ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠥᠷ ᠮᠣᠩᠭᠣᠯ ᠤᠨ ᠨᠢᠭᠡ ᠬᠡᠷᠡᠭ ᠠᠷᠠᠳ ᠤᠨ ᠲᠡᠭᠡᠲᠦ ᠪᠠᠶᠢᠴᠠᠭᠠᠬᠤ ᠬᠣᠷᠢᠶᠠᠨ ᠤ ᠨᠡᠢᠲᠡᠯᠡᠭᠰᠡᠨ ᠨᠡᠢᠢᠲᠡ ᠶᠢᠨ ᠠᠰᠢᠭᠲᠤ ᠵᠠᠷᠭᠤ ᠶᠢᠨ 26 ᠨᠡᠶᠢᠲᠡᠯᠢᠭ ᠬᠡᠷᠡᠭ ᠦᠨ ᠵᠢᠱᠢᠶ᠎ᠡ  ᠳᠦ ᠰᠤᠩᠭᠤᠭᠳᠠᠨ ᠤᠷᠤᠭᠰᠠᠨ ᠪᠠᠢᠨ᠎ᠠ

2019-10-28 15:39:28
ᠵᠣᠬᠢᠶᠠᠭᠴᠢ
ᠭᠡᠭᠡᠷᠡᠯ

10 ᠰᠠᠷ᠎ᠠ ᠶᠢᠨ 10  ᠦ ᠡᠳᠦᠷ ᠦᠨ ᠦᠳᠡ ᠶᠢᠨ ᠡᠮᠦᠨ᠎ᠡ᠂ ᠠᠷᠠᠳ ᠤᠨ ᠲᠡᠭᠡᠲᠦ ᠪᠠᠶᠢᠴᠠᠭᠠᠬᠤ ᠬᠣᠷᠢᠶ᠎ᠠ ︽ᠠᠷᠠᠳ ᠲᠦᠮᠡᠨ ᠢᠶᠡᠷ ᠭᠣᠸᠯ ᠪᠣᠯᠭᠠᠬᠤ ᠶᠢ ᠪᠠᠷᠢᠮᠲᠠᠯᠠᠵᠤ ᠂ ᠨᠡᠢᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2017 ᠣᠨ 7 ᠰᠠᠷ᠎ᠠ ᠠᠴᠠ ᠨᠠᠭᠠᠰᠢᠬᠢ ᠪᠦᠬᠦ ᠤᠯᠤᠰ ᠠᠴᠠ ᠪᠠᠶᠢᠴᠠᠭᠠᠬᠤ ᠪᠠᠶᠢᠭᠤᠯᠭ᠎ᠠ ᠶᠢᠨ ᠨᠡᠢᠢᠲᠡ ᠶᠢᠨ ᠠᠰᠢᠭᠲᠤ ᠵᠠᠷᠭᠤ ᠶᠢᠨ ᠠᠵᠢᠯ ᠤᠨ ᠪᠠᠢᠳᠠᠯ ᠵᠢᠴᠢ ︽ᠲᠦᠭ ᠲᠦᠮᠡᠨ ᠠᠶᠢᠯ ᠡᠷᠦᠬᠡ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ︾ ᠪᠠᠶᠢᠴᠠᠭᠠᠬᠤ ᠨᠡᠢᠢᠲᠡ ᠶᠢᠨ ᠠᠰᠢᠭᠲᠤ ᠵᠠᠷᠭᠤ ᠶᠢᠨ ᠲᠤᠰᠬᠠᠶ ᠬᠢᠨᠠᠯᠲᠠ ᠲᠠᠯᠪᠢᠬᠤ ᠠᠵᠢᠯᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠳᠡᠭᠡᠷ᠎ᠡ ᠨᠡᠶᠢᠲᠡ 26 ᠨᠡᠢᠢᠲᠡ ᠶᠢᠨ ᠠᠰᠢᠭᠲᠤ ᠵᠠᠷᠭᠤ ᠶᠢᠨ ᠨᠡᠶᠢᠲᠡᠯᠢᠭ ᠬᠡᠷᠡᠭ ᠦᠨ ᠵᠢᠱᠢᠶ᠎ᠡ ᠶᠢ ᠨᠡᠶᠢᠲᠡᠯᠡᠪᠡ᠃ ᠡᠭᠦᠨ ᠳᠦ᠂ ᠨᠡᠢᠢᠲᠡ ᠶᠢᠨ ᠠᠰᠢᠭᠲᠤ ᠵᠠᠷᠭᠤ ᠶᠢ  ᠪᠦᠬᠦ ᠲᠠᠯ᠎ᠠ ᠪᠠᠷ ᠬᠡᠷᠡᠭᠵᠢᠭᠦᠯᠦᠭᠰᠡᠨ ᠬᠣᠶᠠᠷ ᠵᠢᠯ ᠦᠨ ᠤᠢ ᠶᠢᠨ ᠬᠡᠷᠡᠭ ᠦᠨ ᠵᠢᠱᠢᠶ᠎ᠡ 17 ᠂ ︽ᠦᠶ ᠲᠦᠮᠡᠨ ᠠᠶᠢᠯ ᠡᠷᠦᠬᠡ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ︾ ᠲᠤᠰᠬᠠᠶ ᠬᠢᠨᠠᠯᠲᠠ ᠲᠠᠯᠪᠢᠬᠤ ᠠᠵᠢᠯᠯᠠᠭ᠎ᠠ ᠶᠢᠨ ᠬᠡᠷᠡᠭ ᠦᠨ ᠵᠢᠱᠢᠶ᠎ᠡ 9 ᠬᠤᠪᠢ ᠪᠠᠶᠢᠨ᠎ᠠ᠃

ᠬᠦᠭᠡᠬᠤᠳᠡ ᠶᠢᠨ ᠪᠠᠶᠢᠴᠠᠭᠠᠬᠤ ᠬᠣᠷᠢᠶ᠎ᠠ ᠠᠴᠠ ᠰᠢᠶᠳᠪᠦᠷᠢᠯᠡᠭᠰᠡᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠦᠭᠡᠬᠤᠳᠡ ᠶᠢᠨ ᠠᠷᠠᠳ ᠤᠨ ᠪᠠᠶᠢᠴᠠᠭᠠᠬᠤ ᠬᠣᠷᠢᠶ᠎ᠠ ᠠᠴᠠ ᠥᠪᠥᠷ ᠮᠣᠩᠭᠣᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠲᠤ ᠺᠣᠮᠫᠠᠨᠢ  ᠶᠢ ᠵᠠᠭᠠᠯᠳᠤᠭᠰᠠᠨ ᠠᠭᠠᠷ ᠮᠠᠨᠳᠠᠯ ᠤᠨ ᠪᠣᠬᠢᠷᠲᠤᠯ ᠤᠨ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠶᠢᠨ ᠬᠡᠷᠡᠭ ᠂ ᠪᠠᠶᠢᠴᠠᠭᠠᠬᠤ ᠪᠠᠶᠢᠭᠤᠯᠭ᠎ᠠ ᠶᠢᠨ ᠨᠡᠢᠢᠲᠡ ᠶᠢᠨ ᠠᠰᠠᠷᠠᠮᠵᠢ ᠶᠢᠨ ᠵᠠᠷᠭᠤ ᠶᠢ  ᠪᠦᠬᠦ ᠲᠠᠯ᠎ᠠ ᠪᠠᠷ ᠬᠡᠷᠡᠭᠵᠢᠭᠦᠯᠦᠭᠰᠡᠨ ᠬᠣᠶᠠᠷ ᠵᠢᠯ ᠦᠨ ᠤᠢ ᠶᠢᠨ ᠨᠡᠶᠢᠲᠡᠯᠢᠭ ᠬᠡᠷᠡᠭ ᠦᠨ ᠵᠢᠱᠢᠶ᠎ᠡ ︵17︶ ᠳᠦ ᠰᠤᠩᠭᠣᠭᠳᠠᠨ ᠤᠷᠤᠵᠦ᠂ ᠥᠪᠥᠷ ᠮᠣᠩᠭᠣᠯ ᠤᠨ ᠴᠣᠷ  ᠦᠨ ᠭᠠᠭᠴᠠ ᠬᠡᠷᠡᠭ ᠦᠨ ᠵᠢᠱᠢᠶ᠎ᠡ ᠪᠣᠯᠤᠨ᠎ᠠ᠃ 
    ᠳᠣᠸᠷ᠎ᠠ ᠬᠡᠷᠡᠭ ᠦᠨ ᠵᠢᠱᠢᠶ᠎ᠡ ᠶᠢᠨ ᠨᠠᠷᠢᠨ ᠪᠠᠶᠢᠳᠠᠯ ᠢ ᠬᠠᠮᠲᠤ ᠪᠠᠷ ᠣᠶᠢᠯᠠᠭᠠᠶ᠎ᠠ ᠃ 

 13.ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠦᠭᠡᠬᠤᠳᠡ ᠶᠢᠨ ᠠᠷᠠᠳ ᠤᠨ ᠪᠠᠶᠢᠴᠠᠭᠠᠬᠤ ᠬᠣᠷᠢᠶ᠎ᠠ ᠠᠴᠠ ᠥᠪᠥᠷ ᠮᠣᠩᠭᠣᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠲᠤ ᠺᠣᠮᠫᠠᠨᠢ ᠶᠢᠨ ᠠᠭᠠᠷ ᠮᠠᠨᠳᠠᠯ ᠤᠨ ᠪᠣᠬᠢᠷᠲᠤᠯ ᠢ ᠵᠠᠭᠠᠯᠳᠤᠭᠰᠠᠨ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠶᠢᠨ ᠬᠡᠷᠡᠭ 

          ᠵᠠᠩᠭᠢᠯᠠᠭ᠎ᠠ ᠶᠢᠨ ᠦᠭᠡ 

ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠬᠢᠭᠡᠳ ᠵᠠᠰᠠᠭ ᠵᠠᠬᠢᠷᠭᠠᠨ ᠤ ᠨᠡᠢᠢᠲᠡ ᠶᠢᠨ ᠠᠰᠠᠷᠠᠮᠵᠢ ᠶᠢᠨ ᠵᠠᠷᠭᠤ ᠶᠢᠨ ᠵᠠᠷᠭᠤ ᠠᠴᠠ ᠡᠮᠦᠨᠡᠬᠢ ᠵᠢᠷᠤᠮ

ᠠᠭᠠᠷ ᠮᠠᠨᠳᠠᠯ ᠤᠨ ᠪᠣᠬᠢᠷᠲᠤᠯ 

ᠣᠷᠴᠢᠨ ᠠᠬᠤᠢ ᠶᠢᠨ ᠬᠣᠬᠢᠷᠠᠯ ᠤᠨ ᠲᠥᠯᠥᠪᠦᠷᠢ 

ᠡᠬᠢ ᠡᠭᠦᠰᠦᠯ ᠡᠴᠡ ᠨᠢ ᠵᠠᠰᠠᠬᠤ  

ᠴᠢᠬᠤᠯᠠ ᠰᠠᠨᠠᠭ᠎ᠠ

 ᠪᠠᠶᠢᠴᠠᠭᠠᠬᠤ ᠪᠠᠶᠢᠭᠤᠯᠭ᠎ᠠ ᠨᠡᠢᠢᠲᠡ ᠶᠢᠨ ᠠᠰᠢᠭᠲᠤ ᠵᠠᠷᠭᠤ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠪᠣᠬᠢᠷᠲᠤᠭᠰᠠᠨ ᠠᠵᠤ ᠠᠬᠤᠶᠢᠯᠠᠯ ᠢ ᠰᠢᠪᠠᠳᠠᠨ ᠣᠷᠴᠢᠨ ᠠᠬᠤᠢ ᠶᠢᠨ ᠪᠣᠬᠢᠷᠲᠤᠯ ᠢ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠠᠵᠤ ᠠᠬᠤᠶᠢᠯᠠᠯ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠮᠡᠷᠭᠡᠵᠢᠯ ᠦᠨ ᠥᠭᠡᠷᠡᠴᠢᠯᠡᠯᠲᠡ ᠬᠢᠵᠦ ᠲᠡᠰ ᠳᠡᠪᠰᠢᠬᠦ ᠶᠢ ᠠᠬᠢᠭᠤᠯᠤᠨ᠂ ᠠᠵᠢᠯ ᠲᠥᠷᠥᠯ ᠤᠨ ᠪᠡᠷᠬᠡ ᠰᠡᠳᠦᠪ ᠢ ᠡᠬᠢ ᠰᠤᠷᠪᠤᠯᠵᠢ ᠠᠴᠠ ᠨᠢ ᠰᠢᠶᠳᠪᠦᠷᠢᠯᠡᠵᠦ᠂ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠤᠨ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠪᠡ᠃ 

ᠬᠡᠷᠡᠭ ᠦᠨ ᠦᠨᠳᠦᠰᠦᠨ ᠪᠠᠢᠳᠠᠯ
       ᠥᠪᠥᠷ ᠮᠣᠩᠭᠣᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠲᠤ ᠺᠣᠮᠫᠠᠨᠢ ︵ᠳᠣᠷᠣᠭᠰᠢ ᠹᠦ᠋ ᠹᠧᠩ ᠺᠣᠮᠫᠠᠨᠢ ᠭᠡᠵᠦ ᠲᠣᠪᠴᠢᠯᠠᠨ᠎ᠠ︶ 2009 ᠣᠨ ᠳᠤ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠲᠥᠬᠥᠭᠡᠷᠦᠮᠵᠢ ᠪᠦᠷᠢᠨ ᠲᠡᠭᠦᠯᠳᠡᠷ ᠪᠤᠰᠤ ᠠᠴᠠ ᠪᠣᠯᠵᠤ ᠦᠮᠡᠬᠡᠶ ᠬᠡᠢ ᠪᠡᠶᠡᠲᠦ ᠶᠡᠬᠡ ᠬᠡᠮᠵᠢᠶ᠎ᠡ ᠪᠡᠷ ᠭᠠᠳᠠᠭᠰᠢᠯᠠᠭᠤᠯᠵᠤ᠂ ᠠᠭᠠᠷ ᠮᠠᠨᠳᠠᠯ ᠵᠢᠴᠢ ᠬᠣᠲᠠ ᠶᠢᠨ ᠲᠣᠭᠣᠷᠢᠭ ᠤᠨ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠪᠡ᠃ ᠬᠦᠭᠡᠬᠤᠳᠡ ᠶᠢᠨ ᠬᠣᠲᠠ ᠶᠢᠨ ᠲᠣᠭᠣᠷᠢᠭ ᠤᠨ ᠬᠡᠪᠴᠢᠶᠡᠨ ᠦ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠤᠨ᠂ ᠦᠮᠡᠬᠡᠶ ᠬᠡᠢ ᠪᠡᠶᠡᠲᠦ ᠳᠤ ᠨᠦᠯᠤᠭᠡᠯᠡᠭᠳᠡᠭᠦ ᠰᠠᠭᠤᠭᠠᠯᠢ ᠠᠷᠠᠳ ᠤᠨ ᠬᠡᠪᠴᠢᠶ᠎ᠡ ᠤᠯᠠᠮ ᠠᠴᠠ ᠤᠯᠠᠮ ᠶᠡᠬᠡ ᠪᠣᠯᠵᠤ᠂ ᠤᠷᠢᠳ ᠬᠣᠵᠢᠳ ᠲᠥᠪ ᠦᠨ ᠣᠷᠴᠢᠨ ᠲᠣᠭᠣᠷᠢᠨ ᠤ ᠬᠠᠮᠠᠭᠠᠯᠠᠯᠲᠠ ᠶᠢᠨ ᠬᠢᠨᠠᠨ ᠪᠠᠢᠴᠠᠭᠠᠯᠲᠠ ᠵᠢᠴᠢ ︽ᠡᠷᠭᠢᠨ ᠬᠠᠷᠠᠬᠤ ︾ ᠬᠤᠭᠤᠴᠠᠭᠠᠨ ᠳᠠᠬᠢ ᠭᠣᠸᠯᠳᠠᠯᠭ᠎ᠠ ᠲᠠᠶ ᠲᠤᠰᠬᠠᠭᠰᠠᠨ ᠠᠰᠠᠭᠤᠳᠠᠯ ᠪᠣᠯᠵᠠᠶ᠃ 

 ᠪᠠᠶᠢᠴᠠᠭᠠᠯᠲᠠ ᠪᠠ ᠵᠠᠷᠭᠤ 
  ᠲᠣᠰ ᠬᠡᠷᠡᠭ ᠦᠨ ᠰᠦᠪᠡᠭᠴᠢ ᠨᠢ ᠲᠥᠪ ᠦᠨ ᠣᠷᠴᠢᠨ ᠲᠣᠭᠣᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠢᠴᠠᠭᠠᠯᠲᠠ ᠵᠢᠴᠢ ︽ᠡᠷᠭᠢᠨ ᠬᠠᠷᠠᠬᠤ︾ ᠬᠤᠭᠤᠴᠠᠭᠠᠨ ᠳᠤ ᠣᠯᠠᠨ ᠲᠦᠮᠡᠨ ᠦ ᠢᠯᠡᠴᠢᠯᠡᠨ ᠮᠡᠳᠡᠭᠦᠯᠦᠭᠰᠡᠨ ᠡᠴᠡ ᠢᠷᠡᠯᠲᠡ ᠲᠠᠢ ᠶᠤᠮ᠂ ᠬᠦᠭᠡᠬᠤᠳᠡ ᠶᠢᠨ ᠠᠷᠠᠳ ᠤᠨ ᠪᠠᠶᠢᠴᠠᠭᠠᠬᠤ ᠬᠣᠷᠢᠶ᠎ᠠ 2018 ᠣᠨ 3 ᠰᠠᠷ᠎ᠠ ᠳᠤ ᠬᠡᠷᠡᠭ ᠪᠤᠯᠭᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠠᠵᠤ ᠠᠬᠤᠶᠢᠯᠠᠯ ᠤᠨ ᠣᠷᠴᠢᠨ ᠲᠣᠭᠣᠷᠢᠨ ᠤ ᠬᠠᠮᠠᠭᠠᠯᠠᠯᠲᠠ ᠶᠢᠨ ᠦᠨᠡᠯᠡᠯᠲᠡ ᠶᠢᠨ ᠮᠡᠳᠡᠭᠦᠯᠦᠯᠲᠡ ᠵᠢᠴᠢ ᠣᠷᠴᠢᠨ ᠲᠣᠭᠣᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠬᠢᠨᠠᠨ ᠬᠡᠮᠵᠢᠭᠰᠡᠨ ᠲᠡᠮᠳᠡᠭᠯᠡᠯ ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠠᠢᠳᠠᠯ ᠵᠡᠷᠭᠡ ᠶᠢ ᠰᠢᠯᠵᠢᠭᠦᠯᠦᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠹᠦ᠋ ᠹᠧᠩ ᠺᠣᠮᠫᠠᠨᠢ ᠶᠢᠨ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠸᠯᠢ ︾  ᠶᠢ ᠵᠥᠷᠢᠴᠡᠨ ᠦᠮᠡᠬᠡᠶ ᠬᠡᠢ ᠪᠡᠶᠡᠲᠦ ᠭᠠᠳᠠᠭᠰᠢᠯᠠᠭᠤᠯᠵᠤ᠂ ᠠᠭᠠᠷ ᠮᠠᠨᠳᠠᠯ ᠤᠨ ᠣᠷᠴᠢᠨ ᠠᠬᠤᠢ ᠶᠢᠨ ᠶᠠᠰᠤ ᠴᠢᠨᠠᠷ  ᠢ ᠨᠥᠯᠥᠭᠡᠯᠡᠵᠦ᠂ ᠬᠣᠲᠠ ᠲᠣᠭᠣᠷᠢᠭ ᠤᠨ ᠰᠠᠭᠤᠭᠠᠯᠢ ᠠᠷᠠᠳ ᠤᠨ ᠠᠮᠢᠳᠤᠷᠠᠯ ᠳᠤ ᠬᠦᠨᠳᠦ ᠨᠣᠴᠢᠲᠠᠶ ᠨᠥᠯᠥᠭᠡ ᠤᠴᠠᠷᠠᠭᠤᠯᠪᠠ ᠭᠡᠵᠦ ᠨᠤᠲᠠᠯᠠᠪᠠ᠃ ᠣᠷᠴᠢᠨ ᠲᠣᠭᠣᠷᠢᠨ ᠤ ᠬᠣᠬᠢᠷᠠᠯ ᠤᠨ ᠲᠥᠯᠥᠪᠦᠷᠢ ᠶᠢᠨ ᠲᠣᠭ᠎ᠠ ᠬᠡᠮᠵᠢᠶ᠎ᠡ ᠶᠢ ᠬᠦᠭᠡᠬᠤᠳᠡ ᠶᠢᠨ ᠣᠷᠴᠢᠨ ᠲᠣᠭᠣᠷᠢᠨ ᠤ ᠬᠠᠮᠠᠭᠠᠯᠠᠯᠲᠠ ᠶᠢᠨ ᠲᠣᠪᠴᠢᠶ᠎ᠠ ᠠᠴᠠ ᠬᠠᠮᠵᠢᠨ ︽ᠥᠪᠥᠷ ᠮᠣᠩᠭᠣᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠲᠤ ᠺᠣᠮᠫᠠᠨᠢ ᠶᠢᠨ ᠲᠥᠯᠥᠪᠦᠷᠢ ᠶᠢᠨ ᠲᠣᠭ᠎ᠠ ᠶᠢᠨ ᠲᠣᠭᠠᠴᠠᠭ᠎ᠠ ᠬᠢᠬᠦ ᠲᠤᠬᠠᠢ ᠰᠠᠨᠠᠭᠤᠯᠭ᠎ᠠ︾ ᠭᠠᠷᠭᠠᠪᠠ᠃ ᠹᠦ᠋ ᠹᠧᠩ ᠺᠣᠮᠫᠠᠨᠢ ᠶᠢᠨ ᠡᠭᠦᠷᠭᠡᠯᠡᠬᠦ ᠶᠣᠰᠣᠲᠠᠶ ᠣᠷᠴᠢᠨ ᠲᠣᠭᠣᠷᠢᠨ ᠤ ᠬᠣᠬᠢᠷᠠᠯ ᠤᠨ ᠲᠥᠯᠥᠪᠦᠷᠢ ᠶᠢᠨ ᠲᠣᠭ᠎ᠠ ᠨᠢ 1.0560 ᠳ᠋ᠦᠩᠰᠢᠭᠤᠷ ᠲᠥᠭᠥᠷᠢᠭ ᠪᠣᠯᠤᠨ᠎ᠠ᠃ ᠬᠠᠸᠯᠢ ᠶᠣᠰᠣᠭᠠᠷ ᠵᠠᠷᠯᠠᠨ ᠨᠡᠶᠢᠲᠡᠯᠡᠭᠰᠡᠨ ᠦ ᠳᠠᠷᠠᠭ᠎ᠠ᠂ ᠪᠠᠶᠢᠴᠠᠭᠠᠬᠤ ᠪᠠᠶᠢᠭᠤᠯᠭ᠎ᠠ 2018 ᠣᠨ 7 ᠰᠠᠷ᠎ᠠ ᠶᠢᠨ 16  ᠦ ᠡᠳᠦᠷ᠂ ᠬᠦᠭᠡᠬᠤᠳᠡ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠳᠤ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠭᠠᠯᠳᠤᠯᠭ᠎ᠠ ᠭᠠᠷᠭᠠᠵᠤ᠂ ᠵᠠᠭᠠᠯᠳᠤᠭᠳᠠᠭᠴᠢ ᠶᠢ ᠬᠠᠯᠳᠠᠯᠭ᠎ᠠ ᠪᠠᠨ ᠵᠣᠭᠰᠣᠭᠠᠬᠤ᠂ ᠣᠷᠴᠢᠨ ᠲᠣᠭᠣᠷᠢᠨ ᠤ ᠬᠣᠬᠢᠷᠠᠯ ᠤᠨ ᠠᠶᠤᠯ ᠲᠦᠭᠰᠢᠭᠦᠷᠢ ᠶᠢ ᠠᠷᠢᠯᠭᠠᠬᠤ ᠲᠠᠰᠤᠯᠤᠯᠲᠠ ᠭᠠᠷᠭᠠᠭᠤᠯᠬᠤ ᠪᠠᠷ ᠭᠤᠶᠤᠴᠢᠯᠠᠵᠤ᠂ ᠵᠠᠭᠠᠯᠳᠤᠭᠳᠠᠭᠴᠢ ᠶᠢ ᠨᠢᠭᠡᠨᠲᠡ ᠪᠣᠶ ᠪᠣᠯᠭᠠᠭᠰᠠᠨ ᠣᠷᠴᠢᠨ ᠲᠣᠭᠣᠷᠢᠨ ᠤ ᠪᠣᠬᠢᠷᠲᠤᠯ ᠢ ᠵᠠᠰᠠᠵᠤ ᠰᠡᠷᠭᠦᠭᠡᠬᠦ ᠵᠠᠷᠤᠳᠠᠯ ᠨᠡᠶᠢᠲᠡ 1.0562 ᠳ᠋ᠦᠩᠰᠢᠭᠤᠷ ᠲᠥᠭᠥᠷᠢᠭ ᠡᠭᠦᠷᠭᠡᠯᠡᠭᠦᠯᠬᠦ ᠪᠡᠷ ᠲᠠᠰᠤᠯᠤᠨ ᠵᠠᠷᠯᠢᠭᠳᠠᠪᠠ᠃ 

ᠲᠤᠰ ᠠᠵᠤ ᠠᠬᠤᠶᠢᠯᠠᠯ ᠤᠨ ᠪᠣᠬᠢᠷᠲᠤᠯ ᠤᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠣᠷᠢᠭᠯᠠᠨ ᠵᠣᠭᠰᠣᠭᠠᠬᠤ ᠶᠢᠨ ᠲᠥᠯᠥᠭᠡ᠂ ᠬᠦᠭᠡᠬᠤᠳᠡ ᠶᠢᠨ ᠪᠠᠶᠢᠴᠠᠭᠠᠬᠤ ᠬᠣᠷᠢᠶ᠎ᠠ ᠬᠠᠮᠲᠤ ᠳᠤᠨᠢ ᠬᠦᠭᠡᠬᠤᠳᠡ ᠶᠢᠨ ᠣᠷᠴᠢᠨ ᠲᠣᠭᠣᠷᠢᠨ ᠤ ᠬᠠᠮᠠᠭᠠᠯᠠᠯᠲᠠ ᠶᠢᠨ ᠲᠣᠪᠴᠢᠶ᠎ᠠ ᠳᠤ ᠵᠠᠰᠠᠭ ᠵᠠᠬᠢᠷᠭᠠᠨ ᠤ ᠵᠠᠷᠭᠤ ᠶᠢᠨ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠲᠡᠭᠦᠨ ᠦ ᠹᠦ᠋ ᠹᠧᠩ ᠺᠣᠮᠫᠠᠨᠢ ᠶᠢᠨ ᠣᠷᠴᠢᠨ ᠲᠣᠭᠣᠷᠢᠨ ᠤ ᠪᠣᠬᠢᠷᠲᠤᠯ ᠤᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠸᠯᠢ ᠶᠣᠰᠣᠭᠠᠷ ᠭᠦᠶᠴᠡᠳᠬᠡᠬᠦ ᠶᠢ ᠰᠢᠪᠠᠳᠠᠪᠠ᠃ ᠲᠤᠰ ᠲᠣᠪᠴᠢᠶ᠎ᠠ ᠪᠠᠶᠢᠴᠠᠭᠠᠬᠤ ᠰᠠᠨᠠᠭᠤᠯᠭ᠎ᠠ ᠶᠢ ᠣᠯᠤᠭᠰᠠᠨ ᠤ ᠲᠠᠷᠠᠭ᠎ᠠ᠂ ᠹᠦ᠋ ᠹᠧᠩ ᠺᠣᠮᠫᠠᠨᠢ ᠳᠤ ᠵᠠᠷᠯᠢᠭᠳᠠᠵᠤ ᠪᠠᠶᠢᠭᠠᠳ ᠦᠶᠯᠡᠳᠪᠦᠷᠢᠯᠡᠯ ᠢ ᠨᠢ       ᠬᠢᠵᠠᠭᠠᠷᠯᠠᠵᠤ᠂ 30 ᠲᠦᠮᠡᠨ ᠲᠥᠭᠥᠷᠢᠭ ᠵᠣᠭᠣᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠥᠭᠭᠦᠭᠰᠡᠨ ᠪᠥᠭᠡᠳ ᠪᠠᠶᠢᠴᠠᠭᠠᠬᠤ ᠪᠠᠶᠢᠭᠤᠯᠭ᠎ᠠ ᠶᠢᠨ ᠲᠤᠰ ᠠᠵᠤ ᠠᠬᠤᠢᠯᠠᠯ  ᠳᠤ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠭᠠᠯᠳᠤᠯᠭ᠎ᠠ ᠭᠠᠷᠭᠠᠬᠤ  ᠶᠢ ᠢᠳᠡᠪᠬᠢᠲᠡᠢ ᠬᠠᠮᠵᠢᠯᠴᠠᠨ᠂ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠦᠷᠭᠦᠯᠵᠢᠯᠡᠨ ᠭᠦᠶᠴᠡᠳᠬᠡᠨ᠎ᠡ ᠭᠡᠵᠦ ᠪᠢᠴᠢᠭ ᠢᠶᠡᠷ ᠬᠠᠷᠢᠭᠤ ᠦᠭᠬᠦᠭᠰᠡᠨ ᠪᠠᠢᠨ᠎ᠠ ᠃ 

ᠲᠤᠰ ᠬᠡᠷᠡᠭ ᠦᠨ ᠵᠠᠷᠭᠤ ᠶᠢᠨ ᠶᠠᠪᠤᠴᠠ ᠳᠤ᠂ ᠹᠦ᠋ ᠹᠧᠩ ᠺᠣᠮᠫᠠᠨᠢ ᠤᠷᠢᠳ ᠬᠣᠵᠢᠳ 6000 ᠲᠦᠮᠡᠨ ᠲᠥᠭᠥᠷᠢᠭ ᠦᠨ ᠪᠡᠯᠡ ᠣᠷᠣᠭᠤᠯᠵᠤ ᠰᠢᠨ᠎ᠡ ᠣᠷᠴᠢᠨ ᠲᠤᠭᠤᠷᠢᠨ  ᠢ  ᠬᠠᠮᠠᠭᠠᠯᠠᠬᠤ ᠤᠷ᠎ᠠ ᠮᠡᠷᠭᠡᠵᠢᠯ ᠢ ᠣᠷᠣᠭᠤᠯᠤᠨ ᠠᠪᠴᠢᠷᠠᠪᠠ ᠂ ᠲᠤᠰᠬᠠᠶ ᠮᠡᠷᠭᠡᠵᠢᠯᠲᠡᠨ ᠢᠶᠡᠷ ᠨᠤᠲᠠᠯᠠᠭᠤᠯᠤᠭᠰᠠᠨ ᠤ ᠲᠠᠷᠠᠭ᠎ᠠ᠂ ᠲᠤᠰ ᠤᠷ᠎ᠠ ᠮᠡᠷᠭᠡᠵᠢᠯ ᠨᠢ ᠠᠭᠠᠷ ᠮᠠᠨᠳᠠᠯ ᠤᠨ ᠪᠣᠬᠢᠷᠲᠤᠯ ᠢ ᠪᠠᠭᠤᠷᠠᠭᠤᠯᠬᠤ ᠪᠠ ᠪᠠᠭᠠᠰᠬᠠᠬᠤ ᠦᠷ᠎ᠡ ᠳ᠋ᠦᠩ ᠳᠦ ᠬᠦᠷᠴᠦ ᠴᠢᠳᠠᠨ᠎ᠠ᠃ ᠡᠭᠦᠨ ᠦ ᠳᠦ ᠬᠠᠮᠲᠤ᠂ ᠲᠣᠰ ᠺᠣᠮᠫᠠᠨᠢ ᠬᠦᠬᠡᠬᠤᠲᠡ  ᠶᠢᠨ ᠪᠠᠶᠢᠴᠠᠭᠠᠬᠤ ᠬᠣᠷᠢᠶ᠎ᠠ ᠳᠤ ᠡᠶᠡᠳᠡᠬᠦ ᠬᠦᠰᠡᠯ ᠰᠠᠨᠠᠭ᠎ᠠ ᠪᠠᠨ ᠢᠯᠡᠳᠬᠡᠵᠦ᠂ ᠰᠡᠭᠦᠯᠡᠷ ᠨᠢ ᠬᠣᠶᠠᠷ ᠲᠠᠯ᠎ᠠ ᠪᠠᠷ ᠢᠶᠠᠨ ᠵᠠᠭᠠᠯᠳᠤᠬᠤ ᠠᠴᠠ ᠡᠮᠦᠨ᠎ᠡ ᠡᠶᠡᠳᠡᠬᠦ ᠪᠡᠷ ᠵᠥᠪᠳᠡᠯᠴᠡᠨ ᠲᠣᠭᠲᠠᠵᠤ᠂ ᠹᠦ᠋ ᠹᠧᠩ ᠺᠣᠮᠫᠠᠨᠢ ᠶᠢᠨ ᠬᠡᠷᠡᠭ ᠢ ᠵᠠᠭᠠᠯᠳᠤᠭᠰᠠᠨ ᠤ ᠳᠠᠷᠠᠭ᠎ᠠ ᠨᠢᠭᠡᠨᠲᠡ ᠣᠷᠣᠭᠤᠯᠤᠭᠰᠠᠨ ᠣᠷᠴᠢᠨ ᠲᠣᠭᠣᠷᠢᠨ ᠢ ᠵᠠᠰᠠᠬᠤ ᠪᠡᠯᠡ ᠮᠥᠩᠭᠥ ᠶᠢ ᠮᠡᠳᠡᠷᠡᠨ ᠵᠥᠪᠰᠢᠶᠡᠷᠡᠬᠦ ᠪᠡᠷ ᠪᠣᠯᠵᠣᠨ ᠲᠣᠭᠲᠠᠵᠤ᠂ ᠹᠦ᠋ ᠹᠧᠩ ᠺᠣᠮᠫᠠᠨᠢ ᠬᠣᠲᠠ ᠶᠢᠨ ᠡᠳ᠋ ᠦᠨ ᠵᠠᠰᠠᠭ ᠤᠨ ᠲᠣᠪᠴᠢᠶ᠎ᠠ ᠳᠤ 4000 ᠲᠦᠮᠡᠨ ᠲᠥᠭᠥᠷᠢᠭ ᠦᠨ ᠵᠠᠰᠠᠵᠤ ᠰᠡᠷᠭᠦᠭᠡᠬᠦ ᠵᠠᠷᠤᠳᠠᠯ ᠢ ᠲᠥᠯᠥᠭᠰᠡᠨ ᠪᠥᠭᠡᠳ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠳᠠᠬᠢᠨ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠡᠶᠡᠳᠡᠬᠦ ᠬᠡᠯᠡᠯᠴᠡᠭᠡᠷ ᠲᠣᠭᠲᠠᠭᠰᠠᠨ ᠤ ᠲᠠᠷᠠᠭ᠎ᠠ᠂ ᠹᠦ᠋ ᠹᠧᠩ ᠺᠣᠮᠫᠠᠨᠢ ᠵᠠᠰᠠᠨ ᠰᠡᠷᠭᠦᠭᠡᠬᠦ ᠵᠠᠷᠤᠳᠠᠯ ᠢ ᠲᠣᠭ᠎ᠠ ᠶᠣᠰᠣᠭᠠᠷ ᠭᠦᠶᠴᠡᠳ ᠲᠤᠰᠢᠶᠠᠭᠰᠠᠨ ᠪᠥᠭᠡᠳ ᠦᠷᠭᠦᠯᠵᠢᠯᠡᠨ 1 ᠳ᠋ᠦᠩᠰᠢᠭᠤᠷ ᠲᠥᠭᠥᠷᠢᠭ ᠣᠷᠴᠢᠮ ᠤᠨ ᠪᠡᠯᠡ ᠣᠷᠣᠭᠤᠯᠵᠤ ᠪᠦᠬᠦ ᠲᠠᠯ᠎ᠠ ᠶᠢᠨ ᠮᠡᠷᠭᠡᠵᠢᠯ ᠦᠨ ᠥᠭᠡᠷᠡᠴᠢᠯᠡᠯᠲᠡ ᠳᠦ ᠬᠡᠷᠡᠭᠯᠡᠪᠡ᠃ ᠣᠷᠴᠢᠨ ᠲᠣᠭᠣᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠦᠨ ᠬᠢᠨᠠᠨ ᠬᠡᠮᠵᠢᠵᠦ ᠦᠨᠡᠯᠡᠬᠦ ᠪᠡᠷ ᠳᠠᠮᠵᠢᠨ᠂ ᠲᠡᠭᠦᠨ ᠦ ᠦᠮᠡᠬᠡᠶ ᠬᠡᠢ ᠪᠡᠶᠡᠲᠦ ᠭᠠᠳᠠᠭᠰᠢᠯᠠᠭᠤᠯᠬᠤ ᠠᠰᠠᠭᠤᠳᠠᠯ ᠢ ᠦᠨᠳᠦᠰᠦᠨ ᠡᠴᠡ ᠨᠢ ᠰᠢᠶᠳᠪᠦᠷᠢᠯᠡᠪᠡ᠃ ᠹᠦ᠋ ᠹᠧᠩ ᠺᠣᠮᠫᠠᠨᠢ ᠨᠢᠭᠡᠨᠲᠡ ᠣᠷᠴᠢᠨ ᠲᠣᠭᠣᠷᠢᠨ ᠤ ᠬᠣᠬᠢᠷᠠᠯ ᠤᠨ ᠠᠶᠤᠯ ᠲᠦᠭᠰᠢᠭᠦᠷᠢ ᠶᠢ ᠠᠷᠢᠯᠭᠠᠨ᠂ ᠵᠠᠰᠠᠨ ᠰᠡᠷᠭᠦᠭᠡᠬᠦ ᠵᠠᠷᠤᠳᠠᠯ ᠲᠤᠰᠢᠶᠠᠵᠤ᠂ ᠲᠣᠰ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠶᠢᠨ ᠵᠣᠷᠢᠯᠭ᠎ᠠ ᠨᠢᠭᠡᠨᠲᠡ ᠪᠡᠶᠡᠯᠡᠭᠳᠡᠭᠰᠡᠨ ᠢ ᠦᠨᠳᠦᠰᠦᠯᠡᠨ᠂ ᠬᠦᠬᠡᠬᠤᠳᠡ ᠶᠢᠨ ᠪᠠᠶᠢᠴᠠᠭᠠᠬᠤ ᠬᠣᠷᠢᠶ᠎ᠠ 2019 ᠣᠨ 1 ᠰᠠᠷ᠎ᠠ ᠳᠤ ᠬᠦᠬᠡᠬᠤᠳᠡ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠳᠤ ᠵᠠᠭᠠᠯᠳᠤᠯᠭ᠎ᠠ ᠪᠠᠨ ᠪᠤᠴᠠᠭᠠᠬᠤ ᠭᠤᠶᠤᠴᠢᠯᠠᠯ ᠭᠠᠷᠭᠠᠵᠤ᠂ ᠬᠦᠬᠡᠬᠤᠳᠡ  ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠣᠲᠠ ᠶᠢᠨ ᠪᠠᠶᠢᠴᠠᠭᠠᠬᠤ ᠬᠣᠷᠢᠶ᠎ᠠ ᠶᠢᠨ ᠵᠠᠭᠠᠯᠳᠤᠯᠭ᠎ᠠ ᠪᠠᠨ ᠪᠤᠴᠠᠭᠠᠬᠤ ᠶᠢ ᠵᠥᠪᠰᠢᠶᠡᠷᠡᠬᠦ ᠰᠢᠭᠦᠨ ᠲᠣᠭᠲᠠᠭᠠᠯᠲᠠ ᠭᠠᠷᠭᠠᠪᠠ᠃ 

ᠦᠮᠡᠬᠡᠶ ᠬᠡᠢ ᠪᠡᠶᠡᠲᠦ ᠶᠢ ᠭᠠᠳᠠᠭᠰᠢᠯᠠᠭᠤᠯᠬᠤ ᠠᠰᠠᠭᠤᠳᠠᠯ ᠪᠣᠯ ᠠᠮᠢᠳᠤ ᠪᠣᠳᠠᠰ ᠤᠨ ᠢᠰᠬᠡᠯᠲᠡ ᠶᠢᠨ ᠠᠵᠢᠯ ᠲᠥᠷᠥᠯ ᠳᠦ ᠨᠡᠶᠢᠳᠡᠮ ᠣᠷᠣᠰᠢᠵᠤ ᠪᠠᠶᠭ᠎ᠠ ᠵᠠᠰᠠᠬᠤ ᠪᠡᠷᠬᠡ ᠰᠡᠳᠦᠪ ᠮᠥᠨ᠂ ᠲᠤᠰ ᠬᠡᠷᠡᠭ ᠦᠨ ᠠᠬᠢᠭᠤᠯᠤᠯ ᠳᠣᠸᠷ᠎ᠠ᠂ ᠹᠦ᠋ ᠹᠧᠩ ᠺᠣᠮᠫᠠᠨᠢ ᠶᠢᠨ ᠦᠮᠡᠬᠡᠶ ᠬᠡᠢ ᠪᠡᠶᠡᠲᠦ ᠶᠢ ᠭᠠᠳᠠᠭᠰᠢᠯᠠᠭᠤᠯᠬᠤ ᠪᠠᠨ ᠥᠭᠡᠷᠡᠴᠢᠯᠡᠨ ᠰᠠᠶᠢᠵᠢᠷᠠᠭᠤᠯᠤᠭᠰᠠᠨ ᠦᠶᠯᠡᠳᠪᠦᠷᠢᠯᠡᠯ ᠦᠨ ᠤᠷ᠎ᠠ ᠮᠡᠷᠭᠡᠰᠢᠯ ᠨᠢ ᠤᠯᠤᠰ ᠠᠴᠠ ᠲᠤᠰᠬᠠᠶ ᠠᠰᠢᠭ ᠢ ᠣᠯᠵᠤ᠂ ᠪᠦᠬᠦ ᠤᠯᠤᠰ ᠠᠴᠠ ᠠᠳᠠᠯᠢ ᠲᠥᠷᠥᠯ ᠤᠨ ᠠᠵᠤ ᠠᠬᠤᠶᠢᠯᠠᠯ ᠤᠨ ᠳᠣᠲᠣᠷ᠎ᠠ ᠡᠨᠡ ᠬᠦ ᠠᠰᠠᠭᠤᠳᠠᠯ ᠢ ᠡᠩ ᠲᠡᠷᠢᠭᠦᠨ ᠳᠦ ᠰᠢᠶᠳᠪᠦᠷᠢᠯᠡᠭᠰᠡᠨ ᠠᠵᠤ ᠠᠬᠤᠶᠢᠯᠠᠯ ᠪᠣᠯᠵᠠᠶ᠃ 

        ᠨᠡᠶᠢᠲᠡᠯᠢᠭ ᠠᠴᠢ ᠬᠣᠯᠪᠣᠭᠳᠠᠯ 
   ᠠᠭᠠᠷ ᠮᠠᠨᠳᠠᠯ ᠤᠨ ᠪᠣᠬᠢᠷᠲᠤᠯ ᠤᠨ ᠲᠥᠷᠥᠯ ᠤᠨ ᠢᠷᠭᠡᠨ ᠦ ᠬᠡᠷᠡᠭ ᠦᠨ ᠨᠡᠢᠲᠡ ᠶᠢᠨ ᠠᠰᠢᠭᠲᠤ ᠵᠠᠷᠭᠤ ᠶᠢᠨ ᠬᠡᠷᠡᠭ ᠲᠦ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ ᠳᠤ ᠬᠦᠴᠢᠷ᠂ ᠬᠣᠬᠢᠷᠠᠯ ᠢ ᠦᠨᠡᠯᠡᠨ ᠵᠢᠱᠢᠬᠦ ᠳᠦ ᠬᠦᠴᠢᠷ᠂ ᠰᠡᠷᠭᠦᠭᠡᠨ ᠵᠠᠰᠠᠬᠤ ᠳᠤ ᠬᠦᠴᠢᠷ ᠵᠡᠷᠭᠡ ᠠᠰᠠᠭᠤᠳᠠᠯ ᠣᠷᠣᠰᠢᠵᠤ᠂ ᠬᠦᠬᠡᠬᠤᠳᠡ ᠶᠢᠨ ᠪᠠᠶᠢᠴᠠᠭᠠᠬᠤ ᠬᠣᠷᠢᠶ᠎ᠠ ᠲᠤᠰ ᠬᠡᠷᠡᠭ ᠢ ᠰᠢᠢᠳᠪᠦᠷᠢᠯᠡᠬᠦ ᠦᠶ᠎ᠡ ᠳᠤ᠂ ᠲᠤᠰᠬᠠᠢ ᠮᠡᠷᠭᠡᠵᠢᠯᠲᠡᠳ ᠲᠦ ᠲᠦᠰᠢᠭᠯᠡᠨ ᠨᠤᠲᠠᠯᠠᠯᠲᠠ ᠬᠢᠬᠦ ᠵᠢᠴᠢ ᠠᠮᠢ ᠠᠬᠤᠢ ᠶᠢᠨ ᠣᠷᠴᠢᠨ ᠲᠣᠭᠣᠷᠢᠨ ᠤ ᠰᠠᠯᠠᠭ᠎ᠠ ᠮᠥᠴᠢᠷ ᠦᠨ ᠬᠠᠮᠵᠢᠯᠴᠠᠭᠰᠠᠨ ᠠᠴᠠ ᠡᠨᠡ ᠬᠦ ᠬᠦᠴᠢᠷ ᠠᠰᠠᠭᠤᠳᠠᠯ ᠢ ᠠᠮᠵᠢᠯᠲᠠ ᠲᠠᠶ ᠰᠢᠢᠳᠪᠦᠷᠢᠯᠡᠪᠡ᠃

ᠲᠤᠰ ᠬᠡᠷᠡᠭ ᠲᠦ᠂ ᠪᠠᠶᠢᠴᠠᠭᠠᠬᠤ ᠪᠠᠶᠢᠭᠤᠯᠭ᠎ᠠ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠬᠢᠬᠦ ᠶᠢᠨ ᠬᠠᠮᠲᠤ᠂ ᠬᠣᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠠᠰᠠ ᠵᠠᠰᠠᠭ ᠵᠠᠬᠢᠷᠭᠠᠨ ᠤ ᠵᠠᠷᠭᠤ ᠶᠢᠨ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠬᠣᠶᠠᠷ ᠲᠠᠯ᠎ᠠ ᠪᠠᠷ ᠢᠶᠠᠨ ᠬᠠᠮᠲᠤ ᠪᠠᠷ ᠬᠦᠴᠦᠯᠡᠵᠦ᠂ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠶᠢᠨ ᠪᠡᠶᠡᠯᠡᠭᠦᠯᠵᠦ ᠲᠡᠢᠯᠬᠦ ᠦᠭᠡᠢ ᠬᠠᠷᠠᠯᠲᠠ ︵ᠵᠢᠱᠢᠶᠡᠯᠡᠪᠡᠯ ᠦᠶᠯᠡᠳᠪᠦᠷᠢᠯᠡᠯ ᠢ ᠨᠢ ᠵᠣᠭᠰᠣᠭᠠᠬᠤ᠂ ᠦᠶᠯᠡᠳᠪᠦᠷᠢᠯᠡᠯ ᠢ ᠨᠢ ᠬᠢᠵᠠᠭᠠᠷᠯᠠᠬᠤ︶ ᠶᠢ ᠰᠢᠶᠳᠪᠦᠷᠢᠯᠡᠨ᠂ ᠦᠮᠡᠬᠡᠶ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠣᠷᠢᠭᠯᠠᠨ ᠵᠣᠭᠰᠣᠭᠠᠵᠤ᠂ ᠨᠡᠢᠢᠲᠡ ᠶᠢᠨ ᠠᠰᠢᠭ ᠲᠤᠰᠠ  ᠶᠢ ᠴᠠᠭ ᠲᠤᠬᠠᠶ ᠳᠤᠨᠢ ᠬᠠᠮᠠᠭᠠᠯᠠᠪᠠ᠃ ᠠᠩᠬᠠᠷᠤᠭᠤᠰᠢᠲᠠᠶ ᠨᠢ᠂ ᠡ᠊ᠩ ᠦᠨ ᠪᠠᠢᠳᠠᠯ ᠳᠣᠸᠷ᠎ᠠ᠂ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠬᠢᠭᠰᠡᠨ ᠦ ᠲᠠᠷᠠᠭ᠎ᠠ ᠠᠳᠠᠯᠢ ᠨᠢᠭᠡᠨ ᠬᠠᠸᠯᠢ ᠶᠢ ᠵᠥᠷᠢᠴᠡᠭᠰᠡᠨ ᠪᠣᠳᠠᠲᠤ ᠶᠠᠪᠤᠳᠠᠯ ᠤᠨ ᠲᠤᠬᠠᠶ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦ ᠵᠠᠰᠠᠭ ᠵᠠᠬᠢᠷᠭᠠᠨ ᠤ ᠵᠠᠷᠭᠤ ᠶᠢᠨ ᠡᠮᠦᠨᠡᠬᠢ ᠰᠠᠨᠠᠭᠤᠯᠭ᠎ᠠ ᠭᠠᠷᠭᠠᠵᠤ ᠪᠣᠯᠬᠤ ᠦᠭᠡᠢ᠂ ᠡᠰᠡᠪᠡᠯ ᠢᠷᠭᠡᠨ ᠦ ᠬᠡᠷᠡᠭ ᠦᠨ ᠨᠡᠢᠢᠲᠡ ᠶᠢᠨ ᠠᠰᠢᠭᠲᠤ ᠵᠠᠷᠭᠤ ᠶᠢ ᠪᠡᠶᠡᠯᠡᠭᠦᠯᠵᠦ ᠲᠡᠢᠯᠬᠦ ᠦᠭᠡᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ 
    ᠪᠠᠶᠢᠴᠠᠭᠠᠬᠤ ᠪᠠᠶᠢᠭᠤᠯᠭ᠎ᠠ ᠪᠣᠯᠤᠨ ᠠᠵᠤ ᠠᠬᠤᠶᠢᠯᠠᠯ ᠨᠢ ᠡᠰᠡᠷᠭᠦᠴᠡᠯᠳᠦᠬᠦ ᠬᠠᠷᠢᠴᠠᠭ᠎ᠠ ᠲᠠᠢ ᠪᠢᠰᠢ ᠶᠤᠮ᠂ ᠲᠤᠰ ᠬᠡᠷᠡᠭ ᠲᠦ ᠂ ᠠᠵᠤ ᠠᠬᠤᠶᠢᠯᠠᠯ ᠨᠢ ᠪᠡᠯᠡ ᠣᠷᠣᠭᠤᠯᠤᠯᠲᠠ ᠪᠡᠷ ᠲᠡᠰ ᠳᠡᠪᠰᠢᠭᠦᠯᠦᠨ ᠥᠭᠡᠷᠡᠴᠢᠯᠡᠬᠦ ᠪᠡᠷ ᠳᠠᠮᠵᠢᠭᠤᠯᠤᠨ ᠪᠠᠰᠠ ᠤᠯᠤᠰ ᠠᠴᠠ ᠲᠤᠰᠬᠠᠶ ᠠᠰᠢᠭ ᠢ ᠭᠤᠶᠤᠴᠢᠯᠠᠵᠤ᠂ ᠠᠵᠢᠯ ᠲᠥᠷᠥᠯ ᠤᠨ ᠣᠷᠴᠢᠨ ᠲᠣᠭᠣᠷᠢᠨ  ᠢ ᠵᠠᠰᠠᠬᠤ ᠪᠡᠷᠬᠡ ᠰᠡᠳᠦᠪ ᠢ ᠰᠢᠶᠳᠪᠦᠷᠢᠯᠡᠨ᠂ ᠣᠷᠴᠢᠨ ᠲᠣᠭᠣᠷᠢᠨ ᠦ ᠪᠣᠬᠢᠷᠲᠤᠯ ᠢ ᠰᠢᠶᠳᠪᠦᠷᠢᠯᠡᠵᠦ᠂ ᠠᠵᠤ ᠠᠬᠤᠶᠢᠯᠠᠯ ᠤᠨ ᠰᠢᠯᠢᠳᠡᠭᠵᠢᠨ ᠲᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠬᠠᠮᠲᠤ ᠪᠠᠷ ᠠᠰᠢᠭ ᠬᠦᠷᠲᠡᠭᠰᠡᠨ ᠪᠠᠶᠢᠨ᠎ᠠ᠃ 
      ᠳᠠᠭᠠᠯᠳᠤᠭᠤᠯᠤᠯ᠄ 26 ᠬᠤᠪᠢ ᠨᠡᠢᠢᠲᠡ ᠶᠢᠨ ᠠᠰᠢᠭᠲᠤ ᠵᠠᠷᠭᠤ ᠶᠢᠨ ᠨᠡᠶᠢᠲᠡᠯᠢᠭ ᠬᠡᠷᠡᠭ ᠦᠨ ᠵᠢᠱᠢᠶ᠎ᠡ ᠶᠢᠨ ᠭᠠᠷᠴᠠᠭ 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro