ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠭᠦᠨ ᠠᠭᠤᠯᠠᠨ ᠳᠠᠬᠢ ᠪᠠᠶᠢᠴᠠᠭᠠᠬᠤ ᠦᠷᠲᠡᠭᠡ ᠵᠤᠭᠠᠴᠠᠭᠴᠢᠳ ᠤᠨ ᠰᠡᠳᠭᠢᠯ ᠢ ᠳᠤᠯᠠᠭᠠᠴᠠᠭᠤᠯᠤᠨ᠎ᠠ

2018-09-25 15:15:01
ᠵᠣᠬᠢᠶᠠᠭᠴᠢ
ᠡᠷᠬᠡ

     8 ᠰᠠᠷ᠎ᠠ ᠶᠢᠨ ᠡᠬᠢ ᠪᠠᠷ᠂ ᠪᠡᠭᠡᠵᠢᠩ ᠬᠤᠲᠠ ᠠᠴᠠ ᠦᠪᠦᠷ ᠮᠣᠩᠭᠤᠯ ᠤᠨ ᠷᠠᠰᠢᠶᠠᠨ ᠦᠵᠡᠮᠵᠢ ᠶᠢᠨ ᠣᠷᠤᠨ ᠳᠤ ᠵᠤᠭᠠᠴᠠᠬᠤ ᠪᠠᠷ ᠢᠷᠡᠭᠰᠡᠨ ᠸᠠᠩ ᠠᠪᠠᠭ᠋ᠠᠢ᠂ ᠤᠯᠤᠰ ᠤᠨ5A ᠳᠡᠰ ᠤᠨ ᠵᠤᠭᠠᠴᠠᠯ ᠤᠨ ᠭᠠᠵᠠᠷ ᠮᠦᠷᠲᠡᠭᠡᠨ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠣᠯᠬᠤ ᠷᠠᠰᠢᠶᠠᠨ ᠤᠯᠤᠰ ᠤᠨ ᠣᠢ ᠰᠢᠭᠤᠢ ᠶᠢᠨ ᠴᠡᠴᠡᠷᠯᠢᠭ ᠤᠨ ᠭᠠᠳᠠᠨᠠᠬᠢ ᠡᠧᠦ᠋ᠷᠤᠫᠠ ᠮᠠᠶ᠋ᠢᠭ ᠤᠨ ᠪᠠᠷᠢᠯᠭ᠎ᠠ ᠶᠢᠨ ᠳᠣᠲᠤᠷ᠎ᠠ ᠨᠢᠭᠡᠨ ᠠᠮᠢ ᠠᠬᠤᠢ ᠶᠢᠨ ᠵᠤᠭᠠᠴᠠᠯ ᠤᠨ ᠪᠠᠶᠢᠴᠠᠭᠠᠬᠤ ᠦᠷᠲᠡᠭᠡ ᠪᠠᠶᠢᠬᠤ ᠶᠢ ᠰᠠᠨᠠᠭᠠᠨ ᠳᠤ ᠦᠭᠡᠢ ᠣᠯᠵᠤ ᠬᠠᠷᠠᠯ᠎ᠠ᠂ ᠲᠤᠰ ᠪᠠᠶᠢᠴᠠᠭᠠᠬᠤ ᠦᠷᠲᠡᠭᠡ ᠶᠢᠨ ᠪᠠᠷᠢᠯᠭ᠎ᠠ ᠶᠢᠨ ᠬᠡᠯᠪᠡᠷᠢ ᠮᠠᠶ᠋ᠢᠭ ᠨᠢ ᠮᠠᠰᠢ ᠡᠭᠡᠯ ᠪᠣᠷᠤᠭᠵᠢᠭᠤᠨ ᠮᠦᠷᠲᠡᠭᠡᠨ ᠲᠣᠳᠤᠨᠤᠰᠤᠭ ᠪᠠᠶᠢᠵᠤ᠂ ᠪᠠᠶᠢᠴᠠᠭᠠᠬᠤ ᠶᠢᠨ ᠬᠦᠬᠡ ᠨᠢ ᠷᠠᠰᠢᠶᠠᠨ ᠤ ᠭᠤᠴᠤ ᠦᠵᠡᠮᠵᠢ ᠲᠠᠢ ᠠᠭᠤᠰᠤᠨ ᠨᠢᠭᠡᠳᠴᠦ ᠬᠠᠷᠠᠭᠰᠠᠨ ᠬᠦᠮᠦᠨ ᠪᠣᠯᠭᠠᠨ ᠤ ᠰᠡᠳᠭᠢᠯ ᠢ ᠳᠤᠯᠠᠭᠠᠴᠠᠭᠤᠯᠤᠨ᠎ᠠ᠃

     ︽ᠷᠠᠰᠢᠶᠠᠨ ᠤ ᠦᠵᠡᠮᠵᠢ ᠶᠢᠨ ᠣᠷᠤᠨ ᠨᠢ ᠵᠤᠭᠠᠴᠠᠭᠴᠢ ᠶᠢ ᠵᠢᠯ ᠪᠦᠷᠢ ᠳᠤᠮᠳᠠᠴᠢ ᠪᠠᠷ 120  ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ ᠬᠤᠲᠠ ᠶᠢᠨ ᠲᠥᠪ ᠠᠴᠠ ᠵᠠᠭᠤ ᠭᠠᠷᠤᠢ ᠺᠢᠯᠤᠮᠧᠲᠷ ᠵᠠᠶᠢᠲᠠᠢ ᠪᠠᠶᠢᠳᠠᠭ ᠤᠨ ᠰᠢᠯᠲᠠᠭᠠᠨ ᠢᠶᠠᠷ ᠵᠤᠭᠠᠴᠠᠭᠴᠢ ᠶᠠᠮᠠᠷ ᠨᠢᠭᠡᠨ ᠬᠠᠤᠯᠢ ᠴᠠᠭᠠᠵᠠ ᠶᠢᠨ ᠠᠰᠠᠭᠤᠳᠠᠯ ᠪᠠᠶᠢᠭᠰᠠᠭᠠᠷ ᠰᠢᠢᠳᠪᠦᠷᠢᠯᠡᠬᠦ ᠳᠤ ᠲᠡᠶᠢᠮᠦ ᠬᠢᠯᠪᠡᠷ ᠪᠢᠰᠢ ᠪᠠᠶᠢᠳᠠᠭ︾ ᠭᠡᠵᠦ ᠷᠠᠰᠢᠶᠠᠨ ᠬᠤᠲᠠ ᠶᠢᠨ ᠪᠠᠶᠢᠴᠠᠭᠠᠬᠤ ᠳᠠᠷᠤᠭ᠎ᠠ ᠢᠦᠢ ᠬᠠᠢ ᠵᠢᠶᠧ ᠶᠠᠷᠢᠵᠦ ᠪᠠᠶᠢᠯ᠎ᠠ᠃

     ᠷᠠᠰᠢᠶᠠᠨ ᠤ ᠠᠮᠢ ᠠᠬᠤᠢ ᠶᠢᠨ ᠵᠤᠭᠠᠴᠠᠯ ᠤᠨ ᠪᠠᠶᠢᠴᠠᠭᠠᠬᠤ ᠦᠷᠲᠡᠭᠡ ᠶᠢᠨ ᠭᠤᠣᠯ ᠡᠭᠦᠷᠭᠡ ᠴᠢᠳᠠᠪᠬᠢ ᠪᠣᠯ ᠦᠵᠡᠮᠵᠢ ᠶᠢᠨ ᠣᠷᠤᠨ ᠳᠤ ᠴᠢᠭᠯᠡᠭᠦᠯᠦᠨ᠂ ᠵᠤᠭᠠᠴᠠᠭᠴᠢ ᠳᠤ ᠦᠢᠯᠡᠴᠢᠯᠡᠨ᠂ ᠠᠷᠠᠳ ᠢᠷᠭᠡᠨ ᠤ ᠵᠠᠬᠢᠲᠠᠯ ᠰᠣᠷᠪᠤᠯᠵᠢᠯᠠᠯ ᠤᠨ ᠢᠯᠡᠴᠢᠯᠡᠨ ᠮᠡᠳᠡᠭᠦᠯᠦᠯᠲᠡ ᠶᠢ ᠬᠠᠤᠯᠢ ᠶᠣᠰᠤᠭᠠᠷ ᠬᠦᠯᠢᠶᠡᠨ ᠰᠢᠢᠳᠪᠦᠷᠢᠯᠡᠵᠦ᠂ ᠣᠯᠠᠨ ᠲᠦᠮᠡᠨ ᠤ ᠵᠠᠷᠭᠤ ᠶᠢᠨ ᠭᠤᠶᠤᠴᠢᠯᠠᠯ ᠤᠨ ᠨᠡᠪᠲᠡᠷᠡᠴᠡ ᠶᠢ ᠢᠯᠭᠤᠮ ᠤᠷᠤᠭᠰᠢᠲᠠᠢ ᠪᠣᠯᠭᠠᠬᠤ︔ ᠵᠤᠭᠠᠴᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠪᠠ ᠵᠤᠭᠠᠴᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠳᠦᠷᠢᠮᠵᠢᠭᠦᠯᠦᠨ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ︔ ᠪᠠᠶᠢᠴᠠᠭᠠᠬᠤ ᠭᠡᠷ ᠤᠨ ᠰᠤᠩᠭᠠᠯ ᠦᠢᠯᠡᠴᠢᠯᠡᠭᠡ ᠶᠢᠨ  ᠴᠢᠳᠠᠪᠬᠢ ᠶᠢ ᠭᠦᠢᠴᠡᠳ ᠪᠠᠳᠠᠷᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠵᠤᠭᠠᠴᠠᠯ ᠤᠨ ᠲᠤᠬᠠᠢ ᠬᠠᠮᠢᠶ᠎ᠠ ᠪᠦᠬᠦᠢ ᠬᠠᠤᠯᠢ ᠴᠠᠭᠠᠵᠠ ᠶᠢ ᠤᠬᠠᠭᠤᠯᠬᠤ︔ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠦᠢᠯᠡ ᠠᠵᠢᠯᠯᠠᠭ᠎ᠠ ᠳᠤ ᠴᠣᠬᠢᠯᠲᠠ ᠦᠭᠴᠦ᠂ ᠣᠷᠴᠢᠨ ᠲᠣᠭᠤᠷᠢᠨ ᠢ ᠬᠠᠮᠠᠭᠠᠯᠠᠬᠤ ᠶᠠᠪᠤᠳᠠᠯ ᠪᠣᠯᠤᠨ᠎ᠠ᠃

     ᠪᠠᠶᠢᠴᠠᠭᠠᠬᠤ ᠦᠷᠲᠡᠭᠡ ᠪᠠᠨ ᠦᠵᠡᠮᠵᠢ ᠶᠢᠨ ᠣᠷᠤᠨ ᠤ ᠶᠡᠭᠡ ᠲᠢᠩᠬᠢᠮ ᠳᠤ ᠪᠠᠶᠢᠷᠢᠯᠠᠭᠤᠯᠤᠨ᠂ 24 ᠴᠠᠭ ᠤᠨ ᠨᠡᠭᠡᠭᠡᠯᠲᠡᠲᠦ ᠮᠠᠶ᠋ᠢᠭ ᠤᠨ ᠦᠪᠡᠰᠦᠪᠠᠨ ᠦᠢᠯᠡᠴᠢᠯᠡᠬᠦ ᠦᠢᠯᠡᠴᠢᠯᠡᠭᠡ ᠬᠠᠩᠭᠠᠨ᠂ ᠵᠤᠭᠠᠴᠠᠭᠴᠢ ᠭᠠᠷ ᠤᠳᠠᠰᠤ᠂ ᠰᠦᠯᠵᠢᠶ᠎ᠡ ᠵᠡᠷᠭᠡ ᠪᠠᠷ ᠳᠠᠮᠵᠢᠭᠤᠯᠤᠨ ᠬᠠᠤᠯᠢ ᠴᠠᠭᠠᠵᠠ ᠪᠣᠶᠤ ᠲᠤᠰᠬᠠᠭᠰᠠᠨ ᠠᠰᠠᠭᠤᠳᠠᠯ ᠤᠨ ᠲᠤᠬᠠᠢ ᠠᠰᠠᠭᠤᠨ ᠰᠣᠷᠪᠤᠯᠵᠢᠯᠠᠵᠤ ᠪᠣᠯᠤᠨ᠎ᠠ᠂ ᠡᠨᠡᠬᠦ ᠠᠷᠭ᠎ᠠ ᠬᠢᠳᠡᠯ ᠨᠢ ᠵᠤᠭᠠᠴᠠᠭᠴᠢᠳ ᠤᠨ ᠠᠰᠠᠭᠤᠳᠠᠯ ᠪᠠᠶᠢᠭᠠᠳ ᠪᠠᠶᠢᠴᠠᠭᠠᠬᠤ ᠪᠠᠶᠢᠭᠤᠯᠭ᠎ᠠ ᠳᠤ ᠣᠴᠢᠵᠤ ᠲᠤᠰᠬᠠᠬᠤ ᠳᠤᠷ᠎ᠠ ᠦᠭᠡᠢ ᠪᠠᠶᠢᠳᠠᠭ ᠬᠦᠰᠢᠭᠦᠷᠡᠮᠡᠯ ᠪᠠᠶᠢᠳᠠᠯ ᠢ ᠡᠪᠳᠡᠨ᠂ ᠣᠯᠠᠨ ᠲᠦᠮᠡᠨ ᠤ ᠰᠣᠷᠪᠤᠯᠵᠢᠯᠠᠯ ᠳᠤ ᠳᠦᠭᠦᠮ ᠦᠵᠡᠭᠦᠯᠦᠭᠰᠡᠨ ᠪᠠᠶᠢᠨ᠎ᠠ᠃ ᠪᠠᠶᠢᠴᠠᠭᠠᠬᠤ ᠦᠷᠲᠡᠭᠡ ᠨᠢ ᠣᠶᠤᠨᠴᠢ ᠪᠠᠶᠢᠴᠠᠭᠠᠬᠤ ᠶᠠᠪᠤᠳᠠᠯ ᠤᠨ ᠴᠢᠬᠤᠯᠠ ᠠᠴᠢᠶᠠᠯᠠᠭᠴᠢ ᠪᠣᠯᠤᠭᠰᠠᠨ ᠤ ᠬᠤᠪᠢ ᠳᠤ᠂ ᠦᠢᠯᠡᠴᠢᠯᠡᠭᠡ ᠶᠢᠨ ᠣᠨᠤᠯᠵᠢᠬᠤᠨ᠂ ᠠᠵᠢᠯ ᠤᠨ ᠲᠣᠭᠲᠠᠴᠠ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠳᠤ ᠰᠠᠭᠤᠷᠢᠯᠠᠨ᠂  ᠬᠠᠤᠯᠢ ᠴᠠᠭᠠᠵᠠ ᠶᠢᠨ ᠲᠤᠬᠠᠢ ᠦᠪᠡᠰᠦᠪᠠᠨ ᠦᠢᠯᠡᠴᠢᠯᠡᠬᠦ ᠲᠠᠪᠴᠠᠩ ᠪᠣᠯᠤᠭᠰᠠᠨ ᠢᠶᠠᠷ ᠪᠠᠷᠠᠬᠤ ᠦᠭᠡᠢ᠂ ᠪᠠᠰᠠ ᠬᠠᠤᠯᠢ ᠳᠦᠷᠢᠮ ᠤᠨ ᠤᠬᠠᠭᠤᠯᠭ᠎ᠠ ᠶᠢᠨ ᠴᠢᠬᠤᠯᠠ ᠴᠣᠩᠬᠤᠪᠴᠢ ᠪᠣᠯᠤᠭᠰᠠᠨ ᠪᠠᠶᠢᠨ᠎ᠠ᠃

     ᠬᠡᠷᠪᠡ ᠪᠠᠶᠢᠴᠠᠭᠠᠬᠤ ᠠᠵᠢᠯᠲᠠᠨ ᠭᠠᠳᠠᠭᠰᠢ ᠭᠠᠷᠬᠤ ᠴᠢᠬᠤᠯᠠᠲᠠᠢ ᠪᠣᠯᠪᠠᠯ᠂ ᠢᠵᠢ ᠪᠦᠷᠢᠳᠦᠭᠦᠯᠦᠭᠰᠡᠨ  ︽ᠬᠠᠶᠢᠷ᠎ᠠ ᠠᠷᠭᠠᠮᠵᠢᠭᠰᠠᠨ ᠤᠯᠠᠭᠠᠴᠢ︾ ᠨᠡᠷᠡᠮᠵᠢᠲᠦ ᠠᠮᠢ ᠠᠬᠤᠢ ᠶᠢᠨ ᠵᠤᠭᠠᠴᠠᠯ ᠤᠨ ᠪᠠᠶᠢᠴᠠᠭᠠᠬᠤ ᠲᠡᠷᠭᠡ ᠨᠢ ᠠᠵᠢᠯᠲᠠᠨ ᠢᠶᠠᠨ ᠠᠴᠢᠶᠠᠯᠠᠨ᠂ ᠴᠠᠭ ᠲᠤᠬᠠᠢ ᠳᠤᠨᠢ ᠲᠤᠬᠠᠢ ᠶᠢᠨ ᠲᠠᠯᠠᠪᠠᠢ ᠳᠤ ᠬᠦᠷᠴᠦ᠂ ᠮᠠᠰᠢᠨ ᠳᠡᠭᠡᠷ᠎ᠡ ᠪᠡᠯᠡᠳᠭᠡᠭᠰᠡᠨ ᠠᠯᠤᠰ ᠠᠴᠠ ᠰᠣᠷᠪᠤᠯᠵᠢᠯᠠᠯ ᠬᠦᠯᠢᠶᠡᠬᠦ᠂ ᠪᠠᠶᠢᠴᠠᠭᠠᠬᠤ ᠶᠠᠪᠤᠳᠠᠯ ᠢ ᠢᠯᠡ ᠪᠣᠯᠭᠠᠬᠤ᠂ ᠨᠡᠶᠢᠲᠡ ᠶᠢᠨ ᠠᠰᠢᠭᠲᠤ ᠵᠠᠷᠭᠤ ᠶᠢᠨ ᠵᠢᠯᠤᠭᠤᠴᠢ ᠦᠭᠡᠢ ᠨᠢᠰᠭᠡᠯ᠂ ᠬᠠᠤᠯᠢ ᠳᠦᠷᠢᠮ ᠤᠨ ᠤᠬᠠᠭᠤᠯᠭ᠎ᠠ᠂ ᠭᠦᠢᠴᠡᠳᠭᠡᠬᠦ ᠵᠢᠯᠤᠭᠤᠳᠬᠤ ᠵᠡᠷᠭᠡ ᠵᠢᠷᠭᠤᠭᠠᠨ ᠶᠡᠭᠡ ᠦᠢᠯᠡᠳᠦᠯ ᠴᠢᠳᠠᠪᠬᠢ ᠪᠠᠨ ᠠᠰᠢᠭᠯᠠᠨ ᠣᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠴᠢᠬᠡᠳᠡᠭ᠃ ᠡᠭᠦᠨ ᠳᠤ ︽ᠪᠠᠶᠢᠴᠠᠭᠠᠬᠤ ᠦᠷᠲᠡᠭᠡ ᠪᠠ ︿ᠬᠠᠶᠢᠷ᠎ᠠ ᠠᠷᠭᠠᠮᠵᠢᠭᠰᠠᠨ‌ᠤᠯᠠᠭᠠᠴᠢ﹀ ᠪᠠᠶᠢᠴᠠᠭᠠᠬᠤ ᠲᠡᠷᠭᠡ ᠨᠢ ᠲᠣᠬᠲᠠᠩᠭᠤᠢ ᠪᠠ ᠬᠦᠳᠡᠯᠦᠩᠭᠦᠢ ᠶᠢᠨ ᠣᠬᠢ ᠤᠶᠠᠯᠳᠤᠯ ᠢ ᠪᠡᠶᠡᠯᠡᠭᠦᠯᠦᠨ᠂ ᠬᠠᠮᠲᠤᠪᠡᠷ ᠷᠠᠰᠢᠶᠠᠨ ᠤ ︿ᠬᠦᠮᠦᠨ ᠪᠣᠯᠤᠨ ᠪᠠᠶᠢᠭᠠᠯᠢ﹀ ᠶᠢ ᠬᠠᠮᠠᠭᠠᠯᠠᠨ᠂ ᠬᠦᠮᠦᠰ ᠤᠨ ᠰᠡᠳᠭᠢᠯ ᠢ ᠳᠤᠯᠠᠭᠠᠴᠠᠭᠤᠯᠤᠨ᠎ᠠ︾ ᠭᠡᠵᠦ ᠢᠦᠢ ᠬᠠᠢ ᠵᠢᠶᠧ ᠶᠠᠷᠢᠵᠤ ᠪᠠᠶᠢᠯ᠎ᠠ᠃

     ᠪᠦᠷᠢᠳᠭᠡᠯ ᠢ ᠦᠨᠳᠦᠰᠦᠯᠡᠪᠡᠯ᠂ ᠪᠠᠶᠢᠴᠠᠭᠠᠬᠤ ᠦᠷᠲᠡᠭᠡ ᠨᠢ ᠪᠠᠶᠢᠭᠤᠯᠤᠭᠳᠠᠭᠠᠳ ᠨᠢᠭᠡ ᠰᠠᠷ᠎ᠠ ᠪᠣᠯᠤᠭᠠᠳᠤᠢ ᠪᠠᠷ᠂ ᠵᠤᠭᠠᠴᠠᠭᠴᠢᠳ ᠲᠤ ᠨᠢᠭᠡᠨᠲᠡ  600 ᠭᠠᠷᠤᠢ ᠬᠦᠮᠦᠨ ᠤᠳᠠᠭ᠎ᠠ ᠦᠢᠯᠡᠴᠢᠯᠡᠭᠡ ᠬᠠᠩᠭᠠᠵᠠᠢ᠃

ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro