ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠤ ᠬᠠᠤᠯᠢ ᠪᠠᠷᠢᠯᠲᠠ ᠶᠢᠨ ᠬᠠᠮᠠᠭᠠᠯᠠᠯᠲᠠ ᠶᠢ ᠴᠢᠩᠭᠠᠳᠭᠠᠬᠤ 12 ᠵᠣᠷᠪᠤᠰ ᠠᠷᠭ᠎ᠠ ᠬᠡᠮᠵᠢᠶ᠎ᠡ ᠶᠢ ᠨᠡᠶᠢᠲᠡᠯᠡᠪᠡ

2019-04-28 16:12:52
ᠵᠣᠬᠢᠶᠠᠭᠴᠢ
ᠪᠠᠶᠠᠰᠤᠯ

1556439098483720.jpg

4 ᠰᠠᠷ᠎ᠠ ᠶᠢᠨ15 ᠤ ᠡᠳᠦᠷ᠂ ᠥᠪᠡᠷᠲᠡᠭᠡᠨ ᠵᠠᠰᠠᠬᠤ ᠣᠷᠤᠨ ᠶᠢᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠪᠠᠶᠢᠭᠤᠯᠭ᠎ᠠ ᠶᠢᠨ ᠬᠢᠨ ᠠᠮᠢ ᠠᠬᠤᠢ ᠶᠢᠨ ᠣᠷᠴᠢᠨ ᠲᠤᠭᠤᠷᠢᠨ ᠤ ᠬᠠᠤᠯᠢ ᠪᠠᠷᠢᠯᠲᠠ ᠶᠢᠨ  ᠬᠠᠮᠠᠭᠠᠯᠠᠯᠲᠠ ᠪᠠᠨ ᠴᠢᠩᠭᠠᠳᠬᠠᠨ᠂ ᠡᠬᠡ ᠣᠯᠤᠰ ᠤᠨ ᠤᠮᠠᠷᠠᠲᠤ ᠣᠷᠤᠨ ᠤ ᠴᠢᠬᠤᠯᠠ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠲᠦ ᠴᠣᠭᠴᠠᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂《 ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠤᠨ᠂ ᠮᠠᠨ ᠤ ᠤᠯᠤᠰ ᠤᠨ ᠤᠮᠠᠷᠠᠲᠤ ᠣᠷᠤᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠦ ᠴᠣᠭᠴᠠᠯᠠᠬᠤ  ᠳᠤ ᠬᠠᠤᠯᠢ ᠪᠠᠷᠢᠯᠲᠠ ᠶᠢᠨ ᠪᠠᠲᠤᠯᠠᠭ᠎ᠠ ᠬᠠᠨᠭ᠍ᠭᠠᠬᠤ ᠲᠤᠬᠠᠢ ᠠᠷᠭ᠎ᠠ ᠬᠡᠮᠵᠢᠶ᠎ᠡ ᠨᠦᠭᠦᠳ》︵ᠲᠤᠤᠷ᠎ᠠ ᠳᠦᠭᠦᠮᠴᠢᠯᠡᠭᠡᠳ12 ᠵᠣᠷᠪᠤᠰ ᠠᠷᠭ᠎ᠠ ᠬᠡᠮᠵᠢᠶ᠎ᠡ︶ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠤᠨ ᠤ ᠳᠡᠳ᠋ ᠪᠠᠶᠢᠴᠠᠭᠠᠬᠤ ᠳᠠᠷᠤᠭ᠎ᠠ ᠵᠧᠩ ᠶᠢᠨ ᠴᠦᠨ ᠠᠴᠠ12 ᠵᠣᠷᠪᠤᠰ ᠠᠷᠭ᠎ᠠ ᠬᠡᠮᠵᠢᠶ᠎ᠡ ᠶᠢ ᠲᠣᠭᠲᠠᠭᠠᠭᠰᠠᠨ ᠠᠬᠤᠢ ᠪᠠᠶᠢᠳᠠᠯ᠂ ᠤᠳᠬ᠎ᠠ ᠠᠭᠤᠯᠭ᠎ᠠ ᠵᠢᠴᠢ ᠣᠨᠴᠠᠯᠢᠭᠲᠤ ᠠᠭᠤᠯᠭ᠎ᠠ ᠶᠢ ᠲᠡᠨᠢᠯᠴᠠᠭᠤᠯᠤᠨ᠂ ᠨᠠᠮ ᠤᠨ ᠤᠳᠤᠷᠢᠳᠬᠤ ᠳᠤᠭᠤᠶᠢᠯᠠᠩ  ᠤᠨ ᠭᠡᠰᠢᠭᠦᠨ᠂ ᠤᠯᠤᠰ ᠲᠥᠷᠦ ᠶᠢᠨ ᠬᠡᠯᠲᠡᠰ ᠤᠨ ᠡᠷᠬᠢᠯᠡᠭᠴᠢ ᠯᠢ ᠵᠢᠶᠠᠨ ᠫᠢᠡᠭ ᠰᠣᠨᠢᠨ ᠮᠡᠳᠡᠭᠡ ᠨᠡᠶᠢᠲᠡᠯᠡᠬᠦ ᠬᠤᠷᠠᠯ  ᠢ ᠡᠷᠬᠢᠯᠡᠪᠡ᠃

ᠰᠢᠨᠬᠤᠸᠠ ᠬᠤᠷᠢᠶ᠎ᠠ᠂ ᠠᠷᠠᠳ ᠤᠨ ᠰᠦᠯᠵᠢᠶ᠎ᠡ᠂ ᠲᠥᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠭᠤᠸᠠᠩ ᠮᠢᠩ ᠡᠳᠦᠷ ᠤᠨ ᠰᠣᠨᠢᠨ᠂ ᠬᠠᠤᠯᠢ ᠳᠦᠷᠢᠮ ᠦᠨ ᠡᠳᠦᠷ ᠤᠨ ᠰᠣᠨᠢᠨ᠂ ᠪᠠᠶᠢᠴᠠᠭᠠᠬᠤ ᠡᠳᠦᠷ ᠤᠨ ᠰᠣᠨᠢᠨ᠂ ᠥᠪᠦᠷ ᠮᠣᠩᠭᠤᠯ ᠤᠨ ᠡᠳᠦᠷ ᠤᠨ ᠰᠣᠨᠢᠨ᠂ ᠥᠪᠦᠷ ᠮᠣᠩᠭᠤᠯ ᠤᠨ ᠷᠠᠳᠢᠤ᠋ ᠲᠧᠯᠸᠢᠰ ᠵᠡᠷᠭᠡ 20 ᠭᠠᠷᠤᠢ ᠲᠦᠪ ᠤᠨ ᠪᠠ ᠥᠪᠡᠷᠲᠡᠭᠡᠨ ᠵᠠᠰᠠᠬᠤ ᠣᠷᠤᠨ ᠤ ᠵᠠᠭᠤᠴᠢᠯᠠᠭᠤᠷ  ᠤᠨ  ᠬᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠵᠤ᠂ ᠵᠧᠩ ᠶᠢᠨ ᠴᠦᠨ ᠳᠡᠳ᠋ ᠪᠠᠶᠢᠴᠠᠭᠠᠬᠤ ᠳᠠᠷᠤᠭ᠎ᠠ᠂ ᠢᠷᠭᠡᠨ ᠤ ᠪᠠ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ ᠬᠡᠯᠲᠡᠰ ᠤᠨ ᠳᠠᠷᠤᠭ᠎ᠠ ᠸᠠᠩ ᠶᠠᠨ ᠴᠦᠨ᠂ ᠬᠠᠤᠯᠢ ᠴᠠᠭᠠᠵᠠ ᠲᠦᠷᠦ ᠶᠢᠨ ᠪᠣᠳᠤᠯᠭ᠎ᠠ ᠰᠤᠳᠤᠯᠬᠤ ᠭᠡᠷ ‍ᠤᠨ‌ᠡᠷᠬᠢᠯᠡᠭᠴᠢ ᠵᠣᠣ ᠭᠥᠸᠧ ᠬᠤᠸᠠ ᠠᠴᠠ ᠰᠣᠷᠪᠤᠯᠵᠢᠯᠠᠭᠴᠢᠳ ᠤᠨ ᠰᠡᠳᠭᠢᠯ ᠲᠠᠯᠪᠢᠵᠤ ᠪᠠᠶᠢᠭ᠎ᠠ ᠠᠰᠠᠭᠤᠳᠠᠯ ᠳᠤ ᠲᠠᠶᠢᠯᠪᠤᠷᠢᠯᠠᠯᠲᠠ ᠬᠢᠪᠡ᠃


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro