ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》ᠭᠣᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠪᠠ

2019-10-12 11:20:55
ᠵᠣᠬᠢᠶᠠᠭᠴᠢ
ᠭᠡᠭᠡᠷᠡᠯ

1570850273598141.jpg

9 ᠰᠠᠷ᠎ᠠ ᠶᠢᠨ 11 ᠦ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠣᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠵᠦ᠂ ᠭᠣᠣᠯ ᠰᠡᠳᠦᠪᠲᠦ ᠬᠥᠮᠦᠵᠢᠯ  ᠤᠨ ᠦᠷᠨᠢᠭᠦᠯᠦᠭᠰᠡᠨ ᠪᠠᠶᠢᠳᠠᠯ ᠳ᠋ᠦ ᠳ᠋ᠦᠩᠨᠡᠯᠲᠡ ᠬᠢᠵᠦ᠂ ᠭᠣᠣᠯ ᠰᠡᠳᠦᠪᠲᠦ ᠬᠥᠮᠦᠵᠢᠯ ᠦᠨ ᠦᠷ᠎ᠡ ᠪᠦᠲᠦᠭᠡᠯ  ᠢ ᠪᠡᠬᠡᠵᠢᠭᠦᠯᠬᠦ᠂ ᠭᠦᠨᠵᠡᠭᠡᠶᠢᠷᠡᠭᠦᠯᠬᠦ᠂ ᠦᠷᠭᠡᠤᠭᠡᠬᠦ ᠲᠤᠬᠠᠶ ᠪᠠᠢᠷᠢᠯᠠᠭᠤᠯᠤᠯᠲᠠ ᠬᠢᠵᠡᠶ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ᠂ ᠪᠠᠶᠢᠴᠠᠭᠠᠬᠤ ᠪᠠᠶᠢᠭᠤᠯᠭ᠎ᠠ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠣᠣ ᠸᠧᠨ ᠬᠤᠷᠠᠯ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠭᠣᠣᠯ ᠰᠡᠳᠦᠪᠲᠦ ᠬᠥᠮᠦᠵᠢᠯ ᠦᠨ ᠭᠤᠷᠪᠠᠳᠤᠭᠠᠷ  ᠲᠣᠭᠣᠷᠢᠨ ᠵᠢᠯᠣᠭᠣᠳᠬᠤ ᠳᠤᠭᠤᠶᠢᠯᠠᠩ ᠤᠨ ᠭᠡᠰᠢᠭᠦᠨ ᠵᠧᠩ ᠬᠠᠢ ᠴᠢᠩ ᠬᠤᠷᠠᠯ ᠳᠤ ᠤᠷᠤᠯᠴᠠᠵᠦ ᠪᠠᠶᠢᠴᠠᠭᠠᠨ ᠵᠢᠯᠤᠭᠤᠳᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠦᠨ ᠳᠡᠰ ᠤᠨ ᠺᠠᠳ᠋ᠷ᠂ ᠪᠠᠶᠢᠭᠤᠯᠭ᠎ᠠ ᠶᠢᠨ ᠡᠯ᠎ᠡ ᠳᠣᠲᠣᠭᠠᠳᠤ ᠪᠠᠶᠢᠭᠤᠯᠤᠮᠵᠢ ᠵᠢᠴᠢ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠪᠦᠬᠦ ᠠᠵᠢᠯᠳᠠᠨ᠂ ᠬᠥᠬᠡᠬᠣᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠪᠢᠶᠠᠷᠢ ᠬᠣᠷᠢᠶ᠎ᠠ᠂ ᠪᠠᠭ᠎ᠠ ᠲᠦᠷᠭᠡᠨ ᠭᠤᠤᠯ ᠣᠷᠣᠨ ᠤ ᠪᠠᠶᠢᠴᠠᠭᠠᠬᠤ ᠬᠣᠷᠢᠶ᠎ᠠ ᠶᠢᠨ ᠭᠠᠵᠠᠷ ᠤᠨ ᠳᠡᠰ ᠠᠴᠠ ᠳᠡᠭᠡᠭᠰᠢᠬᠢ ᠺᠠᠳ᠋ᠷᠴᠤᠳ ᠴᠦᠮ ᠬᠤᠷᠠᠯ ᠳ᠋ᠦ ᠣᠷᠣᠯᠴᠠᠭᠰᠠᠨ ᠪᠠᠶᠢᠨ᠎ᠠ᠃

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro