ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠢᠴᠠᠭᠠᠬᠤ ᠬᠣᠷᠢᠶ᠎ᠠ ᠬᠡᠰᠡᠭ ᠠᠢᠮᠠᠭ ᠬᠣᠲᠠ ᠭᠠᠵᠠᠷ ᠣᠷᠣᠨ ᠤ ᠪᠠᠢᠴᠠᠭᠠᠬᠤ ︵ᠬᠤᠪᠢᠶᠠᠷᠢ︶ ᠬᠣᠷᠢᠶ᠎ᠠ ᠳᠤ ᠲᠣᠭᠣᠷᠢᠨ ᠪᠠᠢᠴᠠᠭᠠᠯᠲᠠ ᠬᠢᠪᠡ

2019-10-28 15:23:14
ᠵᠣᠬᠢᠶᠠᠭᠴᠢ
ᠭᠡᠭᠡᠷᠡᠯ

1572246965831890.jpg

10 ᠳ᠋ᠤᠭᠠᠷ ᠰᠠᠷ᠎ᠠ ᠶᠢᠨ 9  ᠦ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠢᠴᠠᠭᠠᠬᠤ ᠬᠣᠷᠢᠶ᠎ᠠ ᠬᠣᠶᠠᠳᠤᠭᠠᠷ ᠡᠭᠡᠯᠵᠢ ᠶᠢᠨ ᠲᠣᠭᠣᠷᠢᠨ ᠪᠠᠢᠴᠠᠭᠠᠬᠤ ᠠᠵᠢᠯ  ᠦᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠢᠷ᠎ᠠ  ᠶᠢᠨ ᠬᠤᠭᠤᠴᠠᠭᠠᠨ ᠳᠤ ᠭᠤᠷᠪᠠᠨ ᠲᠤᠭᠤᠷᠢᠨ ᠪᠠᠢᠴᠠᠭᠠᠬᠤ ᠲᠤᠭᠤᠢᠯᠠᠩ ᠲᠤᠮᠢᠯᠠᠵᠦ ᠬᠦᠬᠡᠬᠤᠳᠡ᠃ᠪᠤᠭᠤᠲᠤ᠂ ᠰᠢᠯᠢᠨ ᠭᠤᠤᠯ᠂ ᠤᠯᠠᠭᠠᠨᠴᠠᠪ᠂ ᠪᠠᠶᠠᠨᠨᠠᠭᠤᠷ᠂ ᠪᠠᠭ᠎ᠠ ᠲᠦᠷᠭᠡᠨ ᠭᠤᠤᠯ ᠵᠡᠷᠭᠡ 6ᠠᠢᠮᠠᠭ ᠬᠣᠳᠡ ᠭᠠᠵᠠᠷ ᠣᠷᠣᠨ ᠤ ᠪᠠᠢᠴᠠᠭᠠᠬᠤ ︵ᠬᠤᠪᠢᠶᠠᠷᠢ︶ ᠬᠣᠷᠢᠶ᠎ᠠ ᠳᠤ ᠲᠣᠭᠣᠷᠢᠨ ᠪᠠᠢᠴᠠᠭᠠᠯᠲᠠ ᠬᠢᠵᠦ᠂ ᠬᠡᠯᠪᠡᠷᠢ ᠶᠢᠨ ᠦᠵᠡᠯ᠂ ᠨᠣᠶᠠᠨᠴᠢ ᠦᠵᠡᠯ ᠳᠦ ᠲᠤᠰᠬᠠᠶ ᠴᠡᠭᠴᠡᠯᠡᠨ ᠵᠠᠰᠠᠯᠳᠡ ᠬᠢᠪᠡ᠃ 

图2.jpg

 ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠣᠤ ᠸᠸᠨ ᠬᠤᠷᠠᠯ ᠡᠷᠬᠢᠯᠡᠭᠰᠡᠨ ᠪᠥᠭᠡᠳ ᠳᠤᠭᠤᠶᠢᠯᠠᠩ ᠤᠨ ᠳᠠᠷᠤᠭ᠎ᠠ᠂ ᠲᠤᠰᠢᠶᠠᠯ ᠳᠤ ᠲᠣᠮᠢᠯᠠᠬᠤ ᠮᠡᠳᠡᠭᠳᠡᠯ ᠢ ᠤᠩᠰᠢᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠲᠣᠭᠣᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠨ ᠳᠡᠳ᠋ ᠡᠷᠬᠢᠯᠡᠭᠴᠢ ᠵᠧᠸ ᠰᠦ ᠵᠢᠶᠦ᠋ᠨ ᠬᠤᠷᠠᠯ ᠳᠤ ᠣᠷᠣᠯᠴᠠᠪᠠ᠃

图3.jpg

ᠳᠠᠶᠢᠴᠢᠯᠠᠯᠲᠠ ᠶᠢᠨ  ᠬᠤᠷᠠᠯ ᠳᠡᠭᠡᠷ᠎ᠡ᠂ ᠯᠢ ᠴᠢ ᠯᠢᠨ ᠲᠣᠭᠣᠷᠢᠨ ᠪᠠᠢᠴᠠᠭᠠᠬᠤ ᠲᠤᠰᠬᠠᠶ ᠠᠵᠢᠯ ᠢ ᠰᠠᠶᠢᠲᠤᠷ ᠥᠷᠨᠢᠭᠦᠯᠬᠦ ᠲᠤᠬᠠᠶ ᠬᠣᠷᠸ᠎ᠠ ᠲᠠᠯ᠎ᠠ ᠠᠴᠠ ᠰᠠᠨᠠᠯ ᠳᠤᠷᠠᠳᠪᠠ᠃ ᠲᠡᠭᠦᠨ ᠦ ᠵᠢᠭᠠᠵᠦ ᠭᠠᠷᠭᠠᠭᠰᠠᠨ ᠢᠶᠠᠷ᠂ ᠤᠯᠤᠰ ᠲᠥᠷᠦ ᠶᠢᠨ ᠪᠠᠢᠷᠢ ᠵᠤᠭᠰᠣᠴᠠ ᠪᠠᠨ ᠳᠡᠭᠡᠭᠰᠢᠯᠡᠭᠦᠯᠵᠦ᠂ ᠲᠤᠰᠬᠠᠶ ᠲᠣᠭᠣᠷᠢᠨ ᠪᠠᠢᠴᠠᠭᠠᠯᠲᠠ ᠥᠷᠨᠢᠭᠦᠯᠬᠦ ᠶᠢᠨ ᠴᠢᠬᠤᠯᠠ ᠠᠴᠢ ᠬᠣᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ; ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ  ᠶᠢᠨ ᠲᠤᠭᠤᠷᠢᠨ ᠳᠤ ᠨᠢᠭᠲᠠ ᠲᠦᠪᠯᠡᠷᠡᠨ ᠪᠠᠷᠢᠮᠲᠠᠯᠠᠵᠦ᠂ ︽ᠲᠠᠪᠤ ᠶᠢ ᠪᠠᠲᠤ ᠡᠵᠡᠮᠰᠢᠬᠦ︾ ᠪᠠ ︽ᠳᠤᠷᠪᠡ ᠶᠢ ᠴᠢᠭᠯᠡᠭᠦᠯᠬᠦ︾ ᠶᠢᠨ ᠲᠤᠭᠤᠷᠢᠨ ᠳᠤ ᠨᠢᠭᠲᠠ ᠲᠦᠪᠯᠡᠷᠡᠨ ᠬᠡᠯᠪᠡᠷᠢ ᠶᠢᠨ ᠦᠵᠡᠯ᠂ ᠨᠣᠶᠠᠨᠴᠢ ᠦᠵᠡᠯ  ᠤᠨ ᠠᠰᠠᠭᠤᠳᠠᠯ ᠢ ᠴᠡᠭᠴᠡᠯᠡᠨ ᠵᠠᠰᠠᠬᠤ ᠬᠡᠷᠡᠭᠲᠡᠶ; ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠲᠣᠭᠣᠷᠢᠨ ᠪᠠᠶᠢᠴᠠᠭᠠᠵᠤ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠶ;ᠲᠣᠭᠣᠷᠢᠨ ᠪᠠᠢᠴᠠᠭᠠᠬᠤ ᠠᠵᠢᠯ ᠢ《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠣᠸᠯ ᠰᠡᠳᠦᠪᠲᠦ ᠬᠥᠮᠦᠵᠢᠯ ᠲᠡᠶ ᠨᠢᠭᠲᠠ ᠤᠶᠠᠯᠳᠤᠭᠤᠯᠵᠤ᠂ ᠡᠯ᠎ᠡ ᠵᠦᠶᠯ ᠦᠨ ᠪᠠᠢᠴᠠᠭᠠᠬᠤ ᠠᠵᠢᠯ ᠤᠨ ᠪᠦᠬᠦ ᠲᠠᠯ᠎ᠠ ᠪᠠᠷ ᠵᠣᠬᠢᠴᠠᠩᠭᠤᠶ ᠭᠦᠶᠴᠡᠳ ᠬᠥᠭᠵᠢᠬᠦ ᠶᠢ ᠠᠬᠢᠭᠤᠯᠬᠤ ᠬᠡᠷᠡᠭᠲᠡᠶ᠃ 

ᠯᠢ ᠴᠢ ᠯᠢᠨ ᠴᠢᠬᠤᠯᠠᠴᠢᠯᠠᠭᠰᠠᠨ ᠨᠢ᠂ ᠲᠣᠭᠣᠷᠢᠨ ᠪᠠᠢᠴᠠᠭᠠᠬᠤ ᠠᠵᠢᠯ  ᠤᠨ ᠦᠨᠳᠦᠰᠦᠨ ᠵᠠᠷᠴᠢᠮ ᠢ ᠭᠦᠨᠵᠡᠭᠡᠶ ᠣᠶᠢᠯᠭᠠᠨ ᠰᠠᠶᠢᠲᠤᠷ ᠡᠵᠡᠮᠰᠢᠵᠦ᠂ ︽ᠤᠯᠤᠰ ᠲᠥᠷᠦ ᠶᠢᠨ ᠲᠣᠭᠣᠷᠢᠨ ᠪᠠᠢᠴᠠᠭᠠᠯᠲᠠ ︾  ᠶᠢᠨ ᠦᠨᠳᠦᠰᠦᠨ ᠪᠠᠶᠢᠷᠢ ᠲᠣᠭᠲᠠᠭᠠᠯᠲᠠ ᠂ ︽ᠬᠣᠶᠠᠷ ᠢ ᠬᠠᠮᠠᠭᠠᠯᠠᠬᠤ︾ ᠡᠨᠡ ᠬᠦ ᠦᠨᠳᠦᠰᠦᠨ ᠡᠭᠦᠷᠭᠡ ᠂ ︽ᠠᠰᠠᠭᠤᠳᠠᠯ ᠢ ᠢᠯᠡᠷᠡᠭᠦᠯᠵᠦ᠂  ᠰᠦᠷᠳᠡᠭᠦᠯᠬᠦ ᠦᠢᠯᠡᠳᠦᠯ  ᠢ ᠪᠤᠢ ᠪᠤᠯᠭᠠᠵᠦ᠂ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠬᠤ ︾ ᠡᠨᠡ ᠬᠦ ᠦᠨᠳᠦᠰᠦᠨ ᠴᠢᠭᠯᠡᠯᠲᠡ᠂ ︽ᠬᠡᠯᠪᠡᠷᠢ ᠶᠢᠨ ᠦᠵᠡᠯ᠂ ᠨᠣᠶᠠᠨᠴᠢ ᠦᠵᠡᠯ  ᠢ ᠴᠡᠭᠴᠡᠯᠡᠨ ᠵᠠᠰᠠᠬᠤ︾ ᠡᠨᠡ ᠬᠦ ᠭᠣᠸᠯᠳᠠᠯᠭ᠎ᠠ ᠲᠠᠶ ᠡᠭᠦᠷᠭᠡ᠂ ︽ᠠᠷᠠᠳ ᠲᠦᠮᠡᠨ ᠦ ᠵᠣᠭᠰᠣᠯᠲᠠ ᠶᠢ ᠪᠠᠲᠤ ᠰᠠᠬᠢᠬᠤ ︾ ᠡᠨᠡ ᠬᠦ ᠴᠢᠬᠤᠯᠠ ᠰᠠᠭᠤᠷᠢ ᠶᠢ ᠪᠠᠲᠤ ᠡᠵᠡᠮᠰᠢᠵᠦ ᠲᠣᠭᠣᠷᠢᠨ ᠪᠠᠢᠴᠠᠭᠠᠬᠤ ᠦᠷ᠎ᠡ ᠪᠦᠲᠦᠮᠵᠢ ᠠᠷᠠᠳ ᠣᠯᠠᠨ ᠤ ᠬᠦᠰᠡᠯ ᠡᠷᠡᠮᠡᠯᠵᠡᠯ ᠳᠦ ᠨᠡᠶᠢᠴᠡᠬᠦ ᠶᠢ ᠪᠠᠲᠤᠯᠠᠬᠤ ᠬᠡᠷᠡᠭᠲᠡᠶ᠃ ᠨᠠᠮ ᠤᠨ ᠤᠯᠤᠰ ᠲᠥᠷᠦ ᠶᠢᠨ ᠪᠠᠢᠭᠤᠯᠤᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠢᠭᠤᠯᠤᠯᠲᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠠᠢᠴᠠᠭᠠᠬᠤ ᠭᠣᠸᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠳᠣᠪᠣᠶᠢᠯᠭᠠᠵᠤ᠂ ᠠᠰᠠᠭᠤᠳᠠᠯ ᠢ ᠤᠨᠤᠴᠢᠲᠠᠢ ᠢᠯᠡᠷᠡᠭᠦᠯᠬᠦ ᠬᠡᠷᠡᠭᠲᠡᠶ᠃ ᠭᠣᠸᠯᠳᠠᠯᠭ᠎ᠠ ᠲᠠᠶ ᠭᠤᠭᠴᠤᠭ᠎ᠠ ᠶᠢ ᠠᠳᠬᠤᠨ ᠠᠰᠠᠭᠤᠳᠠᠯ ᠢ ᠢᠯᠡᠷᠡᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠣᠷᠣᠵᠤ ᠰᠠᠭᠤᠬᠤ ᠪᠡᠯᠡᠳᠬᠡᠯ︾ ᠭᠡᠬᠦ ᠡᠨᠡ ᠬᠦ ᠰᠠᠭᠤᠷᠢ᠂ ︽ᠠᠰᠠᠭᠤᠳᠠᠯ ᠢ ᠢᠯᠡᠷᠡᠭᠦᠯᠬᠦ︾ ᠭᠡᠬᠦ ᠡᠨᠡ ᠬᠦ ᠠᠮᠢᠨ ᠤᠲᠠᠰᠤ᠂ ︽ᠠᠰᠠᠭᠤᠳᠠᠯ ᠢ ᠵᠠᠳᠠᠯᠬᠤ ︾ ᠭᠡᠬᠦ ᠡᠨᠡ ᠬᠦ ᠵᠠᠩᠭᠢᠯᠠᠭ᠎ᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ 

ᠯᠢ ᠴᠢ ᠯᠢᠨ ᠱᠠᠭᠠᠷᠳᠠᠭᠰᠠᠨ ᠨᠢ᠂ ᠲᠤᠭᠤᠷᠢᠨ ᠪᠠᠢᠴᠠᠭᠠᠬᠤ ᠳᠦᠭᠤᠢᠯᠠᠩ ᠨᠢ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠲᠥᠪ ᠴᠢᠩᠭ᠎ᠠ ᠨᠠᠷᠢᠨ ᠬᠢᠨᠠᠮᠠᠭᠠᠶ ᠪᠦᠲᠦᠮᠵᠢᠲᠡᠶ ᠭᠦᠶᠴᠡᠳᠬᠡᠵᠦ᠂ ᠰᠠᠬᠢᠯᠭ᠎ᠠ ᠪᠠᠲᠤ ᠶᠣᠰᠣ ᠳᠦᠷᠢᠮ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠣᠭᠣᠷᠢᠨ ᠪᠠᠢᠴᠠᠭᠠᠬᠤ ᠠᠵᠢᠯ  ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠌ ; ᠲᠣᠭᠣᠷᠢᠨ ᠪᠠᠶᠢᠴᠠᠭᠠᠯᠲᠠ ᠶᠢ ᠬᠦᠯᠢᠶᠡᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠯᠤᠰ ᠲᠥᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠣᠭᠣᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠠᠮ ᠪᠠ ᠠᠷᠠᠳ ᠲᠦᠮᠡᠨ ᠳᠦ ᠬᠠᠷᠢᠭᠤᠴᠠᠬᠤ᠂ ᠪᠠᠢᠴᠠᠭᠠᠬᠤ ᠦᠶᠯᠡᠰ ᠲᠦ ᠬᠠᠷᠢᠭᠤᠴᠠᠬᠤ᠂ ᠵᠣᠬᠢᠶᠠᠨ ᠪᠠᠢᠭᠤᠯᠤᠯᠲᠠ ᠳᠤ ᠬᠠᠷᠢᠭᠤᠴᠠᠬᠤ᠂ ᠨᠦᠭᠦᠳ ᠲᠦ ᠪᠠᠨ ᠬᠠᠷᠢᠭᠤᠴᠠᠬᠤ ᠣᠪᠣᠷ ᠢᠶᠠᠷ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠳᠠᠷᠤᠯᠲᠠ ᠶᠢ ᠦᠨᠡᠨᠬᠦ ᠳᠠᠮᠵᠢᠭᠤᠯᠵᠤ᠂ ᠲᠣᠭᠣᠷᠢᠨ ᠪᠠᠢᠴᠠᠭᠠᠬᠤ ᠠᠵᠢᠯ  ᠦᠨ ᠲᠣᠬᠢᠷᠠᠭᠤᠯᠤᠯᠲᠠ ᠶᠢ ᠡᠷᠡᠰ ᠳᠠᠭᠠᠵᠤ᠂ ᠲᠣᠭᠣᠷᠢᠨ ᠪᠠᠢᠴᠠᠭᠠᠬᠤ ᠠᠵᠢᠯ ᠢ ᠪᠦᠬᠦ ᠬᠦᠴᠦᠨ ᠢᠶᠡᠷ ᠢᠶᠡᠨ ᠬᠠᠮᠵᠢᠯᠴᠠᠨ ᠥᠷᠨᠢᠭᠦᠯᠬᠦ ᠬᠡᠷᠡᠭᠲᠡᠶ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠡᠨ ᠨᠢᠭᠲᠠᠷᠠᠭᠤᠯᠤᠨ᠂ ᠲᠣᠭᠣᠷᠢᠨ ᠪᠠᠢᠴᠠᠭᠠᠬᠤ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠵᠦ᠂ ᠲᠣᠭᠣᠷᠢᠨ ᠪᠠᠢᠴᠠᠭᠠᠭᠳᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠬᠢᠨ ᠤᠳᠤᠷᠢᠳᠬᠤ ᠺᠠᠳ᠋ᠷ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠲᠣᠭᠣᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠬᠡᠷᠡᠭᠯᠡᠬᠦ ᠶᠢ ᠴᠢᠩᠭᠠᠳᠬᠠᠵᠤ᠂ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠬᠦ ᠪᠠ ᠳᠦᠷᠢᠮ ᠲᠣᠭᠲᠠᠭᠠᠯ ᠲᠣᠭᠲᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠦᠷᠢᠮ ᠲᠤᠭᠳᠠᠴᠠ ᠪᠣᠯᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠠᠴᠠ ᠢᠯᠡᠭᠦᠬᠡᠨ ᠰᠢᠯᠲᠠᠭᠠᠨ ᠢ ᠡᠷᠢᠵᠦ᠂ ᠦᠨᠳᠦᠰᠦ ᠰᠤᠷᠪᠤᠯᠵᠢ ᠶᠢ ᠨᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠢᠭᠡ ᠡᠴᠡ ᠨᠥᠬᠥᠭᠡ ᠶᠢ ᠵᠦᠶᠴᠢᠯᠡᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠢᠴᠠᠭᠠᠬᠤ ᠬᠣᠷᠢᠶ᠎ᠠ ᠶᠢᠨ ᠪᠠᠢᠴᠠᠭᠠᠬᠤ ᠶᠠᠪᠤᠳᠠᠯ ᠤᠨ ᠱᠠᠯᠠᠪᠳᠠᠭᠤᠯᠤᠨ ᠪᠠᠢᠴᠠᠭᠠᠬᠤ ᠪᠠ ᠲᠣᠭᠣᠷᠢᠨ ᠪᠠᠢᠴᠠᠭᠠᠬᠤ ᠰᠠᠯᠠᠭ᠎ᠠ ᠮᠥᠴᠢᠷ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠪᠠᠨ ᠴᠢᠩᠭᠠᠳᠬᠠᠵᠤ᠂ ᠲᠣᠭᠣᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ︽ᠡᠷᠭᠢᠨ ᠬᠠᠷᠠᠬᠤ︾ ᠶᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ ᠴᠡᠭᠴᠡᠯᠡᠨ ᠰᠠᠢᠵᠢᠷᠠᠭᠤᠯᠬᠤ  ᠶᠢ ᠬᠠᠰᠢ ᠶᠠᠰᠢ ᠠᠷᠭᠠᠴᠠᠬᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠤᠯᠡᠴᠡ ᠥᠬᠡᠶ ᠪᠠᠶᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ 

图4.jpg       ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠠᠩᠬᠢᠮ  ᠤᠨ ᠲᠡᠰ  ᠦᠨ ᠺᠠᠳ᠋ᠷ᠂ ᠡᠯ᠎ᠡ ᠳᠣᠲᠣᠭᠠᠳᠤ ᠪᠠᠶᠢᠭᠤᠯᠤᠮᠵᠢ ᠶᠢᠨ ᠳᠡᠳ᠋ ᠭᠠᠵᠠᠷ  ᠤᠨ ᠳᠠᠷᠤᠭ᠎ᠠ ᠠᠴᠠ ᠳᠡᠭᠡᠭᠰᠢᠬᠢ ᠺᠠᠳ᠋ᠷ᠂ ᠤᠷᠤᠨ ᠲᠤᠭᠠᠲᠤ ᠪᠠᠶᠢᠴᠠᠭᠠᠬᠤ ᠲᠤᠰᠢᠶᠠᠯᠲᠠᠨ᠂ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠡ ᠶᠢᠨ ᠬᠠᠷᠢᠭᠤᠴᠠᠯᠭᠠᠲᠠᠨ ᠭᠣᠸᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠠᠢᠮᠠᠭ ᠬᠣᠲᠠ ᠭᠠᠵᠠᠷ ᠣᠷᠣᠨ ᠤ ᠪᠠᠢᠴᠠᠭᠠᠬᠤ ︵ᠬᠤᠪᠢᠶᠠᠷᠢ︶ ᠬᠣᠷᠢᠶᠠᠨ ᠤ ᠲᠣᠭᠣᠷᠢᠨ ᠪᠠᠢᠴᠠᠭᠠᠬᠤ ᠠᠵᠢᠯ  ᠤᠨ  ᠬᠣᠯᠪᠣᠭᠳᠠᠯ ᠪᠦᠬᠦᠢ ᠬᠥᠮᠦᠰ ᠲᠣᠰ ᠲᠣᠰ ᠭᠣᠸᠯ ᠬᠤᠷᠠᠯ ᠤᠨ ᠲᠠᠯᠠᠪᠠᠢ᠂ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠳᠠᠶᠢᠴᠢᠯᠠᠨ ᠪᠠᠶᠢᠷᠢᠯᠠᠭᠤᠯᠬᠤ ᠬᠤᠷᠠᠯ ᠢ ᠲᠧᠯᠸᠢᠰ ᠤᠲᠠᠰᠤ   ᠶᠢᠨ ᠬᠡᠯᠪᠡᠷᠢ ᠪᠡᠷ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ᠂ ᠡᠯ᠎ᠡ ᠠᠶᠢᠮᠠᠭ ᠬᠣᠲᠠ ᠭᠠᠵᠠᠷ ᠣᠷᠣᠨ ᠤ ᠪᠠᠶᠢᠴᠠᠭᠠᠬᠤ ︵ ᠬᠤᠪᠢᠶᠠᠷᠢ︶ ᠬᠣᠷᠢᠶᠠᠨ ᠳᠤ ᠵᠡᠷᠭᠡᠪᠡᠷ ᠬᠤᠷᠠᠯᠳᠤᠭᠤᠯᠪᠠ᠃ 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro