ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠠᠷᠠᠳ ᠤᠨ ᠬᠦᠴᠢᠷᠳᠡᠯ ᠢ ᠠᠷᠢᠯᠭᠠᠵᠤ ᠠᠷᠠᠳ ᠤᠨ ᠪᠡᠷᠬᠡᠰᠢᠶᠡᠯ  ᠢ ᠰᠢᠢᠳᠪᠦᠷᠢᠯᠡᠨ᠎ᠡ᠎ ᠥᠪᠡᠷᠲᠡᠭᠡᠨ ᠵᠠᠰᠠᠬᠤ ᠣᠷᠣᠨ ᠤ ᠰᠢᠭᠦᠬᠦ ᠂ ᠪᠠᠶᠢᠴᠠᠭᠠᠬᠤ ᠬᠤᠶᠠᠷ ᠬᠣᠷᠢᠶᠠᠨ ᠤ ᠡᠨᠡ ᠰᠠᠭᠤᠳᠠᠯ ᠤᠨ ᠬᠤᠷᠠᠯ ᠨᠢ ᠵᠠᠰᠠᠭ ᠵᠠᠬᠢᠷᠭᠠᠨ ᠤ ᠵᠢᠭᠤᠷᠠᠭᠠᠨ ᠢ ᠦᠨᠡᠨᠬᠦ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠪᠡ

2020-07-07 11:27:22
ᠵᠣᠬᠢᠶᠠᠭᠴᠢ
ᠨᠠᠪᠴᠢ


2yuan  1.jpg


6 ᠰᠠᠷ᠎ᠠ ᠶᠢᠨ 24 ᠦ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠵᠢᠨ ᠰᠢᠭᠦᠬᠦ ᠬᠣᠷᠢᠶ᠎ᠠ ᠨᠢ ᠵᠠᠰᠠᠭ ᠵᠠᠬᠢᠷᠭᠠᠨ ᠤ ᠬᠡᠷᠡᠭ ᠦᠨ ᠰᠢᠭᠦᠨ ᠲᠠᠰᠤᠯᠤᠯᠲᠠ ᠬᠢᠭᠡᠳ ᠵᠠᠰᠠᠭ ᠵᠠᠬᠢᠷᠭᠠᠨ ᠤ  ᠬᠡᠷᠡᠭ ᠦᠨ ᠪᠠᠶᠢᠴᠠᠭᠠᠬᠤ ᠠᠵᠢᠯ ᠢ ᠠᠪᠴᠠᠯᠳᠤᠭᠤᠯᠬᠤ ᠶᠠᠷᠢᠯᠴᠠᠬᠤ ᠬᠤᠷᠠᠯ ᠬᠢᠪᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠧᠩ ᠵᠢᠨ ᠴᠦᠨ ᠂ ᠪᠠᠶᠢᠴᠠᠭᠠᠬᠤ ᠵᠥᠪᠯᠡᠯ ᠦᠨ ᠲᠤᠰᠬᠠᠶ ᠲᠤᠰᠢᠶᠠᠯᠲᠤ ᠭᠡᠰᠢᠭᠦᠨ ᠶᠠᠩ  ᠱᠤ᠋  ᠯᠢᠨ᠂ ᠥᠪᠡᠷᠲᠡᠭᠡᠨ ᠵᠠᠰᠠᠬᠤ ᠣᠷᠣᠨ ᠤ ᠦᠨᠳᠦᠷ ᠵᠡᠷᠭᠡ ᠵᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ  ᠨᠠ ᠯᠠᠨ ᠬᠤᠷᠠᠯ ᠳᠤ ᠣᠷᠣᠯᠴᠠᠪᠠ ︔ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠳᠣᠯᠣᠳᠤᠭᠠᠷ ᠪᠠᠶᠢᠴᠠᠭᠠᠬᠤ ᠬᠡᠯᠲᠡᠰ ᠦᠨ ᠪᠦᠬᠦ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ  ᠦᠨᠳᠦᠷ ᠵᠡᠷᠭᠡ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠬᠡᠷᠡᠭ ᠦᠨ ᠰᠢᠭᠦᠨ ᠲᠠᠰᠤᠯᠬᠤ ᠲᠢᠩᠬᠢᠮ ᠦᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ᠃


2yuan 2.jpg


ᠬᠤᠷᠠᠯ ᠠᠴᠠ ᠳᠤᠷᠠᠳᠤᠭᠰᠠᠨ ᠨᠢ ᠂ ᠵᠠᠰᠠᠭ ᠵᠠᠬᠢᠷᠭᠠᠨ ᠤ ᠵᠢᠭᠤᠷᠠᠭᠠᠨ ᠢ ᠦᠨᠡᠨᠬᠦ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠪᠣᠯ ᠠᠷᠠᠳ ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠂ ᠣᠯᠠᠨ ᠲᠦᠮᠡᠨ  ᠤ ᠲᠦᠯᠦᠭᠡ ᠬᠦᠴᠢᠷ ᠠᠰᠠᠭᠤᠳᠠᠯ ᠢ ᠰᠢᠢᠳᠪᠦᠷᠢᠯᠡᠵᠦ ᠂ ᠪᠤᠲᠠᠲᠠᠢ ᠠᠵᠢᠯ  ᠬᠢᠵᠦ᠂ ᠠᠷᠠᠳ ᠤᠨ ᠬᠦᠴᠢᠷᠳᠡᠯ ᠢ ᠠᠷᠢᠯᠭᠠᠵᠤ ᠠᠷᠠᠳ ᠤᠨ ᠪᠡᠷᠬᠡᠰᠢᠶᠡᠯ  ᠢ ᠰᠢᠶᠳᠪᠦᠷᠢᠯᠡᠬᠦ ᠴᠢᠬᠤᠯᠠ ᠠᠷᠭ᠎ᠠ ᠪᠠᠷᠢᠯ ᠮᠥᠨ ᠃ ᠬᠡᠷᠡᠭ ᠢ ᠳᠠᠭᠤᠰᠬᠠᠨ ᠂ ᠤᠴᠢᠷ ᠢ ᠰᠢᠢᠳᠪᠦᠷᠢᠯᠡᠵᠦ᠂ ᠵᠠᠰᠠᠭ ᠢ ᠨᠢᠭᠡᠳᠬᠡᠬᠦ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠮᠥᠨ᠃ ᠠᠷᠠᠳ ᠲᠦᠮᠡᠨ ᠢᠶᠡᠷ ᠭᠣᠣᠯ ᠪᠣᠯᠭᠠᠬᠤ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠪᠠᠲᠤ ᠪᠡᠬᠢ ᠪᠤᠢ ᠪᠣᠯᠭᠠᠵᠤ ᠂ ᠰᠢᠭᠦᠬᠦ᠂ ᠪᠠᠶᠢᠴᠠᠭᠠᠬᠤ ᠬᠣᠶᠠᠷ ᠬᠣᠷᠢᠶ᠎ᠠ ᠶᠢᠨ ᠵᠠᠰᠠᠭ ᠵᠠᠬᠢᠷᠭᠠᠨ ᠤ ᠬᠡᠷᠡᠭ ᠦᠨ ᠵᠢᠭᠤᠷᠠᠭᠠᠨ ᠢ  ᠦᠨᠡᠨᠬᠦ  ᠰᠢᠢᠳᠪᠦᠷᠢᠯᠡᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠵᠠᠰᠠᠭ ᠵᠠᠬᠢᠷᠭᠠᠨ ᠤ ᠬᠡᠷᠡᠭ ᠦᠨ ᠵᠢᠭᠤᠷᠠᠭᠠᠨ ᠢ ᠦᠨᠡᠨᠬᠦ ᠰᠢᠢᠳᠪᠦᠷᠢᠯᠡᠬᠦ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ ᠂ ᠣᠯᠠᠨ ᠲᠦᠮᠡᠨ  ᠦ ᠲᠤᠰᠬᠠᠯ ᠶᠡᠬᠡᠲᠡᠶ ᠨᠢᠭᠡ ᠪᠦᠯᠦᠭ ᠵᠠᠰᠠᠭ ᠵᠠᠬᠢᠷᠭᠠᠨ  ᠤ ᠵᠢᠭᠤᠷᠠᠭᠠᠨ  ᠢ ᠰᠢᠶᠳᠪᠦᠷᠢᠯᠡᠬᠦ  ᠶᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠶ᠃

  

2yuan  3.jpg

 

ᠬᠤᠷᠠᠯ ᠠᠴᠠ ᠴᠢᠬᠤᠯᠠᠴᠢᠯᠠᠭᠰᠠᠨ ᠨᠢ ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠂ ᠪᠠᠶᠢᠴᠠᠭᠠᠬᠤ ᠬᠤᠶᠠᠷ ᠬᠣᠷᠢᠶᠠᠨ ᠤ ᠵᠠᠰᠠᠭ ᠵᠠᠬᠢᠷᠭᠠᠨ ᠤ ᠬᠡᠷᠡᠭ ᠦᠨ ᠰᠢᠭᠦᠨ ᠲᠠᠰᠤᠯᠤᠯᠲᠠ ᠂ ᠵᠠᠰᠠᠭ ᠵᠠᠬᠢᠷᠭᠠᠨ ᠤ ᠬᠡᠷᠡᠭ ᠦᠨ ᠪᠠᠶᠢᠴᠠᠭᠠᠬᠤ ᠰᠠᠯᠠᠭ᠎ᠠ ᠮᠥᠴᠢᠷ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ  ᠳ᠋ᠠᠭᠠᠨ ᠰᠠᠭᠤᠷᠢᠯᠠᠨ ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ ᠂ ᠵᠠᠷᠭᠤ ᠶᠢᠨ 《 ᠵᠢᠷᠤᠮ  ᠳ᠋ᠡᠬᠢ ᠬᠤᠭᠤᠰᠤᠨ 》ᠵᠡᠷᠭᠡ ᠳᠣᠪᠣᠢᠮ᠎ᠠ ᠠᠰᠠᠭᠤᠳᠠᠯ ᠢ ᠰᠢᠶᠳᠪᠦᠷᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠤᠨ ᠳᠤᠷᠠᠳᠴᠤ ᠂ ᠵᠠᠰᠠᠭ ᠵᠠᠬᠢᠷᠭᠠᠨ ᠤ  ᠬᠡᠷᠡᠭ ᠦᠨ ᠵᠢᠭᠤᠷᠠᠭᠠᠨ ᠢ  ᠦᠨᠡᠨᠬᠦ ᠰᠢᠢᠳᠪᠦᠷᠢᠯᠡᠬᠦ ᠶᠢ ᠠᠬᠢᠭᠤᠯᠬᠤ ᠠᠵᠢᠯ ᠤᠨ ᠰᠠᠨᠠᠯ ᠢ ᠬᠠᠮᠲᠤᠷᠠᠨ ᠨᠡᠶᠢᠲᠡᠯᠡᠵᠦ᠂ ᠵᠠᠰᠠᠭ ᠵᠠᠬᠢᠷᠭᠠᠨ ᠤ ᠬᠡᠷᠡᠭ ᠦᠨ ᠵᠢᠭᠤᠷᠠᠭᠠᠨ ᠢ ᠦᠨᠡᠨᠬᠦ ᠰᠢᠢᠳᠪᠦᠷᠢᠯᠡᠬᠦ ᠠᠵᠢᠯ ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠷᠭᠤ ᠶᠢ ᠢᠷᠡᠯᠲᠡ  ᠡᠴᠡ ᠨᠢ ᠵᠠᠰᠠᠬᠤ ᠠᠵᠢᠯ ᠢ ᠴᠢᠩᠭᠠᠳᠬᠠᠵᠤ ᠂ ᠰᠢᠭᠦᠬᠦ ᠬᠣᠷᠢᠶ᠎ᠠ ᠂ ᠪᠠᠶᠢᠴᠠᠭᠠᠬᠤ ᠬᠣᠷᠢᠶ᠎ᠠ ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠡᠷᠭᠡ ᠣᠯᠠᠨ ᠲᠠᠯ᠎ᠠ ᠶᠢᠨ ᠵᠠᠷᠭᠤᠯᠳᠤᠬᠤ ᠠᠴᠠ ᠡᠮᠦᠨᠡᠬᠢ ᠡᠶᠡᠳᠡᠭᠦᠯᠬᠦ ᠠᠵᠢᠯ ᠳᠤ ᠣᠷᠣᠯᠴᠠᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ ᠂ ᠵᠥᠷᠢᠴᠡᠯ ᠢ ᠠᠷᠢᠯᠭᠠᠬᠤ ᠪᠣᠭᠣᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ ᠂ ᠣᠯᠠᠨ ᠲᠦᠮᠡᠨ ᠦ ᠰᠠᠨᠠᠭ᠎ᠠ ᠵᠤᠪᠠᠵᠤ ᠪᠠᠶᠢᠭ᠎ᠠ ᠤᠴᠢᠷ᠂ ᠰᠡᠳᠬᠢᠯ ᠭᠡᠮᠦᠷᠴᠦ ᠪᠠᠶᠢᠭ᠎ᠠ ᠤᠴᠢᠷ᠂ ᠵᠢᠷᠦᠬᠡ ᠰᠢᠮᠰᠢᠷᠡᠵᠦ ᠪᠠᠶᠢᠭ᠎ᠠ ᠤᠴᠢᠷ  ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠶ ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠦ ᠣᠷᠣᠯᠴᠠᠵᠤ ᠵᠠᠷᠭᠤ ᠬᠦᠯᠢᠶᠡᠬᠦ ᠳᠦᠷᠢᠮ  ᠢ ᠨᠠᠢᠳᠠᠪᠤᠷᠢᠵᠢᠭᠤᠯᠬᠤ   ᠶᠢ ᠳᠦᠯᠬᠢᠨ ᠠᠭᠢᠭᠤᠯᠬᠤ ᠶᠢ ᠵᠠᠰᠠᠭ ᠵᠠᠬᠢᠷᠭᠠᠨ ᠤ ᠬᠡᠷᠡᠭ ᠦᠨ ᠵᠢᠭᠤᠷᠠᠭᠠᠨ ᠢ ᠦᠨᠡᠨᠬᠦ ᠰᠢᠶᠳᠪᠦᠷᠢᠯᠡᠬᠦ ᠢᠵᠢ ᠪᠦᠷᠢᠨ ᠠᠷᠭ᠎ᠠ ᠬᠡᠮᠵᠢᠶ᠎ᠡ ᠪᠤᠯᠭᠠᠵᠤ ᠂ ᠳᠦᠷᠢᠮ ᠤᠨ ᠬᠡᠷᠡᠭᠵᠢᠭᠦᠯᠬᠦ ᠬᠦᠴᠦᠨ ᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠪᠠᠶᠢᠴᠠᠭᠠᠬᠤ ᠬᠣᠷᠢᠶ᠎ᠠ ᠡᠴᠡ ᠰᠢᠭᠦᠬᠦ ᠬᠣᠷᠢᠶ᠎ᠠ ᠶᠢ ᠢᠳᠡᠪᠬᠢᠲᠡᠶ ᠲᠡᠮᠵᠢᠨ ᠬᠠᠮᠵᠢᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠦ ᠣᠷᠣᠯᠴᠠᠵᠤ ᠵᠠᠷᠭᠤ ᠬᠦᠯᠢᠶᠡᠬᠦ ᠠᠵᠢᠯ ᠢ  ᠠᠭᠢᠭᠤᠯᠤᠨ᠎ᠠ᠃

ᠬᠤᠷᠠᠯ  ᠳᠤ ᠣᠷᠣᠯᠴᠠᠭᠰᠠᠨ ᠬᠣᠶᠠᠷ ᠲᠠᠯ᠎ᠠ  ᠪᠠᠷ  ᠢᠶᠠᠨ ᠪᠠᠰᠠ ᠵᠠᠰᠠᠭ ᠵᠠᠬᠢᠷᠭᠠᠨ  ᠤ ᠦᠯᠦ ᠵᠠᠭᠠᠯᠳᠤᠬᠤ ᠵᠠᠷᠭᠤ  ᠶᠢᠨ ᠭᠦᠢᠴᠡᠳᠬᠡᠯᠲᠠ ᠵᠢᠨ ᠬᠦᠴᠢᠷ ᠠᠰᠠᠭᠤᠳᠠᠯ ᠢ ᠬᠠᠮᠲᠤᠪᠡᠷ ᠡᠷᠬᠡᠰᠢᠶᠡᠬᠦ ᠂   ᠪᠠᠶᠢᠩᠭᠤᠵᠢᠭᠰᠠᠨ ᠵᠥᠪᠳᠡᠯᠴᠡᠨ ᠰᠤᠳᠤᠯᠬᠤ ᠠᠵᠢᠯ  ᠤᠨ ᠲᠣᠭᠲᠠᠴᠠ  ᠶᠢ ᠪᠠᠶᠢᠭᠤᠯᠬᠤ ᠂ ᠲᠤᠬᠠᠶᠢᠯᠠᠭᠰᠠᠨ ᠠᠵᠢᠯ  ᠤᠨ ᠪᠣᠯᠪᠠᠰᠤᠷᠠᠯ  ᠢ ᠬᠠᠮᠲᠤᠷᠠᠨ ᠥᠷᠨᠢᠭᠦᠯᠬᠦ ᠵᠡᠷᠭᠡ ᠶᠠᠪᠤᠳᠠᠯ  ᠤᠨ ᠲᠤᠬᠠᠶ ᠤᠶᠢᠯᠠᠭᠠᠯᠴᠠᠵᠤ ᠂ ᠬᠠᠮᠲᠤ ᠶᠢᠨ ᠲᠠᠨᠢᠯᠲᠠ ᠲᠠᠶ ᠪᠣᠯᠪᠠ᠃


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro