ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠤᠯᠠᠭᠠᠨ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ

2016-06-02 15:28:50
ᠵᠣᠬᠢᠶᠠᠭᠴᠢ

    ᠵᠠᠷᠢᠮ ᠬᠦᠮᠦᠨ ᠦ ᠬᠡᠯᠡᠬᠦ ᠪᠡᠷ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠬᠤ ᠠᠵᠢᠯ ᠤᠨ ᠬᠦᠷᠢᠶ᠎ᠡ ᠬᠡᠪᠴᠢᠶ᠎ᠡ ᠥᠷᠭᠡᠨ ᠂ ᠲᠤᠰᠬᠠᠢ ᠮᠡᠷᠭᠡᠵᠢᠯ ᠦᠨ ᠥᠨᠳᠦᠷ ᠬᠢᠷᠢ ᠲᠥᠪᠰᠢᠨ ᠱᠠᠭᠠᠷᠳᠠᠭᠳᠠᠨ᠎ᠠ ᠭᠡᠨ᠎ᠡ᠃ ᠭᠡᠬᠦ ᠳᠦ ᠥᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠬᠤ ᠭᠠᠵᠠᠷ ᠤᠨ ᠲᠤᠰᠠᠯᠠᠨ ᠪᠠᠶᠢᠴᠠᠭᠠᠭᠴᠢ ᠤᠯᠠᠭᠠᠨ ᠤ ᠦᠵᠡᠬᠦ ᠪᠡᠷ ᠲᠤᠰᠬᠠᠢ ᠮᠡᠷᠭᠡᠵᠢᠯ ᠪᠠ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠴᠢᠬᠤᠯᠠ ᠴᠦ 《 ᠠᠷᠠᠳ ᠤᠨ ᠰᠡᠳᠬᠢᠯ》 ᠢᠶᠡᠷ ᠬᠠᠤᠯᠢ  ᠬᠡᠷᠡᠭᠵᠢᠭᠦᠯᠵᠦ ᠬᠡᠷᠡᠭ ᠰᠢᠳᠬᠡᠬᠦ   ᠪᠡᠷ ᠭᠤᠤᠯᠳᠠᠯᠭ᠎ᠠ ᠪᠠᠨ ᠪᠤᠯᠭᠠᠬᠤ ᠂ ᠡᠷᠬᠡ ᠲᠡᠭᠰᠢ ᠲᠥᠪ ᠭᠤᠤᠯᠴᠢ   ᠶᠢ  ᠪᠤᠳᠠᠲᠠᠢ ᠦᠢᠯᠡ ᠠᠵᠢᠯᠯᠠᠭ᠎ᠠ ᠪᠠᠷ  ᠤᠴᠢᠵᠤ ᠪᠡᠶᠡᠯᠡᠭᠦᠯᠬᠦ ᠨᠢ ᠰᠠᠶ᠋ᠢ ᠬᠠᠮᠤᠭ ᠤᠨ ᠴᠢᠬᠤᠯᠠ ᠪᠠᠶᠢᠳᠠᠭ ᠃

    ᠢᠷᠭᠡᠨ ᠦ ᠪᠠ ᠵᠠᠰᠠᠭ ᠵᠠᠬᠢᠷᠭᠠᠨ  ᠤ ᠬᠡᠷᠡᠭ ᠢ ᠪᠠᠶᠢᠴᠠᠭᠠᠬᠤ ᠠᠵᠢᠯ ᠨᠢ ᠪᠠᠶᠢᠴᠠᠭᠠᠬᠤ ᠪᠠᠶᠢᠭᠤᠯᠭ᠎ᠠ ᠶᠢᠨ ᠥᠷᠭᠡᠨ ᠤᠯᠠᠨ ᠠᠷᠠᠳ ᠲᠦᠮᠡᠨ ᠲᠠᠢ ᠰᠢᠭᠤᠳ ᠨᠢᠭᠤᠷᠳᠠᠬᠤ ᠴᠤᠩᠬᠤ ᠪᠠᠶᠢᠵᠤ ᠂ ᠬᠡᠷᠡᠭ ᠪᠤᠯᠭᠠᠨ ᠨᠢ ᠤᠯᠠᠨ ᠲᠦᠮᠡᠨ ᠦ ᠬᠠᠤᠯᠢ ᠶᠢᠨ ᠡᠷᠬᠡ ᠠᠰᠢᠭ ᠲᠠᠢ ᠰᠢᠭᠤᠳ ᠬᠤᠯᠪᠤᠭᠳᠠᠵᠤ ᠪᠤᠢ ᠃ ᠤᠯᠠᠭᠠᠨ ᠤ ᠰᠢᠢᠳᠪᠦᠷᠢᠯᠡᠭᠰᠡᠨ ᠬᠡᠷᠡᠭ ᠲᠦ ᠭᠠᠵᠠᠷ ᠰᠢᠷᠤᠢ ᠶᠢ ᠳᠠᠭᠠᠴᠢᠯᠠᠭᠰᠠᠨ ᠂ ᠪᠡᠯᠴᠢᠭᠡᠷ ᠢ ᠳᠠᠭᠠᠭᠠᠴᠢᠯᠠᠭᠰᠠᠨ᠂ ᠭᠡᠷ  ᠪᠠᠶᠢᠰᠢᠩ  ᠢ ᠨᠤᠷᠠᠭᠠᠨ ᠨᠡᠭᠦᠯᠭᠡᠭᠰᠡᠨ ᠵᠡᠷᠭᠡ ᠢᠷᠭᠡᠨ ᠦ ᠬᠡᠷᠡᠭ ᠦᠨ ᠳᠤᠮᠳᠠ ᠂ ᠤᠯᠠᠩᠬᠢ ᠬᠡᠷᠡᠭ ᠦᠨ ᠬᠡᠷᠡᠭ ᠲᠦ ᠬᠤᠯᠪᠤᠭᠳᠠᠬᠤ ᠮᠥᠩᠭᠦ ᠲᠡᠶᠢᠮᠦ ᠶᠡᠬᠡ ᠪᠢᠰᠢ  ᠴᠦ ᠬᠡᠷᠡᠭ ᠦᠨ ᠲᠤᠬᠠᠢ ᠶᠢᠨ ᠬᠦᠮᠦᠨ ᠳᠦ ᠠᠪᠴᠦ ᠬᠡᠯᠡᠪᠡᠯ ᠭᠠᠵᠠᠷ ᠰᠢᠷᠤᠢ ᠂  ᠨᠤᠲᠤᠭ ᠪᠡᠯᠴᠢᠭᠡᠷ ᠂ ᠭᠡᠷ  ᠪᠠᠶᠢᠰᠢᠩ ᠨᠢ ᠲᠡᠳᠡᠨ ᠦ ᠤᠷᠤᠰᠢᠨ ᠳᠤᠭᠲᠠᠨᠢᠬᠤ ᠶᠢᠨ ᠦᠨᠳᠦᠰᠦ ᠰᠠᠭᠤᠷᠢ ᠂ ᠬᠡᠷᠡᠭ ᠦᠨ ᠦᠷ᠎ᠡ ᠳ᠋ᠦᠩ ᠨᠢ ᠲᠤᠬᠠᠢ ᠶᠢᠨ ᠬᠦᠮᠦᠨ ᠲᠡᠷᠡᠴᠢᠯᠡᠨ ᠪᠦᠬᠦᠶᠢᠯᠡ ᠭᠡᠷ ᠪᠦᠯᠢ ᠶᠢᠨ ᠠᠰᠢᠭ ᠲᠤᠰᠠ ᠲᠠᠢ ᠰᠢᠭᠤᠳ ᠬᠤᠯᠪᠤᠭᠳᠠᠨ᠎ᠠ ᠃

    2014 ᠣᠨ ᠳᠤ ᠂  ᠲᠡᠷᠡ  ᠪᠠᠶᠢᠴᠠᠭᠠᠬᠤ  ᠪᠠᠶᠢᠭᠤᠯᠭ᠎ᠠ  ᠳᠤ ᠡᠰᠡᠷᠭᠦᠴᠡᠨ ᠵᠠᠭᠠᠯᠳᠤᠭᠰᠠᠨ ᠭᠠᠵᠠᠷ ᠰᠢᠷᠤᠢ ᠶᠢᠨ ᠵᠠᠰᠠᠭ ᠵᠠᠬᠢᠷᠭᠠᠨ ᠤ 22 ᠬᠡᠷᠡᠭ  ᠢ ᠡᠪᠰᠡᠭᠦᠯᠵᠦ ᠂ ᠤᠯᠠᠨ ᠲᠦᠮᠡᠨ ᠦ ᠮᠠᠭᠲᠠᠭᠠᠯ ᠰᠠᠶᠢᠰᠢᠶᠠᠯ ᠢ  ᠣᠯᠵᠤ ᠂ ᠭᠤᠮᠤᠳᠠᠯ ᠵᠠᠭᠠᠯᠳᠤᠯᠭ᠎ᠠ ᠶᠢᠨ ᠲᠥᠯᠦᠭᠡᠯᠡᠭᠴᠢ ᠠᠴᠠ ᠬᠡᠮᠡᠷᠯᠢᠭ ᠲᠤᠭ ᠢ ᠪᠠᠶᠢᠴᠠᠭᠠᠬᠤ ᠪᠠᠶᠢᠭᠤᠯᠭ᠎ᠠ ᠳᠤ ᠬᠦᠷᠭᠡᠵᠦ ᠲᠠᠯᠠᠷᠬᠠᠯ ᠤᠨ ᠰᠡᠳᠬᠢᠯ ᠢᠶᠡᠨ ᠢᠯᠡᠳᠬᠡᠭᠰᠡᠨ ᠪᠠᠶᠢᠨ᠎ᠠ ᠃ 2014 ᠣᠨ ᠤ ᠪᠦᠬᠦ ᠤᠷᠤᠨ ᠤ ᠠᠩᠬᠠᠳᠠᠭᠴᠢ ᠪᠠᠶᠢᠴᠠᠭᠠᠬᠤ ᠪᠠᠶᠢᠭᠤᠯᠭ᠎ᠠ ᠶᠢᠨ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠦᠨ ᠲᠤᠬᠠᠶᠢᠯᠠᠭᠰᠠᠨ ᠠᠵᠢᠯ ᠤᠨ ᠤᠷᠤᠯᠳᠤᠭᠠᠨ ᠤ ᠳᠤᠮᠳᠠ ᠂ ᠤᠯᠠᠭᠠᠨ《 ᠪᠦᠬᠦ ᠤᠷᠤᠨ ᠤ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠦᠨ ᠪᠠᠶᠢᠴᠠᠭᠠᠬᠤ ᠠᠵᠢᠯ ᠤᠨ ᠳᠠᠭᠤᠷᠢᠶᠠᠯ》 ᠢᠶᠠᠷ ᠦᠨᠡᠯᠡᠭᠳᠡᠵᠡᠢ ᠃

    ᠤᠯᠠᠭᠠᠨ ᠢᠷᠭᠡᠨ ᠦ ᠪᠠ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠬᠤ ᠠᠵᠢᠯ ᠢ ᠬᠠᠶᠢᠷᠠᠯᠠᠵᠤ ᠂ ᠢᠷᠭᠡᠨ ᠪᠠ ᠵᠠᠰᠠᠭ ᠵᠠᠬᠢᠷᠭᠠᠨ ᠤ  ᠲᠤᠬᠠᠶᠢᠯᠠᠭᠰᠠᠨ ᠠᠵᠢᠯ ᠤᠨ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠢᠳᠡᠪᠬᠢᠲᠠᠢ ᠰᠤᠳᠤᠯᠵᠤ᠂ ᠲᠤᠬᠠᠶᠢᠯᠠᠭᠰᠠᠨ ᠠᠵᠢᠯ ᠳᠤ ᠪᠠᠨ ᠵᠠᠳᠠᠯᠤᠯᠲᠠ ᠪᠠ ᠳ᠋ᠦᠩᠨᠡᠯᠲᠡ ᠬᠢᠵᠦ ᠂ ᠤᠨᠤᠯ ᠢᠶᠠᠷ ᠦᠵᠡᠯᠲᠡ ᠪᠡᠨ ᠲᠤᠭᠠᠴᠢᠵᠦ ᠂ ᠦᠢᠯᠡᠳᠦᠯᠭᠡ ᠶᠢᠨ ᠬᠠᠷᠠᠭᠠᠰᠤ ᠠᠴᠠ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠵᠠᠢ ᠃ ᠬᠡᠳᠦᠨ ᠵᠢᠯ ᠦᠨ ᠲᠤᠷᠰᠢ《 ᠠᠷᠠᠳ ᠤᠨ ᠪᠠᠶᠢᠴᠠᠭᠠᠬᠤ 》᠂《 ᠴᠢᠶᠠᠨ ᠶᠠᠨ》 ᠂《 ᠬᠠᠤᠯᠢ ᠳᠦᠷᠢᠮ ᠪᠠ ᠨᠡᠶᠢᠭᠡᠮ》 ᠂《 ᠪᠠᠶᠢᠴᠠᠭᠠᠬᠤ ᠤᠨᠤᠯ ᠪᠠ ᠦᠢᠯᠡᠳᠦᠯᠭᠡ》 ᠂《 ᠳᠤᠮᠳᠠᠳᠦ ᠤᠯᠤᠰ ᠤᠨ ᠪᠠᠶᠢᠴᠠᠭᠠᠬᠤ ᠳᠤᠰᠢᠶᠠᠯᠲᠠᠨ》 ᠵᠡᠷᠭᠡ ᠪᠦᠬᠦ ᠤᠯᠤᠰ ᠤᠨ ᠴᠢᠨᠠᠷᠲᠠᠢ ᠭᠤᠤᠯᠳᠠᠯᠭ᠎ᠠ ᠲᠠᠢ ᠰᠡᠳᠬᠦᠯ ᠳᠡᠭᠡᠷ᠎ᠡ ᠲᠤᠬᠠᠶᠢᠯᠠᠭᠰᠠᠨ ᠠᠵᠢᠯ ᠤᠨ ᠦᠭᠦᠯᠡᠯ ᠢᠶᠠᠨ ᠠᠷᠪᠠ ᠭᠠᠷᠤᠢ ᠨᠡᠶᠢᠲᠡᠯᠡᠪᠡ ᠃ ᠲᠡᠭᠦᠨ ᠦ ᠪᠢᠴᠢᠭᠰᠡᠨ ᠦᠭᠦᠯᠡᠯ ᠨᠢ《 ᠪᠥᠸᠧᠬᠠᠢ ᠤᠷᠤᠨ ᠤ ᠬᠠᠤᠯᠢ ᠪᠠᠷ ᠵᠠᠰᠠᠬᠤ ᠦᠭᠦᠯᠡᠯ ᠦᠨ ᠲᠠᠪᠴᠠᠩ》 ᠤᠨ ᠬᠤᠶᠠᠳᠤᠭᠠᠷ ᠳᠡᠰ ᠦᠨ ᠱᠠᠩᠨᠠᠯ ᠬᠦᠷᠲᠡᠵᠦ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠂ ᠥᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ  ᠢᠷᠭᠡᠨ ᠦ ᠪᠠ ᠵᠠᠰᠠᠭ ᠵᠠᠬᠢᠷᠭᠠᠨ  ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠤᠯᠠᠨ ᠲᠥᠷᠦᠯ ᠦᠨ ᠰᠤᠳᠤᠯᠭᠠᠨ ᠤ ᠰᠡᠳᠦᠪ ᠢ ᠪᠡᠶᠡᠯᠡᠭᠦᠯᠦᠭᠰᠡᠨ ᠪᠠᠶᠢᠨ᠎ᠠ ᠃


ᠢᠷᠡᠯᠲᠡ
ᠪᠠᠭᠠᠷᠢᠨ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠬᠠᠰᠨᠠᠪᠴᠢ ᠬᠠᠩᠭᠠᠪᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro