ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

︽ ᠪᠠᠶᠢᠴᠠᠭᠠᠬᠤ ᠳᠠᠷᠤᠭ᠎ᠠ ᠰᠤᠷᠪᠤᠯᠵᠢᠯᠠᠭ᠎ᠠ ᠬᠦᠯᠢᠶᠡᠨ ᠠᠪᠤᠭᠰᠠᠨ ︾ ᠨᠢ ᠬᠦᠴᠢᠷ ᠠᠰᠠᠭᠤᠳᠠᠯ ᠢ ᠰᠢᠢᠳᠪᠦᠷᠢᠯᠡᠵᠦ ᠂ ᠠᠷᠠᠳ ᠤᠨ ᠰᠡᠳᠬᠢᠯ ᠢ ᠡᠷᠭᠦᠭᠰᠡᠨ ᠪᠠᠶᠢᠨ᠎ᠠ

2020-06-12 11:06:43
ᠵᠣᠬᠢᠶᠠᠭᠴᠢ
ᠭᠡᠭᠡᠷᠡᠯ

6 ᠰᠠᠷ᠎ᠠ ᠶᠢᠨ 9 ᠦ ᠡᠳᠦᠷ ᠦᠨ ᠦᠳᠡ  ᠶᠢᠨ ᠡᠮᠦᠨ᠎ᠡ ᠂ ︽ᠠᠷᠠᠳ ᠣᠯᠠᠨ ᠳᠤ ᠬᠦᠰᠡᠯ ᠱᠠᠭᠠᠷᠳᠠᠯᠭ᠎ᠠ ᠪᠠᠶᠢᠪᠠᠯ ᠂ ᠪᠢᠳᠡᠨ ᠳᠦ ᠬᠠᠷᠢᠭᠤ ᠲᠤᠰᠬᠠᠯ ᠪᠣᠶ ︱ ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ ᠳᠤ ᠬᠠᠷᠢᠭᠤᠯᠲᠠ ᠥᠭᠬᠦ ︾ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠬᠣᠶᠠᠳᠤᠭᠠᠷ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠧᠩ ᠵᠢᠨ ᠴᠦᠨ ᠵᠠᠬᠢᠳᠠᠯ ᠰᠤᠷᠪᠤᠯᠵᠢᠯᠠᠭ᠎ᠠ ᠶᠢᠨ ᠬᠣᠶᠠᠷ ᠬᠡᠷᠡᠭ ᠢ ᠬᠦᠯᠢᠶᠡᠨ ᠠᠪᠴᠤ ᠰᠢᠢᠳᠪᠦᠷᠢᠯᠡᠪᠡ ᠃ ᠨᠢᠭᠡ ᠨᠢ ᠭᠤᠤ ᠣᠪᠣᠭᠲᠤ ᠲᠤᠤᠷᠠᠲᠤ ᠱᠠᠲᠤᠨ ᠤ ᠪᠠᠶᠢᠴᠠᠭᠠᠬᠤ ᠬᠣᠷᠢᠶ᠎ᠠ ᠶᠢᠨ ᠬᠢᠨᠠᠯᠲᠠ ᠲᠠᠯᠪᠢᠬᠤ  ᠶᠢ ᠥᠯᠥ ᠵᠥᠪᠰᠢᠶᠡᠷᠡᠬᠦ  ᠶᠢ ᠥᠯᠥ ᠬᠦᠯᠢᠶᠡᠬᠦ ᠢᠷᠭᠡᠨ ᠦ ᠵᠠᠷᠭᠤ ᠳᠤ ᠬᠢᠨᠠᠯᠲᠠ ᠲᠠᠯᠪᠢᠬᠤ ᠬᠡᠷᠡᠭ ᠂ ᠨᠥᠭᠥᠭᠡ ᠨᠢ ᠯᠢ ᠣᠪᠣᠭᠲᠤ ᠰᠢᠭᠦᠬᠦ ᠬᠣᠷᠢᠶ᠎ᠠ ᠶᠢᠨ ᠲᠠᠰᠤᠯᠤᠯᠲᠠ ᠶᠢ ᠥᠯᠥ ᠬᠦᠯᠢᠶᠡᠬᠦ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠪᠣᠯᠤᠨ᠎ᠠ ᠃ 


W020200610389010871486.jpg


ᠠᠷᠠᠳ ᠣᠯᠠᠨ ᠳᠤ ᠬᠦᠰᠡᠯ ᠱᠠᠭᠠᠷᠳᠠᠯᠭ᠎ᠠ ᠪᠠᠶᠢᠪᠠᠯ ᠂ ᠪᠢᠳᠡᠨ ᠳᠦ ᠬᠠᠷᠢᠭᠤ ᠲᠤᠰᠬᠠᠯ ᠪᠣᠶ ᠃ ᠠᠷᠠᠳ ᠤᠨ ᠲᠥᠯᠥᠭᠡ ᠬᠠᠸᠯᠢ ᠪᠠᠷᠢᠬᠤ ᠪᠣᠯ ᠪᠣᠳᠠᠲᠠᠶ ᠶᠠᠪᠤᠳᠠᠯ ᠪᠤᠯᠤᠨ᠎ᠠ ᠂ ᠨᠢᠭᠡ ᠨᠢᠭᠡ ᠪᠣᠳᠠᠲᠠᠶ ᠬᠡᠷᠡᠭ ᠂ ᠨᠢᠭᠡ ᠨᠢᠭᠡ ᠬᠡᠷᠡᠭ ᠰᠢᠶᠳᠪᠦᠷᠢᠯᠡᠬᠦ ᠭᠣᠭᠴᠣᠭ᠎ᠠ ᠪᠦᠷᠢ  ᠳᠦ ᠢᠯᠡᠷᠡᠵᠦ ᠪᠠᠶᠢᠳᠠᠭ᠃ ᠪᠠᠶᠢᠴᠠᠭᠠᠬᠤ ᠳᠠᠷᠤᠭ᠎ᠠ ᠰᠤᠷᠪᠤᠯᠵᠢᠯᠠᠭ᠎ᠠ ᠬᠦᠯᠢᠶᠡᠨ ᠠᠪᠬᠤ ᠨᠢ᠂ ᠬᠢᠨᠠᠨ ᠵᠢᠯᠣᠭᠣᠳᠴᠤ ᠬᠥᠲᠥᠯᠥᠨ ᠵᠢᠯᠣᠭᠣᠳᠬᠤ ᠦᠢᠯᠡᠳᠦᠯ ᠢ ᠪᠠᠳᠠᠷᠠᠭᠤᠯᠬᠤ ᠪᠠᠷ ᠪᠠᠷᠠᠬᠤ ᠦᠭᠡᠢ ᠂ ᠨᠠᠩ ᠥᠨᠳᠥᠷ ᠵᠣᠭᠰᠣᠴᠠ ᠂ ᠨᠠᠩ ᠥᠨᠳᠥᠷ ᠪᠠᠶᠢᠷᠢᠰᠢᠯ ᠤᠨ ᠲᠠᠯ᠎ᠠ ᠠᠴᠠ ᠠᠰᠠᠭᠤᠳᠠᠯ ᠢ ᠰᠤᠳᠤᠯᠵᠤ ᠂ ᠵᠠᠬᠢᠳᠠᠯ ᠰᠤᠷᠪᠤᠯᠵᠢᠯᠠᠭ᠎ᠠ ᠢᠷᠡᠭᠦᠯᠦᠭᠰᠡᠨ ᠣᠯᠠᠨ ᠲᠦᠮᠡᠨ  ᠦ ᠬᠦᠴᠢᠷ ᠠᠰᠠᠭᠤᠳᠠᠯ ᠢ ᠰᠢᠶᠳᠪᠦᠷᠢᠯᠡᠵᠦ᠂ ᠨᠠᠩ ᠭᠦᠨ ᠳᠡᠰ ᠳᠠᠪᠬᠤᠷᠭ᠎ᠠ ᠶᠢᠨ ᠲᠠᠯ᠎ᠠ ᠠᠴᠠ 《ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠪᠤᠯᠭᠠᠨ ᠳᠤ ᠬᠠᠷᠢᠭᠤᠯᠲᠠ ᠥᠭᠬᠦ 》ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ 《ᠠᠷᠠᠳ ᠲᠦᠮᠡᠨ ᠢᠶᠡᠷ ᠭᠣᠸᠯ ᠪᠣᠯᠭᠠᠵᠤ᠂ ᠠᠷᠠᠳ ᠲᠦᠮᠡᠨ ᠦ ᠲᠥᠯᠥᠭᠡ ᠬᠠᠸᠯᠢ ᠪᠠᠷᠢᠬᠤ》ᠲᠥᠪ ᠴᠢᠩᠭ᠎ᠠ ᠠᠮᠠᠯᠠᠯᠲᠠ ᠶᠢ ᠪᠡᠶᠡᠯᠡᠭᠦᠯᠦᠨ᠎ᠡ᠃


W020200610389011775118.jpg


ᠪᠠᠶᠢᠴᠠᠭᠠᠬᠤ ᠳᠠᠷᠤᠭ᠎ᠠ ᠶᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠳᠦᠷᠢᠮ ᠦᠨ ᠳᠠᠭᠠᠭᠤᠯᠭ᠎ᠠ ᠳᠣᠣᠷ᠎ᠠ᠂ ᠪᠦᠬᠦ ᠣᠷᠣᠨ ᠤ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠤᠳᠤᠷᠢᠳᠬᠤ ᠺᠠᠳ᠋ᠷ ᠴᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠪᠡ᠃ ᠪᠦᠷᠢᠳᠬᠡᠯ ᠢ ᠦᠨᠳᠦᠰᠦᠯᠡᠪᠡᠯ ᠂ 2019 ᠣᠨ ᠳᠤ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠤᠳᠤᠷᠢᠳᠬᠤ ᠺᠠᠳ᠋ᠷ  ᠣᠯᠠᠨ ᠲᠦᠮᠡᠨ ᠦ ᠰᠤᠷᠪᠤᠯᠵᠢᠯᠠᠭ᠎ᠠ ᠶᠢ 2160 ᠬᠤᠪᠢ ᠤᠳᠠᠭ᠎ᠠ ᠭᠥᠯᠢᠶᠡᠨ ᠠᠪᠴᠤ ᠂ ᠠᠳᠠᠯᠢ ᠬᠤᠭᠤᠴᠠᠭᠠᠨ  ᠦ ᠬᠢ ᠡᠴᠡ 59% ᠪᠡᠷ ᠳᠡᠭᠡᠭᠰᠢᠯᠡᠪᠡ ᠃ ᠤᠳᠤᠷᠢᠳᠬᠤ ᠺᠠᠳ᠋ᠷ ᠲᠦᠷᠦᠭᠦᠯᠡᠨ ᠰᠤᠷᠪᠤᠯᠵᠢᠯᠠᠭ᠎ᠠ ᠶᠢ ᠬᠦᠯᠢᠶᠡᠨ ᠠᠪᠴᠤ ᠂ ᠨᠢᠭᠡ ᠪᠦᠯᠦᠭ ᠬᠦᠴᠢᠷ ᠲᠦᠪᠡᠭ ᠨᠠᠷᠢᠨ  ᠪᠤᠳᠤᠯᠢᠶᠠᠨᠲᠠᠶ ᠪᠥᠭᠡᠳ ᠤᠷᠳᠤ ᠬᠤᠭᠤᠴᠠᠭ᠎ᠠ ᠪᠠᠷ ᠰᠢᠶᠳᠪᠦᠷᠢᠯᠡᠵᠦ ᠳᠡᠶᠢᠯᠬᠦ ᠦᠭᠡᠢ ᠠᠰᠠᠭᠤᠳᠠᠯ ᠢ ᠬᠠᠪᠰᠤᠷᠤᠨ ᠰᠢᠶᠳᠪᠦᠷᠢᠯᠡᠵᠦ᠂ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠦᠷ᠎ᠡ ᠪᠦᠲᠦᠮᠵᠢ ᠨᠢ ᠴᠦ ᠨᠡᠶᠢᠭᠡᠮ ᠦᠨ ᠡᠯ᠎ᠡ ᠲᠠᠯ᠎ᠠ ᠶᠢᠨ ᠬᠢᠨ ᠦ ᠭᠦᠶᠴᠡᠳ ᠨᠤᠲᠠᠯᠠᠯ ᠪᠠ ᠥᠨᠳᠥᠷ ᠦᠨᠡᠯᠡᠯᠲᠡ ᠶᠢ ᠣᠯᠤᠭᠰᠠᠨ ᠪᠠᠶᠢᠨ᠎ᠠ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ  ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro