ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠨᠠᠮ ᠤᠨ ᠤᠳᠤᠷᠢᠳᠬᠤ ᠳᠤᠭᠤᠶᠢᠯᠠᠩ ᠤᠨ ᠭᠣᠣᠯ ᠳᠤᠭᠤᠶᠢᠯᠠᠩ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ ᠪᠦᠬᠦ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠨ ᠲᠤᠤᠱᠯᠠᠭᠤᠯᠪᠠ

2020-06-05 14:39:18
ᠵᠣᠬᠢᠶᠠᠭᠴᠢ
ᠭᠡᠭᠡᠷᠡᠯ

6 ᠰᠠᠷ᠎ᠠ ᠶᠢᠨ 1 ᠦ ᠡᠳᠦᠷ ᠦᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠣᠸᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ︵ ᠥᠷᠭᠡᠳᠬᠡᠭᠰᠡᠨ ︶ ᠶᠢᠨ ᠬᠤᠷᠠᠯ ᠬᠤᠷᠠᠯᠳᠤᠭᠤᠯᠵᠤ ᠂ ᠪᠥᠬᠥ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠲᠠᠮᠵᠢᠭᠤᠯᠤᠨ ᠰᠤᠷᠤᠯᠴᠠᠨ ᠲᠤᠸᠱᠯᠠᠭᠤᠯᠵᠤ ᠂ ᠯᠢ ᠴᠢ ᠯᠢᠨ ᠪᠠᠶᠢᠴᠠᠭᠠᠬᠤ ᠳᠠᠷᠤᠭ᠎ᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠂ ᠲᠢᠩᠬᠢᠮ ᠦᠨ ᠲᠠᠰ ᠤᠨ ᠺᠠᠳ᠋ᠷ ᠂ ᠪᠠᠶᠢᠭᠤᠯᠭ᠎ᠠ ᠶᠢᠨ ᠡᠯ᠎ᠡ ᠳᠣᠲᠣᠭᠠᠳᠤ ᠪᠠᠶᠢᠭᠤᠯᠤᠮᠵᠢ ᠂ ᠰᠢᠭᠤᠳ ᠬᠠᠷᠢᠶ᠎ᠠ ᠠᠵᠢᠯ ᠦᠶᠯᠡᠰ ᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃


111.jpg


ᠯᠢ ᠴᠢ ᠯᠢᠨ ᠬᠡᠯᠡᠬᠦ  ᠳᠡᠭᠡᠨ᠂ ᠪᠦᠬᠦ ᠤᠯᠤᠰ  ᠤᠨ ᠬᠣᠶᠠᠷ ᠬᠤᠷᠠᠯ  ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠶ ᠰᠤᠷᠤᠯᠴᠠᠵᠤ᠂ ᠶᠡᠬᠡ ᠲᠠᠯ᠎ᠠ  ᠳᠤ ᠤᠨᠤᠴᠢᠲᠠᠢ  ᠪᠠᠷ ᠦᠶᠯᠡᠴᠢᠯᠡᠬᠦ ᠬᠡᠷᠡᠭᠲᠡᠶ᠃ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠂ ᠢᠮᠠᠭᠲᠠ ᠤᠯᠤᠰ ᠲᠥᠷᠥ ᠶᠢᠨ ᠵᠣᠭᠰᠣᠯᠲᠠ ᠂ ᠤᠯᠤᠰ ᠲᠥᠷᠥ ᠶᠢᠨ ᠴᠢᠭᠯᠡᠯ ᠂ ᠤᠯᠤᠰ ᠲᠥᠷᠥ ᠶᠢᠨ ᠵᠠᠷᠴᠢᠮ ᠂ ᠤᠯᠤᠰ ᠲᠥᠷᠥ ᠶᠢᠨ ᠵᠠᠮ ᠳᠡᠭᠡᠷ᠎ᠡ ᠰᠢ ᠵᠢᠨ ᠫᠢᠩ ᠨᠥᠬᠥᠷ ᠢᠶᠡᠷ ᠭᠤᠤᠯ ᠪᠤᠯᠭᠠᠭᠰᠠᠨ ᠨᠠᠮ ᠤᠨ ᠲᠥᠪ ᠬᠣᠷᠢᠶ᠎ᠠ ᠲᠠᠶ ᠳᠡᠭᠡᠳᠦ ᠬᠡᠮᠵᠢᠶ ᠎ᠡ ᠪᠡᠷ ᠨᠢᠭᠡᠳᠦᠯᠲᠡᠶ ᠪᠠᠶᠢᠬᠤ ᠬᠡᠷᠡᠭᠲᠡᠶ ︔ ᠪᠦᠬᠦ ᠤᠯᠤᠰ  ᠤᠨ ᠬᠣᠶᠠᠷ ᠬᠤᠷᠠᠯ ᠠᠴᠠ   ᠳᠤᠷᠠᠳᠤᠭᠰᠠᠨ ᠬᠠᠷᠠᠯᠲᠠ ᠡᠭᠦᠷᠭᠡ ᠪᠣᠯᠤᠨ ᠪᠠᠶᠢᠷᠢᠯᠠᠭᠤᠯᠤᠯᠲᠠ ᠱᠠᠭᠠᠷᠳᠠᠯᠭ ᠎ᠠ ᠲᠠᠶ ᠬᠠᠷᠢᠴᠠᠭᠤᠯᠵᠤ ᠂ ᠠᠵᠢᠯ ᠤᠨ ᠭᠣᠸᠯᠳᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ ᠂ ᠠᠵᠢᠯ ᠤᠨ ᠠᠷᠭ᠎ᠠ ᠬᠡᠮᠵᠢᠶ᠎ᠡ ᠪᠡᠨ ᠴᠢᠩᠭᠠᠳᠬᠠᠵᠤ ᠂ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠪᠠᠶᠢᠴᠠᠭᠠᠬᠤ ᠠᠵᠢᠯ ᠤᠨ ᠳᠤᠮᠳᠠ ᠦᠨᠡᠨ ᠬᠦ ᠲᠤᠭᠤᠰᠢᠲᠠᠶ ᠨᠠᠶᠢᠳᠠᠪᠤᠷᠢᠵᠢᠭᠤᠯᠵᠤ ᠂ ᠪᠣᠳᠠᠲᠠᠶ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠶ ︔ ᠠᠷᠠᠳ ᠲᠦᠮᠡᠨ ᠢᠶᠡᠷ ᠭᠣᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠦ ᠴᠢᠩᠭ᠎ᠠ ᠲᠦᠰᠢᠭᠯᠡᠬᠦ᠂ ᠠᠷᠠᠳ ᠲᠦᠮᠡᠨ ᠳᠦ ᠲᠠᠰᠤᠷᠠᠯᠲᠠ ᠦᠭᠡᠢ ᠪᠤᠶᠠᠨ ᠦᠶᠯᠡᠳᠬᠦ᠂ ᠠᠷᠠᠳ ᠲᠦᠮᠡᠨ ᠳᠦ ᠪᠠᠲᠤ ᠦᠨᠳᠦᠰᠦᠯᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠦᠬᠦ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃


222.jpg

ᠯᠢ ᠴᠢ ᠯᠢᠨ ᠵᠢᠭᠠᠵᠤ ᠭᠠᠷᠭᠠᠭᠰᠠᠨ ᠨᠢ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ ᠤ ᠠᠵᠢᠯ ᠤᠨ ᠮᠡᠲᠡᠭᠦᠯᠦᠯᠲᠡ  ᠶᠢᠨ ᠵᠣᠷᠢᠭ ᠰᠠᠨᠠᠭ᠎ᠠ ᠶᠢ ᠣᠨᠣᠪᠴᠢᠲᠠᠢ ᠡᠵᠡᠮᠰᠢᠵᠦ᠂ ᠪᠠᠶᠢᠴᠠᠭᠠᠬᠤ ᠠᠵᠢᠯ ᠤᠨ ᠡᠯ᠎ᠡ ᠵᠦᠢᠯ ᠦᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ 《 ᠯᠠᠪᠳᠠᠭᠤᠨ ᠢᠶᠠᠷ ᠤᠷᠤᠭᠰᠢᠯᠠᠬᠤ ᠂ ᠨᠠᠶᠢᠳᠠᠪᠤᠷᠢᠵᠢᠭᠤᠯᠬᠤ ᠂ ᠲᠡᠭᠡᠭᠰᠢᠯᠡᠭᠦᠯᠬᠦ 》 ᠪᠠᠶᠢᠴᠠᠭᠠᠬᠤ ᠠᠵᠢᠯ ᠤᠨ ᠭᠣᠣᠯ ᠰᠡᠳᠦᠪ ᠢ ᠪᠠᠲᠤ ᠡᠵᠡᠮᠰᠢᠵᠦ ᠂ 《ᠳᠥᠷᠪᠡᠨ ᠶᠡᠬᠡ ᠪᠠᠶᠢᠴᠠᠭᠠᠬᠤ 》 ᠶᠢᠨ ᠪᠦᠬᠦ ᠲᠠᠯ᠎ᠠ  ᠶᠢᠨ ᠵᠣᠬᠢᠴᠠᠩᠭᠤᠶ ᠪᠥᠭᠡᠳ ᠭᠦᠶᠴᠡᠳ ᠬᠥᠭᠵᠢᠯᠲᠡ  ᠶᠢ ᠠᠬᠢᠭᠤᠯᠵᠤ᠂ ᠠᠷᠠᠳ ᠲᠦᠮᠡᠨ  ᠦ ᠪᠠᠶᠢᠴᠠᠭᠠᠬᠤ ᠠᠵᠢᠯ  ᠳᠤ ᠲᠠᠯᠪᠢᠭᠰᠠᠨ ᠬᠦᠨᠳᠦ ᠨᠠᠶᠢᠳᠠᠯᠭ᠎ᠠ  ᠶᠢ ᠬᠥᠰᠡᠷᠳᠡᠭᠦᠯᠬᠦ ᠦᠭᠡᠢ᠃ ᠬᠢᠵᠢᠭ ᠦᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠳᠤᠮᠳᠠ ᠪᠠᠶᠢᠴᠠᠭᠠᠬᠤ ᠡᠭᠦᠷᠭᠡ ᠴᠢᠳᠠᠪᠤᠷᠢ ᠪᠠᠨ ᠰᠠᠶᠢᠲᠤᠷ ᠭᠦᠶᠴᠡᠳᠬᠡᠵᠦ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠦᠨ ᠠᠷᠭ᠎ᠠ ᠪᠠᠷᠢᠯ ᠢᠶᠠᠷ ᠠᠵᠢᠯᠯᠠᠵᠤ ᠬᠡᠷᠡᠭ ᠰᠢᠶᠳᠪᠦᠷᠢᠯᠡᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠬᠡᠷᠡᠭᠲᠡᠶ︔ ᠠᠮᠢ ᠠᠬᠤᠢ ᠣᠷᠴᠢᠨ ᠲᠣᠭᠣᠷᠢᠨ  ᠤ  ᠥᠨᠳᠥᠷ ᠬᠢᠷ ᠲᠦᠪᠰᠢᠨ ᠪᠦᠬᠦᠢ ᠬᠠᠮᠠᠭᠠᠯᠠᠯᠲᠠ  ᠶᠢᠨ ᠥᠪᠥᠷ ᠮᠣᠩᠭᠣᠯ ᠤᠨ ᠪᠠᠶᠢᠴᠠᠭᠠᠬᠤ ᠬᠡᠪ ᠵᠠᠭᠪᠤᠷ ᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠴᠣᠭᠴᠠᠯᠠᠬᠤ ᠳᠤ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︔ ᠪᠣᠯᠭᠣᠮᠵᠢᠲᠠᠶ ᠪᠠᠷᠢᠪᠴᠢᠯᠠᠬᠤ ᠂ ᠪᠣᠯᠭᠣᠮᠵᠢᠲᠠᠶ ᠵᠠᠭᠠᠯᠲᠤᠬᠤ ᠵᠠᠷᠴᠢᠮ  ᠢ ᠪᠠᠷᠢᠮᠲᠠᠯᠠᠵᠤ ᠂ ︽ ᠵᠢᠷᠭᠤᠭ᠎ᠠ ᠶᠢ ᠲᠣᠭᠲᠠᠭᠤᠨ ᠪᠠᠶᠢᠯᠭᠠᠬᠤ ︾ ᠠᠵᠢᠯ ᠢ ᠰᠠᠶᠢᠲᠤᠷ ᠬᠢᠵᠦ ᠂ ︽ ᠵᠢᠷᠭᠤᠭ᠎ᠠ ᠶᠢ ᠪᠠᠲᠤᠯᠠᠬᠤ ︾ ᠡᠭᠦᠷᠭᠡ ᠶᠢ ᠨᠠᠶᠢᠲᠠᠪᠤᠷᠢᠵᠢᠭᠤᠯᠤᠨ ᠂ ᠵᠠᠬ᠎ᠠ ᠳᠡᠯᠭᠡᠭᠦᠷ ᠦᠨ ᠭᠣᠸᠯ ᠴᠣᠭᠴᠠ ᠶᠢ ᠬᠠᠸᠯᠢ ᠶᠣᠰᠣᠭᠠᠷ ᠡᠷᠬᠡ ᠲᠡᠭᠰᠢ ᠪᠡᠷ ᠬᠠᠮᠠᠭᠠᠯᠠᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ ︔ ᠨᠡᠭᠦᠷᠡᠰᠦᠨ  ᠦ ᠡᠬᠢ ᠪᠠᠶᠠᠯᠢᠭ  ᠤᠨ ᠬᠠᠸᠯᠢ  ᠠᠴᠠ ᠵᠥᠷᠢᠴᠡᠭᠰᠡᠨ ᠠᠰᠠᠭᠤᠳᠠᠯ  ᠢ ᠴᠡᠭᠴᠡᠯᠡᠨ ᠵᠠᠰᠠᠬᠤ ᠠᠵᠢᠯ  ᠳᠤ ᠢᠳᠡᠪᠬᠢᠲᠡᠶ ᠤᠷᠤᠯᠴᠠᠵᠤ ᠂ ᠬᠠᠸᠯᠢ ᠴᠠᠭᠠᠵᠠ ᠠᠴᠠ ᠪᠠᠶᠢᠴᠠᠭᠠᠬᠤ ᠪᠠᠶᠢᠭᠤᠯᠭ᠎ᠠ ᠳᠤ ᠣᠯᠭᠣᠭᠰᠠᠨ ᠠᠮᠢ ᠠᠬᠤᠶ ᠶᠢᠨ ᠣᠷᠴᠢᠨ ᠲᠤᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠬᠡᠷᠡᠭ ᠵᠢᠴᠢ ᠤᠯᠤᠰ ᠤᠨ ᠥᠮᠴᠢᠯᠡᠯ ᠦᠨ ᠡᠳ᠋ ᠬᠦᠷᠦᠨᠭᠭᠡ ᠶᠢ ᠬᠠᠮᠠᠭᠠᠯᠠᠬᠤ ᠬᠡᠷᠡᠭ ᠢ  ᠢ ᠰᠢᠢᠳᠪᠦᠷᠢᠯᠡᠬᠦ ᠡᠭᠦᠷᠭᠡ ᠴᠢᠳᠠᠪᠤᠷᠢ  ᠪᠡᠨ ᠰᠠᠶᠢᠲᠤᠷ ᠪᠠᠲᠠᠷᠠᠭᠤᠯᠤᠨ᠎ᠠ ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ ᠂ 《 ᠲᠣᠭ᠎ᠠ ᠪᠥᠭᠯᠡᠬᠦ ᠦᠭᠡᠢ ᠂ ᠥᠨᠳᠥᠷ ᠮᠠᠨᠳᠤᠭᠤᠯᠬᠤ ᠦᠭᠡᠢ ᠂ ᠳᠡᠰ ᠪᠠᠭᠤᠷᠠᠭᠤᠯᠬᠤ ᠦᠭᠡᠢ 》 ᠶᠢ ᠪᠠᠷᠢᠮᠲᠠᠯᠠᠵᠤ ᠂ ᠬᠠᠸᠯᠢ ᠴᠠᠭᠠᠵᠠ ᠶᠢᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠬᠠᠷ᠎ᠠ ᠪᠦᠯᠦᠭᠲᠡᠨ ᠬᠠᠷᠭᠢᠰ ᠬᠦᠴᠦᠨ ᠳᠦ ᠴᠣᠬᠢᠯᠲᠠ ᠦᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ᠎ᠠ ᠃ ᠯᠢ ᠴᠢ ᠯᠢᠨ ᠱᠠᠭᠠᠷᠳᠠᠭᠰᠠᠨ ᠨᠢ ᠂ ᠰᠤᠷᠭᠠᠨ ᠬᠥᠮᠦᠵᠢᠯ ᠦᠨ ᠴᠡᠭᠴᠡᠯᠡᠯᠲᠡ ᠪᠡᠷ ᠥᠪᠡᠷᠮᠢᠴᠡ ᠵᠦᠶᠯ ᠪᠣᠯᠭᠠᠵᠤ᠂ ᠪᠠᠶᠢᠴᠠᠭᠠᠬᠤ ᠡᠩᠨᠡᠭᠡᠨ ᠦ ᠤᠯᠤᠰ ᠲᠦᠷᠦ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠪᠠᠶᠢᠴᠠᠭᠠᠬᠤ ᠡᠩᠨᠡᠭᠡᠨ ᠦ ᠪᠠᠶᠢᠭᠤᠯᠤᠯᠲᠠ ᠶᠢ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠴᠡᠭᠴᠡᠯᠡᠯᠲᠡ ᠶᠢᠨ ᠠᠵᠢᠯ ᠲᠠᠶ ᠤᠶᠠᠯᠳᠤᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ  ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠵᠢᠴᠢ ᠥᠪᠥᠷ ᠮᠣᠩᠭᠣᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠪᠣᠯᠪᠠᠰᠤᠷᠠᠯ ᠢ ᠦᠷᠭᠦᠯᠵᠢᠯᠡᠨ ᠰᠠᠶᠢᠲᠤᠷ ᠠᠳᠬᠤᠵᠤ᠂ ᠤᠳᠤᠷᠢᠳᠬᠤ ᠪᠠᠭ ᠪᠣᠯᠤᠨ ᠬᠡᠷᠡᠭ ᠰᠢᠢᠳᠪᠦᠷᠢᠯᠡᠬᠦ ᠪᠦᠯᠬᠦᠮ ᠦᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢ ᠬᠡᠪ ᠴᠢᠨᠠᠷ ᠤᠨ ᠳᠤᠲᠠᠭᠤᠳᠠᠯ ᠢ ᠲᠠᠰᠤᠷᠠᠯᠲᠠ ᠦᠭᠡᠢ ᠨᠥᠬᠥᠪᠥᠷᠢᠯᠡᠵᠦ ᠂ ᠰᠠᠬᠢᠯᠭ᠎ᠠ ᠪᠠᠲᠤ ᠣᠪᠣᠷ ᠰᠤᠷᠲᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ ᠂ ᠣᠶᠤᠨᠴᠢ ᠪᠠᠶᠢᠴᠠᠭᠠᠬᠤ ᠠᠵᠢᠯ ᠪᠠ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠨᠢᠭᠡᠨ ᠰᠠᠯᠠᠭ᠎ᠠ ᠴᠠᠭᠠᠷᠠᠭᠰᠠᠨ ᠪᠠᠶᠢᠴᠠᠭᠠᠬᠤ ᠡᠩᠨᠡᠭᠡ ᠶᠢ ᠴᠤᠭᠴᠠᠯᠠᠨ ᠪᠠᠶᠢᠭᠤᠯᠤᠨ᠎ᠠ ᠃

ᠯᠢ ᠴᠢ ᠯᠢᠨ ᠴᠢᠬᠤᠯᠠᠴᠢᠯᠠᠭᠰᠠᠨ ᠨᠢ ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠪᠣᠯᠤᠨ ᠪᠦᠬᠦ ᠪᠠᠶᠢᠴᠠᠭᠠᠬᠤ ᠠᠵᠢᠯᠲᠠᠨ 《 ᠢᠷᠭᠡᠨ ᠦ ᠬᠠᠤᠯᠢ ᠶᠢᠨ ᠪᠢᠴᠢᠭ 》 ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠶᠡᠬᠡ ᠠᠴᠢ ᠬᠣᠯᠪᠣᠭᠳᠠᠯ ᠢ ᠭᠦᠢᠴᠡᠳ ᠲᠠᠨᠢᠵᠤ ᠂ ᠵᠦᠢᠯ ᠵᠤᠷᠪᠤᠰ ᠤᠨ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠵᠤ ᠂ ᠬᠠᠸᠯᠢ ᠲᠣᠭᠲᠠᠭᠠᠬᠤ ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠬᠦ ᠳᠦ ᠨᠢᠳᠤᠨ ᠳᠦ ᠦᠵᠡᠭᠳᠡᠵᠦ ᠬᠠᠷᠠᠭᠳᠠᠬᠤ ᠬᠠᠸᠯᠢ ᠵᠤᠷᠪᠤᠰ ᠢ ᠡᠵᠡᠮᠰᠢᠬᠦ ᠪᠡᠷ ᠪᠠᠷᠠᠬᠤ ᠦᠭᠡᠢ ᠪᠠᠰᠠ ᠦᠯᠦ ᠦᠵᠡᠭᠲᠡᠬᠦ ᠬᠠᠸᠯᠢ ᠶᠣᠰᠣ ᠶᠢ ᠪᠠᠰᠠ ᠡᠵᠡᠮᠰᠢᠬᠦ ᠬᠡᠷᠡᠭᠲᠡᠶ︔ ︽ ᠢᠷᠭᠡᠨ ᠦ ᠬᠠᠸᠯᠢ ᠶᠢᠨ ᠪᠢᠴᠢᠭ ︾ ᠢ ᠰᠤᠷᠤᠯᠴᠠᠨ ᠲᠤᠸᠱᠯᠠᠭᠤᠯᠬᠤ ᠪᠠ ᠬᠠᠪᠰᠤᠷᠤᠨ ᠵᠢᠯᠣᠭᠣᠳᠴᠤ ᠤᠩᠰᠢᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ ᠂ ᠪᠥᠬᠥ ᠣᠷᠣᠨ ᠤ ᠪᠠᠶᠢᠴᠠᠭᠠᠬᠤ ᠰᠢᠰᠲ᠋ᠧᠮ  ᠳᠤ ᠪᠤᠯᠪᠠᠰᠤᠷᠠᠯ ᠬᠢᠵᠦ ᠂ ᠬᠠᠤᠯᠢ ᠴᠠᠭᠠᠵᠠ ᠲᠦᠷᠢᠮ ᠲᠤᠭᠲᠠᠭᠠᠯ  ᠢ ᠪᠦᠬᠦ ᠪᠠᠶᠢᠴᠠᠭᠠᠬᠤ ᠠᠵᠢᠯᠲᠠᠨ  ᠤ ᠦᠨᠲᠦᠰᠦᠨ ᠵᠠᠷᠴᠢᠮ ᠪᠤᠯᠭᠠᠵᠤ ᠂ ᠢᠷᠭᠡᠨ  ᠦ ᠬᠡᠷᠡᠭ  ᠦᠨ  ᠪᠠᠶᠢᠴᠠᠭᠠᠬᠤ ᠬᠢᠨᠠᠯᠲᠠ ᠲᠠᠯᠪᠢᠬᠤ ᠠᠵᠢᠯ  ᠢ ᠤᠯᠠᠮ ᠨᠢᠭᠡ ᠠᠯᠬᠤᠮ ᠴᠢᠩᠭᠠᠳᠬᠠᠨ᠎ᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro