ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠪᠥᠬᠥ ᠤᠯᠤᠰ ᠤᠨ ᠬᠠᠮᠤᠭ ᠤᠨ ᠵᠠᠯᠠᠭᠤ ᠵᠢᠱᠢᠶᠡᠴᠢ ᠪᠠᠶᠢᠴᠠᠭᠠᠬᠤ ᠲᠤᠰᠢᠶᠠᠯᠲᠠᠨ ᠪᠠᠶ ᠵᠢᠩ ᠄ ᠣᠯᠠᠨ ᠨᠡᠶᠢᠲᠡ ᠶᠢᠨ ᠠᠰᠢᠭ ᠲᠤᠰᠠ ᠶᠢ ᠲᠥᠯᠥᠭᠡᠯᠡᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠨ᠎ᠡ

2020-06-28 17:43:08
ᠵᠣᠬᠢᠶᠠᠭᠴᠢ
ᠭᠡᠭᠡᠷᠡᠯ

ᠪᠠᠶᠢᠴᠠᠭᠠᠬᠤ ᠲᠤᠰᠢᠶᠠᠯᠲᠠᠨ ᠤᠯᠤᠰ ᠢ ᠲᠥᠯᠥᠭᠡᠯᠡᠨ ᠠᠯᠪᠠᠨ ᠵᠠᠭᠠᠯᠳᠤᠯᠭ᠎ᠠ ᠭᠠᠷᠭᠠᠵᠤ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠭᠡᠵᠦ ᠂ ᠬᠠᠸᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠵᠤ᠂ ᠲᠥᠪ ᠭᠣᠸᠯᠴᠢ ᠰᠢᠳᠤᠷᠭᠤ ᠶᠣᠰᠣ ᠶᠢ ᠬᠠᠮᠠᠭᠠᠯᠠᠬᠤ ᠲᠦᠷᠢ ᠲᠦᠷᠬᠦ  ᠶᠢ ᠡᠭᠦᠷᠭᠡᠯᠡᠵᠦ ᠪᠠᠶᠢᠨ᠎ᠠ᠃ ᠬᠥᠬᠡᠬᠣᠲᠠ ᠶᠢᠨ ᠪᠠᠶᠢᠴᠠᠭᠠᠬᠤ ᠲᠤᠰᠢᠶᠠᠯᠲᠠᠨ ᠤ ᠡᠩᠨᠡᠭᠡᠨ ᠳᠦ ᠡᠶᠢᠮᠦ ᠨᠢᠭᠡᠨ ᠡᠮᠡᠭᠲᠡᠶ ᠪᠠᠶᠢᠴᠠᠭᠠᠬᠤ ᠲᠤᠰᠢᠶᠠᠯᠲᠠᠨ ᠪᠠᠶᠢᠨ᠎ᠠ ᠂ ᠤᠴᠢᠷ ᠶᠠᠪᠤᠳᠠᠯ ᠬᠢᠬᠦ ᠳᠡᠭᠡᠨ ᠬᠠᠰᠢᠷ ᠂ ᠳᠠᠷᠤᠤ ᠬᠢᠴᠢᠶᠡᠩᠭᠦᠶ ᠂ ᠨᠢᠭᠤᠷ ᠳᠡᠭᠡᠷ᠎ᠡ ᠨᠢ ᠢᠮᠠᠭᠲᠠ ᠠᠨᠴᠢᠯ ᠮᠡᠲᠦ ᠢᠨᠢᠶᠡᠮᠰᠦᠭᠯᠡᠯ ᠲᠣᠳᠣᠷᠠᠵᠤ ᠪᠠᠶᠳᠠᠭ ᠃ ᠲᠡᠷᠡ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠵᠢᠱᠢᠶ᠎ᠡ ᠂ ᠪᠦᠬᠦ ᠤᠯᠤᠰ ᠦᠨ ᠬᠣᠶᠠᠳᠤᠭᠠᠷ ᠵᠢᠱᠢᠶ᠎ᠡ ᠪᠤᠯᠬᠤ ᠪᠠᠶᠢᠴᠠᠭᠠᠬᠤ ᠪᠠᠶᠢᠭᠤᠯᠭ᠎ᠠ ᠶᠢᠨ ᠳᠤᠷᠠᠳᠤᠭᠰᠠᠨ ᠵᠠᠰᠠᠭ ᠵᠠᠬᠢᠷᠭᠠᠨ ᠤ ᠳᠠᠭᠠᠯᠳᠤᠭᠰᠠᠨ ᠢᠷᠭᠡᠨ ᠦ ᠬᠡᠷᠡᠭ ᠦᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠰᠢᠬᠦᠯᠲᠡ  ᠳᠦ ᠤᠷᠤᠯᠴᠠᠵᠤ ᠰᠢᠭᠦᠨ ᠰᠢᠢᠳᠪᠦᠷᠢᠯᠡᠭᠰᠡᠨ   ᠢᠶᠡᠷ  ᠪᠠᠷᠠᠬᠤ ᠦᠭᠡᠢ ᠂ ᠲᠦᠷᠦᠭᠦᠬᠡᠨ 《 ᠪᠦᠬᠦ ᠤᠯᠤᠰ  ᠦᠨ  ᠵᠢᠱᠢᠶᠡᠴᠢ ᠪᠠᠶᠢᠴᠠᠭᠠᠬᠤ ᠲᠤᠰᠢᠶᠠᠯᠲᠠᠨ 》 ᠦ ᠴᠣᠯᠠ ᠬᠦᠷᠲᠡᠵᠦ ᠂ ᠲᠡᠷᠡ ᠪᠣᠯ ᠳᠠᠷᠤᠶ ᠬᠥᠬᠡᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠢᠷᠭᠡᠨ ᠦ ᠬᠡᠷᠡᠭ ᠵᠠᠰᠠᠭ ᠵᠠᠬᠢᠷᠭᠠᠨ ᠤ ᠪᠠᠶᠢᠴᠠᠭᠠᠬᠤ ᠭᠠᠵᠠᠷ ᠤᠨ ᠳᠡᠳ᠋ ᠭᠠᠵᠠᠷ ᠤᠨ ᠳᠠᠷᠤᠭ᠎ᠠ ᠪᠠᠶ ᠵᠢᠩ ᠪᠤᠯᠤᠨ᠎ᠠ ᠂ ᠠᠵᠢᠯ ᠳᠤ ᠣᠷᠣᠯᠴᠠᠭᠰᠠᠨ 8 ᠵᠢᠯ ᠦᠨ ᠲᠤᠷᠰᠢ ᠂ ᠲᠠᠷᠡ ᠢᠮᠠᠭᠲᠠ ᠴᠢᠩᠭ᠎ᠠ ᠨᠢᠮᠪᠠᠶ ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠬᠡᠷᠡᠭ ᠰᠢᠶᠳᠪᠦᠷᠢᠯᠡᠬᠦ ᠨᠢᠭᠡᠳᠦᠭᠡᠷ ᠹᠷᠣᠨᠲ᠋ ᠢ ᠪᠠᠲᠤ ᠰᠠᠬᠢᠵᠤ ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠴᠠᠭᠠᠬᠤ ᠺᠠᠳ᠋ᠷ ᠴᠠᠭᠳᠠᠭ᠎ᠠ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠪᠢᠴᠢᠭᠯᠡᠭᠰᠡᠭᠡᠷ ᠢᠷᠡᠪᠡ ᠃


20190120213849gI46.jpg


ᠬᠠᠮᠤᠭ ᠤᠨ ᠵᠠᠯᠠᠭᠤ 《 ᠪᠦᠬᠦ ᠤᠯᠤᠰ  ᠦᠨ ᠵᠢᠱᠢᠶᠡᠴᠢ ᠪᠠᠶᠢᠴᠠᠭᠠᠬᠤ ᠲᠤᠰᠢᠶᠠᠯᠲᠠᠨ 》

1 ᠰᠠᠷ᠎ᠠ ᠶᠢᠨ 21 ᠦ ᠡᠳᠦᠷ ᠂ ᠲᠣᠭ᠎ᠠ ᠲᠣᠮᠰᠢ ᠦᠭᠡᠢ ᠣᠯᠠᠨ ᠥᠷᠯᠥᠭᠡ ᠰᠢᠭ ᠂ ᠲᠥᠪᠡᠳ ᠬᠥᠬᠡ ᠥᠩᠭᠡᠲᠡᠶ ᠪᠠᠶᠢᠴᠠᠭᠠᠬᠤ ᠬᠤᠪᠴᠠᠰᠤ ᠡᠮᠦᠰᠦᠭᠰᠡᠨ ᠪᠠᠶ ᠵᠢᠩ ᠬᠥᠬᠡᠬᠣᠲᠠ  ᠶᠢᠨ ᠠᠷᠠᠳ  ᠤᠨ ᠪᠠᠶᠢᠴᠠᠭᠠᠬᠤ ᠬᠣᠷᠢᠶ᠎ᠠ  ᠳᠤ ᠠᠯᠬᠤᠨ ᠣᠷᠣᠵᠤ ᠂ ᠲᠠᠳᠬᠠᠯ ᠶᠤᠰᠤᠭᠠᠷ ᠠᠰᠠᠷ  ᠤᠨ ᠳᠣᠸᠷ᠎ᠠ ᠵᠣᠭᠰᠣᠵᠤ ᠂ ᠤᠯᠤᠰ  ᠤᠨ ᠰᠦᠯᠳᠡ  ᠶᠢ ᠬᠡᠳᠦᠨ ᠰᠧᠺᠥ᠋ᠨ᠋ᠲ᠋  ᠰᠢᠷᠲᠡᠭᠰᠡᠨ  ᠦ ᠳᠠᠷᠠᠭ᠎ᠠ ᠨᠢ ᠰᠠᠶ᠋ᠢ ᠠᠰᠠᠷ ᠲᠤ ᠣᠷᠣᠵᠤ ᠂ ᠶᠠᠭᠠᠷᠠᠯᠲᠠᠢ ᠨᠢᠭᠡᠨ ᠡᠲᠦᠷ  ᠢᠶᠡᠨ ᠡᠬᠢᠯᠡᠭᠦᠯᠵᠡᠢ ᠃

《 ᠪᠢ ᠪᠣᠯ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ  ᠪᠠᠶᠢᠴᠠᠭᠠᠬᠤ ᠲᠤᠰᠢᠶᠠᠯᠲᠠᠨ ᠮᠥᠨ ᠃ ᠪᠢ ᠲᠠᠩᠭᠠᠷᠢᠭᠯᠠᠶ᠎ᠠ ᠄ ᠤᠯᠤᠰ ᠣᠷᠣᠨ ᠳᠠᠭᠠᠨ ᠦᠨᠡᠨᠴᠢ ᠰᠢᠳᠤᠷᠭᠤ ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠂ ᠦᠨᠳᠦᠰᠦᠨ ᠬᠠᠸᠯᠢ ᠪᠠ ᠬᠠᠸᠯᠢ ᠴᠠᠭᠠᠵᠠ ᠳᠤ ᠦᠨᠡᠨᠴᠢ ᠰᠢᠳᠤᠷᠭᠤ ᠪᠠᠶᠢᠵᠤ ᠂ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠶᠴᠡᠳᠬᠡᠵᠦ ᠂ ᠪᠠᠶᠢᠴᠠᠭᠠᠬᠤ ᠠᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠰᠠᠬᠢᠵᠤ᠂ ᠲᠥᠪ ᠭᠣᠸᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠠᠸᠯᠢ ᠳᠦᠷᠢᠮ ᠦᠨ ᠨᠢᠭᠡᠳᠦᠯ ᠢ ᠬᠠᠮᠠᠭᠠᠯᠠᠪᠠ᠃ ᠲᠠᠩᠭᠠᠷᠢᠭᠯᠠᠭᠴᠢ ᠄ ᠪᠠᠶ ᠵᠢᠩ ᠃ 》ᠠᠵᠢᠯ ᠡᠷᠬᠢᠯᠡᠭᠰᠡᠨ 8 ᠵᠢᠯ ᠦᠨ ᠲᠤᠷᠰᠢ ᠂ ᠪᠠᠶᠢᠴᠠᠭᠠᠬᠤ ᠲᠤᠰᠢᠶᠠᠯᠲᠠᠨ ᠪᠣᠯᠬᠤ ᠣᠢᠶ᠎ᠠ ᠳᠤ ᠤᠯᠤᠰ  ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠭᠰᠠᠨ ᠪᠠᠶᠢᠲᠠᠯ ᠢ ᠪᠠᠶ ᠵᠢᠩ ᠮᠥᠨ ᠯᠡ ᠲᠣᠪ ᠲᠣᠳᠣᠷᠬᠠᠶ ᠴᠡᠭᠡᠵᠢᠯᠡᠵᠦ ᠂ ᠡᠨᠡ ᠬᠦ ᠴᠠᠭ ᠮᠥᠴᠡ  ᠶᠢᠨ ᠰᠡᠳᠬᠢᠯ ᠲᠤᠯᠭᠢᠰᠤᠯ ᠪᠠ ᠲᠤᠭᠲᠤᠯᠠᠯ ᠨᠢ ᠲᠡᠭᠦᠨ ᠦ ᠬᠣᠵᠢᠮ ᠤᠨ ᠠᠵᠢᠯ ᠤᠨ ᠬᠢᠵᠠᠭᠠᠷ ᠦᠭᠡᠢ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ ᠃

2018 ᠣᠨ ᠤ 11 ᠰᠠᠷ᠎ᠠ ᠶᠢᠨ ᠰᠡᠭᠦᠯᠴᠢ ᠪᠡᠷ ᠂ ᠪᠠᠢ ᠵᠢᠩ ᠬᠠᠮᠤᠭ ᠤᠨ ᠵᠠᠯᠠᠭᠤ ᠨᠠᠶᠠᠭᠠᠳ ᠣᠨ ᠠᠴᠠ ᠬᠣᠶᠢᠰᠢᠬᠢ 《 ᠪᠦᠬᠦ ᠤᠯᠤᠰ  ᠦᠨ  ᠵᠢᠱᠢᠶᠡᠴᠢ ᠪᠠᠶᠢᠴᠠᠭᠠᠬᠤ ᠲᠤᠰᠢᠶᠠᠯᠲᠠᠨ 》ᠪᠣᠯᠤᠭᠰᠠᠨ ᠤ ᠬᠤᠪᠢ ᠳᠤ᠂ ᠪᠡᠭᠡᠵᠢᠩ ᠳᠦ ᠬᠥᠬᠢᠭᠦᠯᠦᠯ ᠬᠦᠷᠳᠡᠪᠡ᠃ ᠲᠡᠷᠡ ᠥᠪᠡᠷ ᠢ ᠪᠡᠨ ᠥᠨᠥᠳᠦᠷ ᠦᠨ ᠬᠢᠷᠢ ᠪᠦᠲᠦᠮᠵᠢ  ᠶᠢ ᠤᠯᠤᠭᠰᠠᠨ ᠨᠢ ᠥᠪᠡᠷ ᠦᠨ ᠴᠢᠷᠮᠠᠶᠢᠯᠭ᠎ᠠ ᠠᠴᠠ ᠪᠠᠨ ᠭᠠᠳᠠᠨ᠎ᠠ ᠂ ᠨᠠᠩ ᠴᠤ ᠬᠠᠮᠲᠤ ᠠᠵᠢᠯᠲᠠᠨ ᠪᠠ ᠤᠳᠤᠷᠢᠳᠤᠯᠭ᠎ᠠ ᠶᠢᠨ ᠬᠠᠪᠰᠤᠷᠤᠯᠭ᠎ᠠ  ᠠᠴᠠ ᠰᠠᠯᠵᠤ ᠴᠢᠳᠠᠬᠤ ᠦᠭᠡᠢ ᠭᠡᠵᠦ ᠪᠠᠲᠤ ᠢᠲᠡᠭᠡᠵᠦ ᠪᠠᠶᠢᠲᠠᠭ ᠃ ᠬᠠᠰᠢᠷ ᠭᠠᠷᠮᠠᠭᠠᠢ ᠂ ᠰᠤᠲᠤ ᠮᠡᠷᠭᠡᠨ ᠂ ᠢᠨᠢᠶᠡᠬᠦ ᠳᠦ ᠬᠠᠴᠠᠷ ᠳᠡᠭᠡᠷ᠎ᠡ ᠨᠢ ᠬᠣᠶᠠᠷ ᠭᠦᠨ ᠬᠣᠩᠬᠣᠷ ᠲᠠᠢ ᠂ ᠡᠨᠡ ᠪᠣᠯ ᠪᠠᠢ ᠵᠢᠩ ᠦᠨ ᠰᠤᠷᠪᠤᠯᠵᠢᠯᠠᠭᠴᠢ ᠳᠤ ᠥᠭᠭᠦᠭᠰᠡᠨ ᠠᠩᠬᠠᠨ ᠤ ᠰᠠᠭᠤᠭᠳᠠᠯ ᠪᠣᠯᠤᠨ᠎ᠠ ᠃ 《 ᠪᠢ ᠪᠠᠶᠢᠴᠠᠭᠠᠬᠤ ᠰᠢᠰᠲ᠋ᠧᠮ ᠳᠦ ᠠᠩᠬ᠎ᠠ ᠣᠷᠣᠬᠤ ᠣᠢᠶ᠎ᠠ ᠳᠤ ᠂ ᠬᠦᠰᠡᠯᠡᠩ ᠨᠠᠳᠠ ᠲᠠᠶ ᠬᠡᠳᠦᠢ ᠬᠣᠯᠠ ᠪᠠᠶᠢᠬᠤ  ᠶᠢ ᠪᠢ ᠮᠡᠳᠡᠬᠦ ᠦᠭᠡᠢ ᠃ ᠭᠡᠪᠡᠴᠦ ᠨᠡᠢᠢᠲᠡ ᠶᠢᠨ ᠠᠰᠢᠭᠲᠤ ᠵᠠᠷᠭᠤ ᠬᠢᠬᠦ ᠶᠠᠪᠤᠴᠠ ᠳᠤ ᠂ ᠪᠢᠲᠡᠨ  ᠦ ᠨᠠᠷᠢᠨ ᠪᠤᠲᠤᠯᠢᠶᠠᠨᠲᠠᠢ ᠂ ᠬᠠᠲᠠᠭᠤᠵᠢᠯᠲᠠᠢ ᠠᠵᠢᠯ  ᠢᠶᠠᠷ ᠲᠠᠮᠵᠢᠨ ᠂ ᠣᠯᠠᠨ ᠨᠡᠶᠢᠲᠡ  ᠶᠢᠨ ᠠᠰᠢᠭ ᠲᠤᠰᠠ  ᠳᠤ ᠬᠣᠯᠪᠣᠭᠳᠠᠭᠰᠠᠨ ᠬᠦᠴᠢᠷ ᠠᠰᠠᠭᠤᠳᠠᠯ ᠰᠢᠶᠳᠪᠦᠷᠢᠯᠡᠭᠳᠡᠬᠦ  ᠶᠢ ᠤᠯᠵᠤ ᠦᠵᠡᠬᠦ ᠪᠦᠷᠢ ᠂ ᠪᠢᠲᠡᠨ  ᠳᠦ ᠲᠤᠶᠢᠯ  ᠦᠨ ᠶᠡᠬᠡ ᠠᠮᠵᠢᠯᠲᠠ ᠣᠯᠤᠭᠰᠠᠨ ᠲᠥᠷᠥᠭᠳᠡᠯ ᠢ ᠤᠯᠭᠤᠲᠠᠭ ᠃ ᠥᠪᠡᠷ ᠦᠨ ᠴᠢᠷᠮᠠᠶᠢᠯᠭ᠎ᠠ ᠪᠠᠷ ᠢᠶᠠᠨ ᠮᠠᠨ ᠤ ᠤᠯᠤᠰ ᠪᠠ ᠨᠡᠶᠢᠭᠡᠮ ᠢ ᠤᠯᠠᠮ ᠠᠴᠠ ᠤᠯᠠᠮ ᠰᠠᠢᠢᠨ ᠪᠣᠯᠭᠠᠵᠤ᠂ ᠮᠠᠨ ᠤ ᠠᠵᠢᠯ ᠪᠠ ᠬᠦᠰᠡᠯᠡᠩ  ᠢ ᠦᠨᠡᠨ ᠪᠣᠳᠠᠲᠠᠢ ᠬᠡᠯᠬᠢᠢ᠎ᠡ ᠲᠡᠶ ᠪᠣᠯᠭᠠᠪᠠ᠃ 》ᠪᠠᠢ ᠵᠢᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠭᠢᠵᠦ ᠬᠡᠯᠡᠪᠡ᠃

ᠵᠦᠪ ᠡᠨᠧᠷᠭᠢ ᠶᠢᠨ ᠳᠠᠭᠤᠷᠢᠶᠠᠯ

ᠬᠥᠬᠡᠬᠣᠲᠠ ᠶᠢᠨ ᠪᠠᠶᠢᠴᠠᠭᠠᠬᠤ ᠬᠣᠷᠢᠶᠠᠨ ᠤ ᠢᠷᠭᠡᠨ ᠦ ᠬᠡᠷᠡᠭ ᠵᠠᠰᠠᠭ ᠵᠠᠬᠢᠷᠭᠠᠨ ᠤ ᠪᠠᠶᠢᠴᠠᠭᠠᠬᠤ ᠭᠠᠵᠠᠷ ᠤᠨ ᠠᠯᠪᠠᠨ ᠭᠡᠷ ᠂ ᠭᠤᠷᠪᠠᠨ ᠴᠡᠪᠡᠷ ᠲᠡᠭᠰᠢ ᠠᠯᠪᠠᠨ ᠰᠢᠷᠡᠭᠡᠨ ᠳᠡᠭᠡᠷ᠎ᠡ ᠡᠮᠬᠢ ᠴᠡᠭᠴᠡ ᠲᠡᠶ ᠪᠢᠴᠢᠭ ᠮᠠᠲ᠋ᠧᠷᠢᠶᠠᠯ ᠲᠠᠯᠪᠢᠵᠤ ᠂ ᠬᠡᠳᠦᠨ ᠪᠠᠭᠴᠠ ᠰᠣᠷᠭᠣᠭ ᠴᠡᠴᠡᠭ ᠬᠠᠷᠠᠭᠠᠨ  ᠳᠦ ᠲᠤᠲᠤᠷᠠᠯ᠎ᠠ ᠃

《 ᠪᠠᠢ ᠵᠢᠩ ᠪᠣᠯ ᠮᠠᠨ ᠤ ᠳᠠᠭᠤᠷᠢᠶᠠᠯ ᠮᠥᠨ᠂ ᠲᠡᠭᠦᠨ ᠦ ᠠᠵᠢᠯ ᠦᠢᠯᠡᠰ ᠢᠶᠡᠨ ᠳᠡᠭᠡᠳᠦᠯᠡᠬᠦ ᠵᠣᠷᠢᠭ ᠰᠠᠨᠠᠭ᠎ᠠ ᠨᠢ ᠦᠷᠭᠦᠯᠵᠢ ᠨᠠᠮᠠᠶᠢ ᠨᠥᠯᠥᠭᠡᠯᠡᠳᠡᠭ ᠂ ᠵᠠᠷᠢᠮ  ᠳᠠᠭᠠᠨ ᠳᠡᠩᠳᠡᠭᠦᠦ ᠣᠯᠠᠨ ᠳᠠᠩᠰᠠ ᠡᠪᠬᠡᠮᠡᠯ ᠲᠣᠬᠢᠶᠠᠯᠳᠤᠪᠠᠯ ᠴᠠᠯᠠᠭᠠᠶᠢᠷᠠᠬᠤ ᠰᠠᠨᠠᠭ᠎ᠠ ᠲᠠᠶ ᠤᠷᠤᠪᠠᠴᠤ ᠂ ᠲᠡᠭᠦᠨ ᠦ ᠰᠡᠳᠬᠢᠯ ᠲᠠᠯᠪᠢᠵᠤ ᠪᠠᠶᠢᠭ᠎ᠠ  ᠪᠠᠶᠢᠳᠠᠯ ᠢ ᠦᠵᠡᠬᠦ ᠳᠦ ᠂ ᠪᠢ ᠵᠥᠪᠬᠡᠨ ᠨᠠᠩ ᠢᠯᠡᠭᠦᠦ ᠴᠢᠷᠮᠠᠶᠢᠪᠠᠯ ᠰᠠᠶ᠋ᠢ ᠪᠣᠯᠤᠨ᠎ᠠ ᠃ 》 ᠪᠠᠢ ᠵᠢᠩ ᠦᠨ ᠬᠠᠮᠲᠤ ᠠᠵᠢᠯᠯᠠᠭᠴᠢ ᠪᠦᠦ ᠬᠤᠸᠠᠨ ᠬᠤᠸᠠᠨ ᠢᠩᠭᠢᠵᠦ ᠦᠨᠡᠯᠡᠪᠡ᠂ ᠪᠠᠢ ᠵᠢᠩ ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ ᠢ ᠣᠯᠵᠤ ᠴᠢᠳᠠᠭᠰᠠᠨ ᠨᠢ ᠨᠡᠷ᠎ᠡ ᠨᠢᠲᠡᠷ  ᠲᠦ  ᠪᠡᠨ ᠨᠡᠶᠢᠴᠡᠵᠡᠢ ᠃

《 ᠪᠠᠢ ᠵᠢᠩ ᠦᠨ ᠲᠤᠰᠬᠠᠢ ᠮᠡᠷᠭᠡᠵᠢᠯ ᠣᠨᠴᠠ ᠮᠡᠷᠭᠡᠰᠢᠭᠰᠡᠨ᠂ ᠮᠠᠨ ᠤ ᠠᠵᠢᠯ ᠳᠤ ᠬᠣᠯᠪᠣᠭᠳᠠᠭᠰᠠᠨ ᠬᠠᠸᠯᠢ ᠵᠤᠷᠪᠤᠰ ᠨᠢᠭᠡᠪᠦᠷᠢ ᠶᠢ ᠴᠥᠮ ᠮᠠᠰᠢ ᠰᠠᠢᠢᠨ ᠣᠶᠢᠯᠠᠭᠠᠳᠠᠭ ᠪᠥᠭᠡᠳ ᠪᠣᠳᠠᠲᠤ ᠪᠠᠶᠢᠳᠠᠯ ᠤᠨ ᠳᠤᠮᠳᠠ ᠲᠠᠶᠢᠯᠪᠤᠷᠢᠯᠠᠨ ᠬᠡᠷᠡᠭᠯᠡᠵᠦ ᠪᠠᠶᠢᠭ᠎ᠠ ᠨᠢ ᠣᠨᠴᠠᠭᠠᠶ ᠠᠮᠢᠳᠤᠯᠢᠭ ᠪᠠᠶᠢᠳᠠᠭ᠃ ᠲᠡᠷᠡ ᠪᠠᠰᠠ ᠨᠢᠭᠡ ᠣᠨᠴᠠᠭᠠᠢ ᠲᠡᠪᠴᠢᠶᠡᠷᠢ ᠲᠡᠶ ᠬᠥᠮᠦᠨ ᠂ ᠤᠳᠠᠭ᠎ᠠ ᠪᠣᠯᠭᠠᠨ ᠪᠢ ᠠᠰᠠᠭᠤᠳᠠᠯ ᠲᠤᠯᠭᠠᠷᠠᠬᠤ ᠦᠶ᠎ᠡ  ᠳᠦ ᠲᠡᠷᠡ ᠪᠦᠷ ᠬᠠᠯᠠᠰᠢᠷᠠᠯ ᠦᠭᠡᠢ ᠪᠡᠷ ᠨᠠᠳᠠ ᠳᠤ ᠲᠠᠶᠢᠯᠪᠦᠷᠢᠯᠠᠵᠤ ᠥᠭᠭᠦᠨ᠎ᠡ ᠃》 ᠪᠠᠢ ᠵᠢᠩ ᠲᠡᠶ ᠬᠠᠮᠲᠤ ᠪᠠᠶᠢᠴᠠᠭᠠᠬᠤ ᠬᠣᠷᠢᠶᠠᠨ ᠳᠤ ᠢᠷᠡᠭᠰᠡᠨ ᠴᠤᠢ ᠵᠢᠶᠧ ᠬᠡᠯᠡᠪᠡ ᠃

ᠬᠠᠮᠲᠤ ᠠᠵᠢᠯᠲᠠᠳ ᠲᠡᠭᠦᠨ ᠳᠦ ᠲᠡᠭᠡᠲᠦ  ᠬᠡᠮᠵᠢᠶᠡᠨ ᠦ ᠦᠨᠡᠯᠡᠯᠲᠡ ᠥᠭᠭᠦᠭᠰᠡᠨ ᠢᠶᠡᠷ ᠪᠠᠷᠠᠬᠤ ᠦᠭᠡᠢ ᠂ ᠪᠠᠶ ᠵᠢᠩ  ᠦᠨ ᠳᠠᠷᠤᠭ᠎ᠠ ᠸᠠᠩ ᠯᠢ ᠺᠧ ᠴᠤ ᠲᠡᠭᠦᠨ  ᠢ ᠮᠠᠰᠢ ᠴᠢᠬᠤᠯᠠᠴᠢᠯᠠᠨ ᠦᠵᠡᠵᠦ ᠂ 《ᠬᠢᠬᠦ ᠲᠡᠶᠢᠯᠦᠨ᠎ᠡ ᠂ ᠴᠲᠠᠪᠤᠷᠢᠲᠠᠢ ᠂ ᠤᠲᠠᠭ᠎ᠠ ᠪᠤᠯᠭᠠᠨ  ᠤ ᠠᠵᠢᠯ  ᠢ ᠨᠠᠰᠢ ᠰᠢᠯᠢᠲᠡᠭ  ᠢᠶᠡᠷ ᠪᠡᠶᠡᠯᠡᠭᠦᠯᠲᠡᠭ ᠃》

ᠪᠠᠢ ᠵᠢᠩ ᠦᠨ 《ᠲᠠᠪᠬᠤᠷ ᠪᠠᠷᠢᠮᠵᠢᠶ᠎ᠠ 》

ᠪᠠᠢ ᠵᠢᠩ ᠦᠨ ᠨᠦᠬᠦᠷ ᠨᠢ ᠴᠡᠷᠢᠭ ᠠᠩᠭᠢ ᠳᠤ ᠠᠵᠢᠯᠯᠠᠵᠤ ᠪᠠᠶᠢᠨ᠎ᠠ᠂ ᠦᠷᠭᠦᠯᠵᠢ ᠵᠢᠵᠢᠭᠦᠷᠯᠡᠬᠦ ᠡᠭᠦᠷᠭᠡ ᠲᠡᠶ ᠂ ᠨᠢᠭᠡ ᠭᠡᠷ ᠦᠨ ᠬᠥᠮᠦᠰ ᠦᠨ ᠣᠯᠳᠠᠬᠤᠶ᠎ᠠ ᠪᠡᠷᠬᠡ ᠭᠠᠷᠠᠭ ᠤᠨ ᠰᠡᠭᠦᠯᠴᠢ   ᠶᠢᠨ ᠠᠭᠤᠯᠵᠠᠯᠲᠠ ᠨᠢ ᠦᠷᠭᠦᠯᠵᠢ ᠬᠦᠦ ᠨᠢ ᠴᠡᠷᠢᠭ ᠠᠩᠭᠢ ᠶᠢᠨ ᠶᠡᠬᠡ ᠬᠦᠷᠢᠶᠡᠨ ᠳᠦ ᠬᠦᠷᠭᠡᠭᠳᠡᠵᠦ《 ᠡᠴᠢᠭᠡ ᠬᠣᠶᠠᠭᠤᠯᠠ 》 ᠶᠢᠨ ᠠᠭᠤᠯᠵᠠᠯᠲᠠ ᠪᠤᠯᠵᠤ ᠂ ᠪᠠᠶ ᠵᠢᠩ ᠦᠷᠭᠦᠯᠵᠢ ᠤᠴᠢᠵᠤ ᠴᠢᠲᠠᠲᠠᠭ ᠦᠭᠡᠢ ᠃ ᠲᠡᠷᠡ ᠬᠥᠬᠡᠬᠣᠲᠠ  ᠶᠢᠨ ᠪᠠᠶᠢᠴᠠᠭᠠᠬᠤ ᠬᠣᠷᠢᠶᠠᠨ ᠳᠤ ᠣᠴᠢᠬᠤ ᠵᠠᠮ ᠳᠡᠭᠡᠷ᠎ᠡ ᠪᠠᠶᠢᠬᠤ ᠪᠢᠰᠢ ᠪᠤᠯ ᠂ ᠳᠠᠷᠤᠶ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠳᠤ ᠣᠴᠢᠬᠤ ᠵᠠᠮ ᠳᠡᠭᠡᠷ᠎ᠡ ᠪᠠᠶᠢᠨ᠎ᠠ ᠃ ᠨᠡᠶᠢᠲᠡ ᠶᠢᠨ ᠠᠰᠢᠭᠲᠤ ᠵᠠᠷᠭᠤ ᠶᠢ ᠪᠦᠬᠦ ᠣᠷᠣᠨ ᠳᠤ ᠳᠡᠯᠭᠡᠷᠡᠭᠦᠯᠦᠭᠰᠡᠨ ᠡᠴᠡ ᠰᠡᠭᠦᠯᠡᠷ ᠂ ᠪᠠᠢ ᠵᠢᠩ ᠨᠠᠩ ᠶᠠᠭᠠᠷᠠᠤ ᠪᠣᠯᠵᠠᠢ ᠃

《 ᠪᠠᠢ ᠵᠢᠩ ᠳᠦ ᠨᠢᠭᠡ ᠳᠠᠳᠬᠠᠯ ᠲᠠᠢ ᠂ ᠤᠴᠢᠷ ᠶᠠᠪᠤᠳᠠᠯ ᠰᠥᠨᠢ ᠥᠩᠭᠡᠷᠡᠬᠦ ᠦᠭᠡᠢ ᠃ ᠭᠡᠪᠡᠴᠦ ᠲᠡᠭᠦᠨ ᠦ ᠬᠡᠷᠡᠭᠵᠢᠭᠦᠯᠵᠦ ᠪᠠᠶᠢᠭ᠎ᠠ ᠨᠢ ᠳᠠᠪᠬᠤᠷ ᠪᠠᠷᠢᠮᠵᠢᠶ᠎ᠠ ᠪᠣᠯᠤᠨ᠎ᠠ ᠂ ᠠᠵᠢᠯ ᠤᠨ ᠤᠴᠢᠷ ᠡᠳᠦᠷ ᠬᠤᠨᠤᠭ  ᠲᠤ  ᠪᠠᠨ ᠳᠠᠭᠤᠰᠴᠤ ᠂ ᠭᠡᠪᠡᠴᠦ ᠬᠦᠦ ᠪᠢᠳᠡ ᠬᠣᠶᠠᠷ ᠤᠨ ᠤᠴᠢᠷ ᠂ ᠶᠡᠷᠦ ᠨᠢ ᠬᠣᠶᠢᠰᠢᠯᠠᠭᠤᠯᠳᠠᠭ᠃》 ᠵᠧᠸ ᠴᠢᠤᠸᠠᠨ ᠢ ᠬᠡᠯᠡᠭᠰᠡᠨ ᠨᠢ ᠂ ᠳᠠᠬᠢᠨ ᠨᠢᠭᠡ ᠬᠡᠸᠬᠡᠳ ᠠᠪᠬᠤ ᠲᠥᠯᠥᠪᠯᠡᠭᠡ  ᠶᠢ ᠶᠡᠷᠤ ᠨᠢ ᠬᠤᠶᠢᠰᠢᠯᠠᠭᠤᠯᠤᠭᠰᠠᠭᠠᠷ ︔ ᠪᠦᠬᠦ ᠭᠡᠷ ᠦᠨ ᠬᠥᠮᠦᠰ ᠠᠮᠠᠷᠠᠯᠲᠠ ᠠᠪᠬᠤ ᠲᠥᠯᠥᠪᠯᠡᠭᠡ ᠪᠠᠰᠠ ᠬᠤᠶᠢᠰᠢᠯᠠᠭᠤᠯᠤᠭᠰᠠᠭᠠᠷ ︔ ᠵᠢᠷᠭᠤᠭᠠᠨ ᠨᠠᠰᠤᠲᠠᠢ ᠬᠦᠦ ᠦᠷᠭᠦᠯᠵᠢ ᠨᠢᠭᠡ ᠦᠭᠡ ᠳᠦᠳᠦᠨᠡᠨ᠎ᠡ ᠂ ᠳᠠᠷᠤᠢ 《 ᠡᠵᠢ ᠶᠠᠭᠠᠬᠢᠭᠠᠳ ᠪᠠᠰᠠ ᠬᠠᠷᠢᠵᠤ ᠢᠷᠡᠬᠦ ᠦᠭᠡᠢ ᠪᠣᠶ ︖ 》 ᠡᠵᠢ  ᠶᠢᠨ  ᠢᠶᠡᠨ ᠴᠠᠭ ᠨᠡᠮᠡᠵᠦ ᠠᠵᠢᠯᠯᠠᠭᠠᠳ ᠬᠠᠷᠢᠵᠤ ᠢᠷᠡᠬᠦ ᠶᠢ ᠬᠦᠯᠢᠶᠡᠵᠦ ᠲᠡᠭᠦᠨ ᠲᠡᠶ ᠬᠠᠮᠲᠤ ᠠᠮᠲᠠᠲᠤ ᠵᠡᠭᠦᠳᠦᠨ ᠳᠦ ᠨᠢ ᠣᠷᠣᠭᠰᠠᠨ ᠤ ᠳᠠᠷᠠᠭ᠎ᠠ ᠂ ᠪᠠᠶ ᠵᠢᠩ ᠦᠷᠭᠦᠯᠵᠢ ᠪᠠᠰᠠ ᠪᠢᠴᠢᠭ ᠦᠨ ᠥᠷᠥᠭᠡᠨ ᠳᠡᠭᠡᠨ ᠣᠴᠢᠵᠤ ᠨᠢᠭᠡ ᠴᠣᠮᠣ ᠺᠣᠹᠧ ᠤᠤᠭᠤᠵᠤ ᠦᠷᠭᠦᠯᠵᠢᠯᠡᠨ ᠠᠵᠢᠯᠯᠠᠳᠠᠭ ᠃

ᠨᠢᠭᠡᠨ ᠪᠠᠶᠢᠴᠠᠭᠠᠬᠤ ᠲᠤᠰᠢᠶᠠᠯᠲᠠᠨ ᠪᠣᠯᠤᠭᠰᠠᠨ ᠤ ᠬᠤᠪᠢ ᠳᠤ ᠂ ᠪᠠᠢ ᠵᠢᠩ ᠦᠷᠭᠦᠯᠵᠢ ᠬᠠᠤᠯᠢᠴᠢ ᠂ ᠲᠤᠬᠠᠢ ᠶᠢᠨ ᠬᠥᠮᠦᠨ ᠲᠡᠶ ᠰᠣᠯᠢᠯᠴᠠᠭ᠎ᠠ ᠬᠢᠳᠡᠭ ᠂ ᠲᠤᠬᠠᠢ ᠶᠢᠨ ᠬᠥᠮᠦᠨ ᠦᠷᠭᠦᠯᠵᠢ ᠬᠠᠤᠯᠢ ᠴᠠᠭᠠᠵᠠ ᠶᠢᠨ ᠵᠦᠢᠯ ᠵᠤᠷᠪᠤᠰ ᠢ ᠣᠶᠢᠯᠠᠭᠠᠬᠤ ᠦᠭᠡᠢ ᠤᠴᠢᠷ ᠠᠴᠠ ᠶᠡᠬᠡ ᠬᠡᠮᠵᠢᠶᠡᠨ ᠦ ᠲᠠᠶᠢᠯᠪᠤᠷᠢᠯᠠᠯᠲᠠ ᠬᠢᠵᠦ ᠨᠡᠪᠲᠡᠷᠡᠯᠴᠡᠬᠦ ᠴᠢᠬᠤᠯᠠᠲᠠᠢ᠃

ᠥᠪᠥᠷ ᠮᠣᠩᠭᠣᠯ ᠤᠨ ᠮᠧᠩ ᠲᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠭᠦᠸᠧ ᠵᠢᠶᠦ᠋ᠨ ᠹᠧᠩ ᠬᠠᠤᠯᠢᠴᠢ ᠶᠢᠨᠨᠢᠲᠤᠨ  ᠳᠤ ᠂ ᠪᠠᠢ ᠵᠢᠩ ᠪᠣᠯ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠦᠨ ᠬᠡᠪ ᠪᠣᠯᠪᠠᠰᠤᠷᠠᠯ ᠮᠠᠰᠢ ᠥᠨᠳᠥᠷ ᠪᠠᠶᠢᠴᠠᠭᠠᠬᠤ ᠲᠤᠰᠢᠶᠠᠯᠲᠠᠨ ᠪᠣᠯᠤᠨ᠎ᠠ᠃ 《 ᠪᠢᠳᠡ ᠡᠮᠦᠨ᠎ᠡ ᠨᠢ ᠨᠢᠭᠡ ᠬᠡᠷᠡᠭ ᠪᠠᠶᠢᠵᠠᠶ ᠂ ᠨᠢᠭᠡ ᠂ ᠬᠣᠶᠠᠳᠤᠭᠠᠷ ᠰᠢᠭᠦᠯᠲᠡ ᠢᠯᠠᠭᠳᠠᠭᠰᠠᠨ ᠤ ᠳᠠᠷᠠᠭ᠎ᠠ ᠂ ᠡᠰᠡᠷᠭᠦᠴᠡᠨ ᠵᠠᠭᠠᠯᠳᠤᠬᠤ ᠵᠢᠷᠤᠮ ᠳᠤ ᠬᠦᠷᠴᠤ ᠂ ᠪᠠᠢ ᠪᠠᠶᠢᠴᠠᠭᠠᠬᠤ ᠲᠤᠰᠢᠶᠠᠯᠲᠠᠨ ᠮᠠᠨ ᠤ ᠬᠡᠷᠡᠭ ᠢ ᠬᠦᠯᠢᠶᠡᠨ ᠠᠪᠴᠤ ᠂ ᠡᠮᠦᠨ᠎ᠡ ᠬᠣᠶᠢᠨ᠎ᠠ ᠰᠠᠷ᠎ᠠ ᠭᠠᠷᠤᠶ ᠶᠢᠨ ᠬᠤᠭᠤᠴᠠᠭᠠᠨ ᠳᠤ ᠂ ᠲᠤᠬᠠᠶ ᠶᠢᠨ ᠬᠥᠮᠦᠨ ᠨᠠᠳᠠ ᠲᠠᠶ 40 ᠭᠠᠷᠤᠶ ᠤᠳᠠᠭ᠎ᠠ ᠢᠷᠡᠵᠦ ᠂ ᠤᠳᠠᠭ᠎ᠠ ᠪᠦᠷᠢ ᠪᠠᠶ ᠪᠠᠶᠢᠴᠠᠭᠠᠬᠤ ᠲᠤᠰᠢᠶᠠᠯᠲᠠᠨ ᠢᠨᠢᠶᠡᠮᠰᠦᠭᠯᠡᠨ ᠪᠢᠳᠡᠨ ᠳᠦ ᠲᠠᠶᠢᠯᠪᠤᠷᠢᠯᠠᠨ ᠬᠠᠷᠢᠭᠤᠯᠤᠭᠰᠠᠨ ᠪᠠᠶᠢᠨ᠎ᠠ ᠃ ᠬᠠᠮᠤᠭ ᠰᠡᠭᠦᠯ ᠳᠦᠨᠢ ᠂ ᠬᠡᠳᠦᠶᠢᠪᠡᠷ ᠡᠰᠡᠷᠭᠦᠴᠡᠨ ᠵᠠᠭᠠᠯᠳᠤᠭᠰᠠᠨ ᠨᠢ ᠪᠦᠲᠦᠭᠰᠡᠨ ᠦᠭᠡᠢ ᠪᠣᠯᠪᠠᠴᠤ ᠪᠠᠢ ᠪᠠᠶᠢᠴᠠᠭᠠᠬᠤ ᠲᠤᠰᠢᠶᠠᠯᠲᠠᠨ ᠤ ᠬᠦᠯᠢᠴᠡᠩᠭᠦᠢ ᠪᠡᠷ ᠲᠠᠶᠢᠯᠪᠤᠷᠢᠯᠠᠭᠰᠠᠨ ᠠᠴᠠ ᠪᠣᠯᠵᠤ ᠂ ᠲᠤᠬᠠᠶ ᠶᠢᠨ ᠬᠥᠮᠦᠨ ᠬᠠᠸᠯᠢ ᠴᠠᠭᠠᠵᠠ ᠶᠢᠨ ᠵᠦᠶᠯ ᠪᠠᠳᠠᠭ ᠢ ᠣᠶᠢᠯᠠᠭᠠᠵᠤ᠂ ᠲᠠᠰᠤᠯᠤᠯᠳᠠ ᠶᠢ ᠦᠨᠡᠨ ᠰᠡᠳᠬᠢᠯ ᠡᠴᠡ ᠪᠡᠨ ᠪᠢᠰᠢᠷᠡᠵᠦ ᠥᠴᠦᠬᠡᠨ ᠴᠦ ᠭᠣᠮᠣᠳᠠᠯ ᠦᠭᠡᠢ ᠪᠤᠯᠪᠠ ᠃ 》ᠭᠡᠵᠦ ᠭᠦᠸᠧ ᠵᠢᠶᠦ᠋ᠨ ᠹᠧᠩ ᠬᠡᠯᠡᠪᠡ ᠃


20190120213846s2la.jpg

ᠨᠡᠶᠢᠲᠡ ᠶᠢᠨ ᠠᠰᠢᠭᠲᠤ  ᠵᠠᠷᠭᠤ  ᠶᠢᠨ ᠬᠠᠷᠢᠭᠤᠴᠠᠯᠭ᠎ᠠ  ᠶᠢ ᠡᠭᠦᠷᠭᠡᠯᠡᠵᠦ ᠣᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠪᠠ

2017 ᠣᠨ ᠳᠤ ᠂ ᠪᠠᠶ ᠵᠢᠩ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠵᠢᠱᠢᠶ᠎ᠡ ᠂ ᠪᠥᠬᠥ ᠤᠯᠤᠰ ᠤᠨ ᠬᠣᠶᠠᠳᠤᠭᠠᠷ ᠵᠢᠱᠢᠶ᠎ᠡ ᠪᠤᠯᠬᠤ ᠪᠠᠶᠢᠴᠠᠭᠠᠬᠤ ᠪᠠᠶᠢᠭᠤᠯᠭ᠎ᠠ ᠶᠢᠨ ᠳᠤᠷᠠᠳᠤᠭᠰᠠᠨ ᠵᠠᠰᠠᠭ ᠵᠠᠬᠢᠷᠭᠠᠨ ᠤ ᠳᠠᠭᠠᠯᠳᠤᠭᠰᠠᠨ ᠢᠷᠭᠡᠨ ᠦ ᠬᠡᠷᠡᠭ ᠦᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠰᠢᠶᠳᠪᠦᠷᠢᠯᠡᠪᠡ ᠃

ᠬᠥᠬᠡᠬᠣᠲᠠ ᠶᠢᠨ ᠪᠠᠶᠢᠴᠠᠭᠠᠬᠤ ᠬᠣᠷᠢᠢ᠎ᠠ ᠪᠣᠯ ᠨᠡᠶᠢᠲᠡ ᠶᠢᠨ ᠠᠰᠢᠭᠲᠤ ᠵᠠᠷᠭᠤ ᠶᠢᠨ ᠲᠤᠷᠰᠢᠯᠲᠠ ᠶᠢᠨ ᠨᠢᠭᠡᠴᠢ ᠮᠥᠨ᠂ ᠪᠠᠢ ᠵᠢᠩ ᠬᠠᠮᠲᠤ ᠠᠵᠢᠯᠯᠠᠭᠰᠠᠳ ᠲᠠᠶ ᠪᠠᠨ 2015 ᠣᠨ ᠠᠴᠠ ᠡᠬᠢᠯᠡᠨ ᠡᠨᠡ ᠬᠦ ᠰᠢᠨ᠎ᠡ ᠠᠵᠢᠯ ᠢ ᠡᠬᠢᠯᠡᠭᠦᠯᠵᠡᠢ᠃ ᠲᠡᠷᠡ ᠦᠶ᠎ᠡ ᠳᠦ ᠂ ᠠᠮᠢ ᠠᠬᠤᠶ ᠶᠢᠨ ᠣᠷᠴᠢᠨ ᠲᠤᠭᠤᠷᠢᠨ  ᠤ ᠬᠦᠷᠢᠶᠡᠨ ᠳᠦ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠬᠢᠬᠦ ᠨᠢ ᠤᠯᠤᠰ ᠤᠨ ᠳᠣᠲᠣᠭᠠᠳᠤ  ᠪᠠᠷ ᠪᠠᠷᠠᠬᠤ ᠥᠬᠡᠶ ᠂ ᠣᠯᠠᠨ ᠤᠯᠤᠰ ᠤᠨ ᠬᠠᠸᠯᠢ ᠴᠠᠭᠠᠵᠠ ᠶᠢᠨ ᠬᠦᠷᠢᠶᠡᠨ  ᠳᠤ ᠴᠤ ᠭᠡᠰᠡᠨ ᠰᠢᠨ᠎ᠡ ᠲᠤᠷᠰᠢᠯᠲᠠ ᠪᠣᠯᠤᠨ᠎ᠠ ᠃

ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠲᠦ᠂ ᠬᠡᠷᠡᠭ ᠦᠨ ᠪᠡᠶᠡᠴᠢ ᠴᠣᠭᠴᠠ ᠨᠢ ᠲᠤᠰ ᠲᠤᠰ ᠲᠠᠭᠠᠨ ᠠᠳᠠᠯᠢ ᠪᠤᠰᠤ ᠪᠠᠶᠢᠵᠤ᠂ ᠬᠣᠯᠪᠣᠭᠳᠠᠬᠤ ᠬᠦᠷᠢᠶ᠎ᠡ ᠬᠡᠪᠴᠢᠶ᠎ᠡ ᠨᠢ ᠴᠦ ᠤᠯᠠᠨ ᠶᠠᠩᠵᠤ ᠶᠢᠨ ᠪᠠᠶᠢᠳᠠᠭ᠃ ᠬᠠᠮᠢᠶ᠎ᠠ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠡᠶ ᠪᠦᠲᠦᠮᠵᠢᠲᠡᠶ ᠵᠣᠯᠭᠠᠯᠴᠠᠭ᠎ᠠ ᠪᠠ ᠰᠣᠯᠢᠯᠴᠠᠭ᠎ᠠ ᠬᠢᠬᠦ ᠶᠢᠨ ᠲᠥᠯᠥᠭᠡ ᠂ ᠪᠠᠶ ᠵᠢᠩ ᠬᠠᠮᠲᠤ ᠠᠵᠢᠯᠯᠠᠭᠰᠠᠳ  ᠲᠠᠶ  ᠪᠠᠨ ᠦᠷᠭᠦᠯᠵᠢ ᠴᠠᠭ ᠨᠡᠮᠡᠵᠦ ᠠᠵᠢᠯᠯᠠᠵᠤ᠂ ᠬᠡᠷᠡᠭ ᠲᠤ ᠬᠣᠯᠪᠣᠭᠳᠠᠬᠤ ᠮᠡᠳᠡᠯᠭᠡ ᠪᠣᠯᠤᠨ ᠬᠠᠮᠢᠶ᠎ᠠ ᠪᠦᠬᠦᠢ ᠬᠠᠸᠯᠢ ᠴᠠᠭᠠᠵᠠ ᠬᠠᠸᠯᠢ ᠲᠣᠭᠲᠠᠭᠠᠯ  ᠢ ᠪᠦᠷᠢᠨ ᠭᠦᠶᠴᠡᠳ ᠰᠤᠷᠤᠯᠴᠠᠨ ᠡᠮᠬᠢᠳᠬᠡᠵᠦ ᠂ ᠡᠭᠦᠨ ᠦ ᠤᠯᠠᠮ ᠠᠴᠠ ᠬᠡᠷᠡᠭ ᠰᠢᠶᠳᠪᠦᠷᠢᠯᠡᠬᠦ ᠠᠵᠢᠯ ᠢ ᠨᠡᠩ ᠤᠷᠤᠭᠰᠢᠲᠠᠶ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠨᠡᠩ ᠰᠠᠢᠢᠨ ᠭᠦᠶᠴᠡᠳᠬᠡᠵᠦ᠂ ᠤᠯᠠᠨ ᠨᠡᠶᠢᠲᠡ ᠶᠢᠨ ᠠᠰᠢᠭ ᠲᠤᠰᠠ ᠶᠢ ᠨᠡᠩ ᠰᠠᠢᠢᠨ ᠬᠠᠮᠠᠭᠠᠯᠠᠵᠤ ᠴᠢᠳᠠᠬᠤ ᠪᠣᠯᠤᠨ᠎ᠠ᠃

《 ᠰᠤᠷᠤᠯᠴᠠᠬᠤ ᠪᠣᠯ ᠪᠠᠶᠢᠴᠠᠭᠠᠬᠤ ᠲᠤᠰᠢᠶᠠᠯᠲᠠᠨ ᠤ ᠬᠦᠨᠳᠦ ᠡᠭᠦᠷᠭᠡ ᠡᠭᠦᠷᠭᠡᠯᠡᠵᠦ ᠲᠡᠶᠢᠯᠬᠦ ᠴᠢᠬᠤᠯᠠ ᠠᠷᠭ᠎ᠠ ᠵᠠᠮ ᠪᠣᠯᠬᠤ ᠨᠢ ᠳᠠᠮᠵᠢᠭ ᠦᠭᠡᠢ ᠂ ᠪᠠᠶᠢᠴᠠᠭᠠᠬᠤ ᠲᠤᠰᠢᠶᠠᠯᠲᠠᠨ ᠤ ᠡᠭᠦᠷᠭᠡ ᠬᠠᠷᠢᠭᠤᠴᠠᠯᠭ᠎ᠠ ᠨᠢ ᠪᠢᠳᠡᠨ ᠤ ᠲᠠᠰᠤᠷᠠᠯᠲᠠ ᠦᠭᠡᠢ ᠰᠤᠷᠤᠯᠴᠠᠬᠤ ᠶᠢ ᠱᠠᠭᠠᠷᠳᠠᠵᠤ ᠪᠠᠶᠢᠲᠠᠭ᠂ ᠤᠴᠢᠷ ᠨᠢ ᠠᠵᠢᠯ ᠤᠨ ᠬᠡᠷᠡᠭᠴᠡᠭᠡ ᠪᠢᠳᠡᠨ ᠢ ᠴᠠᠭ ᠢᠮᠠᠭᠲᠠ ᠨᠢᠭᠡ ᠵᠦᠢᠯ ᠦᠨ ᠲᠤᠯᠭᠠᠮ᠎ᠠ ᠰᠡᠳᠬᠢᠯ ᠲᠡᠶ ᠪᠣᠯᠭᠠᠨ᠎ᠠ ᠃ ᠡᠷᠬᠡᠪᠰᠢ ᠨᠡᠯᠢᠶᠡᠳ ᠣᠬᠣᠷᠬᠠᠨ ᠬᠤᠭᠤᠴᠠᠭᠠᠨ ᠳᠤ ᠬᠡᠷᠡᠭ ᠦᠨ ᠪᠠᠶᠢᠭ᠎ᠠ ᠬᠦᠷᠢᠶᠡᠨ ᠳᠡᠬᠢ ᠲᠤᠰᠬᠠᠶ ᠮᠡᠷᠭᠡᠵᠢᠯ ᠦᠨ ᠮᠡᠳᠡᠯᠭᠡ ᠪᠠ ᠬᠠᠸᠯᠢ ᠴᠠᠭᠠᠵᠠ ᠬᠠᠸᠯᠢ ᠲᠣᠭᠲᠠᠭᠠᠯ ᠢ ᠦᠳᠲᠡᠷ ᠲᠦᠷᠭᠡᠨ ᠣᠶᠢᠯᠠᠭᠠᠵᠤ ᠂ ᠡᠷᠬᠡᠪᠰᠢ ᠰᠢᠷᠭᠠᠭᠤ ᠬᠠᠲᠠᠭᠤᠵᠢᠯᠲᠠᠶ ᠦᠷᠭᠦᠯᠵᠢᠯᠡᠨ ᠰᠤᠷᠤᠯᠴᠠᠪᠠᠯ ᠰᠠᠶ᠋ᠢ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ ᠴᠢᠳᠠᠨ᠎ᠠ᠃ 》ᠪᠠᠢ ᠵᠢᠩ ᠰᠤᠷᠪᠤᠯᠵᠢᠯᠠᠭᠴᠢ ᠳᠤ ᠬᠡᠯᠡᠬᠦ ᠳᠡᠭᠡᠨ ᠂ ᠨᠡᠢᠢᠲᠡ ᠶᠢᠨ ᠠᠰᠢᠭᠲᠤ ᠵᠠᠷᠭᠤ ᠦᠷᠨᠢᠭᠦᠯᠦᠭᠰᠡᠨ ᠡᠴᠡ ᠨᠠᠰᠢ ᠂ ᠲᠡᠷᠡ ᠬᠠᠮᠲᠤ ᠠᠵᠢᠯᠯᠠᠭᠰᠠᠳ ᠲᠠᠶ ᠪᠠᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠪᠦᠬᠦᠨ ᠳᠦ ᠪᠦᠬᠦ ᠶᠠᠪᠤᠴᠠ  ᠪᠠᠷ ᠮᠥᠷᠳᠡᠨ ᠣᠷᠣᠯᠴᠠᠵᠤ᠂ ᠮᠠᠰᠢ ᠰᠠᠢᠢᠨ ᠦᠷ᠎ᠡ ᠪᠦᠲᠦᠮᠵᠢ ᠤᠯᠵᠤ ᠂ ᠪᠠᠰᠠ ᠶᠡᠬᠡ ᠬᠡᠮᠵᠢᠶᠡᠨ ᠦ ᠲᠤᠷᠰᠢᠯᠭ᠎ᠠ ᠬᠤᠷᠠᠮᠳᠤᠭᠤᠯᠵᠠᠶ᠃

ᠬᠥᠬᠡᠬᠣᠲᠠ ᠶᠢᠨ ᠪᠠᠶᠢᠴᠠᠭᠠᠬᠤ ᠪᠠᠶᠢᠭᠤᠯᠭ᠎ᠠ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠢᠶᠠᠷ ᠳᠠᠮᠵᠢᠭᠤᠯᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠬᠠᠸᠯᠢ ᠶᠢ ᠵᠥᠷᠢᠴᠡᠨ ᠨᠡᠭᠡᠭᠡᠨ ᠮᠠᠯᠲᠠᠭᠰᠠᠨ 51 ᠠᠵᠤ ᠠᠬᠤᠶᠢᠯᠠᠯ ᠢ ᠰᠢᠪᠠᠳᠠᠨ ᠴᠡᠪᠡᠷᠯᠡᠵᠦ ᠂ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠣᠷᠢᠨ ᠵᠢᠴᠢ ᠭᠠᠵᠠᠷ ᠰᠢᠨᠵᠢᠯᠡᠭᠡᠨ ᠦ ᠵᠠᠰᠠᠯᠲᠠ ᠶᠢ ᠰᠡᠷᠭᠦᠭᠡᠪᠡ ︔ ᠬᠥᠬᠡᠬᠣᠲᠠ ᠶᠢᠨ ᠨᠢᠭᠡᠳᠦᠭᠡᠷ ᠂ ᠬᠣᠶᠠᠳᠤᠭᠠᠷ ᠳᠡᠰ ᠤᠨ ᠤᠰᠤᠨ ᠤ ᠡᠬᠢ ᠰᠤᠷᠪᠤᠯᠵᠢ ᠶᠢᠨ ᠠᠮᠤᠷ ᠲᠦᠪᠰᠢᠨ ᠳᠦ ᠬᠣᠸᠷ ᠬᠥᠨᠥᠭᠡᠯ ᠤᠴᠠᠷᠠᠭᠤᠯᠤᠭᠰᠠᠨ 41 ᠠᠵᠤ ᠦᠶᠯᠡᠳᠪᠦᠷᠢ ᠶᠢᠨ ᠠᠵᠤ ᠠᠬᠤᠶᠢᠯᠠᠯ ᠵᠢᠴᠢ ᠵᠤᠭᠠᠴᠠᠯ ᠤᠨ ᠢᠳᠡᠭᠡᠨ ᠤᠮᠳᠠᠭᠠᠨ ᠤ ᠡᠵᠡᠩᠨᠡᠭᠴᠢ ᠶᠢ ᠱᠠᠯᠠᠪᠳᠠᠭᠤᠯᠤᠨ ᠴᠡᠭᠴᠡᠯᠡᠨ ᠵᠠᠰᠠᠵᠤ ᠂ ᠰᠠᠪᠠ ᠭᠠᠵᠠᠷ ᠤᠨ ᠲᠠᠯᠠᠪᠠᠶ 57 ᠲᠦᠮᠡᠨ ᠮᠥ ᠪᠠᠶᠢᠬᠤ ᠬᠣᠶᠠᠳᠤᠭᠠᠷ ᠳᠡᠰ ᠤᠨ ᠭᠠᠵᠠᠷ ᠳᠣᠸᠷᠠᠬᠢ ᠤᠰᠤᠨ ᠤ ᠡᠬᠢ ᠰᠤᠷᠪᠤᠯᠵᠢ ᠶᠢ ᠪᠣᠬᠢᠷᠲᠤᠭᠤᠯᠬᠤ ᠠᠴᠠ ᠬᠡᠯᠲᠦᠷᠢᠭᠦᠯᠪᠡ︔ ᠬᠣᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠳᠠᠵᠤ ᠪᠠᠶᠢᠭᠠᠳ ᠲᠤᠰᠢᠶᠠᠭᠠᠳᠤᠶ ᠤᠯᠤᠰ ᠤᠨ ᠥᠮᠴᠢᠯᠡᠯ ᠦᠨ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠥ ᠶᠢ 1500 ᠭᠠᠷᠤᠶ ᠲᠦᠮᠡᠨ ᠲᠥᠭᠥᠷᠢᠭ ᠬᠤᠷᠢᠶᠠᠨ ᠲᠤᠰᠢᠶᠠᠯᠭᠠᠪᠠ︔ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠳᠠᠵᠤ ᠪᠠᠶᠢᠭᠠᠳ ᠬᠠᠸᠯᠢ ᠪᠤᠰᠤ ᠪᠠᠷ ᠭᠣᠸᠯ ᠤᠨ ᠵᠠᠮ ᠠᠴᠠ ᠡᠯᠡᠰᠦ ᠮᠠᠯᠲᠠᠭᠰᠠᠨ 19 ᠠᠵᠤ ᠠᠬᠤᠶᠢᠯᠠᠯ ᠵᠢᠴᠢ ᠬᠤᠪᠢ ᠬᠥᠮᠦᠨ ᠢ  ᠵᠠᠯᠬᠠᠭᠠᠨ ᠰᠢᠶᠳᠬᠡᠵᠦ᠂ ᠡᠪᠳᠡᠭᠳᠡᠭᠰᠡᠨ ᠭᠣᠸᠯ ᠤᠨ ᠵᠠᠮ ᠤᠨ ᠡᠷᠬᠢᠨ ᠲᠣᠭᠣᠷᠢᠨ ᠤ 800 ᠭᠠᠷᠤᠶ ᠮᠦ ᠣᠷᠴᠢᠨ ᠲᠣᠭᠣᠷᠢᠨ ᠢ ᠵᠠᠰᠠᠨ ᠰᠡᠷᠭᠦᠭᠡᠪᠡ︔ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠳᠠᠵᠤ ᠪᠠᠶᠢᠭᠠᠳ 693 ᠮᠦ ᠬᠣᠬᠢᠷᠠᠭᠰᠠᠨ ᠲᠠᠷᠢᠶᠠᠨ ᠭᠠᠵᠠᠷ ᠢ ᠰᠡᠷᠭᠦᠭᠡᠯᠭᠡᠵᠦ᠂ ᠡᠪᠳᠡᠭᠳᠡᠭᠰᠡᠨ ᠤᠯᠤᠰ ᠤᠨ ᠥᠮᠴᠢᠯᠡᠯ ᠦᠨ 398.4 ᠮᠦ ᠣᠶᠢᠲᠤ ᠭᠠᠵᠠᠷ ᠢ ᠵᠠᠰᠠᠨ ᠰᠡᠷᠭᠦᠭᠡᠵᠦ᠂ 3600 ᠭᠠᠷᠤᠶ ᠰᠠᠭᠤᠷᠢ ᠤᠢ ᠮᠣᠳᠣ ᠶᠢ ᠨᠥᠬᠥᠨ ᠲᠠᠷᠢᠵᠤ᠂ 300 ᠭᠠᠷᠤᠶ ᠪᠣᠰᠣᠭ᠎ᠠ ᠳᠥᠷᠪᠡᠯᠵᠢᠨ ᠮᠧᠲ᠋ᠷ ︔ ᠬᠠᠸᠯᠢ ᠶᠢ ᠵᠥᠷᠢᠴᠡᠵᠦ ᠣᠯᠭᠣᠭᠰᠠᠨ 4000 ᠰᠢᠬᠠᠮ ᠤᠯᠤᠰ ᠤᠨ ᠥᠮᠴᠢᠯᠡᠯ ᠦᠨ ᠭᠠᠵᠠᠷ ᠰᠢᠷᠣᠶ ᠶᠢ ᠬᠡᠷᠡᠭᠯᠡᠬᠦ ᠡᠷᠬᠡ ᠶᠢᠨ ᠦᠨᠡᠮᠯᠡᠯ ᠢ ᠵᠠᠯᠠᠷᠠᠭᠤᠯᠪᠠ ︔ ᠠᠭᠠᠷ ᠮᠠᠨᠳᠠᠯ ᠤᠨ ᠪᠣᠬᠢᠷᠲᠤᠯ  ᠢ ᠬᠦᠨᠳᠦ ᠨᠣᠴᠢᠲᠠᠶ ᠪᠣᠬᠢᠷᠲᠤᠭᠤᠯᠤᠭᠰᠠᠨ 5 ᠠᠵᠤ ᠠᠬᠤᠶᠢᠯᠠᠯ  ᠢ ᠰᠢᠪᠠᠳᠠᠨ ᠴᠡᠭᠴᠡᠯᠡᠵᠦ ᠂ ᠲᠡᠭᠦᠨ ᠦ ᠳᠣᠲᠣᠷᠠᠬᠢ 2 ᠠᠵᠤ ᠠᠬᠤᠶᠢᠯᠠᠯ ᠳᠤ ᠨᠢᠭᠡᠨᠲᠡ ᠢᠷᠭᠡᠨ ᠦ ᠬᠡᠷᠡᠭ ᠦᠨ ᠨᠡᠶᠢᠲᠡ  ᠶᠢᠨ ᠠᠰᠢᠭᠲᠤ ᠵᠠᠭᠠᠯᠳᠤᠯᠭ᠎ᠠ ᠭᠠᠷᠭᠠᠵᠠᠶ ᠃

ᠨᠡᠢᠢᠲᠡ ᠶᠢᠨ ᠠᠰᠢᠭᠲᠤ ᠵᠠᠷᠭᠤ ᠶᠢᠨ ᠠᠵᠢᠯ ᠤᠨ ᠳᠤᠮᠳᠠ ᠲᠤᠪᠤᠶᠢᠮ᠎ᠠ ᠢᠯᠡᠷᠡᠯ ᠲᠠᠢ ᠤᠴᠢᠷ  ᠠᠴᠠ ᠂ ᠪᠠᠢ ᠵᠢᠩ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ 《 ᠵᠠᠷᠭᠤ ᠶᠢᠨ ᠭᠠᠳᠠᠨᠠᠬᠢ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠬᠢᠨᠠᠯᠲᠠ ᠲᠠᠯᠪᠢᠬᠤ ᠰᠤᠳᠤᠯᠭᠠᠨ》᠂ 《 ᠨᠡᠶᠢᠲᠡ ᠶᠢᠨ ᠠᠰᠢᠭᠲᠤ  ᠵᠠᠷᠭᠤ ᠶᠢᠨ ᠲᠦᠷᠢᠮ ᠦᠨ ᠲᠥᠯᠥᠪᠯᠡᠭᠡ ᠶᠢᠨ ᠰᠤᠳᠤᠯᠭᠠᠨ》 ᠵᠡᠷᠭᠡ ᠭᠣᠣᠯᠳᠠᠯᠭ᠎ᠠ ᠲᠠᠶ ᠪᠠᠶᠢᠴᠠᠭᠠᠨ ᠰᠤᠳᠤᠯᠤᠯᠲᠠ ᠶᠢᠨ ᠰᠡᠳᠦᠪ ᠲᠦ ᠣᠷᠣᠯᠴᠠᠵᠤ᠂ ᠵᠤᠬᠢᠶᠠᠭᠴᠢ  ᠶᠢᠨ ᠨᠢᠭᠡ ᠪᠤᠯᠤᠭᠰᠠᠨ  ᠤ ᠬᠤᠪᠢ  ᠳᠤ《 ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ  ᠵᠠᠷᠭᠤ ᠳᠠᠬᠢ ᠪᠠᠶᠢᠴᠠᠭᠠᠬᠤ ᠪᠠᠶᠢᠭᠤᠯᠭ᠎ᠠ ᠶᠢᠨ ᠳᠦᠷᠢ  ᠶᠢᠨ ᠪᠠᠶᠢᠷᠢ ᠲᠣᠭᠲᠠᠭᠠᠯᠲᠠ》᠂ 《ᠵᠠᠰᠠᠭ ᠵᠠᠬᠢᠷᠭᠠᠨ ᠤ ᠠᠯᠪᠠᠨ ᠵᠠᠭᠠᠯᠳᠤᠯᠭ᠎ᠠ ᠪᠠ ᠡᠷᠡᠭᠦᠦ ᠶᠢᠨ ᠬᠡᠷᠡᠭ ᠦᠨ ᠠᠯᠪᠠᠨ ᠵᠠᠭᠠᠯᠳᠤᠯᠭ᠎ᠠ ᠶᠢᠨ ᠢᠯᠭᠠᠭ᠎ᠠ ᠪᠠᠷ ᠬᠠᠷᠠᠭᠠᠰᠤ ᠪᠣᠯᠭᠠᠭᠰᠠᠨ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠲᠦᠷᠢᠮ ᠦᠨ ᠰᠤᠳᠤᠯᠤᠯ 》᠂ 《ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠲᠤᠷᠰᠢᠯᠲᠠ ᠶᠢᠨ ᠦᠢᠯᠡᠳᠦᠯᠭᠡ ᠪᠡᠷ ᠬᠠᠷᠠᠭᠠᠰᠤ ᠪᠣᠯᠭᠠᠭᠰᠠᠨ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ  ᠵᠠᠷᠭᠤ ᠬᠢᠬᠦ ᠲᠦᠷᠢᠮ ᠦᠨ ᠠᠰᠠᠭᠤᠳᠠᠯ ᠤᠨ ᠰᠤᠳᠤᠯᠤᠯ》 ᠵᠡᠷᠭᠡ ᠲᠤᠰᠬᠠᠢ ᠮᠡᠷᠭᠡᠵᠢᠯ ᠦᠨ ᠥᠭᠦᠯᠡᠯ  ᠢ ᠪᠢᠴᠢᠪᠡ ᠃

2017 ᠣᠨ ᠠᠴᠠ ᠨᠠᠰᠢ ᠂ ᠪᠠᠶ ᠵᠢᠩ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ   ᠤ ᠨᠡᠢᠢᠲᠡ ᠶᠢᠨ ᠠᠰᠢᠭᠲᠤ  ᠵᠠᠷᠭᠤ ᠶᠢᠨ ᠵᠢᠯᠣᠭᠣᠳᠬᠤ ᠳᠤᠭᠤᠶᠢᠯᠠᠩ ᠤᠨ ᠪᠦᠷᠢᠯᠳᠦᠬᠦᠨ ᠪᠣᠯᠤᠭᠰᠠᠨ ᠤ ᠬᠤᠪᠢ  ᠳᠤ ᠂ ᠪᠦᠬᠦ ᠣᠷᠣᠨ ᠤ ᠢᠷᠭᠡᠨ ᠦ ᠬᠡᠷᠡᠭ ᠵᠠᠰᠠᠭ ᠵᠠᠬᠢᠷᠭᠠᠨ ᠤ ᠪᠠᠶᠢᠴᠠᠭᠠᠬᠤ ᠬᠡᠷᠡᠭ ᠰᠢᠶᠳᠪᠦᠷᠢᠯᠡᠬᠦ ᠠᠵᠢᠯᠲᠠᠨ  ᠳᠤ ᠲᠦᠪᠯᠡᠷᠡᠭᠰᠡᠨ ᠬᠢᠴᠢᠶᠠᠯ ᠤᠷᠤᠵᠤ ᠂ ᠤᠷᠢᠳ ᠬᠣᠵᠢᠳ ᠬᠢᠩᠭᠠᠨ ᠠᠶᠢᠮᠠᠭ ᠂ ᠲᠦᠩᠯᠢᠶᠣᠤ ᠬᠣᠲᠠ ᠂ ᠤᠯᠠᠭᠠᠨᠴᠠᠪ ᠬᠣᠲᠠ ᠂ ᠦᠬᠠᠶ ᠬᠣᠲᠠ ᠂ ᠪᠠᠶᠠᠨᠨᠠᠭᠤᠷ ᠬᠣᠲᠠ ᠵᠡᠷᠭᠡ ᠠᠶᠢᠮᠠᠭ ᠬᠣᠲᠠ ᠶᠢᠨ ᠪᠠᠶᠢᠴᠠᠭᠠᠬᠤ ᠪᠠᠶᠢᠭᠤᠯᠭ᠎ᠠ ᠳᠤ ᠪᠠᠶᠢᠴᠠᠭᠠᠬᠤ ᠨᠡᠶᠢᠲᠡ ᠶᠢᠨ ᠠᠰᠢᠭᠲᠤ ᠵᠠᠷᠭᠤ  ᠶᠢᠨ ᠲᠣᠭᠣᠷᠢᠨ ᠬᠢᠴᠢᠶᠡᠯᠯᠡᠭᠡ ᠬᠢᠵᠦ ᠂ ᠥᠪᠡᠷ  ᠦᠨ  ᠢᠶᠡᠨ ᠳ᠋ᠦᠩᠨᠡᠭᠰᠡᠨ ᠨᠡᠶᠢᠲᠡ  ᠶᠢᠨ ᠠᠰᠢᠭᠲᠤ ᠵᠠᠷᠭᠤ  ᠶᠢᠨ ᠣᠨᠣᠯ  ᠤᠨ ᠭᠣᠸᠯᠳᠠᠯᠭ᠎ᠠ ᠪᠣᠯᠤᠨ ᠦᠶᠯᠡᠳᠦᠯᠭᠡ  ᠶᠢᠨ ᠲᠤᠷᠰᠢᠯᠭ᠎ᠠ  ᠶᠢ ᠪᠦᠬᠦ ᠣᠷᠣᠨ  ᠤ ᠡᠯ᠎ᠡ ᠭᠠᠵᠠᠷ  ᠤᠨ ᠪᠠᠶᠢᠴᠠᠭᠠᠬᠤ ᠠᠵᠢᠯᠲᠠᠳ  ᠲᠤ ᠬᠤᠪᠢᠶᠠᠨ ᠡᠳ᠋ᠯᠡᠭᠦᠯᠵᠦ᠂ ᠲᠡᠳᠡᠨ ᠦ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠢ ᠤᠷᠤᠭᠰᠢᠲᠠᠶ ᠥᠷᠨᠢᠭᠦᠯᠬᠦ ᠳᠦ ᠲᠦᠬᠦᠮ ᠦᠵᠡᠭᠦᠯᠪᠡ ᠃

ᠨᠡᠶᠢᠲᠡ ᠶᠢᠨ ᠠᠰᠢᠭᠲᠤ ᠵᠠᠷᠭᠤ ᠪᠣᠯ ᠨᠡᠶᠢᠭᠡᠮ ᠦᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢᠨ ᠴᠢᠬᠤᠯᠠ ᠨᠢᠭᠡ ᠭᠣᠭᠴᠣᠭ᠎ᠠ ᠮᠥᠨ

ᠤᠯᠠᠨ ᠨᠡᠶᠢᠲᠡ ᠶᠢᠨ ᠠᠰᠢᠭ ᠲᠤᠰᠠ ᠶᠢ ᠲᠥᠯᠥᠭᠡᠯᠡᠨ ᠨᠡᠶᠢᠲᠡ ᠶᠢᠨ ᠠᠰᠢᠭᠲᠤ ᠵᠠᠷᠭᠤ ᠥᠷᠨᠢᠭᠦᠯᠬᠦ ᠪᠣᠯ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠮᠥᠨ᠃ ᠨᠡᠢᠢᠲᠡ ᠶᠢᠨ ᠠᠰᠢᠭᠲᠤ ᠵᠠᠷᠭᠤ ᠶᠢᠨ ᠦᠢᠯᠡᠳᠦᠯᠭᠡ ᠳᠤᠮᠳᠠ ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠨᠢᠭᠡ ᠲᠠᠯ᠎ᠠ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ ᠂ ᠠᠵᠢᠯ ᠢ ᠲᠦᠯᠬᠢᠨ ᠠᠬᠢᠭᠤᠯᠬᠤ ᠡᠬᠢᠨ ᠦ ᠣᠶᠢᠶ᠎ᠠ ᠳᠤ ᠂ ᠣᠶᠢᠯᠠᠭᠠᠬᠤ ᠦᠭᠡᠢ ᠂ ᠬᠠᠮᠵᠢᠯᠴᠠᠬᠤ ᠦᠭᠡᠢ ᠂ ᠮᠥᠷᠭᠥᠯᠳᠦᠬᠦ ᠰᠡᠳᠬᠢᠯᠭᠡ ᠪᠣᠯ ᠬᠡᠪ ᠦᠨ ᠪᠠᠶᠢᠲᠠᠯ ᠪᠣᠯᠤᠨ᠎ᠠ ᠃ ᠡᠨᠡ ᠬᠦ ᠶᠠᠪᠤᠴᠠ ᠳᠤ ᠪᠠᠶ ᠵᠢᠩ ᠶᠡᠬᠡ ᠬᠡᠮᠵᠢᠶᠡᠨ ᠦ ᠨᠠᠷᠢᠨ ᠲᠠᠶᠢᠯᠪᠤᠷᠢᠯᠠᠯ ᠪᠠ ᠲᠣᠳᠣᠷᠬᠠᠶᠢᠯᠠᠯᠲᠠ ᠬᠢᠬᠦ ᠬᠡᠷᠡᠭᠲᠡᠶ ᠃

ᠬᠥᠬᠡᠬᠣᠲᠠ ᠶᠢᠨ ᠨᠢᠭᠡᠨ ᠭᠠᠵᠠᠷ ᠤᠨ ᠭᠣᠸᠯ ᠤᠨ ᠵᠠᠮ ᠨᠢ ᠬᠠᠸᠯᠢ ᠪᠤᠰᠤ ᠪᠠᠷ ᠡᠯᠡᠰᠦ ᠮᠠᠯᠲᠠᠭᠰᠠᠨ ᠠᠴᠠ ᠪᠣᠯᠵᠣ ᠠᠮᠢ ᠠᠬᠤᠶ ᠶᠢᠨ ᠠᠰᠠᠭᠤᠳᠠᠯ ᠢ ᠪᠣᠶ ᠪᠣᠯᠭᠠᠭᠰᠠᠨ ᠪᠥᠭᠡᠳ ᠦᠨᠳᠦᠰᠦᠨ ᠲᠠᠷᠢᠶᠠᠨ ᠭᠠᠵᠠᠷ ᠤᠨ ᠲᠠᠷᠢᠶᠠᠯᠠᠭ᠎ᠠ ᠶᠢ ᠰᠦᠷᠳᠡᠭᠦᠯᠵᠡᠶ ᠃ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠠᠶᠢᠴᠠᠭᠠᠬᠤ ᠬᠣᠷᠢᠶ᠎ᠠ ᠲᠠᠶ ᠤᠷᠢᠳᠠᠪᠠᠷ ᠬᠠᠷᠢᠯᠴᠠᠬᠤ ᠳᠠᠭᠠᠨ ᠂ ᠵᠠᠰᠠᠭ ᠤᠨ ᠣᠷᠳᠣᠨ ᠪᠠᠰᠠ ᠶᠠᠭᠠᠬᠢᠭᠠᠳ ᠵᠠᠭᠠᠯᠳᠤᠭᠳᠠᠭᠰᠠᠨ ᠢ ᠣᠶᠢᠯᠠᠭᠠᠬᠤ ᠦᠭᠡᠢ ᠪᠠᠶᠢᠪᠠ  ᠃ ᠪᠠᠢ ᠵᠢᠩ ᠬᠠᠮᠲᠤ ᠠᠵᠢᠯᠯᠠᠭᠰᠠᠳ ᠲᠠᠶ ᠪᠠᠨ ᠬᠠᠮᠲᠤ ᠂ ᠭᠣᠸᠯ  ᠤᠨ ᠵᠠᠮ  ᠤᠨ ᠡᠯᠡᠰᠦ ᠮᠠᠯᠲᠠᠬᠤ ᠬᠠᠮᠢᠶ᠎ᠠ ᠪᠦᠬᠦᠢ ᠬᠠᠸᠯᠢ ᠴᠠᠭᠠᠵᠠ ᠬᠠᠸᠯᠢ ᠲᠣᠭᠲᠠᠭᠠᠯ  ᠢ ᠵᠣᠬᠢᠶᠠᠨ ᠪᠠᠶᠢᠭᠤᠯᠤᠭᠰᠠᠨ ᠪᠥᠭᠡᠳ ᠠᠭᠠᠷ  ᠤᠨ ᠳᠦᠷᠰᠦ ᠰᠢᠩᠭᠡᠭᠡᠯᠲᠡ   ᠪᠠᠷ  ᠬᠠᠸᠯᠢ ᠪᠤᠰᠤ  ᠪᠠᠷ ᠡᠯᠡᠰᠦ ᠮᠠᠯᠲᠠᠭᠰᠠᠨ ᠠᠴᠠ ᠪᠣᠯᠤᠭᠰᠠᠨ ᠠᠮᠢ ᠠᠬᠤᠶ ᠡᠪᠳᠡᠭᠳᠡᠭᠰᠡᠨ ᠪᠠᠶᠢᠳᠠᠯ ᠢ ᠰᠡᠭᠦᠲᠡᠷᠯᠡᠵᠦ ᠂ ᠪᠦᠷᠢᠨ ᠪᠦᠲᠦᠨ ᠪᠣᠳᠠᠲᠤ ᠬᠡᠷᠡᠭ ᠦᠨ ᠦᠨᠳᠦᠰᠦ ᠪᠠᠷᠢᠮᠲᠠ ᠶᠢ ᠪᠦᠷᠢᠯᠳᠦᠭᠦᠯᠵᠡᠶ ᠃ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠭᠣᠣᠯ ᠤᠳᠤᠷᠢᠳᠤᠯᠭ᠎ᠠ ᠡᠶᠢᠮᠦ ᠨᠠᠷᠢᠨ ᠲᠣᠳᠣᠷᠬᠠᠶ ᠪᠣᠳᠠᠲᠤ ᠶᠠᠪᠤᠳᠠᠯ ᠤᠨ ᠮᠠᠲ᠋ᠧᠷᠢᠶᠠᠯ ᠢ ᠣᠯᠵᠤ ᠦᠵᠡᠭᠰᠡᠨ ᠦ ᠳᠠᠷᠠᠭ᠎ᠠ ᠂ ᠲᠤᠩ ᠰᠤᠴᠢᠭᠰᠠᠨ ᠪᠦᠭᠡᠳ ᠮᠠᠰᠢ ᠲᠦᠷᠭᠡᠨ  ᠢᠶᠡᠷ ᠦᠵᠡᠯᠲᠡ  ᠪᠡᠨ ᠬᠤᠪᠢᠷᠠᠭᠤᠯᠵᠤ ᠂ ᠰᠠᠨᠠᠭᠠᠴᠢᠯᠠᠭ᠎ᠠ  ᠠᠴᠠ  ᠪᠠᠨ ᠲᠤᠰᠢᠶᠠᠯ  ᠢᠶᠠᠨ ᠬᠦᠢᠴᠡᠳᠭᠡᠵᠦ ᠂ ᠪᠠᠶᠢᠴᠠᠭᠠᠬᠤ ᠪᠠᠶᠢᠭᠤᠯᠭ᠎ᠠ  ᠶᠢᠨ ᠡᠨᠡ ᠬᠦ ᠬᠡᠷᠡᠭ  ᠢ ᠰᠢᠢᠳᠪᠦᠷᠢᠯᠡᠬᠦ  ᠶᠢ ᠢᠲᠡᠪᠬᠢᠲᠡᠢ ᠬᠠᠮᠵᠢᠭᠰᠠᠨ ᠪᠠᠶᠢᠨ᠎ᠠ ᠃

ᠪᠠᠢ ᠵᠢᠩ ᠬᠡᠯᠡᠬᠦ ᠳᠡᠭᠡᠨ ᠂ 《 ᠵᠠᠭᠠᠯᠳᠤᠬᠤ 》 ᠬᠡᠯᠪᠡᠷᠢ ᠪᠡᠷ ᠨᠡᠢᠢᠲᠡ ᠶᠢᠨ ᠠᠰᠢᠭ  ᠤᠨ  ᠬᠠᠮᠠᠭᠠᠯᠠᠯᠲᠠ ᠶᠢᠨ ᠠᠵᠢᠯ ᠢ ᠠᠬᠢᠭᠤᠯᠵᠤ ᠂ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠠᠷᠭ᠎ᠠ ᠪᠠᠷᠢᠯ ᠢᠶᠠᠷ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠦᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠲᠦᠯᠬᠢᠨ ᠠᠬᠢᠭᠤᠯᠵᠤ᠂ ᠨᠡᠶᠢᠲᠡ ᠶᠢᠨ ᠠᠰᠢᠭᠲᠤ ᠵᠠᠷᠭᠤ ᠪᠣᠯ ᠨᠡᠶᠢᠭᠡᠮ ᠦᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢᠨ ᠴᠢᠬᠤᠯᠠ ᠭᠣᠭᠴᠣᠭ᠎ᠠ ᠮᠥᠨ᠃ ᠪᠡᠶ᠎ᠡ ᠳᠦ ᠪᠡᠨ ᠡᠷᠬᠡᠪᠰᠢ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠂ ᠠᠶᠤᠵᠤ ᠲᠠᠲᠠᠭᠠᠯᠵᠠᠭᠠᠳ ᠤᠷᠤᠭᠰᠢᠯᠠᠬᠤ ᠦᠭᠡᠢ ᠪᠠᠶᠢᠵᠤ ᠪᠣᠯᠬᠤ ᠦᠭᠡᠢ ᠂ ᠤᠬᠤᠷᠢᠵᠤ ᠵᠠᠶᠢᠯᠠᠵᠤ ᠪᠣᠯᠬᠤ ᠦᠭᠡᠢ ᠂ ᠢᠩᠭᠢᠪᠡᠯ ᠰᠠᠶ᠋ᠢ ᠪᠠᠶᠢᠴᠠᠭᠠᠬᠤ ᠲᠤᠰᠢᠶᠠᠯᠲᠠᠨ ᠤ ᠦᠨ᠎ᠡ ᠶᠢ ᠪᠡᠶᠡᠯᠡᠭᠦᠯᠵᠦ ᠴᠢᠳᠠᠨ᠎ᠠ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro