ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠰᠢᠯᠢᠳᠡᠭ ᠪᠠᠶᠢᠴᠠᠭᠠᠬᠤ ᠳᠤᠰᠢᠶᠠᠯᠲᠠᠨ ᠮᠠ ᠳ᠋ᠢᠶᠠᠨ ᠹᠧᠩ

2016-06-02 16:27:34
ᠵᠣᠬᠢᠶᠠᠭᠴᠢ

    ᠬᠦᠯᠦᠨ ᠪᠤᠶᠢᠷ ᠬᠤᠲᠠ ᠶᠢᠨ ᠠᠷᠣᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠭᠤᠮᠤᠳᠠᠯ ᠵᠠᠭᠠᠯᠳᠤᠯᠭ᠎ᠠ ᠪᠠᠶᠢᠴᠠᠭᠠᠬᠤ ᠰᠠᠯᠠᠭᠠᠨ ᠤ  ᠰᠠᠯᠠᠭᠠᠨ ᠳᠠᠷᠤᠭ᠎ᠠ ᠮᠠ ᠳ᠋ᠢᠶᠠᠨ ᠹᠧᠩ ᠂ ᠥᠪᠡᠷ ᠦᠨ ᠪᠡᠶ᠎ᠡ ᠳᠦ ᠪᠡᠨ ᠳᠦᠷᠪᠡᠨ ᠵᠢᠷᠤᠮ ᠳᠤᠭᠲᠠᠭᠠᠵᠤ ᠂ ᠠᠵᠢᠯ ᠤᠨ  ᠳᠤᠮᠳᠠ ᠳᠠᠪᠠᠵᠤ ᠪᠤᠯᠤᠰᠢ ᠦᠭᠡᠢ ᠱᠤᠭᠤᠮ ᠪᠤᠯᠭᠠᠵᠤ ᠂ ᠠᠷᠠᠳ ᠲᠦᠮᠡᠨ ᠦ ᠢᠲᠡᠭᠡᠯ ᠨᠠᠶᠢᠳᠠᠯᠭ᠎ᠠ  ᠶᠢ ᠤᠯᠤᠭᠰᠠᠨ ᠪᠠᠶᠢᠨ᠎ᠠ ᠃

    《ᠪᠠᠶᠢᠴᠠᠭᠠᠬᠤ ᠲᠤᠰᠢᠶᠠᠯᠲᠠᠨ ᠬᠡᠷᠡᠭ ᠰᠢᠳᠬᠡᠬᠦ ᠦᠭᠡᠢ ᠪᠤᠯ ᠬᠠᠷᠢᠭᠤᠴᠠᠯᠭ᠎ᠠ ᠪᠠᠨ ᠠᠯᠳᠠᠭᠰᠠᠨ ᠶᠠᠪᠤᠳᠠᠯ ᠪᠤᠯᠤᠨ᠎ᠠ》

    ᠣᠷᠴᠢᠮ ᠤᠨ ᠬᠡᠳᠦᠨ ᠵᠢᠯ ᠂ ᠲᠠᠷᠢᠶᠠᠯᠠᠩ  ᠳᠤ ᠬᠤᠯᠪᠤᠭᠳᠠᠭᠰᠠᠨ ᠳᠡᠭᠡᠭᠰᠢ ᠰᠤᠷᠪᠤᠯᠵᠢᠯᠠᠭ᠎ᠠ ᠠᠷᠪᠢᠳᠴᠦ ᠂ ᠮᠠ ᠳ᠋ᠢᠶᠠᠨ ᠹᠧᠩ ᠲᠠᠷᠢᠶᠠᠯᠠᠩ ᠳᠤ ᠬᠤᠯᠪᠤᠭᠳᠠᠭᠰᠠᠨ ᠳᠡᠭᠡᠭᠰᠢ ᠰᠤᠷᠪᠤᠯᠵᠢᠯᠠᠭ᠎ᠠ ᠶᠢᠨ ᠬᠦᠨ ᠳᠠᠪᠬᠤᠷᠭ᠎ᠠ ᠶᠢᠨ ᠰᠢᠯᠲᠠᠭᠠᠨ ᠢ ᠨᠠᠷᠢᠨ ᠬᠢᠨᠠᠮᠠᠭᠠᠢ ᠰᠤᠳᠤᠯᠵᠤ ᠂ ᠬᠦᠳᠡᠭᠡ ᠲᠤᠰᠬᠤᠨ ᠳᠤ ᠤᠷᠤᠰᠢᠵᠤ ᠪᠠᠶᠢᠭ᠎ᠠ ᠢᠯᠵᠠᠷᠠᠯ ᠤᠨ ᠠᠰᠠᠭᠤᠳᠠᠯ ᠢ ᠰᠢᠢᠳᠪᠦᠷᠢᠯᠡᠬᠦ  ᠪᠠᠷ ᠴᠢᠷᠮᠠᠶᠢᠵᠠᠢ ᠃ 2013 ᠤᠨ ᠳᠤ ᠂ ᠮᠠ ᠳ᠋ᠢᠶᠠᠨ ᠹᠧᠩ ᠲᠤᠰᠢᠶᠠᠯ ᠳᠤ ᠭᠠᠷᠤᠭᠠᠳ ᠳᠡᠮᠡᠢ ᠤᠳᠠᠭᠰᠠᠨ ᠦᠭᠡᠢ ᠨᠢᠭᠡ ᠳᠠᠯᠠᠭᠠᠳ ᠨᠠᠰᠤᠨ ᠤ ᠳᠡᠭᠡᠭᠰᠢ ᠰᠤᠷᠪᠤᠯᠵᠢᠯᠠᠭ᠎ᠠ ᠬᠢᠭᠰᠡᠨ ᠨᠠᠰᠤᠲᠠᠨ ᠢ ᠬᠦᠯᠢᠶᠡᠨ ᠠᠪᠴᠦ ᠠᠭᠤᠯᠵᠠᠵᠤ ᠂ ᠨᠠᠰᠤᠲᠠᠨ ᠤ ᠠᠮᠤ ᠪᠤᠳᠠᠭᠠᠨ ᠤ ᠨᠥᠬᠦᠪᠦᠷᠢ ᠮᠥᠩᠭᠦ  ᠶᠢ ᠲᠤᠰᠬᠤᠨ ᠤ ᠱᠦᠵᠢ ᠤᠯᠠᠨ ᠵᠢᠯ ᠦᠪᠡᠷᠴᠢᠯᠡᠭᠰᠡᠨ  ᠢ ᠢᠯᠡᠴᠢᠯᠠᠪᠡ ᠃  ᠮᠠ  ᠭᠤᠸᠠᠢ ᠨᠠᠰᠤᠲᠠᠨ ᠤ ᠠᠰᠠᠭᠤᠳᠠᠯ ᠢ ᠬᠤᠷᠳᠤᠬᠠᠨ ᠰᠢᠢᠳᠪᠦᠷᠢᠯᠡᠵᠤ ᠥᠭᠭᠦ ᠶᠢᠨ ᠲᠦᠯᠦᠭᠡ ᠂ ᠬᠤᠷᠢᠶᠠᠨ ᠤ ᠠᠯᠪᠠᠨ ᠲᠡᠷᠭᠡ ᠴᠥᠭᠡᠨ ᠪᠠᠶᠢᠭ᠎ᠠ ᠪᠠᠶᠢᠳᠠᠯ ᠳᠤᠤᠷ᠎ᠠ ᠦᠪᠡᠷ ᠦᠨ ᠮᠠᠰᠢᠨ ᠢᠶᠠᠨ ᠪᠠᠷᠢᠵᠤ ᠲᠠᠢ ᠫᠢᠩ ᠪᠠᠯᠭᠠᠰᠤ ᠳᠤ ᠬᠦᠷᠴᠦ ᠂ ᠬᠡᠷᠡᠭ ᠦᠨ ᠰᠦᠪᠡᠭᠴᠢ ᠶᠢ ᠪᠠᠶᠢᠴᠠᠭᠠᠪᠠ ᠃  ᠬᠠᠮᠤᠭ ᠡᠴᠦᠰ ᠲᠦ ᠨᠠᠰᠤᠳᠠᠨ ᠤ ᠨᠢᠭᠡ ᠲᠦᠮᠡ ᠭᠠᠷᠤᠢ  ᠲᠦᠭᠦᠷᠢᠭ ᠦᠨ ᠠᠮᠤ ᠪᠤᠳᠠᠭᠠᠨ ᠤ ᠨᠥᠬᠦᠪᠦᠷᠢ ᠶᠢ ᠪᠤᠴᠠᠭᠠᠨ  ᠠᠪᠴᠢᠷᠠᠵᠠᠢ ᠃ ᠵᠧᠩ ᠢ ᠰᠦᠯᠵᠢᠶ᠎ᠡ《 ᠥᠪᠦᠷ ᠮᠤᠩᠭᠤᠯ ᠤᠨ ᠠᠷᠤᠨ ᠬᠤᠰᠢᠭᠤᠨ ᠤ ᠪᠠᠶᠢᠴᠠᠭᠠᠬᠤ ᠬᠤᠷᠢᠶ᠎ᠠ  74  ᠨᠠᠰᠤᠲᠠᠢ ᠨᠠᠰᠤᠲᠠᠨ ᠳᠤ ᠠᠷᠪᠠᠨ ᠵᠢᠯ ᠬᠤᠵᠢᠭᠤᠳᠠᠭᠰᠠᠨ ᠭᠤᠤᠯᠴᠢ ᠶᠤᠰᠤ ᠶᠢ ᠪᠤᠴᠠᠭᠠᠨ ᠦᠭᠪᠡ》 ᠭᠡᠳᠡᠭ ᠭᠠᠷᠴᠠᠭ ᠢᠶᠠᠷ ᠲᠤᠰᠬᠠᠢ ᠮᠡᠳᠡᠭᠡᠯᠡᠯ ᠬᠢᠵᠦ ᠂ ᠮᠠ ᠶᠦᠩ ᠱᠧᠩ ᠪᠠᠶᠢᠴᠠᠭᠠᠬᠤ ᠳᠠᠷᠤᠭ᠎ᠠ ᠲᠤᠰ ᠬᠡᠷᠡᠭ ᠢ ᠨᠠᠮ ᠤᠨ ᠤᠯᠠᠨ  ᠲᠦᠮᠡᠨᠴᠢ ᠱᠤᠭᠤᠮ ᠤᠨ ᠬᠥᠮᠦᠵᠢᠯ  ᠦᠢᠯᠡᠳᠦᠯᠭᠡ ᠶᠢᠨ ᠬᠦᠳᠡᠯᠭᠡᠭᠡᠨ ᠦ ᠲᠡᠷᠢᠭᠦᠨ ᠦ ᠨᠡᠶᠢᠲᠡᠯᠢᠭ ᠵᠢᠱᠢᠶ᠎ᠡ  ᠪᠣᠯᠭᠠᠨ ᠪᠦᠬᠦ ᠤᠷᠤᠨ ᠳᠤ ᠰᠤᠷᠤᠯᠴᠠᠬᠤ ᠶᠢ ᠤᠨᠴᠠᠭᠠᠶᠢᠯᠠᠨ ᠴᠣᠬᠤᠯᠠᠪᠤᠷᠢᠯᠠᠪᠠ ᠃

    《 ᠤᠯᠠᠨ ᠲᠦᠮᠡᠨ ᠦ ᠠᠰᠢᠭ ᠲᠤᠰᠠ ᠳᠤ ᠪᠠᠭ᠎ᠠ ᠤᠴᠢᠷ ᠭᠡᠵᠦ ᠦᠭᠡᠢ》

    ᠮᠠ ᠳ᠋ᠢᠶᠠᠨ ᠹᠧᠩ ᠦᠨ ᠦᠵᠡᠬᠦ ᠪᠡᠷ ᠠᠷᠠᠳ ᠢᠷᠭᠡᠳ ᠬᠦᠳᠬᠡᠯ ᠪᠤᠶᠤ ᠲᠦᠪ ᠭᠤᠤᠯᠴᠢ ᠪᠤᠰᠤ ᠪᠠᠶᠢᠳᠠᠯ ᠳᠤ ᠤᠴᠠᠷᠠᠪᠠᠯ ᠂ ᠪᠠᠶᠢᠴᠠᠭᠠᠬᠤ ᠪᠠᠶᠢᠭᠤᠯᠭ᠎ᠠ ᠳᠤ ᠢᠷᠡᠵᠦ ᠭᠤᠮᠤᠳᠠᠯ ᠵᠠᠭᠠᠯᠳᠤᠯᠭ᠎ᠠ  ᠬᠢᠵᠦ ᠪᠠᠶᠢᠭ᠎ᠠ ᠨᠢ ᠬᠠᠤᠯᠢ ᠴᠠᠭᠠᠵᠠ ᠶᠢᠨ ᠲᠦᠪ ᠭᠤᠤᠯᠴᠢ ᠳᠤ ᠢᠲᠡᠭᠡᠯ ᠡᠪᠦᠷᠯᠡᠵᠦ ᠂ ᠨᠡᠩ ᠴᠦ ᠪᠠᠶᠢᠴᠠᠭᠠᠬᠤ ᠪᠠᠶᠢᠭᠤᠯᠭ᠎ᠠ ᠳᠤ ᠢᠳᠡᠭᠡᠵᠦ ᠪᠠᠶᠢᠭ᠎ᠠ ᠶᠢᠨ ᠢᠯᠡᠷᠡᠯ ᠮᠦᠨ ᠃ ᠡᠶᠢᠮᠦ ᠡᠴᠡ ᠲᠡᠷᠡ 《12309》 ᠢᠯᠡᠴᠢᠯᠡᠬᠦ ᠤᠲᠠᠰᠤ ᠶᠢ ᠲᠤᠰᠬᠤ ᠳᠤ ᠪᠠᠨ ᠤᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠶᠢ ᠯᠠᠪ ᠬᠦᠯᠢᠶᠡᠨ ᠠᠪᠴᠦ ᠂ ᠯᠠᠪ ᠠᠭᠤᠯᠵᠠᠵᠤ ᠂ ᠯᠠᠪ ᠬᠠᠷᠢᠭᠤᠯᠲᠠ ᠥᠭᠭᠦᠨ᠎ᠡ ᠭᠡᠵᠦ ᠠᠮᠠᠯᠳᠠᠵᠤ ᠂ ᠲᠡᠭᠦᠨ ᠦ ᠭᠠᠷ ᠢᠶᠠᠷ ᠳᠠᠮᠵᠢᠭᠰᠠᠨ ᠵᠠᠬᠢᠲᠠᠯ ᠰᠤᠷᠪᠤᠯᠵᠢᠯᠠᠭ᠎ᠠ ᠱᠠᠲᠤ ᠠᠯᠤᠰᠯᠠᠨ ᠂ ᠪᠡᠭᠡᠵᠢᠩ  ᠤᠷᠤᠭᠰᠠᠨ ᠪᠠᠶᠢᠳᠠᠯ ᠨᠢᠭᠡ ᠤᠳᠠᠭ᠎ᠠ ᠴᠦ ᠭᠠᠷᠤᠭᠰᠠᠨ ᠦᠭᠡᠢ ᠪᠠᠶᠢᠵᠤ ᠂ ᠲᠡᠭᠦᠨ ᠦ ᠴᠢᠷᠮᠠᠶᠢᠯᠭ᠎ᠠ ᠪᠠᠷ ᠳᠠᠮᠵᠢᠭᠠᠳ ᠨᠡᠯᠢᠶᠡᠳ ᠲᠤᠭᠠᠨ ᠤ ᠤᠳᠠᠭᠠᠨ ᠵᠢᠯ ᠦᠨ ᠳᠡᠭᠡᠭᠰᠢ ᠰᠤᠷᠪᠤᠯᠵᠢᠯᠠᠭ᠎ᠠ ᠬᠢᠭᠰᠡᠨ ᠬᠥᠮᠦᠰ ᠰᠤᠷᠪᠤᠯᠵᠢᠯᠠᠭ᠎ᠠ  ᠵᠠᠭᠠᠯᠳᠤᠯᠭ᠎ᠠ ᠪᠠᠨ ᠲᠠᠶᠠᠭᠳᠠᠭᠰᠠᠨ ᠪᠠᠶᠢᠨ᠎ᠠ ᠃

    《ᠲᠥᠪ ᠴᠢᠭᠡᠴᠢ ᠶᠠᠪᠤᠵᠤ ᠭᠠᠵᠢᠭᠤ ᠪᠤᠷᠤᠭᠤ ᠠᠴᠠ ᠰᠡᠷᠭᠡᠶᠢᠯᠡᠨ᠎ᠡ》

    ᠮᠠ ᠳ᠋ᠢᠶᠠᠨ ᠹᠧᠩ  ᠦᠨ ᠬᠡᠷᠡᠭ ᠰᠢᠳᠬᠡᠬᠦ ᠶᠠᠪᠤᠴᠠ ᠳᠤ ᠰᠠᠳᠤᠨ ᠲᠦᠷᠦᠯ ᠨᠠᠶᠢᠵᠠ ᠨᠥᠬᠦᠳ ᠨᠢ ᠦᠷᠭᠦᠯᠵᠢ ᠤᠳᠠᠰᠤ ᠢᠷᠡᠵᠤ ᠪᠠᠶᠢᠳᠠᠯ ᠢ ᠤᠶᠢᠯᠭᠠᠬᠤ ᠶᠢ ᠬᠦᠰᠡᠳᠡᠭ ᠴᠦ ᠲᠡᠷᠡ ᠨᠢᠭᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠦ ᠪᠠᠷᠢᠮᠵᠢᠶ᠎ᠠ ᠪᠠᠷ ᠴᠠᠭ ᠢᠮᠠᠭᠲᠠ ᠪᠡᠶ᠎ᠡ ᠪᠡᠨ ᠱᠠᠭᠠᠷᠳᠠᠵᠤ ᠂ ᠤᠳᠠᠭ᠎ᠠ ᠪᠤᠯᠭᠠᠨ ᠤ《 ᠬᠦᠮᠦᠨ ᠦ ᠨᠠᠶᠢᠷ ᠵᠢᠷᠤᠮ ᠤᠨ ᠪᠤᠭᠤᠮᠲᠠ》 ᠶᠢ ᠳᠠᠪᠠᠳᠠᠭ ᠃     《ᠲᠡᠷᠢᠭᠦᠨ ᠦ ᠠᠵᠢᠯ ᠢ  ᠬᠢᠵᠦ ᠂  ᠥᠪᠡᠷ ᠢ ᠪᠡᠨ ᠲᠡᠭᠦᠯᠲᠡᠷᠵᠢᠭᠦᠯᠦᠨ᠎ᠡ》

    ᠮᠠ ᠳ᠋ᠢᠶᠠᠨ ᠹᠧᠩ ᠥᠪᠡᠷ ᠦᠨ ᠪᠡᠶ᠎ᠡ ᠪᠡᠨ ᠴᠢᠩᠭ᠎ᠠ ᠱᠠᠭᠠᠷᠳᠠᠵᠤ ᠂ ᠵᠠᠷᠢᠮ ᠳᠤ ᠪᠠᠨ ᠡᠮ ᠶᠡᠭᠦᠯᠡᠵᠤ ᠪᠠᠶᠢᠭᠠᠳ ᠳᠦ ᠴᠦ ᠭᠡᠰᠡᠨ ᠪᠠᠶᠢᠭᠤᠯᠭ᠎ᠠ ᠳᠤ ᠢᠷᠡᠵᠤ ᠠᠵᠢᠯ ᠳᠤ ᠪᠠᠨ ᠭᠠᠷᠳᠠᠭ ᠂   ᠲᠡᠷᠡ ᠤᠳᠠᠭᠠᠨ ᠵᠢᠯ ᠦᠨ ᠵᠢᠷᠦᠭᠡᠨ ᠡᠪᠡᠳᠴᠢᠨ ᠲᠠᠢ ᠪᠠᠶᠢᠵᠤ ᠂ ᠡᠪᠡᠳᠴᠢᠨ ᠨᠢ ᠬᠦᠳᠡᠯᠪᠡᠯ ᠪᠡᠶ᠎ᠡ ᠨᠢ ᠶᠡᠬᠡ ᠵᠣᠪᠠᠵᠤ᠂ ᠬᠠᠮᠲᠤ ᠠᠵᠢᠯᠲᠠᠳ ᠨᠢ ᠡᠮᠨᠡᠯᠭᠡ ᠳᠦ ᠶᠠᠪᠤᠬᠤ ᠶᠢ ᠰᠠᠨᠠᠭᠤᠯᠤᠭᠰᠠᠨ ᠴᠦ ᠲᠡᠷᠡ ᠬᠠᠶᠢᠬᠤᠷᠤᠯ ᠦᠭᠡᠢ ᠵᠦᠪᠬᠡᠨ ᠪᠠᠶᠢᠭᠤᠯᠭ᠎ᠠ ᠶᠢᠨ ᠡᠰᠡᠷᠭᠦ ᠲᠠᠯ᠎ᠠ ᠶᠢᠨ ᠡᠭᠦᠳᠡᠨ ᠡᠮᠨᠡᠯᠭᠡ ᠡᠴᠡ ᠪᠠᠭ᠎ᠠ ᠰᠠᠭ᠎ᠠ ᠡᠮ ᠠᠪᠤᠭᠠᠳ ᠦᠷᠭᠦᠯᠵᠢᠯᠡᠨ ᠠᠵᠢᠯᠯᠠᠳᠠᠭ ᠃

    ᠮᠠ ᠳ᠋ᠢᠶᠠᠨ ᠹᠧᠩ ᠪᠤᠯ ᠨᠢᠭᠡᠨ ᠪᠦᠬᠦ ᠰᠡᠳᠬᠢᠯ ᠪᠦᠬᠦ ᠵᠤᠷᠢᠭ ᠢᠶᠠᠷ ᠠᠵᠢᠯ ᠳᠤ ᠪᠠᠨ ᠰᠢᠮᠳᠠᠳᠠᠭ ᠂ ᠤᠯᠠᠨ ᠲᠦᠮᠡᠨ ᠦ ᠰᠡᠳᠬᠢᠯ   ᠢ ᠤᠯᠤᠭᠰᠠᠨ ᠰᠢᠯᠢᠳᠡᠭ ᠪᠠᠶᠢᠴᠠᠭᠠᠬᠤ ᠳᠤᠰᠢᠶᠠᠯᠲᠠᠨ ᠮᠦᠨ ᠃

222.jpg


ᠢᠷᠡᠯᠲᠡ
ᠪᠠᠭᠠᠷᠢᠨ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠬᠠᠰᠨᠠᠪᠴᠢ ᠬᠠᠩᠭᠠᠪᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro