ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠴᠢ ᠯᠢᠨ᠄ ᠨᠡᠶᠢᠲᠡ ᠶᠢᠨ ᠠᠰᠢᠭᠲᠤ ᠵᠠᠷᠭᠤ ᠪᠠᠷ ᠬᠥᠬᠡ ᠲᠡᠭᠷᠢ ᠨᠣᠭᠤᠭᠠᠨ ᠲᠠᠯ᠎ᠠ ᠪᠠᠨ ᠬᠠᠮᠠᠭᠠᠯᠠᠨ᠂ ᠠᠮᠢ ᠠᠬᠤᠢ  ᠶᠢ ᠮᠡᠯᠮᠡᠢ ᠪᠡᠨ ᠰᠢᠭ ᠬᠠᠮᠠᠭᠠᠯᠠᠶ᠎ᠠ

2019-03-25 09:43:47
ᠵᠣᠬᠢᠶᠠᠭᠴᠢ
ᠪᠠᠶᠠᠰᠤᠯ

ᠣᠶᠢᠷ᠎ᠠ ᠶᠢᠨ ᠵᠢᠯ᠂ ᠥᠪᠦᠷ ᠮᠣᠡᠭᠭᠤᠯ ᠤᠨ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠨᠢ ᠰᠢᠨ᠎ᠡ ᠴᠠᠭ ᠦᠶ᠎ᠡ  ᠳᠠᠬᠢ ᠠᠷᠠᠳ ᠲᠦᠮᠡᠨ ᠦ ᠳᠤᠷᠠᠳᠤᠭᠰᠠᠨ ᠠᠷᠠᠳᠴᠢᠯᠠᠯ ᠂ ᠬᠠᠤᠯᠢᠵᠢᠯ᠂ ᠡᠷᠬᠡ ᠲᠡᠭᠰᠢ᠂ ᠲᠥᠪ ᠭᠣᠣᠯᠴᠢ᠂  ᠰᠢᠳᠤᠷᠭᠤ  ᠶᠣᠰᠤ᠂ ᠠᠮᠤᠷ ᠲᠥᠪᠰᠢᠨ᠂ ᠣᠷᠴᠢᠨ ᠲᠣᠭᠣᠷᠢᠨ ᠦ ᠲᠠᠯᠠᠷᠬᠢ ᠨᠡᠡᠭ ᠦᠨᠳᠦᠷ ᠱᠠᠭᠠᠷᠳᠠᠯᠭ᠎ᠠ ᠳᠤ ᠰᠠᠭᠤᠷᠢᠯᠠᠵᠤ᠂ ᠨᠡᠶᠢᠲᠠ ᠶᠢᠨ ᠠᠰᠢᠭᠲᠤ ᠵᠠᠷᠭᠤ ᠭᠡᠬᠦ ᠡᠨᠡᠬᠦ ᠬᠠᠤᠯᠢ ᠴᠠᠭᠠᠵᠠ ᠶᠢᠨ ᠵᠡᠪᠰᠡᠭ ᠢ ᠰᠠᠨᠠᠭᠠᠴᠢᠯᠠᠭ᠎ᠠ ᠠᠴᠠ ᠪᠠᠨ ᠬᠡᠷᠡᠭᠯᠡᠨ᠂ ᠶᠡᠷᠦᠩᠬᠡᠢ ᠱᠦᠵᠢ ᠶᠢᠨ ᠥᠪᠦᠷ ᠮᠣᠡᠭᠭᠤᠯ ᠤᠨ ᠠᠵᠢᠯ᠂ ᠣᠨᠴᠠᠭᠠᠶᠢᠯᠠᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠨᠠᠶᠢᠳᠠᠪᠤᠷᠢᠵᠢᠭᠤᠯᠵᠤ᠂ ᠢᠯᠡ ᠲᠣᠳᠤ ᠦᠷ᠎ᠡ  ᠪᠦᠲᠦᠮᠵᠢ ᠣᠯᠣᠭᠰᠠᠨ ᠪᠠᠶᠢᠨ᠎ᠠ᠃

2019 ᠣᠨ ᠤ 3 ᠰᠠᠷ᠎ᠠ ᠶᠢᠨ12 ᠦ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠷᠠᠳ ᠤᠨ ᠶᠡᠬᠡ ᠬᠤᠷᠠᠯ ᠤᠨ ᠲᠢᠡᠭᠬᠢᠮ ᠳᠦ ᠭᠤᠷᠪᠠᠳᠤᠭᠠᠷ ᠪᠦᠭᠦᠲᠡ ᠬᠤᠷᠠᠯ ᠬᠤᠷᠠᠯᠳᠤᠵᠤ᠂ ᠠᠷᠠᠳ ᠤᠨ ᠳᠡᠭᠡᠲᠦ ᠰᠢᠭᠦᠭᠦ ᠬᠣᠷᠢᠶᠠᠨ ᠤ ᠬᠤᠷᠢᠶᠠᠨ ᠳᠠᠷᠤᠭ᠎ᠠ ᠵᠧᠦ ᠴᠢᠶᠠᠩ ᠪᠠ ᠠᠷᠠᠳ ᠤᠨ ᠳᠡᠭᠡᠲᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠴᠠ ᠲᠤᠰ ᠲᠤᠰ ᠠᠵᠢᠯ ᠤᠨ ᠮᠡᠳᠡᠭᠦᠯᠦᠯᠲᠠ ᠬᠢᠪᠡ᠃

ᠬᠤᠶᠠᠷ ᠳᠡᠭᠡᠲᠦ ᠬᠣᠷᠢᠶᠠᠨ ᠤ ᠮᠡᠳᠡᠭᠦᠯᠦᠯᠲᠡ ᠂ ᠣᠨᠴᠠᠭᠠᠶᠢᠯᠠᠨ ᠠᠷᠠᠳ  ᠤᠨ ᠳᠡᠭᠡᠲᠦ ᠪᠠᠶᠢᠴᠠᠭᠠᠬᠤ ᠬᠤᠷᠢᠶᠠᠨ ᠤ ᠮᠡᠳᠡᠭᠦᠯᠦᠯᠲᠡ ᠶᠢ ᠰᠣᠨᠤᠰᠤᠭᠠᠳ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ᠂ ᠥᠪᠦᠷ ᠮᠣᠡᠭᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠢᠯᠡᠷᠬᠡᠶᠢᠯᠡᠭᠰᠡᠨ ᠨᠢ᠂ ᠲᠦᠷᠦᠭᠳᠡᠯ ᠮᠠᠰᠢ ᠭᠦᠨ᠂ ᠣᠯᠣᠭᠰᠠᠨ ᠠᠮᠵᠢᠯᠲᠠ  ᠳᠦ ᠤᠷᠮᠠᠰᠢᠵᠤ ᠪᠠᠶᠢᠬᠤ ᠮᠦᠷᠲᠡᠭᠡᠨ ᠬᠦᠨᠳᠦ ᠶᠡᠬᠡ ᠬᠠᠷᠢᠭᠤᠴᠠᠯᠭ᠎ᠠ ᠲᠠᠢ ᠪᠠᠨ ᠰᠡᠷᠡᠨ ᠮᠡᠳᠡᠯ᠎ᠡ᠃ ᠰᠢᠨ᠎ᠡ ᠨᠢᠭᠡ ᠵᠢᠯ  ᠤᠨ ᠠᠵᠢᠯ ᠳᠠᠭᠠᠨ᠂ ᠦᠢᠯᠡᠳᠦᠯᠭᠡ ᠶᠢᠨ ᠳᠤᠮᠲᠠ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠤ᠂ ᠬᠠᠲᠠᠭᠤᠵᠢᠨ  ᠤᠷᠤᠭᠰᠢᠯᠠᠬᠤ ᠴᠢᠬᠤᠯᠠᠲᠠᠢ ᠭᠡᠪᠡ᠃

ᠯᠢ ᠴᠢ ᠯᠢᠨ ᠥᠪᠦᠷ ᠮᠤᠡᠭᠭᠤᠯ ᠤᠨ ᠲᠦᠯᠦᠭᠡᠯᠡᠭᠴᠢᠳ ᠦᠨ ᠪᠦᠯᠬᠦᠮ ᠦᠨ ᠨᠢᠭᠡᠨ ᠭᠡᠰᠢᠭᠦᠨ ᠪᠣᠯᠣᠭᠰᠠᠨ ᠤ ᠬᠤᠪᠢ ᠳᠤ᠂ ᠶᠡᠷᠦᠩᠬᠡᠢ ᠱᠦᠵᠢ ᠰᠢ ᠵᠢᠨ ᠫᠢᠩ  ᠶᠢᠨ︽ ᠥᠪᠦᠷ ᠮᠣᠡᠭᠭᠤᠯ ᠤᠨ ᠠᠮᠢ ᠠᠬᠤᠢ ᠶᠢᠨ ᠪᠠᠶᠢᠲᠠᠯ ᠤᠨ ᠬᠢᠷᠢ ᠵᠡᠷᠭᠡ ᠪᠠᠶᠢᠬᠤ ᠨᠢ᠂ ᠪᠦᠬᠦ ᠣᠷᠤᠨ ᠤ ᠡᠯ᠎ᠡ ᠦᠨᠳᠦᠰᠦᠲᠡᠨ ᠦ ᠠᠷᠠᠳ ᠲᠦᠮᠡᠨ ᠦ ᠣᠷᠤᠰᠢᠨ ᠲᠣᠭᠲᠠᠨᠢᠯ ᠪᠠ ᠬᠦᠭᠵᠢᠯᠲᠡ ᠲᠠᠢ ᠬᠣᠯᠪᠤᠭᠳᠠᠬᠤ ᠪᠠᠷ ᠪᠠᠷᠠᠬᠤ ᠦᠭᠡᠢ᠂ ᠬᠤᠸᠠᠪᠧᠢ ᠣᠷᠤᠨ᠂ ᠵᠡᠭᠦᠨ ᠬᠣᠶᠢᠲᠤ ᠣᠷᠤᠨ ᠂ ᠪᠠᠷᠠᠭᠤᠨ ᠬᠤᠶᠢᠲᠤ ᠣᠷᠤᠨ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠣᠯᠪᠤᠭᠳᠠᠨ᠎ᠠ︾ ᠭᠡᠬᠦ ᠦᠭᠦᠯᠡᠯᠲᠡ ᠶᠢ ᠰᠣᠨᠤᠰᠤᠭᠠᠳ᠂ ︽ᠡᠬᠡ ᠤᠯᠤᠰ ᠤᠨ ᠤᠮᠠᠷᠠᠲᠤ ᠬᠢᠯᠢ  ᠶᠢᠨ ᠦᠵᠡᠮᠵᠢ ᠶᠢᠨ ᠣᠷᠤᠨ ᠢ ᠨᠡᠡᠭ ᠦᠵᠡᠰᠭᠦᠯᠡᠡᠭᠲᠦ ᠰᠠᠶᠢᠬᠠᠨ  ᠪᠤᠯᠭᠠᠨ ᠪᠦᠲᠦᠭᠡᠨ ᠪᠠᠶᠢᠭᠤᠯᠬᠤ︾᠂ ︽ᠡᠬᠡ ᠤᠯᠤᠰ ᠤᠨ ᠤᠮᠠᠷᠠᠲᠤ ᠬᠢᠯᠢ ᠳᠦ ᠲᠦᠮᠡᠨ ᠭᠠᠵᠠᠷ ᠤᠨ ᠴᠡᠯᠡᠭᠡᠷ ᠨᠤᠭᠤᠭᠠᠨ ᠤᠷᠲᠦ ᠴᠠᠭᠠᠨ ᠬᠡᠷᠡᠮ ᠪᠠᠶᠢᠭᠤᠯᠬᠤ︾  ᠠᠴᠠ ᠥᠨᠥ ᠵᠢᠯ ᠦᠨ ᠳᠤᠷᠠᠳᠤᠭᠰᠠᠨ︽ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠡᠭᠭᠠᠳᠬᠠᠬᠤ ᠪᠠᠶᠢᠯᠳᠤᠬᠤ ᠪᠣᠳᠤᠯᠭ᠎ᠠ ᠶᠢ ᠪᠠᠷᠢᠮᠲᠠᠯᠠᠬᠤ︾ ᠬᠦᠷᠲᠡᠯ᠎ᠡ᠂ ᠶᠡᠷᠦᠩᠬᠡᠢ ᠱᠦᠵᠢ ᠶᠢᠨ ᠥᠪᠦᠷ ᠮᠣᠡᠭᠭᠤᠯ ᠳᠠᠬᠢ ᠪᠠᠶᠢᠷᠢ ᠲᠣᠭᠲᠠᠭᠠᠯᠲᠠ ᠲᠤᠲᠣ᠂ ᠱᠠᠭᠠᠷᠳᠠᠯᠭ᠎ᠠ ᠲᠣᠳᠤᠷᠬᠠᠢ ᠪᠠᠶᠢᠨ᠎ᠠ᠃ ᠪᠢᠳᠡ ᠮᠡᠳᠡᠬᠦᠢ ᠬᠢᠬᠦᠢ ᠢᠶᠠᠨ ᠨᠢᠭᠡᠳᠭᠡᠵᠦ᠂ ᠬᠠᠣᠯᠢ ᠴᠠᠭᠠᠵᠠ ᠪᠠᠷ ᠮᠠᠨ ᠤ ᠤᠯᠤᠰ ᠤᠨ ᠤᠮᠠᠷᠠᠲᠤ ᠣᠷᠤᠨ ᠤ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠪᠡᠨ ᠰᠠᠬᠢᠨ ᠬᠠᠮᠠᠭᠠᠯᠠᠶ᠎ᠠ ᠭᠡᠵᠦ ᠢᠯᠡᠷᠬᠡᠶᠢᠯᠡᠪᠡ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro