ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠡᠰᠡᠭ ᠮᠣᠵᠢ (ᠣᠷᠣᠨ᠂ ᠬᠣᠲᠠ)  ᠶᠢᠨ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠪᠠᠶᠢᠴᠠᠭᠠᠬᠤ ᠠᠵᠢᠯ ᠤᠨ ᠪᠠᠶᠢᠴᠠᠭᠠᠨ ᠰᠤᠳᠤᠯᠤᠯᠲᠠ  ᠶᠢᠨ ᠰᠤᠯᠢᠯᠴᠠᠭᠠᠨ ᠤ ᠠᠵᠢᠯᠯᠠᠭ᠎ᠠ  ᠬᠦᠬᠡᠬᠤᠳᠡ ᠳᠤ ᠶᠠᠪᠤᠭᠳᠠᠪᠠ

2019-10-28 15:13:33
ᠵᠣᠬᠢᠶᠠᠭᠴᠢ
ᠭᠡᠭᠡᠷᠡᠯ

图1.jpg

10 ᠰᠠᠷ᠎ᠠ ᠶᠢᠨ 10  ᠦ ᠡᠳᠦᠷ᠂ ᠠᠷᠠᠳ ᠤᠨ ᠲᠡᠭᠡᠲᠦ ᠪᠠᠶᠢᠴᠠᠭᠠᠬᠤ ᠬᠣᠷᠢᠶ᠎ᠠ ᠬᠦᠬᠡᠬᠤᠳᠡ ᠳᠤ ᠬᠡᠰᠡᠭ ᠮᠣᠵᠢ (ᠣᠷᠣᠨ᠂ ᠬᠣᠲᠠ) ᠶᠢᠨ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠪᠠᠶᠢᠴᠠᠭᠠᠬᠤ ᠠᠵᠢᠯ ᠤᠨ ᠪᠠᠶᠢᠴᠠᠭᠠᠨ ᠰᠤᠳᠤᠯᠤᠯᠲᠠ  ᠶᠢᠨ ᠰᠤᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠪᠠᠶᠢᠴᠠᠭᠠᠬᠤ ᠠᠵᠢᠯ ᠤᠨ ᠡᠷᠬᠡ ᠲᠤᠰᠢᠶᠠᠯ ᠤᠨ ᠦᠢᠯᠡᠳᠦᠯ ᠢ ᠭᠦᠶᠴᠡᠳ ᠪᠠᠳᠠᠷᠠᠭᠤᠯᠵᠤ᠂ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠪᠠᠶᠢᠴᠠᠭᠠᠬᠤ ᠬᠢᠨᠠᠯᠲᠠ ᠲᠠᠯᠪᠢᠬᠤ ᠠᠵᠢᠯᠯᠠᠭ᠎ᠠ  ᠶᠢᠨ ᠠᠮᠵᠢᠯᠲᠡ ᠲᠠᠢ ᠪᠠᠷ ᠰᠡᠭᠦᠯ ᠬᠤᠷᠢᠶᠠᠵᠦ ᠲᠡᠭᠦᠰᠭᠡᠬᠦ ᠶᠢ ᠭᠦᠨᠵᠡᠭᠡᠶᠢᠷᠡᠭᠦᠯᠦᠨ ᠲᠦᠯᠬᠢᠨ ᠠᠬᠢᠭᠤᠯᠬᠤ ᠶᠢᠨ ᠲᠥᠯᠥᠭᠡ᠂ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠶᠢ ᠪᠠᠶᠢᠴᠠᠭᠠᠬᠤ ᠠᠵᠢᠯ ᠤᠨ ᠡᠷᠡᠭᠦᠯ ᠢᠶᠡᠷ ᠬᠥᠭᠵᠢᠬᠦ ᠶᠢ ᠰᠤᠳᠤᠯᠤᠨ ᠠᠬᠢᠭᠤᠯᠵᠤ ᠂ ᠬᠡᠷᠡᠭ ᠰᠢᠶᠳᠪᠦᠷᠢᠯᠡᠬᠦ ᠲᠣᠭ᠎ᠠ ᠬᠡᠮᠵᠢᠶ᠎ᠡ ᠂ ᠬᠡᠷᠡᠭ ᠰᠢᠶᠳᠪᠦᠷᠢᠯᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠲᠤᠷᠰᠢᠯᠭ᠎ᠠ ᠪᠠᠨ ᠳ᠋ᠦᠩᠨᠡᠨ ᠰᠣᠯᠢᠯᠴᠠᠪᠠ ᠃

图2.jpg

ᠪᠠᠶᠢᠴᠠᠭᠠᠨ ᠰᠤᠳᠤᠯᠤᠯᠲᠠ ᠰᠤᠯᠢᠯᠴᠠᠭᠠᠨ ᠤ ᠠᠵᠢᠯᠯᠠᠭ᠎ᠠ ᠳᠤ ᠠᠷᠠᠳ ᠤᠨ ᠳᠡᠭᠡᠲᠦ  ᠪᠠᠶᠢᠴᠠᠭᠠᠬᠤ ᠬᠣᠷᠢᠶᠠᠨ ᠤ ᠲᠠᠪᠤᠳᠤᠭᠠᠷ ᠪᠠᠶᠢᠴᠠᠭᠠᠬᠤ ᠲᠢᠩᠬᠢᠮ ᠤᠨ ᠳᠡᠳ᠋ ᠲᠢᠩᠬᠢᠮ  ᠤᠨ ᠳᠠᠷᠤᠭ᠎ᠠ ᠯᠢᠦ ᠹᠦ᠋ ᠴᠢᠶᠠᠨ ᠵᠢᠴᠢ ᠬᠣᠯᠪᠣᠭᠳᠠᠯ ᠪᠦᠬᠦᠢ ᠬᠠᠷᠢᠭᠤᠴᠠᠯᠭᠠᠲᠠᠨ ᠣᠷᠣᠯᠴᠠᠪᠠ᠌᠃ ᠬᠡᠰᠡᠭ ᠮᠤᠵᠢ ᠶᠢᠨ ᠱᠠᠲᠤᠨ ᠤ ᠬᠣᠷᠢᠶᠠᠨ ᠤ ᠲᠠᠪᠤᠳᠤᠭᠠᠷ ᠪᠠᠶᠢᠴᠠᠭᠠᠬᠤ ᠬᠡᠯᠲᠡᠰ ᠦᠨ ᠬᠠᠷᠢᠭᠤᠴᠠᠯᠭᠠᠲᠠᠨ ᠂ ᠬᠤᠪᠢᠶᠠᠷᠢ (ᠵᠧᠸ᠂ ᠬᠣᠲᠠ)ᠬᠣᠷᠢᠶ᠎ᠠ ᠶᠢᠨ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠪᠠᠶᠢᠴᠠᠭᠠᠬᠤ ᠠᠵᠢᠯ ᠢ ᠡᠭᠦᠷᠭᠡᠯᠡᠵᠦ ᠪᠠᠢᠭ᠎ᠠ ᠬᠣᠯᠪᠣᠭᠳᠠᠯ ᠪᠦᠬᠦᠢ ᠬᠠᠷᠢᠭᠤᠴᠠᠯᠭᠠᠲᠠᠨ ᠣᠷᠣᠯᠴᠠᠪᠠ᠌᠃ ᠥᠪᠥᠷ ᠮᠣᠩᠭᠣᠯ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠪᠠᠶᠢᠴᠠᠭᠠᠬᠤ ᠳᠠᠷᠤᠭ᠎ᠠ ᠶᠦᠨ ᠰᠢᠶᠣᠤ ᠪᠠᠶᠢᠴᠠᠭᠠᠨ ᠰᠤᠳᠤᠯᠤᠯᠲᠠ  ᠶᠢᠨ ᠰᠤᠯᠢᠯᠴᠠᠭᠠᠨ ᠤ ᠠᠵᠢᠯᠯᠠᠭ᠎ᠠ ᠳᠡᠭᠡᠷ᠎ᠡ ᠶᠠᠷᠢᠶ᠎ᠠ ᠲᠠᠯᠪᠢᠪᠠ᠃ ᠪᠠᠶᠢᠴᠠᠭᠠᠨ ᠰᠤᠳᠤᠯᠤᠯᠲᠠ  ᠶᠢᠨ ᠰᠤᠯᠢᠯᠴᠠᠭᠠᠨ ᠤ ᠠᠵᠢᠯᠯᠠᠭ᠎ᠠ ᠳᠤ ᠣᠷᠣᠯᠴᠠᠭᠰᠠᠨ 11 ᠮᠣᠵᠢ (ᠣᠷᠣᠨ᠂ ᠬᠣᠲᠠ)  ᠶᠢᠨ 22 ᠲᠥᠯᠥᠭᠡᠯᠡᠭᠴᠢ ᠲᠣᠰ ᠭᠠᠵᠠᠷ ᠣᠷᠣᠨ ᠤ ᠪᠠᠨ ᠠᠵᠢᠯ ᠤᠨ ᠪᠠᠶᠢᠳᠠᠯ ᠢ ᠦᠨᠳᠦᠰᠦᠯᠡᠨ᠂ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠶᠢ ᠪᠠᠶᠢᠴᠠᠭᠠᠬᠤ ᠬᠢᠨᠠᠯᠲᠠ ᠲᠠᠯᠪᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠬᠤ ᠠᠵᠢᠯ ᠤᠨ ᠪᠠᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠤ᠂《ᠠᠷᠠᠳ ᠤᠨ ᠪᠠᠶᠢᠴᠠᠭᠠᠬᠤ ᠬᠣᠷᠢᠶᠠᠨ ᠤ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠳᠦ ᠬᠢᠨᠠᠯᠲᠠ ᠲᠠᠯᠪᠢᠬᠤ ᠬᠡᠷᠡᠭ ᠦᠨ ᠵᠢᠯᠣᠭᠣᠳᠤᠮᠵᠢ 》(ᠰᠠᠨᠠᠯ ᠬᠤᠷᠢᠶᠠᠬᠤ ᠨᠣᠣᠷᠠᠭ)  ᠶᠢ ᠰᠤᠳᠤᠯᠤᠨ ᠶᠠᠷᠢᠯᠴᠠᠵᠤ᠂ ᠯᠢᠦ ᠹᠦ᠋ ᠴᠢᠶᠠᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠬᠤᠷᠠᠯ ᠢ ᠠᠷᠠᠳ ᠤᠨ ᠳᠡᠭᠡᠲᠦ ᠪᠠᠶᠢᠴᠠᠭᠠᠬᠤ ᠬᠣᠷᠢᠶᠠᠨ ᠤ ᠲᠠᠪᠤᠳᠤᠭᠠᠷ ᠪᠠᠶᠢᠴᠠᠭᠠᠬᠤ ᠲᠢᠩᠬᠢᠮ ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠡᠷᠭᠢᠯᠡᠪᠡ᠃ 

ᠯᠢᠦ ᠹᠦ᠋ ᠴᠢᠶᠠᠨ ᠵᠢᠭᠠᠵᠦ ᠭᠠᠷᠭᠠᠭᠰᠠᠨ ᠨᠢ ᠂ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠳᠦ ᠬᠢᠨᠠᠯᠲᠠ ᠲᠠᠯᠪᠢᠬᠤ ᠪᠣᠯ ᠡᠷᠡᠭᠦᠸ ᠶᠢᠨ ᠬᠡᠷᠡᠭ ᠦᠨ ᠭᠦᠶᠴᠡᠳᠬᠡᠯᠲᠡ ᠶᠢ ᠪᠠᠢᠴᠠᠭᠠᠬᠤ ᠠᠵᠢᠯ  ᠦᠨ ᠰᠢᠨ᠎ᠡ ᠪᠡᠷ ᠨᠡᠮᠡᠭᠳᠡᠭᠰᠡᠨ ᠲᠤᠬᠠᠶᠢᠯᠠᠭᠰᠠᠨ ᠠᠵᠢᠯ ᠪᠣᠯᠬᠤ ᠪᠠᠷ ᠪᠠᠷᠠᠬᠤ ᠦᠭᠡᠢ᠂ ᠪᠠᠰᠠ ᠴᠤ ᠪᠠᠢᠴᠠᠭᠠᠬᠤ ᠪᠠᠢᠭᠤᠯᠭ᠎ᠠ  ᠶᠢᠨ ᠰᠢᠨ᠎ᠡ ᠪᠡᠷ ᠨᠡᠮᠡᠭᠳᠡᠭᠰᠡᠨ ᠲᠤᠬᠠᠶᠢᠯᠠᠭᠰᠠᠨ ᠠᠵᠢᠯ ᠪᠣᠯᠤᠨ᠎ᠠ᠂ 2015 ᠣᠨ ᠳᠤ ᠬᠡᠰᠡᠭ ᠭᠠᠵᠠᠷ ᠣᠷᠣᠨ ᠳᠤ ᠲᠤᠷᠰᠢᠯᠲᠠ ᠬᠢᠵᠦ ᠂ 2016 ᠣᠨ ᠳᠤ ᠪᠦᠬᠦ ᠤᠯᠤᠰ ᠲᠤ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠲᠤᠰᠬᠠᠶ ᠪᠠᠢᠴᠠᠭᠠᠬᠤ ᠠᠵᠢᠯᠯᠠᠭ᠎ᠠ ᠶᠢ ᠪᠠᠶᠢᠷᠢᠯᠠᠭᠤᠯᠤᠨ ᠦᠷᠨᠢᠭᠦᠯᠵᠦ᠂ 2017 ᠣᠨ ᠪᠣᠯᠬᠤ ᠳᠤ ᠲᠤᠰᠬᠠᠢ ᠲᠥᠷᠥᠯ ᠤᠨ ᠪᠠᠶᠢᠴᠠᠭᠠᠬᠤ ︽ᠡᠷᠭᠢᠨ ᠬᠠᠷᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠬᠢᠨ 2018 ᠣᠨ ᠠᠴᠠ ᠣᠳᠣ ᠪᠣᠯᠲᠠᠯ᠎ᠠ ᠡᠳ᠋ ᠬᠥᠷᠥᠩᠭᠡ ᠶᠢᠨ ᠡᠷᠡᠭᠦᠦ ᠶᠢᠨ ᠭᠦᠢᠴᠡᠳᠬᠡᠬᠦ ᠶᠢ ᠭᠦᠨᠵᠡᠭᠡᠢᠷᠡᠭᠦᠯᠬᠦ ᠪᠠᠶᠢᠴᠠᠭᠠᠬᠤ ᠬᠢᠨᠠᠯᠲᠠ ᠲᠠᠯᠪᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠡᠨᠡ ᠬᠦ ᠠᠵᠢᠯ ᠦᠭᠡᠢ ᠪᠠᠶᠢᠭᠰᠠᠨ ᠠᠴᠠ ᠪᠠᠨ ᠪᠠᠶᠬᠤ ᠪᠣᠯᠵᠤ᠂ ᠪᠠᠭ᠎ᠠ ᠠᠴᠠ ᠶᠡᠬᠡ ᠪᠣᠯᠵᠤ ᠂ ᠪᠦᠬᠦ ᠤᠯᠤᠰ ᠠᠴᠠ ᠬᠡᠪᠴᠢᠶᠡᠨ ᠳᠦ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠪᠠᠶᠢᠴᠠᠭᠠᠬᠤ ᠠᠵᠢᠯ ᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠬᠠᠸᠯᠢ ᠴᠠᠭᠠᠵᠠ ᠶᠢᠨ ᠬᠢᠨᠠᠯᠲᠠ ᠲᠠᠯᠪᠢᠬᠤ ᠬᠦᠷᠢᠶᠡᠨ ᠳᠡᠬᠢ ᠪᠠᠶᠢᠴᠠᠭᠠᠬᠤ ᠪᠠᠶᠢᠭᠤᠯᠭ᠎ᠠ ᠶᠢᠨ ᠬᠣᠭᠣᠰᠣᠨ ᠢ ᠨᠥᠬᠥᠪᠥᠷᠢᠯᠡᠵᠦ᠂ ᠢᠯᠡᠳᠲᠡ ᠦᠷ᠎ᠡ ᠪᠦᠲᠦᠮᠵᠢ ᠣᠯᠪᠠ᠃ ᠭᠡᠪᠡᠴᠦ ᠡᠨᠡ ᠬᠦ ᠠᠵᠢᠯ ᠤᠨ ᠡᠬᠢᠯᠡᠯᠲᠡ ᠣᠷᠣᠢ᠂ ᠰᠠᠭᠤᠷᠢ ᠨᠢᠮᠭᠡᠨ᠂ ᠥᠷᠢ ᠠᠷᠪᠢᠨ᠂ ᠡᠭᠦᠷᠭᠡ ᠬᠦᠨᠳᠦ᠂ ᠰᠢᠭᠤᠳ ᠬᠡᠷᠡᠭᠯᠡᠵᠦ ᠪᠣᠯᠬᠤ ᠲᠤᠷᠰᠢᠯᠭ᠎ᠠ ᠳᠤᠲᠠᠮᠠᠭ ᠪᠥᠭᠡᠳ ᠦᠶᠯᠡᠳᠦᠯᠭᠡ ᠶᠢᠨ ᠳᠤᠮᠳᠠ ᠪᠠᠰᠠ ᠡᠳᠦᠶ ᠲᠡᠳᠦᠶ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠨ᠎ᠠ᠃ ᠲᠠᠷᠠᠭᠠᠴᠢ ᠶᠢᠨ ᠠᠵᠢᠯ  ᠦᠨ ᠲᠠᠯ᠎ᠠ ᠪᠠᠷ ᠲᠡᠷᠡ ᠳᠥᠷᠪᠡᠨ ᠱᠠᠭᠠᠷᠳᠠᠯᠭ᠎ᠠ ᠳᠤᠷᠠᠳᠪᠠ᠄ ᠨᠢᠭᠡ ᠳᠦ᠂ ᠠᠵᠢᠯ  ᠤᠨ ᠠᠷᠭ᠎ᠠ ᠬᠡᠮᠵᠢᠶ᠎ᠡ ᠪᠡᠨ ᠴᠢᠩᠭᠠᠳᠬᠠᠵᠤ᠂ ᠡᠳ᠋ ᠬᠥᠷᠥᠩᠭᠡ ᠶᠢᠨ ᠡᠷᠡᠭᠦᠸ ᠶᠢᠨ ᠭᠦᠶᠴᠡᠳᠬᠡᠯᠲᠡ ᠶᠢ ᠪᠠᠶᠢᠴᠠᠭᠠᠬᠤ ᠬᠢᠨᠠᠯᠲᠠ ᠲᠠᠯᠪᠢᠬᠤ ᠠᠵᠢᠯᠯᠠᠭ᠎ᠠ ᠶᠢᠨ ᠲᠡᠭᠦᠰᠭᠡᠯ ᠦᠨ ᠠᠵᠢᠯ  ᠤᠨ ᠭᠦᠨᠵᠡᠭᠡᠢᠷᠡᠭᠦᠯᠤᠨ ᠠᠬᠢᠭᠤᠯᠬᠤ ᠠᠵᠢᠯ ᠢ ᠰᠠᠶᠢᠲᠤᠷ ᠬᠢᠨ᠎ᠡ᠃ ᠬᠣᠶᠠᠷ ᠲᠤ᠂ ᠬᠢᠨᠠᠯᠲᠠ ᠲᠠᠯᠪᠢᠬᠤ ᠡᠷᠴᠢᠮ ᠢᠶᠡᠨ ᠴᠢᠩᠭᠠᠷᠠᠭᠤᠯᠵᠤ᠂ ᠡᠳ᠋ ᠬᠥᠷᠥᠩᠭᠡ  ᠶᠢᠨ ᠡᠷᠡᠭᠦᠸ ᠶᠢ ᠭᠦᠶᠴᠡᠳᠬᠡᠬᠦ ᠪᠠᠢᠴᠠᠭᠠᠬᠤ ᠠᠵᠢᠯ  ᠤᠨ ᠪᠠᠢᠩᠭᠤᠵᠢᠭᠤᠯᠤᠭᠰᠠᠨ ᠪᠠᠶᠢᠭᠤᠯᠤᠯᠲᠠ  ᠶᠢ ᠬᠦᠴᠦᠯᠡᠨ ᠠᠬᠢᠭᠤᠯᠤᠨ᠎ᠠ᠃ ᠭᠤᠷᠪᠠ ᠳᠤ᠂ ᠬᠢᠨᠠᠯᠲᠠ ᠲᠠᠯᠪᠢᠨ ᠬᠡᠷᠡᠭ ᠰᠢᠶᠳᠪᠦᠷᠢᠯᠡᠬᠦ ᠶᠢ ᠴᠢᠩᠭᠠᠳᠬᠠᠵᠤ᠂ ᠠᠵᠢᠯ  ᠤᠨ ᠵᠠᠭᠪᠤᠷ  ᠢᠶᠡᠨ ᠬᠡᠷᠡᠭ ᠰᠢᠶᠳᠪᠦᠷᠢᠯᠡᠬᠦ ᠪᠡᠷ ᠭᠣᠸᠯ ᠪᠣᠯᠭᠠᠬᠤ ᠲᠡᠰᠢ ᠬᠤᠪᠢᠷᠠᠭᠤᠯᠬᠤ ᠶᠢ ᠪᠦᠲᠦᠮᠵᠢᠲᠡᠶ ᠠᠬᠢᠭᠤᠯᠤᠨ᠎ᠠ᠃ ᠳᠥᠷᠪᠡ ᠳᠦ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠡᠩᠨᠡᠭᠡ ᠶᠢᠨ ᠴᠢᠳᠠᠪᠤᠷᠢ ᠬᠡᠪ ᠴᠢᠨᠠᠷ  ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

ᠯᠢᠦ ᠹᠦ᠋ ᠴᠢᠶᠠᠨ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠳᠦ ᠣᠷᠣᠵᠤ᠂ ᠠᠷᠠᠳ ᠣᠯᠠᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠲᠤᠢᠯ ᠤᠨ ᠶᠡᠬᠡ ᠳᠡᠭᠡᠭᠰᠢᠯᠡᠯᠲᠡ ᠲᠡᠶ ᠪᠣᠯᠵᠤ᠂ ︽ᠪᠠᠶᠬᠤ ᠡᠰᠡᠬᠦ︾ ᠠᠰᠠᠭᠤᠳᠠᠯ ᠢ ᠰᠢᠢᠳᠪᠦᠷᠢᠯᠡᠭᠰᠡᠨ ᠦ ᠳᠠᠷᠠᠭ᠎ᠠ᠂ ᠣᠳᠣ ᠶᠢᠨ ᠠᠩᠬᠠᠷᠤᠯ ᠤᠨ ᠴᠡᠭ ᠢᠶᠡᠨ ᠠᠷᠠᠳᠴᠢᠯᠠᠯ᠂ ᠬᠠᠤᠯᠢ  ᠪᠠᠷ ᠵᠠᠰᠠᠬᠤ᠂ ᠲᠥᠪ ᠭᠣᠸᠯᠴᠢ᠂ ᠰᠢᠳᠤᠷᠭᠤ ᠶᠣᠰᠣ᠂ ᠠᠮᠤᠷ ᠲᠦᠪᠰᠢᠨ᠂ ᠣᠷᠴᠢᠨ ᠲᠣᠭᠣᠷᠢᠨ ᠵᠡᠷᠭᠡ ᠶᠢ ᠨᠠᠩ ᠢᠯᠡᠭᠦᠸ ᠠᠩᠬᠠᠷᠬᠤ ᠨᠠᠩ ᠪᠣᠳᠠᠲᠠᠶ ᠬᠥᠭᠡᠭᠡᠴᠡᠯᠳᠦᠬᠦ ᠵᠦᠭ ᠰᠢᠯᠵᠢᠭᠦᠯᠪᠡ᠃ ᠰᠢᠨ᠎ᠡ ᠪᠠᠢᠳᠠᠯ ᠤᠨ ᠳᠣᠸᠷ᠎ᠠ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ  ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠬᠠᠲᠠᠭᠤ ᠪᠡᠷᠬᠡ ᠪᠠᠶᠢᠨ᠎ᠠ᠂ ᠡᠯ᠎ᠡ ᠭᠠᠵᠠᠷ ᠤᠨ ᠬᠢᠨ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠪᠠᠶᠢᠴᠠᠭᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠬᠤ ᠪᠠᠷ ᠲᠣᠬᠢᠶᠠᠯ ᠪᠣᠯᠭᠠᠵᠤ᠂ ᠠᠷᠠᠳ ᠤᠨ ᠳᠡᠭᠡᠲᠦ ᠪᠠᠶᠢᠴᠠᠭᠠᠬᠤ ᠬᠣᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠲᠤᠸᠱᠯᠠᠭᠤᠯᠤᠨ ᠨᠠᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠸᠯᠢ ᠴᠠᠭᠠᠵᠠ ᠠᠴᠠ ᠣᠯᠭᠣᠭᠰᠠᠨ ᠡᠳ᠋ ᠬᠥᠷᠥᠩᠭᠡ ᠶᠢᠨ ᠡᠷᠡᠭᠦᠸ ᠶᠢ ᠭᠦᠶᠴᠡᠳᠬᠡᠬᠦ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶᠴᠡᠳᠬᠡᠵᠦ᠂ ᠡᠷᠡᠭᠦᠸ ᠰᠢᠢᠳᠬᠡᠯ ᠢ ᠭᠦᠶᠴᠡᠳᠬᠡᠬᠦ ᠳᠦ ᠬᠢᠨᠠᠯᠲᠠ ᠲᠠᠯᠪᠢᠬᠤ ᠠᠵᠢᠯ ᠤᠨ ᠳᠤᠲᠠᠭᠤᠳᠠᠯ ᠢ ᠨᠥᠬᠥᠪᠥᠷᠢᠯᠡᠨ᠂ ᠨᠡᠶᠢᠭᠡᠮ ᠳᠦ ᠨᠠᠩ ᠰᠢᠯᠢᠳᠡᠭ ᠨᠠᠩ ᠰᠠᠶᠢᠨ ᠪᠠᠶᠢᠴᠠᠭᠠᠬᠤ ᠦᠶᠯᠡᠳᠬᠦᠨ ᠬᠠᠩᠭᠠᠵᠤ᠂ ᠡᠷᠡᠭᠦᠸ ᠶᠢᠨ ᠬᠡᠷᠡᠭ ᠦᠨ ᠪᠠᠶᠢᠴᠠᠭᠠᠬᠤ ᠠᠵᠢᠯ ᠢ ᠭᠦᠶᠴᠡᠳᠬᠡᠬᠦ ᠳᠦ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃ 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro