ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠬᠣᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ《ᠭᠣᠸᠯ ᠨᠠᠭᠤᠷ》 ᠢ ᠵᠠᠰᠠᠬᠤ ᠬᠠᠸᠯᠢ ᠪᠠᠷᠢᠬᠤ ᠪᠠᠲᠤᠯᠠᠭ᠎ᠠ ᠶᠢ ᠴᠢᠩᠭᠠᠳᠬᠠᠭᠰᠠᠨ ᠠᠵᠢᠯ ᠤᠨ ᠪᠠᠶᠢᠳᠠᠯ ᠵᠢᠴᠢ ᠲᠤᠰᠬᠠᠶ ᠠᠵᠢᠯᠯᠠᠭ᠎ᠠ ᠶᠢᠨ ᠨᠡᠶᠢᠲᠡᠯᠢᠭ ᠬᠡᠷᠡᠭ ᠦᠨ ᠵᠢᠱᠢᠶ᠎ᠡ ᠶᠢ ᠨᠡᠶᠢᠲᠡᠯᠡᠪᠡ

2020-07-08 09:19:16
ᠵᠣᠬᠢᠶᠠᠭᠴᠢ
ᠭᠡᠭᠡᠷᠡᠯ

7 ᠰᠠᠷ᠎ᠠ ᠶᠢᠨ 3 ᠦ ᠦᠳᠡ  ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ᠵᠧᠩ ᠵᠢᠨ ᠴᠦᠨ ᠳᠡᠳ᠋ ᠪᠠᠶᠢᠴᠠᠭᠠᠬᠤ ᠳᠠᠷᠤᠭ᠎ᠠ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ《ᠭᠣᠸᠯ ᠨᠠᠭᠤᠷ︾ ᠢ ᠵᠠᠰᠠᠬᠤ ᠬᠠᠸᠯᠢ ᠪᠠᠷᠢᠬᠤ ᠪᠠᠲᠤᠯᠠᠭ᠎ᠠ ᠶᠢ ᠴᠢᠩᠭᠠᠳᠬᠠᠭᠰᠠᠨ ᠠᠵᠢᠯ ᠤᠨ ᠪᠠᠶᠢᠳᠠᠯ  ᠢ ᠨᠡᠶᠢᠲᠡᠯᠡᠵᠦ ᠂ ᠪᠠᠶᠢᠴᠠᠭᠠᠬᠤ ᠵᠥᠪᠯᠡᠯ ᠦᠨ ᠲᠤᠰᠬᠠᠶ ᠲᠤᠰᠢᠶᠠᠯᠲᠤ ᠭᠡᠰᠢᠭᠦᠨ ᠶᠠᠩ ᠱᠦ ᠯᠢᠨ ︽ ᠭᠠᠷ ᠬᠣᠯᠪᠣᠨ ᠳᠥᠷᠪᠡᠨ ᠰᠠᠮᠠᠭᠤᠷᠠᠯ ᠢ ᠴᠡᠪᠡᠷᠯᠡᠵᠦ ᠂ ᠡᠵᠢ ᠭᠣᠸᠯ ᠢ ᠬᠠᠮᠠᠭᠠᠯᠠᠬᠤ ︾ ᠲᠤᠰᠬᠠᠶ ᠠᠵᠢᠯᠯᠠᠭ᠎ᠠ ᠶᠢᠨ 8 ᠨᠡᠶᠢᠲᠡᠯᠢᠭ ᠬᠡᠷᠡᠭ   ᠤᠨ ᠵᠢᠱᠢᠶ᠎ᠡ ᠪᠠ ︽ᠪᠥᠬᠥ ᠣᠷᠣᠨ ᠤ ᠭᠣᠸᠯ ᠨᠠᠭᠤᠷ  ᠤᠨ ᠳᠥᠷᠪᠡᠨ ᠰᠠᠮᠠᠭᠤᠷᠠᠯ ᠢ ᠴᠡᠪᠡᠷᠯᠡᠬᠦ ︾ ᠲᠤᠰᠬᠠᠶ ᠠᠵᠢᠯᠯᠠᠭ᠎ᠠ ᠶᠢᠨ 8 ᠨᠡᠶᠢᠲᠡᠯᠢᠭ ᠬᠡᠷᠡᠭ ᠦᠨ ᠵᠢᠱᠢᠶ᠎ᠡ ᠶᠢ ᠨᠡᠶᠢᠲᠡᠯᠡᠪᠡ ᠃ ᠰᠢᠨᠬᠤᠸᠠ ᠬᠣᠷᠢᠶ᠎ᠠ ᠂ ᠠᠷᠠᠳ ᠤᠨ ᠰᠦᠯᠵᠢᠶ᠎ᠡ ᠂ ᠬᠠᠸᠯᠢ ᠲᠦᠷᠢᠮ ᠦᠨ ᠡᠳᠦᠷ ᠦᠨ ᠰᠣᠨᠢᠨ ᠂ ᠪᠠᠶᠢᠴᠠᠭᠠᠬᠤ ᠡᠳᠦᠷ ᠦᠨ ᠰᠣᠨᠢᠨ ᠂ ᠥᠪᠥᠷ ᠮᠣᠩᠭᠣᠯ ᠤᠨ ᠡᠳᠦᠷ ᠦᠨ ᠰᠣᠨᠢᠨ ᠂ ᠥᠪᠥᠷ ᠮᠣᠩᠭᠣᠯ ᠤᠨ ᠷᠠᠳᠢᠣ᠋ ᠬᠣᠷᠢᠶ᠎ᠠ ᠂ ᠥᠪᠥᠷ ᠮᠣᠩᠭᠣᠯ   ᠤᠨ ᠲᠧᠯᠸᠢᠰ ᠬᠣᠷᠢᠶ᠎ᠠ ᠶᠢᠨ 30 ᠰᠢᠬᠠᠮ ᠲᠥᠪ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠢᠮᠠᠳᠤᠭᠠᠷ ᠪᠠᠶᠢᠴᠠᠭᠠᠬᠤ ᠬᠡᠯᠲᠡᠰ ᠦᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ᠃


微AB99~1.JPG


ᠵᠧᠩ ᠵᠢᠨ ᠴᠦᠨ ᠲᠠᠨᠢᠯᠴᠠᠭᠤᠯᠬᠤ ᠳᠠᠭᠠᠨ ᠂ 2018 ᠣᠨ ᠤ 4 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠬᠠᠲᠤᠨ ᠭᠣᠸᠯ ᠤᠨ ᠥᠪᠥᠷ ᠮᠣᠩᠭᠣᠯ ᠤᠨ ᠬᠡᠰᠡᠭ ᠦᠨ ᠵᠢᠷᠭᠤᠭᠠᠨ ᠬᠣᠲᠠ ᠨᠢᠭᠡ ᠠᠶᠢᠮᠠᠭ ᠲᠤ ︽ᠬᠠᠲᠤᠨ ᠭᠣᠸᠯ ᠢ ᠬᠠᠮᠠᠭᠠᠯᠠᠬᠤ ︾ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ ᠂ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠳᠠᠬᠢ ︽ᠡᠵᠢ ᠭᠣᠸᠯ ᠢ ᠬᠠᠮᠠᠭᠠᠯᠠᠬᠤ ︾ ᠬᠠᠸᠯᠢ ᠪᠠᠷᠢᠯᠲᠠ  ᠶᠢᠨ ᠪᠦᠷᠢᠶ᠎ᠡ ᠶᠢ ᠤᠷᠢᠳ ᠢᠶᠠᠷ ᠬᠠᠩᠭᠢᠨᠠᠭᠤᠯᠪᠠ ᠃ ᠲᠤᠰ ᠵᠢᠯ ᠦᠨ 12 ᠰᠠᠷ᠎ᠠ ᠳᠤ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶ᠎ᠠ ᠪᠣᠯᠤᠨ ᠤᠰᠤᠨ ᠠᠰᠢᠭᠯᠠᠯᠲᠠ  ᠶᠢᠨ ᠶᠠᠮᠤᠨ ᠬᠠᠮᠲᠤᠷᠠᠨ ᠬᠠᠲᠤᠨ ᠭᠣᠸᠯ  ᠤᠨ ᠶᠢᠰᠦᠨ ᠮᠤᠵᠢ ᠣᠷᠣᠨ  ᠤ ︽ᠭᠠᠷ ᠬᠣᠯᠪᠣᠨ ᠳᠥᠷᠪᠡᠨ ᠰᠠᠮᠠᠭᠤᠷᠠᠯ ᠢ ᠴᠡᠪᠡᠷᠯᠡᠵᠦ ᠂ ᠡᠵᠢ ᠭᠣᠸᠯ ᠢ ᠬᠠᠮᠠᠭᠠᠯᠠᠬᠤ ︾ ᠲᠤᠰᠬᠠᠶ ᠠᠵᠢᠯᠯᠠᠭ᠎ᠠ  ᠶᠢ ᠪᠠᠶᠢᠷᠢᠯᠠᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠤᠰᠤᠨ ᠠᠰᠢᠭᠯᠠᠯᠲᠠ  ᠶᠢᠨ ᠲᠢᠩᠬᠢᠮ ᠬᠠᠮᠲᠤᠷᠠᠨ ᠨᠢᠭᠲᠠ ᠪᠠᠶᠢᠷᠢᠯᠠᠭᠤᠯᠤᠨ᠂ ᠭᠦᠨᠵᠡᠭᠡᠶ ᠨᠠᠶᠢᠲᠠᠪᠤᠷᠢᠵᠢᠭᠤᠯᠵᠤ ᠂ ᠬᠠᠳᠤᠨ ᠭᠣᠸᠯ ᠤᠨ ᠥᠪᠥᠷ ᠮᠣᠩᠭᠣᠯ ᠤᠨ ᠬᠡᠰᠡᠭ ᠦᠨ ᠭᠣᠸᠯ ᠤᠨ ᠵᠠᠮ  ᠢ 《 ᠳᠤᠷ᠎ᠠ ᠪᠠᠷ ᠢᠶᠠᠨ ᠡᠵᠡᠯᠡᠬᠦ ᠂ ᠳᠤᠷ᠎ᠠ ᠪᠠᠷ ᠢᠶᠠᠨ ᠮᠠᠯᠲᠠᠬᠤ ᠂ ᠳᠤᠷ᠎ᠠ ᠪᠠᠷ ᠢᠶᠠᠨ ᠣᠪᠣᠭᠠᠯᠠᠬᠤ ᠂ ᠳᠤᠷ᠎ᠠ ᠪᠠᠷ ᠢᠶᠠᠨ ᠪᠠᠶᠢᠭᠤᠯᠬᠤ 》 ᠵᠡᠷᠭᠡ ᠠᠰᠠᠭᠤᠳᠠᠯ  ᠢ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ ᠂ ᠬᠠᠲᠤᠨ ᠭᠣᠸᠯ ᠤᠨ ᠥᠪᠥᠷ ᠮᠣᠩᠭᠣᠯ ᠤᠨ ᠬᠡᠰᠡᠭ ᠦᠨ ᠠᠮᠢ ᠠᠬᠤᠶ ᠶᠢᠨ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ ᠂ ᠲᠤᠰᠬᠠᠶ ᠵᠦᠶᠯ ᠦᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ ᠃ ᠡᠨᠡ ᠬᠦ ᠰᠠᠭᠤᠷᠢᠨ ᠳᠡᠭᠡᠷ᠎ᠡ ᠂ 2019 ᠣᠨ ᠤ 4 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠭᠣᠸᠯ  ᠤᠨ ᠳᠠᠷᠤᠭ᠎ᠠ ᠶᠢᠨ ᠠᠯᠪᠠᠨ ᠬᠡᠷ ᠬᠠᠮᠲᠤᠷᠠᠨ ᠪᠥᠬᠥ ᠣᠷᠣᠨ ᠤ ᠭᠣᠸᠯ ᠨᠠᠭᠤᠷ  ᠦᠨ ︽ᠳᠥᠷᠪᠡᠨ ᠰᠠᠮᠠᠭᠤᠷᠠᠯ ︾ ᠢ ᠴᠡᠪᠡᠷᠯᠡᠬᠦ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠵᠤ ᠂ ︽ ᠨᠢᠭᠡ ᠭᠣᠸᠯ ︾ ᠤᠨ ᠬᠡᠰᠡᠭ ᠣᠷᠣᠨ ᠤ ᠵᠠᠰᠠᠯᠲᠠ ᠶᠢ ᠪᠥᠬᠥ ᠣᠷᠣᠨ ᠤ ᠭᠣᠸᠯ ᠨᠠᠭᠤᠷ  ᠦᠨ ᠪᠥᠬᠥ ᠣᠷᠣᠨ ᠪᠦᠰᠡ ᠶᠢᠨ ᠵᠠᠰᠠᠯᠲᠠ ᠲᠡᠰᠢ ᠥᠷᠭᠡᠳᠬᠡᠨ ᠤᠷᠲᠤᠳᠬᠠᠪᠠ ᠃ 2020 ᠣᠨ ᠤ 5 ᠰᠠᠷ᠎ᠠ ᠪᠣᠯᠲᠠᠯ᠎ᠠ ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠭᠣᠣᠯ ᠨᠠᠭᠤᠷ  ᠦᠨ ᠠᠮᠢ ᠠᠬᠤᠢ ᠳᠤ ᠬᠣᠯᠪᠣᠭᠳᠠᠭᠰᠠᠨ ᠨᠡᠶᠢᠲᠡ ᠶᠢᠨ ᠠᠰᠢᠭᠲᠤ  ᠵᠠᠷᠭᠤ ᠶᠢᠨ ᠬᠡᠷᠡᠭ ᠢ ᠨᠡᠶᠢᠲᠡ 883 ᠬᠤᠪᠢ ᠬᠡᠷᠡᠭ ᠪᠣᠯᠭᠠᠨ ᠳᠠᠩᠰᠠᠯᠠᠵᠤ᠂ ᠵᠠᠭᠠᠯᠳᠤᠬᠤ ᠠᠴᠠ ᠡᠮᠦᠨ᠎ᠡ ᠪᠠᠶᠢᠴᠠᠭᠠᠬᠤ ᠰᠠᠨᠠᠭᠤᠯᠭ᠎ᠠ 839 ᠬᠤᠪᠢ ᠭᠠᠷᠭᠠᠵᠤ ᠂ 36 ᠬᠤᠪᠢ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠭᠠᠯᠲᠤᠯᠭ᠎ᠠ ᠭᠠᠷᠭᠠᠵᠤ ᠂ ᠵᠠᠭᠠᠯᠳᠤᠬᠤ ᠠᠴᠠ ᠡᠮᠦᠨᠡᠬᠢ ᠵᠢᠷᠤᠮ ᠢᠶᠠᠷ ᠳᠠᠮᠵᠢᠭᠤᠯᠤᠨ ᠨᠡᠶᠢᠲᠡ ᠶᠢᠨ ᠠᠰᠢᠭ  ᠤᠨ ᠬᠠᠮᠠᠭᠠᠯᠠᠯᠲᠠ ᠶᠢᠨ ᠵᠣᠷᠢᠯᠭ᠎ᠠ ᠶᠢᠨ ᠬᠠᠷᠢᠴᠠᠯ 95.7% ᠳ᠋ᠦ ᠬᠦᠷᠪᠡ᠃ ᠪᠠᠶᠢᠴᠠᠭᠠᠬᠤ ᠪᠠᠶᠢᠭᠤᠯᠭ᠎ᠠ ᠪᠣᠯᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠬᠠᠮᠵᠢᠯᠴᠠᠨ ᠠᠵᠢᠯᠯᠠᠵᠤ ᠂ ᠨᠡᠶᠢᠲᠡ 2451.1 ᠮᠦ ᠪᠣᠬᠢᠷᠲᠤᠭᠰᠠᠨ ᠤᠰᠤᠨ ᠣᠷᠣᠨ  ᠤ ᠲᠠᠯᠠᠪᠠᠶ  ᠶᠢ ᠱᠠᠭᠠᠷᠲᠠᠨ ᠴᠡᠪᠡᠷᠯᠡᠵᠦ᠂ 793.54 ᠺᠢᠯᠣᠮᠧᠲ᠋ᠷ ᠪᠣᠬᠢᠷᠲᠤᠯ ᠪᠠ ᠭᠣᠸᠯ  ᠤᠨ ᠵᠠᠮ  ᠢ ᠬᠠᠸᠯᠢ ᠪᠤᠰᠤ  ᠪᠠᠷ ᠡᠵᠡᠯᠡᠨ ᠬᠡᠷᠡᠭᠯᠡᠭᠰᠡᠨ  ᠢ ᠱᠠᠭᠠᠷᠲᠠᠨ ᠴᠡᠪᠡᠷᠯᠡᠵᠦ᠂ ᠬᠠᠸᠯᠢ ᠶᠢ ᠵᠥᠷᠢᠴᠡᠭᠰᠡᠨ 100.7 ᠲᠦᠮᠡᠨ ᠲᠡᠭᠰᠢ ᠳᠥᠷᠪᠡᠯᠵᠢᠨ ᠮᠧᠲ᠋ᠷ ᠪᠠᠷᠢᠯᠭ᠎ᠠ ᠶᠢ ᠱᠠᠭᠠᠷᠲᠠᠨ ᠴᠡᠭᠴᠡᠯᠡᠨ ᠰᠠᠶᠢᠵᠢᠷᠠᠭᠤᠯᠵᠤ ᠨᠤᠷᠠᠭᠠᠨ᠂ 32.14 ᠲᠦᠮᠡᠨ ᠲᠣᠨ ᠭᠣᠸᠯ ᠤᠨ ᠬᠣᠭ ᠨᠣᠪᠰᠢ ᠶᠢ ᠱᠠᠭᠠᠷᠲᠠᠨ ᠴᠡᠪᠡᠷᠯᠡᠭᠦᠯᠪᠡ᠃


微信图~2.JPG


ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠲᠠᠪᠤᠨ ᠵᠦᠶᠯ ᠦᠨ ᠠᠷᠭ᠎ᠠ ᠬᠡᠮᠵᠢᠶ᠎ᠡ ᠨᠢ 《ᠭᠣᠸᠯ ᠨᠠᠭᠤᠷ︾  ᠢ ᠵᠠᠰᠠᠬᠤ ᠬᠠᠸᠯᠢ ᠪᠠᠷᠢᠯᠲᠠ  ᠶᠢᠨ ᠪᠠᠲᠤᠯᠠᠭ᠎ᠠ ᠶᠢᠨ ᠠᠵᠢᠯ ᠳᠤ ᠬᠦᠴᠦᠨ ᠨᠡᠮᠡᠷᠢᠯᠡᠪᠡ ᠃ ᠨᠢᠭᠡ ᠳᠦ ︽ ᠭᠣᠸᠯ ᠤᠨ ᠳᠠᠷᠤᠭ᠎ᠠ + ᠪᠠᠶᠢᠴᠠᠭᠠᠬᠤ ᠳᠠᠷᠤᠭ᠎ᠠ ︾ ᠶᠢᠨ ᠬᠣᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠬᠠᠮᠲᠤᠪᠠᠷ ᠵᠠᠰᠠᠵᠤ ᠬᠠᠮᠲᠤᠪᠠᠷ ᠪᠠᠲᠤᠯᠠᠵᠤ ᠬᠠᠮᠲᠤᠪᠠᠷ ᠡᠲᠡᠯᠡᠬᠦ  ᠪᠠᠶᠢᠷᠢᠰᠢᠯ ᠢ ᠢᠳᠡᠪᠬᠢᠲᠡᠶ ᠪᠠᠶᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠭᠣᠣᠯ ᠤᠨ ᠳᠠᠷᠤᠭ᠎ᠠ ᠶᠢᠨ ᠠᠯᠪᠠᠨ ᠭᠡᠷ ᠬᠠᠮᠲᠤᠷᠠᠨ ᠲᠣᠭᠣᠷᠢᠨ ᠪᠠᠶᠢᠴᠠᠭᠠᠬᠤ ᠪᠠ ᠴᠠᠭ ᠲᠤᠬᠠᠶ ᠳᠤᠨᠢ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ ᠂ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ ᠂ 2019 ᠣᠨ ᠤ ᠪᠥᠬᠥ ᠣᠷᠣᠨ ᠤ 2786 ᠬᠤᠪᠢ ︽ᠳᠥᠷᠪᠡᠨ ᠰᠠᠮᠠᠭᠤᠷᠠᠯ ︾  ᠤᠨ ᠠᠰᠠᠭᠤᠳᠠᠯ ᠳᠤ ᠴᠢᠭᠯᠡᠭᠦᠯᠦᠨ ︽ ᠨᠢᠭᠡ ᠠᠰᠠᠭᠤᠳᠠᠯ ᠬᠣᠶᠠᠷ ᠨᠠᠷᠢᠨ ᠲᠠᠩᠰᠠ ︾ ᠶᠢᠨ ᠠᠵᠢᠯ ᠤᠨ ᠲᠣᠭᠲᠠᠴᠠ ᠶᠢ ᠡᠭᠦᠳᠦᠨ ᠪᠠᠶᠢᠭᠤᠯᠵᠤ ᠂ ᠢᠯᠭᠠᠷᠠᠭᠤᠯᠤᠨ ᠪᠠᠶᠢᠴᠠᠭᠠᠬᠤ ᠳᠤ ᠤᠷᠬᠢᠭᠲᠠᠭᠤᠯᠬᠤ ᠦᠬᠡᠢ ᠂ ᠠᠰᠠᠭᠤᠳᠠᠯ ᠢ ᠰᠢᠶᠳᠪᠦᠷᠢᠯᠡᠬᠦ ᠥᠬᠡᠶ ᠪᠤᠯ ᠳ᠋ᠤᠭᠠᠷ ᠢ ᠨᠢ ᠬᠦᠴᠦᠨ ᠥᠬᠡᠶ ᠪᠣᠯᠭᠠᠬᠤ ᠶᠢ ᠦᠨᠡᠨ ᠬᠦ ᠪᠠᠲᠤᠯᠠᠪᠠ ᠃ ︽ ᠰᠢᠯᠵᠢᠭᠦᠯᠦᠨ ᠬᠦᠷᠭᠡᠵᠦ ᠬᠠᠷᠢᠭᠤ ᠲᠤᠰᠬᠠᠬᠤ + ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ + ᠴᠡᠭᠴᠡᠯᠡᠨ ᠰᠠᠶᠢᠵᠢᠷᠠᠭᠤᠯᠵᠤ ᠦᠨᠡᠯᠡᠨ ᠵᠢᠱᠢᠬᠦ ︾ ᠪᠥᠬᠥ ᠴᠤᠪᠤᠷᠠᠯ ᠤᠨ ᠬᠣᠯᠪᠣᠭᠠᠯᠠᠨ ᠬᠥᠳᠡᠯᠦᠯᠴᠡᠬᠦ ᠶᠢ ᠪᠠᠶᠢᠭᠤᠯᠤᠨ᠎ᠠ ᠃ ᠲᠤᠰᠬᠠᠶ ᠠᠵᠢᠯᠯᠠᠭ᠎ᠠ ᠶᠢᠨ ᠬᠤᠭᠤᠴᠠᠭᠠᠨ ᠳᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠪᠠᠶᠢᠴᠠᠭᠠᠬᠤ ᠪᠠᠶᠢᠭᠤᠯᠭ᠎ᠠ ᠳᠤ 410 ᠬᠡᠷᠡᠭ ᠦᠨ ᠰᠦᠪᠡᠭᠴᠢ ᠶᠢ ᠰᠢᠯᠵᠢᠭᠦᠯᠦᠨ ᠬᠦᠷᠭᠡᠵᠡᠶ᠃ ᠬᠣᠶᠠᠷ ᠲᠤ ᠬᠡᠷᠡᠭ ᠰᠢᠶᠳᠪᠦᠷᠢᠯᠡᠬᠦ ᠡᠷᠴᠢᠮ ᠢᠶᠡᠨ ᠦᠨᠡᠨ ᠬᠦ ᠴᠢᠩᠭᠠᠷᠠᠭᠤᠯᠵᠤ᠂ ᠭᠣᠸᠯ ᠨᠠᠭᠤᠷ  ᠤᠨ ︽ᠳᠥᠷᠪᠡᠨ ᠰᠠᠮᠠᠭᠤᠷᠠᠯ ︾  ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠪᠠ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠤᠷᠲᠤ ᠬᠤᠭᠤᠴᠠᠭ᠎ᠠ ᠂ ᠨᠡᠯᠢᠶᠡᠳ ᠬᠦᠴᠢᠷᠲᠡᠶ ᠂ ᠨᠡᠶᠢᠭᠡᠮ ᠦᠨ ᠠᠩᠬᠠᠷᠤᠯ ᠲᠠᠯᠪᠢᠵᠤ ᠪᠠᠶᠢᠭ᠎ᠠ ᠬᠡᠷᠡᠭ ᠲᠦ ᠠᠩᠬᠠᠷᠤᠯ ᠢᠶᠠᠨ ᠲᠥᠪᠯᠡᠷᠡᠭᠦᠯᠵᠦ ᠂ ᠬᠡᠷᠡᠭ ᠰᠢᠶᠳᠪᠦᠷᠢᠯᠡᠬᠦ  ᠪᠠᠷ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠪᠠ᠃ ᠨᠡᠶᠢᠲᠡ  ᠶᠢᠨ ᠠᠰᠢᠭᠲᠤ ᠵᠠᠷᠭᠤ  ᠶᠢᠨ ᠡᠭᠦᠷᠭᠡ ᠴᠢᠳᠠᠪᠬᠢ  ᠳᠤ ᠰᠠᠭᠤᠷᠢᠯᠠᠵᠤ᠂ ᠣᠯᠠᠨ ᠵᠦᠶᠯ  ᠦᠨ ᠬᠢᠨᠠᠯᠲᠠ ᠲᠠᠯᠪᠢᠬᠤ ᠠᠷᠭ᠎ᠠ ᠬᠡᠮᠵᠢᠶ᠎ᠡ  ᠶᠢ ᠬᠡᠷᠡᠭᠯᠡᠨ᠂ ᠬᠡᠷᠡᠭ ᠰᠢᠶᠳᠪᠦᠷᠢᠯᠡᠬᠦ  ᠶᠢ ᠴᠢᠩᠭᠠᠳᠬᠠᠵᠤ ᠂ ᠬᠡᠷᠡᠭ ᠰᠢᠶᠳᠪᠦᠷᠢᠯᠡᠬᠦ ᠪᠡᠷ ᠳᠠᠮᠵᠢᠭᠤᠯᠤᠨ ᠭᠣᠸᠯ ᠨᠠᠭᠤᠷ ᠦᠨ ᠠᠮᠢ ᠠᠬᠤᠶ ᠶᠢᠨ ᠠᠰᠠᠭᠤᠳᠠᠯ ᠢ ᠴᠡᠭᠴᠡᠯᠡᠨ ᠵᠠᠰᠠᠬᠤ ᠶᠢ ᠪᠦᠲᠦᠮᠵᠢᠲᠡᠶ ᠠᠬᠢᠭᠤᠯᠪᠠ᠃ ᠭᠤᠷᠪᠠ ᠳᠤ ᠲᠤᠰᠬᠠᠶᠢᠵᠢᠭᠰᠠᠨ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ ᠲᠣᠭᠲᠠᠴᠠ ᠶᠢ ᠪᠠᠷᠢᠮᠲᠠᠯᠠᠵᠤ᠂ ᠭᠣᠣᠯ ᠨᠠᠭᠤᠷ  ᠦᠨ ᠠᠮᠢ ᠠᠬᠤᠢ ᠶᠢᠨ ᠬᠠᠮᠠᠭᠠᠯᠠᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠳᠦ ᠬᠦᠴᠦᠨ ᠨᠡᠮᠡᠷᠢᠯᠡᠨ᠎ᠡ᠃ ︽ ᠭᠤᠷᠪᠠᠨ ᠪᠠᠶᠢᠴᠠᠭᠠᠬᠤ  ᠶᠢ ᠨᠡᠶᠢᠯᠡᠭᠦᠯᠬᠦ ᠂ ᠳᠥᠷᠪᠡ ᠶᠢ ᠨᠢᠭᠡ ᠴᠣᠭᠴᠠᠵᠢᠭᠤᠯᠤᠭᠰᠠᠨ ︾ ᠬᠡᠷᠡᠭ ᠰᠢᠶᠳᠪᠦᠷᠢᠯᠡᠬᠦ ᠵᠠᠭᠪᠤᠷ ᠢ ᠬᠡᠷᠡᠭᠵᠢᠭᠦᠯᠬᠦ ᠂ ᠲᠤᠰᠬᠠᠶ ᠮᠡᠷᠭᠡᠵᠢᠯ ᠦᠨ ᠬᠢᠨᠠᠯᠲᠠ ᠲᠠᠯᠪᠢᠬᠤ ᠪᠠᠶᠢᠭᠤᠯᠤᠮᠵᠢ ᠪᠠᠶᠢᠭᠤᠯᠬᠤ ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠣᠲᠠ ᠬᠣᠶᠠᠷ ᠱᠠᠲᠤᠨ ᠤ ᠪᠠᠶᠢᠴᠠᠭᠠᠬᠤ ᠬᠣᠷᠢᠶ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠰᠢᠶᠳᠪᠦᠷᠢᠯᠡᠬᠦ ᠵᠢᠯᠣᠭᠣᠳᠬᠤ ᠲᠥᠪ ᠢ ᠪᠠᠶᠢᠭᠤᠯᠬᠤ ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ︽ ᠪᠠᠭ᠎ᠠ ᠲᠤᠰᠬᠠᠶ ᠵᠦᠶᠯ ︾ ᠢ ᠥᠷᠨᠢᠭᠦᠯᠬᠦ ᠂ ᠰᠢᠨᠵᠢᠯᠡᠬᠦ ᠤᠬᠠᠭᠠᠨ ᠮᠡᠷᠭᠡᠵᠢᠯ ᠦᠨ ᠬᠦᠴᠦᠨ ᠨᠡᠮᠡᠷᠢᠯᠡᠬᠦ ᠦᠷ᠎ᠡ ᠪᠦᠲᠦᠮᠵᠢ ᠶᠢ ᠪᠠᠳᠠᠷᠠᠭᠤᠯᠬᠤ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ ᠂ ᠨᠡᠶᠢᠲᠡ ᠶᠢᠨ ᠠᠰᠢᠭ  ᠤᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠬᠡ ᠪᠣᠯᠭᠠᠨ᠎ᠠ᠃ 2018 ᠣᠨ ᠠᠴᠠ ᠨᠠᠰᠢ ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠡᠯ᠎ᠡ ᠲᠥᠷᠥᠯ ᠦᠨ ᠤᠰᠤᠨ ᠳᠤ ᠬᠣᠯᠪᠣᠭᠳᠠᠭᠰᠠᠨ ᠡᠷᠡᠭᠦᠸ ᠶᠢᠨ ᠶᠠᠯᠠᠲᠤ ᠬᠡᠷᠡᠭ ᠦᠨ 74 ᠬᠤᠪᠢ 178 ᠬᠥᠮᠦᠨ ᠢ ᠵᠠᠭᠠᠯᠳᠤᠵᠠᠢ ᠂ ᠡᠭᠦᠨ ᠳᠦ ᠤᠰᠤᠨ ᠤ ᠭᠠᠷᠤᠯᠲᠠ ᠶᠢ ᠬᠠᠤᠯᠢ ᠪᠤᠰᠤ ᠪᠠᠷ ᠠᠩᠨᠠᠵᠤ ᠱᠦᠭᠦᠭᠰᠡᠨ 27 ᠬᠤᠪᠢ 96 ᠬᠥᠮᠦᠨ ᠂ ᠬᠠᠸᠯᠢ ᠶᠢ ᠵᠥᠷᠢᠴᠡᠨ ᠭᠣᠸᠯ ᠤᠨ ᠵᠠᠮ ᠳᠡᠭᠡᠷ᠎ᠡ ᠡᠯᠡᠰᠦ ᠮᠠᠯᠲᠠᠭᠰᠠᠨ ᠠᠴᠠ ᠪᠤᠯᠵᠤ ᠬᠠᠸᠯᠢ ᠪᠤᠰᠤ ᠪᠠᠷ ᠠᠭᠤᠷᠬᠠᠶ ᠮᠠᠯᠲᠠᠭᠰᠠᠨ ᠶᠠᠯ᠎ᠠ 42 ᠬᠤᠪᠢ 74 ᠬᠥᠮᠦᠨ ᠂ ᠬᠠᠸᠯᠢ ᠶᠢ ᠵᠥᠷᠢᠴᠡᠨ ᠪᠣᠬᠢᠷᠲᠤᠯ ᠭᠠᠳᠠᠭᠰᠢᠯᠠᠭᠤᠯᠤᠭᠰᠠᠨ  ᠠᠴᠠ ᠪᠤᠯᠵᠤ ᠣᠷᠴᠢᠨ ᠲᠤᠭᠤᠷᠢᠨ  ᠢ ᠪᠣᠬᠢᠷᠲᠤᠭᠤᠯᠤᠭᠰᠠᠨ ᠶᠠᠯ᠎ᠠ 5 ᠬᠤᠪᠢ 8 ᠬᠥᠮᠦᠨ ᠪᠠᠭᠲᠠᠨ᠎ᠠ ︔ ᠬᠤᠭᠤᠴᠠᠭ᠎ᠠ ᠲᠠᠶ ᠬᠣᠷᠢᠬᠤ ᠡᠷᠡᠭᠦᠸ ᠡᠴᠡ ᠳᠡᠭᠡᠭᠰᠢ ᠡᠷᠡᠭᠦᠸ ᠰᠢᠢᠳᠭᠡᠯ  ᠢᠶᠡᠷ ᠰᠢᠢᠳᠭᠡᠭᠰᠡᠨ 32 ᠬᠤᠪᠢ 58 ᠬᠥᠮᠦᠨ ᠃ ᠲᠦᠷᠪᠡ ᠳᠦ ᠰᠡᠷᠭᠦᠭᠡᠯᠲᠡ ᠶᠢᠨ ᠴᠢᠨᠠᠷᠲᠠᠶ ᠬᠠᠸᠯᠢ ᠪᠠᠷᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠭᠣᠸᠯ ᠨᠠᠭᠤᠷ  ᠦᠨ ᠠᠮᠢ ᠠᠬᠤᠶ ᠶᠢᠨ ᠣᠷᠴᠢᠨ ᠨᠥᠬᠥᠴᠡᠯ ᠢ ᠵᠠᠰᠠᠨ ᠰᠡᠷᠭᠦᠭᠡᠬᠦ ᠶᠢ ᠪᠦᠬᠦ ᠬᠦᠴᠦᠨ ᠢᠶᠡᠷ ᠢᠶᠡᠨ ᠠᠬᠢᠭᠤᠯᠤᠨ᠎ᠠ᠃ 《 ᠲᠤᠰᠬᠠᠶᠢᠵᠢᠭᠰᠠᠨ ᠬᠢᠨᠠᠯᠲᠠ + ᠰᠡᠷᠭᠦᠭᠡᠯᠲᠡ ᠶᠢᠨ ᠴᠢᠨᠠᠷᠲᠠᠶ ᠬᠠᠤᠯᠢ ᠪᠠᠷᠢᠯᠲᠠ + ᠨᠡᠶᠢᠭᠡᠮᠴᠢᠯᠡᠭᠰᠡᠨ ᠵᠠᠰᠠᠯᠲᠠ 》 ᠶᠢᠨ ᠥᠪᠥᠷ ᠮᠣᠩᠭᠣᠯ ᠤᠨ ᠠᠮᠢ ᠠᠬᠤᠢ ᠶᠢᠨ ᠪᠠᠶᠢᠴᠠᠭᠠᠬᠤ ᠵᠠᠭᠪᠤᠷ ᠢᠶᠠᠷ ᠬᠥᠲᠥᠯᠦᠮᠵᠢ ᠪᠣᠯᠭᠠᠵᠤ ᠂ ᠪᠦᠬᠦ ᠣᠷᠣᠨ  ᠤ ᠬᠡᠪᠴᠢᠶᠡᠨ ᠳᠣᠲᠣᠷ᠎ᠠ ᠠᠮᠢ ᠠᠬᠤᠶ  ᠶᠢᠨ ᠣᠷᠴᠢᠨ ᠲᠣᠭᠣᠷᠢᠨ  ᠤ ᠬᠦᠷᠢᠶᠡᠨ  ᠳᠡᠬᠢ ᠡᠷᠡᠭᠦᠸ  ᠶᠢᠨ ᠶᠠᠯᠠᠲᠤ ᠬᠡᠷᠡᠭ  ᠦᠨ ᠶᠠᠯ᠎ᠠ  ᠪᠠᠨ ᠮᠡᠳᠡᠷᠡᠵᠦ ᠰᠢᠢᠳᠭᠡᠯ ᠬᠦᠯᠢᠶᠡᠬᠦ  ᠶᠢ ᠠᠭᠤᠴᠢᠯᠠᠨ ᠰᠢᠢᠳᠭᠡᠬᠦ ᠪᠠ ᠰᠡᠷᠭᠦᠭᠡᠬᠦ ᠴᠢᠨᠠᠷᠲᠠᠶ ᠬᠠᠸᠯᠢ ᠪᠠᠷᠢᠬᠤ ᠂ ᠲᠤᠰᠬᠠᠶᠢᠵᠢᠭᠰᠠᠨ ᠬᠢᠨᠠᠯᠲᠠ ᠲᠠᠯᠪᠢᠬᠤ ᠪᠠ ᠲᠤᠰᠬᠠᠶᠢᠵᠢᠭᠰᠠᠨ ᠰᠡᠷᠭᠦᠭᠡᠯᠲᠡ  ᠶᠢ ᠪᠦᠲᠦᠮᠵᠢᠲᠡᠶ ᠵᠣᠯᠭᠠᠭᠤᠯᠬᠤ  ᠶᠢ ᠬᠡᠷᠡᠭᠵᠢᠭᠦᠯᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠢ ᠠᠬᠤᠶ ᠣᠷᠴᠢᠨ ᠲᠣᠭᠣᠷᠢᠨ ᠤ ᠬᠣᠬᠢᠷᠠᠯ ᠤᠨ ᠲᠥᠯᠥᠪᠦᠷᠢ ᠶᠢᠨ ᠵᠥᠪᠳᠡᠯᠴᠡᠭᠡ ᠥᠷᠨᠢᠭᠦᠯᠬᠦ ᠶᠢ ᠳᠡᠮᠵᠢᠵᠦ ᠂ ᠬᠠᠯᠳᠠᠯᠭ᠎ᠠ ᠶᠢ ᠵᠣᠭᠰᠣᠭᠠᠬᠤ ᠂ ᠨᠥᠯᠥᠭᠡ ᠶᠢ ᠠᠷᠢᠯᠭᠠᠬᠤ ᠂ ᠠᠮᠢ ᠠᠬᠤᠶ ᠶᠢ ᠰᠡᠷᠭᠦᠭᠡᠬᠦ ᠬᠠᠷᠠᠯᠲᠠ ᠶᠢ ᠬᠠᠮᠤᠭ ᠤᠨ ᠶᠡᠬᠡ ᠬᠡᠮᠵᠢᠶ᠎ᠡ ᠪᠡᠷ ᠪᠡᠶᠡᠯᠡᠭᠦᠯᠦᠨ᠎ᠡ ᠃ ᠲᠠᠪᠤ ᠳᠤ ᠠᠮᠢ ᠠᠬᠤᠶ ᠶᠢᠨ ᠣᠷᠴᠢᠨ ᠲᠤᠭᠤᠷᠢᠨ  ᠤ ᠣᠷᠣᠨ ᠪᠦᠰᠡ ᠠᠯᠤᠰᠯᠠᠨ ᠬᠠᠮᠲᠤᠷᠠᠨ ᠬᠥᠳᠡᠯᠦᠯᠴᠡᠬᠦ ᠲᠣᠭᠲᠠᠴᠠ  ᠶᠢ  ᠪᠠᠶᠢᠭᠤᠯᠵᠤ᠂ ᠭᠣᠸᠯ ᠨᠠᠭᠤᠷ  ᠦᠨ ᠪᠦᠬᠦ ᠰᠠᠪᠠ ᠭᠠᠵᠠᠷ ᠢ ᠬᠠᠮᠠᠭᠠᠯᠠᠬᠤ᠂ ᠪᠦᠬᠦ ᠰᠢᠰᠲ᠋ᠧᠮ  ᠢᠶᠠᠷ ᠵᠠᠰᠠᠬᠤ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠶᠢᠨ ᠶᠡᠬᠡ ᠪᠠᠶᠢᠷᠢᠰᠢᠯ ᠂ ᠶᠡᠬᠡ ᠬᠠᠷᠠᠭᠠᠰᠤ ᠲᠠᠢ ᠪᠠᠶᠢᠬᠤ ᠶᠢ ᠪᠠᠷᠢᠮᠲᠠᠯᠠᠵᠤ ᠂ ᠳᠣᠲᠣᠭᠠᠳᠤ ᠳᠠᠭᠠᠨ ᠮᠣᠵᠢ ᠠᠯᠤᠰᠯᠠᠭᠰᠠᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠥᠭᠵᠢᠭᠦᠯᠵᠦ ᠂ ᠭᠠᠳᠠᠭᠰᠢ ᠣᠷᠣᠰ ᠮᠣᠩᠭᠣᠯ ᠯᠤᠭ᠎ᠠ ᠶᠢᠨ ᠣᠯᠠᠨ ᠤᠯᠤᠰ  ᠤᠨ ᠬᠠᠤᠯᠢ ᠪᠠᠷᠢᠯᠲᠠ ᠶᠢᠨ ᠬᠠᠮᠵᠢᠯᠴᠠᠭ᠎ᠠ ᠶᠢ ᠥᠷᠭᠡᠳᠬᠡᠵᠦ ᠂ ᠣᠷᠣᠨ ᠪᠦᠰᠡ ᠠᠯᠤᠰᠯᠠᠭᠰᠠᠨ ᠠᠮᠢ ᠠᠬᠤᠶ ᠶᠢᠨ ᠬᠠᠮᠠᠭᠠᠯᠠᠯᠲᠠ ᠶᠢ ᠪᠦᠲᠦᠮᠵᠢᠲᠡᠶ ᠠᠬᠢᠭᠤᠯᠤᠨ᠎ᠠ᠃


微信图~3.JPG

ᠳᠠᠷᠠᠭ᠎ᠠ ᠠᠯᠬᠤᠮ ᠳᠤ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ︽ ᠭᠣᠸᠯ ᠨᠠᠭᠤᠷ ᠦᠨ ᠳᠠᠷᠤᠭ᠎ᠠ + ᠪᠠᠶᠢᠴᠠᠭᠠᠬᠤ ᠳᠠᠷᠤᠭ᠎ᠠ ︾ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠥᠬᠥ ᠣᠷᠣᠨ ᠤ ᠭᠣᠸᠯ ᠨᠠᠭᠤᠷ ᠦᠨ ᠠᠮᠢ ᠠᠬᠤᠶ ᠶᠢ ᠬᠠᠮᠠᠭᠠᠯᠠᠬᠤ ᠪᠦᠲᠦᠮᠵᠢᠲᠡᠶ ᠨᠡᠶᠢᠯᠡᠮᠡᠯ ᠬᠦᠴᠦᠨ ᠢ ᠪᠣᠶ ᠪᠣᠯᠭᠠᠨ᠎ᠠ ᠃ ᠥᠪᠥᠷ ᠮᠣᠩᠭᠣᠯ ᠳᠤ ᠤᠯᠤᠰ  ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠲᠣᠭᠣᠷᠢᠭ  ᠢ ᠡᠭᠦᠳᠦᠨ ᠪᠠᠶᠢᠭᠤᠯᠵᠤ ᠂ 《ᠠᠮᠢ ᠠᠬᠤᠶ  ᠶᠢ ᠲᠡᠷᠢᠭᠦᠨ ᠳᠦ ᠲᠠᠯᠪᠢᠵᠤ᠂ ᠪᠣᠬᠢᠷᠲᠤᠯ ᠦᠭᠡᠶ ᠬᠥᠭᠵᠢᠭᠦᠯᠬᠦ》 ᠴᠢᠨᠠᠷ ᠰᠠᠶᠢᠲᠠᠶ ᠬᠥᠭᠵᠢᠯᠲᠡ  ᠶᠢᠨ ᠵᠠᠮ  ᠢ ᠬᠠᠶᠢᠨ ᠰᠦᠪᠡᠭᠴᠢᠯᠡᠵᠦ᠂ ᠥᠨᠳᠥᠷ ᠬᠢᠷᠢ ᠲᠦᠪᠰᠢᠨ ᠪᠦᠬᠦᠢ ᠬᠠᠸᠯᠢ ᠪᠠᠷᠢᠯᠲᠠ  ᠶᠢᠨ ᠪᠠᠲᠤᠯᠠᠭ᠎ᠠ ᠬᠠᠩᠭᠠᠵᠤ᠂ ᠤᠮᠠᠷᠠᠲᠤ ᠬᠢᠯᠢ ᠬᠢᠵᠠᠭᠠᠷ  ᠤᠨ ᠦᠵᠡᠰᠬᠦᠯᠡᠩᠲᠦ ᠰᠠᠶᠢᠬᠠᠨ ᠦᠵᠡᠮᠵᠢ  ᠶᠢᠨ ᠣᠷᠣᠨ  ᠢ ᠴᠣᠭᠴᠠᠯᠠᠨ ᠪᠠᠶᠢᠭᠤᠯᠬᠤ ᠂  ᠤᠮᠠᠷᠠᠲᠤ ᠣᠷᠣᠨ ᠤ ᠴᠢᠬᠤᠯᠠ ᠠᠮᠢ ᠠᠬᠤᠶ ᠶᠢᠨ ᠠᠮᠤᠷ ᠲᠦᠪᠰᠢᠨ ᠦ ᠬᠠᠯᠬᠠᠪᠴᠢ ᠶᠢ ᠪᠠᠲᠤ ᠪᠡᠬᠢ ᠴᠤᠭᠴᠠᠯᠠᠬᠤ  ᠳᠤ  ᠪᠠᠶᠢᠴᠠᠭᠠᠬᠤ ᠬᠦᠴᠦᠨ ᠴᠢᠳᠠᠯ ᠢᠶᠠᠨ ᠡᠷᠭᠦᠨ᠎ᠡ ᠃

ᠰᠤᠷᠪᠤᠯᠵᠢᠯᠠᠭᠴᠢ ᠲᠣᠰ ᠲᠣᠰ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠭᠡᠯ ᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ ᠬᠠᠲᠤᠨ ᠭᠣᠸᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠣᠷᠢᠨ ᠤ ᠬᠠᠸᠯᠢ ᠴᠠᠭᠠᠵᠠ ᠶᠢᠨ ᠬᠠᠮᠠᠭᠠᠯᠠᠯᠲᠠ ᠶᠢ ᠬᠡᠷᠬᠢᠨ ᠴᠢᠩᠭᠠᠳᠬᠠᠬᠤ ᠂ ᠪᠠᠶᠢᠴᠠᠭᠠᠬᠤ ᠪᠠᠶᠢᠭᠤᠯᠭ᠎ᠠ ᠶᠢᠨ ︽ ᠨᠢᠭᠡ ᠨᠠᠭᠤᠷ ᠬᠤᠶᠠᠷ ᠲᠡᠯᠡᠶ ︾ ᠶᠢᠨ ᠠᠮᠢ ᠠᠬᠤᠶ ᠶᠢᠨ ᠣᠷᠴᠢᠨ ᠲᠣᠭᠣᠷᠢᠨ ᠤ ᠵᠠᠰᠠᠯᠲᠠ ᠳᠤ ᠬᠦᠴᠦᠨ ᠨᠡᠮᠡᠷᠢᠯᠡᠭᠰᠡᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠂ ︽ ᠭᠣᠸᠯ ᠨᠠᠭᠤᠷ  ᠦᠨ ᠬᠦᠷᠢᠶᠡᠨ ᠳᠡᠬᠢ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠦᠨ ᠵᠠᠭᠠᠯᠳᠤᠬᠤ  ᠠᠴᠠ ᠡᠮᠦᠨᠡᠬᠢ ᠵᠢᠷᠤᠮ ᠢᠶᠠᠷ ᠬᠡᠷᠡᠭ ᠢ ᠳᠠᠭᠤᠰᠬᠠᠭᠰᠠᠨ ᠬᠠᠷᠢᠴᠠᠯ ᠨᠢ 95.7% ᠳ᠋ᠤ ᠬᠦᠷᠪᠡ ︾ ᠭᠡᠳᠡᠭ ᠨᠢ ᠨᠡᠶᠢᠲᠡ ᠶᠢᠨ ᠠᠰᠢᠭᠲᠤ ᠵᠠᠷᠭᠤ ᠶᠢᠨ ᠲᠦᠷᠢᠮ ᠬᠠᠸᠯᠢ ᠴᠠᠭᠠᠵᠠ ᠶᠢᠨ ᠬᠠᠲᠠᠭᠤ ᠴᠢᠨᠠᠷ ᠢᠶᠠᠷ ᠳᠤᠲᠠᠮᠠᠭ ᠪᠠᠶᠢᠬᠤ ᠡᠰᠡᠬᠦ᠂ ᠠᠮᠢ ᠠᠬᠤᠶ ᠣᠷᠴᠢᠨ ᠲᠣᠭᠣᠷᠢᠨ ᠤ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ  ᠶᠢᠨ ᠥᠪᠥᠷ ᠮᠣᠩᠭᠣᠯ ᠤᠨ ᠪᠠᠶᠢᠴᠠᠭᠠᠬᠤ ᠵᠠᠭᠪᠤᠷ ᠢᠶᠠᠷ ᠬᠥᠲᠥᠯᠦᠮᠵᠢ ᠪᠣᠯᠭᠠᠵᠤ ᠠᠮᠢ ᠠᠬᠤᠶ ᠣᠷᠴᠢᠨ ᠲᠣᠭᠣᠷᠢᠨ ᠤ ᠬᠠᠸᠯᠢ ᠪᠠᠷᠢᠯᠲᠠ  ᠶᠢᠨ ᠬᠠᠮᠠᠭᠠᠯᠠᠯᠲᠠ  ᠶᠢᠨ ᠠᠵᠢᠯ ᠢ ᠬᠡᠷᠬᠢᠨ ᠲᠦᠯᠬᠢᠨ ᠠᠬᠢᠭᠤᠯᠵᠤ ᠴᠢᠩᠭᠠᠳᠭᠠᠬᠤ ᠵᠡᠷᠭᠡ ᠠᠰᠠᠭᠤᠲᠠᠯ  ᠳᠤ ᠴᠢᠭ᠍ᠯᠠᠭᠦᠯᠦᠨ ᠠᠰᠠᠭᠤᠲᠠᠯ ᠲᠤᠷᠠᠳᠪᠠ ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro