ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠯᠢ ᠴᠢ ᠯᠢᠨ᠄ ᠠᠮᠢ ᠠᠬᠤᠶ ᠣᠷᠴᠢᠨ ᠲᠣᠭᠣᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠪᠠᠢᠴᠠᠭᠠᠬᠤ ᠵᠠᠭᠪᠤᠷ  ᠢ ᠪᠠᠢᠭᠤᠯᠤᠨ᠎ᠠ

2019-10-28 15:48:13
ᠵᠣᠬᠢᠶᠠᠭᠴᠢ
ᠭᠡᠭᠡᠷᠡᠯ

1.jpg

 10 ᠰᠠᠷ᠎ᠠ ᠶᠢᠨ 10  ᠦ ᠡᠳᠦᠷ᠂ ︽ᠬᠠᠸᠯᠢ ᠳᠦᠷᠢᠮ  ᠦᠨ ᠡᠳᠦᠷ ᠦᠨ ᠰᠣᠨᠢᠨ︾ ᠦ 5 ᠳ᠋ᠤᠭᠠᠷ ᠨᠢᠭᠤᠷ᠄ ᠠᠮᠢ ᠠᠬᠤᠶ ᠣᠷᠴᠢᠨ ᠲᠣᠭᠣᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠪᠠᠢᠴᠠᠭᠠᠬᠤ ᠵᠠᠭᠪᠤᠷ  ᠢ ᠪᠠᠢᠭᠤᠯᠤᠨ᠎ᠠ 

2.jpg

ᠯᠢ ᠴᠢ ᠯᠢᠨ  ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ 

ᠥᠪᠥᠷ ᠮᠣᠩᠭᠣᠯ ᠡᠬᠡ ᠤᠯᠤᠰ  ᠤᠨ ᠤᠮᠠᠷᠠᠲᠤ ᠬᠢᠯᠢ ᠳᠤ ᠪᠠᠢᠷᠠᠯᠠᠵᠦ᠂ ᠨᠤᠲᠤᠭ ᠳᠡᠪᠢᠰᠬᠡᠷ ᠥᠷᠭᠡᠨ ᠠᠭᠤᠳᠠᠮ᠂ ᠠᠮᠢ ᠠᠬᠤᠶ ᠣᠯᠠᠨ ᠶᠠᠩᠵᠤ ᠶᠢᠨ ᠪᠠᠶᠢᠵᠤ᠂ ᠮᠠᠨ ᠤ ᠤᠯᠤᠰ ᠠᠴᠠ ᠤᠮᠠᠷᠠᠲᠤ ᠣᠷᠣᠨ ᠤ ᠲᠠᠯᠠᠪᠠᠢ ᠪᠠᠷ ᠬᠠᠮᠤᠭ ᠤᠨ ᠶᠡᠬᠡ ᠂ ᠲᠥᠷᠥᠯ ᠵᠦᠶᠯ ᠢᠶᠡᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠪᠠᠶᠢᠵᠤ᠂ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ ᠪᠠᠶᠳᠠᠭ᠃ ᠭᠡᠪᠡᠴᠦ ᠡᠭᠦᠨ ᠦ ᠬᠠᠮᠲᠤ᠂ ᠥᠪᠥᠷ ᠮᠣᠩᠭᠣᠯ ᠤᠨ ᠪᠠᠶᠢᠭᠠᠯᠢ ᠶᠢᠨ ᠠᠮᠢ ᠠᠬᠤᠶ ᠬᠡᠪᠡᠷᠡᠭ᠂ ᠣᠷᠴᠢᠨ ᠲᠣᠭᠣᠷᠢᠨ ᠤ ᠳᠠᠭᠠᠭᠠᠴᠠ ᠠᠨᠠᠶ᠂ ᠠᠵᠤ ᠦᠢᠯᠡᠰ ᠦᠨ ᠪᠦᠲᠦᠴᠡ ᠶᠢᠨ ᠬᠦᠨᠳᠦ ᠬᠡᠯᠪᠡᠷᠢᠵᠢᠭᠰᠡᠨ ᠣᠨᠴᠠᠯᠢᠭ ᠢᠯᠡᠷᠬᠡᠶ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠶ ᠣᠷᠴᠢᠨ ᠲᠣᠭᠣᠷᠢᠨ ᠢ ᠬᠠᠮᠠᠭᠠᠯᠠᠬᠤ ᠵᠥᠷᠢᠴᠡᠯ ᠲᠣᠪᠣᠢᠮ᠎ᠠ ᠪᠠᠶᠢᠨ᠎ᠠ᠃ 
    ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠣᠯ ᠤᠨ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠲᠡᠭᠡᠲᠦ ᠬᠡᠮᠵᠢᠶ᠎ᠡ ᠪᠡᠷ ᠴᠢᠬᠤᠯᠠᠴᠢᠯᠠᠵᠤ᠂ ᠥᠪᠥᠷ ᠮᠣᠩᠭᠣᠯ ᠢ ︽ᠡᠬᠡ ᠤᠯᠤᠰ  ᠦᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ︾᠂ ︽ᠠᠮᠢ ᠠᠬᠤᠶ ᠶᠢ ᠲᠡᠷᠢᠭᠦᠯᠡᠭᠦᠯᠤᠭ᠍ᠰᠡᠨ᠂ ᠪᠣᠬᠢᠷᠲᠤᠯ ᠥᠬᠡᠶ ᠬᠥᠭᠵᠢᠯᠲᠡ ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠬᠡᠷᠡᠭᠲᠡᠶ︾᠂ ︽ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠳᠤᠮᠳᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ︾᠂ ︽ᠥᠪᠥᠷ ᠮᠣᠩᠭᠣᠯ ᠤᠨ ᠡᠨᠡ ᠬᠦ ᠨᠣᠮᠢᠨ ᠨᠣᠭᠣᠭᠠᠨ᠂ ᠡᠨᠡ ᠬᠦ ᠬᠥᠬᠡᠮᠳᠦᠭ ᠴᠡᠩᠬᠡᠷ᠂ ᠡᠨᠡ ᠬᠦ ᠠᠷᠢᠭᠤᠨ ᠴᠡᠪᠡᠷ ᠢ ᠡᠷᠡᠰ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ︾ ᠭᠡᠵᠦ ᠱᠠᠭᠠᠷᠳᠠᠪᠠ᠃ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠣᠷᠣᠨ ᠤ ᠪᠠᠶᠢᠳᠠᠯ ᠳᠠᠭᠠᠨ ᠰᠠᠭᠤᠷᠢᠯᠠᠨ᠂ ᠡᠭᠦᠷᠭᠡ ᠴᠢᠳᠠᠪᠤᠷᠢ ᠳᠠᠭᠠᠨ ᠰᠠᠭᠤᠷᠢᠯᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠦ ᠦᠶᠯᠡᠴᠢᠯᠡᠬᠦ᠂ ᠠᠮᠢ ᠠᠬᠤᠶ ᠣᠷᠴᠢᠨ ᠲᠣᠭᠣᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠬᠤ ᠰᠢᠨ᠎ᠡ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠶᠢᠨ ᠥᠪᠥᠷ ᠮᠣᠩᠭᠣᠯ ᠤᠨ ᠪᠠᠶᠢᠴᠠᠭᠠᠬᠤ ᠵᠠᠭᠪᠤᠷ ᠢ  ᠴᠢᠷᠮᠠᠶᠢᠨ ᠪᠠᠶᠢᠭᠤᠯᠪᠠ ᠃ 

ᠰᠢ ᠶᠢᠨ ᠫᠢᠩ ᠦᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠠᠮᠢ ᠠᠬᠤᠢ ᠶᠢᠨ ᠣᠷᠴᠢᠨ ᠲᠣᠭᠣᠷᠢᠨ ᠤ ᠪᠠᠢᠴᠠᠭᠠᠬᠤ ᠠᠵᠢᠯ  ᠤᠨ ᠦᠨᠳᠦᠰᠦᠨ ᠵᠢᠷᠤᠮᠯᠠᠯ ᠪᠣᠯᠭᠠᠪᠠ 
   ᠶᠡᠷᠦᠩᠬᠡᠶ ᠱᠦᠵᠢ ᠰᠢ ᠶᠢᠨ ᠫᠢᠩ ᠦᠨ ︽ᠬᠣᠶᠠᠷ ᠰᠡᠷᠭᠡᠭ ᠲᠠᠨᠢᠯᠲᠠ︾ ᠵᠢᠨ ᠲᠤᠬᠠᠶ ᠭᠦᠨᠵᠡᠭᠡᠶ ᠥᠭᠦᠯᠡᠯᠲᠡ᠂ ︽ᠠᠮᠢ ᠠᠬᠤᠶ ᠮᠠᠨᠳᠤᠪᠠᠯ ᠪᠣᠯᠪᠠᠰᠤᠨ ᠮᠠᠨᠳᠤᠵᠤ᠂ ᠠᠮᠢ ᠠᠬᠤᠶ ᠮᠠᠭᠤᠳᠠᠪᠠᠯ ᠪᠣᠯᠪᠠᠰᠤᠨ ᠳᠣᠷᠣᠢᠲᠠᠨ᠎ᠠ︾ ᠭᠡᠬᠦ ᠰᠢᠨᠵᠢᠯᠡᠬᠦ ᠤᠬᠠᠭᠠᠨᠴᠢ ᠥᠭᠦᠯᠡᠯᠲᠡ᠂ ︽ᠬᠦᠬᠡ ᠤᠰᠤ ᠬᠦᠬᠡᠮᠳᠦᠭ ᠠᠭᠤᠯᠠ ᠪᠣᠯ ᠠᠯᠲᠠ ᠮᠦᠩᠭᠦᠨ ᠠᠭᠤᠯᠠ ᠮᠦᠨ︾ ᠭᠡᠬᠦ ᠲᠦᠷᠰᠦᠯᠢᠭ ᠵᠦᠢᠷᠯᠡᠯ᠂ ︽ᠠᠮᠢ ᠠᠬᠤᠶ ᠣᠷᠴᠢᠨ ᠲᠣᠭᠣᠷᠢᠨ ᠢ ᠬᠠᠮᠠᠭᠠᠯᠠᠬᠤ ᠪᠣᠯ ᠦᠶᠯᠡᠳᠪᠦᠷᠢᠯᠡᠯ ᠦᠨ ᠬᠦᠴᠦᠨ ᠢ ᠬᠠᠮᠠᠭᠠᠯᠠᠵᠤ ᠪᠠᠶᠭ᠎ᠠ ᠶᠠᠪᠤᠳᠠᠯ ᠪᠣᠯᠤᠨ᠎ᠠ᠃ ᠠᠮᠢ ᠠᠬᠤᠶ ᠣᠷᠴᠢᠨ ᠲᠣᠭᠣᠷᠢᠨ ᠢ ᠰᠠᠶᠢᠵᠢᠷᠠᠭᠤᠯᠬᠤ ᠪᠣᠯ ᠦᠶᠯᠡᠳᠪᠦᠷᠢᠯᠡᠯ ᠦᠨ ᠬᠦᠴᠦᠨ ᠢ ᠬᠥᠭᠵᠢᠭᠦᠯᠬᠦ ᠶᠠᠪᠤᠳᠠᠯ ᠮᠥᠨ︾ ᠭᠡᠬᠦ ᠭᠦᠨ ᠤᠬᠠᠭᠠᠨ ᠤ ᠣᠨᠣᠯ᠂ ︽ᠠᠮᠢ ᠠᠬᠤᠶ ᠣᠷᠴᠢᠨ ᠲᠣᠭᠣᠷᠢᠨ ᠢ ᠬᠠᠮᠠᠭᠠᠯᠠᠬᠤ ᠳᠤ ᠡᠷᠬᠡᠪᠰᠢ ᠳᠦᠷᠢᠮ ᠳᠦ ᠲᠦᠰᠢᠭᠯᠡᠵᠦ᠂ ᠬᠠᠸᠯᠢ ᠪᠠᠷ ᠵᠠᠰᠠᠬᠤ ᠳᠤ ᠲᠦᠰᠢᠭᠯᠡᠬᠦ ᠬᠡᠷᠡᠭᠲᠡᠶ︾ ᠭᠡᠬᠦ ᠲᠥᠷᠥ ᠪᠠᠷᠢᠬᠤ ᠣᠶᠢᠯᠠᠭᠠᠭᠳᠠᠬᠤᠨ ᠵᠡᠷᠭᠡ ᠠᠯᠢ ᠣᠯᠠᠨ ᠠᠯᠳᠠᠷᠲᠤ ᠨᠤᠲᠠᠯᠠᠯᠲᠠ ᠪᠣᠯ ᠮᠠᠷᠺᠰ ᠪᠣᠯᠤᠨ ᠬᠤᠪᠢᠰᠤᠩᠭᠤᠶ ᠪᠣᠳᠠᠰᠴᠢ ᠦᠵᠡᠯ  ᠤᠨ  ᠲᠤᠬᠠᠶ ᠭᠦᠨᠵᠡᠭᠡᠶ ᠲᠠᠶᠢᠯᠤᠮᠵᠢ ᠪᠣᠯᠤᠨ᠎ᠠ᠂ ᠮᠠᠨ ᠤ ᠤᠯᠤᠰ  ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠬᠡ ᠦᠵᠡᠯ ᠰᠠᠨᠠᠭᠠᠨ ᠤ ᠵᠡᠪᠰᠡᠭ ᠪᠣᠯᠤᠨ᠎ᠠ᠂ ᠥᠪᠥᠷ ᠮᠣᠩᠭᠣᠯ ᠤᠨ ᠠᠵᠤ ᠠᠬᠤᠶ ᠨᠡᠢᠭᠡᠮ ᠦᠨ ᠬᠥᠭᠵᠢᠯᠲᠡ ᠪᠣᠯᠤᠨ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ  ᠲᠥᠯᠥᠪᠵᠢᠭᠦᠯᠦᠨ ᠠᠬᠢᠭᠤᠯᠬᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠪᠣᠯᠤᠨ᠎ᠠ᠃ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠦᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠶᠡᠷᠦᠩᠬᠡᠶ ᠱᠦᠵᠢ ᠶᠢᠨ ᠨᠠᠨᠳᠢᠨ ᠨᠠᠢᠳᠠᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠲᠥᠷᠥ ᠶᠢ ᠡᠷᠬᠢᠮᠯᠡᠵᠦ᠂ ᠬᠠᠸᠯᠢ ᠪᠠᠷ ᠵᠠᠰᠠᠬᠤ ᠶᠢ ᠡᠷᠬᠢᠮᠯᠡᠵᠦ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠪᠣᠬᠢᠷᠲᠤᠯ ᠥᠬᠡᠶ ᠥᠪᠥᠷ ᠮᠣᠩᠭᠣᠯ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠸ ᠶᠢᠨ ᠬᠡᠷᠡᠭ᠂ ᠢᠷᠭᠡᠨ ᠦ ᠬᠡᠷᠡᠭ᠂ ᠵᠠᠰᠠᠭ ᠵᠠᠬᠢᠷᠭ᠎ᠠ᠂ ᠨᠡᠢᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠳᠤ ᠪᠥᠬᠥ ᠲᠠᠯ᠎ᠠ ᠪᠠᠷ ᠬᠦᠴᠦᠯᠡᠵᠦ᠂ ︽ᠡᠬᠡ ᠤᠯᠤᠰ  ᠦᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠬᠠᠮᠠᠭᠠᠯᠠᠬᠤ︾ ᠵᠡᠷᠭᠡ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠦ ᠬᠦᠴᠦᠨ ᠨᠡᠮᠡᠷᠢᠯᠡᠵᠦ᠂ ᠡᠬᠡ ᠤᠯᠤᠰ  ᠦᠨ ᠤᠮᠠᠷᠠᠲᠤ ᠶᠢᠨ ᠨᠠᠩ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠨᠠᠩ ᠬᠦᠴᠦᠲᠡᠶ ᠬᠠᠸᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ 

 ︽ᠠᠷᠠᠳ ᠲᠦᠮᠡᠨ ᠢᠶᠡᠷ ᠭᠣᠸᠯ ᠪᠣᠯᠭᠠᠬᠤ︾ ᠵᠢ ᠠᠮᠢ ᠠᠬᠤᠢ ᠶᠢᠨ ᠣᠷᠴᠢᠨ ᠲᠣᠭᠣᠷᠢᠨ ᠤ ᠪᠠᠢᠴᠠᠭᠠᠬᠤ ᠠᠵᠢᠯ  ᠦᠨ ᠥᠷᠲᠡᠭ ᠦᠨ ᠬᠥᠭᠡᠭᠡᠴᠡᠯᠳᠦᠯ ᠪᠣᠯᠭᠠᠪᠠ 
    ᠪᠠᠢᠴᠠᠭᠠᠬᠤ ᠪᠠᠢᠭᠤᠯᠭ᠎ᠠ ᠶᠢᠨ ᠬᠢᠨ ᠠᠷᠠᠳ ᠲᠦᠮᠡᠨ ᠢᠶᠡᠷ ᠭᠣᠸᠯ ᠪᠣᠯᠭᠠᠭᠰᠠᠨ ᠠᠮᠢ ᠠᠬᠤᠶ ᠣᠷᠴᠢᠨ ᠲᠣᠭᠣᠷᠢᠨ ᠤ ᠪᠠᠢᠴᠠᠭᠠᠬᠤ ᠠᠵᠢᠯ  ᠤᠨ ᠤᠨᠤᠯᠵᠢᠬᠤᠨ ᠢ ᠪᠠᠲᠤ ᠪᠣᠶ ᠪᠣᠯᠭᠠᠵᠤ᠂ ᠥᠪᠥᠷ ᠮᠣᠩᠭᠣᠯ ᠤᠨ ᠪᠠᠢᠴᠠᠭᠠᠬᠤ ᠪᠠᠢᠭᠤᠯᠭ᠎ᠠ ᠶᠢᠨ  ᠬᠢᠨ ᠡᠷᠡᠭᠦᠸ ᠶᠢᠨ ᠬᠡᠷᠡᠭ᠂ ᠢᠷᠭᠡᠨ ᠦ ᠬᠡᠷᠡᠭ᠂ ᠵᠠᠰᠠᠭ ᠵᠠᠬᠢᠷᠭᠠᠨ ᠤ ᠬᠡᠷᠡᠭ᠂ ᠨᠡᠢᠢᠲᠡ ᠶᠢᠨ ᠠᠰᠢᠭᠲᠤ ᠵᠠᠷᠭᠤ ᠶᠢᠨ ︽ᠳᠥᠷᠪᠡᠨ ᠶᠡᠬᠡ ᠪᠠᠢᠴᠠᠭᠠᠬᠤ︾ ᠶᠢᠨ ᠡᠭᠦᠷᠭᠡ ᠴᠢᠳᠠᠪᠬᠢ ᠵᠢ ᠭᠦᠶᠴᠡᠳ ᠪᠠᠳᠠᠷᠠᠭᠤᠯᠵᠤ᠂ ᠠᠷᠠᠳ ᠣᠯᠠᠨ ᠳᠤ ᠨᠠᠩ ᠣᠯᠠᠨ ᠴᠢᠨᠠᠷ ᠰᠠᠶᠢᠲᠠᠶ ᠠᠮᠢ ᠠᠬᠤᠶ ᠶᠢᠨ ᠣᠷᠴᠢᠨ ᠲᠣᠭᠣᠷᠢᠨ ᠤ ᠬᠦᠷᠢᠶᠡᠨ ᠦ ᠪᠠᠢᠴᠠᠭᠠᠬᠤ ᠪᠦᠲᠦᠭᠡᠭᠳᠡᠬᠦᠨ ᠢ ᠬᠠᠩᠭᠠᠬᠤ ᠬᠡᠷᠡᠭᠲᠡᠶ᠃ 5 ᠵᠢᠯ ᠦᠨ ᠲᠤᠷᠰᠢ ᠣᠷᠴᠢᠨ ᠲᠤᠭᠤᠷᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠬᠢᠭᠰᠡᠨ ᠨᠡᠶᠢᠲᠡ 7152 ᠬᠥᠮᠦᠨ ᠢ ᠵᠠᠭᠠᠯᠳᠤᠵᠤ᠂ ᠠᠮᠢ ᠠᠬᠤᠢ ᠶᠢᠨ ᠣᠷᠴᠢᠨ ᠲᠤᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠬᠦᠷᠢᠶᠡᠨ ᠳᠡᠬᠢ ᠨᠡᠢᠢᠲᠡ ᠶᠢᠨ ᠠᠰᠢᠭᠲᠤ ᠵᠠᠷᠭᠤ ᠶᠢᠨ ᠬᠡᠷᠡᠭ ᠢ 6749 ᠬᠡᠷᠡᠭ ᠪᠣᠯᠭᠠᠨ ᠰᠢᠶᠳᠪᠦᠷᠢᠯᠡᠭᠡᠳ᠂ ᠠᠷᠠᠳ ᠣᠯᠠᠨ ᠤ ᠲᠤᠰᠬᠠᠯ ᠶᠡᠬᠡᠲᠡᠶ ᠨᠢᠭᠡ ᠪᠦᠯᠦᠭ ᠠᠮᠢ ᠠᠬᠤᠢ ᠶᠢᠨ ᠣᠷᠴᠢᠨ ᠲᠤᠭᠤᠷᠢᠨ ᠦ ᠲᠣᠪᠣᠢᠮ᠎ᠠ ᠠᠰᠠᠭᠤᠳᠠᠯ ᠢ ᠰᠢᠶᠳᠪᠦᠷᠢᠯᠡᠬᠦ ᠶᠢ ᠲᠦᠯᠬᠢᠨ ᠠᠬᠢᠭᠤᠯᠪᠠ᠃ ᠣᠯᠠᠨ ᠨᠡᠢᠢᠲᠡ ᠶᠢ ᠶᠡᠬᠡ ᠪᠡᠷ ᠳᠠᠶᠢᠴᠢᠯᠠᠨ ᠠᠮᠢ ᠠᠬᠤᠢ ᠶᠢᠨ ᠣᠷᠴᠢᠨ ᠲᠤᠭᠤᠷᠢᠨ ᠤ ᠪᠠᠶᠢᠴᠠᠭᠠᠬᠤ ᠭᠤᠭᠴᠤᠭ᠎ᠠ ᠳᠤ ᠣᠷᠣᠯᠴᠠᠭᠤᠯᠵᠤ᠂ ᠠᠮᠢ ᠠᠬᠤᠢ ᠶᠢᠨ ᠬᠣᠬᠢᠷᠠᠯ ᠳᠤ ᠤᠴᠠᠷᠠᠭᠰᠠᠨ ᠪᠤᠶᠤ ᠣᠷᠴᠢᠨ ᠲᠤᠭᠤᠷᠢᠨ ᠤ ᠪᠣᠬᠢᠷᠲᠤᠯ ᠤᠨ ᠬᠡᠮᠵᠢᠶ᠎ᠡ ᠬᠦᠨᠳᠦ ᠨᠣᠴᠢᠲᠠᠶ᠂ ᠨᠡᠶᠢᠭᠡᠮ ᠦᠨ ᠠᠩᠬᠠᠷᠤᠯ ᠶᠡᠬᠡᠲᠡᠶ ᠬᠡᠷᠡᠭ ᠲᠦ ᠠᠷᠠᠳ ᠤᠨ ᠬᠢᠨᠠᠯᠲᠠ ᠲᠠᠯᠪᠢᠭᠴᠢ ᠬᠢᠨᠠᠯᠲᠠ ᠲᠠᠯᠪᠢᠵᠦ ᠰᠢᠭᠦᠯᠲᠡ ᠳᠦ ᠤᠷᠤᠯᠴᠠᠨ ᠠᠯᠪᠠᠨ ᠵᠠᠭᠠᠯᠳᠤᠯᠭ᠎ᠠ ᠬᠢᠬᠦ ᠂ ᠬᠡᠷᠡᠭ ᠦᠨ ᠭᠡᠷᠡᠴᠢᠯᠡᠭᠡ ᠰᠣᠨᠣᠰᠬᠤ ᠪᠠ ᠲᠢᠩᠬᠢᠮ ᠨᠡᠭᠡᠭᠡᠵᠦ ᠰᠢᠭᠦᠬᠦ ᠳᠦ ᠣᠷᠣᠯᠴᠠᠬᠤ ᠶᠢ ᠬᠡᠷᠡᠭᠵᠢᠭᠦᠯᠪᠡ᠃ ᠨᠡᠢᠢᠲᠡ ᠶᠢᠨ ᠠᠰᠢᠭᠲᠤ ᠵᠠᠷᠭᠤ ᠶᠢ ᠪᠦᠬᠦ ᠲᠠᠯ᠎ᠠ ᠪᠠᠷ ᠥᠷᠨᠢᠭᠦᠯᠦᠭᠰᠡᠨ ᠡᠴᠡ ᠨᠠᠭᠠᠰᠢ᠂ ᠪᠦᠬᠦ ᠣᠷᠣᠨ ᠤ ᠠᠶᠢᠮᠠᠭ ᠬᠣᠲᠠ ᠬᠣᠰᠢᠭᠤ ᠰᠢᠶᠠᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠨᠡᠢᠢᠲᠡ ᠶᠢᠨ ᠠᠰᠢᠭᠲᠤ ᠵᠠᠷᠭᠤ ᠶᠢᠨ ᠠᠵᠢᠯ ᠢ 78 ᠤᠳᠠᠭ᠎ᠠ ᠲᠤᠰᠬᠠᠶ ᠰᠡᠳᠦᠪ ᠢᠶᠡᠷ ᠪᠠᠶᠢᠴᠠᠭᠠᠨ ᠰᠤᠳᠤᠯᠵᠤ᠂ ᠡᠯ᠎ᠡ ᠱᠠᠲᠤᠨ ᠤ ᠪᠠᠶᠢᠴᠠᠭᠠᠬᠤ ᠬᠣᠷᠢᠶ᠎ᠠ ᠶᠢᠨ ᠨᠡᠢᠢᠲᠡ ᠶᠢᠨ ᠠᠰᠢᠭᠲᠤ ᠵᠠᠷᠭᠤ ᠶᠢᠨ ᠲᠤᠰᠬᠠᠶ ᠰᠡᠳᠦᠪᠲᠦ ᠮᠡᠳᠡᠭᠦᠯᠦᠯᠲᠡ ᠶᠢ 92 ᠤᠳᠠᠭ᠎ᠠ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠨᠡᠢᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠴᠢᠩᠭᠠᠳᠬᠠᠬᠤ ᠲᠤᠬᠠᠶ ᠲᠣᠭᠲᠠᠭᠠᠯ ᠭᠠᠷᠭᠠᠪᠠ᠃ ᠠᠮᠢ ᠠᠬᠤᠢ ᠶᠢᠨ ᠣᠷᠴᠢᠨ ᠨᠥᠬᠥᠴᠡᠯ ᠦᠨ ᠬᠦᠷᠢᠶᠡᠨ ᠳᠡᠬᠢ ᠬᠡᠷᠡᠭ ᠢ ᠪᠠᠶᠢᠴᠠᠭᠠᠬᠤ ᠪᠣᠳᠠᠲᠤ ᠴᠣᠭᠴᠠ ᠪᠠ ᠵᠢᠷᠤᠮ ᠤᠨ ᠪᠢᠴᠢᠭ ᠬᠠᠷ᠎ᠠ ᠶᠢ ᠪᠦᠬᠦᠨ ᠢ ᠢᠯᠡ ᠪᠣᠯᠭᠠᠬᠤ ᠶᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ᠂ ᠠᠷᠠᠳ ᠣᠯᠠᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃

ᠴᠢᠨᠠᠷ ᠰᠠᠶᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠣᠷᠭᠠᠨᠢᠭ ᠨᠢᠭᠡᠳᠦᠯ ᠢ ᠠᠮᠢ ᠠᠬᠤᠶ ᠶᠢᠨ ᠣᠷᠴᠢᠨ ᠲᠣᠭᠣᠷᠢᠨ ᠤ ᠪᠠᠢᠴᠠᠭᠠᠬᠤ ᠠᠵᠢᠯ  ᠤᠨ ᠦᠨᠳᠦᠰᠦᠨ ᠪᠠᠶᠢᠷᠢ ᠲᠣᠭᠲᠠᠭᠠᠯᠲᠠ ᠪᠣᠯᠭᠠᠶ᠎ᠠ 
    ᠶᠡᠷᠦᠩᠬᠡᠶ ᠱᠦᠵᠢ ᠰᠢ ᠶᠢᠨ ᠫᠢᠩ᠂ ᠬᠥᠭᠵᠢᠯᠲᠡ ᠨᠢ ᠡᠷᠬᠡᠪᠰᠢ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠪᠠᠶᠬᠤ ᠬᠡᠷᠡᠭᠲᠡᠶ ᠭᠡᠵᠦ ᠭᠦᠨᠵᠡᠭᠡᠶ ᠵᠢᠭᠠᠵᠤ ᠭᠠᠷᠭᠠᠪᠠ᠃ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠪᠣᠯᠤᠨ ᠠᠮᠢ ᠠᠬᠤᠢ ᠶᠢᠨ ᠣᠷᠴᠢᠨ ᠲᠣᠭᠣᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯ ᠬᠠᠷᠢᠯᠴᠠᠨ ᠠᠬᠢᠭᠤᠯᠬᠤ ᠨᠢᠭᠡᠳᠦᠮᠡᠯ ᠴᠣᠭᠴᠠ ᠪᠣᠯᠤᠨ᠎ᠠ᠃ ᠥᠪᠥᠷ ᠮᠣᠩᠭᠣᠯ ᠤᠨ ᠪᠠᠢᠴᠠᠭᠠᠬᠤ ᠪᠠᠢᠭᠤᠯᠭ᠎ᠠ ᠠᠵᠤ ᠠᠬᠤᠢ ᠶᠢᠨ ᠪᠦᠲᠦᠭᠡᠨ ᠪᠠᠢᠭᠤᠯᠤᠯᠲᠠ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠬᠣᠸᠰ ᠢᠯᠠᠯᠳᠠ ᠪᠠᠷ ᠬᠦᠴᠦᠯᠡᠴᠡ ᠶᠢᠨ ᠴᠡᠭ ᠢᠶᠡᠨ  ᠪᠣᠯᠭᠠᠵᠤ᠂ ᠤᠢᠷ᠎ᠠ ᠶᠢᠨ ᠵᠢᠯ ᠦᠨ ᠲᠤᠷᠰᠢ ︽ ᠡᠬᠡ ᠤᠯᠤᠰ  ᠦᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠬᠠᠮᠠᠭᠠᠯᠠᠬᠤ︾ ᠂ ︽ ᠭᠠᠷ ᠬᠣᠯᠪᠣᠨ ᠳᠥᠷᠪᠡᠨ ᠰᠠᠮᠠᠭᠤᠨ ᠢ ᠠᠷᠢᠯᠭᠠᠬᠤ ᠂ ᠬᠠᠳᠤᠨ ᠭᠣᠸᠯ ᠢ ᠬᠠᠮᠠᠭᠠᠯᠠᠬᠤ︾ ᠵᠡᠷᠭᠡ ᠲᠤᠰᠬᠠᠶ ᠠᠵᠢᠯᠯᠠᠭ᠎ᠠ ᠶᠢ ᠵᠠᠯᠭᠠᠭ᠎ᠠ ᠪᠠᠷ ᠪᠠᠶᠢᠷᠢᠯᠠᠭᠤᠯᠤᠨ ᠥᠷᠨᠢᠭᠦᠯᠵᠦ᠂ ︽ᠨᠢᠭᠡ ᠨᠠᠭᠤᠷ ᠬᠣᠶᠠᠷ ᠲᠠᠩᠭᠢᠰ︾ ᠢ ᠶᠡᠷᠦᠩᠬᠡᠶᠢᠯᠡᠨ ᠵᠠᠰᠠᠬᠤ ᠳᠤ ᠭᠦᠨᠵᠡᠭᠡᠶ ᠣᠷᠣᠯᠴᠠᠵᠤ᠂ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠠ᠃ ᠰᠢᠰᠲ᠋ᠧᠮᠲᠦ ᠰᠡᠳᠬᠢᠬᠦᠶ ᠪᠡᠨ ᠴᠢᠩᠭᠠᠳᠬᠠᠵᠤ᠂ ︽ᠬᠤᠤᠰ ᠢᠯᠠᠯᠲᠠ ᠣᠯᠠᠨ ᠢᠯᠠᠯᠲᠠ ᠬᠠᠮᠲᠤ  ᠶᠢᠨ ᠢᠯᠠᠯᠲᠠ︾ ᠪᠠ ︽ᠵᠠᠷᠭᠤ ᠬᠢᠬᠦ ᠪᠣᠯ ᠬᠡᠷᠡᠭ ᠰᠢᠶᠳᠪᠦᠷᠢᠯᠡᠬᠦ ᠶᠠᠪᠤᠳᠠᠯ ᠮᠥᠨ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠰᠢᠪᠠᠳᠠᠬᠤ ᠪᠣᠯ ᠪᠠᠰᠠ ᠴᠤ ᠬᠡᠷᠡᠭ ᠰᠢᠶᠳᠪᠦᠷᠢᠯᠡᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠵᠦ᠂ ᠡᠯ᠎ᠡ ᠰᠠᠯᠠᠭ᠎ᠠ ᠮᠥᠴᠢᠷ ᠦᠨ ᠠᠮᠢ ᠠᠬᠤᠶ ᠶᠢ ᠬᠠᠮᠠᠭᠠᠯᠠᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠠᠸᠯᠢ ᠪᠠᠷ ᠵᠠᠰᠠᠬᠤ ᠠᠷᠭ᠎ᠠ ᠪᠠᠷᠢᠯ ᠢᠶᠠᠷ ᠨᠡᠢᠢᠲᠡ ᠶᠢᠨ ᠠᠰᠢᠭᠲᠤ ᠬᠠᠮᠠᠭᠠᠯᠠᠯᠲᠠ ᠶᠢᠨ ᠪᠡᠷᠬᠡ ᠰᠡᠳᠦᠪ ᠢ ᠬᠠᠪᠰᠤᠷᠤᠨ ᠰᠢᠶᠳᠪᠦᠷᠢᠯᠡᠵᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠦᠨ ᠡᠷᠡᠭᠦᠯ ᠢᠶᠡᠷ ᠬᠥᠭᠵᠢᠬᠦ ᠶᠢ ᠠᠬᠢᠭᠤᠯᠪᠠ᠃ ︽ ᠲᠤᠰᠬᠠᠶᠢᠵᠢᠭᠰᠠᠨ ᠬᠢᠨᠠᠯᠲᠠ ᠲᠠᠯᠪᠢᠬᠤ + ᠰᠡᠷᠭᠦᠭᠡᠯᠲᠡ ᠶᠢᠨ ᠴᠢᠨᠠᠷᠲᠠᠶ ᠬᠠᠸᠯᠢ ᠪᠠᠷᠢᠬᠤ + ᠨᠡᠶᠢᠭᠡᠮᠴᠢᠯᠡᠭᠰᠡᠨ ᠵᠠᠰᠠᠯᠲᠠ︾ ᠶᠢᠨ ᠠᠮᠢ ᠠᠬᠤᠢ ᠶᠢᠨ ᠪᠠᠶᠢᠴᠠᠭᠠᠬᠤ ᠵᠠᠭᠪᠤᠷ ᠢ ᠪᠠᠶᠢᠭᠤᠯᠬᠤ ᠶᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ᠂ ᠬᠠᠮᠤᠭ ᠪᠠᠭ᠎ᠠ ᠬᠠᠸᠯᠢ ᠪᠠᠷᠢᠬᠤ ᠣᠷᠣᠭᠤᠯᠤᠯᠲᠠ ᠪᠠᠷ ᠨᠡᠶᠢᠭᠡᠮ ᠦᠨ ᠬᠠᠮᠤᠭ ᠤᠨ ᠰᠠᠶᠢᠨ ᠦᠷ᠎ᠡ ᠪᠦᠲᠦᠮᠵᠢ ᠶᠢ ᠣᠯᠪᠠ᠃ 

ᠤᠨᠤᠴᠢᠳᠠᠢ ᠬᠢᠨᠠᠯᠲᠠ ᠲᠠᠯᠪᠢᠬᠤ ᠶᠢ ᠠᠮᠢ ᠠᠬᠤᠶ ᠶᠢᠨ ᠣᠷᠴᠢᠨ ᠲᠣᠭᠣᠷᠢᠨ ᠤ ᠪᠠᠢᠴᠠᠭᠠᠬᠤ ᠠᠵᠢᠯ  ᠤᠨ ᠳᠣᠲᠣᠭᠠᠳᠤ ᠱᠠᠭᠠᠷᠳᠠᠯᠭ᠎ᠠ ᠪᠣᠯᠭᠠᠪᠠ 
    ᠠᠮᠢ ᠠᠬᠤᠢ ᠶᠢᠨ ᠣᠷᠴᠢᠨ ᠲᠤᠭᠤᠷᠢᠨ ᠤ ᠪᠠᠶᠢᠴᠠᠭᠠᠬᠤ ᠠᠵᠢᠯ ᠳᠤ ᠬᠠᠸᠯᠢ ᠪᠠᠷ ᠵᠠᠰᠠᠬᠤ ᠰᠡᠳᠬᠢᠬᠦᠶ ᠪᠡᠨ ᠴᠢᠩᠭᠠᠳᠬᠠᠵᠤ᠂ ᠵᠣᠷᠢᠭᠲᠠᠶ ᠪᠠᠷ ᠬᠢᠨᠠᠯᠲᠠ ᠲᠠᠯᠪᠢᠬᠤ ᠪᠠᠷ ᠪᠠᠷᠠᠬᠤ ᠦᠭᠡᠢ ᠪᠠᠰᠠ ᠨᠠᠷᠢᠯᠢᠭ ᠣᠨᠣᠴᠠᠲᠠᠶ ᠪᠠᠷ ᠬᠢᠨᠠᠯᠲᠠ ᠲᠠᠯᠪᠢᠬᠤ ᠬᠡᠷᠡᠭᠲᠡᠶ᠃ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ︽ ᠳᠥᠷᠪᠡᠨ ᠶᠡᠬᠡ ᠪᠠᠶᠢᠴᠠᠭᠠᠬᠤ ︾ ᠡᠭᠦᠷᠭᠡ ᠴᠢᠳᠠᠪᠬᠢ  ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠤᠭᠤᠷᠢᠨ ᠤ ᠬᠦᠷᠢᠶᠡᠨ ᠳᠡᠬᠢ ᠡᠷᠡᠭᠦᠸ ᠶᠢᠨ ᠬᠡᠷᠡᠭ ᠬᠢᠭᠡᠳ ᠢᠷᠭᠡᠨ ᠦ ᠬᠡᠷᠡᠭ᠂ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢᠨ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠵᠤ ᠂ ᠨᠡᠢᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠬᠢᠭᠡᠳ ᠡᠷᠡᠭᠦᠸ ᠶᠢᠨ ᠬᠡᠷᠡᠭ᠂ ᠢᠷᠭᠡᠨ ᠦ ᠬᠡᠷᠡᠭ᠂ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠤ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠡᠷᠡᠭᠦᠸ ᠶᠢᠨ ᠬᠡᠷᠡᠭ᠂ ᠢᠷᠭᠡᠨ ᠦ ᠬᠡᠷᠡᠭ ᠪᠠ ᠵᠠᠰᠠᠭ ᠵᠠᠬᠢᠷᠭᠠᠨ ᠤ ᠵᠠᠷᠭᠤ ᠶᠢᠨ ᠠᠷᠭ᠎ᠠ ᠪᠠᠷᠢᠯ ᠢ ᠨᠢᠭᠡ ᠴᠣᠭᠴᠠᠵᠢᠭᠤᠯᠤᠭᠰᠠᠨ ᠨᠡᠢᠢᠲᠡ ᠶᠢᠨ ᠠᠰᠢᠭᠲᠤ ᠵᠠᠷᠭᠤ ᠶᠢᠨ ︽ᠨᠢᠭᠡ ᠴᠣᠭᠴᠠᠵᠢᠭᠰᠠᠨ︾ ᠬᠡᠷᠡᠭ ᠰᠢᠶᠳᠪᠦᠷᠢᠯᠡᠬᠦ ᠲᠣᠭᠲᠠᠴᠠ ᠶᠢ ᠪᠠᠶᠢᠭᠤᠯᠵᠤ᠂ ᠨᠡᠢᠢᠲᠡ ᠶᠢᠨ ᠠᠰᠢᠭᠲᠤ ᠬᠣᠬᠢᠷᠠᠯ ᠤᠨ ᠡᠷᠡᠭᠦᠸ ᠬᠦᠩᠭᠡᠷᠡᠬᠦ ᠬᠠᠨᠳᠤᠰᠢ ᠪᠠ ᠬᠣᠬᠢᠷᠠᠯ ᠤᠨ ᠰᠡᠷᠭᠦᠭᠡᠯᠲᠡ ᠤᠨ ᠥᠪᠡᠷ ᠦᠨ ᠥᠷᠲᠡᠭ  ᠥᠨᠳᠥᠷ  ᠤᠨ ᠬᠣᠭᠣᠷᠣᠨᠳᠣᠬᠢ ᠵᠥᠷᠢᠴᠡᠯ ᠢ ᠰᠢᠶᠳᠪᠦᠷᠢᠯᠡᠪᠡ᠃ ᠴᠢᠩᠭ᠎ᠠ ᠬᠢᠨᠠᠯᠲᠠ ᠲᠠᠯᠪᠢᠬᠤ ᠶᠢ ᠴᠢᠬᠤᠯᠠᠴᠢᠯᠠᠵᠤ᠂ ᠪᠠᠢᠴᠠᠭᠠᠨ ᠬᠠᠷᠭᠤᠭᠤᠯᠬᠤ ᠡᠷᠬᠡ ᠪᠡᠨ ᠢᠳᠡᠪᠬᠢᠲᠡᠢ ᠬᠡᠷᠡᠭᠵᠢᠭᠦᠯᠦᠨ᠂ ᠵᠠᠭᠠᠯᠳᠤᠯᠭ᠎ᠠ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠶᠢ ᠣᠨᠣᠪᠴᠢᠲᠠᠶ ᠳᠤᠷᠠᠳᠬᠤ ᠪᠠ ᠨᠡᠢᠢᠲᠡ ᠶᠢᠨ ᠠᠰᠢᠭᠲᠤ ᠵᠠᠭᠠᠯᠳᠤᠯᠭ᠎ᠠ ᠭᠠᠷᠭᠠᠬᠤ ᠶᠢ ᠵᠡᠷᠭᠡ ᠪᠡᠷ ᠴᠢᠬᠤᠯᠠᠴᠢᠯᠠᠵᠤ᠂ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠬᠠᠮᠤᠭ ᠶᠡᠬᠡᠵᠢᠭᠦᠯᠬᠦ  ᠪᠡᠷ ᠴᠢᠷᠮᠠᠶᠢᠪᠠ᠃ 
    ᠲᠥᠷᠥᠯ ᠬᠤᠪᠢᠶᠠᠨ ᠬᠠᠮᠠᠭᠠᠯᠠᠬᠤ ᠶᠢ ᠴᠢᠬᠤᠯᠠᠴᠢᠯᠠᠵᠤ᠂ ᠡᠬᠢ ᠪᠠᠶᠠᠯᠢᠭ ᠡᠯᠪᠡᠭ ᠲᠥᠪᠯᠡᠷᠡᠭᠰᠡᠨ ᠣᠷᠣᠨ᠂ ᠪᠣᠬᠢᠷᠲᠤᠯ ᠶᠡᠬᠡᠲᠡᠶ ᠠᠵᠤ ᠦᠶᠯᠡᠰ ᠲᠥᠪᠯᠡᠷᠡᠭᠰᠡᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠠᠳᠠᠯᠢ ᠪᠤᠰᠤ ᠣᠷᠣᠨ ᠪᠦᠰᠡ ᠪᠠ ᠬᠦᠷᠢᠶᠡᠨ ᠳᠦ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠬᠢᠨᠠᠯᠲᠠ ᠲᠠᠯᠪᠢᠨ᠎ᠠ᠃ ᠠᠮᠢ ᠠᠬᠤᠢ ᠶᠢᠨ ᠣᠷᠴᠢᠨ ᠲᠣᠭᠣᠷᠢᠨ  ᠤ ᠡᠬᠢ ᠪᠠᠶᠠᠯᠢᠭ ᠤᠨ ᠬᠡᠷᠡᠭ ᠢ ᠬᠠᠷᠢᠴᠠᠩᠭᠤᠶ ᠪᠠᠷ ᠲᠥᠪᠯᠡᠷᠡᠭᠦᠯᠦᠨ ᠬᠠᠮᠢᠶᠠᠷᠬᠤ᠂ ᠵᠠᠰᠠᠭ ᠵᠠᠬᠢᠷᠭᠠᠨ ᠤ ᠤᠷᠤᠨ ᠬᠤᠪᠢᠶᠠᠷᠠᠯ ᠲᠠᠢ ᠵᠣᠬᠢᠰᠲᠠᠶ ᠪᠠᠷ ᠰᠠᠯᠤᠩᠬᠢᠷᠤᠭᠰᠠᠨ ᠬᠠᠷᠢᠶᠠᠯᠠᠬᠤ ᠳᠦᠷᠢᠮ ᠢ ᠬᠠᠶᠢᠨ ᠰᠦᠪᠡᠭᠴᠢᠯᠡᠵᠦ᠂ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠣᠷᠢᠶ᠎ᠠ ᠶᠢ ᠠᠯᠬᠤᠮ ᠠᠯᠬᠤᠮ ᠢᠶᠠᠷ ᠨᠡᠢᠢᠲᠡ ᠶᠢᠨ ᠠᠰᠢᠭᠲᠤ ᠵᠠᠷᠭᠤ ᠶᠢᠨ ᠲᠤᠰᠬᠠᠶ ᠪᠠᠶᠢᠴᠠᠭᠠᠬᠤ ᠪᠠᠶᠢᠭᠤᠯᠭ᠎ᠠ ᠪᠣᠯᠭᠠᠨ ᠪᠠᠶᠢᠭᠤᠯᠤᠨ᠎ᠠ᠃ 

ᠣᠷᠣᠨ ᠪᠦᠰᠡ ᠠᠯᠤᠰᠯᠠᠭᠰᠠᠨ ᠬᠠᠮᠠᠭᠠᠯᠠᠯᠲᠠ ᠶᠢᠨ ᠬᠣᠯᠪᠣᠭ᠎ᠠ ᠪᠠᠶᠢᠭᠤᠯᠬᠤ ᠶᠢ ᠠᠮᠢ ᠠᠬᠤᠢ ᠶᠢᠨ ᠣᠷᠴᠢᠨ ᠲᠣᠭᠣᠷᠢᠨ ᠤ ᠪᠠᠢᠴᠠᠭᠠᠬᠤ ᠠᠵᠢᠯ ᠤᠨ ᠵᠠᠶᠢᠯᠠᠰᠢ ᠦᠭᠡᠢ ᠰᠣᠩᠭᠣᠯᠲᠠ ᠪᠣᠯᠭᠠᠪᠠ 
    ᠶᠡᠷᠦᠩᠬᠡᠶ ᠱᠦᠵᠢ ᠰᠢ ᠶᠢᠨ ᠫᠢᠩ᠂ ᠠᠮᠢ ᠠᠬᠤᠶ ᠪᠣᠯ ᠨᠢᠭᠡᠲᠦᠮᠡᠯ ᠪᠠᠶᠢᠭᠠᠯᠢ ᠶᠢᠨ ᠰᠢᠰᠲ᠋ᠧᠮ ᠮᠥᠨ᠂ ᠬᠠᠷᠢᠯᠴᠠᠨ ᠲᠦᠰᠢᠯᠴᠡᠨ ᠤᠷᠤᠰᠢᠭᠰᠠᠨ᠂ ᠨᠢᠭᠲᠠ ᠬᠠᠷᠢᠴᠠᠭ᠎ᠠ ᠲᠠᠢ ᠣᠷᠭᠠᠨᠢᠭ ᠬᠡᠯᠬᠢᠶ᠎ᠡ ᠮᠥᠨ᠃ ᠤᠯᠤᠰ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠣᠷᠴᠢᠨ ᠲᠣᠭᠣᠷᠢᠨ ᠤ ᠬᠠᠮᠠᠭᠠᠯᠠᠯᠲᠠ ᠶᠢᠨ ᠬᠠᠸᠯᠢ ᠴᠠᠭᠠᠵᠠ ᠶᠢᠨ ᠬᠠᠮᠵᠢᠯᠴᠠᠭ᠎ᠠ ᠶᠢ ᠴᠢᠩᠭᠠᠳᠬᠠᠬᠤ ᠪᠠᠷ ᠳᠠᠮᠵᠢᠨ᠂ ᠠᠮᠢ ᠠᠬᠤᠢ ᠶᠢᠨ ᠣᠷᠴᠢᠨ ᠲᠣᠭᠣᠷᠢᠨ ᠤ ᠰᠢᠰᠲ᠋ᠧᠮᠴᠢᠯᠡᠭᠰᠡᠨ ᠵᠠᠰᠠᠯᠲᠠ ᠶᠢ ᠪᠡᠶᠡᠯᠡᠭᠦᠯᠬᠦ ᠬᠡᠷᠡᠭᠲᠡᠶ᠃ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ︽ᠲᠠᠯ᠎ᠠ ᠨᠤᠲᠤᠭ ᠤᠨ ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢᠨ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠶᠡᠬᠡ ᠪᠠᠶᠢᠷᠢᠰᠢᠯ᠂ ᠶᠡᠬᠡ ᠬᠠᠷᠠᠭ᠎ᠠ ᠶᠢ ᠪᠠᠷᠢᠮᠲᠠᠯᠠᠵᠤ᠂ ᠳᠣᠲᠣᠭᠠᠳᠤ ᠳᠠᠭᠠᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ  ᠶᠢ ᠭᠦᠭᠵᠢᠭᠦᠯᠵᠦ᠂ ᠭᠠᠳᠠᠭᠰᠢ ᠪᠠᠨ ᠣᠷᠣᠰ ᠮᠣᠩᠭᠣᠯ ᠤᠨ ᠬᠢᠯᠢ ᠬᠢᠵᠠᠭᠠᠷ ᠤᠨ ᠬᠠᠸᠯᠢ ᠪᠠᠷᠢᠬᠤ ᠬᠠᠮᠵᠢᠯᠴᠠᠭ᠎ᠠ ᠶᠢ ᠥᠷᠭᠡᠳᠬᠡᠵᠦ᠂ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠦ ᠬᠠᠮᠠᠭᠠᠯᠠᠯᠲᠠ ᠶᠢ ᠪᠦᠲᠦᠮᠵᠢᠲᠡᠶ ᠠᠬᠢᠭᠤᠯᠪᠠ᠃ ᠣᠷᠣᠨ ᠪᠦᠰᠡ ᠠᠯᠤᠰᠯᠠᠨ ᠬᠠᠮᠵᠢᠯᠴᠠᠬᠤ ᠲᠠᠯ᠎ᠠ ᠪᠠᠷ᠂ ᠱᠠᠨ ᠰᠢ ᠾᠸᠪᠸᠢ ᠯᠢᠶᠣᠤᠨᠢᠩ  ᠤᠨ ᠪᠠᠶᠢᠴᠠᠭᠠᠬᠤ ᠪᠠᠶᠢᠭᠤᠯᠭ᠎ᠠ ᠯᠤᠭ᠎ᠠ ︽ᠡᠬᠡ ᠣᠷᠣᠨ ᠤ ᠤᠮᠠᠷᠠᠲᠤ ᠬᠡᠰᠡᠭ ᠦᠨ ᠬᠦᠬᠡ ᠠᠭᠤᠯᠠ ᠬᠦᠬᠡᠮᠳᠦᠭ ᠤᠰᠤ ᠴᠡᠩᠬᠡᠷ ᠣᠭᠲᠠᠷᠭᠤᠶ  ᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ︾ ᠥᠷᠨᠢᠭᠦᠯᠪᠡ᠌᠌᠌; ᠵᠡᠭᠦᠨ ᠬᠣᠶᠢᠲᠤ  ᠤᠷᠤᠨ ᠤ ᠭᠤᠷᠪᠠᠨ ᠮᠤᠵᠢ ᠶᠢᠨ ᠪᠠᠶᠢᠴᠠᠭᠠᠬᠤ ᠪᠠᠶᠢᠭᠤᠯᠭ᠎ᠠ ᠲᠠᠢ ᠬᠠᠮᠲᠤᠷᠠᠨ ᠤᠢ ᠰᠢᠭᠤᠢ ᠶᠢᠨ ᠡᠬᠡ ᠪᠠᠶᠠᠯᠢᠭ᠂ ᠯᠢᠶᠣᠤ ᠾᠧ ᠭᠣᠸᠯ ᠪᠣᠯᠤᠨ ᠰᠤᠩᠭᠠᠷᠢ ᠮᠥᠷᠡᠨ ᠦ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠵᠡᠷᠭᠡ ᠶᠢ ᠬᠠᠮᠠᠭᠠᠯᠠᠪᠠ᠃ ᠰᠠᠪᠠ ᠭᠠᠵᠠᠷ ᠠᠯᠤᠰᠯᠠᠨ ᠬᠠᠮᠵᠢᠯᠴᠠᠬᠤ ᠲᠠᠯ᠎ᠠ ᠪᠠᠷ᠂ ᠬᠠᠳᠤᠨ ᠭᠣᠸᠯ ᠳᠠᠭᠠᠤ ᠨᠠᠶᠮᠠᠨ ᠮᠣᠵᠢ ᠣᠷᠣᠨ ᠤ ᠪᠠᠶᠢᠴᠠᠭᠠᠬᠤ ᠪᠠᠶᠢᠭᠤᠯᠭ᠎ᠠ ᠲᠠᠢ ᠭᠠᠷ ᠬᠣᠯᠪᠣᠯᠴᠠᠨ ᠬᠠᠳᠤᠨ ᠭᠣᠸᠯ ᠤᠨ ᠰᠠᠪᠠ ᠭᠠᠵᠠᠷ ᠤᠨ ᠨᠤᠮᠢᠨ ᠤᠰᠤ ᠴᠡᠩᠬᠡᠷ ᠣᠭᠲᠠᠷᠭᠤᠶ ᠶᠢ ᠬᠠᠮᠠᠭᠠᠯᠠᠪᠠ᠃ ᠬᠢᠯᠢ ᠠᠯᠤᠰᠯᠠᠭᠰᠠᠨ ᠬᠠᠮᠵᠢᠯᠴᠠᠭ᠎ᠠ ᠶᠢᠨ ᠲᠠᠯ᠎ᠠ ᠪᠠᠷ᠂ ᠣᠷᠣᠰ ᠮᠣᠩᠭᠣᠯ ᠤᠨ ᠠᠮᠢ ᠠᠬᠤᠶ ᠶᠢᠨ ᠣᠷᠴᠢᠨ ᠲᠣᠭᠣᠷᠢᠨ ᠤ ᠬᠠᠮᠠᠭᠠᠯᠠᠯᠲᠠ ᠶᠢᠨ ᠬᠠᠸᠯᠢ ᠴᠠᠭᠠᠵᠠ ᠶᠢᠨ ᠰᠣᠯᠢᠯᠴᠠᠭᠠᠨ ᠤ ᠲᠠᠪᠴᠠᠩ ᠢ ᠢᠳᠡᠪᠬᠢᠲᠡᠢ ᠪᠠᠢᠭᠤᠯᠵᠤ᠂ ᠣᠷᠴᠢᠨ ᠲᠣᠭᠣᠷᠢᠨ ᠤ ᠬᠠᠸᠯᠢ ᠴᠠᠭᠠᠵᠠ ᠶᠢᠨ ᠬᠠᠮᠠᠭᠠᠯᠠᠬᠤ ᠣᠯᠠᠨ ᠤᠯᠤᠰ ᠤᠨ ᠰᠣᠯᠢᠯᠴᠠᠭ᠎ᠠ᠂ ᠪᠣᠯᠪᠠᠰᠤᠷᠠᠯ ᠵᠢᠴᠢ ᠬᠠᠷᠢᠯᠴᠠᠨ ᠠᠢᠯᠴᠢᠯᠠᠬᠤ ᠠᠷᠭ᠎ᠠ ᠵᠠᠮ  ᠢ ᠥᠷᠭᠡᠳᠬᠡᠵᠦ᠂ ᠬᠢᠯᠢ ᠬᠢᠵᠠᠭᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠣᠯᠠᠨ ᠤᠳᠠᠭ᠎ᠠ ᠵᠥᠪᠳᠡᠯᠴᠡᠭᠰᠡᠨ ᠪᠥᠭᠡᠳ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠶ ᠪᠣᠯᠵᠤ᠂ ᠳᠤᠮᠳᠠᠳᠤ ᠤᠯᠤᠰ  ᠤᠨ ᠠᠮᠢ ᠠᠬᠤᠶ ᠶᠢᠨ ᠣᠷᠴᠢᠨ ᠲᠣᠭᠣᠷᠢᠨ ᠤ ᠬᠠᠸᠯᠢ ᠴᠠᠭᠠᠵᠠ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠪᠣᠯᠤᠨ ᠦᠶᠯᠡᠳᠦᠯᠭᠡ ᠶᠢ ᠪᠦᠲᠦᠮᠵᠢᠲᠡᠶ ᠲᠡᠯᠭᠡᠷᠡᠭᠦᠯᠪᠡ ᠃ 

ᠬᠠᠮᠠᠭᠠᠯᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠮᠢ ᠠᠬᠤᠢ ᠶᠢᠨ ᠣᠷᠴᠢᠨ ᠲᠣᠭᠣᠷᠢᠨ ᠤ ᠪᠠᠢᠴᠠᠭᠠᠬᠤ ᠠᠵᠢᠯ ᠤᠨ ᠳᠣᠲᠣᠭᠠᠳᠤ ᠬᠡᠷᠡᠭᠴᠡᠭᠡ ᠪᠣᠯᠭᠠᠪᠠ 
    ᠬᠡᠷᠡᠭ ᠰᠢᠶᠳᠪᠦᠷᠢᠯᠡᠬᠦ ᠲᠣᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠡᠷ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠬᠡᠷᠡᠭ ᠰᠢᠶᠳᠪᠦᠷᠢᠯᠡᠬᠦ ᠲᠣᠭ᠎ᠠ ᠬᠡᠮᠵᠢᠶ᠎ᠡ᠂ ᠶᠠᠰᠤ ᠴᠢᠨᠠᠷ᠂ ᠦᠷ᠎ᠡ ᠪᠦᠲᠦᠮᠵᠢ ᠪᠠ ᠦᠷ᠎ᠡ ᠳ᠋ᠦᠩ  ᠢᠶᠡᠷ ᠦᠨᠳᠦᠰᠦᠨ ᠠᠭᠤᠯᠭ᠎ᠠ ᠪᠣᠯᠭᠠᠭᠰᠠᠨ ᠠᠵᠢᠯ ᠤᠨ ᠪᠦᠲᠦᠮᠵᠢ ᠶᠢ ᠦᠨᠡᠯᠡᠬᠦ ᠪᠠᠷᠢᠮᠵᠢᠶ᠎ᠠ ᠶᠢᠨ ᠰᠢᠰᠲ᠋ᠧᠮ ᠪᠠ ᠰᠢᠯᠭᠠᠨ ᠦᠨᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠤᠭᠤᠷᠢᠨ ᠤ ᠪᠠᠶᠢᠴᠠᠭᠠᠬᠤ ᠠᠵᠢᠯ ᠤᠨ ᠯᠠᠪᠳᠠᠭᠤᠨ ᠢᠶᠠᠷ ᠲᠠᠭᠠᠭᠠᠴᠢ ᠠᠶᠠᠯᠠᠯ ᠢ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠤᠭᠤᠷᠢᠨ ᠤ ᠬᠦᠷᠢᠶᠡᠨ ᠳᠡᠬᠢ ᠡᠷᠡᠭᠦᠸ ᠶᠢᠨ ᠶᠠᠯᠠᠲᠤ ᠠᠵᠢᠯᠯᠠᠭ᠎ᠠ ᠶᠢᠨ ᠶᠠᠯ᠎ᠠ ᠪᠠᠨ ᠮᠡᠳᠡᠷᠡᠬᠦ ᠰᠢᠢᠳᠬᠡᠯ ᠢ ᠮᠡᠳᠡᠷᠡᠭᠰᠡᠨ ᠢ ᠠᠭᠤᠴᠢᠯᠠᠨ ᠰᠢᠢᠳᠬᠡᠬᠦ ᠪᠠ ᠰᠡᠷᠭᠦᠭᠡᠬᠦ ᠴᠢᠨᠠᠷᠲᠠᠶ ᠬᠠᠸᠯᠢ ᠪᠠᠷᠢᠬᠤ ᠦᠶᠯᠡᠳᠦᠯᠭᠡ ᠶᠢᠨ ᠤᠶᠠᠯᠳᠤᠯ ᠢ ᠬᠠᠶᠢᠨ ᠰᠦᠪᠡᠭᠴᠢᠯᠡᠵᠦ᠂ ︽ᠡᠷᠬᠡ ᠳᠦ ᠬᠠᠯᠳᠠᠭᠰᠠᠨ ᠲᠠᠯ᠎ᠠ ᠶᠢᠨ ᠬᠠᠷᠢᠭᠤᠴᠠᠯᠭ᠎ᠠ ᠡᠭᠦᠷᠭᠡᠯᠡᠬᠦ᠂ ᠲᠤᠰᠬᠠᠶ ᠮᠡᠷᠭᠡᠵᠢᠯ ᠦᠨ ᠲᠠᠯ᠎ᠠ ᠶᠢᠨ ᠵᠠᠰᠠᠯᠲᠠ ᠬᠢᠬᠦ᠂ ᠪᠠᠶᠢᠴᠠᠭᠠᠬᠤ ᠪᠠᠶᠢᠭᠤᠯᠭ᠎ᠠ ᠶᠢᠨ ᠳᠠᠭᠠᠵᠤ ᠬᠢᠨᠠᠯᠲᠠ ᠲᠠᠯᠪᠢᠬᠤ︾ ᠠᠮᠢ ᠠᠬᠤᠶ ᠶᠢ ᠵᠠᠰᠠᠨ ᠰᠡᠷᠭᠦᠭᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠰᠠᠯᠠᠭ᠎ᠠ ᠮᠥᠴᠢᠷ ᠦᠨ ᠵᠣᠯᠭᠠᠯᠳᠤᠭᠰᠠᠨ ᠲᠣᠮᠣ ᠳ᠋ᠠᠶᠢᠲ᠋ᠠ ᠶᠢᠨ ᠲᠠᠪᠴᠠᠩ ᠪᠠᠶᠢᠭᠤᠯᠬᠤ ᠶᠢ ᠠᠬᠢᠭᠤᠯᠵᠤ᠂ ᠪᠠᠶᠢᠴᠠᠭᠠᠬᠤ ᠬᠢᠨᠠᠯᠲᠠ ᠲᠠᠯᠪᠢᠬᠤ᠂ ᠪᠠᠶᠢᠭᠠᠯᠢ ᠶᠢᠨ ᠡᠬᠢ ᠪᠠᠶᠠᠯᠢᠭ᠂ ᠣᠷᠴᠢᠨ ᠲᠤᠭᠤᠷᠢᠨ ᠤ ᠬᠠᠸᠯᠢ ᠬᠡᠷᠡᠭᠵᠢᠭᠦᠯᠦᠯᠲᠡ ᠶᠢᠨ ᠬᠣᠯᠪᠣᠭᠳᠠᠯ ᠪᠦᠬᠦᠢ ᠳ᠋ᠠᠶᠢᠲ᠋ᠠ ᠶᠢᠨ ᠲᠠᠪᠴᠠᠩ  ᠦᠨ ᠬᠣᠭᠣᠷᠣᠨᠳᠣᠬᠢ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠶᠢ ᠠᠬᠢᠭᠤᠯᠵᠤ᠂ ᠬᠠᠸᠯᠢ ᠴᠠᠭᠠᠵᠠ ᠶᠢᠨ ᠬᠠᠮᠠᠭᠠᠯᠠᠯᠲᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 
    ᠠᠮᠢ ᠠᠬᠤᠢ ᠶᠢᠨ ᠣᠷᠴᠢᠨ ᠲᠣᠭᠣᠷᠢᠨ ᠤ ᠪᠠᠢᠴᠠᠭᠠᠬᠤ ᠤᠨᠤᠯ  ᠤᠨ ᠰᠤᠳᠤᠯᠭᠠᠨ ᠤ ᠲᠥᠪ ᠪᠠ ᠪᠠᠢᠴᠠᠭᠠᠬᠤ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠢᠳᠡᠪᠬᠢᠲᠡᠢ ᠪᠠᠢᠭᠤᠯᠵᠤ᠂ ᠥᠪᠥᠷ ᠮᠣᠩᠭᠣᠯ ᠣᠷᠣᠨ ᠤ ᠠᠮᠢ ᠠᠬᠤᠢ ᠶᠢᠨ ᠣᠷᠴᠢᠨ ᠲᠣᠭᠣᠷᠢᠨ ᠤ ᠬᠦᠷᠢᠶᠡᠨ ᠳᠡᠬᠢ ᠬᠠᠸᠯᠢ ᠴᠠᠭᠠᠵᠠ ᠶᠢᠨ ᠬᠠᠮᠠᠭᠠᠯᠠᠯᠲᠠ ᠶᠢᠨ ᠭᠣᠸᠯᠳᠠᠯᠭ᠎ᠠ ᠲᠠᠶ ᠬᠦᠴᠢᠷ ᠲᠦᠪᠡᠭᠲᠡᠶ ᠠᠰᠠᠭᠤᠳᠠᠯ ᠢ ᠢᠳᠡᠪᠬᠢᠲᠡᠢ ᠰᠢᠶᠳᠪᠦᠷᠢᠯᠡᠵᠦ᠂ ᠪᠦᠬᠦ ᠤᠯᠤᠰ  ᠤᠨ ᠨᠠᠶᠮᠠᠨ ᠮᠣᠵᠢ ᠣᠷᠣᠨ ᠤ ᠠᠮᠢ ᠠᠬᠤᠢ ᠶᠢᠨ ᠣᠷᠴᠢᠨ ᠲᠣᠭᠣᠷᠢᠨ ᠤ ᠪᠠᠢᠴᠠᠭᠠᠬᠤ ᠤᠨᠴᠠᠯᠢᠭᠳᠤ ᠬᠥᠮᠦᠵᠢᠯ ᠪᠣᠯᠪᠠᠰᠤᠷᠠᠯ ᠢ ᠥᠷᠨᠢᠭᠦᠯᠵᠦ᠂ ︽ ᠪᠠᠢᠴᠠᠭᠠᠬᠤ ᠲᠤᠰᠢᠶᠠᠯᠲᠠᠨ ᠪᠠᠢᠴᠠᠭᠠᠬᠤ ᠲᠤᠰᠢᠶᠠᠯᠲᠠᠨ ᠳᠦ  ᠪᠡᠨ ᠵᠢᠭᠠᠬᠤ + ᠵᠢᠩᠬᠢᠨᠢ ᠦᠢᠯᠡᠳᠦᠯᠭᠡ ᠶᠢᠨ ᠪᠣᠯᠪᠠᠰᠤᠷᠠᠯ + ᠬᠣᠸᠰ ᠴᠢᠭᠯᠡᠯ  ᠤᠨ  ᠦᠢᠯᠡᠳᠦᠯᠴᠡᠬᠦ ᠬᠡᠯᠪᠡᠷᠢ ᠶᠢᠨ ᠬᠡᠷᠡᠭ ᠦᠨ ᠵᠢᠱᠢᠶ᠎ᠡ ᠪᠡᠷ ᠵᠢᠭᠠᠨ ᠰᠤᠷᠭᠠᠬᠤ︾ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠲᠡᠨ ᠦ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠣᠷᠢᠨ ᠤ ᠪᠠᠢᠴᠠᠭᠠᠬᠤ ᠠᠵᠢᠯ  ᠤᠨ  ᠲᠤᠰᠬᠠᠶᠢᠵᠢᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠠᠮᠢ ᠠᠬᠤᠢ ᠶᠢᠨ ᠪᠠᠶᠢᠴᠠᠭᠠᠬᠤ ᠠᠵᠢᠯ ᠤᠨ ᠲᠡᠭᠡᠲᠦ ᠳᠣᠣᠷᠠᠳᠤ ᠱᠠᠲᠤ ᠶᠢ ᠨᠢᠭᠡ ᠴᠤᠭᠴᠠᠵᠢᠭᠤᠯᠤᠭᠰᠠᠨ ᠬᠡᠷᠡᠭ ᠰᠢᠶᠳᠪᠦᠷᠢᠯᠡᠬᠦ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠢᠢᠲᠡ ᠶᠢᠨ ᠠᠰᠢᠭᠲᠤ ᠵᠠᠷᠭᠤ ᠶᠢᠨ ᠵᠣᠬᠢᠴᠠᠭᠤᠯᠤᠨ ᠵᠢᠯᠣᠭᠣᠳᠬᠤ ᠲᠥᠪ ᠢ ᠲᠡᠭᠦᠯᠳᠡᠷᠵᠢᠭᠦᠯᠦᠨ᠂ ᠬᠡᠷᠡᠭ ᠦᠨ ᠰᠦᠪᠡᠭᠴᠢ ᠶᠢ ᠨᠢᠭᠡᠳᠦᠯᠲᠡᠶ ᠬᠠᠮᠢᠶᠠᠷᠴᠤ᠂ ᠬᠦᠮᠦᠨ ᠤ ᠬᠦᠴᠦᠨ ᠢ ᠲᠥᠪᠯᠡᠷᠡᠭᠦᠯᠦᠨ ᠲᠣᠬᠢᠷᠠᠭᠤᠯᠵᠤ᠂ ᠬᠡᠷᠡᠭ ᠦᠨ ᠶᠠᠰᠤ ᠴᠢᠨᠠᠷ  ᠢ ᠨᠢᠭᠡᠳᠦᠯᠲᠡᠶ ᠡᠵᠡᠮᠳᠡᠨ᠂ ᠬᠡᠷᠡᠭ ᠰᠢᠶᠳᠪᠦᠷᠢᠯᠡᠬᠦ ᠵᠢᠷᠤᠮ ᠢ ᠪᠦᠬᠦ ᠶᠠᠪᠤᠴᠠ ᠪᠠᠷ ᠵᠢᠷᠤᠮᠵᠢᠭᠤᠯᠵᠤ᠂ ᠪᠠᠶᠢᠴᠠᠭᠠᠬᠤ ᠰᠢᠰᠲ᠋ᠧᠮ ᠳᠦ ᠠᠮᠢ ᠠᠬᠤᠢ ᠶᠢᠨ ᠨᠡᠢᠢᠲᠡ ᠶᠢᠨ ᠠᠰᠢᠭᠲᠤ ᠬᠠᠮᠠᠭᠠᠯᠠᠯᠲᠠ ᠶᠢᠨ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro