ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠵᠢᠶᠠᠨ ᠰᠢᠶᠤᠤ ᠸᠧᠨ ᠮᠤᠩᠭᠤᠯ ᠤᠯᠤᠰ ᠤᠨ ᠲᠤᠷᠤᠨᠠᠭᠤᠪᠢ ᠠᠶᠢᠮᠠᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠰᠡᠷᠡᠩᠰᠠᠮᠪᠤᠤ ᠲᠦᠯᠦᠭᠡᠯᠡᠭᠴᠢᠳ ᠤᠨ ᠪᠦᠯᠬᠦᠮ ᠲᠠᠢ ᠲᠦᠬᠦᠮ ᠶᠤᠰᠤᠷᠬᠠᠭ ᠠᠭᠤᠯᠵᠠᠯᠳᠠ ᠬᠢᠪᠡ

2019-05-29 15:29:21
ᠵᠣᠬᠢᠶᠠᠭᠴᠢ
ᠨᠠᠷᠠᠨ

1.jpg

2.JPG

3.JPG

5 ᠰᠠᠷ᠎ᠠ ᠶᠢᠨ 7  ᠠᠴᠠ 5 ᠰᠠᠷ᠎ᠠ ᠶᠢᠨ 10 ᠬᠦᠷᠳᠡᠯ᠎ᠡ᠂ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠲᠠᠭᠠᠤ ᠪᠦᠰᠡ ᠨᠤᠳᠤᠭ ᠤᠨ ᠪᠠᠶᠢᠴᠠᠭᠠᠬᠤ ᠪᠠᠶᠢᠭᠤᠯᠭ᠎ᠠ ᠶᠢᠰᠦᠳᠡᠬᠢ ᠤᠳᠠᠭᠠᠨ ᠤ ᠠᠭᠤᠯᠵᠠᠯᠳᠠ ᠬᠢᠪᠡ᠃

5 ᠰᠠᠷ᠎ᠠ ᠶᠢᠨ 7 ᠤ ᠡᠳᠦᠷ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠲᠡᠳ᠋ ᠱᠦᠵᠢ᠂ ᠲᠡᠳ᠋ ᠪᠠᠶᠢᠴᠠᠭᠠᠬᠤ ᠲᠠᠷᠤᠭ᠎ᠠ ᠵᠢᠶᠠᠨ ᠰᠢᠶᠤᠤ ᠸᠧᠨ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠳᠤ ᠮᠤᠩᠭᠤᠯ ᠤᠯᠤᠰ ᠤᠨ ᠲᠤᠷᠤᠨᠠᠭᠤᠪᠢ ᠠᠶᠢᠮᠠᠭ ᠤᠨ ᠫᠷᠤᠺᠤᠷᠤᠷ ᠤᠨ ᠭᠠᠵᠠᠷ ᠤᠨ ᠲᠠᠷᠤᠭ᠎ᠠ ᠰᠡᠷᠡᠩᠰᠠᠮᠪᠤᠤ ᠵᠡᠷᠭᠡ ᠲᠦᠯᠦᠭᠡᠯᠡᠭᠴᠢ ᠨᠠᠷ ᠲᠠᠢ ᠲᠦᠬᠦᠮ ᠶᠤᠰᠤᠷᠬᠠᠭ ᠠᠭᠤᠯᠵᠠᠯᠳᠠ ᠬᠢᠵᠦ᠂ ᠬᠤᠶᠠᠷ ᠲᠠᠯ᠎ᠠ ᠠᠴᠠ ᠬᠤᠶᠠᠷ ᠤᠯᠤᠰ ᠤᠨ ᠬᠢᠯᠢ ᠲᠠᠭᠠᠤ ᠤᠷᠤᠨ ᠤ ᠠᠵᠦ ᠠᠬᠤᠢ ᠶᠢᠨ ᠬᠦᠭᠵᠢᠯᠳᠡ᠂ ᠬᠢᠯᠢ ᠲᠠᠭᠠᠤ ᠤᠷᠤᠨ ᠤ ᠠᠮᠤᠷ ᠲᠦᠪᠰᠢᠨ ᠦᠭᠡᠳᠡᠯᠡᠯᠳᠡ ᠶᠢ ᠬᠠᠮᠠᠭᠠᠯᠠᠬᠤ ᠪᠠ ᠪᠠᠶᠢᠴᠠᠭᠠᠬᠤ ᠪᠠᠶᠢᠭᠤᠯᠭ᠎ᠠ ᠶᠢᠨ ᠬᠠᠮᠳᠤ ᠶᠢᠨ ᠠᠵᠢᠯᠯᠠᠭ᠎ᠠ ᠪᠠᠨ ᠨᠢᠬᠳᠠᠷᠠᠭᠤᠯᠬᠤ ᠲᠤᠬᠠᠢ ᠰᠠᠨᠠᠯ ᠢᠶᠠᠨ ᠰᠤᠯᠢᠯᠴᠠᠭᠰᠠᠨ ᠪᠠᠶᠢᠨ᠎ᠠ᠃

ᠬᠢᠳᠠᠳ ᠮᠤᠩᠭᠤᠯ ᠬᠤᠶᠠᠷ ᠤᠯᠤᠰ ᠠᠭᠤᠯᠠ ᠤᠰᠤ ᠵᠠᠯᠭᠠᠯᠳᠤᠵᠦ ᠰᠠᠬᠠᠭᠠᠯᠳᠠ ᠪᠤᠯᠤᠨ ᠪᠠᠶᠢᠷᠢᠰᠢᠳᠠᠭ ᠤᠷᠳᠤ ᠤᠳᠠᠭᠠᠨ ᠨᠦᠬᠦᠷᠰᠡᠭ ᠬᠠᠷᠢᠯᠴᠠᠭᠠᠨ ᠤ ᠲᠡᠤᠭᠡ ᠲᠠᠢ ᠶᠤᠮ᠃ ᠲᠤᠮᠳᠠᠳᠤ ᠶᠢᠨ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠪᠤᠯᠤᠨ ᠮᠤᠩᠭᠤᠯ ᠤᠯᠤᠰ ᠤᠨ ᠶᠡᠷᠦᠩᠭᠡᠢ ᠫᠷᠤᠺᠤᠷᠤᠷ ᠭᠠᠵᠠᠷ ᠤᠷᠢᠳ ᠬᠤᠵᠢᠳ ᠬᠡᠳᠦ ᠬᠡᠳᠦᠨ ᠤᠳᠠᠭ᠎ᠠ ᠬᠡᠯᠡᠯᠴᠡᠭᠡᠷ ᠪᠤᠯᠤᠨ ᠰᠠᠨᠠᠮᠵᠢ ᠪᠢᠴᠢᠭ ᠪᠠᠶᠢᠭᠤᠯᠤᠭᠰᠠᠨ ᠨᠢ᠂ ᠬᠤᠶᠠᠷ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠦᠨᠳᠦᠷ ᠲᠦᠪᠰᠢᠨ ᠳᠤ ᠠᠶᠢᠯᠵᠢᠯᠠᠯᠳᠠ ᠠᠭᠤᠯᠵᠠᠯᠳᠠ ᠬᠢᠬᠦ᠂ ᠬᠠᠤᠯᠢ ᠵᠦᠢ ᠶᠢᠨ ᠲᠤᠰᠠᠯᠠᠯᠴᠠᠭ᠎ᠠ ᠠᠪᠬᠤ᠂ ᠪᠠᠶᠢᠴᠠᠭᠠᠬᠤ ᠠᠵᠢᠯᠳᠠᠨ ᠢᠶᠠᠨ ᠪᠤᠯᠪᠠᠰᠤᠷᠠᠭᠤᠯᠬᠤ᠂ ᠪᠠᠶᠢᠴᠠᠭᠠᠬᠤ ᠠᠵᠢᠯ ᠲᠦᠷᠦᠯ ᠤᠨ ᠰᠤᠳᠤᠯᠭ᠎ᠠ ᠰᠤᠯᠢᠯᠴᠠᠭ᠎ᠠ ᠦᠷᠨᠢᠬᠦᠯᠬᠦ ᠵᠡᠷᠭᠡ ᠲᠠᠯ᠎ᠠ ᠪᠠᠷ ᠤᠯᠠᠨ ᠦᠷ᠎ᠡ ᠪᠦᠳᠦᠮᠵᠢ ᠤᠯᠵᠠᠢ᠃ 2001 ᠤᠨ ᠠᠴᠠ ᠨᠠᠰᠢ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠵᠢᠯᠤᠭᠤᠳᠤᠯᠭ᠎ᠠ᠂ ᠠᠬᠢᠭᠤᠯᠤᠯᠭ᠎ᠠ ᠲᠤᠤᠷ᠎ᠠ᠂ ᠮᠠᠨ ᠤ ᠤᠷᠤᠨ ᠤ  ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠪᠤᠯᠤᠨ ᠮᠤᠩᠭᠤᠯ ᠤᠨ ᠲᠤᠷᠤᠨᠠᠭᠤᠪᠢ ᠠᠶᠢᠮᠠᠭ ᠤᠨ ᠫᠷᠤᠺᠤᠷᠤᠷ ᠤᠨ ᠭᠠᠵᠠᠷ ᠲᠤᠭᠳᠠᠮᠠᠯ ᠬᠤᠭᠤᠴᠠᠭᠠᠨ ᠳᠤ ᠠᠭᠤᠯᠵᠠᠬᠤ ᠲᠤᠭᠳᠠᠯᠴᠠᠭ᠎ᠠ ᠪᠠᠶᠢᠭᠤᠯᠵᠦ᠂ ᠨᠠᠢᠮᠠ ᠤᠳᠠᠭ᠎ᠠ ᠠᠭᠤᠯᠵᠠᠯᠳᠠ ᠵᠤᠬᠢᠶᠠᠨ ᠪᠠᠶᠢᠭᠤᠯᠤᠭᠠᠳ ᠤᠯᠠᠨ ᠴᠢᠭᠯᠡᠯ ᠳᠤ ᠬᠠᠮᠳᠤᠷᠠᠨ ᠠᠵᠢᠯᠯᠠᠵᠦ᠂ ᠰᠠᠶᠢᠨ ᠦᠷ᠎ᠡ ᠪᠦᠳᠦᠮᠵᠢ ᠤᠯᠵᠠᠢ᠃

ᠡᠨᠡ ᠵᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠡᠨᠡ ᠲᠠᠰᠢᠷᠠᠮ ᠳᠤ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠲᠠᠭᠠᠤ ᠪᠦᠰᠡ ᠨᠤᠳᠤᠭ ᠤᠨ ᠪᠠᠶᠢᠴᠠᠭᠠᠬᠤ ᠪᠠᠶᠢᠭᠤᠯᠭ᠎ᠠ ᠶᠢᠨ ᠶᠢᠰᠦᠳᠡᠬᠢ ᠤᠳᠠᠭᠠᠨ ᠤ ᠠᠭᠤᠯᠵᠠᠯᠳᠠ ᠶᠢ ᠤᠭᠳᠤᠨ ᠠᠪᠤᠯ᠎ᠠ᠃ ᠰᠡᠬᠦᠯᠴᠢ ᠶᠢᠨ ᠬᠠᠭᠠᠰ ᠵᠢᠯ ᠲᠤᠳᠤᠷ᠎ᠠ ᠪᠠᠭᠳᠠᠭᠠᠨ᠂ ᠮᠤᠩᠭᠤᠯ ᠤᠯᠤᠰ ᠲᠤ ᠠᠷᠪᠠᠳᠤᠭᠠᠷ ᠤᠳᠠᠭᠠᠨ ᠤ ᠠᠭᠤᠯᠵᠠᠯᠳᠠ ᠪᠠᠨ ᠵᠤᠬᠢᠶᠠᠨ ᠪᠠᠶᠢᠭᠤᠯᠬᠤ ᠪᠤᠯᠤᠨ᠎ᠠ᠃ ᠡᠨᠡ ᠨᠢ ᠬᠤᠶᠠᠷ ᠤᠯᠤᠰ ᠤᠨ ᠬᠢᠯᠢ ᠲᠠᠭᠠᠤ ᠪᠦᠰᠡ ᠨᠤᠳᠤᠭ ᠤᠨ ᠡᠳ᠋ ᠤᠨ ᠵᠠᠰᠠᠭ ᠤᠨ ᠬᠦᠭᠵᠢᠯᠳᠡ ᠶᠢ ᠠᠬᠢᠭᠤᠯᠵᠦ᠂ ᠬᠢᠯᠢ ᠲᠠᠭᠠᠤ ᠪᠦᠰᠡ ᠨᠤᠳᠤᠭ ᠤᠨ ᠠᠮᠤᠷ ᠲᠤᠭᠳᠠᠭᠤᠨ ᠢ ᠬᠠᠮᠠᠭᠠᠯᠠᠬᠤ ᠶᠢ ᠵᠤᠷᠢᠨ᠎ᠠ᠃ ᠡᠨᠡ ᠤᠳᠠᠭᠠᠨ ᠤ ᠠᠭᠤᠯᠵᠠᠯᠳᠠ ᠨᠢ ᠬᠤᠶᠠᠷ ᠤᠯᠤᠰ ᠤᠨ ᠬᠢᠯᠢ ᠲᠠᠭᠠᠤ ᠪᠦᠰᠡ ᠨᠤᠳᠤᠭ ᠤᠨ ᠪᠠᠶᠢᠴᠠᠭᠠᠬᠤ ᠪᠠᠶᠢᠭᠤᠯᠭ᠎ᠠ ᠶᠢᠨ ᠪᠦᠳᠦᠮᠵᠢᠳᠡᠢ ᠪᠠᠷ ᠬᠠᠮᠳᠤ ᠶᠢᠨ ᠠᠵᠢᠯᠯᠠᠭ᠎ᠠ ᠦᠷᠨᠢᠬᠦᠯᠬᠦ ᠳᠤ ᠠᠬᠢᠴᠠ ᠦᠢᠯᠡᠳᠤᠯ ᠦᠵᠡᠬᠦᠯᠬᠦ ᠪᠤᠯᠤᠨ᠎ᠠ᠃ ᠵᠢᠶᠠᠨ ᠰᠢᠶᠤᠤ ᠸᠧᠨ ᠲᠠᠷᠤᠭ᠎ᠠ ᠲᠦᠷᠪᠡᠨ ᠲᠠᠯ᠎ᠠ ᠠᠴᠠ ᠰᠠᠨᠠᠯ ᠲᠤᠷᠠᠳᠤᠭᠰᠠᠨ ᠪᠠᠶᠢᠨ᠎ᠠ᠃

ᠨᠢᠭᠡ ᠳᠤ᠂ ᠬᠠᠮᠳᠤ ᠶᠢᠨ ᠠᠵᠢᠯᠯᠠᠭ᠎ᠠ ᠪᠠᠨ ᠨᠡᠩ ᠢᠳᠡᠪᠬᠢᠳᠡᠢ᠂ ᠰᠢᠭᠤᠷᠬᠠᠢ ᠠᠬᠢᠭᠤᠯᠬᠤ ᠴᠢᠬᠤᠯᠠ ᠲᠠᠢ ᠪᠠᠶᠢᠨ᠎ᠠ᠃ ᠬᠢᠯᠢ ᠶᠢᠨ ᠪᠤᠭᠤᠮᠳᠠ ᠶᠢᠨ ᠬᠠᠤᠯᠢ ᠵᠦᠢ ᠶᠢᠨ ᠬᠠᠮᠳᠤ ᠶᠢᠨ ᠠᠵᠢᠯᠯᠠᠭ᠎ᠠ ᠪᠠᠨ ᠤᠯᠠᠮ ᠰᠠᠶᠢᠵᠢᠷᠠᠭᠤᠯᠵᠦ᠂ ᠬᠢᠯᠢ ᠲᠠᠮᠨᠠᠭᠰᠠᠨ ᠬᠡᠮᠳᠦ ᠬᠡᠷᠡᠭ᠂ ᠢᠯᠠᠩᠭᠤᠶ᠎ᠠ ᠬᠠᠤᠯᠢ ᠪᠤᠰᠤ ᠪᠠᠷ ᠬᠢᠯᠢ ᠨᠡᠪᠳᠡᠷᠡᠬᠦᠯᠬᠦ᠂  ᠬᠤᠤᠷ᠂ ᠬᠦᠮᠦᠨ ᠬᠤᠳᠠᠯᠳᠤᠭᠠᠯᠠᠬᠤ᠂ ᠴᠡᠭᠢᠮ ᠬᠤᠯᠪᠤᠭᠠᠨ ᠰᠦᠯᠵᠢᠶᠡᠨ ᠤ ᠬᠡᠮᠳᠦ ᠬᠡᠷᠡᠭ ᠲᠤ ᠦᠭᠬᠦ ᠴᠤᠬᠢᠯᠳᠠ ᠪᠤᠯᠤᠨ ᠬᠡᠷᠡᠭ ᠰᠢᠯᠭᠠᠨ ᠪᠠᠶᠢᠴᠠᠭᠠᠬᠤ ᠬᠦᠴᠦᠯᠡᠴᠡ ᠪᠠᠨ ᠶᠡᠭᠡᠰᠭᠡᠵᠦ᠂ ᠬᠠᠮᠳᠤ ᠪᠠᠷ ᠬᠤᠶᠠᠷ ᠤᠯᠤᠰ ᠤᠨ ᠬᠢᠯᠢ ᠶᠢᠨ ᠠᠷᠠᠯᠵᠢᠶ᠎ᠠ ᠶᠢᠨ ᠬᠡᠪ ᠤᠨ ᠪᠠᠶᠢᠳᠠᠯ ᠪᠤᠯᠤᠨ ᠠᠷᠠᠳ ᠢᠷᠭᠡᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠬᠡᠷᠡᠭᠳᠡᠢ᠃ ᠬᠢᠯᠢ ᠪᠠᠷ ᠡᠺᠡᠰᠫᠤᠷᠲᠯᠠᠵᠦ ᠢᠮᠫᠤᠷᠲᠯᠠᠵᠦ ᠪᠠᠶᠢᠭ᠎ᠠ ᠬᠦᠨᠡᠰᠦᠨ ᠳᠤ ᠲᠠᠯᠪᠢᠬᠤ ᠬᠤᠷᠢᠭ᠎ᠠ ᠴᠡᠭᠡᠷ ᠤᠨ ᠬᠢᠨᠠᠯᠳᠠ ᠪᠠᠨ ᠴᠢᠩᠭᠠᠳᠬᠠᠵᠦ᠂ ᠬᠤᠶᠠᠷ ᠤᠯᠤᠰ ᠤᠨ ᠠᠷᠠᠳ ᠢᠷᠭᠡᠳ ᠤᠨ ᠬᠦᠨᠡᠰᠦ ᠢᠳᠡᠭᠡᠨ ᠤᠮᠳᠠᠭᠠᠨ ᠤ ᠠᠶᠦᠯ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃

ᠬᠤᠶᠠᠷ ᠲᠤ᠂ ᠬᠤᠶᠠᠷ ᠤᠯᠤᠰ ᠤᠨ ᠬᠢᠯᠢ ᠲᠠᠭᠠᠤ ᠪᠦᠰᠡ ᠤᠷᠤᠨ ᠤ ᠨᠤᠳᠤᠭ ᠪᠡᠯᠴᠢᠭᠡᠷ ᠤᠨ ᠤᠷᠭᠤᠮᠠᠯ ᠪᠦᠷᠬᠦᠴᠡ᠂ ᠤᠢ ᠮᠤᠳᠤ ᠶᠢ ᠬᠠᠮᠠᠭᠠᠯᠠᠬᠤ᠂ ᠢᠯᠠᠩᠭᠤᠶ᠎ᠠ ᠨᠤᠳᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ᠂ ᠲᠠᠯ᠎ᠠ ᠪᠡᠯᠴᠢᠭᠡᠷ ᠤᠨ ᠭᠠᠯ ᠢ ᠰᠡᠷᠬᠡᠶᠢᠯᠡᠬᠦ ᠪᠠ ᠬᠦᠷᠦᠭᠡᠰᠦ ᠠᠮᠢᠳᠠᠨ ᠢ ᠬᠠᠮᠠᠭᠠᠯᠠᠬᠤ ᠲᠠᠯ᠎ᠠ ᠪᠠᠷ ᠬᠠᠮᠳᠤᠷᠠᠨ ᠠᠵᠢᠯᠯᠠᠬᠤ ᠪᠠᠨ ᠴᠢᠩᠭᠠᠳᠬᠠᠬᠤ ᠬᠡᠷᠡᠭᠳᠡᠢ ᠪᠠᠶᠢᠨ᠎ᠠ᠃

ᠭᠤᠷᠪᠠ ᠳᠤ᠂ ᠬᠠᠮᠳᠤ ᠶᠢᠨ ᠠᠵᠢᠯᠯᠠᠭᠠᠨ ᠤ ᠲᠤᠭᠳᠠᠯᠴᠠᠭ᠎ᠠ ᠪᠠᠨ ᠰᠢᠨᠡᠴᠢᠯᠡᠵᠦ ᠤᠳᠤ ᠶᠢᠨ ᠲᠤᠭᠳᠠᠯᠴᠠᠭ᠎ᠠ ᠳᠤ ᠨᠦᠬᠦᠪᠤᠷᠢ ᠪᠤᠯᠭᠠᠨ᠂ ᠬᠠᠷᠢᠯᠴᠠᠨ ᠠᠬᠢᠭᠤᠯᠵᠦ᠂ ᠨᠡᠩ ᠪᠦᠳᠦᠮᠵᠢᠳᠡᠢ᠂ ᠢᠵᠢ ᠪᠦᠷᠢᠨ᠂ ᠪᠦᠬᠦ ᠬᠦᠷᠢᠶ᠎ᠡ ᠶᠢ ᠬᠠᠮᠤᠷᠤᠭᠰᠠᠨ ᠬᠠᠤᠯᠢ ᠵᠦᠢ ᠶᠢᠨ ᠬᠠᠮᠳᠤ ᠶᠢᠨ ᠠᠵᠢᠯᠯᠠᠭᠠᠨ ᠤ ᠰᠢᠰᠲ᠋ᠧᠮ ᠢ ᠪᠠᠶᠢᠭᠤᠯᠬᠤ ᠬᠡᠷᠡᠭᠳᠡᠢ ᠪᠠᠶᠢᠨ᠎ᠠ᠃

ᠲᠦᠷᠪᠡ ᠳᠤ᠂ ᠤᠯᠠᠨ ᠤᠯᠤᠰ ᠤᠨ ᠬᠦᠷᠢᠶᠡᠨ ᠳᠠᠬᠢ ᠰᠤᠯᠢᠯᠴᠠᠭ᠎ᠠ ᠦᠷᠨᠢᠬᠦᠯᠬᠦ ᠵᠠᠮ ᠰᠤᠪᠠᠭ ᠢ ᠬᠠᠶᠢᠵᠦ᠂ ᠬᠠᠮᠳᠤ ᠳᠠᠭᠠᠨ ᠲᠤᠮᠳᠠᠳᠤ ᠮᠤᠩᠭᠤᠯ ᠬᠤᠶᠠᠷ ᠤᠯᠤᠰ ᠤᠨ ᠬᠠᠤᠯᠢ ᠵᠦᠢ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠳᠡᠢ ᠪᠠᠶᠢᠨ᠎ᠠ᠃

ᠰᠡᠷᠡᠨᠰᠠᠮᠪᠤᠤ ᠵᠢᠶᠠᠨ ᠲᠠᠷᠤᠭ᠎ᠠ ᠶᠢᠨ ᠰᠠᠨᠠᠭᠠᠴᠢᠯᠠᠭ᠎ᠠ ᠶᠢ ᠪᠦᠷᠢᠨ ᠦᠨᠡᠮᠰᠢᠭᠰᠡᠨ ᠪᠠᠶᠢᠨ᠎ᠠ᠃ ᠲᠡᠷᠡ ᠮᠤᠩᠭᠤᠯ ᠲᠤᠮᠳᠠᠳᠤ ᠬᠤᠶᠠᠷ ᠤᠯᠤᠰ ᠤᠨ ᠬᠢᠯᠢ ᠲᠠᠭᠠᠤ ᠪᠦᠰᠡ ᠨᠤᠳᠤᠭ ᠤᠨ ᠪᠠᠶᠢᠴᠠᠭᠠᠬᠤ ᠪᠠᠶᠢᠭᠤᠯᠭ᠎ᠠ ᠲᠤᠭᠳᠠᠮᠠᠯ ᠬᠤᠭᠤᠴᠠᠭᠠᠨ ᠳᠤ ᠠᠭᠤᠯᠵᠠᠬᠤ ᠲᠤᠭᠳᠠᠯᠴᠠᠭ᠎ᠠ ᠪᠠᠨ ᠪᠠᠶᠢᠭᠤᠯᠤᠭᠰᠠᠨ ᠠᠴᠠ ᠨᠠᠰᠢ ᠠᠵᠢᠯ ᠤᠨ ᠬᠠᠮᠳᠤᠷᠠᠯᠴᠠᠭ᠎ᠠ ᠶᠢᠨ ᠰᠠᠭᠤᠷᠢ ᠪᠠᠨ ᠪᠠᠬᠢᠵᠢᠵᠦ᠂ ᠤᠳᠤ ᠨᠡᠩ ᠦᠨᠳᠦᠷ ᠲᠦᠪᠰᠢᠨ ᠳᠤ ᠬᠦᠷᠦᠭᠰᠡᠨ ᠭᠡᠪᠡ᠃ ᠨᠢᠳᠤᠨᠤᠨ ᠮᠤᠩᠭᠤᠯ ᠳᠤ ᠯᠢ ᠴᠢ ᠯᠢᠨ ᠪᠠᠶᠢᠴᠠᠭᠠᠬᠤ ᠲᠠᠷᠤᠭ᠎ᠠ ᠨᠠᠷ ᠤᠨ ᠲᠦᠯᠦᠭᠡᠯᠡᠭᠴᠢᠳ ᠤᠨ ᠪᠦᠯᠬᠦᠮ ᠲᠠᠢ ᠬᠢᠭᠰᠡᠨ ᠠᠭᠤᠯᠵᠠᠯᠳᠠ ᠨᠢ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠲᠠᠭᠠᠤ ᠤᠷᠤᠨ ᠤ ᠪᠠᠶᠢᠴᠠᠭᠠᠬᠤ ᠬᠤᠷᠢᠶᠠᠨ ᠤ ᠬᠠᠮᠳᠤᠷᠠᠭᠰᠠᠨ ᠠᠵᠢᠯ ᠢ ᠰᠢᠨ᠎ᠡ ᠦᠨᠳᠦᠷ ᠲᠦᠪᠰᠢᠨ ᠳᠤ ᠬᠦᠷᠭᠡᠭᠰᠡᠨ ᠪᠠᠶᠢᠨ᠎ᠠ᠃

ᠤᠳᠤᠬᠠᠨ ᠳᠤ᠂ ᠬᠠᠤᠯᠢ ᠪᠤᠰᠤ ᠪᠠᠷ  ᠬᠤᠤᠷ᠂ ᠬᠢᠮᠢ ᠶᠢᠨ ᠦᠢᠯᠡᠳᠬᠦᠨ᠂ ᠠᠮᠢᠳᠠᠨ ᠬᠦᠷᠦᠭᠡᠰᠦᠨ ᠤ ᠬᠢᠮᠡᠯ ᠡᠳ᠋ᠯᠡᠯ ᠢ ᠬᠢᠯᠢ ᠨᠡᠪᠳᠡᠷᠡᠬᠦᠯᠬᠦ ᠵᠡᠷᠭᠡ ᠡᠷᠡᠬᠦᠤ ᠶᠢᠨ ᠬᠡᠷᠡᠭ ᠤᠳ ᠬᠢᠯᠢ ᠲᠠᠭᠠᠤ ᠪᠦᠰᠡ ᠨᠤᠳᠤᠭ ᠲᠤ ᠵᠦᠩᠳᠡᠭᠡᠨ ᠭᠠᠷᠳᠠᠭ᠃ ᠡᠬᠦᠨ ᠤ ᠬᠠᠮᠳᠤ ᠮᠤᠩᠭᠤᠯ ᠤᠯᠤᠰ ᠶᠡᠭᠡᠪᠡᠷ ᠠᠭᠤᠷᠬᠠᠢ ᠶᠢᠨ ᠭᠠᠷᠤᠯᠳᠠ ᠶᠢᠨ ᠡᠭᠡ ᠪᠠᠶᠠᠯᠢᠭ ᠢ ᠨᠡᠭᠡᠭᠡᠨ ᠠᠰᠢᠭᠯᠠᠬᠤ ᠶᠢᠨ ᠲᠠᠭᠠᠤ ᠬᠠᠤᠯᠢ ᠪᠤᠰᠤ ᠪᠠᠷ ᠮᠠᠯᠳᠠᠬᠤ᠂ ᠭᠠᠳᠠᠭᠠᠳᠦ ᠳᠤ ᠭᠠᠷᠭᠠᠬᠤ ᠪᠠᠶᠢᠳᠠᠯ ᠢᠯᠡᠷᠡᠭᠰᠡᠨ ᠪᠠᠶᠢᠨ᠎ᠠ᠃ ᠡᠳᠡᠭᠡᠷ ᠬᠢᠯᠢ ᠲᠠᠭᠠᠤ ᠤᠷᠤᠨ ᠳᠤ ᠭᠠᠷᠤᠭᠰᠠᠨ ᠡᠷᠡᠬᠦᠤ ᠶᠢᠨ ᠬᠡᠷᠡᠭ ᠢ ᠪᠠᠶᠢᠴᠠᠭᠠᠬᠤ ᠨᠢ ᠬᠤᠶᠠᠷ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠵᠦᠢ ᠶᠢᠨ ᠲᠤᠰᠠᠯᠠᠯᠴᠠᠭ᠎ᠠ ᠶᠢᠨ ᠭᠤᠤᠯᠳᠠᠯᠭ᠎ᠠ ᠠᠵᠢᠯ ᠪᠤᠯᠬᠤ ᠶᠤᠮ᠃ ᠡᠨᠡᠬᠦ ᠶᠢᠰᠦᠳᠡᠬᠢ ᠤᠳᠠᠭᠠᠨ ᠤ ᠠᠭᠤᠯᠵᠠᠯᠳᠠ ᠳᠤ ᠬᠤᠶᠠᠷ ᠲᠠᠯ᠎ᠠ ᠠᠴᠠ ᠨᠡᠩ ᠬᠦᠨᠵᠡᠭᠡᠢ ᠨᠠᠷᠢᠨ ᠲᠤᠶᠢᠯᠪᠤᠷᠢᠳᠠᠢ ᠰᠤᠯᠢᠯᠴᠠᠭ᠎ᠠ ᠶᠠᠪᠤᠭᠤᠯᠵᠦ᠂ ᠮᠤᠩᠭᠤᠯ ᠤᠨ ᠲᠠᠯ᠎ᠠ ᠠᠴᠠ ᠲᠤᠷᠠᠳᠠᠶᠢᠶ᠎ᠠ ᠲᠤᠮᠳᠠᠳᠤ ᠶᠢᠨ ᠲᠠᠯ᠎ᠠ ᠲᠠᠢ ᠬᠠᠮᠳᠤ ᠬᠤᠶᠠᠷ ᠤᠯᠤᠰ ᠤᠨ ᠬᠢᠯᠢ ᠲᠠᠭᠠᠤ ᠪᠦᠰᠡ ᠨᠤᠳᠤᠭ ᠤᠨ ᠪᠠᠶᠢᠴᠠᠭᠠᠬᠤ ᠪᠠᠶᠢᠭᠤᠯᠭ᠎ᠠ ᠶᠢᠨ ᠬᠠᠮᠳᠤᠷᠠᠯᠴᠠᠭ᠎ᠠ ᠠᠵᠢᠯ ᠢᠶᠠᠨ ᠰᠢᠨ᠎ᠡ ᠱᠠᠳᠤᠨ ᠳᠤ ᠬᠦᠷᠭᠡᠵᠦ᠂ ᠬᠠᠮᠳᠤ ᠶᠢᠨ ᠠᠵᠢᠯᠯᠠᠭᠠᠨ ᠤ ᠰᠢᠨ᠎ᠡ ᠬᠠᠭᠤᠳᠠᠰᠦ ᠪᠠᠨ ᠰᠡᠬᠦᠨ ᠨᠡᠭᠡᠭᠡᠬᠦ ᠶᠤᠮ᠃

ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠱᠦᠵᠢ ᠬᠠᠨ ᠢᠤᠢ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠠᠩ ᠷᠦᠢ ᠾᠧ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠤᠷᠴᠢᠭᠤᠯᠤᠯᠭ᠎ᠠ ᠶᠢᠨ ᠭᠠᠵᠠᠷ ᠤᠨ ᠲᠠᠷᠤᠭ᠎ᠠ ᠬᠡᠰᠢᠭ ᠵᠡᠷᠭᠡ ᠠᠭᠤᠯᠵᠠᠯᠳᠠ ᠳᠤ ᠤᠷᠤᠯᠴᠠᠪᠠ᠃


ᠢᠷᠡᠯᠲᠡ
ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro