ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠳᠤᠷᠢᠳᠤᠯᠭ᠎ᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠡᠷᠭᠢᠨ ᠦᠵᠡᠭᠰᠡᠨ ᠨᠢ

2019-10-12 11:58:47
ᠵᠣᠬᠢᠶᠠᠭᠴᠢ
ᠭᠡᠭᠡᠷᠡᠯ

1570852369535788.jpgᠯᠢ ᠴᠢ ᠯᠢᠨ ᠪᠠᠶᠢᠴᠠᠭᠠᠬᠤ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠯᠢᠦ ᠰᠦ ᠮᠧᠢ ᠶᠢ ᠡᠷᠭᠢᠨ ᠦᠵᠡᠵᠦ ᠪᠠᠶᠢᠭ᠎ᠠ ᠨᠢ

1570852409582133.jpg

ᠯᠢ ᠴᠢ ᠯᠢᠨ ᠪᠠᠶᠢᠴᠠᠭᠠᠬᠤ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠪᠠᠶᠠᠨᠪᠦᠬᠡ ᠶᠢ ᠡᠷᠭᠢᠨ ᠦᠵᠡᠵᠦ ᠪᠠᠶᠢᠭ᠎ᠠ ᠨᠢ


ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠦᠨ ᠣᠶ ᠶᠢ ᠪᠡᠯᠭᠡᠯᠡᠵᠦ ᠪᠠᠶᠢᠭ᠎ᠠ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠳᠤᠷᠢᠳᠤᠯᠭ᠎ᠠ ᠲᠤᠭᠤᠶᠢᠯᠠᠩ ᠲᠠᠭᠠᠭᠤᠯᠵᠦ ᠪᠠᠶᠢᠴᠠᠭᠠᠬᠤ ᠰᠢᠰᠲ᠋ᠧᠮ ᠦᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠡᠷᠭᠢᠨ ᠦᠵᠡᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠲᠦ ᠨᠠᠮ ᠤᠨ ᠲᠥᠪ ᠬᠣᠷᠢᠶ᠎ᠠ᠂ ᠲᠦᠷᠦ ᠶᠢᠨ ᠶᠠᠪᠤᠳᠠᠯ ᠤᠨ ᠬᠣᠷᠢᠶ᠎ᠠ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠡᠴᠡ ᠤᠯᠭᠤᠭᠰᠠᠨ ︽ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠦᠨ ᠤᠢ︾ᠵᠢᠨ ᠳᠤᠷᠠᠰᠬᠠᠯ ᠤᠨ ᠲᠡᠮᠲᠡᠭ ᠢ ᠵᠡᠭᠦᠯᠭᠡᠬᠦ ᠶᠢᠨ ᠬᠠᠮᠲᠤ ᠲᠤᠬᠤᠨᠢᠭᠤᠯᠭ᠎ᠠ ᠶᠢᠨ ᠮᠦᠩᠭᠦ ᠭᠠᠷᠳᠠᠭᠤᠯᠤᠭᠰᠠᠨ ᠪᠠᠶᠢᠨ᠎ᠠ ᠃ 

9 ᠰᠠᠷ᠎ᠠ ᠶᠢᠨ 29  ᠦ ᠡᠳᠦᠷ ᠦᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠯᠢ ᠴᠢ ᠯᠢᠨ ᠪᠠᠶᠢᠴᠠᠭᠠᠬᠤ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠳᠠᠷᠤᠭ᠎ᠠ ᠰᠦᠨ ᠳ᠋ᠧ ᠵᠢᠶᠦ᠋ᠨ ᠦ ᠪᠠᠷ᠎ᠠ ᠪᠤᠯᠤᠯᠭ᠎ᠠ ᠪᠠᠷ᠂ ᠶᠠᠭ ᠡᠮᠨᠡᠯᠭᠡ ᠳᠦ ᠰᠠᠭᠤᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠯᠢᠦ ᠰᠦ ᠮᠧᠶ ᠪᠤᠯᠤᠨ ᠪᠠᠶᠠᠨᠪᠦᠬᠡ ᠶᠢ ᠡᠷᠭᠢᠨ ᠦᠵᠡᠪᠡ᠃ 9 ᠰᠠᠷ᠎ᠠ ᠶᠢᠨ 29  ᠦ ᠡᠳᠦᠷ ᠦᠨ ᠦᠳᠡ ᠶᠢᠨ ᠬᠣᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠢᠶᠠᠨ ᠰᠢᠶᠤᠤ ᠸᠧᠨ᠂ ᠤᠤᠯ ᠤᠨ ᠳᠡᠳ᠋ ᠪᠠᠶᠢᠴᠠᠭᠠᠬᠤ ᠳᠠᠷᠤᠭ᠎ᠠ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠵᠤᠷᠢᠭᠲᠤ ᠶᠢ ᠡᠷᠭᠢᠨ ᠦᠵᠡᠪᠡ᠃ ᠲᠤᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠠᠵᠢᠯ ᠠᠴᠠ ᠪᠠᠨ ᠪᠠᠭᠤᠵᠤ ᠠᠮᠠᠷᠠᠭᠰᠠᠨ 7 ᠺᠠᠳ᠋ᠷ᠂ ᠠᠮᠢᠳᠤᠷᠠᠯ ᠨᠢ ᠬᠦᠴᠢᠷᠳᠡᠯ ᠲᠡᠶ ᠠᠵᠢᠯ ᠠᠴᠠ ᠪᠠᠨ ᠪᠠᠭᠤᠵᠤ ᠠᠮᠠᠷᠠᠭᠰᠠᠨ 6 ᠺᠠᠳ᠋ᠷ ᠢ ᠡᠷᠭᠢᠵᠦ ᠦᠵᠡᠭᠰᠡᠨ ᠪᠠᠶᠢᠨ᠎ᠠ᠃ 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro