ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠦᠰᠡᠯ ᠤᠨ ᠵᠢᠭᠦᠷ ᠢᠶᠡᠨ ᠲᠡᠯᠭᠡᠨ ᠬᠠᠮᠳᠦᠪᠡᠷ ᠲᠡᠭᠦᠯᠡᠵᠡᠭᠡᠶ᠎ᠡ

2019-10-12 16:49:44
ᠵᠣᠬᠢᠶᠠᠭᠴᠢ
ᠭᠡᠭᠡᠷᠡᠯ

ᠨᠠᠯᠠᠭᠠᠷ ᠨᠠᠮᠦᠷ ᠤᠨ ᠨᠠᠢᠷᠲᠠᠢ ᠰᠠᠯᠬᠢ ᠢᠯᠪᠢᠬᠦᠶ᠎ᠡ᠂ ᠳᠡᠯᠡᠬᠡᠢ ᠳ᠋ᠠᠬᠢᠨ ᠪᠠᠶᠠᠷ ᠬᠦᠷ ᠢᠶᠡᠷ ᠪᠢᠯᠬᠠᠨᠠᠮ᠃ 9 ᠰᠠᠷ᠎ᠠ ᠶᠢᠨ 29  ᠦ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠢᠴᠠᠭᠠᠬᠤ ᠬᠣᠷᠢᠶ᠎ᠠ ︽ᠪᠦᠯᠬᠦᠮᠳᠡᠨ ᠲᠡᠮᠡᠴᠡᠵᠦ ᠤᠯᠤᠰ  ᠦᠨ ᠪᠠᠶᠠᠷ ᠢ ᠤᠭᠲᠤᠵᠤ᠂ ᠡᠷᠡᠭᠦᠯ ᠡᠩᠬᠡ ᠪᠠᠶᠠᠷ ᠪᠠᠶᠠᠰᠬᠤᠯᠠᠩᠲᠤ ᠴᠤᠭ ᠵᠢᠪᠬᠤᠭ᠎ᠠ ᠪᠠᠨ ᠪᠠᠳᠠᠷᠠᠭᠤᠯᠤᠶ᠎ᠠ ︾ ᠭᠡᠬᠦ ᠭᠣᠸᠯ ᠰᠡᠳᠦᠪᠲᠦ ᠲᠠᠮᠢᠷ ᠤᠨ ᠬᠥᠳᠡᠯᠭᠡᠭᠡᠨ ᠢ ᠵᠣᠬᠢᠶᠠᠨ ᠪᠠᠢᠭᠤᠯᠵᠤ᠂ ᠤᠳᠠᠯ ᠥᠬᠡᠶ ᠬᠦᠷᠴᠦ ᠢᠷᠡᠬᠦ ᠭᠡᠵᠦ ᠪᠠᠶᠭ᠎ᠠ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠮᠡᠨᠳᠦᠯᠡᠭᠰᠡᠨ 70 ᠵᠢᠯ ᠦᠨ ᠣᠢ ᠶᠢ ᠤᠭᠲᠤᠵᠤ᠂ ᠣᠯᠠᠨ ᠢᠶᠠᠷ ᠢᠶᠠᠨ ᠴᠣᠪᠣᠭᠣ ᠳᠡᠭᠵᠢᠨ ᠪᠡᠶ᠎ᠡ ᠲᠠᠮᠢᠷ ᠤᠨ ᠬᠥᠳᠡᠯᠭᠡᠭᠡᠨ ᠦ ᠬᠡᠯᠪᠡᠷᠢ ᠪᠡᠷ ᠡᠬᠡ ᠤᠯᠤᠰ ᠤᠨ ᠢᠶᠠᠨ ᠮᠡᠨᠳᠦᠯᠡᠭᠰᠡᠨ ᠪᠠᠶᠠᠷ ᠢ ᠪᠡᠯᠭᠡᠯᠡᠪᠡ᠃

1570868745687475.jpgᠥᠪᠡᠷᠲᠡᠭᠡᠨ ᠵᠠᠰᠠᠬᠤ ᠣᠷᠣᠨ ᠤ ᠪᠠᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠪᠠᠢᠴᠠᠭᠠᠬᠤ ᠳᠠᠷᠤᠭ᠎ᠠ ᠯᠢ ᠴᠢ ᠯᠢᠨ ᠲᠠᠮᠢᠷ ᠤᠨ ᠬᠥᠳᠡᠯᠭᠡᠭᠡᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠳᠡᠳ᠋ ᠪᠠᠢᠴᠠᠭᠠᠬᠤ ᠳᠠᠷᠤᠭ᠎ᠠ ᠵᠧᠩ ᠵᠢᠨ ᠴᠦᠨ ᠶᠠᠷᠢᠶ᠎ᠠ ᠲᠠᠯᠪᠢᠪᠠ᠃

体操2_编辑.jpg

ᠦᠳᠡ ᠶᠢᠨ ᠡᠮᠦᠨ᠎ᠡ᠂ ᠷᠠᠳᠢᠣ᠋ ᠲᠠᠮᠢᠷ ᠤᠨ ᠬᠥᠭᠵᠢᠮ ᠦᠨ ᠡᠬᠢᠯᠡᠬᠦ ᠶᠢ ᠳᠠᠭᠠᠯᠳᠤᠨ᠂ ᠪᠦᠬᠦ ᠬᠣᠷᠢᠶᠠᠨ ᠤ ᠡᠯ᠎ᠡ ᠰᠠᠯᠠᠭ᠎ᠠ ᠮᠥᠴᠢᠷ ᠦᠨ ᠺᠠᠳ᠋ᠷ ᠴᠠᠭᠳᠠᠭ᠎ᠠ ᠪᠠᠷ ᠪᠦᠷᠢᠯᠳᠦᠭᠰᠡᠨ 6 ᠤᠷᠤᠯᠳᠤᠭᠤᠨ ᠦ ᠲᠤᠭᠤᠢᠯᠠᠩ ᠨᠢ ᠴᠤᠭ ᠵᠢᠪᠬᠤᠭ᠎ᠠ ᠪᠠᠳᠠᠷᠠᠩᠭᠤᠶ᠂ ᠬᠥᠳᠡᠯᠦᠯ ᠪᠠᠷᠢᠯ ᠳᠡᠷᠠᠢ ᠲᠡᠭᠰᠢ᠂ ᠵᠤᠷᠢᠭ ᠪᠠᠲᠦ ᠢᠲᠡᠭᠡᠯ ᠲᠡᠭᠦᠯᠳᠡᠷ ᠪᠠᠶᠢᠯ᠎ᠠ᠃ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ᠂ ᠳᠡᠳ᠋ ᠪᠠᠢᠴᠠᠭᠠᠬᠤ ᠳᠠᠷᠤᠭ᠎ᠠ ᠶᠦᠨ ᠰᠢᠶᠣᠤ᠂ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠦᠨ ᠬᠣᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤᠨ ᠳᠠᠷᠤᠭ᠎ᠠ ᠰᠦᠢ ᠯᠢ ᠨᠠᠷ ᠣᠯᠠᠨ ᠲᠠᠶ ᠬᠠᠮᠲᠤ ᠪᠡᠶ᠎ᠡ ᠲᠠᠮᠢᠷ ᠤᠨ ᠪᠣᠯᠪᠠᠰᠤᠷᠠᠯ ᠪᠠ ᠤᠷᠤᠯᠳᠤᠭᠤᠨ ᠳᠤ ᠣᠷᠣᠯᠴᠠᠪᠠ᠃

体操3.jpg

体操4.jpg

体操5.jpg

ᠳᠤᠷ᠎ᠠ ᠰᠤᠨᠢᠷᠬᠠᠯᠲᠦ ᠪᠡᠶ᠎ᠡ ᠲᠠᠮᠢᠷ ᠤᠨ ᠬᠥᠳᠡᠯᠭᠡᠭᠡᠨ ᠮᠠᠰᠢ ᠶᠡᠬᠡ ᠬᠦᠭᠵᠢᠶᠡᠨ ᠨᠠᠷᠭᠢᠶᠠᠨ ᠲᠠᠢ ᠥᠷᠨᠢᠪᠡ᠃ ᠰᠡᠳᠬᠢᠯ ᠨᠢᠭᠡᠳᠦᠨ ᠬᠡᠩᠭᠡᠷᠭᠡ ᠳᠡᠯᠡᠳᠬᠦ᠂ ᠬᠥᠳᠡᠯᠭᠡᠭᠡᠨᠲᠦ ᠳᠠᠮᠵᠢᠭᠤᠯᠬᠤ ᠪᠦᠰᠡ᠂ ᠠᠯᠬᠤᠮ ᠠᠯᠬᠤᠮ ᠢᠶᠠᠷ ᠳᠡᠭᠡᠭᠰᠢᠯᠡᠬᠦ ᠵᠡᠷᠭᠡ ᠲᠥᠷᠥᠯ ᠵᠦᠶᠯ ᠨᠢ ᠤᠷ᠎ᠠ ᠮᠡᠷᠭᠡᠵᠢᠯ᠂ ᠬᠤᠷᠳᠤᠴᠠ᠂ ᠲᠡᠰᠪᠦᠷᠢ ᠲᠡᠪᠴᠢᠶᠡᠷᠢ ᠶᠢ ᠠᠳᠠᠯᠢᠳᠬᠠᠬᠤ ᠪᠠᠷ ᠪᠠᠷᠠᠬᠤ ᠦᠭᠡᠢ᠂ ᠨᠠᠩ ᠴᠤ ᠬᠠᠮᠵᠢᠯᠴᠠᠨ ᠠᠵᠢᠯᠯᠠᠬᠤ ᠶᠢ ᠠᠳᠠᠯᠢᠳᠬᠠᠨ᠎ᠠ᠃ ᠤᠷᠤᠯᠳᠤᠭᠤᠨ ᠳᠤ ᠣᠷᠣᠯᠴᠠᠭᠰᠠᠳ ᠥᠪᠡᠷ ᠥᠪᠡᠷ ᠦᠨ ᠬᠦᠴᠦ ᠴᠢᠷᠮᠠᠢᠯᠭ᠎ᠠ ᠪᠣᠯᠤᠨ ᠡᠷᠴᠢ ᠵᠤᠷᠢᠭ ᠲᠦ ᠪᠡᠨ ᠲᠦᠰᠢᠭᠯᠡᠨ᠂ ᠬᠠᠮᠲᠤ ᠶᠢᠨ ᠢᠷᠠᠭᠤ ᠠᠯᠳᠠᠷ ᠢ ᠲᠡᠮᠡᠴᠡᠨ ᠣᠯᠵᠤ᠂ ᠬᠠᠮᠲᠤ ᠶᠢᠨ ᠵᠣᠷᠢᠭ ᠰᠠᠨᠠᠭ᠎ᠠ ᠪᠣᠯᠤᠨ ᠪᠠᠶᠠᠷ ᠬᠥᠷ ᠲᠠᠢ ᠴᠢᠷᠮᠠᠢᠨ ᠲᠡᠮᠡᠴᠡᠬᠦ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠭᠦᠶᠴᠡᠳ ᠢᠯᠡᠷᠡᠭᠦᠯᠦᠭᠰᠡᠨ ᠪᠠᠶᠢᠨ᠎ᠠ᠃

体操6.jpg体操7.jpg体操8.jpg


 ᠴᠢᠷᠮᠠᠶᠢᠨ ᠲᠡᠮᠡᠴᠡᠪᠡᠯ ᠰᠠᠶ᠋ᠢ ᠢᠯᠠᠯᠲᠠ ᠶᠢᠨ ᠦᠷ᠎ᠡ ᠪᠦᠲᠦᠭᠡᠯ ᠢ ᠠᠮᠲᠠᠯᠠᠵᠤ ᠴᠢᠳᠠᠨ᠎ᠠ᠃ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠠᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠳᠡᠳ᠋ ᠱᠦᠵᠢ᠂ ᠳᠡᠳ᠋ ᠪᠠᠢᠴᠠᠭᠠᠬᠤ ᠳᠠᠷᠤᠭ᠎ᠠ ᠵᠢᠶᠠᠨ ᠰᠢᠶᠣᠤ ᠸᠧᠨ ᠬᠠᠮᠲᠦ ᠶᠢᠨ ᠲᠤᠭᠤᠢᠯᠠᠩ ᠪᠣᠯᠤᠨ ᠬᠤᠪᠢ ᠬᠥᠮᠦᠨ ᠳᠦ ᠱᠠᠩᠨᠠᠯ ᠤᠨ ᠪᠣᠳᠠᠰ ᠣᠯᠭᠣᠵᠤ᠂ ᠤᠯᠠᠨ ᠢ ᠪᠠᠶᠠᠷ ᠬᠥᠷ ᠲᠠᠢ ᠪᠠᠷ ᠳᠠᠪᠲᠠᠨ ᠪᠣᠯᠪᠠᠰᠤᠷᠠᠵᠤ᠂ ᠡᠷᠡᠭᠦᠯ ᠰᠠᠷᠠᠭᠤᠯ ᠢᠶᠡᠷ ᠠᠮᠢᠳᠤᠷᠠᠵᠤ᠂ ᠬᠠᠯᠠᠭᠤᠨ ᠰᠡᠳᠭᠢᠯᠭᠡ  ᠢᠶᠡᠷ ᠠᠵᠢᠯᠯᠠᠬᠤ ᠶᠢ ᠵᠣᠷᠢᠭᠵᠢᠭᠤᠯᠪᠠ᠃ 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro