠯᠢ ᠪᠠᠷ ᠵᠠᠰᠠᠬᠤ ᠥᠢᠯᠡᠴᠢᠯᠡᠭᠡ  ᠬᠠᠡᠭᠭᠠᠵᠤ᠂ ᠪᠣᠳᠠᠲᠤ ᠠᠵᠢᠯ ᠤᠨ ᠥᠷ᠎ᠡ ᠪᠦᠲᠦᠮᠵᠢ ᠪᠡᠷ ᠢᠶᠡᠨ ᠪᠦᠭᠦᠲᠡ ᠨᠠᠶᠢᠷᠠᠮᠳᠠᠬᠤ ᠳᠤᠮᠳᠠᠳᠦ ᠠᠷᠠᠳ ᠤᠯᠤᠰ ᠪᠠᠶᠢᠭᠤᠯᠤᠭᠳᠠᠭᠰᠠᠨ 70 ᠤᠨ ᠣᠢ ᠶᠢ ᠪᠡᠯᠡᠭᠯᠡᠬᠦ ᠬᠡᠷᠡᠭᠲᠡᠢ ᠭᠡᠪᠡ᠃

ᠯᠢ ᠴᠢ ᠯᠢᠨ ᠢᠯᠡᠷᠬᠡᠶᠢᠯᠡᠭᠰᠡᠨ ᠨᠢ᠂ ᠥᠨᠥ ᠵᠢᠯ ᠦᠨ ᠪᠦᠬᠦ ᠣᠷᠤᠨ ᠤ ᠪᠠᠶᠢᠴᠠᠭᠠᠬᠤ ᠠᠵᠢᠯ ᠢ ᠰᠠᠶᠢᠲᠤᠷ ᠬᠢᠬᠦ ᠳᠦ᠂ ᠲᠠᠪᠤᠨ ᠲᠠᠯ᠎ᠠ ᠶᠢᠨ ᠠᠵᠢᠯ  ᠢ ᠴᠢᠬᠤᠯᠠᠴᠢᠯᠠᠨ ᠠᠳᠬᠤᠬᠤ ᠬᠡᠷᠡᠭᠲᠡᠢ ᠭᠡᠪᠡ᠃

ᠨᠢᠭᠡ᠂ ᠬᠡᠷᠡᠭ ᠰᠢᠳᠭᠡᠬᠦ ᠶᠢ ᠠᠳᠬᠤᠨ᠎ᠠ᠃ ᠳᠣᠲᠤᠭᠠᠲᠤ ᠪᠠᠶᠢᠭᠤᠯᠤᠮᠵᠢ ᠶᠢᠨ ᠳᠠᠬᠢᠨ ᠴᠣᠭᠴᠠᠯᠠᠬᠤ ᠴᠢᠨᠠᠷᠲᠠᠢ ᠥᠭᠡᠷᠡᠴᠢᠯᠡᠯᠲᠡ ᠪᠡᠷ ᠳᠠᠮᠵᠢᠨ᠂ ᠡᠷᠡᠭᠦᠦ ᠶᠢᠨ ᠬᠡᠷᠡᠭ ᠪᠠᠶᠢᠴᠠᠭᠠᠬᠤ᠂ ᠢᠷᠭᠡᠨ ᠦ ᠬᠡᠷᠡᠭ ᠪᠠᠶᠢᠴᠠᠭᠠᠬᠤ᠂ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ᠂ ᠨᠡᠶᠢᠲᠡ ᠶᠢᠨ ᠠᠰᠢᠭᠲᠤ ᠵᠠᠷᠭᠤ ︽ ᠲᠦᠷᠪᠡᠨ ᠶᠡᠬᠡ ᠪᠠᠶᠢᠴᠠᠭᠠᠬᠤ︾ ᠶᠢ ᠵᠡᠷᠭᠡ ᠳ᠋ᠤᠨᠢ ᠠᠳᠬᠤᠬᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠡᠷᠦᠡᠭᠬᠡᠢ ᠪᠠᠶᠢᠷᠢᠯᠠᠭᠤᠯᠤᠯ ᠶᠢ ᠪᠡᠶᠡᠯᠡᠭᠦᠯᠦᠨ᠂ ᠤᠯᠠᠮᠵᠢᠯᠠᠯᠲᠤ ᠠᠵᠢᠯ ᠢᠶᠠᠨ ᠰᠢᠯᠢᠳᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠡᠭᠦᠷᠭᠡ ᠴᠢᠳᠠᠪᠬᠢ  ᠪᠠᠨ ᠰᠠᠶᠢᠲᠤᠷ ᠪᠡᠶᠡᠯᠡᠭᠦᠯᠵᠦ᠂ ᠲᠤᠲᠠᠭᠤᠳᠠᠯ ᠢᠶᠠᠨ ᠨᠦᠬᠦᠪᠦᠷᠢᠯᠡᠬᠦ ᠬᠡᠷᠡᠭᠲᠡᠢ᠃ ᠡᠷᠡᠭᠦᠦ ᠶᠢᠨ ᠬᠡᠷᠡᠭ ᠪᠠᠶᠢᠴᠠᠭᠠᠬᠤ ᠠᠵᠢᠯ ᠢ ︽ᠨᠡᠡᠭ ᠰᠠᠶᠢᠨ ᠬᠢᠬᠦ︾ ᠬᠡᠷᠡᠭᠲᠡᠢ᠃ ᠪᠠᠷᠢᠪᠴᠢᠯᠠᠬᠤ  ᠪᠠ ᠵᠠᠭᠠᠯᠳᠤᠬᠤ ᠶᠢ ᠨᠢᠭᠡ ᠴᠣᠭᠴᠠᠵᠢᠭᠤᠯᠬᠤ ᠶᠢ ᠴᠢᠡᠭᠭᠠᠳᠬᠠᠵᠤ᠂ ᠪᠠᠷᠢᠪᠴᠢᠯᠠᠬᠤ ᠶᠢ ᠵᠦᠪᠰᠢᠶᠡᠷᠡᠬᠦ ᠪᠠ ᠠᠯᠪᠠᠨ ᠵᠠᠭᠠᠯᠳᠤᠯᠭ᠎ᠠ ᠭᠠᠷᠭᠠᠬᠤ ᠬᠡᠷᠡᠭ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠪᠤᠷᠢ ᠣᠷᠤᠭᠤᠯᠤᠭᠰᠠᠨ ᠤ ᠳᠠᠷᠠᠭᠠᠬᠢ ᠡᠷᠡᠭᠦᠦ ᠶᠢᠨ ᠵᠠᠷᠭᠤ ᠶᠢᠨ ᠬᠠᠤᠯᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠯ᠎ᠠ ᠡᠷᠡᠭᠦᠦ ᠪᠡᠨ ᠮᠡᠳᠡᠷᠡᠭᠰᠡᠨ ᠬᠡᠷᠡᠭ ᠢ ᠰᠠᠶᠢᠲᠤᠷ ᠰᠢᠢᠳᠪᠦᠷᠢᠯᠡᠨ᠎ᠡ᠃ ᠬᠢᠨᠠᠨ ᠪᠠᠶᠢᠴᠠᠭᠠᠬᠤ ᠪᠠ ᠪᠠᠶᠢᠴᠠᠭᠠᠬᠤ ᠶᠢ ᠤᠶᠠᠯᠳᠤᠭᠤᠯᠤᠨ ᠵᠣᠯᠭᠠᠭᠤᠯᠬᠤ ᠪᠠ ᠬᠢᠨᠠᠯᠲᠠ ᠲᠠᠯᠪᠢᠨ ᠨᠦᠭᠦᠴᠡᠯᠳᠦᠬᠦ ᠶᠢ ᠴᠢᠩᠭᠠᠷᠠᠭᠤᠯᠵᠤ᠂ ᠬᠢᠨᠠᠨ ᠪᠠᠶᠢᠴᠠᠭᠠᠬᠤ ᠵᠦᠪᠯᠡᠯ ᠤᠨ ᠰᠢᠯᠵᠢᠭᠦᠯᠦᠨ ᠢᠷᠡᠭᠦᠯᠦᠭᠰᠡᠨ ᠬᠡᠷᠡᠭ ᠢ ᠰᠠᠶᠢᠲᠤᠷ ᠰᠢᠢᠳᠪᠦᠷᠢᠯᠡᠨ᠎ᠡ᠃ ᠡᠷᠡᠭᠦᠦ ᠶᠢᠨ ᠬᠡᠷᠡᠭ ᠦᠨ ᠭᠦᠢᠴᠡᠳᠭᠡᠯᠲᠡ ᠳ᠋ᠡᠬᠢ ᠪᠠᠶᠢᠴᠠᠭᠠᠬᠤ ᠠᠵᠢᠯ  ᠢᠶᠠᠨ ᠦᠷᠭᠦᠯᠵᠢᠯᠡᠨ ᠰᠢᠯᠢᠳᠡᠭᠵᠢᠭᠦᠯᠦᠨ᠎ᠡ᠃ ᠨᠠᠰᠤᠨ ᠳᠤ ᠦᠯᠦ ᠬᠦᠷᠦᠭᠰᠡᠳ ᠦᠨ ᠬᠡᠷᠡᠭ ᠢ ᠪᠠᠶᠢᠴᠠᠭᠠᠬᠤ ᠠᠵᠢᠯ ᠢ ᠨᠡᠡᠭ ᠴᠢᠬᠤᠯᠠᠴᠢᠯᠠᠨ ᠭᠦᠢᠴᠡᠳᠭᠡᠨ᠎ᠡ᠃ ᠢᠷᠭᠡᠨ ᠦ ᠬᠡᠷᠡᠭ ᠪᠠᠶᠢᠴᠠᠭᠠᠬᠤ ᠠᠵᠢᠯ ᠢ ︽ ᠨᠡᠡᠭ ᠭᠦᠨᠵᠡᠭᠡᠶᠢᠷᠡᠭᠦᠯᠬᠦ︾ ᠬᠡᠷᠡᠭᠲᠡᠢ᠃ ᠪᠢᠳᠡ ᠡᠷᠬᠡᠪᠰᠢ ᠢᠷᠭᠡᠨ ᠦ ᠬᠡᠷᠡᠭ ᠪᠠᠶᠢᠴᠠᠭᠠᠬᠤ ᠬᠢᠨᠠᠯᠲᠠ ᠲᠠᠯᠪᠢᠬᠤ ᠣᠨᠤᠪᠴᠢ ᠶᠢᠨ ᠬᠡᠮᠵᠢᠶ᠎ᠡ ᠪᠠ ᠡᠷᠬᠡ ᠰᠦᠷᠲᠦ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦᠯᠡᠵᠦ᠂ ︽ ᠭᠦᠨᠵᠡᠭᠡᠶᠢᠷᠡᠭᠦᠯᠬᠦ︾  ᠳᠡᠭᠡᠷ᠎ᠡ ᠰᠠᠨᠠᠭ᠎ᠠ ᠲᠠᠯᠪᠢᠬᠤ ᠬᠡᠷᠡᠭᠲᠡᠢ᠃ ᠬᠦᠴᠦᠨ ᠲᠠᠢ ᠪᠤᠯᠤᠭᠰᠠᠨ ᠬᠢᠨᠠᠨ ᠲᠠᠰᠤᠯᠤᠯᠲᠠ ᠳᠤ ᠬᠢᠨᠠᠯᠲᠠ ᠲᠠᠯᠪᠢᠬᠤ ᠶᠢ ᠦᠨᠳᠦᠰᠦᠨ ᠴᠢᠨᠠᠷᠲᠠᠢ ᠪᠦᠲᠦᠭᠡᠭᠳᠡᠭᠦᠨ ᠪᠠ ᠴᠢᠬᠤᠯᠠ ᠠᠴᠠ ᠴᠢᠬᠤᠯᠠ ᠵᠦᠢᠯ ᠪᠣᠯᠭᠠᠨ ᠪᠣᠲᠠᠲᠠᠶᠢᠵᠢᠭᠤᠯᠵᠤ᠂ ᠢᠷᠭᠡᠨ ᠦ ᠬᠡᠷᠡᠭ ᠦᠨ ᠰᠢᠭᠦᠨ ᠲᠠᠰᠤᠯᠤᠯᠲᠠ ᠶᠢᠨ ᠭᠦᠨ ᠳᠠᠪᠬᠤᠷᠭ᠎ᠠ  ᠳ᠋ᠡᠬᠢ ᠬᠠᠤᠯᠢ ᠠᠴᠠ ᠵᠥᠷᠢᠴᠡᠬᠦ ᠠᠰᠠᠭᠤᠳᠠᠯ ᠢ ᠭᠦᠨᠵᠡᠭᠡᠢ ᠵᠠᠳᠠᠯᠤᠨ ᠰᠣᠳᠤᠯᠤᠨ᠎ᠠ᠃  ᠲᠦᠰᠦᠭᠡᠲᠡᠢ ᠬᠡᠷᠡᠭ  ᠲᠤ ᠬᠢᠨᠠᠯᠲᠠ ᠲᠠᠯᠪᠢᠬᠤ ᠶᠢ ᠢᠷᠭᠡᠨ ᠦ ᠬᠡᠷᠡᠭ ᠲᠤ ᠬᠢᠨᠠᠯᠲᠠ ᠲᠠᠯᠪᠢᠬᠤ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠨᠡᠶᠢᠲᠡᠯᠢᠭ ᠴᠢᠨᠠᠷᠲᠠᠢ ᠪᠠ ᠨᠡᠶᠢᠭᠡᠮ ᠳᠦ ᠨᠥᠯᠦᠭᠡᠲᠠᠢ ᠬᠡᠷᠡᠭ  ᠢ ᠴᠢᠳᠠᠮᠠᠭᠠᠢ ᠪᠠᠷ ᠰᠢᠯᠢᠵᠦ ᠰᠣᠳᠤᠯᠤᠯᠲᠠ ᠪᠠᠨ ᠴᠢᠩᠭᠠᠳᠬᠠᠨ᠂ ᠪᠠᠷᠢᠮᠵᠢᠶ᠎ᠠ  ᠪᠡᠨ ᠨᠢᠭᠡᠳᠭᠡᠵᠦ᠂ ᠬᠠᠤᠯᠢ ᠪᠠᠷᠢᠬᠤ ᠣᠶᠢᠯᠠᠭᠠᠭᠳᠠᠬᠤᠨ ᠢ  ᠬᠤᠪᠢᠷᠠᠭᠤᠯᠬᠤ ᠶᠢ ᠠᠬᠢᠭᠤᠯᠤᠨ᠎ᠠ᠃ ᠣᠯᠠᠨ ᠵᠦᠢᠯ ᠦᠨ ᠠᠷᠭ᠎ᠠ ᠪᠠᠷᠢᠯ ᠢᠶᠠᠷ ᠢᠷᠭᠡᠨ ᠦ ᠬᠡᠷᠡᠭ ᠤᠨ ᠭᠦᠢᠴᠡᠳᠭᠡᠯᠲᠡ ᠳᠦ ᠬᠢᠨᠠᠯᠲᠠ ᠲᠠᠯᠪᠢᠬᠤ ᠪᠡᠨ ᠴᠢᠩᠭᠠᠷᠠᠭᠤᠯᠤᠨ᠂ ᠪᠦᠬᠦ ᠣᠷᠤᠨ ᠤ ᠬᠡᠪᠴᠢᠶᠡᠨ ᠳᠦ ᠭᠦᠢᠴᠡᠳᠭᠡᠯᠲᠡ ᠳᠦ ᠬᠢᠨᠠᠯᠲᠠ ᠲᠠᠯᠪᠢᠬᠤ ᠤᠬᠠᠭᠤᠯᠤᠭ᠎ᠠ ᠶᠢᠨ ᠬᠦᠳᠡᠯᠭᠡᠭᠡᠨ ᠢ ᠲᠦᠪᠯᠡᠷᠡᠭᠦᠯᠦᠨ ᠥᠷᠨᠢᠭᠦᠯᠦᠨ᠎ᠡ᠃ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠠᠵᠢᠯ ᠢ ︽ᠨᠡᠡᠭ ᠣᠨᠤᠴᠢᠲᠠᠢ︾ ᠬᠢᠬᠦ ᠬᠡᠷᠡᠭᠲᠡᠢ᠃ ᠠᠷᠠᠳ ᠤᠨ ᠰᠢᠭᠦᠬᠦ ᠬᠣᠷᠢᠶ᠎ᠠ ᠪᠠ ᠵᠠᠰᠠᠭ ᠵᠠᠬᠢᠷᠭᠠᠨ ᠤ ᠪᠠᠶᠢᠭᠤᠯᠭ᠎ᠠ ᠲᠠᠢ  ᠬᠠᠷᠢᠯᠴᠠᠵᠤ ᠨᠡᠪᠲᠡᠷᠡᠯᠴᠡᠬᠦ ᠪᠡᠨ ᠴᠢᠩᠭᠠᠳᠬᠠᠨ᠂ ᠤᠯᠤᠰ ᠲᠦᠷᠦ ᠶᠢᠨ ᠤᠶᠤᠨ ᠤᠬᠠᠭᠠᠨ᠂ ᠬᠠᠤᠯᠢ ᠴᠠᠭᠠᠵᠠ ᠶᠢᠨ ᠣᠶᠤᠨ ᠤᠬᠠᠭᠠᠨ᠂ ᠬᠢᠨᠠᠯᠲᠠ ᠲᠠᠯᠪᠢᠬᠤ ᠣᠶᠤᠨ ᠤᠬᠠᠭᠠᠨ ᠢ ᠭᠦᠢᠴᠡᠳ ᠠᠰᠢᠭᠯᠠᠵᠤ᠂ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠤᠭᠠᠷ ᠭᠦᠢᠴᠡᠳᠭᠡᠵᠦ᠂ ᠬᠠᠮᠲᠤᠪᠡᠷ ᠠᠰᠢᠭ ᠬᠦᠷᠲᠡᠬᠦ ᠪᠡᠷ ᠲᠡᠮᠡᠴᠡᠨ᠎ᠡ᠃ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ︽ᠨᠡᠡᠭ ᠪᠤᠳᠠᠲᠠᠢ︾ ᠬᠢᠬᠦ ᠬᠡᠷᠡᠭᠲᠡᠢ᠃ ︽ᠪᠠᠶᠢᠴᠠᠭᠠᠬᠤ ᠲᠤᠰᠢᠶᠠᠯᠲᠠᠨ ᠪᠤᠯ ᠨᠡᠶᠢᠲᠡ ᠶᠢᠨ ᠠᠰᠢᠭ ᠲᠤᠰᠠ ᠶᠢᠨ ᠲᠦᠯᠦᠭᠡᠯᠡᠭᠴᠢ︾ ᠪᠣᠯᠬᠤ ᠬᠠᠷᠢᠭᠤᠴᠠᠯᠭ᠎ᠠ ᠪᠡᠨ ᠦᠨᠡᠨ ᠬᠦ ᠡᠭᠦᠷᠭᠡᠯᠡᠵᠦ᠂ ᠨᠡᠶᠢᠲᠠ ᠶᠢᠨ ᠠᠰᠢᠭᠲᠤ ᠵᠠᠷᠭᠤ ᠪᠠᠷ ᠠᠳᠬᠤᠴᠠ ᠪᠣᠯᠭᠠᠨ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ ᠪᠠᠶᠢᠴᠠᠭᠠᠬᠤ ᠪᠠᠶᠢᠭᠤᠯᠭ᠎ᠠ ᠶᠢᠨ ᠶᠡᠬᠡ ᠲᠠᠯ᠎ᠠ ᠳᠤ ᠦᠢᠯᠡᠴᠢᠯᠡᠬᠦ ᠬᠦᠴᠦᠯᠡᠬᠦ ᠴᠢᠭ  ᠪᠣᠯᠭᠠᠨ᠂ ᠬᠠᠤᠯᠢ ᠴᠠᠭᠠᠵᠠ  ᠪᠠᠷ ᠡᠬᠡ ᠤᠯᠤᠰ ᠤᠨ ᠤᠮᠠᠷᠠᠲᠤ  ᠬᠢᠯᠢ ᠶᠢᠨ ᠠᠮᠢ ᠠᠬᠤᠢ  ᠶᠢᠨ ᠬᠠᠯᠬᠠᠪᠴᠢ ᠶᠢ ᠰᠠᠬᠢᠨ ᠬᠠᠮᠠᠭᠠᠯᠠᠨ᠎ᠠ᠃ ᠬᠡᠷᠡᠭ ᠡᠭᠦᠰᠬᠦ ᠵᠢᠮ᠎ᠡ ᠶᠣᠰᠤ ᠶᠢ ᠣᠨᠤᠪᠴᠢᠲᠠᠢ ᠡᠵᠡᠮᠳᠡᠵᠦ᠂ ᠪᠠᠶᠢᠴᠠᠭᠠᠬᠤ ᠶᠢᠨ ᠨᠡᠶᠢᠲᠠ ᠶᠢᠨ ᠠᠰᠢᠭᠲᠤ ᠵᠠᠷᠭᠤ ᠶᠢᠨ ᠠᠵᠢᠯ  ᠤᠨ ᠨᠡᠡᠭ  ᠪᠣᠲᠠᠲᠠᠢ᠂ ᠨᠡᠡᠭ  ᠪᠦᠲᠦᠮᠵᠢᠲᠡᠢ ᠬᠦᠭᠵᠢᠬᠦ ᠶᠢ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂᠌᠌ ︽ ᠭᠤᠷᠪᠠᠨ ᠶᠡᠬᠡ  ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠣᠯᠬᠤ ᠳᠤ ᠬᠦᠴᠦ ᠨᠡᠮᠡᠷᠢᠯᠡᠨ᠂ ᠣᠯᠠᠨ ᠲᠦᠮᠡᠨ ᠲᠠᠢ ᠬᠣᠯᠪᠤᠭᠳᠠᠭᠰᠠᠨ ᠶᠠᠯᠠᠲᠤ ᠬᠡᠷᠡᠭ ᠲᠦ ᠬᠦᠨᠲᠦ ᠴᠣᠬᠢᠯᠲᠠ ᠥᠭᠬᠦ ᠶᠢᠨ ᠬᠠᠮᠲᠤ᠂ ᠠᠶᠤᠯ ᠲᠦᠭᠰᠢᠭᠦᠷᠢ ᠶᠢ ᠠᠷᠢᠯᠭᠠᠬᠤ  ᠶᠢ ᠴᠢᠬᠤᠯᠠᠴᠢᠯᠠᠨ᠂ ᠪᠣᠵᠠᠷ ᠡᠳ᠋ ᠢ ᠨᠡᠬᠡᠮᠵᠢᠯᠡᠨ ᠬᠣᠬᠢᠷᠠᠯ ᠢ ᠡᠭᠡᠭᠦᠯᠬᠦ ᠪᠡᠷ ᠪᠦᠬᠦ ᠬᠦᠴᠦᠨ ᠢᠶᠡᠷ ᠴᠢᠷᠮᠠᠶᠢᠨ᠎ᠠ᠃

ᠬᠣᠶᠠᠷ᠂ ᠥᠭᠡᠷᠡᠴᠢᠯᠡᠯᠲᠡ ᠶᠢ ᠠᠳᠬᠤᠨ᠎ᠠ᠃ ᠦᠭᠡᠷᠡᠴᠢᠯᠡᠯᠲᠡ ᠶᠢᠨ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠬᠤ ᠭᠦᠨᠵᠡᠭᠡᠶᠢᠷᠡᠭᠦᠯᠬᠦ ᠪᠠᠲᠤᠳᠬᠠᠬᠤ ᠶᠢ ᠰᠠᠶᠢᠲᠤᠷ ᠠᠳᠬᠤᠨ᠂ ᠥᠭᠡᠷᠡᠴᠢᠯᠡᠯᠲᠡ ᠶᠢ ᠲᠡᠭᠦᠯᠳᠡᠷᠵᠢᠭᠦᠯᠬᠦ ᠶᠢ ᠰᠠᠶᠢᠲᠤᠷ ᠬᠢᠵᠦ᠂ ᠨᠡᠡᠭ ᠦᠨᠳᠦᠷ ᠡᠬᠢᠯᠡᠯᠲᠡ ᠶᠢᠨ ᠴᠢᠭ ᠳᠡᠭᠡᠷ᠎ᠡ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠴᠢᠨᠠᠷᠲᠠᠢ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠳᠤᠲᠤᠭᠠᠲᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠭᠢᠭᠤᠯᠬᠤ  ᠳᠦ ᠰᠢᠮᠳᠡᠨ᠎ᠡ᠃ ᠬᠠᠣᠯᠢ ᠴᠠᠭᠠᠵᠠ  ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠡᠷᠦᠡᠭᠬᠡᠶᠢᠯᠡᠭᠰᠡᠨ ᠲᠦᠬᠦᠷ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃

ᠭᠤᠷᠪᠠ᠂ ᠬᠠᠮᠢᠶᠠᠷᠤᠯᠲᠠ ᠶᠢ ᠠᠳᠬᠤᠨ᠎ᠠ᠃ ᠶᠠᠰᠤ ᠴᠢᠨᠠᠷ ᠢ ᠦᠨᠡᠯᠡᠬᠦ ᠪᠠᠷᠢᠮᠵᠢᠶ᠎ᠠ ᠰᠢᠰᠲ᠋ᠧᠮ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠪᠠᠶᠢᠴᠠᠭᠠᠬᠤ ᠲᠤᠰᠢᠶᠠᠯᠲᠠᠨ ᠤ ᠠᠵᠢᠯ ᠤᠨ ᠪᠦᠲᠦᠮᠵᠢ ᠶᠢ ᠦᠨᠡᠯᠡᠬᠦ ᠲᠦᠷᠢᠮ ᠶᠢ ᠪᠦᠷᠢᠨᠰᠢᠭᠦᠯᠦᠨ᠂ ᠬᠢᠨᠠᠨ ᠬᠠᠮᠢᠶᠠᠷᠬᠤ ᠪᠠ ᠬᠠᠷᠢᠯᠴᠠᠨ ᠨᠦᠭᠦᠴᠡᠯᠳᠦᠬᠦ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠪᠠᠶᠢᠴᠠᠭᠠᠬᠤ ᠠᠵᠢᠯ ᠤᠨ ᠲᠦᠷᠢᠮ ᠤᠨ ᠰᠢᠰᠲ᠋ᠧᠮ ᠢ ᠵᠠᠰᠠᠪᠤᠷᠢᠯᠠᠨ ᠪᠦᠷᠢᠨᠰᠢᠭᠦᠯᠦᠨ᠎ᠡ᠃

ᠳᠥᠷᠪᠡ᠂ ᠰᠤᠷᠲᠠᠯ ᠢ ᠠᠳᠬᠤᠨ᠎ᠠ᠃ ︽ᠬᠤᠶᠠᠷ ᠬᠠᠷᠢᠭᠤᠴᠠᠯᠭ᠎ᠠ︾  ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠠᠶᠢᠮᠠᠭ ᠬᠣᠲᠠ ᠶᠢᠨ ᠬᠣᠷᠢᠶᠠᠨ ᠳ᠋ᠡᠬᠢ ᠬᠣᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢ ᠲᠦᠯᠦᠪᠯᠡᠭᠡᠲᠠᠢ ᠵᠣᠬᠢᠶᠠᠨ ᠪᠠᠶᠢᠭᠤᠯᠤᠯᠲᠠ ᠲᠠᠢ ᠦᠷᠬᠦᠯᠵᠢᠯᠡᠨ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠬᠣᠷᠢᠶᠠᠨ ᠤ ︽ ᠰᠣᠯᠪᠢᠴᠠᠨ ᠲᠣᠭᠤᠷᠢᠨ ᠪᠠᠶᠢᠴᠠᠭᠠᠬᠤ︾  ᠠᠵᠢᠯ ᠦᠷᠨᠢᠭᠦᠯᠬᠦ ᠶᠢ ᠬᠠᠶᠢᠨ ᠰᠦᠪᠡᠭᠴᠢᠯᠡᠨ᠎ᠡ᠃ ︽ᠲᠥᠷᠪᠡᠨ  ᠬᠡᠯᠪᠡᠷᠢᠯᠲᠦ ᠨᠣᠶᠠᠨ︾ ᠤ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ︽ ᠰᠤᠷᠲᠠᠯ ᠤᠨ ᠶᠡᠬᠡ ᠴᠡᠭᠴᠡᠯᠡᠯᠲᠡ︾ ᠶᠢᠨ ᠲᠤᠰᠠᠬᠠᠢ ᠰᠡᠳᠦᠪᠲᠦ ᠬᠦᠳᠡᠯᠭᠡᠭᠡᠨ ᠦᠷᠨᠢᠭᠦᠯᠦᠨ᠎ᠡ᠃

ᠲᠠᠪᠤ᠂ ᠦᠨᠳᠦᠰᠦᠨ ᠱᠠᠲᠤ ᠶᠢ ᠴᠢᠡᠭᠭ᠎ᠠ ᠠᠳᠬᠤᠨ᠎ᠠ᠃ ᠪᠦᠬᠦ ᠤᠯᠤᠰ ᠤᠨ ᠬᠡᠪᠴᠢᠶᠠᠨ ᠳᠦ᠂ ᠵᠢᠶᠠᠡᠭᠰᠤ ᠵᠧᠵᠢᠶᠠᠡᠭ ᠱᠠᠡᠭᠬᠠᠢ ᠭᠤᠷᠪᠠᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠲᠠᠢ ᠪᠠᠶᠢᠩᠭᠤᠵᠢᠭᠰᠠᠨ ᠬᠠᠷᠠᠭᠠᠯᠵᠠᠭᠰᠠᠨ ᠳᠡᠮᠵᠢᠨ ᠲᠤᠰᠠᠯᠠᠬᠤ ᠪᠠ ᠲᠤᠰᠢᠶᠠᠯ ᠡᠭᠦᠷᠭᠡᠯᠡᠬᠦ ᠠᠵᠢᠯᠲᠠᠨ ᠬᠠᠷᠢᠯᠴᠠᠨ ᠲᠣᠮᠢᠯᠠᠬᠤ ᠠᠵᠢᠯ ᠤᠨ ᠳᠦᠷᠢᠮ ᠢ ᠪᠠᠶᠢᠭᠤᠯᠬᠤ ᠶᠢ ᠦᠢᠯᠡᠳᠦᠯᠭᠡᠵᠢᠭᠦᠯᠦᠨ ᠰᠦᠪᠡᠭᠴᠢᠯᠡᠨ᠎ᠡ᠃ ᠪᠠᠶᠢᠴᠠᠭᠠᠬᠤ ᠰᠢᠰᠲ᠋ᠧᠮ ᠳᠣᠲᠤᠷ᠎ᠠ ᠪᠠᠨ ᠠᠶᠢᠮᠠᠭ ᠬᠤᠲᠠ ᠶᠢᠨ ᠬᠣᠷᠢᠶ᠎ᠠ ᠪᠠᠷ ᠨᠢᠭᠡᠴᠢ  ᠪᠣᠯᠭᠠᠨ ᠲᠤᠰᠢᠶᠠᠯ ᠡᠭᠦᠷᠭᠡᠯᠡᠭᠦᠯᠦᠨ ᠦᠨᠳᠦᠰᠦᠨ ᠱᠠᠲᠤᠨ ᠳᠤ ᠲᠣᠮᠢᠯᠠᠬᠤ ᠪᠠ ᠰᠠᠶᠢᠨ ᠳᠤᠷ᠎ᠠ ᠠᠴᠠ ᠪᠠᠨ ᠦᠢᠯᠡᠴᠢᠯᠡᠬᠦ ᠬᠦᠴᠦᠯᠡᠴᠡ ᠪᠡᠨ ᠨᠡᠮᠡᠭᠳᠡᠭᠦᠯᠦᠨ᠎ᠡ᠃ ᠴᠢᠳᠠᠪᠤᠷᠢᠲᠠᠨ ᠤ ᠡᠬᠢ ᠪᠠᠶᠠᠯᠢᠭ ᠢ ᠨᠡᠶᠢᠳᠭᠡᠵᠦ᠂ ᠲᠦᠷᠦᠯᠵᠢᠭᠦᠯᠦᠭᠰᠡᠨ ᠪᠠᠶᠢᠴᠠᠭᠠᠬᠤ ᠠᠵᠢᠯ ᠤᠨ ᠴᠢᠳᠠᠪᠤᠷᠢᠲᠠᠨ ᠤ ᠬᠦᠮᠦᠷᠭᠡ ᠶᠢ ᠪᠠᠶᠢᠭᠤᠯᠤᠨ᠎ᠠ᠃ ᠭᠠᠵᠠᠷ ᠣᠷᠤᠨ  ᠳ᠋ᠦ᠋ᠨᠢ ᠵᠣᠬᠢᠴᠠᠭᠰᠠᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠴᠢᠡᠭᠭᠠᠳᠬᠠᠵᠤ᠂ ᠠᠯᠤᠰ ᠡᠵᠡᠮᠰᠢᠯᠲᠦ ᠬᠡᠷᠡᠭ ᠵᠦᠪᠯᠡᠬᠦ ᠰᠢᠰᠲ᠋ᠧᠮ ᠦᠨ ᠪᠠᠶᠢᠭᠤᠯᠤᠯᠲᠠ  ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠦᠷ ᠮᠣᠡᠭᠭᠤᠯ ᠤᠨ ᠪᠠᠶᠢᠴᠠᠭᠠᠬᠤ ᠶᠢᠨ ᠳ᠋ᠠᠶᠢᠲ᠋ᠠ ᠲᠥᠪ ᠤᠨ ᠪᠠᠶᠢᠭᠤᠯᠤᠯᠲᠠ ᠶᠢ ᠲᠦᠷᠭᠡᠳᠭᠡᠨ ᠪᠡᠶᠡᠯᠡᠭᠦᠯᠵᠦ᠂ ᠪᠠᠶᠢᠴᠠᠭᠠᠬᠤ ᠠᠵᠢᠯ ᠤᠨ︽ᠣᠶᠤᠨᠴᠢ︾ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃

ᠯᠢ ᠴᠢ ᠯᠢᠨ ᠴᠢᠬᠤᠯᠠᠴᠢᠯᠠᠭᠰᠠᠨ ᠨᠢ᠂ ᠪᠠᠶᠢᠷᠢᠯᠠᠭᠤᠯᠬᠤ ᠨᠢ ᠨᠢᠭᠡ ᠬᠤᠪᠢ ᠪᠠᠶᠢᠵᠤ᠂ ᠨᠠᠶᠢᠳᠠᠪᠤᠷᠢᠵᠢᠭᠤᠯᠬᠤ ᠨᠢ ᠶᠢᠰᠦᠨ ᠬᠤᠪᠢ ᠪᠣᠯᠤᠨ᠎ᠠ᠃ ᠡᠯ᠎ᠡ ᠱᠠᠲᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ︽ᠲᠦᠷᠦᠭᠦᠦ  ᠭᠠᠯᠠᠭᠤ︾ ᠶᠢᠨ ᠦᠢᠯᠡᠳᠦᠯ ᠢᠶᠡᠨ ᠪᠠᠳᠠᠷᠠᠭᠤᠯᠵᠤ᠂ ᠠᠵᠢᠯ ᠢᠶᠠᠨ ᠨᠠᠷᠢᠨ ᠨᠢᠮᠪᠠᠢ ᠲᠦᠯᠦᠪᠯᠡᠵᠦ᠂ ᠬᠡᠷᠡᠭ ᠰᠢᠳᠭᠡᠬᠦ ᠶᠢ ᠪᠡᠶ᠎ᠡ ᠪᠡᠷ ᠢᠶᠡᠨ ᠳᠠᠭᠠᠭᠤᠯᠵᠤ᠂ ᠡᠩᠨᠡᠭᠡᠨ ᠦ ᠳᠠᠶᠢᠴᠢᠯᠠᠯᠲᠠ ᠳᠤ ᠰᠠᠨᠠᠭ᠎ᠠ ᠲᠠᠯᠪᠢᠬᠤ ᠬᠡᠷᠡᠭᠲᠡᠢ᠃ ᠡᠯ᠎ᠡ ᠱᠠᠲᠤᠨ ᠤ ᠪᠠᠶᠢᠴᠠᠭᠠᠬᠤ ᠬᠤᠷᠢᠶ᠎ᠠ ᠦᠵᠡᠯ ᠰᠠᠨᠠᠭ᠎ᠠ ᠪᠠᠨ ᠨᠢᠭᠡᠳᠭᠡᠨ᠂ ᠠᠯᠬᠤᠭ᠎ᠠ ᠨᠢᠭᠡᠲᠡᠢ ᠪᠠᠶᠢᠵᠤ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠭᠣᠤᠯ ᠵᠢᠯᠤᠭᠤᠳᠤᠭᠴᠢ᠂ ᠬᠤᠪᠢᠶᠠᠷᠢ ᠬᠤᠲᠠ ᠶᠢᠨ ᠬᠣᠷᠢᠶ᠎ᠠ ᠭᠣᠣᠯ ᠭᠠᠷᠳᠠᠭᠴᠢ᠂ ᠦᠨᠳᠦᠰᠦᠨ ᠱᠠᠲᠤᠨ ᠤ ᠬᠣᠷᠢᠶ᠎ᠠ ᠭᠣᠤᠯ ᠬᠠᠷᠢᠭᠤᠴᠠᠭᠴᠢ ᠪᠣᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠣᠲᠠᠲᠣ ᠪᠠᠶᠢᠳᠠᠯ ᠢ ᠰᠢᠨᠵᠢᠨ᠂ ᠦᠨᠡᠨ ᠦᠭᠡ  ᠶᠢ ᠰᠣᠨᠤᠰᠴᠤ᠂ ᠦᠨᠡᠨ ᠪᠠᠶᠢᠳᠠᠯ ᠢ ᠮᠡᠳᠡᠭᠦᠯᠦᠨ᠎ᠡ᠃ ︽ᠳᠠᠷᠤᠶᠢᠬᠠᠨ ᠰᠢᠢᠳᠪᠦᠷᠢᠯᠡᠬᠦ︾ ᠪᠠ ᠮᠦᠷᠳᠡᠨ ᠱᠠᠭᠠᠷᠳᠠᠨ ᠰᠢᠢᠳᠪᠦᠷᠢᠯᠡᠭᠦᠯᠬᠦ ᠶᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ ᠴᠢᠡᠭᠭᠠᠷᠠᠭᠤᠯᠤᠨ᠎ᠠ᠃ ᠦᠨᠡᠨ ᠶᠣᠰᠣ ᠶᠢ ᠪᠠᠷᠢᠮᠲᠠᠯᠠᠨ᠂ ᠵᠠᠷᠴᠢᠮ ᠢ ᠪᠠᠷᠢᠮᠲᠠᠯᠠᠨ᠂ ᠬᠠᠤᠯᠢ ᠶᠣᠰᠤᠭᠠᠷ ᠬᠡᠷᠡᠭ ᠰᠢᠳᠭᠡᠬᠦ ᠶᠢ ᠪᠠᠷᠢᠮᠲᠠᠯᠠᠨ᠂ ᠦᠢᠯᠡᠳᠦᠯᠭᠡ ᠠᠷᠠᠳ ᠲᠦᠮᠡᠨ ᠲᠡᠥᠬᠡᠨ ᠰᠢᠯᠭᠠᠯᠲᠠ ᠶᠢ ᠳᠠᠭᠠᠭᠠᠵᠤ ᠭᠠᠷᠴᠦ ᠴᠢᠳᠠᠬᠤ ᠠᠵᠢᠯ ᠤᠨ ᠪᠦᠲᠦᠮᠵᠢ ᠶᠢ ᠡᠭᠦᠳᠦᠨ ᠪᠦᠲᠦᠭᠡᠬᠦ ᠬᠡᠷᠡᠭᠲᠡᠢ ᠭᠡᠪᠡ᠃

ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠴᠠᠭᠠᠬᠤ ᠺᠣᠮᠢᠰ ᠤᠨ ᠲᠤᠰᠬᠠᠢ ᠲᠤᠰᠢᠶᠠᠯᠲᠦ ᠭᠡᠰᠢᠭᠦᠨ᠂ ᠲᠢᠡᠭᠬᠢᠮ ᠦᠨ ᠳᠡᠰ ᠦᠨ ᠺᠠᠳ᠋ᠷ᠂ ᠡᠯ᠎ᠡ ᠠᠶᠢᠮᠠᠭ ᠬᠣᠲᠠ᠂ ᠬᠤᠰᠢᠭᠤ ᠰᠢᠶᠠᠨ ︵ ᠬᠣᠲᠠ᠂ ᠲᠣᠭᠤᠷᠢᠭ︶  ᠤ ᠬᠣᠷᠢᠶᠠᠨ ᠤ ᠪᠠᠶᠢᠴᠠᠭᠠᠬᠤ ᠳᠠᠷᠤᠭ᠎ᠠ᠂ ᠴᠡᠷᠢᠭ ᠦᠨ ᠶᠠᠪᠤᠳᠠᠯ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠡᠭ᠂ ᠡᠯ᠎ᠡ ᠳᠤᠲᠤᠭᠠᠲᠤ ᠪᠠᠶᠢᠭᠤᠯᠤᠮᠵᠢ ᠂ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠳᠡᠳ᠋ ᠭᠠᠵᠠᠷ ᠤᠨ ᠳᠡᠰ ᠡᠴᠡ ᠳᠡᠭᠡᠭᠰᠢᠬᠢ ᠺᠠᠳ᠋ᠷ ᠵᠢᠴᠢ ᠣᠷᠤᠨ ᠲᠤᠭᠠᠲᠤ ᠪᠠᠶᠢᠴᠠᠭᠠᠬᠤ ᠲᠤᠰᠢᠶᠠᠯᠲᠠᠨ ᠭᠣᠣᠯ ᠬᠤᠷᠠᠯ ᠤᠨ ᠲᠠᠯᠠᠪᠠᠢ ᠳᠤ ᠰᠠᠭᠠᠲᠠᠪᠠ᠃

    

                               

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro