ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠥᠷ ᠮᠣᠩᠭᠣᠯ ᠤᠨ ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭ᠎ᠠ ᠰᠢᠨ᠎ᠡ ᠪᠠᠶᠢᠳᠠᠯ ᠢ ᠡᠭᠦᠳᠴᠦ ᠰᠢᠨ᠎ᠡ ᠳᠡᠭᠲᠡᠷ ᠲᠦ ᠭᠠᠷᠪᠠ

2020-06-23 14:35:04
ᠵᠣᠬᠢᠶᠠᠭᠴᠢ
ᠭᠡᠭᠡᠷᠡᠯ

6 ᠰᠠᠷ᠎ᠠ ᠶᠢᠨ 15 ᠤ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠣᠯᠤᠨ ᠬᠥᠬᠡᠬᠣᠲᠠ ᠶᠢᠨ ᠴᠡᠷᠢᠭ ᠦᠨ ᠪᠠᠶᠢᠴᠠᠭᠠᠬᠤ ᠬᠣᠷᠢᠶ᠎ᠠ ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭ᠎ᠠ  ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ ᠃


W020200617581452795615.jpg


ᠬᠤᠷᠠᠯ  ᠠᠴᠠ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠤᠯᠤᠰ ᠲᠥᠷᠥ ᠬᠠᠸᠯᠢ ᠴᠠᠭᠠᠵᠠ ᠶᠢᠨ ᠵᠥᠪᠯᠡᠯ ᠦᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭᠠᠨ ᠤ ᠠᠵᠢᠯ ᠢ ᠴᠢᠩᠭᠠᠳᠬᠠᠬᠤ ᠲᠤᠬᠠᠶ ᠰᠠᠨᠠᠯ ︾ ᠢ ᠲᠠᠮᠵᠢᠭᠤᠯᠤᠨ ᠰᠤᠷᠤᠯᠴᠠᠪᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠣᠯᠤᠨ ᠬᠥᠬᠡᠬᠣᠲᠠ ᠶᠢᠨ ᠴᠡᠷᠢᠭ ᠦᠨ ᠪᠠᠶᠢᠴᠠᠭᠠᠬᠤ ᠬᠣᠷᠢᠶ᠎ᠠ ᠪᠠᠰᠠ ᠰᠢᠨ᠎ᠡ ᠪᠡᠷ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭᠠᠨ ᠤ ᠠᠵᠢᠯ ᠢ ᠥᠷᠨᠢᠭᠦᠯᠬᠦ ᠲᠤᠬᠠᠶ ᠰᠠᠨᠠᠯ ︾ ᠳ᠋ᠤ ᠭᠠᠷ ᠤᠨ ᠥᠰᠥᠭ ᠵᠢᠷᠤᠪᠠ ᠃ ᠲᠣᠰ ᠰᠠᠨᠠᠯ ᠪᠣᠯ ᠰᠢ ᠶᠢᠨ ᠫᠢᠩ ᠶᠡᠷᠦᠩᠬᠡᠶ ᠱᠦᠵᠢ   ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠤᠯᠤᠰ ᠲᠥᠷᠥ ᠬᠠᠸᠯᠢ ᠴᠠᠭᠠᠵᠠ ᠶᠢᠨ ᠵᠥᠪᠯᠡᠯ ᠦᠨ ︽ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭᠠᠨ ᠤ ᠠᠵᠢᠯ ᠢ ᠴᠢᠩᠭᠠᠳᠬᠠᠬᠤ ᠲᠤᠬᠠᠶ ᠰᠠᠨᠠᠯ ︾ ᠤᠨ ᠪᠣᠳᠠᠲᠠᠶ ᠱᠠᠭᠠᠷᠳᠠᠯᠭ᠎ᠠ ᠶᠢ ᠪᠥᠬᠥ ᠲᠠᠯ᠎ᠠ ᠪᠠᠷ ᠲᠤᠸᠱᠯᠠᠭᠤᠯᠤᠨ ᠨᠠᠶᠢᠳᠠᠪᠤᠷᠢᠵᠢᠭᠤᠯᠬᠤ ᠂ ᠴᠡᠷᠢᠭ ᠠᠷᠠᠳ ᠢ  ᠠᠭᠤᠰᠤᠯᠴᠠᠭᠤᠯᠬᠤ᠂ ᠠᠵᠤ ᠠᠬᠤᠶ ᠨᠡᠶᠢᠭᠡᠮ ᠦᠨ ᠬᠥᠭᠵᠢᠯᠲᠡ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠨᠭᠬᠢ ᠶᠢᠨ ᠪᠦᠳᠦᠭᠡᠨ ᠪᠠᠶᠢᠭᠤᠯᠤᠯᠲᠠ ᠶᠢᠨ ᠨᠡᠩ ᠶᠡᠬᠡ ᠬᠡᠪᠴᠢᠶ᠎ᠡ᠂ ᠨᠡᠩ ᠭᠦᠨ ᠳᠡᠰ ᠳᠠᠪᠬᠤᠷᠭ᠎ᠠ ᠲᠡᠰᠢ ᠬᠥᠭᠵᠢᠬᠦ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠦᠴᠦᠲᠡᠶ ᠠᠷᠭ᠎ᠠ ᠬᠡᠮᠵᠢᠶ ᠎ᠡ ᠮᠦᠨ ᠃ ᠲᠤᠰ ᠰᠠᠨᠠᠯ ᠨᠢ ᠦᠨᠳᠦᠰᠦᠨ ᠵᠠᠷᠴᠢᠮ ᠂ ᠬᠡᠷᠡᠭ  ᠦᠨ ᠬᠡᠪᠴᠢᠶ᠎ᠡ ᠂ ᠬᠡᠷᠡᠭ  ᠦᠨ ᠬᠠᠷᠢᠶᠠᠯᠠᠯᠲᠠ ᠂ ᠰᠦᠪᠡᠭᠴᠢ  ᠶᠢ ᠰᠢᠯᠵᠢᠭᠦᠯᠦᠨ ᠬᠦᠷᠭᠡᠬᠦ ᠵᠡᠷᠭᠡ ᠲᠠᠯ᠎ᠠ  ᠪᠠᠷ ᠬᠢ ᠬᠠᠮᠲᠤᠷᠤᠯᠴᠠᠭᠠᠨ ᠤ ᠠᠭᠤᠯᠭ᠎ᠠ  ᠶᠢ ᠤᠯᠠᠮ ᠪᠠᠶᠠᠯᠢᠭᠵᠢᠭᠤᠯᠬᠤ  ᠶᠢᠨ ᠬᠠᠮᠲᠤ ᠬᠠᠮᠲᠤᠷᠠᠭᠰᠠᠨ ᠬᠤᠷᠠᠯ ᠂ ᠨᠢᠭᠡ ᠴᠤᠭᠴᠠᠵᠢᠭᠤᠯᠤᠭᠰᠠᠨ ᠬᠡᠷᠡᠭ ᠰᠢᠶᠳᠪᠦᠷᠢᠯᠡᠬᠦ ᠵᠡᠷᠭᠡ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠲᠤᠬᠠᠶ ᠨᠥᠬᠥᠪᠥᠷᠢ ᠪᠠ ᠲᠤᠲᠤᠷᠬᠠᠶᠢᠯᠠᠯᠲᠠ ᠬᠢᠪᠡ ᠃ ᠲᠤᠰ ᠰᠠᠨᠠᠯ  ᠳᠤ ᠭᠠᠷ  ᠤᠨ ᠦᠰᠦᠭ ᠵᠢᠷᠤᠭᠰᠠᠨ ᠨᠢ ᠴᠡᠷᠢᠭ  ᠤᠨ ᠪᠠ ᠣᠷᠣᠨ ᠨᠤᠲᠤᠭ  ᠤᠨ ᠪᠠᠶᠢᠴᠠᠭᠠᠬᠤ ᠪᠠᠶᠢᠭᠤᠯᠭ᠎ᠠ  ᠶᠢᠨ ᠨᠡᠶᠢᠲᠡ  ᠶᠢᠨ ᠠᠰᠢᠭᠲᠤ ᠵᠠᠷᠭᠤ  ᠶᠢᠨ ᠬᠠᠮᠲᠤᠷᠤᠯᠴᠠᠭᠠᠨ  ᠤ ᠠᠵᠢᠯ  ᠤᠨ ᠰᠢᠨ᠎ᠡ ᠬᠠᠭᠤᠳᠠᠰᠤ  ᠳᠤ ᠲᠣᠳᠣᠷᠬᠠᠶ ᠵᠢᠯᠣᠭᠣᠳᠤᠮᠵᠢ ᠬᠠᠩᠭᠠᠵᠤ ᠂ ᠬᠠᠷᠢᠯᠴᠠᠨ ᠳᠡᠮᠵᠢᠬᠦ᠂ ᠳᠠᠪᠠᠭᠤᠯᠢᠭ ᠢᠶᠠᠨ ᠬᠠᠷᠢᠯᠴᠠᠨ ᠨᠥᠬᠥᠪᠥᠷᠢᠯᠡᠬᠦ᠂ ᠬᠠᠮᠵᠢᠯᠴᠠᠨ ᠬᠥᠭᠵᠢᠬᠦ᠂ ᠬᠠᠮᠲᠤᠪᠠᠷ ᠵᠠᠰᠠᠵᠤ ᠬᠠᠮᠲᠤᠪᠠᠷ ᠠᠰᠢᠭ ᠬᠦᠷᠳᠡᠬᠦ ᠰᠢᠨ᠎ᠡ ᠵᠠᠮ ᠢᠶᠠᠷ ᠵᠠᠮᠨᠠᠬᠤ ᠳᠤ ᠬᠦᠴᠦᠲᠡᠢ ᠪᠠᠲᠤᠯᠠᠭ᠎ᠠ ᠬᠠᠩᠭᠠᠪᠠ᠃


W020200617581453851195.jpg


ᠬᠤᠷᠠᠯ ᠠᠴᠠ ᠶᠠᠷᠢᠭᠰᠠᠨ ᠨᠢ᠂ ᠤᠷᠳᠤ ᠬᠤᠭᠤᠴᠠᠭᠠᠨ ᠤ ᠲᠤᠷᠰᠢ ᠥᠪᠥᠷ ᠮᠣᠩᠭᠣᠯ ᠤᠨ ᠴᠡᠷᠢᠭ  ᠤᠨ ᠪᠠ ᠣᠷᠣᠨ ᠨᠤᠲᠤᠭ   ᠤᠨ  ᠪᠠᠶᠢᠴᠠᠭᠠᠬᠤ ᠪᠠᠶᠢᠭᠤᠯᠭ᠎ᠠ ᠰᠠᠢᠢᠨ ᠰᠠᠶᠢᠬᠠᠨ ᠬᠠᠮᠲᠤᠷᠠᠯᠴᠠᠭᠠᠨ ᠤ ᠤᠯᠠᠮᠵᠢᠯᠠᠯ ᠢᠶᠠᠨ ᠪᠠᠲᠤᠯᠠᠭᠰᠠᠭᠠᠷ ᠢᠷᠡᠵᠡᠢ᠃ ᠯᠢ ᠴᠢ ᠯᠢᠨ ᠪᠠᠶᠢᠴᠠᠭᠠᠬᠤ ᠳᠠᠷᠤᠭ᠎ᠠ ᠴᠡᠷᠢᠭ  ᠤᠨ ᠪᠠ ᠣᠷᠣᠨ ᠨᠤᠲᠤᠭ   ᠤᠨ ᠬᠠᠮᠲᠤᠷᠤᠯᠴᠠᠭ᠎ᠠ  ᠶᠢ ᠲᠤᠩ ᠴᠢᠬᠤᠯᠠᠴᠢᠯᠠᠵᠤ᠂ ᠬᠠᠮᠵᠢᠯᠴᠠᠭ᠎ᠠ  ᠪᠠᠨ ᠴᠢᠩᠭᠠᠳᠬᠠᠬᠤ ᠶᠠᠪᠤᠳᠠᠯ  ᠢ ᠪᠠᠶᠢᠷᠢᠯᠠᠭᠤᠯᠵᠠᠶ᠃ 2018 ᠣᠨ ᠤ 11 ᠰᠠᠷ᠎ᠠ ᠶᠢᠨ 15 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠬᠢᠭᠡᠳ ᠬᠥᠬᠡᠬᠣᠲᠠ ᠶᠢᠨ ᠴᠡᠷᠢᠭ ᠦᠨ ᠪᠠᠶᠢᠴᠠᠭᠠᠬᠤ ᠬᠣᠷᠢᠶ᠎ᠠ ᠶᠢᠨ ᠬᠠᠮᠲᠤᠷᠠᠨ ᠬᠤᠷᠠᠯᠳᠤᠭᠤᠯᠤᠭᠰᠠᠨ ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ  ᠵᠠᠷᠭᠤ ᠶᠢᠨ ᠬᠠᠮᠲᠤᠷᠤᠯᠴᠠᠭᠠᠨ  ᠤ ᠬᠠᠮᠲᠤᠷᠠᠭᠰᠠᠨ ᠬᠤᠷᠠᠯ ᠳᠤ ᠣᠷᠣᠯᠴᠠᠵᠤ ᠂ 《 ᠴᠡᠷᠢᠭ ᠠᠨᠭᠭᠢ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ  ᠶᠢᠨ ᠬᠠᠮᠲᠤᠷᠤᠯᠴᠠᠭᠠᠨ  ᠤ ᠠᠵᠢᠯ ᠢ ᠥᠷᠨᠢᠭᠦᠯᠬᠦ ᠲᠤᠬᠠᠶ ᠰᠠᠨᠠᠯ 》 ᠳᠤ ᠭᠠᠷ ᠤᠨ ᠦᠰᠦᠭ ᠵᠢᠷᠤᠪᠠ᠃ ᠬᠥᠬᠡᠬᠣᠲᠠ  ᠶᠢᠨ ᠴᠡᠷᠢᠭ  ᠦᠨ ᠶᠠᠪᠤᠳᠠᠯ  ᠤᠨ ᠪᠠᠶᠢᠴᠠᠭᠠᠬᠤ ᠬᠣᠷᠢᠶ᠎ᠠ ᠴᠡᠷᠢᠭ  ᠦᠨ ᠶᠠᠪᠤᠳᠠᠯ  ᠤᠨ ᠪᠠᠶᠢᠴᠠᠭᠠᠬᠤ ᠨᠡᠶᠢᠲᠡ  ᠶᠢᠨ ᠠᠰᠢᠭᠲᠤ ᠵᠠᠷᠭᠤ  ᠶᠢᠨ ᠳᠦᠷᠢᠮ  ᠢ ᠢᠳᠡᠪᠬᠢᠲᠡᠶ  ᠪᠡᠷ ᠬᠠᠶᠢᠨ ᠰᠦᠪᠡᠭᠴᠢᠯᠡᠵᠦ᠂ ᠵᠣᠬᠢᠴᠠᠯᠳᠤᠨ ᠬᠣᠯᠪᠣᠭᠠᠯᠠᠨ ᠬᠥᠳᠡᠯᠦᠯᠴᠡᠬᠦ  ᠶᠢ ᠴᠢᠩᠭᠠᠳᠬᠠᠬᠤ  ᠶᠢ ᠴᠢᠬᠤᠯᠠᠴᠢᠯᠠᠨ ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠦᠨ ᠶᠠᠪᠤᠳᠠᠯ ᠤᠨ ᠠᠰᠢᠭ ᠲᠤᠰᠠ ᠶᠢ ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠳᠤ ᠦᠢᠯᠡᠴᠢᠯᠡᠬᠦ᠂ ᠲᠠᠢᠢᠨ ᠳᠦ ᠪᠡᠯᠡᠳᠬᠡᠵᠦ ᠲᠠᠢᠢᠨ ᠬᠢᠬᠦ᠂ ᠬᠠᠸᠯᠢ ᠶᠣᠰᠣᠭᠠᠷ ᠴᠡᠷᠢᠭ ᠢ ᠵᠠᠰᠠᠬᠤ ᠳᠤ ᠪᠠᠶᠢᠴᠠᠭᠠᠬᠤ ᠤᠶᠤᠨ ᠤᠬᠠᠭᠠᠨ ᠪᠣᠯᠤᠨ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠪᠡ᠃


W020200617581454153931.jpg


ᠬᠤᠷᠠᠯ ᠠᠴᠠ ᠴᠢᠬᠤᠯᠠᠴᠢᠯᠠᠭᠰᠠᠨ ᠨᠢ ᠂ ᠲᠣᠰ ᠤᠳᠠᠭᠠᠨ ᠤ ᠬᠠᠮᠲᠤᠷᠠᠭᠰᠠᠨ ᠬᠤᠷᠠᠯ ᠪᠣᠯ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠤᠯᠤᠰ ᠲᠥᠷᠥ ᠬᠠᠸᠯᠢ ᠴᠠᠭᠠᠵᠠ ᠶᠢᠨ ᠵᠥᠪᠯᠡᠯ ᠦᠨ ︽ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭᠠᠨ ᠤ ᠠᠵᠢᠯ ᠢ ᠴᠢᠩᠭᠠᠳᠬᠠᠬᠤ ᠲᠤᠬᠠᠶ ᠰᠠᠨᠠᠯ ︾  ᠢ ᠭᠦᠨᠵᠡᠭᠡᠢ ᠤᠶᠢᠯᠠᠭᠠᠨ ᠰᠤᠷᠤᠯᠴᠠᠵᠤ ᠂ ᠨᠠᠷᠢᠨ ᠬᠢᠨᠠᠮᠠᠭᠠᠢ ᠲᠤᠤᠱᠯᠠᠭᠤᠯᠤᠨ ᠨᠡᠶᠢᠲᠠᠪᠤᠷᠢᠵᠢᠭᠤᠯᠬᠤ ᠰᠠᠭᠤᠲᠠᠯ  ᠤᠨ ᠬᠤᠷᠠᠯ ᠪᠤᠯᠬᠤ  ᠪᠠᠷ ᠪᠠᠷᠠᠬᠤ ᠦᠭᠡᠢ ᠨᠠᠩ ᠴᠤ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ ᠂ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ ᠂ ᠴᠡᠷᠢᠭ ᠠᠩᠭᠢ ᠪᠠ ᠣᠷᠣᠨ ᠨᠤᠲᠤᠭ ᠤᠨ ᠠᠵᠢᠯ ᠢ ᠬᠠᠮᠲᠤᠪᠠᠷ ᠲᠥᠯᠥᠪᠯᠡᠬᠦ ᠶᠢ ᠠᠬᠢᠭᠤᠯᠬᠤ ᠬᠤᠷᠠᠯ ᠪᠣᠯᠤᠨ᠎ᠠ ᠃ ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠤᠯᠤᠰ ᠲᠦᠷᠦ ᠶᠢ ᠡᠷᠬᠢᠮᠯᠡᠬᠦ ᠦᠨᠳᠦᠷᠴᠡ ᠡᠴᠡ ᠴᠡᠷᠢᠭ  ᠦᠨ ᠪᠠ ᠣᠷᠣᠨ ᠨᠤᠲᠤᠭ ᠤᠨ ᠨᠡᠶᠢᠲᠡ ᠶᠢᠨ ᠠᠰᠢᠭᠲᠤ ᠵᠠᠷᠭᠤ ᠶᠢᠨ ᠬᠠᠮᠵᠢᠯᠴᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ︔ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠳᠤ ᠦᠶᠯᠡᠴᠢᠯᠡᠬᠦ ᠳᠡᠭᠡᠳᠦ ᠬᠡᠮᠵᠢᠶᠡᠨ ᠡᠴᠡ ᠴᠡᠷᠢᠭ  ᠦᠨ ᠪᠠ ᠣᠷᠣᠨ ᠨᠤᠲᠤᠭ ᠤᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭ᠎ᠠ  ᠶᠢᠨ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠬᠡᠷᠡᠭᠲᠡᠶ︔ ᠬᠠᠮᠲᠤᠷᠠᠯᠴᠠᠭᠠᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ ᠂ ᠴᠡᠷᠢᠭ  ᠦᠨ ᠪᠠ ᠣᠷᠣᠨ ᠨᠤᠲᠤᠭ ᠤᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠤᠯᠴᠠᠭ᠎ᠠ  ᠶᠢ ᠳᠠᠬᠢᠨ ᠰᠢᠨ᠎ᠡ ᠳᠡᠭᠲᠡᠷ ᠲᠦ ᠭᠠᠷᠭᠠᠬᠤ ᠶᠢ ᠠᠬᠢᠭᠤᠯᠬᠤ ᠬᠡᠷᠡᠭᠲᠡᠶ ︔ ᠬᠠᠮᠲᠤᠷᠤᠯᠴᠠᠭ᠎ᠠ  ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠣᠶᠠᠷ ᠲᠠᠯ᠎ᠠ ᠶᠢᠨ ᠭᠠᠷ ᠤᠨ ᠦᠰᠦᠭ ᠵᠢᠷᠤᠭᠰᠠᠨ ᠰᠠᠨᠠᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠴᠡᠷᠢᠭ  ᠤᠨ ᠪᠠ ᠣᠷᠣᠨ ᠨᠤᠲᠤᠭ ᠤᠨ ᠬᠠᠮᠲᠤᠷᠤᠯᠴᠠᠭ᠎ᠠ  ᠶᠢᠨ ᠠᠮᠢᠵᠢᠷᠠᠯ ᠤᠨ ᠬᠦᠴᠦᠨ ᠲᠡᠶ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃


W020200617581454430399.jpg

ᠬᠤᠷᠠᠯ ᠠᠴᠠ ᠪᠠᠰᠠ ᠴᠡᠷᠢᠭ  ᠤᠨ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠢᠢᠲᠡ ᠶᠢᠨ ᠠᠰᠢᠭᠲᠤ ᠵᠠᠷᠭᠤ ᠶᠢᠨ ᠬᠠᠮᠲᠤᠷᠠᠯᠴᠠᠭᠠᠨ ᠤ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ ᠳᠦ ᠳᠠᠬᠢᠨ ᠲᠣᠬᠢᠷᠠᠭᠤᠯᠤᠯᠲᠠ ᠬᠢᠵᠦ ᠂ 《 ᠴᠡᠷᠢᠭ  ᠦᠨ ᠪᠡᠯᠡᠳᠬᠡᠮᠵᠢ  ᠶᠢᠨ ᠬᠠᠮᠠᠭᠠᠯᠠᠯᠲᠠ》ᠪᠠ《 ᠴᠡᠷᠢᠭ  ᠦᠨ ᠭᠠᠵᠠᠷ ᠰᠢᠷᠣᠶ  ᠶᠢᠨ ᠬᠠᠮᠠᠭᠠᠯᠠᠯᠲᠠ》ᠬᠣᠶᠠᠷ ᠬᠦᠷᠢᠶᠡᠨ  ᠳᠦ ᠨᠡᠶᠢᠲᠡ  ᠶᠢᠨ ᠠᠰᠢᠭᠲᠤ ᠵᠠᠷᠭᠤ  ᠶᠢᠨ ᠲᠤᠰᠬᠠᠶ ᠠᠵᠢᠯᠯᠠᠭ᠎ᠠ ᠥᠷᠨᠢᠭᠦᠯᠬᠦ ᠲᠥᠰᠦᠪᠯᠡᠯ  ᠢ ᠰᠤᠳᠤᠯᠤᠨ ᠶᠠᠷᠢᠯᠴᠠᠵᠠᠶ᠃ ᠬᠥᠬᠡᠬᠣᠲᠠ ᠶᠢᠨ ᠴᠡᠷᠢᠭ ᠦᠨ ᠶᠠᠪᠤᠳᠠᠯ ᠤᠨ ᠪᠠᠶᠢᠴᠠᠭᠠᠬᠤ ᠬᠣᠷᠢᠶ᠎ᠠ ᠶᠢᠨ ᠣᠲᠣ ᠪᠠᠶᠢᠭ᠎ᠠ ᠴᠡᠷᠢᠭ ᠠᠩᠭᠢ ᠪᠠ ᠣᠷᠣᠨ ᠨᠤᠲᠤᠭ ᠤᠨ ᠨᠡᠶᠢᠲᠡ ᠶᠢᠨ ᠠᠰᠢᠭᠲᠤ ᠵᠠᠷᠭᠤ ᠳᠤ ᠬᠠᠷᠢᠯᠴᠠᠨ ᠬᠣᠯᠪᠣᠭᠳᠠᠭᠰᠠᠨ ᠠᠰᠠᠭᠤᠳᠠᠯ ᠤᠨ ᠰᠦᠪᠡᠭᠴᠢ  ᠶᠢ  ᠵᠠᠳᠠᠯᠤᠨ ᠰᠤᠳᠤᠯᠪᠠ ᠃ ᠬᠣᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠂ ᠴᠡᠷᠢᠭ ᠠᠩᠭᠢ ᠪᠠ ᠣᠷᠣᠨ ᠨᠤᠲᠤᠭ ᠤᠨ ᠪᠠᠶᠢᠴᠠᠭᠠᠬᠤ ᠪᠠᠶᠢᠭᠤᠯᠭ᠎ᠠ  ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠠᠮᠲᠤᠷᠠᠯᠴᠠᠭᠠᠨ ᠤ ᠦᠵᠡᠯ ᠰᠠᠨᠠᠭ᠎ᠠ ᠶᠢ ᠨᠢᠭᠡᠳᠬᠡᠵᠦ ᠂ ᠴᠢᠭᠯᠡᠯ  ᠢ ᠲᠣᠳᠣᠷᠬᠠᠶ ᠪᠤᠯᠭᠠᠨ ᠂ ᠬᠠᠮᠲᠤ  ᠶᠢᠨ ᠲᠠᠨᠢᠯᠲᠠ  ᠶᠢ ᠪᠤᠢ ᠪᠤᠯᠭᠠᠪᠠ ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro