ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠵᠠᠩ ᠵᠢᠶᠦ᠋ᠨ᠄ ︽ ᠲᠤᠭᠲᠠᠭᠤᠨ  ᠢᠶᠠᠷ ᠤᠷᠤᠭᠰᠢᠯᠠᠬᠤ ︾ ᠶᠢ ᠪᠠᠷᠢᠮᠲᠠᠯᠠᠵᠤ ︽ ᠨᠠᠶᠢᠳᠠᠪᠤᠷᠢᠵᠢᠭᠤᠯᠬᠤ ︾ ᠶᠢ ᠭᠦᠨᠵᠡᠭᠡᠶᠢᠷᠡᠭᠦᠯᠵᠦ ︽ ᠳᠡᠭᠡᠭᠰᠢᠯᠡᠭᠦᠯᠬᠦ ︾ ᠶᠢ ᠦᠷᠭᠦᠯᠵᠢᠯᠡᠨ ᠪᠠᠷᠢᠮᠲᠠᠯᠠᠵᠤ ᠂ ᠪᠥᠬᠥ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠪᠠᠶᠢᠴᠠᠭᠠᠬᠤ ᠠᠵᠢᠯ ᠨᠢᠭᠡᠪᠦᠷᠢ ᠳᠦ ᠠᠭᠤᠰᠤᠯᠴᠠᠭᠤᠯᠤᠨ᠎ᠠ

2020-06-09 18:43:10
ᠵᠣᠬᠢᠶᠠᠭᠴᠢ
ᠨᠠᠪᠴᠢ

ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ  ᠪᠥᠬᠥ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠸᠱᠯᠠᠭᠤᠯᠬᠤ ᠲᠧᠯᠸᠢᠰ ᠳ᠋ᠢᠩᠬᠤᠸᠠ  ᠶᠢᠨ ᠬᠤᠷᠠᠯ ᠬᠤᠷᠠᠯᠳᠤᠪᠠ ᠃ ᠵᠠᠩ ᠵᠢᠶᠦ᠋ᠨ ︽ ᠯᠠᠪᠳᠠᠭᠤᠨ ᠢᠶᠠᠷ ᠤᠷᠤᠭᠰᠢᠯᠠᠬᠤ ︾ ᠶᠢ ᠪᠠᠷᠢᠮᠲᠠᠯᠠᠵᠤ᠂ ︽ ᠨᠠᠶᠢᠳᠠᠪᠤᠷᠢᠵᠢᠭᠤᠯᠬᠤ ︾ ᠶᠢ ᠭᠦᠨᠵᠡᠭᠡᠶᠢᠷᠡᠭᠦᠯᠵᠦ᠂ ︽ ᠳᠡᠭᠡᠭᠰᠢᠯᠡᠭᠦᠯᠬᠦ ︾ ᠶᠢ ᠦᠷᠭᠦᠯᠵᠢᠯᠡᠨ ᠪᠠᠷᠢᠮᠲᠠᠯᠠᠵᠤ ᠪᠥᠬᠥ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠪᠠᠶᠢᠴᠠᠭᠠᠬᠤ ᠠᠵᠢᠯ ᠨᠢᠭᠡᠪᠦᠷᠢ ᠳᠦ ᠠᠭᠤᠰᠤᠯᠴᠠᠭᠤᠯᠬᠤ ᠬᠡᠷᠡᠭᠲᠡᠶ ᠭᠡᠵᠦ ᠱᠠᠭᠠᠷᠳᠠᠪᠠ


11.jpg22.jpg


6 ᠰᠠᠷ᠎ᠠ ᠶᠢᠨ 2 ᠤᠨ ᠡᠳᠦᠷ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠪᠥᠬᠥ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠸᠱᠯᠠᠭᠤᠯᠬᠤ ᠲᠧᠯᠸᠢᠰ  ᠳ᠋ᠢᠩᠬᠤᠸᠠ  ᠶᠢᠨ ᠬᠤᠷᠠᠯ ᠬᠤᠷᠠᠯᠳᠤᠭᠤᠯᠪᠠ ᠃


33.jpg


ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃


44.jpg

55.jpg

ᠲᠧᠯᠸᠢᠰ ᠳ᠋ᠢᠩᠬᠤᠸᠠ ᠵᠢᠨ ᠬᠤᠷᠠᠯᠳᠤᠭᠠᠨ ᠢ ᠪᠦᠬᠦ ᠤᠯᠤᠰ ᠤᠨ ᠳᠥᠷᠪᠡᠳᠦᠭᠡᠷ ᠱᠠᠲᠤᠨ ᠤ ᠪᠠᠶᠢᠴᠠᠭᠠᠬᠤ  ᠬᠤᠷᠢᠶ᠎ᠠ ᠬᠦᠷᠲᠡᠯ᠎ᠠ ᠬᠤᠷᠠᠯᠳᠤᠭᠤᠯᠵᠤ᠂ 20 ᠲᠦᠮᠡ ᠭᠠᠷᠤᠶ ᠪᠠᠶᠢᠴᠠᠭᠠᠬᠤ ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠠᠶ᠃

6 ᠰᠠᠷ᠎ᠠ ᠶᠢᠨ 2 ᠦ ᠡᠳᠦᠷ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶ᠎ᠠ ᠪᠦᠬᠦ ᠤᠯᠤᠰ  ᠤᠨ ᠪᠠᠶᠢᠴᠠᠭᠠᠬᠤ ᠪᠠᠶᠢᠭᠤᠯᠭ᠎ᠠ  ᠶᠢᠨ ᠪᠦᠬᠦ ᠤᠯᠤᠰ  ᠤᠨ ᠬᠣᠶᠠᠷ ᠬᠤᠷᠠᠯ  ᠤᠨ ᠵᠣᠷᠢᠭ ᠰᠠᠨᠠᠭ᠎ᠠ  ᠶᠢ ᠰᠤᠷᠤᠯᠴᠠᠨ ᠲᠤᠸᠱᠯᠠᠭᠤᠯᠬᠤ ᠲᠧᠯᠸᠢᠰ ᠳ᠋ᠢᠩᠬᠤᠸᠠ  ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ  ᠶᠢᠨ  ᠪᠦᠬᠦ ᠤᠯᠤᠰ  ᠤᠨ ᠬᠣᠶᠠᠷ ᠬᠤᠷᠠᠯ  ᠤᠨ ᠬᠤᠭᠤᠴᠠᠭᠠᠨ  ᠳᠠᠬᠢ ᠰᠢᠷᠢᠰ ᠴᠢᠬᠤᠯᠠ ᠶᠠᠷᠢᠶ᠎ᠠ ᠪᠣᠯᠤᠨ ᠪᠦᠬᠦ ᠤᠯᠤᠰ  ᠤᠨ ᠬᠣᠶᠠᠷ ᠬᠤᠷᠠᠯ  ᠤᠨ ᠵᠣᠷᠢᠭ ᠰᠠᠨᠠᠭ᠎ᠠ  ᠶᠢ ᠰᠤᠷᠤᠯᠴᠠᠨ ᠲᠤᠸᠱᠯᠠᠭᠤᠯᠬᠤ  ᠳ᠋ᠦ ᠪᠠᠶᠢᠷᠢᠯᠠᠭᠤᠯᠤᠯᠲᠠ  ᠬᠢᠵᠦ᠂ ᠲᠥᠪ ᠦᠨ ᠤᠯᠤᠰ ᠲᠦᠷᠦ ᠬᠠᠸᠯᠢ ᠴᠠᠭᠠᠵᠠ ᠶᠢᠨ ᠬᠣᠷᠢᠶᠠᠨ ᠤ ᠪᠥᠬᠥᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳ᠋ᠦ ᠱᠠᠭᠠᠷᠳᠠᠯᠭ᠎ᠠ ᠳᠤᠷᠠᠳᠪᠠ᠃ ᠠᠷᠠᠳ ᠤᠨ  ᠳᠡᠭᠡᠲᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠵᠠᠩ ᠵᠢᠶᠦ᠋ᠨ ᠴᠢᠬᠤᠯᠠᠴᠢᠯᠠᠭᠰᠠᠨ ᠨᠢ ᠂ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ  ᠶᠡᠷᠦᠩᠬᠡᠢ ᠱᠦᠵᠢ ᠵᠢᠨ ᠪᠦᠬᠦ ᠤᠯᠤᠰ ᠤᠨ ᠬᠣᠶᠠᠷ ᠬᠤᠷᠠᠯ ᠤᠨ ᠬᠤᠭᠤᠴᠠᠭᠠᠨ ᠳᠠᠬᠢ ᠰᠢᠷᠢᠰ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠣᠶᠠᠷ ᠬᠤᠷᠠᠯ ᠤᠨ ᠵᠣᠷᠢᠭ ᠰᠠᠨᠠᠭ᠎ᠠ ᠶᠢ ᠪᠠᠶᠢᠴᠠᠭᠠᠬᠤ ᠠᠵᠢᠯ ᠨᠢᠭᠡᠪᠦᠷᠢ ᠳᠦ ᠠᠭᠤᠰᠤᠯᠴᠠᠭᠤᠯᠵᠤ᠂ ᠦᠷᠭᠦᠯᠵᠢᠯᠡᠨ᠂ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠢᠭᠡ ᠨᠢᠭᠡ ᠵᠦᠶᠯ ᠢᠶᠡᠷ ᠪᠣᠳᠠᠲᠠᠶ ᠠᠳᠬᠤᠵᠤ ᠰᠠᠶᠢᠲᠤᠷ ᠠᠳᠬᠤᠵᠤ᠂《ᠲᠦᠷᠪᠡᠨ ᠶᠡᠬᠡ  ᠪᠠᠶᠢᠴᠠᠭᠠᠬᠤ》᠂ 《ᠠᠷᠪᠠᠨ ᠶᠡᠬᠡ  ᠠᠵᠢᠯ ᠲᠦᠷᠦᠯ》 ᠤᠨ ᠨᠡᠩ ᠰᠠᠢᠢᠨ ᠪᠣᠳᠠᠲᠤ ᠦᠷ᠎ᠡ ᠪᠦᠲᠦᠮᠵᠢ ᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠨᠢᠭᠡᠳᠦᠭᠡᠷ ᠵᠠᠭᠤᠨ ᠵᠢᠯ ᠦᠨ ᠲᠡᠮᠡᠴᠡᠯ ᠦᠨ ᠬᠠᠷᠠᠯᠲᠠ ᠶᠢ ᠪᠡᠶᠡᠯᠡᠭᠦᠯᠬᠦ ᠳᠦ ᠰᠢᠨ᠎ᠡ᠂ ᠨᠡᠩ ᠶᠡᠬᠡ ᠪᠠᠶᠢᠴᠠᠭᠠᠬᠤ ᠠᠵᠢᠯ ᠤᠨ ᠬᠤᠪᠢ ᠨᠡᠮᠡᠷᠢ ᠦᠵᠡᠭᠦᠯᠦᠨ᠎ᠡ᠃

ᠬᠤᠷᠠᠯ ᠠᠴᠠ᠂ ᠪᠦᠬᠦ ᠤᠯᠤᠰ ᠤᠨ ᠬᠣᠶᠠᠷ ᠬᠤᠷᠠᠯ ᠤᠨ ᠠᠮᠵᠢᠯᠲᠠ ᠲᠠᠶ ᠶᠠᠪᠤᠭᠳᠠᠭᠰᠠᠨ  ᠨᠢ ᠢᠲᠡᠭᠡᠯ ᠵᠣᠷᠢᠭ ᠢ ᠲᠤᠶᠢᠯ  ᠤᠨ ᠶᠡᠬᠡ ᠪᠡᠷ ᠬᠥᠭᠵᠢᠭᠡᠵᠦ᠂ ᠠᠷᠠᠳ ᠤᠨ ᠰᠡᠳᠬᠢᠯ ᠢ ᠨᠢᠭᠲᠠᠷᠠᠭᠤᠯᠪᠠ ᠭᠡᠪᠠ᠃ ᠶᠡᠬᠡ ᠬᠤᠷᠠᠯ ᠠᠴᠠ ᠰᠢ ᠶᠢᠨ ᠫᠢᠩ ᠨᠥᠬᠥᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠪᠣᠯᠤᠨ ᠤᠯᠤᠰ ᠤᠨ ᠠᠵᠢᠯ ᠦᠢᠯᠡᠰ ᠢᠯᠠᠩᠭᠤᠶ᠎ᠠ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠣᠯᠤᠭᠰᠠᠨ ᠴᠢᠬᠤᠯᠠ ᠶᠡᠬᠡ ᠦᠷ᠎ᠡ ᠪᠦᠲᠦᠭᠡᠯ ᠢ ᠳᠡᠭᠡᠳᠦ ᠬᠡᠮᠵᠢᠢ᠎ᠡ ᠪᠡᠷ ᠦᠨᠡᠯᠡᠪᠡ᠃ ᠶᠡᠬᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠪᠤᠰᠤᠳ ᠢᠯᠡᠳᠬᠡᠯ ᠢ ᠬᠢᠨᠠᠨ ᠶᠠᠷᠢᠯᠴᠠᠵᠤ ᠵᠥᠪᠰᠢᠶᠡᠷᠡᠭᠡᠳ ᠬᠣᠶᠢᠰᠢᠳᠠ ᠶᠢᠨ ᠨᠢᠭᠡ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠲᠠ ᠬᠢᠪᠡ᠃ ᠶᠡᠬᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ᠢᠷᠭᠡᠨ ᠦ ᠬᠠᠤᠯᠢ ᠶᠢᠨ ᠪᠢᠴᠢᠭ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠠᠭᠴᠢ ᠬᠠᠤᠯᠢ  ᠵᠢᠨ ᠪᠢᠴᠢᠭ ᠢᠶᠡᠷ ᠨᠡᠷᠡᠯᠡᠭᠳᠡᠭᠰᠡᠨ ᠬᠠᠥᠯᠢ ᠴᠠᠭᠠᠵᠠ ᠪᠠᠶᠢᠵᠤ᠂ ᠮᠠᠨ ᠤ ᠤᠯᠤᠰ ᠤᠨ ᠬᠠᠤᠯᠢ ᠪᠠᠷ ᠵᠠᠰᠠᠬᠤ ᠬᠥᠭᠵᠢᠯᠲᠡ ᠶᠢᠨ ᠲᠡᠦᠬᠡᠨ ᠳᠡᠭᠡᠷ᠎ᠡ  ᠬᠦᠰᠢᠶ᠎ᠡ ᠲᠡᠮᠳᠡᠭ ᠦᠨ ᠠᠴᠢ ᠬᠣᠯᠪᠣᠭᠳᠠᠯ ᠲᠠᠶ ᠶᠤᠮ᠃ ᠶᠡᠬᠡ ᠬᠤᠷᠠᠯ  ᠠᠴᠠ  ᠰᠢᠶᠠᠩᠭᠠᠩ  ᠦᠨ ᠣᠨᠴᠠᠭᠠᠶ ᠵᠠᠰᠠᠭ ᠵᠠᠬᠢᠷᠭᠠᠨ  ᠤ ᠣᠷᠣᠨ  ᠤ ᠤᠯᠤᠰ  ᠤᠨ ᠠᠮᠤᠷ ᠲᠦᠪᠰᠢᠨ  ᠢ ᠬᠠᠮᠠᠭᠠᠯᠠᠬᠤ ᠬᠠᠸᠯᠢ ᠴᠠᠭᠠᠵᠠ  ᠶᠢᠨ ᠳᠦᠷᠢᠮ ᠪᠣᠯᠤᠨ  ᠭᠦᠢᠴᠡᠳᠬᠡᠬᠦ ᠲᠣᠭᠲᠠᠴᠠ  ᠶᠢ ᠪᠠᠶᠢᠭᠤᠯᠤᠨ ᠪᠦᠷᠢᠨᠰᠢᠭᠦᠯᠬᠦ ᠲᠤᠬᠠᠶ ᠲᠣᠭᠲᠠᠭᠠᠯ ᠭᠠᠷᠭᠠᠵᠠᠶ᠃ ᠡᠨᠡ ᠪᠣᠯ《ᠨᠢᠭᠡ ᠤᠯᠤᠰ  ᠬᠣᠶᠠᠷ ᠪᠠᠶᠢᠭᠤᠯᠤᠯ  》 ᠤᠨ ᠲᠤᠭᠲᠠᠭᠤᠨ  ᠢᠶᠠᠷ ᠬᠤᠯᠠ  ᠠᠶᠠᠯᠠᠵᠤ᠂ ᠰᠢᠶᠠᠩᠭᠠᠩ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ  ᠶᠢ ᠦᠨᠳᠦᠰᠦᠨ ᠡᠴᠡ ᠨᠢ ᠵᠠᠰᠠᠬᠤ ᠪᠤᠳᠤᠯᠭ᠎ᠠ ᠮᠥᠨ᠃ ᠶᠡᠬᠡ ᠬᠤᠷᠠᠯ  ᠠᠴᠠ ᠪᠠᠲᠤᠯᠠᠭᠰᠠᠨ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠠᠵᠢᠯ  ᠤᠨ ᠢᠯᠡᠳᠬᠡᠯ  ᠦᠨ ᠲᠤᠬᠠᠶ ᠰᠢᠶᠳᠪᠦᠷᠢ  ᠳᠦ ᠡᠷᠡᠭᠦᠸ  ᠶᠢᠨ ᠬᠡᠷᠡᠭ᠂ ᠢᠷᠭᠡᠨ  ᠦ ᠬᠡᠷᠡᠭ᠂ ᠵᠠᠰᠠᠭ ᠵᠠᠬᠢᠷᠭᠠᠨ᠂ ᠨᠡᠶᠢᠲᠡ  ᠶᠢᠨ ᠠᠰᠢᠭᠲᠤ ᠵᠠᠷᠭᠤ  ᠵᠢᠨ ᠪᠠᠶᠢᠴᠠᠭᠠᠬᠤ ᠠᠵᠢᠯ  ᠤᠨ ᠪᠦᠬᠦ ᠲᠠᠯ᠎ᠠ  ᠪᠠᠷ ᠵᠣᠬᠢᠴᠠᠩᠭᠤᠶ ᠪᠥᠭᠡᠳ ᠭᠦᠶᠴᠡᠳ ᠬᠥᠭᠵᠢᠬᠦ  ᠶᠢ ᠠᠬᠢᠭᠤᠯᠬᠤ ᠬᠡᠷᠡᠭᠲᠡᠶ ᠭᠡᠵᠦ ᠲᠣᠳᠣᠷᠬᠠᠶ  ᠱᠠᠭᠠᠷᠳᠠᠵᠤ᠂ ᠪᠢᠳᠡᠨ ᠳᠦ ᠨᠠᠩ ᠬᠦᠨᠳᠦ ᠬᠠᠷᠢᠭᠤᠴᠠᠯᠭ᠎ᠠ ᠣᠯᠭᠣᠵᠤ ᠂ ᠨᠠᠩ ᠥᠨᠳᠥᠷ ᠱᠠᠭᠠᠷᠳᠠᠯᠭ᠎ᠠ ᠳᠤᠷᠠᠳᠪᠠ ᠃ ᠰᠢ ᠶᠢᠨ ᠫᠢᠩ ᠶᠡᠷᠦᠩᠬᠡᠶ ᠱᠦᠵᠢ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠂ ᠤᠯᠤᠰ ᠲᠥᠷᠥ ᠶᠢᠨ ᠵᠥᠪᠯᠡᠯᠭᠡᠨ  ᠦ ᠪᠦᠯᠬᠦᠮ ᠤᠨ ᠳᠤᠭᠤᠶᠢᠯᠠᠩ ᠳᠤ 4 ᠤᠳᠠᠭ᠎ᠠ ᠭᠦᠨᠵᠡᠭᠡᠶᠢᠷᠡᠨ ᠂ ᠲᠥᠯᠥᠭᠡᠯᠡᠭᠴᠢ ᠭᠡᠰᠢᠭᠦᠳ ᠲᠡᠶ ᠳᠣᠲᠣᠨᠣ ᠪᠠᠷ ᠶᠠᠷᠢᠯᠴᠠᠵᠤ ᠂ ᠤᠯᠤᠰ  ᠤᠨ ᠶᠡᠬᠡ ᠶᠠᠪᠤᠳᠠᠯ ᠢ ᠬᠠᠮᠲᠤ ᠪᠠᠷ ᠵᠥᠪᠳᠡᠯᠴᠡᠵᠦ ᠂  ᠮᠠᠰᠢ ᠣᠯᠠᠨ ᠴᠢᠬᠤᠯᠠ ᠶᠠᠷᠢᠶ᠎ᠠ ᠲᠠᠯᠪᠢᠵᠤ ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠢ ᠰᠠᠶᠢᠲᠤᠷ ᠬᠢᠬᠦ  ᠴᠢᠭᠯᠡᠯ ᠢ ᠤᠯᠠᠮ ᠨᠢᠭᠡ ᠠᠯᠬᠤᠮ ᠲᠣᠳᠣᠷᠬᠠᠶ ᠵᠢᠭᠠᠵᠤ ᠥᠭᠪᠡ᠃

ᠬᠤᠷᠠᠯ ᠳᠡᠭᠡᠷ᠎ᠡ ᠂ ᠳᠤᠲᠠᠭᠤᠳᠠᠯ ᠢᠶᠠᠨ ᠨᠥᠬᠥᠪᠥᠷᠢᠯᠡᠵᠦ ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠶᠢᠨ ᠲᠣᠭᠣᠷᠢᠨ ᠳᠤ ᠂ ᠰᠢ ᠶᠢᠨ ᠫᠢᠩ ᠶᠡᠷᠦᠩᠬᠡᠶ ᠱᠦᠵᠢ ᠵᠢᠨ ᠪᠦᠬᠦ ᠤᠯᠤᠰ  ᠤᠨ ᠬᠣᠶᠠᠷ ᠬᠤᠷᠠᠯ  ᠤᠨ ᠬᠤᠭᠤᠴᠠᠭᠠᠨ  ᠳᠠᠬᠢ  ᠰᠢᠷᠢᠰ ᠶᠠᠷᠢᠶ᠎ᠠ ᠪᠣᠯᠤᠨ ᠪᠦᠬᠦ ᠤᠯᠤᠰ  ᠤᠨ ᠬᠣᠶᠠᠷ ᠬᠤᠷᠠᠯ  ᠤᠨ ᠵᠣᠷᠢᠭ ᠰᠠᠨᠠᠭ᠎ᠠ  ᠶᠢ ᠨᠡᠩ ᠰᠠᠶᠢᠲᠤᠷ ᠲᠤᠸᠱᠯᠠᠭᠤᠯᠤᠨ ᠨᠠᠶᠢᠳᠠᠪᠤᠷᠢᠵᠢᠭᠤᠯᠵᠤ ᠂ ᠵᠠᠩ ᠵᠢᠶᠦ᠋ᠨ  ᠤ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ᠠᠵᠢᠯ  ᠤᠨ ᠢᠯᠡᠳᠬᠡᠯ  ᠢᠶᠡᠷ ᠦᠷᠭᠦᠯᠵᠢᠯᠡᠨ ᠳᠤᠷᠠᠳᠤᠭᠰᠠᠨ ︽ᠲᠤᠭᠲᠠᠭᠤᠨ  ᠢᠶᠠᠷ ᠤᠷᠤᠭᠰᠢᠯᠠᠬᠤ ︾ ︽ᠨᠠᠶᠢᠳᠠᠪᠤᠷᠢᠵᠢᠭᠤᠯᠬᠤ ︾ ︽ᠳᠡᠭᠡᠭᠰᠢᠯᠡᠭᠦᠯᠬᠦ︾  ᠪᠡᠷ ᠵᠠᠩᠭᠢᠯᠠᠭ᠎ᠠ  ᠶᠢᠨ ᠦᠭᠡᠰ ᠪᠣᠯᠭᠠᠵᠤ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠡᠴᠡ ᠬᠠᠨᠳᠤᠯᠭᠠᠲᠤ ᠴᠢᠨᠠᠷᠲᠠᠶ ᠱᠠᠭᠠᠷᠳᠠᠯᠭ᠎ᠠ ᠳᠤᠷᠠᠳᠪᠠ ︱

︽ᠲᠤᠭᠲᠠᠭᠤᠨ  ᠢᠶᠠᠷ ᠤᠷᠤᠭᠰᠢᠯᠠᠬᠤ》 ᠶᠢ ᠪᠠᠷᠢᠮᠲᠠᠯᠠᠵᠤ《ᠵᠢᠷᠭᠤᠭ᠎ᠠ ᠶᠢ ᠲᠣᠭᠲᠠᠪᠤᠷᠢᠵᠢᠭᠤᠯᠬᠤ》᠂ 《ᠵᠢᠷᠭᠤᠭ᠎ᠠ ᠶᠢ ᠪᠠᠲᠤᠯᠠᠬᠤ》 ᠳ᠋ᠦ ᠦᠢᠯᠡᠴᠢᠯᠡᠬᠦ ᠶᠢ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠬᠠᠮᠤᠭ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠶ᠃ ᠡᠭᠦᠨ ᠦ ᠲᠤᠬᠠᠢ ᠵᠠᠩ ᠵᠢᠶᠦ᠋ᠨ ᠲᠦᠷᠪᠡᠨ ᠵᠦᠢᠯ ᠦᠨ ᠭᠣᠣᠯᠳᠠᠯᠭ᠎ᠠ ᠶᠢ  ᠲᠤᠷᠠᠳᠪᠠ᠃

︽ᠨᠠᠶᠢᠳᠠᠪᠤᠷᠢᠵᠢᠭᠤᠯᠬᠤ︾ ᠵᠢ ᠭᠦᠨᠵᠡᠭᠡᠶᠢᠷᠡᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ ᠪᠠᠨ ᠨᠡᠩ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ᠃ ᠨᠢᠭᠡ ᠬᠤᠪᠢ ᠶᠢᠨ ᠪᠠᠶᠢᠷᠢᠯᠠᠭᠤᠯᠤᠯᠲᠠ  ᠳ᠋ᠦ ᠂ ᠶᠢᠰᠦᠨ ᠬᠤᠪᠢ ᠨᠠᠶᠢᠳᠠᠪᠤᠷᠢᠵᠢᠭᠤᠯᠤᠯᠲᠠ ᠬᠢᠨ᠎ᠡ᠃ ᠤᠷᠢᠳ ᠡᠮᠦᠨ᠎ᠡ ᠪᠠᠶᠢᠭ᠎ᠠ ᠦᠭᠡᠢ ᠬᠦᠴᠢᠷ ᠪᠡᠷᠬᠡᠰᠢᠶᠡᠯ ᠥᠷᠢᠰᠥᠯᠳᠦᠭᠡᠨ ᠦ ᠡᠮᠦᠨ᠎ᠡ᠂ ᠪᠠᠶᠢᠴᠠᠭᠠᠬᠤ ᠪᠠᠶᠢᠭᠤᠯᠭ᠎ᠠ ᠬᠡᠷᠬᠢᠨ《ᠲᠦᠷᠪᠡᠨ ᠶᠡᠬᠡ  ᠪᠠᠶᠢᠴᠠᠭᠠᠬᠤ》《ᠠᠷᠪᠠᠨ ᠶᠡᠬᠡ  ᠠᠵᠢᠯ ᠲᠦᠷᠦᠯ》 ᠤᠨ ᠳᠤᠮᠳᠠ ᠨᠡᠩ ᠢᠯᠡᠭᠦᠦ ᠴᠢᠷᠮᠠᠶᠢᠯᠭ᠎ᠠ ᠭᠠᠷᠭᠠᠵᠤ᠂ ᠨᠡᠩ ᠶᠡᠬᠡ ᠬᠦᠴᠦ ᠤᠷᠤᠭᠤᠯᠤᠨ ᠨᠠᠶᠢᠳᠠᠪᠤᠷᠢᠵᠢᠭᠤᠯᠬᠤ ᠪᠤᠢ︖  ᠡᠭᠦᠨ ᠳ᠋ᠦ ᠵᠠᠩ ᠵᠢᠶᠦ᠋ᠨ ᠲᠤᠯᠤᠭᠠᠨ ᠵᠦᠢᠯ ᠦᠨ ᠠᠵᠢᠯ ᠢ ᠪᠠᠶᠢᠷᠢᠯᠠᠭᠤᠯᠪᠠ᠃

ᠦᠷᠭᠦᠯᠵᠢᠯᠡᠨ《ᠳᠡᠭᠡᠭᠰᠢᠯᠡᠭᠦᠯᠵᠦ》᠂ ᠰᠢᠨ᠎ᠡ ᠴᠠᠭ ᠦᠶ᠎ᠡ ᠶᠢᠨ ᠠᠷᠠᠳ  ᠲᠦᠮᠡᠨ ᠤ ᠨᠡᠩ ᠥᠨᠳᠥᠷ ᠰᠢᠨ᠎ᠡ ᠱᠠᠭᠠᠷᠳᠠᠯᠭ᠎ᠠ ᠲᠠᠶ ᠨᠠᠶᠢᠴᠡᠭᠦᠯᠵᠦ᠂ ᠪᠠᠶᠢᠴᠠᠭᠠᠬᠤ ᠠᠵᠢᠯ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠶ᠃ ᠬᠢᠵᠢᠭ  ᠦᠨ ᠪᠠᠶᠢᠳᠠᠯ  ᠢ ᠰᠡᠷᠭᠡᠶᠢᠯᠡᠨ ᠡᠵᠡᠮᠳᠡᠬᠦ  ᠶᠢ ᠪᠠᠶᠢᠩᠭᠤᠴᠢᠯᠠᠭᠰᠠᠨ ᠨᠦᠭᠦᠴᠡᠯ ᠳᠣᠸᠷ᠎ᠠ ︽ ᠲᠣᠭᠲᠠᠭᠤᠨ  ᠢᠶᠠᠷ ᠤᠷᠤᠭᠰᠢᠯᠠᠬᠤ︾  ᠶᠢ ᠪᠠᠷᠢᠮᠲᠠᠯᠠᠨ᠂ ︽ᠨᠠᠶᠢᠳᠠᠪᠤᠷᠢᠵᠢᠭᠤᠯᠤᠯᠲᠠ︾  ᠶᠢ  ᠭᠦᠨᠵᠡᠭᠡᠶᠢᠷᠡᠭᠦᠯᠵᠦ᠂ ᠤᠯᠤᠰ ᠲᠥᠷᠥ  ᠵᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ︽ ᠳᠡᠭᠡᠭᠰᠢᠯᠡᠭᠦᠯᠬᠦ ︾ ᠨᠢ ᠨᠠᠩ ᠵᠠᠩᠭᠢᠯᠠᠭ᠎ᠠ ᠂ ᠨᠠᠩ ᠴᠢᠬᠤᠯᠠ ᠪᠣᠯᠤᠨ᠎ᠠ ᠃ ᠡᠭᠦᠨ ᠳᠦ ᠵᠠᠩ ᠵᠢᠶᠦ᠋ᠨ ᠲᠠᠪᠤᠨ ᠵᠦᠢᠯ ᠦᠨ ᠡᠭᠦᠷᠭᠡ ᠳᠤᠷᠠᠳᠪᠠ ᠃

ᠲᠥᠯᠥᠭᠡᠯᠡᠭᠴᠢ ᠭᠡᠰᠢᠭᠦᠳ ᠤᠨ  ᠬᠠᠷᠢᠯᠴᠠᠬᠤ ᠠᠵᠢᠯ ᠨᠢ《ᠡᠭᠦᠷᠢᠳᠡ ᠵᠤᠬᠰᠤᠰᠢ ᠦᠭᠡᠢ》ᠪᠠᠶᠢᠵᠤ᠂ ᠬᠢᠨᠠᠯᠲᠠ ᠶᠢ ᠬᠦᠯᠢᠶᠡᠬᠦ ᠶᠠᠪᠤᠳᠠᠯ ᠥᠨᠢᠳᠡ ᠳᠠᠭᠤᠰᠤᠰᠢ ᠦᠭᠡᠢ ᠶᠤᠮ᠃ ᠵᠠᠩ ᠵᠢᠶᠦ᠋ᠨ ᠬᠤᠷᠠᠯ ᠳᠡᠭᠡᠷ᠎ᠡ ᠠᠷᠠᠳ ᠲᠦᠮᠡᠨ ᠦ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠶᠠᠪᠤᠳᠠᠯ ᠢ ᠲᠤᠰᠬᠠᠶᠢᠯᠠᠨ ᠴᠢᠬᠤᠯᠠᠴᠢᠯᠠᠪᠠ᠃

ᠠᠷᠠᠳ ᠤᠨ ᠳᠡᠭᠡᠲᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠪᠠᠶᠢᠩᠭᠤ ᠶᠢᠨ ᠳᠡᠳ᠋ ᠪᠠᠶᠢᠴᠠᠭᠠᠬᠤ ᠳᠠᠷᠤᠭ᠎ᠠ ᠲᠦᠩ ᠵᠢᠶᠠᠨ ᠮᠢᠩ ᠬᠤᠷᠠᠯ  ᠢ ᠡᠷᠬᠢᠯᠡᠵᠦ ᠂  ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃ ᠠᠷᠠᠳ ᠤᠨ  ᠳᠡᠭᠡᠲᠦ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠰᠦᠨ ᠴᠢᠶᠠᠨ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠤᠯᠤᠰ  ᠤᠨ ᠬᠢᠨᠠᠨ ᠪᠠᠶᠢᠴᠠᠭᠠᠬᠤ ᠵᠥᠪᠯᠡᠯ ᠦᠨ ᠠᠷᠠᠳ ᠤᠨ  ᠳᠡᠭᠡᠲᠦ ᠪᠠᠶᠢᠴᠠᠭᠠᠬᠤ ᠬᠣᠷᠢᠶ᠎ᠠ ᠳᠤ ᠰᠠᠭᠤᠭ᠎ᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠦ ᠳ᠋ᠧ ᠯᠢᠶᠠᠩ ᠂ ᠳᠡᠳ᠋ ᠪᠠᠶᠢᠴᠠᠭᠠᠬᠤ ᠳᠠᠷᠤᠭ᠎ᠠ ᠵᠠᠩ ᠰᠢᠤᠸᠠᠢ ᠴᠢᠶᠣᠤ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠴᠧᠨ ᠭᠦᠸᠧ ᠴᠢᠩ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠫᠠᠨ ᠢ ᠴᠢᠨ᠂ ᠪᠠᠶᠢᠴᠠᠭᠠᠬᠤ ᠵᠥᠪᠯᠡᠯ ᠦᠨ ᠲᠤᠰᠬᠠᠢ ᠲᠤᠰᠢᠶᠠᠯᠲᠤ ᠭᠡᠰᠢᠭᠦᠨ ᠸᠠᠨ ᠴᠦᠨ ᠬᠤᠷᠠᠯ ᠳᠤ ᠣᠷᠣᠯᠴᠠᠪᠠ᠃ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ  ᠪᠠᠶᠢᠭᠤᠯᠭ᠎ᠠ ᠵᠢᠨ  ᠪᠦᠬᠦ ᠺᠠᠳ᠋ᠷ ᠴᠠᠭᠳᠠᠭ᠎ᠠ ᠭᠣᠸᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃

ᠲᠧᠯᠸᠢᠰ ᠳ᠋ᠢᠩᠬᠤᠸᠠ  ᠶᠢᠨ ᠬᠤᠷᠠᠯ ᠢ ᠪᠦᠬᠦ ᠤᠯᠤᠰ ᠤᠨ ᠳᠥᠷᠪᠡᠳᠦᠭᠡᠷ ᠱᠠᠲᠤᠨ  ᠤ ᠪᠠᠶᠢᠴᠠᠭᠠᠬᠤ  ᠬᠤᠷᠢᠶ᠎ᠠ ᠬᠦᠷᠲᠡᠯ᠎ᠡ   ᠬᠤᠷᠠᠯᠳᠤᠭᠤᠯᠵᠤ᠂ ᠪᠠᠷᠤᠭ 20 ᠲᠦᠮᠡ ᠭᠠᠷᠤᠶ ᠪᠠᠶᠢᠴᠠᠭᠠᠬᠤ ᠺᠠᠳ᠋ᠷ ᠴᠠᠭᠳᠠᠭ᠎ᠠ ᠬᠤᠷᠠᠯ ᠳᠤ ᠣᠷᠣᠯᠴᠠᠪᠠ᠃

ᠣᠶᠢᠯᠠᠭᠠᠭᠰᠠᠨ ᠢᠶᠠᠷ ᠂ 6 ᠰᠠᠷ᠎ᠠ ᠶᠢᠨ 4 ᠦ ᠡᠳᠦᠷ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶ᠎ᠠ ᠪᠠᠶᠢᠴᠠᠭᠠᠬᠤ  ᠪᠠᠶᠢᠭᠤᠯᠭ᠎ᠠ  ᠶᠢᠨ ᠨᠠᠮ  ᠤᠨ ᠰᠤᠷᠲᠠᠯ  ᠴᠢᠭᠡᠴᠢ ᠵᠠᠰᠠᠭ  ᠤᠨ ᠪᠠᠶᠢᠭᠤᠯᠤᠯᠲᠠ  ᠶᠢᠨ ᠬᠤᠷᠠᠯ ᠵᠢᠴᠢ ᠠᠷᠠᠳ  ᠤᠨ ᠳᠡᠭᠡᠳᠦ ᠪᠠᠶᠢᠴᠠᠭᠠᠬᠤ ᠬᠣᠷᠢᠶ᠎ᠠ  ᠶᠢᠨ ᠲᠠᠪᠤᠳᠤᠭᠠᠷ ᠡᠭᠡᠯᠵᠢ  ᠶᠢᠨ ᠲᠣᠭᠣᠷᠢᠨ ᠪᠠᠶᠢᠴᠠᠭᠠᠯᠲᠠ  ᠶᠢᠨ ᠳᠠᠶᠢᠴᠢᠯᠠᠯᠲᠠ ᠪᠠᠶᠢᠷᠢᠯᠠᠭᠤᠯᠤᠯᠲᠠ  ᠶᠢᠨ ᠬᠤᠷᠠᠯ  ᠢ ᠲᠤᠰᠬᠠᠶᠢᠯᠠᠨ ᠬᠤᠷᠠᠯᠳᠤᠭᠤᠯᠵᠤ ᠂  ᠲᠦᠯᠦᠭᠡᠯᠡᠭᠴᠢ ᠭᠡᠰᠢᠭᠦᠳ  ᠦᠨ ᠪᠠᠶᠢᠴᠠᠭᠠᠬᠤ ᠡᠩᠨᠡᠭᠡᠨ  ᠦ ᠪᠠᠶᠢᠭᠤᠯᠤᠯᠲᠠ  ᠶᠢᠨ ᠲᠤᠬᠠᠶ ᠰᠠᠨᠠᠯ ᠰᠠᠨᠠᠭᠤᠯᠭ᠎ᠠ  ᠲᠠᠶ ᠤᠶᠠᠯᠳᠤᠭᠤᠯᠵᠤ ᠂ ᠪᠠᠶᠢᠴᠠᠭᠠᠬᠤ ᠰᠢᠰᠲ᠋ᠧᠮ ᠦᠨ ᠨᠠᠮ ᠤᠨ ᠰᠤᠷᠲᠠᠯ   ᠴᠢᠭᠡᠴᠢ ᠵᠠᠰᠠᠭ  ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠦᠨᠡᠨᠴᠢ ᠰᠢᠳᠤᠷᠭᠤ᠂ ᠠᠷᠢᠭᠤᠨ ᠴᠢᠬᠡᠴᠢ᠂  ᠬᠠᠷᠢᠭᠤᠴᠠᠯᠭᠠᠲᠠᠢ ᠪᠠᠶᠢᠴᠠᠭᠠᠬᠤ ᠠᠵᠢᠯ ᠤᠨ ᠲᠡᠮᠤᠷ ᠡᠩᠨᠡᠭᠡ ᠢ ᠪᠤᠢ ᠪᠣᠯᠭᠠᠬᠤ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠪᠠ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro