ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ  ᠤ ᠪᠠᠶᠢᠴᠠᠭᠠᠬᠤ ᠬᠤᠷᠢᠶ᠎ᠠ ᠱᠠᠩᠬᠠᠶ᠂ ᠵᠢᠶᠠᠩᠰᠦ᠂ ᠵᠧᠵᠢᠶᠠᠩ ᠭᠤᠷᠪᠠᠨ ᠮᠤᠵᠢ ᠬᠣᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠣᠶᠠᠳᠤᠭᠠᠷ ᠪᠦᠯᠦᠭ ᠦᠨ ᠰᠤᠯᠢᠯᠴᠠᠭᠠᠨ  ᠤ ᠺᠠᠳ᠋ᠷ ᠤᠨ ᠠᠵᠢᠯ ᠤᠨ ᠪᠠᠶᠢᠷᠢ ᠳᠤ ᠬᠦᠷᠴᠦ ᠢᠷᠡᠭᠰᠡᠨ ᠠᠭᠤᠯᠵᠠᠯᠲᠠ  ᠶᠢᠨ ᠬᠤᠷᠠᠯ ᠬᠢᠪᠠ

2020-06-02 18:59:08
ᠵᠣᠬᠢᠶᠠᠭᠴᠢ
ᠭᠡᠭᠡᠷᠡᠯ

W020200601628586719477.jpg


5 ᠰᠠᠷ᠎ᠠ ᠶᠢᠨ 29 ᠦ ᠡᠳᠦᠷ ᠦᠨ ᠦᠳᠡ ᠶᠢᠨ ᠡᠮᠦᠨ᠎ᠡ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ  ᠤ ᠪᠠᠶᠢᠴᠠᠭᠠᠬᠤ ᠪᠠᠶᠢᠭᠤᠯᠭ᠎ᠠ ᠬᠢᠭᠡᠳ ᠱᠠᠩᠬᠠᠶ᠂ ᠵᠢᠶᠠᠩᠰᠦ᠂ ᠵᠧᠵᠢᠶᠠᠩ ᠭᠤᠷᠪᠠᠨ ᠮᠤᠵᠢ ᠬᠣᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠣᠶᠠᠳᠤᠭᠠᠷ ᠪᠦᠯᠦᠭ ᠦᠨ ᠰᠤᠯᠢᠯᠴᠠᠭᠠᠨ  ᠤ ᠺᠠᠳ᠋ᠷ ᠤᠨ ᠠᠵᠢᠯ ᠤᠨ ᠪᠠᠶᠢᠷᠢ ᠳᠤ ᠬᠦᠷᠴᠦ ᠢᠷᠡᠭᠰᠡᠨ ᠠᠭᠤᠯᠵᠠᠯᠲᠠ  ᠶᠢᠨ ᠬᠤᠷᠠᠯ ᠬᠥᠬᠡᠬᠣᠲᠠ ᠳᠤ ᠬᠤᠷᠠᠯᠳᠤᠪᠠ ᠃ ᠵᠢᠶᠠᠩᠰᠦ ᠂ ᠵᠧᠵᠢᠶᠠᠩ ᠬᠣᠶᠠᠷ ᠮᠤᠵᠢ  ᠠᠴᠠ ᠢᠷᠡᠭᠰᠡᠨ 18 ᠰᠣᠯᠢᠯᠴᠠᠬᠤ ᠺᠠᠳ᠋ᠷ ᠂ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠤᠯᠤᠰ ᠲᠥᠷᠥ ᠶᠢᠨ ᠬᠡᠯᠲᠡᠰ ᠦᠨ ᠬᠠᠮᠢᠶ᠎ᠠ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠂ ᠡᠯ ᠎ᠡ ᠬᠤᠪᠢᠶᠠᠷᠢ ᠬᠣᠲᠠ ᠶᠢᠨ ᠬᠣᠷᠢᠶᠠᠨ ᠤ ᠤᠯᠤᠰ ᠲᠥᠷᠥ ᠶᠢᠨ ᠬᠡᠯᠲᠡᠰ  ᠢ ᠬᠤᠪᠢᠳᠠᠨ ᠬᠠᠮᠢᠶᠠᠷᠴᠤ ᠪᠠᠶᠢᠭ᠎ᠠ ᠨᠥᠬᠥᠳ ᠨᠠᠷ ᠬᠤᠷᠠᠯ ᠳᠤ ᠣᠷᠣᠯᠴᠠᠵᠠᠶ ᠃ ᠵᠢᠶᠠᠨ ᠰᠢᠶᠣᠤ ᠸᠸᠨ ᠳᠡᠳ᠋ ᠪᠠᠶᠢᠴᠠᠭᠠᠬᠤ ᠳᠠᠷᠤᠭ᠎ᠠ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ ᠢ ᠲᠦᠯᠦᠭᠡᠯᠡᠵᠦ ᠰᠣᠯᠢᠯᠴᠠᠬᠤ ᠺᠠᠳ᠋ᠷᠴᠤᠳ  ᠢ ᠪᠠᠶᠠᠷᠯᠠᠨ ᠤᠭᠲᠤᠬᠤ  ᠶᠢᠨ ᠬᠠᠮᠲᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠵᠤ ᠂ ᠳᠥᠷᠪᠡᠨ ᠮᠤᠵᠢ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠴᠢᠳᠠᠪᠤᠷᠢᠲᠠᠨ ᠪᠠ ᠤᠶᠤᠨ  ᠤ ᠰᠣᠯᠢᠯᠴᠠᠭ᠎ᠠ ᠬᠠᠮᠲᠤᠷᠠᠯᠴᠠᠭ᠎ᠠ ᠶᠢ ᠰᠠᠶᠢᠲᠤᠷ ᠬᠢᠬᠦ ᠲᠤᠬᠠᠶ ᠶᠠᠷᠢᠶ᠎ᠠ ᠲᠠᠯᠪᠢᠪᠠ ᠃


W020200601628587680814.jpg

ᠵᠢᠶᠠᠨ ᠰᠢᠶᠣᠤ ᠸᠸᠨ ᠴᠢᠬᠤᠯᠠᠴᠢᠯᠠᠭᠰᠠᠨ ᠨᠢ ᠂ ᠭᠤᠷᠪᠠᠨ ᠮᠤᠵᠢ ᠬᠣᠲᠠ  ᠶᠢᠨ ᠪᠠᠶᠢᠴᠠᠭᠠᠬᠤ ᠪᠠᠶᠢᠭᠤᠯᠭ᠎ᠠ  ᠲᠠᠶ ᠬᠠᠷᠢᠯᠴᠠᠨ ᠺᠠᠳ᠋ᠷ ᠲᠣᠮᠢᠯᠠᠵᠤ ᠰᠣᠯᠢᠯᠴᠠᠬᠤ ᠪᠣᠯ ᠲᠥᠪ  ᠦᠨ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠬᠠᠸᠯᠢ ᠴᠠᠭᠠᠵᠠ  ᠶᠢᠨ ᠪᠠᠶᠢᠭᠤᠯᠤᠮᠵᠢ  ᠶᠢᠨ ᠥᠭᠡᠷᠡᠴᠢᠯᠡᠯᠲᠡ  ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠶᠢ ᠲᠤᠸᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠤᠨ᠎ᠠ᠂ ᠮᠥᠨ ᠴᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠦᠨ ᠴᠢᠳᠠᠪᠤᠷᠢᠲᠠᠨ ᠳᠤᠲᠠᠭᠳᠠᠬᠤ ᠠᠰᠠᠭᠤᠲᠠᠯ ᠢ ᠰᠢᠢᠳᠪᠦᠷᠢᠯᠡᠬᠦ ᠪᠠ ᠴᠢᠳᠠᠪᠤᠷᠢᠲᠠᠨ ᠤ ᠡᠩᠨᠡᠭᠡᠨ ᠦ ᠪᠠᠶᠢᠭᠤᠯᠤᠯᠲᠠ ᠶᠢ ᠳᠠᠶᠢᠴᠢᠯᠠᠬᠤ ᠪᠦᠲᠦᠮᠵᠢᠲᠡᠶ ᠠᠷᠭ᠎ᠠ ᠵᠠᠮ ᠪᠠᠶᠢᠵᠤ ᠂ ᠨᠡᠩ ᠴᠤ ᠵᠡᠭᠦᠨ ᠪᠠᠷᠠᠭᠤᠨ ᠣᠷᠣᠨ ᠤ ᠪᠠᠶᠢᠴᠠᠭᠠᠬᠤ ᠠᠵᠢᠯ ᠤᠨ ᠴᠢᠳᠠᠪᠤᠷᠢᠲᠠᠨ ᠪᠣᠯᠤᠨ ᠤᠶᠤᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠠᠮᠢᠳᠤᠯᠢᠭ ᠦᠢᠯᠡᠳᠦᠯᠭᠡ ᠪᠠᠶᠢᠵᠤ ᠂ ᠺᠠᠳ᠋ᠷ ᠢ ᠬᠥᠮᠦᠵᠢᠭᠦᠯᠦᠨ ᠪᠤᠯᠪᠠᠰᠤᠷᠠᠭᠤᠯᠵᠤ᠂ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠬᠣᠣᠰ ᠴᠢᠭᠯᠡᠯ ᠢᠶᠡᠷ ᠬᠠᠷᠢᠯᠴᠠᠨ ᠬᠥᠳᠡᠯᠦᠯᠴᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠳᠦ ᠴᠢᠬᠤᠯᠠ ᠠᠴᠢ ᠬᠣᠯᠪᠣᠭᠳᠠᠯ ᠲᠠᠶ ᠶᠤᠮ᠃


W020200601628587971086.jpg

ᠵᠢᠶᠠᠨ ᠰᠢᠶᠣᠤ ᠸᠸᠨ ᠵᠢᠭᠠᠵᠤ ᠭᠠᠷᠭᠠᠭᠰᠠᠨ ᠨᠢ ᠂ ᠨᠢᠭᠡᠳᠦᠭᠡᠷ ᠪᠦᠯᠦᠭ ᠳᠥᠷᠪᠡᠨ ᠮᠣᠵᠢ ᠬᠣᠲᠠ ᠲᠣᠭᠣᠷᠢᠭ  ᠤᠨ ᠰᠣᠯᠢᠯᠴᠠᠭ᠎ᠠ ᠬᠠᠮᠵᠢᠯᠴᠠᠭ᠎ᠠ ᠠᠩᠬ᠎ᠠ ᠠᠯᠬᠤᠮ ᠠᠮᠵᠢᠯᠲᠠ ᠣᠯᠵᠤ ᠂ ᠭᠠᠭᠴᠠ ᠲᠠᠯ᠎ᠠ  ᠶᠢᠨ ᠠᠵᠢᠯ ᠲᠥᠷᠥᠯ  ᠦᠨ ᠳᠡᠮᠵᠢᠯᠭᠡ  ᠶᠢ ᠢᠯᠡᠷᠡᠭᠦᠯᠦᠭᠰᠡᠨ  ᠢᠶᠡᠷ ᠪᠠᠷᠠᠬᠤ ᠦᠭᠡᠢ ᠂ ᠪᠠᠰᠠᠴᠤ ᠬᠣᠣᠰ ᠴᠢᠭᠯᠡᠯ ᠢᠶᠡᠷ ᠬᠠᠷᠢᠯᠴᠠᠨ ᠤᠷᠤᠭᠰᠢᠯᠠᠵᠤ ᠬᠠᠮᠲᠤ ᠪᠠᠷ ᠠᠰᠢᠭ ᠬᠦᠷᠲᠡᠬᠦ ᠶᠠᠪᠤᠲᠠᠯ ᠪᠣᠯᠤᠨ᠎ᠠ᠃ ᠨᠢᠳᠤᠨᠤᠨ ᠥᠪᠥᠷ ᠮᠣᠩᠭᠣᠯ ᠬᠢᠭᠡᠳ ᠭᠤᠷᠪᠠᠨ ᠮᠣᠵᠢ ᠬᠣᠲᠠ ᠶᠢᠨ ᠴᠢᠳᠠᠪᠤᠷᠢᠲᠠᠨ ᠪᠠ ᠣᠶᠤᠨ ᠤ ᠰᠣᠯᠢᠯᠴᠠᠭᠠᠨ ᠤ ᠠᠵᠢᠯ ᠵᠢᠩᠬᠢᠨᠢ ᠪᠡᠷ ᠡᠬᠢᠯᠡᠪᠡ ᠂ ᠰᠣᠯᠢᠯᠴᠠᠭ᠎ᠠ ᠬᠠᠮᠲᠤᠷᠠᠯᠴᠠᠭ᠎ᠠ ᠶᠢᠨ ᠬᠤᠭᠤᠴᠠᠭᠠᠨ ᠳᠤ ᠂ ᠥᠪᠥᠷ ᠮᠣᠩᠭᠣᠯ ᠳᠤ ᠰᠣᠯᠢᠯᠴᠠᠭ᠎ᠠ ᠬᠢᠵᠦ ᠲᠤᠰᠠᠯᠠᠬᠤ  ᠪᠠᠷ ᠢᠷᠡᠭᠰᠡᠨ ᠨᠥᠬᠥᠳ ᠡᠯ᠎ᠡ ᠵᠦᠢᠯ ᠦᠨ ᠡᠬᠢ ᠪᠠᠶᠠᠯᠢᠭ ᠢ ᠭᠦᠢᠴᠡᠳ ᠳᠠᠶᠢᠴᠢᠯᠠᠨ ᠬᠡᠷᠡᠭᠯᠡᠵᠦ ᠂ ᠬᠥᠭᠥᠷᠭᠡ ᠬᠣᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠲᠠᠷᠠᠭᠤᠯᠤᠨ ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠂ ᠬᠠᠷᠢᠯᠴᠠᠨ ᠰᠤᠷᠤᠯᠴᠠᠬᠤ ᠵᠡᠷᠭᠡ ᠰᠣᠯᠢᠯᠴᠠᠭᠠᠨ ᠤ ᠲᠠᠪᠴᠠᠩ  ᠢ  ᠴᠢᠷᠮᠠᠶᠢᠨ ᠪᠠᠶᠢᠭᠤᠯᠵᠤ᠂ ᠬᠠᠷᠢᠯᠴᠠᠨ ᠲᠤᠷᠰᠢᠯᠭ᠎ᠠ ᠪᠠᠨ ᠤᠯᠠᠮᠵᠢᠯᠠᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ᠂ ᠬᠠᠮᠲᠤ ᠪᠠᠷ ᠲᠡᠭᠡᠭᠰᠢᠯᠡᠭᠰᠡᠨ ᠪᠠᠶᠢᠨ᠎ᠠ ᠃ ᠴᠢᠳᠠᠪᠤᠷᠢᠲᠠᠨ ᠤ ᠰᠣᠯᠢᠯᠴᠠᠭ᠎ᠠ ᠨᠢ ᠴᠦ ᠪᠠᠶᠢᠴᠠᠭᠠᠬᠤ ᠪᠠᠶᠢᠭᠤᠯᠭ᠎ᠠ  ᠶᠢᠨ ᠬᠣᠭᠣᠷᠣᠨᠳᠣᠬᠢ ᠰᠣᠯᠢᠯᠴᠠᠭ᠎ᠠ ᠶᠢ ᠠᠬᠢᠭᠤᠯᠪᠠ᠃ ᠵᠢᠶᠠᠩᠰᠦ ᠮᠤᠵᠢ ᠶᠢᠨ ᠭᠣᠣ ᠶᠢᠦ ᠬᠣᠲᠠ ᠶᠢᠨ ᠪᠠᠶᠢᠴᠠᠭᠠᠬᠤ ᠬᠣᠷᠢᠶ᠎ᠠ ᠪᠣᠯᠤᠨ ᠪᠤᠭᠤᠲᠤ ᠬᠣᠲᠠ ᠶᠢᠨ ᠭᠦᠶᠡᠩ ᠰᠢᠶᠠᠨ ᠤ ᠪᠠᠶᠢᠴᠠᠭᠠᠬᠤ ᠬᠣᠷᠢᠶ᠎ᠠ ᠬᠠᠮᠲᠤᠪᠠᠷ ᠪᠠᠶᠢᠭᠤᠯᠬᠤ ᠠᠵᠢᠯ ᠥᠷᠨᠢᠭᠦᠯᠵᠦ ᠂ ᠬᠣᠷᠢᠶ᠎ᠠ ᠪᠣᠯᠤᠨ ᠬᠣᠷᠢᠶ᠎ᠠ  ᠶᠢᠨ ᠬᠣᠭᠣᠷᠣᠨᠳᠣᠬᠢ ᠪᠠᠢᠢᠩᠭᠤᠵᠢᠭᠰᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠢ ᠬᠠᠮᠲᠤ ᠪᠠᠷ ᠪᠠᠶᠢᠭᠤᠯᠬᠤ᠂ ᠲᠤᠬᠠᠶᠢᠯᠠᠭᠰᠠᠨ ᠠᠵᠢᠯ ᠢ ᠬᠠᠮᠲᠤ ᠪᠠᠷ ᠠᠬᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠵᠧᠵᠢᠶᠠᠩ ᠮᠤᠵᠢ ᠶᠢᠨ ᠱᠤᠤᠱᠢᠩ  ᠬᠣᠲᠠ ᠶᠢᠨ ᠪᠠᠶᠢᠴᠠᠭᠠᠬᠤ ᠬᠣᠷᠢᠶ᠎ᠠ ᠶᠢᠨ ︽ ᠢᠷᠭᠡᠨ ᠦ ᠬᠡᠷᠡᠭ ᠦᠨ ᠲᠠᠰᠤᠯᠤᠨ ᠲᠣᠭᠲᠠᠭᠠᠯᠲᠠ ᠶᠢᠨ ᠣᠶᠤᠨᠴᠢ ᠬᠢᠨᠠᠯᠲᠠ ᠶᠢᠨ ᠰᠢᠰᠲ᠋ᠧᠮ ︾ ᠂ ︽ ᠹᠸᠩ ᠴᠢᠶᠣᠤ ᠪᠠᠶᠢᠴᠠᠭᠠᠬᠤ ᠲᠠᠰᠤᠭ ︾ ᠪᠣᠯᠤᠨ ᠬᠥᠯᠥᠨ ᠪᠣᠶᠢᠷ ᠬᠣᠲᠠ ᠶᠢᠨ ᠤᠶᠤᠨᠲᠤ ᠪᠠᠶᠢᠴᠠᠭᠠᠬᠤ ᠠᠵᠢᠯ ᠂ ᠬᠥᠷᠰᠢ ᠵᠡᠷᠭᠡᠯᠡᠳᠡᠭᠡ ᠬᠤᠷᠢᠶ᠎ᠠ  ᠶᠢᠨ ᠲᠥᠪᠯᠡᠷᠡᠭᠦᠯᠦᠨ ᠬᠡᠷᠡᠭ ᠰᠢᠶᠳᠪᠦᠷᠢᠯᠡᠬᠦ ᠵᠡᠷᠭᠡ ᠲᠤᠷᠰᠢᠯᠭ᠎ᠠ ᠠᠷᠭ᠎ᠠ ᠬᠢᠳᠡᠯ  ᠢ  ᠬᠣᠶᠠᠷ ᠭᠠᠵᠠᠷ ᠤᠨ ᠬᠣᠭᠣᠷᠣᠨᠳᠣ  ᠳᠦ  ᠪᠡᠨ ᠰᠣᠯᠢᠯᠴᠠᠨ ᠳᠡᠯᠭᠡᠷᠡᠭᠦᠯᠪᠡ ᠃


W020200601628588259987.jpg

ᠵᠢᠶᠠᠨ ᠰᠢᠶᠣᠤ ᠸᠸᠨ ᠂ ᠰᠣᠯᠢᠯᠴᠠᠨ ᠲᠤᠰᠠᠯᠠᠬᠤ ᠺᠠᠳ᠋ᠷ ᠴᠥᠭᠡᠨ ᠲᠣᠭᠠᠲᠤ ᠦᠨᠳᠦᠰᠦᠲᠡᠨ ᠦ ᠶᠡᠬᠡ ᠬᠡᠷ ᠪᠦᠯᠢ ᠳᠦ ᠠᠯᠢ ᠲᠦᠷᠭᠡᠨ ᠢᠶᠡᠷ ᠠᠭᠤᠰᠤᠨ ᠣᠷᠣᠵᠤ ᠂ ᠲᠠᠯ᠎ᠠ ᠨᠤᠲᠤᠭ ᠢᠶᠠᠨ ᠬᠠᠶᠢᠷᠠᠯᠠᠵᠤ ᠂ ᠥᠪᠥᠷ ᠮᠣᠩᠭᠣᠯ ᠢᠶᠠᠨ ᠬᠠᠶᠢᠷᠠᠯᠠᠬᠤ  ᠶᠢ ᠬᠦᠰᠡᠮᠵᠢᠯᠡᠭᠰᠡᠨ ᠪᠠᠶᠢᠨ᠎ᠠ ᠃ ᠣᠷᠴᠢᠨ ᠲᠣᠭᠣᠷᠢᠨ  ᠢᠶᠡᠨ ᠲᠦᠷᠭᠡᠬᠡᠨ ᠣᠶᠢᠯᠠᠭᠠᠵᠤ ᠂ ᠠᠵᠢᠯ ᠤᠨ ᠪᠠᠶᠢᠷᠠᠨ   ᠳᠦ  ᠪᠡᠨ ᠲᠦᠷᠭᠡᠨ ᠲᠠᠰᠴᠤ ᠂ ᠳᠠᠪᠠᠭᠤᠯᠢᠭ ᠲᠠᠯ᠎ᠠ ᠪᠠᠨ ᠪᠠᠳᠠᠷᠠᠭᠤᠯᠵᠤ ᠂ ᠲᠡᠷᠢᠭᠦᠨ ᠦ ᠣᠶᠢᠯᠠᠭᠠᠭᠳᠠᠬᠤᠨ᠂ ᠠᠰᠢᠭᠲᠠᠶ ᠲᠤᠷᠰᠢᠯᠭ᠎ᠠ ᠪᠠ ᠰᠢᠨ᠎ᠡ ᠶᠢ ᠡᠭᠦᠳᠬᠦ ᠠᠷᠭ᠎ᠠ ᠶᠢ ᠬᠢᠯᠢ ᠬᠢᠵᠠᠭᠠᠷ ᠤᠨ ᠪᠠᠶᠢᠴᠠᠭᠠᠬᠤ ᠠᠵᠢᠯ ᠤᠨ ᠦᠶᠯᠡᠳᠦᠯᠭᠡ ᠳᠦ ᠭᠦᠶᠴᠡᠳ ᠬᠡᠷᠡᠭᠯᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠬᠦᠴᠦᠨ ᠴᠢᠳᠠᠯ ᠢᠶᠠᠨ ᠡᠷᠭᠦᠬᠦ  ᠶᠢ ᠬᠦᠰᠡᠭᠰᠡᠨ ᠪᠠᠶᠢᠨ᠎ᠠ ᠃ ᠡᠭᠦᠨ ᠦ ᠬᠠᠮᠲᠤ ᠡᠯ᠎ᠡ ᠲᠦᠷ ᠴᠠᠭ ᠤᠨ ᠲᠤᠰᠢᠶᠠᠯ ᠡᠭᠦᠷᠭᠡᠯᠡᠬᠦ ᠺᠠᠳ᠋ᠷ ᠬᠦᠯᠢᠶᠡᠨ ᠠᠪᠬᠤ ᠬᠣᠷᠢᠶ᠎ᠠ 《 ᠪᠠᠶᠢᠴᠠᠭᠠᠬᠤ ᠲᠤᠰᠢᠶᠠᠯᠲᠠᠨ ᠨᠢ ᠪᠠᠶᠢᠴᠠᠭᠠᠬᠤ ᠲᠤᠰᠢᠶᠠᠯᠲᠠᠨ  ᠢ  ᠵᠢᠭᠠᠬᠤ 》ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠣᠯᠢᠯᠴᠠᠬᠤ ᠺᠠᠳ᠋ᠷ  ᠢ ᠪᠠᠭᠰᠢ ᠪᠣᠯᠭᠠᠵᠤ᠂ ᠳᠡᠳᠡᠨ ᠡᠴᠡ ᠰᠠᠨᠠᠭᠠᠴᠢᠯᠠᠭ᠎ᠠ ᠠᠴᠠ ᠪᠠᠨ ᠠᠰᠠᠭᠤᠵᠤ ᠰᠤᠷᠤᠯᠴᠠᠬᠤ ᠬᠡᠷᠡᠭᠲᠡᠶ᠃ ᠠᠵᠢᠯ ᠤᠨ ᠲᠠᠯ᠎ᠠ ᠪᠠᠷ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠬᠤᠪᠢᠶᠠᠷᠢᠯᠠᠵᠤ᠂ ᠲᠠᠪᠴᠠᠩ ᠪᠠᠶᠢᠭᠤᠯᠤᠨ᠂ ᠬᠦᠨᠳᠦ ᠡᠭᠦᠷᠭᠡ ᠳᠠᠭᠠᠭᠠᠯᠭᠠᠵᠤ᠂ ᠵᠣᠷᠢᠭᠲᠠᠶ ᠪᠠᠷ ᠬᠡᠷᠡᠭᠯᠡᠬᠦ ᠬᠡᠷᠡᠭᠲᠡᠶ︔ ᠠᠮᠢᠳᠤᠷᠠᠯ  ᠤᠨ ᠲᠠᠯ᠎ᠠ  ᠪᠠᠷ ᠪᠦᠬᠦ ᠬᠦᠴᠦᠨ  ᠢᠶᠡᠷ  ᠢᠶᠡᠨ ᠪᠠᠲᠤᠯᠠᠭ᠎ᠠ ᠬᠠᠩᠭᠠᠨ ᠦᠶᠯᠡᠴᠢᠯᠡᠵᠦ᠂ ᠠᠰᠢᠭᠲᠠᠶ ᠨᠥᠬᠥᠴᠡᠯ  ᠢ ᠡᠭᠦᠳᠴᠦ᠂ ᠳᠠᠪᠠᠭᠤᠯᠢᠭ ᠣᠷᠴᠢᠨ ᠲᠣᠭᠣᠷᠢᠨ ᠬᠠᠩᠭᠠᠨ ᠂ ᠰᠣᠯᠢᠯᠴᠠᠨ ᠲᠤᠰᠠᠯᠠᠬᠤ ᠺᠠᠳ᠋ᠷ ᠤᠨ ᠰᠠᠨᠠᠭ᠎ᠠ ᠠᠮᠤᠷ ᠠᠵᠢᠯᠯᠠᠵᠤ ᠠᠮᠢᠳᠤᠷᠠᠬᠤ ᠶᠢ ᠦᠨᠡᠨᠬᠦ ᠪᠠᠲᠤᠯᠠᠬᠤ ᠬᠡᠷᠡᠭᠲᠡᠶ ᠃

ᠠᠭᠤᠯᠵᠠᠯᠲᠠ ᠶᠢᠨ ᠬᠤᠷᠠᠯ ᠳᠡᠭᠡᠷ᠎ᠡ ᠂ 18 ᠰᠣᠯᠢᠯᠴᠠᠬᠤ ᠺᠠᠳ᠋ᠷ ᠥᠪᠡᠷ ᠦᠨ ᠠᠵᠢᠯ ᠤᠨ ᠥᠩᠭᠡᠷᠡᠯᠲᠡ ᠂ ᠲᠤᠬᠠᠶᠢᠯᠠᠭᠰᠠᠨ ᠠᠵᠢᠯ ᠤᠨ ᠬᠦᠷᠢᠶ᠎ᠡ ᠪᠡᠨ ᠲᠠᠨᠢᠯᠴᠠᠭᠤᠯᠵᠠᠶ ᠃ ᠡᠯ᠎ᠡ ᠬᠤᠪᠢᠶᠠᠷᠢ ᠬᠣᠲᠠ ᠶᠢᠨ ᠬᠣᠷᠢᠶᠠᠨ ᠤ ᠤᠯᠤᠰ ᠲᠥᠷᠥ ᠶᠢᠨ ᠬᠡᠯᠲᠡᠰ  ᠢ ᠬᠤᠪᠢᠳᠠᠨ ᠬᠠᠮᠢᠶᠠᠷᠴᠤ ᠪᠠᠶᠢᠭ᠎ᠠ ᠨᠥᠬᠥᠳ ᠡᠯ᠎ᠡ ᠭᠠᠵᠠᠷ ᠤᠨ ᠦᠨᠳᠦᠰᠦᠨ ᠪᠠᠶᠢᠲᠠᠯ ᠂ ᠣᠷᠣᠨ ᠨᠤᠲᠤᠭ ᠤᠨ ᠵᠠᠩ ᠵᠠᠩᠰᠢᠯ ᠵᠢᠴᠢ ᠺᠠᠳ᠋ᠷ ᠤᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠂ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠵᠠᠶ ᠃ ᠡᠯ᠎ᠡ ᠬᠤᠪᠢᠶᠠᠷᠢ ᠬᠣᠲᠠ ᠶᠢᠨ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠣᠯᠢᠯᠴᠠᠬᠤ ᠺᠠᠳ᠋ᠷ ᠤᠨ ᠦᠰᠦᠨ ᠪᠣᠶᠢᠵᠢᠭᠰᠠᠨ ᠥᠩᠭᠡᠷᠡᠯᠲᠡ ᠪᠠ ᠲᠤᠬᠠᠶᠢᠯᠠᠭᠰᠠᠨ ᠠᠵᠢᠯ ᠤᠨ ᠣᠨᠴᠠ ᠴᠢᠳᠠᠪᠤᠷᠢ ᠶᠢ ᠭᠦᠢᠴᠡᠳ ᠪᠣᠳᠣᠯᠬᠢᠯᠠᠵᠤ ᠂ ᠺᠠᠳ᠋ᠷ ᠰᠣᠯᠢᠯᠴᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠡᠭᠦᠳᠡᠨ ᠡᠴᠡ ᠰᠣᠯᠢᠯᠴᠠᠬᠤ ᠺᠠᠳ᠋ᠷ  ᠲᠤ ᠵᠤᠬᠢᠴᠠᠭᠰᠠᠨ ᠠᠵᠢᠯ ᠤᠨ ᠪᠠᠶᠢᠷᠢ ᠲᠣᠬᠢᠷᠠᠭᠤᠯᠤᠭᠰᠠᠨ ᠪᠥᠭᠡᠳ ᠺᠠᠳ᠋ᠷ ᠤᠨ ᠠᠮᠢᠳᠤᠷᠠᠯ  ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ ᠃ ᠵᠢᠶᠠᠩᠰᠦ ᠵᠧᠵᠢᠶᠠᠩ ᠬᠣᠶᠠᠷ ᠮᠤᠵᠢ ᠶᠢᠨ ᠰᠣᠯᠢᠯᠴᠠᠬᠤ ᠺᠠᠳ᠋ᠷ ᠤᠨ ᠲᠥᠯᠥᠭᠡᠯᠡᠭᠴᠢ ᠶᠠᠷᠢᠶ᠎ᠠ ᠲᠠᠯᠪᠢᠵᠤ ᠂ ᠡᠨᠡ ᠤᠳᠠᠭᠠᠨ  ᠤ ᠰᠣᠯᠢᠯᠴᠠᠭᠠᠨ  ᠤ ᠲᠣᠬᠢᠶᠠᠯ  ᠢᠶᠠᠨ ᠨᠠᠨᠳᠢᠩᠨᠠᠵᠤ ᠂ ᠰᠢᠨ᠎ᠡ ᠬᠠᠮᠲᠤ ᠨᠢᠭᠡᠴᠢ  ᠳᠤ ᠳᠠᠷᠤᠶᠢᠬᠠᠨ ᠠᠭᠤᠰᠤᠯᠴᠠᠨ ᠤᠷᠤᠵᠤ ᠂ ᠰᠢᠨ᠎ᠡ ᠳᠦᠷᠢ ᠳᠦ ᠵᠣᠬᠢᠴᠠᠵᠤ ᠂ ᠤᠯᠤᠰ ᠲᠥᠷᠥ ᠶᠢᠨ ᠲᠠᠯ᠎ᠠ ᠪᠠᠷ ᠥᠪᠡᠷ  ᠢ  ᠪᠡᠨ ᠥᠨᠳᠥᠷ ᠪᠠᠷᠢᠮᠵᠢᠶ᠎ᠠ  ᠪᠠᠷ ᠱᠠᠭᠠᠷᠲᠠᠵᠤ ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ  ᠢᠶᠠᠨ ᠰᠠᠶᠢᠨ ᠬᠢᠵᠦ ᠂ ᠣᠪᠣᠷ ᠰᠤᠷᠲᠠᠯ ᠤᠨ ᠲᠠᠯ᠎ᠠ ᠪᠠᠷ ᠪᠡᠶ᠎ᠡ ᠪᠡᠨ ᠴᠢᠩᠭ᠎ᠠ ᠱᠠᠭᠠᠷᠳᠠᠵᠤ ᠂ ᠠᠮᠢᠳᠤᠷᠠᠯ ᠳᠡᠭᠡᠷ᠎ᠡ ᠰᠢᠷᠭᠠᠭᠤ ᠬᠠᠲᠠᠭᠤᠵᠢᠯᠲᠠᠶ ᠲᠡᠮᠡᠴᠡᠵᠦ ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠵᠤ ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠂ ᠥᠪᠥᠷ ᠮᠣᠩᠭᠣᠯ ᠤᠨ ᠪᠠᠶᠢᠴᠠᠭᠠᠬᠤ ᠦᠶᠯᠡᠰ ᠦᠨ ᠲᠥᠯᠥᠭᠡ ᠬᠦᠴᠦ  ᠪᠡᠨ ᠡᠷᠭᠦᠵᠦ ᠂ ᠭᠤᠷᠪᠠᠨ ᠮᠤᠵᠢ ᠬᠣᠲᠠ ᠬᠢᠭᠡᠳ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠰᠣᠯᠢᠯᠴᠠᠭ ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠬᠡᠮᠡᠨ ᠢᠯᠡᠳᠬᠡᠪᠡ ᠃

ᠬᠤᠷᠠᠯ ᠤᠨ ᠳᠠᠷᠠᠭ᠎ᠠ ᠂ ᠵᠢᠶᠠᠨ ᠰᠢᠶᠣᠤ ᠸᠸᠨ ᠬᠤᠪᠢᠶᠠᠷᠢ ᠬᠣᠲᠠ ᠶᠢᠨ ᠬᠣᠷᠢᠶᠠᠨ ᠤ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠶᠢᠨ ᠰᠠᠭᠤᠲᠠᠯ  ᠤᠨ ᠬᠤᠷᠠᠯ ᠢ ᠡᠷᠬᠢᠯᠡᠨ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠤᠯᠤᠰ ᠲᠥᠷᠥ ᠶᠢᠨ ᠬᠡᠯᠲᠡᠰ ᠦᠨ ᠺᠠᠳ᠋ᠷ ᠤᠨ ᠭᠠᠵᠠᠷ ᠤᠨ ᠬᠠᠷᠢᠭᠤᠴᠠᠯᠭᠠᠲᠠᠨ ᠪᠣᠯᠤᠨ ᠡᠯ᠎ᠡ ᠬᠤᠪᠢᠶᠠᠷᠢ ᠬᠣᠲᠠ ᠶᠢᠨ ᠬᠣᠷᠢᠶᠠᠨ ᠤ ᠤᠯᠤᠰ ᠲᠥᠷᠥ ᠶᠢᠨ ᠬᠡᠯᠲᠡᠰ ᠢ ᠬᠤᠪᠢᠳᠠᠨ ᠬᠠᠮᠢᠶᠠᠷᠴᠤ ᠪᠠᠶᠢᠭ᠎ᠠ ᠨᠥᠬᠥᠳ ᠬᠤᠷᠠᠯ ᠳᠤ ᠣᠷᠣᠯᠴᠠᠪᠠ ᠃ ᠰᠠᠭᠤᠲᠠᠯ  ᠤᠨ ᠬᠤᠷᠠᠯ ᠳᠡᠭᠡᠷ᠎ᠡ ᠂ ᠵᠢᠶᠠᠨ ᠰᠢᠶᠣᠤ ᠸᠸᠨ ᠥᠪᠡᠷᠲᠡᠭᠡᠨ ᠵᠠᠰᠠᠬᠤ ᠣᠷᠣᠨ ᠤ ︽ ᠪᠥᠬᠥ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ < ᠲᠥᠯᠥᠪᠵᠢᠭᠦᠯᠭᠡ ᠶᠢᠨ ᠬᠥᠲᠥᠯᠪᠦᠷᠢ > ᠪᠣᠯᠤᠨ ᠥᠪᠡᠷᠲᠡᠭᠡᠨ ᠵᠠᠰᠠᠬᠤ ᠣᠷᠣᠨ ᠤ < ᠠᠷᠭ᠎ᠠ ᠬᠡᠮᠵᠢᠶ᠎ᠡ  ᠨᠦᠭᠦᠳ > ᠵᠢᠴᠢ ᠪᠥᠬᠥ ᠣᠷᠣᠨ ᠤ ᠺᠠᠳ᠋ᠷ ᠲᠤ ᠬᠢᠨᠠᠯᠲᠠ ᠲᠠᠯᠪᠢᠬᠤ ᠠᠵᠢᠯ ᠤᠨ ᠬᠤᠷᠠᠯ  ᠤᠨ ᠵᠣᠷᠢᠭ ᠰᠠᠨᠠᠭ᠎ᠠ ᠶᠢ ᠲᠤᠸᠱᠯᠠᠭᠤᠯᠤᠨ ᠨᠠᠶᠢᠳᠠᠪᠤᠷᠢᠵᠢᠭᠤᠯᠬᠤ ︾   ᠶᠢᠨ ᠵᠣᠷᠢᠭ ᠰᠠᠨᠠᠭ᠎ᠠ ᠶᠢ ᠲᠠᠮᠵᠢᠭᠤᠯᠬᠤ  ᠬᠠᠮᠲᠤ ᠡᠯ᠎ᠡ ᠠᠶᠢᠮᠠᠭ ᠬᠣᠲᠠ ᠶᠢᠨ ᠭᠠᠵᠠᠷ ᠣᠷᠣᠨ ( ᠬᠤᠪᠢᠶᠠᠷᠢ ︶ ᠬᠣᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠸᠱᠯᠠᠭᠤᠯᠤᠨ ᠨᠠᠶᠢᠳᠠᠪᠤᠷᠢᠵᠢᠭᠤᠯᠬᠤ ᠂ ᠤᠳᠤᠷᠢᠳᠬᠤ ᠪᠠᠭ ᠤᠨ ᠪᠠᠶᠢᠭᠤᠯᠤᠯᠲᠠ ᠪᠠ ᠵᠠᠯᠠᠭᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ ᠃ ᠡᠭᠦᠨ ᠦ ᠬᠠᠮᠲᠤ ᠡᠯ᠎ᠡ ᠠᠶᠢᠮᠠᠭ ᠬᠣᠲᠠ ᠶᠢᠨ ᠭᠠᠵᠠᠷ ᠣᠷᠣᠨ ( ᠬᠤᠪᠢᠶᠠᠷᠢ ) ᠦ ᠬᠣᠷᠢᠶᠠᠨ ᠤ ᠣᠷᠣᠨ ᠲᠤᠭ᠎ᠠ  ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠥᠰᠦᠯ ᠳᠦ ᠱᠠᠭᠠᠷᠳᠠᠯᠭ᠎ᠠ ᠳᠤᠷᠠᠳᠴᠤ ᠂ 2020  ᠤᠨ  ᠤ  ᠪᠦᠬᠦ ᠣᠷᠣᠨ ᠤ ᠣᠷᠣᠨ ᠲᠤᠭᠠᠲᠤ  ᠪᠠᠶᠢᠴᠠᠭᠠᠬᠤ ᠲᠤᠰᠢᠶᠠᠯᠲᠠᠨ ᠢ ᠰᠤᠩᠭᠤᠨ ᠰᠢᠯᠭᠠᠬᠤ  ᠬᠣᠯᠪᠣᠭᠳᠠᠯ ᠪᠦᠬᠦᠢ ᠬᠢᠷᠢ ᠭᠡᠮ ᠦᠨ ᠨᠥᠬᠥᠴᠡᠯ ᠢ ᠲᠣᠪᠴᠢ ᠲᠠᠨᠢᠯᠴᠠᠭᠤᠯᠵᠤ ᠂ ᠡᠭᠦᠨ ᠦ ᠬᠠᠮᠲᠤ ᠲᠣᠰ ᠤᠳᠠᠭᠠᠨ ᠤ ᠵᠧᠵᠢᠶᠠᠩ ᠂ ᠱᠠᠩᠬᠠᠶ ᠂ ᠵᠢᠶᠠᠩᠰᠦ ᠭᠤᠷᠪᠠᠨ ᠮᠤᠵᠢ ᠬᠣᠲᠠ ᠶᠢᠨ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠣᠷᠣᠨ ᠲᠣᠭ᠎ᠠ ᠳᠤ ᠤᠷᠤᠬᠤ  ᠵᠢᠴᠢ ᠬᠠᠸᠯᠢ ᠴᠠᠭᠠᠵᠠ ᠶᠢᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠶᠠᠪᠤᠳᠠᠯ ᠤᠨ ᠲᠤᠬᠠᠶ ᠲᠣᠳᠣᠷᠬᠠᠶ ᠲᠣᠭᠲᠠᠭᠠᠯ ᠭᠠᠷᠭᠠᠪᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro