ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠬᠦᠲᠡᠯᠦᠩᠭᠦᠢ ᠬᠢᠨᠠᠨ ᠵᠢᠯᠣᠭᠣᠳᠴᠤ ᠪᠠᠶᠢᠴᠠᠭᠠᠬᠤ ᠰᠠᠨᠠᠭᠤᠯᠭ᠎ᠠ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠪᠠ

2020-05-27 11:40:51
ᠵᠣᠬᠢᠶᠠᠭᠴᠢ
ᠭᠡᠭᠡᠷᠡᠯ

3 ᠰᠠᠷ᠎ᠠ ᠶᠢᠨ 31 ᠦ ᠡᠳᠦᠷ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠪᠠᠶᠢᠴᠠᠭᠠᠬᠤ ᠬᠣᠷᠢᠶᠠᠨ  ᠤ ᠳᠡᠳ᠋ ᠪᠠᠶᠢᠴᠠᠭᠠᠬᠤ ᠳᠠᠷᠤᠭ᠎ᠠ ᠵᠠᠩ ᠽᠦᠸᠧ ᠾᠧᠦ ᠨᠡᠷ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠰᠢᠸᠳᠠᠨ  ᠤ ᠶᠠᠪᠤᠳᠠᠯ ᠤᠨ ᠬᠠᠮᠢᠶᠠᠷᠤᠯᠲᠠ  ᠶᠢᠨ ᠲᠣᠪᠴᠢᠶ᠎ᠠ  ᠳᠤ ᠬᠦᠷᠴᠦ ᠂ ᠲᠤᠰ ᠬᠣᠷᠢᠶᠠᠨ  ᠤ ᠦᠶᠯᠡᠳᠦᠨ ᠲᠠᠷᠬᠠᠭᠠᠭᠰᠠᠨ ᠪᠠᠶᠢᠴᠠᠭᠠᠬᠤ ᠰᠠᠨᠠᠭᠤᠯᠭ᠎ᠠ  ᠪᠠᠨ ᠲᠤᠰ ᠲᠣᠪᠴᠢᠶᠠᠨ  ᠤ ᠳᠠᠷᠤᠭ᠎ᠠ ᠵᠦᠩ ᠴᠢ ᡁᠢ  ᠶᠢᠨ ᠭᠠᠷ  ᠲᠤ ᠲᠤᠰᠢᠶᠠᠪᠠ ᠂ ᠡᠨᠡ ᠨᠢ ᠮᠥᠨ ᠴᠦ ᠲᠣᠰ ᠬᠣᠷᠢᠶᠠᠨ ᠤ ᠬᠣᠸᠷᠲᠤ ᠡᠳ᠋ ᠦᠨ ᠢᠯᠡᠬᠡᠨ ᠬᠦᠷᠭᠡᠬᠦ ᠠᠰᠠᠭᠤᠳᠠᠯ ᠳᠤ ᠴᠢᠭᠯᠡᠭᠦᠯᠦᠨ ᠦᠶᠯᠡᠳᠦᠨ ᠲᠠᠷᠬᠠᠭᠠᠭᠰᠠᠨ ᠠᠩᠬᠠᠳᠠᠭᠴᠢ ᠪᠠᠶᠢᠴᠠᠭᠠᠬᠤ ᠰᠠᠨᠠᠭᠤᠯᠭ᠎ᠠ ᠪᠣᠯᠤᠨ᠎ᠠ ᠃


W020200526422422789988.jpg


ᠰᠢᠸᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ ᠪᠦᠬᠦ ᠣᠷᠣᠨ ᠤ ᠬᠣᠸᠷᠲᠤ ᠡᠳ᠋  ᠶᠢ ᠢᠯᠡᠬᠡᠨ ᠬᠦᠷᠭᠡᠬᠦ ᠬᠡᠷᠡᠭ ᠦᠨ ᠳᠤᠮᠳᠠ ᠣᠷᠣᠰᠢᠵᠤ ᠪᠠᠶᠭ᠎ᠠ ᠰᠢᠸᠳᠠᠨ ᠤ ᠵᠦᠶᠯ ᠢ ᠰᠢᠯᠭᠠᠨ ᠦᠵᠡᠬᠦ ᠂ ᠠᠶᠤᠯ ᠦᠭᠡᠢ ᠶᠢ ᠪᠠᠶᠢᠴᠠᠭᠠᠬᠤ ᠠᠰᠠᠭᠤᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ 1 ᠳ᠋ᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ ᠶᠢ ᠣᠯᠤᠭᠰᠠᠨ ᠤ ᠳᠠᠷᠠᠭ᠎ᠠ ᠂ ᠲᠡᠭᠡᠲᠦ ᠬᠡᠮᠵᠢᠶ᠎ᠡ ᠪᠡᠷ ᠴᠢᠬᠤᠯᠠᠴᠢᠯᠠᠨ ᠂ ᠰᠤᠳᠤᠯᠤᠨ ᠨᠠᠶᠢᠲᠠᠪᠤᠷᠢᠵᠢᠭᠤᠯᠵᠤ ᠂ ᠴᠡᠭᠴᠡᠯᠡᠨ ᠵᠠᠰᠠᠯᠲᠠ  ᠶᠢ ᠴᠢᠩᠭᠠᠳᠬᠠᠪᠠ  ᠃ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠢᠯᠡᠬᠡᠨ ᠬᠦᠷᠭᠡᠬᠦ ᠠᠷᠭ᠎ᠠ ᠵᠠᠮ ᠤᠨ 《 ᠭᠤᠷᠪᠠᠨ ᠵᠦᠢᠯ ᠦᠨ ᠳᠦᠷᠢᠮ 》 ᠢ ᠨᠠᠶᠢᠳᠠᠪᠤᠷᠢᠵᠢᠭᠤᠯᠤᠭᠰᠠᠨ ᠪᠠᠶᠢᠲᠠᠯ  ᠳᠤ ᠲᠤᠰᠬᠠᠶᠢᠯᠠᠨ ᠴᠢᠭᠯᠡᠭᠦᠯᠦᠨ ᠂ ᠲᠤᠰᠬᠠᠶ ᠵᠦᠶᠯ ᠢᠶᠡᠷ ᠴᠡᠭᠴᠡᠯᠡᠨ ᠵᠠᠰᠠᠯᠲᠠ  ᠶᠢ ᠬᠠᠮᠲᠤᠷᠠᠨ ᠬᠢᠨᠠᠨ ᠵᠢᠯᠣᠭᠣᠳᠴᠤ ᠪᠠᠶᠢᠴᠠᠭᠠᠬᠤ ᠶᠢ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠂ ᠤᠯᠤᠰ ᠤᠨ ᠠᠮᠤᠷ ᠲᠦᠪᠰᠢᠨ ᠦ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠢ ᠤᠷᠢᠵᠤ ᠬᠢᠨᠠᠨ ᠵᠢᠯᠣᠭᠣᠳᠬᠤ ᠠᠵᠢᠯᠯᠠᠭ᠎ᠠ ᠳᠤ ᠣᠷᠣᠯᠴᠠᠭᠤᠯᠪᠠ ᠃ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠳᠠᠭᠠᠬᠤ ᠶᠢᠨ ᠲᠥᠯᠥᠭᠡ ᠂ ᠢᠯᠡᠬᠡᠨ ᠬᠦᠷᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠣᠸᠷᠲᠤ ᠡᠳ᠋ ᠵᠥᠭᠡᠭᠡᠪᠦᠷᠢᠯᠡᠭᠰᠡᠨ ᠪᠠᠶᠢᠳᠠᠯ ᠢ ᠤᠯᠠᠮ ᠨᠢᠭᠡ ᠠᠯᠬᠤᠮ ᠪᠠᠶᠢᠴᠠᠭᠠᠨ ᠣᠶᠢᠯᠠᠭᠠᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠬᠥᠮᠦᠨ ᠲᠣᠮᠢᠯᠠᠨ ᠲᠣᠰ ᠤᠳᠠᠭᠠᠨ ᠤ ᠬᠢᠨᠠᠨ ᠵᠢᠯᠣᠭᠣᠳᠬᠤ ᠠᠵᠢᠯᠯᠠᠭ᠎ᠠ ᠳᠤ ᠣᠷᠣᠯᠴᠠᠪᠠ ᠃


W020200526422423183208.jpg

5 ᠰᠠᠷ᠎ᠠ ᠶᠢᠨ 21 ᠦ ᠡᠳᠦᠷ᠂ ᠬᠢᠨᠠᠨ ᠵᠢᠯᠣᠭᠣᠳᠬᠤ ᠳᠤᠭᠤᠶᠢᠯᠠᠩ ᠤᠨ ᠬᠢᠨ ᠬᠥᠬᠡᠬᠣᠲᠠ ᠶᠢᠨ ᠴᠧᠩ ᠹᠠ ᠨᠣᠣ ᠪᠦᠦ ᠪᠠᠷᠠᠭᠠᠨ ᠤ ᠭᠦᠶᠯᠭᠡᠭᠡᠨ ᠦ ᠬᠦᠷᠢᠶᠡᠯᠡᠩ ᠲᠣᠭᠣᠷᠢᠭ ᠪᠣᠯᠤᠨ ᠵᠢᠨᠱᠠᠨ ᠨᠡᠭᠡᠭᠡᠨ ᠬᠥᠭᠵᠢᠭᠦᠯᠬᠦ ᠲᠣᠭᠣᠷᠢᠭ ᠲᠤ ᠬᠦᠷᠴᠦ ᠂ ᠲᠠᠰᠢᠷᠠᠮ ᠢᠶᠠᠷ ᠵᠥᠩ ᠲᠦᠩ ᠲᠦᠷᠭᠡᠨ ᠭᠦᠷᠭᠡᠯᠲᠡ ᠂ ᠪᠠᠶ ᠱᠢ ᠲᠦᠷᠭᠡᠨ ᠭᠦᠷᠭᠡᠯᠲᠡ ᠂ ᠶᠦᠨ ᠳ᠋ᠠ ᠲᠦᠷᠭᠡᠨ ᠭᠦᠷᠭᠡᠯᠲᠡ ᠂ ᠱᠦᠨ ᠹᠸᠩ ᠲᠦᠷᠭᠡᠨ ᠭᠦᠷᠭᠡᠯᠲᠡ ᠵᠡᠷᠭᠡ ᠲᠦᠷᠭᠡᠨ ᠬᠦᠷᠭᠡᠬᠦ ᠠᠵᠤ ᠠᠬᠤᠶᠢᠯᠠᠯ ᠤᠨ ᠬᠥᠬᠡᠬᠣᠲᠠ ᠶᠢᠨ ᠬᠤᠪᠢᠶᠠᠨ ᠥᠭᠬᠦ ᠲᠥᠪ ᠵᠢᠴᠢ ᠬᠣᠶᠠᠷ ᠲᠦᠷᠭᠡᠨ ᠬᠦᠷᠭᠡᠬᠦ ᠲᠣᠸᠷ ᠴᠡᠭ  ᠢ ᠬᠢᠨᠠᠨ ᠵᠢᠯᠣᠭᠣᠳᠴᠤ ᠪᠠᠶᠢᠴᠠᠭᠠᠪᠠ ᠃ ᠪᠠᠶᠢᠴᠠᠭᠠᠯᠲᠠ ᠨᠢ ᠭᠣᠸᠯᠳᠠᠭᠤ ᠥᠯᠢᠭᠡᠷ ᠠᠪᠴᠤ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠰᠢᠯᠵᠢᠭᠦᠯᠦᠨ ᠠᠪᠬᠤ ᠂ ᠰᠢᠸᠳᠠᠨ ᠤ ᠵᠦᠶᠯ ᠢ ᠬᠤᠪᠢᠶᠠᠷᠢᠯᠠᠨ ᠰᠠᠯᠭᠠᠨ ᠥᠭᠬᠦ ᠶᠠᠪᠤᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠬᠤ ᠂ ᠪᠠᠷᠠᠭᠠᠨ ᠤ ᠭᠦᠶᠯᠭᠡᠭᠡᠨ ᠦ ᠳᠡᠩᠰᠡᠯᠡᠯᠲᠡ ᠶᠢᠨ ᠮᠠᠲ᠋ᠧᠷᠢᠶᠠᠯ ᠪᠠ ᠪᠢᠴᠢᠭ ᠬᠠᠷ᠎ᠠ ᠶᠢ ᠪᠠᠶᠢᠴᠠᠭᠠᠨ ᠦᠵᠡᠬᠦ ᠂ ᠪᠠᠶᠢᠴᠠᠭᠠᠨ ᠦᠯᠡᠳᠡᠭᠡᠵᠦ ᠠᠪᠤᠭᠰᠠᠨ ᠴᠠᠭᠠᠵᠠᠲᠠᠶ ᠡᠳ᠋ ᠢ ᠪᠠᠶᠢᠴᠠᠭᠠᠨ ᠦᠵᠡᠬᠦ ᠂ ᠰᠠᠭᠤᠲᠠᠯ  ᠤᠨ ᠬᠤᠷᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠦᠷᠨᠢᠭᠦᠯᠦᠭᠰᠡᠨ ᠪᠠᠶᠢᠨ᠎ᠠ ᠃ ᠪᠠᠶᠢᠴᠠᠭᠠᠬᠤ ᠶᠠᠪᠤᠴᠠ ᠳᠤᠮᠳᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠺᠠᠳ᠋ᠷ ᠴᠠᠭᠳᠠᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠥᠪᠡᠷ ᠦᠨ ᠨᠠᠶᠢᠷᠠᠭᠤᠯᠤᠨ ᠳᠠᠷᠤᠮᠠᠯᠯᠠᠭᠰᠠᠨ ᠬᠣᠸᠷᠲᠤ ᠡᠳ᠋ ᠦᠨ ᠨᠡᠷᠡᠶᠢᠳᠦᠯ ᠂ ᠣᠨᠴᠠᠯᠢᠭ ᠰᠢᠨᠵᠢ ᠂ ᠶᠠᠯ᠎ᠠ ᠬᠢᠭᠰᠡᠨ ᠲᠣᠭ᠎ᠠ ᠬᠡᠮᠵᠢᠶᠡᠨ ᠦ ᠪᠠᠷᠢᠮᠵᠢᠶ᠎ᠠ ᠂ ᠬᠣᠸᠷᠲᠤ ᠡᠳ᠋ ᠦᠨ ᠬᠠᠮᠢᠶ᠎ᠠ ᠪᠦᠬᠦᠢ ᠬᠠᠸᠯᠢ ᠴᠠᠭᠠᠵᠠ  ᠶᠢᠨ ᠲᠠᠶᠢᠯᠪᠤᠷᠢᠯᠠᠯᠲᠠ ᠂ ᠬᠠᠸᠯᠢ ᠴᠠᠭᠠᠵᠠ ᠶᠢᠨ ᠲᠣᠭᠲᠠᠭᠠᠯ ᠵᠡᠷᠭᠡ ᠠᠭᠤᠯᠭ᠎ᠠ ᠶᠢ ᠲᠡᠮᠳᠡᠭᠯᠡᠭᠰᠡᠨ ᠤᠬᠠᠭᠤᠯᠭ ᠎ᠠ ᠶᠢᠨ ᠭᠠᠷ ᠳᠡᠪᠲᠡᠷ ᠢ ᠲᠠᠷᠬᠠᠭᠠᠵᠤ ᠂ ᠠᠵᠤ ᠠᠬᠤᠶᠢᠯᠠᠯ ᠪᠦᠲᠦᠮᠵᠢᠲᠡᠶ ᠬᠠᠮᠢᠶᠠᠷᠤᠯᠲᠠ ᠪᠠ ᠬᠢᠨᠠᠨ ᠡᠵᠡᠮᠰᠢᠯᠲᠡ ᠬᠢᠬᠦ ᠂ ᠨᠠᠩ ᠣᠯᠠᠨ ᠰᠦᠪᠡᠭᠴᠢ  ᠶᠢ ᠢᠯᠡᠷᠡᠭᠦᠯᠦᠨ ᠬᠠᠩᠭᠠᠬᠤ  ᠶᠢ ᠬᠥᠲᠥᠯᠥᠨ ᠵᠢᠯᠤᠭᠤᠲᠤᠨ᠎ᠠ ᠃ ᠡᠨᠡ ᠤᠳᠠᠭ᠎ᠠ ᠬᠢᠨᠠᠨ ᠵᠢᠯᠣᠭᠣᠳᠴᠤ ᠪᠠᠶᠢᠴᠠᠭᠠᠭᠠᠳ ᠣᠯᠵᠤ ᠮᠡᠳᠡᠭᠰᠡᠨ ᠨᠢ ᠂ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠦᠨᠡᠨ ᠨᠡᠷ᠎ᠡ ᠪᠡᠷ ᠢᠶᠡᠨ ᠬᠣᠷᠢᠶᠠᠨ ᠢᠯᠡᠭᠡᠬᠦ ᠂ ᠬᠣᠷᠢᠶᠠᠨ ᠢᠯᠡᠭᠡᠬᠦ  ᠶᠢ ᠰᠢᠯᠭᠠᠨ ᠦᠵᠡᠬᠦ ᠂ ᠮᠠᠰᠢᠨ ᠥᠩᠭᠡᠷᠡᠬᠦ ᠠᠮᠤᠷ ᠲᠦᠪᠰᠢᠨ ᠦ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠬᠦ ᠳ᠋ᠡᠭᠡᠨ ᠦᠨᠳᠦᠰᠦᠨ ᠳᠡᠭᠡᠨ ᠬᠠᠸᠯᠢ ᠲᠣᠭᠲᠠᠭᠠᠯ ᠶᠣᠰᠣᠭᠠᠷ ᠶᠠᠪᠤᠭᠳᠠᠭᠤᠯᠵᠤ ᠂ ᠢᠯᠠᠩᠭᠤᠶ᠎ᠠ ᠦᠨᠡᠨ ᠨᠡᠷ᠎ᠡ ᠪᠡᠷ ᠢᠯᠡᠭᠡᠬᠦ ᠨᠢ ᠨᠢᠭᠡᠨᠲᠡ ᠬᠣᠷᠢᠶᠠᠨ ᠠᠪᠤᠭᠴᠢ ᠶᠢᠨ ᠤᠬᠠᠮᠰᠠᠷ ᠪᠤᠯᠵᠤ ᠂ ᠠᠵᠤ ᠠᠬᠤᠶᠢᠯᠠᠯ ᠨᠢ ᠢᠯᠡᠭᠡᠯᠲᠡ ᠶᠢᠨ ᠠᠮᠤᠷ ᠲᠦᠪᠰᠢᠨ ᠳᠦ ᠴᠢᠭᠯᠡᠭᠦᠯᠦᠨ ᠶᠡᠬᠡ ᠬᠡᠮᠵᠢᠶᠡᠨ ᠦ ᠬᠥᠮᠦᠨ ᠦ ᠬᠦᠴᠦᠨ ᠪᠠ ᠪᠣᠳᠠᠰ ᠤᠨ ᠬᠦᠴᠦᠨ ᠢ ᠵᠠᠷᠤᠴᠠᠭᠤᠯᠤᠭᠰᠠᠨ ᠪᠠᠶᠢᠨ᠎ᠠ ᠃ ᠭᠡᠪᠡᠴᠦ ᠡᠭᠦᠨ ᠦ ᠳᠦ ᠳᠣᠲᠣᠷ᠎ᠠ ᠮᠥᠨ ᠯᠡ ᠠᠰᠠᠭᠤᠳᠠᠯ ᠣᠷᠣᠰᠢᠵᠤ ᠪᠠᠶᠢᠨ᠎ᠠ ᠂ ᠨᠢᠭᠡ ᠳᠦ ᠂ ᠬᠠᠶᠢᠷᠴᠠᠭ ᠢ ᠨᠡᠭᠡᠭᠡᠵᠦ ᠰᠢᠯᠭᠠᠨ ᠦᠵᠡᠬᠦ ᠳᠦ ᠮᠥᠨ ᠯᠡ ᠪᠠᠯᠠᠶ ᠣᠷᠣᠨ ᠣᠷᠣᠰᠢᠵᠤ ᠂ ᠬᠣᠷᠢᠶᠠᠨ ᠢᠯᠡᠭᠡᠭᠴᠢ ᠵᠠᠷᠢᠮ ᠪᠢᠲᠡᠭᠦᠮᠵᠢᠯᠡᠭᠰᠡᠨ ᠡᠳ᠋ ᠪᠣᠳᠠᠰ ᠢ ᠮᠥᠨ ᠴᠢᠨᠠᠷ ᠤᠨ ᠰᠢᠯᠭᠠᠨ ᠪᠠᠶᠢᠴᠠᠭᠠᠯᠲᠠ ᠬᠢᠬᠦ  ᠶᠢᠨ ᠠᠷᠭ᠎ᠠ ᠥᠬᠡᠶ ᠂ ᠣᠯᠠᠩᠬᠢ ᠪᠠᠶᠢᠴᠠᠭᠠᠯᠲᠠ ᠨᠢ ᠣᠨᠣᠪᠴᠢᠲᠠᠶ ᠢᠯᠭᠠᠨ ᠲᠠᠨᠢᠵᠤ ᠳᠡᠶᠢᠯᠬᠦ ᠥᠬᠡᠶ ᠂ ᠡᠶᠢᠮᠦᠷᠬᠦ ᠰᠢᠯᠭᠠᠨ ᠪᠠᠶᠢᠴᠠᠭᠠᠯᠲᠠ ᠨᠢ ᠴᠥᠭᠡᠨ ᠲᠣᠭᠠᠨ ᠤ ᠬᠣᠸᠷᠲᠤ ᠡᠳ᠋ ᠢ ᠨᠢᠭᠤᠨ ᠳᠠᠯᠳᠠᠯᠠᠬᠤ ᠂ ᠬᠠᠪᠴᠢᠭᠤᠯᠬᠤ  ᠶᠢ ᠴᠥᠮ ᠣᠯᠵᠤ ᠮᠡᠳᠡᠬᠦ ᠶᠢᠨ ᠠᠷᠭ᠎ᠠ ᠥᠬᠡᠶ ︔ ᠬᠣᠶᠠᠷ ᠲᠤ ᠲᠦᠷᠭᠡᠨ ᠬᠦᠷᠭᠡᠬᠦ ᠵᠦᠢᠯ ᠦᠨ ᠠᠮᠤᠷ ᠲᠦᠪᠰᠢᠨ ᠦ ᠪᠠᠶᠢᠴᠠᠭᠠᠯᠲᠠ ᠨᠢ ᠮᠥᠨ ᠬᠦ ᠬᠦᠨᠳᠦ ᠶᠡᠬᠡ ᠳᠠᠯᠳᠠ ᠭᠡᠮ ᠣᠷᠣᠰᠢᠵᠤ ᠪᠠᠶᠢᠨ᠎ᠠ ᠂ ᠮᠠᠰᠢᠨ  ᠢᠶᠠᠷ ᠥᠩᠭᠡᠷᠡᠬᠦ ᠠᠮᠤᠷ ᠲᠦᠪᠰᠢᠨ  ᠦ ᠪᠠᠶᠢᠴᠠᠭᠠᠯᠲᠠ  ᠶᠢᠨ ᠶᠠᠪᠤᠴᠠ  ᠳᠤ ᠣᠳᠣᠬᠠᠨ  ᠳᠤ ᠣᠯᠠᠩᠬᠢ ᠠᠵᠤ ᠠᠬᠤᠶᠢᠯᠠᠯ  ᠤᠨ ᠠᠮᠤᠷ ᠲᠦᠪᠰᠢᠨ  ᠦ ᠪᠠᠶᠢᠴᠠᠭᠠᠯᠲᠠ  ᠶᠢᠨ ᠮᠠᠰᠢᠨ ᠬᠣᠸᠷᠲᠤ ᠡᠳ᠋  ᠢ ᠪᠠᠶᠢᠴᠠᠭᠠᠬᠤ ᠪᠠᠷᠢᠮᠵᠢᠶ ᠎ᠠ  ᠳᠤ ᠬᠦᠷᠴᠦ ᠳᠡᠶᠢᠯᠬᠦ ᠦᠭᠡᠶ᠂ ᠮᠥᠨ ᠯᠡ ᠠᠶᠤᠯ ᠦᠭᠡᠢ ᠶᠢᠨ ᠪᠠᠶᠢᠴᠠᠭᠠᠯᠲᠠ ᠶᠢᠨ ᠬᠡᠮᠵᠢᠭᠦᠷ ᠢ ᠬᠢᠨᠠᠨ ᠬᠡᠮᠵᠢᠭᠰᠡᠨ ᠠᠶᠤᠯ ᠦᠭᠡᠢ ᠶᠢᠨ ᠪᠠᠶᠢᠴᠠᠭᠠᠭᠴᠢ ᠳᠤ ᠲᠦᠰᠢᠭᠯᠡᠨ ᠬᠡᠮᠵᠢᠭᠦᠷᠯᠢᠭ ᠦᠨ ᠢᠯᠡᠷᠡᠭᠦᠯᠦᠭᠰᠡᠨ ᠨᠤᠨᠲᠠᠭ ᠪᠤᠶᠤ ᠲᠠᠯᠠᠰᠲᠤ ᠬᠡᠯᠪᠡᠷᠢ ᠶᠢᠨ ᠪᠣᠳᠠᠰ ᠢ ᠳᠤᠮᠳᠠ ᠠᠴᠠ ᠨᠢ ᠦᠯᠡᠳᠡᠭᠡᠨ ᠠᠪᠴᠤ ᠢᠯᠭᠠᠨ ᠲᠠᠨᠢᠬᠤ ᠬᠡᠷᠡᠭᠲᠡᠢ᠃ ᠡᠳᠡᠭᠡᠷ ᠠᠰᠠᠭᠤᠳᠠᠯ ᠳᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠦᠷᠭᠦᠯᠵᠢᠯᠡᠨ ᠰᠤᠳᠤᠯᠤᠨ ᠰᠠᠨᠠᠯ ᠳᠤᠷᠠᠳᠴᠤ ᠂ ᠪᠠᠶᠢᠴᠠᠭᠠᠬᠤ ᠰᠠᠨᠠᠭᠤᠯᠭ᠎ᠠ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠤᠯᠤᠰ  ᠤᠨ ᠵᠠᠰᠠᠯᠲᠠ  ᠶᠢᠨ ᠴᠢᠳᠠᠪᠤᠷᠢ᠂ ᠵᠠᠰᠠᠯᠲᠠ  ᠶᠢᠨ ᠰᠢᠰᠲ᠋ᠧᠮ ᠦᠨ ᠪᠠᠶᠢᠭᠤᠯᠤᠯᠲᠠ ᠳᠤ ᠦᠨᠡᠨ ᠬᠦ ᠠᠭᠤᠰᠤᠯᠴᠠᠭᠤᠯᠪᠠ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro