ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠴᠢ ᠯᠢᠨ ᠪᠠᠶᠢᠴᠠᠭᠠᠬᠤ ᠲᠠᠷᠤᠭ᠎ᠠ ᠠᠯᠠᠱᠠ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠳᠤ ᠠᠵᠢᠯ ᠪᠠᠶᠢᠴᠠᠭᠠᠨ ᠵᠢᠯᠤᠭᠤᠳᠪᠠ

2018-08-13 15:41:53
ᠵᠣᠬᠢᠶᠠᠭᠴᠢ
ᠬᠡᠰᠢᠭ

1534130415121625.jpg

1534130415502266.jpg

1534130415767041.jpg

1534130415137736.jpg


   8 ᠰᠠᠷ᠎ᠠ ᠶᠢᠨ 5 ᠤ ᠡᠳᠤᠷ ᠠᠴᠠ 6 ᠤ ᠡᠳᠤᠷ ᠬᠦᠷᠳᠡᠯ᠎ᠡ᠂ ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠪᠠᠶᠢᠴᠠᠭᠠᠬᠤ ᠲᠠᠷᠤᠭ᠎ᠠ ᠯᠢ ᠴᠢ ᠯᠢᠨ ᠠᠯᠠᠱᠠ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠳᠤ ᠬᠦᠷᠴᠤ ᠠᠵᠢᠯ ᠪᠠᠶᠢᠴᠠᠭᠠᠨ ᠵᠢᠯᠤᠭᠤᠳᠪᠠ᠃

   ᠯᠢ ᠴᠢ ᠯᠢᠨ ᠪᠠᠶᠢᠴᠠᠭᠠᠬᠤ ᠲᠠᠷᠤᠭ᠎ᠠ ᠤᠷᠢᠳ ᠬᠤᠵᠢᠳ ᠠᠯᠠᠱᠠ ᠪᠠᠷᠠᠭᠤᠨ ᠬᠤᠰᠢᠭᠤ᠂ ᠠᠯᠠᠱᠠ ᠵᠡᠬᠦᠨ ᠬᠤᠰᠢᠭᠤ᠂ ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠳᠤ ᠬᠦᠷᠴᠤ ᠪᠠᠶᠢᠴᠠᠭᠠᠨ ᠵᠢᠯᠤᠭᠤᠳᠤᠭᠰᠠᠠ ᠪᠦᠭᠡᠳ ᠬᠤᠪᠢᠶᠠᠷᠢ ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ᠂ ᠡᠯ᠎ᠡ  ᠲᠣᠲᠤᠭᠠᠳᠦ  ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠦᠨᠳᠦᠰᠦᠨ ᠱᠠᠳᠤᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠨᠠᠷ ᠲᠠᠢ ᠶᠠᠷᠢᠯᠴᠠᠯᠭ᠎ᠠ ᠬᠢᠪᠡ᠃

   ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠯᠢ ᠴᠢ ᠯᠢᠨ ᠪᠠᠶᠢᠴᠠᠭᠠᠬᠤ ᠲᠠᠷᠤᠭ᠎ᠠ ᠶᠠᠪᠠᠷᠠᠢ ᠪᠠᠯᠭᠠᠰᠤᠨ ᠤ ᠪᠠᠳᠠᠢ ᠶᠢᠨ ᠵᠢᠷᠠᠨ ᠭᠠᠴᠠᠭ᠎ᠠ ᠳᠤ ᠬᠦᠷᠴᠤ ᠭᠠᠴᠠᠭᠠᠨ ᠤ ᠬᠤᠶᠠᠷ ᠵᠦᠪᠯᠡᠯ ᠤᠨ ᠬᠠᠷᠢᠭᠤᠴᠠᠯᠭᠠᠲᠠᠨ ᠪᠠ ᠮᠠᠯᠴᠢᠨ ᠲᠦᠯᠦᠭᠡᠯᠡᠭᠴᠢ ᠶᠢ ᠡᠷᠬᠢᠨ ᠪᠣᠯᠭᠤᠭᠠᠭᠰᠠᠨ ᠪᠦᠭᠡᠳ ᠮᠣᠩᠭᠤᠯ ᠬᠡᠯᠡᠨ ᠤ ᠬᠠᠤᠯᠢ ᠲᠦᠭᠡᠮᠡᠯᠵᠢᠬᠦᠯᠬᠦ ᠤᠬᠠᠭᠤᠯᠤᠯ ᠬᠦᠮᠦᠵᠢᠯ ᠤᠨ ᠴᠤᠪᠤᠷᠠᠯ ᠨᠣᠮ ᠬᠦᠷᠭᠡᠭᠰᠡᠨ ᠪᠠᠶᠢᠨ᠎ᠠ᠃


ᠢᠷᠡᠯᠲᠡ
ᠦᠪᠡᠷᠳᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro