ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠵᠢᠢ ᠾᠧᠡᠭ ᠄ ᠬᠤᠶᠠᠷ ᠳᠡᠭᠡᠲᠦ ᠬᠤᠷᠢᠶᠠᠨ ᠤ ᠠᠵᠢᠯ ᠨᠢ ᠰᠢᠨ᠎ᠡ ᠴᠠᠭ ᠦᠶ᠎ᠡ ᠶᠢᠨ ᠠᠷᠠᠳ ᠲᠦᠮᠡᠨ ᠦ ᠨᠡᠡᠭ ᠦᠨᠳᠦᠷ ᠬᠦᠰᠡᠯ ᠡᠷᠡᠮᠡᠯᠵᠡᠯ  ᠳᠦ ᠵᠣᠬᠢᠴᠠᠪᠠᠢ

2019-03-25 09:42:36
ᠵᠣᠬᠢᠶᠠᠭᠴᠢ
ᠪᠠᠶᠠᠰᠤᠯ

李纪恒.jpg

3 ᠰᠠᠷ᠎ᠠ ᠶᠢᠨ12  ᠦ ᠡᠳᠦᠷ ᠦᠨ ᠦᠳᠡ ᠶᠢᠨ ᠬᠤᠶᠢᠨ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠂ ᠥᠪᠦᠷ ᠮᠣᠡᠭᠭᠤᠯ ᠤᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠶᠢᠡᠭᠭᠤ ᠶᠢᠨ ᠬᠣᠷᠢᠶ᠎ᠠ ᠶᠢᠨ ᠡᠷᠬᠢᠯᠡᠭᠴᠢ ᠯᠢ ᠵᠢᠢ ᠾᠧᠡᠭ᠂ ᠬᠤᠶᠠᠷ ᠳᠡᠭᠡᠲᠤ ᠬᠣᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠬᠦ ᠳ᠋ᠡᠭᠡᠨ ᠢᠯᠡᠷᠬᠡᠶᠢᠯᠡᠭᠰᠡᠨ ᠨᠢ᠂ ᠬᠤᠶᠠᠷ ᠳᠡᠭᠡᠲᠦ ᠬᠣᠷᠢᠶ᠎ᠠ ᠶᠢᠨ ᠠᠵᠢᠯ ᠤᠨ ᠮᠡᠳᠡᠭᠦᠯᠦᠯᠲᠡ ᠨᠢ ᠥᠡᠭᠭᠡᠷᠡᠭᠰᠡᠨ ᠨᠢᠭᠡ ᠵᠢᠯ  ᠤᠨ ᠡᠯ᠎ᠡ ᠲᠠᠯ᠎ᠠ ᠶᠢᠨ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠪᠣᠰᠤᠳᠴᠢ ᠪᠠᠷ ᠳ᠋ᠦᠡᠭᠨᠡᠵᠦ᠂ ᠥᠨᠥ ᠵᠢᠯ ᠦᠨ ᠭᠣᠣᠯᠳᠠᠯᠭᠠᠲᠦ ᠡᠭᠦᠷᠭᠡ  ᠶᠢ ᠢᠯᠡ ᠲᠣᠳᠤᠷᠬᠠᠢ ᠪᠠᠶᠢᠷᠢᠯᠠᠭᠤᠯᠤᠨ᠂ ᠨᠠᠮ ᠤᠨ ᠲᠥᠪ ᠬᠤᠷᠢᠶᠠᠨ ᠤ ᠤᠯᠤᠰ ᠲᠦᠷᠥ ᠬᠠᠤᠯᠢ ᠴᠠᠭᠠᠵᠠ ᠶᠢᠨ ᠠᠵᠢᠯ ᠳᠠᠬᠢ ᠰᠢᠨ᠎ᠡ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠦ ᠬᠠᠤᠯᠢ ᠪᠠᠷᠢᠯᠲᠠ ᠶᠢᠨ ᠠᠵᠢᠯ ᠳᠠᠬᠢ ᠨᠡᠡᠭ ᠦᠨᠳᠦᠷ ᠬᠦᠰᠡᠯ ᠡᠷᠡᠮᠡᠯᠵᠡᠯ  ᠳᠤ  ᠵᠣᠬᠢᠴᠠᠪᠠᠢ᠃ ᠬᠤᠶᠠᠷ ᠳᠡᠭᠡᠲᠤ ᠬᠤᠷᠢᠶᠠᠨ ᠤ ᠠᠵᠢᠯ ᠤᠨ ᠮᠠᠳᠡᠭᠦᠯᠦᠯᠲᠡ ᠶᠢ ᠪᠦᠷᠢᠮᠦᠰᠦᠨ ᠵᠦᠪᠰᠢᠶᠡᠷᠡᠨ᠎ᠡ ᠃

ᠯᠢ ᠵᠢᠢ ᠾᠸᠡᠭ ᠠᠵᠢᠯ ᠤᠨ ᠮᠠᠳᠡᠭᠦᠯᠦᠯᠲᠡ ᠶᠢᠨ ᠤᠨᠴᠠᠯᠢᠭ ᠢ ᠲᠠᠪᠤᠨ ᠲᠠᠯ᠎ᠠ ᠪᠠᠷ ᠬᠤᠷᠢᠶᠠᠡᠭᠭᠤᠶᠢᠯᠠᠵᠤ᠂ ᠨᠢᠭᠡ  ᠳᠦ᠂ ︽ᠬᠤᠶᠠᠷ ᠢ ᠬᠠᠮᠠᠭᠠᠯᠠᠬᠤ︾ ᠨᠢ ᠡᠷᠡᠰ ᠬᠦᠴᠦᠲᠠᠢ᠃ ᠬᠣᠶᠠᠷ ᠳᠡᠭᠡᠲᠦ ᠬᠣᠷᠢᠶ᠎ᠠ  ᠨᠢ ︽ᠲᠦᠷᠪᠡᠨ ᠤᠬᠠᠮᠰᠠᠷ ︾  ᠢ ᠨᠡᠮᠡᠭᠲᠡᠭᠦᠯᠬᠦ᠂ ︽ᠲᠦᠷᠪᠡᠨ ᠢᠲᠡᠭᠡᠯ︾ ᠢ ᠪᠠᠳᠤᠳᠬᠠᠬᠤ᠂ ︽ᠬᠤᠶᠠᠷ ᠢ ᠬᠠᠮᠠᠭᠠᠯᠠᠬᠤ︾  ᠶᠢ ᠭᠦᠢᠴᠡᠳᠭᠡᠬᠦ  ᠶᠢ ᠰᠢᠭᠦᠨ ᠲᠠᠰᠤᠯᠬᠤ ᠠᠵᠢᠯ ᠪᠠ ᠪᠠᠶᠢᠴᠠᠭᠠᠬᠤ ᠠᠵᠢᠯ  ᠤᠨ ᠰᠦᠪᠡᠭᠴᠢᠯᠡᠯᠲᠡ ᠪᠠ ᠠᠬᠢᠭᠤᠯᠤᠯᠲᠠ ᠶᠢᠨ ᠪᠦᠬᠦ ᠶᠠᠪᠤᠴᠠ ᠳᠦ ᠦᠨᠡᠨᠬᠦ ᠢᠯᠡᠷᠡᠭᠦᠯᠦᠭᠰᠡᠨ ᠨᠢ ᠤᠯᠤᠰ ᠲᠦᠷᠥ ᠶᠢᠨ ᠲᠠᠯᠠᠷᠬᠢ ᠬᠤᠷᠴᠠ ᠰᠡᠷᠭᠡᠭ ᠡᠷᠡᠰ ᠴᠢᠩᠭ᠎ᠠ ᠪᠠᠶᠢᠬᠤ ᠶᠢ ᠬᠠᠷᠠᠭᠤᠯᠪᠠ ᠃ ᠬᠤᠶᠠᠷ ᠲᠤ᠂ ᠶᠡᠬᠡ ᠲᠠᠯ᠎ᠠ ᠳᠤ ᠦᠢᠯᠡᠴᠢᠯᠡᠬᠦ ᠨᠢ ᠢᠳᠡᠪᠬᠢᠲᠠᠢ ᠪᠦᠲᠦᠮᠵᠢᠲᠠᠢ᠃ ᠬᠤᠶᠠᠷ ᠳᠡᠭᠡᠲᠦ ᠬᠣᠷᠢᠶ᠎ᠠ ᠨᠢ ᠭᠤᠷᠪᠠᠨ ᠶᠡᠬᠡ ᠪᠡᠬᠢᠯᠡᠯᠲᠡ ᠰᠢᠪᠲᠤᠯᠬᠤ ᠳᠠᠶᠢᠯᠠᠯᠳᠤᠭᠠᠨ ᠳᠤ ᠦᠢᠯᠡᠴᠢᠯᠡᠨ ᠪᠠᠲᠤᠯᠠᠬᠤ ᠪᠠ ᠠᠵᠤ ᠠᠬᠤᠢ ᠶᠢᠨ ᠦᠨᠳᠦᠷ  ᠴᠢᠨᠰᠠᠭᠠᠲᠤ ᠬᠦᠭᠵᠢᠯᠲᠡ ᠶᠢ ᠲᠦᠯᠬᠢᠨ ᠠᠭᠢᠭᠤᠯᠬᠤ ᠲᠠᠯ᠎ᠠ ᠪᠠᠷ ᠶᠡᠬᠡ ᠬᠡᠮᠵᠢᠶᠡᠨ ᠦ ᠠᠵᠢᠯ ᠬᠢᠪᠡ᠃ ᠠᠷᠠᠳ ᠤᠨ ᠳᠡᠭᠡᠲᠦ ᠪᠠᠶᠢᠴᠠᠭᠠᠬᠤ ᠬᠣᠷᠢᠶ᠎ᠠ ᠨᠢ ᠭᠤᠷᠪᠠᠨ ᠶᠡᠬᠡ ᠪᠡᠬᠢᠯᠡᠯᠲᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠦᠢᠯᠡᠴᠢᠯᠡᠬᠦ  8 ᠵᠣᠷᠪᠤᠰ ᠠᠷᠭ᠎ᠠ ᠪᠠᠷᠢᠯ ᠳᠣᠭᠲᠠᠭᠠᠵᠤ᠂ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠣᠶᠤ ᠭᠡᠬᠦ ᠮᠡᠲᠤ ᠪᠠᠷ᠂ ᠬᠦᠴᠦᠲᠠᠢ ᠬᠠᠮᠵᠢᠨ ᠲᠦᠯᠬᠢᠨ ᠠᠬᠢᠭᠤᠯᠬᠤ ᠦᠢᠯᠡᠳᠦᠯ   ᠢᠶᠠᠨ ᠪᠠᠳᠠᠷᠠᠭᠤᠯᠪᠠ᠃ ᠭᠤᠷᠪᠠ ᠳᠤ᠂ ᠠᠷᠠᠳ ᠤᠨ ᠲᠦᠯᠦᠭᠡ ᠭᠡᠬᠦ ᠰᠡᠳᠬᠢᠯᠭᠡ ᠴᠢᠡᠭ ᠦᠨᠡᠨᠴᠢ᠃ ᠠᠷᠠᠳ ᠤᠨ ᠳᠡᠭᠡᠲᠤ ᠪᠠᠶᠢᠴᠠᠭᠠᠬᠤ ᠬᠣᠷᠢᠶ᠎ᠠ ᠨᠢ ᠵᠠᠬᠢᠲᠠᠯ ᠰᠣᠷᠪᠤᠯᠵᠢᠯᠠᠯ ᠢ ︽ᠳᠣᠯᠣᠭᠠᠨ ᠡᠳᠦᠷ ᠲᠦ  ᠬᠠᠷᠢᠭᠤᠯᠲᠠ ᠥᠭᠬᠦ︾ ᠳᠦᠷᠢᠮ ᠲᠤᠭᠳᠠᠭᠠᠵᠤ᠂ ᠪᠠᠶᠢᠴᠠᠭᠠᠬᠤ ᠪᠠᠶᠢᠭᠤᠯᠭ᠎ᠠ  ᠶᠢᠨ ᠢᠲᠡᠭᠡᠯ ᠬᠦᠨᠳᠦ ᠶᠢ ᠨᠡᠮᠡᠭᠳᠡᠭᠦᠯᠦᠨ᠂ ᠰᠤᠷᠪᠤᠯᠵᠢᠯᠠᠷ᠎ᠠ ᠢᠷᠡᠭᠰᠡᠳ ᠲᠤ ᠬᠦᠷᠲᠡᠮᠵᠢ ᠶᠢᠨ ᠰᠡᠳᠭᠢᠭᠳᠡᠯ ᠦᠨᠡᠨᠬᠦ ᠣᠯᠭᠤᠪᠠ᠃  ᠡᠶᠢᠮᠦᠷᠬᠦᠦ ᠦᠨᠳᠦᠷ ᠬᠠᠷᠢᠭᠤᠴᠠᠯᠭᠠᠲᠤ ᠵᠣᠷᠢᠭ ᠰᠠᠨᠠᠭ᠎ᠠ ᠪᠠ ᠰᠠᠨᠠᠭᠠᠴᠢᠯᠠᠭ᠎ᠠ ᠠᠴᠠ ᠪᠠᠨ ᠦᠪᠡᠷ ᠦᠨ ᠪᠡᠶ᠎ᠡ ᠳ᠋ᠡᠭᠡᠨ ᠳᠠᠷᠤᠯᠲᠠ ᠥᠭᠬᠦ ᠠᠷᠭ᠎ᠠ ᠬᠢᠳᠡᠯ ᠨᠢ ᠮᠠᠭᠳᠠᠭᠤᠰᠢᠲᠠᠢ᠃ ᠰᠢᠨ᠎ᠡ ᠪᠡᠷ ᠲᠣᠭᠲᠠᠭᠠᠭᠰᠠᠨ  ᠬᠢᠨᠠᠯᠲᠠ ᠲᠠᠯᠪᠢᠭᠴᠢ ᠲᠠᠢ ᠣᠨᠴᠠᠯᠠᠨ ᠪᠣᠯᠵᠤᠬᠤᠢ ᠲᠦᠷᠢᠮ ᠨᠢ ᠮᠦᠨᠴᠦ ᠪᠠᠶᠢᠴᠠᠭᠠᠬᠤ ᠪᠠᠶᠢᠭᠤᠯᠭ᠎ᠠ ᠶᠢᠨ ᠠᠷᠠᠳ ᠲᠦᠮᠡᠨ ᠢᠶᠠᠷ ᠲᠥᠪ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠢᠯᠡᠷᠡᠯ ᠪᠢᠯᠡ᠃ ᠳᠥᠷᠪᠡ ᠳᠦ᠂ ᠬᠠᠷᠢᠭᠤᠴᠠᠨ ᠡᠭᠦᠷᠭᠡᠯᠡᠬᠦ ᠤᠬᠠᠮᠰᠠᠷ ᠴᠢᠡᠭᠭ᠎ᠠ᠃ ᠠᠷᠠᠳ ᠤᠨ ᠳᠡᠭᠡᠲᠤ ᠪᠠᠶᠢᠴᠠᠭᠠᠬᠤ ᠬᠣᠷᠢᠶ᠎ᠠ ᠨᠢ ᠨᠠᠶᠢᠲᠡ ᠳᠤ ᠠᠰᠢᠭᠲᠤ ᠵᠠᠷᠭᠤ ᠶᠢᠨ ᠠᠵᠢᠯ ᠢ ᠪᠦᠬᠦ ᠲᠠᠯ᠎ᠠ ᠪᠠᠷ ᠳᠡᠯᠭᠡᠷᠡᠭᠦᠯᠵᠦ᠂  ᠬᠠᠮᠲᠤᠪᠡᠷ ᠠᠰᠢᠭ ᠬᠦᠷᠲᠡᠬᠦ ᠣᠨᠤᠯᠵᠢᠬᠤᠨ ᠢ ᠢᠯᠡᠷᠬᠡᠢ ᠲᠤᠷᠠᠳᠤᠨ᠂ ᠣᠯᠠᠨ ᠨᠡᠶᠢᠲᠡ ᠶᠢᠨ ᠠᠰᠢᠭ ᠲᠤᠰᠠ ᠶᠢ ᠪᠦᠲᠦᠮᠵᠢᠲᠠᠢ ᠬᠠᠮᠠᠭᠠᠯᠠᠭᠰᠠᠨ ᠮᠦᠷᠲᠡᠭᠡᠨ ᠬᠠᠤᠯᠢ ᠪᠠᠷ ᠵᠠᠰᠠᠬᠤ ᠵᠠᠰᠠᠭ ᠤᠨ ᠣᠷᠳᠤᠨ  ᠢ ᠪᠦᠲᠦᠭᠡᠨ ᠪᠠᠶᠢᠭᠤᠯᠬᠤ ᠶᠢ ᠠᠬᠢᠭᠤᠯᠪᠠ᠃ ᠮᠡᠳᠡᠭᠦᠯᠦᠯᠲᠡ ᠶᠢᠨ ᠠᠵᠢᠯ ᠤᠨ ᠡᠷᠭᠢᠴᠡᠭᠦᠯᠦᠯ ᠳᠡᠬᠡᠨ᠂ ᠨᠡᠶᠢᠲᠠ ᠶᠢᠨ ᠠᠰᠢᠭᠲᠤ ᠵᠠᠷᠭᠤ ᠶᠢᠨ ᠠᠵᠢᠯ ᠢ ᠲᠤᠰᠠᠭᠠᠷ ᠨᠢ ᠳ᠋ᠦᠡᠭᠨᠡᠭᠰᠡᠨ ᠨᠢ᠂ ᠪᠠᠶᠢᠴᠠᠭᠠᠬᠤ ᠪᠠᠶᠢᠭᠤᠯᠤᠭ᠎ᠠ ᠶᠢᠨ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠬᠠᠷᠢᠭᠤᠴᠠᠯᠭᠠᠲᠤ ᠡᠭᠦᠷᠭᠡᠯᠡᠯ ᠢ ᠭᠦᠢᠴᠡᠳ ᠢᠯᠡᠷᠡᠭᠦᠯᠪᠡ᠃ ᠲᠠᠪᠤ ᠳᠤ᠂ ᠦᠭᠡᠷᠡᠴᠢᠯᠡᠯᠲᠡ ᠪᠠ ᠰᠢᠨ᠎ᠡ ᠶᠢ ᠡᠭᠦᠳᠬᠦ ᠨᠢ ᠪᠤᠳᠠᠲᠠᠢ ᠮᠦᠷᠲᠡᠭᠡᠨ ᠪᠦᠲᠦᠮᠵᠢᠲᠠᠢ᠃ ᠠᠷᠠᠳ ᠤᠨ ᠳᠡᠭᠡᠲᠦ ᠪᠠᠶᠢᠴᠠᠭᠠᠬᠣ ᠬᠣᠷᠢᠶ᠎ᠠ ᠳᠣᠲᠤᠭᠠᠳᠦ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠶᠡᠬᠡᠪᠡᠷ ᠲᠦᠯᠬᠢᠨ ᠠᠭᠢᠭᠤᠯᠵᠤ᠂ ᠠᠷᠪᠠᠨ ᠶᠡᠬᠡ ᠲᠤᠬᠠᠶᠢᠯᠠᠭᠰᠠᠨ ᠠᠵᠢᠯ ᠤᠨ ᠳᠣᠲᠤᠭᠠᠳᠦ ᠪᠠᠶᠢᠭᠤᠯᠤᠮᠵᠢ  ᠶᠢ  ᠳᠠᠬᠢᠨ ᠪᠠᠶᠢᠭᠤᠯᠵᠤ᠂ ᠡᠷᠡᠭᠦᠦ ᠶᠢᠨ ᠬᠡᠷᠡᠭ ᠪᠠᠶᠢᠴᠠᠭᠠᠬᠤ᠂ ᠢᠷᠭᠡᠨ ᠦ ᠬᠡᠷᠡᠭ ᠪᠠᠶᠢᠴᠠᠭᠠᠬᠤ᠂ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠵᠢᠴᠢ ᠨᠠᠶᠢᠲᠡ ᠶᠢᠨ ᠠᠰᠢᠭᠲᠤ ᠵᠠᠷᠭᠤ ᠵᠡᠷᠭᠡ ︽ᠲᠦᠷᠪᠡᠨ ᠶᠡᠬᠡ ᠪᠠᠶᠢᠴᠠᠭᠠᠬᠤ︾ ᠶᠢ ᠵᠡᠷᠭᠡᠴᠡᠭᠦᠯᠦᠨ ᠠᠳᠬᠤᠭᠰᠠᠨ ᠨᠢ ᠨᠢᠭᠡᠨ ᠦᠨᠡᠨᠬᠦ ᠤᠳᠬ᠎ᠠ ᠠᠭᠤᠯᠭ᠎ᠠ ᠪᠦᠬᠦᠢ ᠰᠢᠰᠲ᠋ᠧᠮᠴᠢ ᠴᠢᠨᠠᠷᠲᠠᠢ ᠲᠠᠬᠢᠨ ᠴᠣᠭᠴᠠᠯᠠᠬᠤ ᠰᠢᠨᠵᠢᠲᠠᠢ ᠦᠭᠡᠷᠡᠴᠢᠯᠡᠯᠲᠡ ᠪᠠᠶᠢᠵᠤ᠂ ᠬᠠᠤᠯᠢ ᠴᠠᠭᠠᠵᠠ ᠶᠢᠨ ᠬᠢᠨᠡᠯᠲᠠ ᠲᠠᠯᠪᠢᠬᠤ ᠡᠭᠦᠷᠭᠡ ᠴᠢᠳᠠᠪᠬᠢ ᠶᠢ ᠴᠢᠩᠭᠠᠷᠠᠭᠤᠯᠬᠤ ᠨᠢ ᠳᠠᠮᠵᠢᠭ ᠦᠭᠡᠢ ᠶᠤᠮ᠃ ᠭᠢᠨᠲᠠᠨ ᠳ᠋ᠡᠬᠢ ᠲᠣᠭᠣᠷᠢᠨ ᠪᠠᠶᠢᠴᠠᠭᠠᠬᠤ᠂ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠰᠢᠳᠭᠡᠬᠦ ᠶᠢ ᠪᠦᠷᠬᠦᠭᠦᠯᠬᠦ᠂ ᠪᠠᠶᠢᠴᠠᠭᠠᠬᠤ ᠳᠠᠷᠤᠭ᠎ᠠ ᠰᠢᠭᠦᠨ ᠲᠠᠰᠤᠯᠬᠤ ᠺᠣᠮᠢᠰ ᠤᠨ ᠬᠤᠷᠠᠯ ᠳᠦ ᠰᠤᠯᠠ ᠣᠷᠤᠯᠴᠠᠬᠤ᠂ ᠪᠠᠶᠢᠴᠠᠭᠠᠬᠤ ᠳᠠᠷᠤᠭ᠎ᠠ ᠳᠤᠮᠳᠠᠲᠤ ᠪᠠᠭ᠎ᠠ ᠰᠤᠷᠭᠠᠭᠤᠯᠢ ᠶᠢᠨ ᠬᠠᠤᠯᠢ ᠢᠶᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠬᠠᠪᠰᠤᠷᠭᠠᠬᠤ ᠵᠡᠷᠭᠡ ᠡᠭᠦᠳᠦᠯᠲᠡ ᠶᠢᠨ ᠴᠢᠨᠠᠷᠲᠠᠢ ᠠᠷᠭ᠎ᠠ ᠠᠪᠴᠠᠯ ᠨᠢ ᠮᠠᠰᠢ ᠣᠨᠴᠠᠯᠢᠭ ᠲᠠᠢ ᠪᠠᠶᠢᠵᠤ᠂  ᠮᠠᠰᠢ ᠰᠠᠶᠢᠨ ᠦᠷ᠎ᠡ ᠪᠦᠲᠦᠮᠵᠢ ᠣᠯᠪᠠ᠃

ᠯᠢ ᠵᠢᠢ ᠾᠸᠡᠭ ᠡᠴᠡ ᠬᠤᠶᠠᠷ ᠳᠡᠭᠡᠲᠤ ᠬᠣᠷᠢᠶ᠎ᠠ ᠨᠢ ᠬᠢᠯᠢ ᠬᠢᠵᠠᠭᠠᠷ ᠤᠨ ᠦᠨᠳᠦᠰᠦᠲᠡᠨ ᠤ ᠣᠷᠤᠨ ᠤ ᠦᠨᠳᠦᠰᠦᠨ ᠱᠠᠳᠤᠨ ᠤ ᠰᠢᠭᠦᠭᠦ ᠬᠣᠷᠢᠶ᠎ᠠ᠂ ᠪᠠᠶᠢᠴᠠᠭᠠᠬᠤ ᠬᠣᠷᠢᠶ᠎ᠠ ᠳᠡᠬᠢ ᠳᠡᠮᠵᠢᠯᠭᠡ ᠪᠠᠨ  ᠦᠷᠬᠦᠯᠵᠢᠯᠡᠨ ᠨᠡᠮᠡᠭᠲᠡᠭᠦᠯᠵᠦ᠂ ᠴᠦᠭᠡᠨ ᠲᠣᠭᠠᠲᠤ ᠦᠨᠳᠦᠰᠦᠲᠡᠨ ᠣᠷᠤᠨ ᠤ ᠬᠣᠣᠰ ᠬᠡᠯᠡᠨ ᠦ ᠬᠠᠤᠯᠢ ᠪᠠᠷᠢᠬᠤ ᠠᠵᠢᠯᠲᠠᠨ ᠢ ᠬᠦᠮᠦᠵᠢᠭᠦᠯᠦᠨ ᠪᠣᠶᠢᠵᠢᠭᠣᠯᠬᠣ ᠪᠠᠨ ᠴᠢᠡᠭᠭᠠᠳᠬᠠᠨ᠂ ᠦᠨᠳᠦᠰᠦᠨ ᠱᠠᠲᠤᠨ ᠤ ᠴᠢᠳᠠᠪᠤᠷᠢᠲᠠᠨ ᠳᠤᠲᠠᠭᠲᠠᠵᠤ ᠪᠠᠶᠢᠭ᠎ᠠ ᠪᠠ ᠠᠯᠳᠠᠭᠳᠠᠵᠤ ᠪᠠᠶᠢᠭ᠎ᠠ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ  ᠲᠤᠬᠠᠢ ᠰᠠᠨᠠᠭᠤᠯᠭ᠎ᠠ ᠭᠠᠷᠭᠠᠪᠠ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro