ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠠᠷ᠎ᠠ ᠪᠦᠯᠦᠭᠲᠡᠨ ᠬᠠᠷᠭᠢᠰ ᠬᠦᠴᠦᠨ ᠤ ᠦᠢᠯᠡ ᠠᠵᠢᠯᠯᠠᠭ᠎ᠠ

2019-05-09 14:56:58
ᠵᠣᠬᠢᠶᠠᠭᠴᠢ
ᠳᠡᠯᠭᠡᠷᠴᠡᠴᠡᠭ

ᠬᠠᠷ᠎ᠠ ᠪᠦᠯᠦᠭᠲᠡᠨ ᠬᠠᠷᠭᠢᠰ ᠬᠦᠴᠦᠨ ᠪᠤᠯ ᠠᠷᠠᠳ ᠲᠦᠮᠡᠨ ᠤ ᠠᠵᠤ ᠠᠮᠢᠳᠤᠷᠠᠯ᠂ ᠨᠡᠶᠢᠬᠡᠮ ᠤᠨ ᠠᠮᠤᠷ ᠳᠦᠪᠰᠢᠨ᠂ ᠲᠦᠷᠦ ᠬᠦᠷᠦᠨ ᠤ ᠦᠨᠢᠳᠡ ᠶᠢᠨ ᠡᠩᠬᠡ ᠲᠠᠶᠢᠪᠤᠩ ᠶᠢ ᠬᠠᠷᠰᠢᠯᠠᠵᠤ ᠪᠠᠶᠢᠭ᠎ᠠ  ᠬᠣᠣᠷᠠᠲᠦ ᠬᠠᠪᠤᠳᠠᠷ ᠪᠠᠶᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠬᠠᠷ᠎ᠠ ᠪᠦᠯᠦᠭᠲᠡᠨ ᠬᠠᠷᠭᠢᠰ ᠬᠦᠴᠦᠨ  ᠳᠤ ᠴᠢᠩᠭ᠎ᠠ ᠴᠤᠬᠢᠯᠲᠠ ᠦᠭᠴᠤ᠂ ᠲᠦᠢᠯᠪᠤᠷᠢᠲᠠᠢ ᠱᠦᠭᠦᠷᠳᠡᠨ ᠠᠷᠢᠯᠭᠠᠬᠤ ᠲᠤᠰᠬᠠᠢ ᠲᠡᠮᠡᠴᠡᠯ ᠬᠢᠬᠦ  ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠂  ᠬᠠᠷ᠎ᠠ ᠪᠦᠯᠦᠭᠲᠡᠨ ᠬᠠᠷᠭᠢᠰ ᠬᠦᠴᠦᠨ ᠭᠡᠳᠡᠭ ᠨᠢ ᠳᠤᠤᠷᠠᠬᠢ ᠮᠡᠲᠤ ᠶᠢᠨ ᠦᠢᠯᠡ ᠠᠵᠢᠯᠯᠠᠭ᠎ᠠ ᠶᠢ ᠵᠢᠭᠠᠳᠠᠭ᠄

1᠂ ᠤᠯᠤᠰ ᠤᠨ ᠠᠮᠤᠷ ᠲᠦᠪᠰᠢᠨ᠂ ᠤᠨᠴᠠᠭᠠᠶᠢᠯᠠᠨ ᠲᠦᠷᠦ ᠶᠢᠨ ᠪᠠᠶᠢᠭᠤᠯᠤᠯ ᠤᠨ ᠠᠮᠤᠷ ᠲᠦᠪᠰᠢᠨ᠂ ᠲᠦᠷᠦ ᠶᠢᠨ ᠡᠷᠬᠡ ᠶᠢᠨ ᠠᠮᠤᠷ ᠳᠦᠪᠰᠢᠨ ᠳᠤ ᠰᠦᠷᠳᠡᠭᠦᠯᠦᠯ ᠪᠤᠯᠤᠭᠰᠠᠨ ᠪᠠ ᠤᠯᠤᠰ ᠲᠦᠷᠦ ᠶᠢᠨ ᠬᠦᠷᠢᠶ᠎ᠡ ᠬᠡᠪᠴᠢᠶᠠᠨ ᠳᠤ ᠨᠡᠪᠴᠢᠭᠰᠡᠨ ᠬᠠᠷ᠎ᠠ ᠪᠦᠯᠦᠭᠲᠡᠨ ᠬᠠᠷᠭᠢᠰ ᠬᠦᠴᠦᠨ︔

2᠂ ᠦᠨᠳᠦᠰᠦᠨ ᠱᠠᠲᠤᠨ ᠤ ᠡᠷᠬᠡ ᠶᠢ ᠡᠵᠡᠷᠬᠡᠵᠤ᠂ ᠦᠨᠳᠦᠰᠦᠨ ᠱᠠᠲᠤᠨ ᠤ ᠰᠤᠩᠭᠤᠭᠤᠯᠢ ᠶᠢ ᠡᠵᠡᠮᠰᠢᠨ ᠲᠣᠬᠢᠵᠦ᠂ ᠬᠦᠳᠡᠭᠡ ᠲᠤᠰᠬᠤᠨ ᠤ ᠡᠬᠢ ᠪᠠᠶᠠᠯᠢᠭ ᠢ ᠭᠠᠭᠴᠠᠭᠠᠷ ᠡᠵᠡᠮᠰᠢᠨ᠂  ᠣᠯᠠᠨ ᠨᠡᠶᠢᠲᠡ ᠶᠢᠨ ᠡᠳ᠋ ᠬᠦᠷᠦᠩᠭᠡ ᠶᠢ ᠡᠵᠡᠯᠡᠭᠰᠡᠨ ᠬᠠᠷ᠎ᠠ ᠪᠦᠯᠦᠭᠲᠡᠨ ᠬᠠᠷᠭᠢᠰ ᠬᠦᠴᠦᠨ︔

3᠂ ᠭᠡᠷ ᠪᠦᠯᠢ᠂ ᠱᠠᠰᠢᠨ ᠤ ᠨᠦᠯᠦᠭᠡ ᠶᠢ ᠠᠰᠢᠭᠯᠠᠨ ᠭᠠᠴᠠᠭ᠎ᠠ ᠲᠤᠰᠬᠤᠨ ᠳᠤ ᠪᠠᠨ ᠡᠷᠬᠡ ᠳᠤᠷ᠎ᠠ ᠪᠠᠷ ᠢᠶᠠᠨ ᠠᠭᠠᠰᠢᠯᠠᠵᠤ᠂ ᠭᠡᠰᠡᠭ ᠭᠠᠵᠠᠷ ᠢ ᠡᠵᠡᠷᠬᠡᠭᠯᠡᠨ ᠨᠤᠶᠠᠷᠬᠠᠵᠤ᠂ ᠠᠷᠠᠳ ᠢᠷᠭᠡᠳ ᠢ ᠳᠤᠷᠤᠮᠵᠢᠯᠠᠨ ᠳᠠᠷᠤᠩᠭᠤᠶᠢᠯᠠᠳᠠᠭ《ᠭᠠᠴᠠᠭ᠎ᠠ ᠲᠤᠰᠬᠤᠨ ᠤ ᠡᠵᠡᠷᠬᠡᠭᠴᠢ》ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ︔

4᠂ ᠭᠠᠵᠠᠷ ᠨᠤᠲᠤᠭ ᠳᠠᠲᠠᠪᠤᠷᠢᠯᠠᠬᠤ᠂ ᠲᠦᠷᠢᠶᠡᠰᠦᠯᠡᠬᠦ᠂ ᠨᠡᠭᠦᠯᠭᠡᠨ ᠰᠢᠯᠵᠢᠭᠦᠯᠬᠦ᠂ ᠪᠠᠷᠢᠯᠭ᠎ᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠵᠡᠷᠭᠡ ᠶᠠᠪᠤᠴᠠ ᠳᠤ᠂ ᠭᠠᠴᠠᠭ᠎ᠠ ᠲᠤᠰᠬᠤᠨ ᠤ ᠠᠷᠠᠳ ᠢᠷᠭᠡᠳ ᠢ ᠦᠲᠦᠭᠡᠵᠤ ᠦᠢᠮᠡᠭᠡᠨ ᠳᠡᠪᠵᠢᠶᠠᠨ ᠳᠡᠭᠳᠡᠭᠡᠳᠡᠭ᠂ ᠳᠡᠭᠡᠭᠰᠢ ᠵᠠᠭᠠᠯᠳᠤᠬᠤ ᠶᠢ ᠵᠤᠬᠢᠶᠠᠨ ᠪᠠᠶᠢᠭᠤᠯᠵᠤ ᠳᠣᠬᠢᠳᠠᠭ ᠬᠠᠷ᠎ᠠ ᠪᠦᠯᠦᠭᠲᠡᠨ ᠬᠠᠷᠭᠢᠰ ᠬᠦᠴᠤᠨ︔

5᠂ ᠪᠠᠷᠢᠯᠭ᠎ᠠ ᠶᠢᠨ ᠪᠠᠶᠢᠭᠤᠯᠤᠯᠲᠠ᠂ ᠵᠠᠮ ᠬᠠᠷᠢᠯᠴᠠᠭᠠᠨ ᠤ ᠠᠴᠢᠶ᠎ᠠ ᠲᠡᠭᠡᠭᠡᠪᠦᠷᠢ᠂ ᠠᠭᠤᠯᠠ ᠠᠭᠤᠷᠬᠠᠢ ᠶᠢᠨ ᠡᠬᠢ ᠪᠠᠶᠠᠯᠢᠭ᠂ ᠵᠢᠭᠠᠰᠤᠨ ᠤ ᠦᠢᠯᠡᠰ ᠵᠡᠷᠭᠡ ᠠᠵᠢᠯ ᠲᠦᠷᠦᠯ ᠪᠠ ᠬᠦᠷᠢᠶ᠎ᠡ ᠴᠠᠷ᠎ᠠ ᠳᠤ ᠡᠵᠡᠷᠬᠡᠭᠯᠡᠵᠤ᠂ ᠮᠠᠭᠤ ᠰᠠᠨᠠᠭ᠎ᠠ ᠪᠠᠷ ᠦᠷᠢᠰᠦᠯᠳᠤᠨ ᠪᠤᠯᠢᠶᠠᠯᠳᠤᠵᠤ᠂ ᠬᠠᠤᠯᠢ ᠪᠤᠰᠤ ᠪᠠᠷ ᠭᠠᠵᠠᠷ ᠨᠤᠲᠤᠭ ᠢ ᠡᠵᠡᠯᠡᠵᠤ᠂ ᠳᠤᠷ᠎ᠠ ᠵᠤᠷᠢᠭ ᠢᠶᠠᠷ ᠢᠶᠠᠨ ᠨᠡᠭᠡᠭᠡᠨ ᠠᠭᠤᠳᠠᠯᠬᠤ ᠬᠠᠷ᠎ᠠ ᠪᠦᠯᠦᠭᠲᠡᠨ ᠬᠠᠷᠭᠢᠰ ᠬᠦᠴᠤᠨ︔

6᠂ ᠬᠤᠳᠠᠯᠳᠤᠭᠠᠨ ᠤ ᠵᠠᠬ᠎ᠠ᠂ ᠪᠦᠭᠡᠮ ᠢᠶᠠᠷ ᠪᠣᠷᠤᠯᠠᠭᠤᠯᠬᠤ ᠵᠠᠬ᠎ᠠ᠂ ᠲᠡᠷᠭᠡᠨ ᠦᠷᠲᠡᠭᠡ᠂ ᠭᠠᠷᠠᠮ᠂ ᠵᠢᠭᠤᠯᠴᠢᠯᠠᠯ ᠤᠨ ᠤᠷᠤᠨ ᠵᠡᠷᠭᠡ ᠭᠠᠵᠠᠷ ᠲᠤ ᠵᠠᠬ᠎ᠠ ᠳᠡᠯᠭᠡᠭᠦᠷ ᠢ ᠡᠵᠡᠷᠬᠡᠨ ᠲᠠᠩᠬᠠᠶᠢᠷᠠᠵᠤ᠂  ᠬᠦᠴᠦᠷᠬᠡᠭᠯᠡᠯ ᠢᠶᠠᠷ ᠠᠯᠪᠠᠳᠠᠨ ᠠᠷᠠᠯᠵᠢᠶᠠᠯᠠᠭᠤᠯᠬᠤ᠂ ᠬᠠᠮᠠᠭᠠᠯᠠᠯᠲᠠ ᠶᠢᠨ ᠰᠦᠢᠳᠬᠡᠯ  ᠬᠤᠷᠢᠶᠠᠳᠠᠭ ᠵᠠᠬ᠎ᠠ ᠳᠡᠯᠭᠡᠭᠦᠷ ᠤᠨ ᠡᠵᠡᠷᠬᠡᠭᠴᠢ ᠬᠠᠷ᠎ᠠ ᠪᠦᠯᠦᠭᠲᠡᠨ ᠬᠠᠷᠭᠢᠰ ᠬᠦᠴᠦᠨ︔

7᠂《 ᠱᠠᠯᠢᠭ ᠰᠠᠮᠠᠭᠤᠨ᠂ ᠵᠣᠭᠤᠰ ᠮᠦᠷᠦᠶᠢᠴᠡᠬᠦ᠂  ᠬᠣᠣᠷᠠᠲᠦ ᠡᠳ᠋》ᠵᠡᠷᠭᠡ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠡᠵᠡᠮᠳᠡᠨ ᠡᠵᠡᠩᠨᠡᠳᠡᠭ ᠬᠠᠷ᠎ᠠ ᠪᠦᠯᠦᠭᠲᠡᠨ ᠬᠠᠷᠭᠢᠰ  ᠬᠦᠴᠦᠨ︔

8᠂ ᠬᠠᠤᠯᠢ ᠪᠤᠰᠤ ᠪᠠᠷ ᠦᠨᠳᠦᠷ ᠬᠦᠤ ᠲᠠᠢ ᠵᠢᠭᠡᠯᠡᠯᠭᠡ ᠲᠠᠯᠪᠢᠵᠤ᠂ ᠬᠦᠴᠦᠷᠬᠡᠭᠯᠡᠯ ᠢᠶᠠᠷ ᠦᠷᠢ ᠨᠡᠬᠡᠳᠡᠭ ᠬᠠᠷ᠎ᠠ ᠪᠦᠯᠦᠭᠲᠡᠨ‌ᠬᠠᠷᠭᠢᠰ ᠬᠦᠴᠦᠨ︔

9᠂ ᠠᠷᠠᠳ ᠤᠨ  ᠬᠤᠭᠤᠷᠤᠨᠳᠤᠬᠢ ᠮᠦᠷᠭᠦᠯᠳᠦᠭᠡᠨ ᠳᠤ ᠭᠠᠷ ᠳᠦᠷᠦᠵᠤ᠂《ᠬᠠᠤᠯᠢ ᠠᠴᠠ ᠭᠠᠳᠠᠭᠤᠷᠬᠢ ᠬᠠᠤᠯᠢ  ᠬᠡᠷᠡᠭᠵᠢᠭᠦᠯᠦᠭᠴᠢ》︵ ᠨᠢᠭᠤᠴᠠ ᠬᠠᠤᠯᠢ ᠬᠡᠷᠡᠭᠵᠢᠭᠦᠯᠬᠦ ᠠᠡᠭᠬᠢ︶ ᠪᠤᠯᠳᠠᠭ ᠬᠠᠷ᠎ᠠ ᠪᠦᠯᠦᠭᠲᠡᠨ ᠬᠠᠷᠭᠢᠰ ᠬᠦᠴᠦᠨ︔

10᠂ ᠬᠢᠯᠢ ᠶᠢᠨ ᠭᠠᠳᠠᠨᠠᠬᠢ ᠬᠠᠷ᠎ᠠ ᠪᠦᠯᠦᠭᠲᠡᠨ ᠲᠠᠢ ᠰᠦᠯᠪᠡᠭᠡᠯᠡᠨ᠂ ᠬᠢᠯᠢ ᠠᠯᠤᠰᠯᠠᠨ ᠤᠯᠤᠰ ᠳᠠᠮᠵᠢᠵᠤ ᠶᠠᠯᠠᠲᠤ ᠠᠵᠢᠯᠯᠠᠭ᠎ᠠ ᠬᠢᠳᠡᠭ ᠬᠠᠷ᠎ᠠ ᠪᠦᠯᠦᠭᠲᠡᠨ ᠬᠠᠷᠭᠢᠰ ᠬᠦᠴᠦᠨ︔

11᠂ ᠭᠠᠵᠠᠷ ᠨᠤᠲᠤᠭ᠂ ᠪᠡᠯᠴᠢᠭᠡᠷ ᠤᠨ ᠡᠵᠡᠩᠨᠡᠯᠲᠡ ᠳᠤ ᠵᠤᠷᠢᠭᠤᠳᠠ ᠭᠠᠷ ᠳᠦᠷᠤᠵᠤ ᠂ ᠶᠡᠭᠡ ᠬᠡᠮᠵᠢᠶᠡᠨ ᠤ ᠠᠰᠢᠭ ᠢ ᠬᠠᠦᠯᠢ ᠪᠤᠰᠤ ᠪᠠᠷ ᠵᠠᠪᠰᠢᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ︔

12᠂ ᠠᠭᠤᠯᠠ ᠠᠭᠤᠷᠬᠠᠢ ᠶᠢᠨ ᠦᠢᠯᠡᠳᠬᠦᠨ ᠪᠠ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠤ ᠬᠠᠦᠯᠢ ᠪᠤᠰᠤ ᠦᠷᠢᠰᠦᠯᠳᠦᠭᠡᠨ ᠢ ᠡᠭᠦᠰᠬᠡᠭᠰᠡᠨ ᠪᠤᠶᠤ ᠤᠯᠤᠰ ᠤᠨ ᠦᠮᠴᠢᠯᠡᠯᠲᠦ ᠠᠭᠤᠷᠬᠠᠢ ᠵᠢᠨ‌ᠡᠬᠢ ᠪᠠᠶᠠᠯᠢᠭ ᠢ ᠢᠯᠡ ᠪᠠᠷ ᠪᠤᠯᠢᠶᠠᠨ ᠡᠵᠡᠯᠡᠭᠰᠡᠨ ᠬᠠᠷ᠎ᠠ ᠪᠦᠯᠦᠭᠲᠡᠨ‌ᠬᠠᠷᠭᠢᠰ ᠬᠦᠴᠦᠨ︔

13᠂ ᠠᠷᠠᠳ ᠤᠨ ᠬᠤᠭᠤᠷᠤᠨᠳᠤᠬᠢ ᠵᠢᠭᠡᠯᠡᠯᠭᠡ᠂ ᠥᠭᠴᠡᠭᠡ ᠠᠪᠴᠠᠭ᠎ᠠ ᠶᠢᠨ ᠮᠦᠷᠭᠦᠯᠳᠦᠭᠡᠨ ᠳᠤ ᠭᠠᠷ ᠳᠦᠷᠦᠵᠤ᠂ 《ᠦᠷᠢ ᠨᠡᠬᠡᠬᠦ ᠺᠤᠮᠫᠠᠨᠢ》 ᠭᠡᠮᠡᠵᠤ ᠪᠠᠶᠢᠭ᠎ᠠ ᠬᠠᠷ᠎ᠠ ᠪᠦᠯᠦᠭᠲᠡᠨ ᠬᠠᠷᠭᠢᠰ ᠬᠦᠴᠦᠨ︔

14᠂ ᠲᠠᠷᠢᠶᠠᠯᠠᠬᠤ ᠤᠷᠤᠨ ᠤ ᠲᠠᠷᠢᠶᠠᠯᠠᠩ ᠤᠨ ᠰᠡᠯᠡᠭᠦᠤ ᠤᠯᠠᠷᠢᠯ ᠳᠤ ᠮᠦᠷᠦᠢ ᠲᠠᠢ ᠲᠤᠭᠯᠠᠭᠠᠮ ᠵᠤᠬᠢᠶᠠᠨ ᠪᠠᠶᠢᠭᠤᠯᠤᠭᠰᠠᠨ᠂ ᠲᠤᠭᠯᠠᠭᠠᠮ ᠳᠤ ᠰᠢᠨᠤᠭᠴᠢᠳ ᠲᠤ ᠲᠦᠷ ᠴᠠᠭ ᠤᠨ ᠦᠨᠳᠦᠷ ᠬᠦᠤ ᠲᠠᠢ ᠵᠢᠭᠡᠯᠡᠯᠭᠡ ᠲᠠᠯᠪᠢᠭᠰᠠᠨ ᠬᠠᠷ᠎ᠠ ᠪᠦᠯᠦᠭᠲᠡᠨ ᠬᠠᠷᠭᠢᠰ ᠬᠦᠴᠦᠨ︔

15᠂ ᠬᠠᠤᠯᠢ ᠪᠤᠰᠤ ᠠᠷᠭ᠎ᠠ ᠪᠠᠷ ᠭᠡᠷ  ᠬᠤᠷᠢᠶᠠᠯᠠᠯ ᠤᠨ  ᠬᠠᠮᠢᠶᠠᠷᠤᠯᠲᠠ ᠡᠵᠡᠩᠨᠡᠯᠲᠠ ᠶᠢ ᠭᠠᠭᠴᠠᠭᠠᠷ ᠡᠵᠡᠮᠰᠢᠵᠤ᠂ ᠰᠠᠭᠤᠭᠠᠯᠢ ᠠᠷᠠᠳ ᠤᠨ ᠲᠤᠭᠤᠷᠢᠭ ᠳ᠋ᠡᠬᠢ ᠭᠡᠷ ᠤᠨ ᠡᠳ᠋ᠯᠡᠯ ᠴᠢᠮᠡᠭᠯᠡᠯ ᠤᠨ ᠮᠠᠲ᠋ᠧᠷᠢᠶᠠᠯ ᠢ ᠡᠵᠡᠷᠬᠡᠭᠰᠡᠨ ᠪᠤᠶᠤ 《ᠬᠠᠷ᠎ᠠ ᠪᠦᠯᠦᠭᠲᠡᠨ ᠤ ᠬᠠᠮᠠᠭᠠᠯᠠᠭᠴᠢ》ᠬᠦᠯᠦᠰᠯᠡᠨ ᠭᠡᠷ ᠤᠨ ᠡᠵᠡᠳ ᠢ  ᠭᠢᠬᠠᠵᠤ ᠮᠦᠯᠵᠢᠭᠰᠡᠨ ᠬᠠᠷ᠎ᠠ ᠪᠦᠯᠦᠭᠲᠡᠨ ᠬᠠᠷᠭᠢᠰ  ᠬᠦᠴᠦᠨ᠃ 

ᠢᠷᠡᠯᠲᠡ
ᠤᠲᠤᠭ ᠤᠨ ᠡᠮᠦᠨᠡᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro