ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ︽ ᠴᠢᠩᠭ᠎ᠠ ᠴᠡᠭᠴᠡᠯᠡᠨ ᠰᠠᠶᠢᠵᠢᠷᠠᠭᠤᠯᠵᠤ ᠂ ᠳᠡᠭᠡᠭᠰᠢᠯᠡᠯᠲᠡ ᠶᠢ ᠠᠬᠢᠭᠤᠯᠤᠨ ᠂ ᠳᠦᠷᠢ ᠲᠥᠷᠬᠦ ᠶᠢ ᠪᠣᠶ ᠪᠣᠯᠭᠠᠬᠤ ︾ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠦᠨ ᠴᠡᠭᠴᠡᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ

2020-06-16 15:52:29
ᠵᠣᠬᠢᠶᠠᠭᠴᠢ
ᠭᠡᠭᠡᠷᠡᠯ

6 ᠰᠠᠷ᠎ᠠ ᠶᠢᠨ 11 ᠦ ᠡᠳᠦᠷ ᠦᠨ ᠦᠳᠡ  ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠦᠬᠦ ᠣᠷᠣᠨ ᠤ ᠪᠠᠶᠢᠴᠠᠭᠠᠬᠤ ᠡᠩᠨᠡᠭᠡᠨ ᠦ ︽ ᠴᠢᠩᠭ᠎ᠠ ᠴᠡᠭᠴᠡᠯᠡᠨ ᠰᠠᠶᠢᠵᠢᠷᠠᠭᠤᠯᠵᠤ ᠂ ᠳᠡᠭᠡᠭᠰᠢᠯᠡᠯᠲᠡ ᠶᠢ ᠠᠬᠢᠭᠤᠯᠤᠨ ᠂ ᠳᠦᠷᠢ ᠲᠥᠷᠬᠦ ᠶᠢ ᠪᠣᠶ ᠪᠣᠯᠭᠠᠬᠤ ︾ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠦᠨ ᠴᠡᠭᠴᠡᠯᠡᠬᠦ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠦᠨ ᠴᠡᠭᠴᠡᠯᠡᠬᠦ ᠠᠵᠢᠯᠯᠠᠭ᠎ᠠ ᠳᠤ ᠤᠯᠠᠮ ᠨᠢᠭᠡ ᠠᠯᠬᠤᠮ ᠪᠠᠶᠢᠷᠢᠯᠠᠭᠤᠯᠤᠯᠲᠠ ᠬᠢᠪᠡ᠃ ᠠᠵᠢᠯᠯᠠᠭ᠎ᠠ  ᠪᠠᠷ ᠳᠠᠮᠵᠢᠨ ᠪᠦᠬᠦ ᠣᠷᠣᠨ  ᠤ ᠪᠠᠶᠢᠴᠠᠭᠠᠬᠤ ᠡᠩᠨᠡᠭᠡᠨ  ᠦ ᠪᠠᠶᠢᠭᠤᠯᠤᠯᠲᠠ  ᠶᠢᠨ ᠠᠵᠢᠯ  ᠳᠤ ᠣᠷᠣᠰᠢᠵᠤ ᠪᠠᠶᠢᠭ᠎ᠠ ᠭᠦᠨ ᠳᠡᠰ ᠳᠠᠪᠬᠤᠷᠭ᠎ᠠ ᠶᠢᠨ ᠂ ᠰᠢᠰᠲ᠋ᠧᠮ  ᠦᠨ ᠴᠢᠨᠠᠷᠲᠠᠶ ᠂ ᠠᠬᠤᠶᠢᠴᠢ ᠴᠢᠨᠠᠷᠲᠠᠶ ᠠᠰᠠᠭᠤᠳᠠᠯ  ᠢ ᠪᠦᠬᠦ ᠲᠠᠯ᠎ᠠ  ᠪᠠᠷ ᠰᠢᠰᠲ᠋ᠧᠮ ᠲᠡᠶ ᠪᠠᠶᠢᠴᠠᠭᠠᠨ ᠳᠡᠯᠭᠡᠵᠦ ᠂ ᠴᠡᠭᠴᠡᠯᠡᠨ ᠰᠠᠶᠢᠵᠢᠷᠠᠭᠤᠯᠬᠤ   ᠪᠠᠷ ᠵᠤᠷᠢᠯᠭ᠎ᠠ ᠪᠤᠯᠭᠠᠵᠤ ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠴᠢᠩᠭ᠎ᠠ᠂ ᠠᠷᠢᠭᠤᠨ ᠴᠢᠬᠡᠴᠢ ᠪᠠᠶᠢᠴᠠᠭᠠᠬᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃


W020200612351350924644.jpg


ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠂ ᠲᠡᠷᠡ ᠵᠢᠭᠠᠵᠤ ᠭᠠᠷᠭᠠᠭᠰᠠᠨ ᠨᠢ ᠂ ᠤᠯᠤᠰ ᠲᠥᠷᠥ  ᠶᠢᠨ ᠤᠬᠠᠮᠰᠠᠷ᠂ ᠦᠵᠡᠯ ᠰᠠᠨᠠᠭᠠᠨ  ᠤ ᠤᠬᠠᠮᠰᠠᠷ᠂ ᠦᠢᠯᠡ ᠠᠵᠢᠯᠯᠠᠭ᠎ᠠ  ᠶᠢᠨ ᠤᠬᠠᠮᠰᠠᠷ  ᠢᠶᠠᠨ ᠤᠯᠠᠮ ᠨᠢᠭᠡ ᠠᠯᠬᠤᠮ ᠴᠢᠩᠭᠠᠳᠬᠠᠵᠤ ᠂ ᠬᠤᠷᠴᠠ ᠴᠢᠩᠭ᠎ᠠ ᠲᠡᠮᠡᠴᠡᠯ  ᠦᠨ ᠵᠣᠷᠢᠭ ᠰᠠᠨᠠᠭ᠎ᠠ  ᠪᠠᠷ ᠰᠤᠷᠭᠠᠨ ᠬᠥᠮᠦᠵᠢᠯ ᠦᠨ ᠴᠡᠭᠴᠡᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ ᠂ ᠢᠲᠡᠭᠡᠯ ᠲᠡᠶ᠂ ᠨᠠᠶᠢᠳᠠᠪᠤᠷᠢᠲᠠᠶ᠂ ᠰᠠᠨᠠᠭ᠎ᠠ ᠠᠮᠤᠷ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠴᠢᠷᠮᠠᠶᠢᠨ ᠪᠠᠶᠢᠭᠤᠯᠵᠤ᠂ ᠤᠯᠤᠰ ᠲᠦᠷᠦ ᠶᠢ ᠡᠷᠬᠢᠮᠯᠡᠬᠦ᠂ ᠶᠡᠬᠡ ᠲᠠᠯ᠎ᠠ ᠶᠢ ᠬᠠᠷᠠᠭᠠᠯᠵᠠᠬᠤ᠂ ᠬᠥᠭᠵᠢᠯᠲᠡ ᠶᠢ ᠡᠷᠢᠯᠬᠢᠯᠡᠬᠦ᠂ ᠦᠪᠡᠷᠲᠡᠭᠡᠨ ᠭᠦᠴᠦᠷᠬᠡᠭᠵᠢᠬᠦ ᠶᠢ ᠴᠢᠬᠤᠯᠠᠴᠢᠯᠠᠬᠤ ᠪᠠᠶᠢᠴᠠᠭᠠᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃


W020200612351351332901.jpg

ᠯᠢ ᠴᠢ ᠯᠢᠨ ᠴᠢᠬᠤᠯᠠᠴᠢᠯᠠᠭᠰᠠᠨ ᠨᠢ ᠂ ᠪᠦᠬᠦ ᠣᠷᠣᠨ  ᠤ ᠪᠠᠶᠢᠴᠠᠭᠠᠬᠤ ᠪᠠᠶᠢᠭᠤᠯᠭ᠎ᠠ ᠵᠥᠪ ᠴᠢᠭᠯᠡᠯ ᠪᠣᠯᠤᠨ ᠵᠠᠩᠭᠢᠯᠠᠭ᠎ᠠ  ᠶᠢᠨ ᠠᠷᠭ᠎ᠠ ᠬᠡᠮᠵᠢᠶ᠎ᠡ  ᠶᠢ ᠪᠠᠲᠤ ᠡᠵᠡᠮᠳᠡᠵᠦ ᠂ ︽ᠨᠠᠶᠮᠠᠨ ᠴᠢᠩᠭ᠎ᠠ ᠪᠠᠶᠢᠴᠠᠭᠠᠯᠲᠠ︾ ᠬᠢᠬᠦ  ᠪᠡᠷ ᠭᠣᠸᠯᠳᠠᠯᠭ᠎ᠠ ᠪᠣᠯᠭᠠᠵᠤ ᠂ ᠪᠠᠶᠢᠴᠠᠭᠠᠬᠤ ᠡᠩᠨᠡᠭᠡᠨ ᠦ ᠰᠠᠬᠢᠯᠭ᠎ᠠ ᠪᠠᠲᠤ ᠣᠪᠣᠷ ᠰᠤᠷᠲᠠᠯ ᠤᠨ ᠬᠥᠮᠦᠵᠢᠯ ᠴᠡᠭᠴᠡᠯᠡᠯᠲᠡ ᠶᠢ ᠪᠣᠳᠠᠲᠠᠶ ᠪᠥᠭᠡᠳ ᠭᠦᠨᠵᠡᠭᠡᠶ ᠠᠳᠬᠤᠬᠤ ᠶᠢ ᠲᠦᠯᠬᠢᠨ ᠠᠬᠢᠭᠤᠯᠪᠠ᠃ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ︔ ᠠᠷᠠᠳ ᠤᠨ ᠲᠥᠯᠥᠭᠡ ᠬᠠᠸᠯᠢ ᠪᠠᠷᠢᠬᠤ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠪᠠᠶᠢᠴᠠᠭᠠᠬᠤ ᠠᠵᠢᠯ ᠳᠤ ᠲᠠᠯᠪᠢᠭᠰᠠᠨ ᠨᠡᠩ ᠥᠨᠳᠥᠷ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠭᠦᠨ᠎ᠡ︔ ᠨᠠᠮ ᠢ ᠬᠠᠮᠢᠶᠠᠷᠴᠤ ᠨᠠᠮ ᠢ ᠵᠠᠰᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠭᠣᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠥᠷᠡᠰᠢ ᠦᠭᠡᠢ ᠪᠠᠷᠢᠮᠲᠠᠯᠠᠵᠤ᠂ ᠰᠠᠬᠢᠯᠭ᠎ᠠ ᠪᠠᠲᠤ ᠣᠪᠣᠷ ᠰᠤᠷᠲᠠᠯ ᠤᠨ ᠨᠡᠩ ᠪᠠᠲᠤ ᠴᠢᠩᠭ᠎ᠠ ᠪᠠᠶᠢᠬᠤ ᠶᠢ ᠠᠬᠢᠭᠤᠯᠤᠨ᠎ᠠ︔ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠠᠸᠯᠢ ᠪᠠᠷᠢᠵᠤ ᠬᠡᠷᠡᠭ ᠰᠢᠶᠳᠪᠦᠷᠢᠯᠡᠬᠦ ᠳᠦ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃

ᠯᠢ ᠴᠢ ᠯᠢᠨ ᠱᠠᠭᠠᠷᠲᠠᠭᠰᠠᠨ ᠨᠢ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ ᠰᠤᠷᠭᠠᠨ ᠬᠥᠮᠦᠵᠢᠯ ᠦᠨ ᠴᠡᠭᠴᠡᠯᠡᠯᠲᠡ ᠶᠢᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠬᠣᠷᠢᠶ᠎ᠠ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ ᠂ ᠬᠥᠮᠦᠵᠢᠯ ᠴᠡᠭᠴᠡᠯᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠤ ᠂ ᠡᠷᠡᠰ ᠴᠢᠩᠭ᠎ᠠ ᠣᠪᠣᠷ ᠂ ᠴᠢᠩᠭ᠎ᠠ ᠨᠢᠮᠪᠠᠶ ᠵᠣᠬᠢᠶᠠᠨ ᠪᠠᠶᠢᠭᠤᠯᠤᠯᠲᠠ ᠂ ᠬᠦᠴᠦᠲᠡᠶ ᠠᠷᠭ᠎ᠠ ᠬᠡᠮᠵᠢᠶ᠎ᠡ ᠠᠪᠴᠤ ᠂ ᠰᠤᠷᠭᠠᠨ ᠬᠥᠮᠦᠵᠢᠯ ᠦᠨ ᠴᠡᠭᠴᠡᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠵᠣᠬᠢᠶᠠᠨ ᠪᠠᠶᠢᠭᠤᠯᠵᠤ ᠠᠬᠢᠭᠤᠯᠬᠤ ᠶᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠢᠢᠯᠭᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠬᠡᠷᠡᠭᠲᠡᠢ︔ ᠪᠠᠶᠢᠴᠠᠭᠠᠵᠤ ᠬᠢᠨᠠᠨ ᠵᠢᠯᠣᠭᠣᠳᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠤᠶᠠᠯᠳᠤᠭᠤᠯᠵᠤ᠂ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠂ ᠲᠢᠩᠬᠢᠮ ᠤᠨ ᠲᠡᠰ ᠤᠨ ᠺᠠᠳ᠋ᠷ ᠂ ᠪᠠᠶᠢᠭᠤᠯᠭ᠎ᠠ ᠶᠢᠨ ᠡᠯ᠎ᠡ ᠳᠣᠲᠣᠭᠠᠳᠤ ᠪᠠᠶᠢᠭᠤᠯᠤᠮᠵᠢ ᠪᠣᠯᠤᠨ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ  ᠶᠢᠨ ᠪᠦᠬᠦ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠠᠢ ᠳᠤ ᠬᠤᠷᠠᠯ ᠳᠤ ᠣᠷᠣᠯᠴᠠᠵᠤ ᠂ ᠡᠯ᠎ᠡ ᠠᠶᠢᠮᠠᠭ ᠬᠣᠲᠠ ᠶᠢᠨ ᠭᠠᠵᠠᠷ ᠣᠷᠣᠨ ( ᠬᠤᠪᠢᠶᠠᠷᠢ ) ᠪᠠᠶᠢᠴᠠᠭᠠᠬᠤ ᠬᠣᠷᠢᠶ᠎ᠠ ᠂ ᠦᠨᠳᠦᠰᠦᠨ ᠱᠠᠲᠤᠨ ᠤ ᠬᠣᠷᠢᠶᠠᠨ ᠤ ᠪᠦᠬᠦ ᠬᠥᠮᠦᠰ ᠬᠠᠷᠠᠭᠠᠨ ᠳᠠᠪᠲᠠᠮᠵᠢ ᠶᠢᠨ ᠬᠤᠷᠠᠯ ᠤᠨ ᠬᠡᠯᠪᠡᠷᠢ ᠪᠡᠷ ᠬᠤᠷᠠᠯ ᠳᠤ ᠣᠷᠣᠯᠴᠠᠪᠠ ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ  ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro