ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠡᠰᠡᠭ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠠᠷᠠᠳ ᠤ ᠳᠡᠭᠡᠲᠦ ᠪᠠᠶᠢᠴᠠᠭᠠᠬᠤ ᠬᠣᠷᠢᠶᠠᠨ ᠤ ᠤᠷᠢᠯᠭ᠎ᠠ ᠪᠠᠷ ᠥᠪᠦᠷ ᠮᠣᠡᠭᠭᠤᠯ ᠤᠨ ᠨᠡᠶᠢᠲᠠ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠪᠠᠶᠢᠴᠠᠭᠠᠨ ᠦᠵᠡᠪᠡ

2019-09-06 17:17:21
ᠵᠣᠬᠢᠶᠠᠭᠴᠢ
ᠪᠠᠶᠠᠰᠦᠯ

1.jpg

8ᠰᠠᠷ᠎ᠠ ᠶᠢᠨ19 ᠦ ᠡᠳᠦᠷ ᠦᠨ ᠦᠳᠡ ᠶᠢᠨ ᠬᠣᠶᠢᠨ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠡᠭᠭᠤ ᠶᠢᠨ ᠬᠣᠷᠢᠶᠠᠨ ᠤ ᠵᠥᠪᠰᠢᠶᠡᠷᠡᠯ ᠪᠠᠷ᠂ ᠪᠡᠭᠡᠵᠢᠩ ᠥᠪᠦᠷ ᠮᠣᠡᠭᠭᠤᠯ᠂ ᠬᠠᠷᠠᠮᠦᠷᠡᠨ᠂ ᠠᠨᠾᠦ᠋ᠢ᠂ ᠾᠧᠨᠠᠨ᠂ ᠭᠤᠸᠠᠡᠭᠳᠦᠡᠭ᠂ ᠭᠣᠸᠠᠡᠭᠱᠢ ᠵᠡᠷᠭᠡ7 ᠲᠥᠯᠥᠭᠡᠯᠡᠭᠴᠢᠳ ᠦᠨ ᠪᠦᠯᠬᠦᠮ ᠦᠨ33 ᠨᠡᠷᠡᠰ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠦᠷ ᠮᠣᠡᠭᠭᠤᠯ ᠤᠨ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠳᠤ ᠬᠦᠷᠦᠯᠴᠡᠨ ᠢᠷᠡᠵᠦ᠂5 ᠡᠳᠦᠷ ᠦᠨ  ᠬᠤᠭᠤᠴᠠᠭ᠎ᠠ ᠲᠠᠢ︽︿ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ﹀ ᠭᠣᠤᠯ ᠰᠡᠳᠦᠪᠲᠦ ᠬᠦᠮᠦᠵᠢᠯ ᠢ ᠭᠦᠨᠵᠢᠭᠡᠶᠢᠷᠡᠭᠦᠯᠵᠦ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ  ᠢ ᠠᠭᠢᠭᠤᠯᠬᠤ︾ ᠪᠠᠶᠢᠴᠠᠭᠠᠨ ᠦᠵᠡᠬᠦ ᠬᠦᠳᠡᠯᠭᠡᠭᠡᠨ ᠦᠷᠨᠢᠭᠦᠯᠦᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠤᠨ ᠤ ᠠᠷᠠᠳ ᠶᠢᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠡᠭᠭᠤ ᠶᠢᠨ ᠬᠣᠷᠢᠶᠠᠨ ᠤ ᠳᠡᠳ᠋ ᠡᠷᠬᠢᠯᠡᠭᠴᠢ ᠯᠢᠶᠠᠨ ᠰᠦ᠋ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠥᠪᠦᠷ ᠮᠣᠡᠭᠭᠤᠯ ᠤᠨ ᠪᠠᠶᠢᠴᠠᠭᠠᠬᠤ ᠠᠵᠢᠯ ᠢ ᠪᠠᠶᠢᠴᠠᠭᠠᠨ ᠦᠵᠡᠬᠦ ᠮᠡᠳᠡᠭᠦᠯᠦᠯᠲᠡ ᠶᠢᠨ ᠬᠣᠷᠠᠯ ᠳᠤ ᠣᠷᠤᠯᠴᠠᠵᠤ ᠶᠠᠷᠢᠶ᠎ᠠ ᠬᠢᠵᠦ᠂ ᠥᠪᠡᠷᠲᠡᠭᠡᠨ ᠵᠠᠰᠠᠬᠤ  ᠤᠷᠤᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠡᠭ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠣᠣ ᠸᠧᠨ ᠬᠤᠷᠠᠯ  ᠢ ᠡᠷᠬᠢᠯᠡᠨ᠂ ᠠᠷᠠᠳ ᠤᠨ ᠳᠡᠭᠡᠲᠦ ᠪᠠᠶᠢᠴᠠᠭᠠᠬᠤ ᠬᠣᠷᠢᠶᠠᠨ ᠤ ᠭᠣᠷᠪᠠᠳᠤᠭᠠᠷ ᠪᠠᠶᠢᠴᠠᠭᠠᠬᠤ ᠲᠢᠡᠭᠬᠢᠮ ᠦᠨ ᠳᠡᠳ᠋ ᠳᠠᠷᠤᠭ᠎ᠠ ᠬᠠᠨ ᠰᠢᠶᠣᠣ ᠹᠧᠩ ᠠᠴᠠ ᠪᠠᠶᠢᠴᠠᠭᠠᠨ ᠦᠵᠡᠬᠦ ᠶᠢᠨ ᠵᠣᠷᠢᠯᠭ᠎ᠠ ᠪᠤᠯᠤᠨ ᠠᠴᠢ ᠬᠣᠯᠪᠤᠭᠳᠠᠯ ᠢ ᠲᠠᠶᠢᠯᠪᠤᠷᠢᠯᠠᠨ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠧᠩ ᠵᠢᠨ ᠴᠦᠨ ᠠᠴᠠ ᠪᠦᠬᠦ ᠣᠷᠤᠨ ᠤ ᠨᠡᠶᠢᠲᠠ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠪᠠᠶᠢᠳᠠᠯ  ᠢ ᠲᠠᠨᠢᠯᠴᠠᠭᠤᠯᠤᠭᠰᠠᠨ ᠪᠠᠶᠢᠨ᠎ᠠ᠃

ᠮᠡᠳᠡᠭᠦᠯᠦᠯᠲᠡ ᠡᠴᠡ ᠡᠮᠦᠨ᠎ᠡ᠂ ᠲᠥᠯᠥᠭᠡᠯᠡᠭᠴᠢᠳ12309 ᠪᠠᠶᠢᠴᠠᠭᠠᠬᠤ ᠦᠢᠯᠡᠴᠢᠯᠡᠭᠡᠨ ᠦ ᠲᠥᠪ᠂ ᠥᠪᠦᠷ ᠮᠣᠡᠭᠭᠤᠯ ᠤᠨ ᠪᠠᠶᠢᠴᠠᠭᠠᠬᠤ ᠲᠠᠥᠬᠡ ᠴᠢᠨᠳᠡᠷ ᠦᠨ ᠳᠡᠯᠭᠡᠨ ᠦᠵᠡᠭᠦᠯᠭᠡ ᠶᠢᠨ ᠲᠢᠡᠭᠬᠢᠮ᠂ ᠨᠠᠮ ᠤᠨ ᠪᠠᠶᠢᠭᠤᠯᠤᠯᠲᠠ ᠶᠢᠨ ᠬᠦᠳᠡᠯᠭᠡᠭᠡᠨ ᠦ ᠭᠡᠷ᠂ ᠪᠠᠶᠢᠴᠠᠭᠠᠬᠤ ᠡᠭᠡᠰᠢᠭᠯᠡᠯ ᠤᠡᠭᠰᠢᠯᠭ᠎ᠠ ᠶᠢᠨ ᠥᠷᠦᠭᠡ᠂ ᠰᠦᠯᠵᠢᠶᠡᠨ ᠦ ᠬᠠᠷᠠᠭᠠᠨ ᠳᠠᠪᠲᠠᠮᠵᠢ ᠶᠢᠨ ᠬᠤᠷᠠᠯ ᠤᠨ ᠭᠡᠷ᠂ ᠬᠠᠮ ᠵᠠᠭᠤᠴᠢᠯᠠᠭᠤᠷ ᠤᠨ ᠲᠥᠪ᠂ ᠶᠡᠬᠡ ᠳ᠋ᠠᠶᠢᠲ᠋ᠠ ᠶᠢᠨ ᠬᠡᠷᠡᠭᠯᠡᠭᠡᠨ ᠦ ᠲᠥᠪ ᠵᠡᠷᠭᠡ ᠶᠢ ᠲᠣᠭᠤᠷᠢᠨ ᠦᠵᠡᠪᠡ᠃ ᠰᠡᠭᠦᠯᠴᠢ ᠶᠢᠨ ᠲᠠᠪᠤᠨ ᠡᠳᠦᠷ ᠲᠦ᠂ ᠲᠥᠯᠦᠭᠡᠯᠡᠭᠴᠢᠳ ᠪᠠᠰᠠ ᠬᠦᠬᠡᠬᠤᠲᠠ᠂ ᠬᠦᠯᠦᠨ ᠪᠤᠶᠢᠷ ᠬᠤᠲᠠ ᠶᠢᠨ ᠬᠤᠶᠠᠷ  ᠱᠠᠲᠤᠨ ᠤ  ᠪᠠᠶᠢᠴᠠᠭᠠᠬᠤ ᠬᠤᠷᠢᠶ᠎ᠠ ᠳᠤ ᠬᠦᠷᠴᠦ᠂ ᠲᠣᠭᠤᠷᠢᠨ ᠦᠵᠡᠬᠦ᠂  ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠷᠪᠤᠯᠵᠢᠯᠠᠬᠤ᠂ ᠰᠠᠭᠤᠳᠠᠯ ᠤᠨ ᠬᠤᠷᠠᠯ ᠬᠢᠬᠦ ᠵᠡᠷᠭᠡ ᠠᠷᠭ᠎ᠠ ᠪᠠᠷᠠᠯ ᠢᠶᠠᠷ᠂︽ ᠤᠭ ᠰᠠᠨᠠᠭ᠎ᠠ  ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠣᠤᠯ ᠰᠡᠲᠦᠪᠲᠦ ᠬᠦᠮᠦᠵᠢᠯ ᠲᠠᠢ ᠤᠶᠠᠯᠳᠤᠭᠤᠯᠤᠨ᠂ ᠥᠪᠦᠷ ᠮᠣᠡᠭᠭᠤᠯ   ᠣᠷᠤᠨ ᠤ  ᠪᠠᠶᠢᠴᠠᠭᠠᠬᠤ ᠪᠠᠶᠢᠭᠤᠯᠭ᠎ᠠ  ᠶᠢᠨ︽ ᠠᠭᠤᠯᠠᠨ ᠤ ᠬᠦᠬᠡᠮᠳᠦᠭ︾᠂︽ ᠲᠠᠯ᠎ᠠ ᠶᠢᠨ ᠴᠡᠯᠡᠭᠡᠷ︾᠂︽ ᠤᠰᠤᠨ ᠤ ᠲᠤᠡᠭᠭᠠᠯᠠᠭ︾ ᠶᠢ  ᠰᠠᠬᠢᠨ ᠬᠠᠮᠠᠭᠠᠯᠠᠬᠤ᠂ ᠨᠡᠶᠢᠲᠠ ᠶᠢᠨ ᠠᠰᠢᠭᠲᠤ ᠵᠠᠷᠭᠤ ᠶᠢᠨ ᠦᠢᠯᠡᠳᠦᠯᠭᠡ  ᠶᠢ ᠰᠢᠯᠭᠠᠨ ᠪᠠᠶᠢᠴᠠᠭᠠᠨ᠎ᠠ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro