ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷᠢᠯᠲᠠ  ᠶᠢᠨ ᠠᠪᠤᠷᠠᠨ ᠲᠤᠰᠠᠯᠠᠬᠤ ᠠᠵᠢᠯ ᠤᠨ ᠠᠬᠤᠢ ᠲᠠᠯᠠᠪᠠᠢ ᠶᠢᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ

2020-07-13 16:32:20
ᠵᠣᠬᠢᠶᠠᠭᠴᠢ
ᠭᠡᠭᠡᠷᠡᠯ

《 ᠠᠷᠠᠳ ᠤᠨ ᠲᠡᠭᠡᠲᠦ ᠪᠠᠶᠢᠴᠠᠭᠠᠬᠤ ᠬᠣᠷᠢᠶ᠎ᠠ ᠲᠥᠷᠥ ᠶᠢᠨ ᠶᠠᠪᠤᠳᠠᠯ ᠤᠨ ᠬᠣᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠨ ᠪᠠᠶᠢᠴᠠᠭᠠᠬᠤ ᠪᠠᠶᠢᠭᠤᠯᠭ᠎ᠠ ᠶᠢᠨ ᠤᠯᠤᠰ  ᠤᠨ ᠬᠠᠤᠯᠢ ᠪᠠᠷᠢᠯᠲᠠ ᠶᠢᠨ ᠠᠪᠤᠷᠠᠨ ᠲᠤᠰᠠᠯᠠᠬᠤ ᠠᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠶᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ 》 ᠢ ᠰᠠᠶᠢᠲᠤᠷ ᠨᠠᠶᠢᠲᠠᠪᠤᠷᠢᠵᠢᠭᠤᠯᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷᠢᠯᠲᠠ  ᠶᠢᠨ ᠠᠪᠤᠷᠠᠨ ᠲᠤᠰᠠᠯᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ  ᠶᠢᠨ ᠲᠦᠯᠦᠭᠡ ᠂ 7 ᠰᠠᠷ᠎ᠠ ᠶᠢᠨ 7 ᠤ ᠡᠳᠦᠷ ᠡᠴᠡ 8 ᠤ ᠡᠳᠦᠷ ᠪᠣᠯᠲᠠᠯ᠎ᠠ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ  ᠶᠢᠨ ᠬᠠᠸᠯᠢ ᠪᠠᠷᠢᠯᠲᠠ  ᠶᠢᠨ ᠠᠪᠤᠷᠠᠨ ᠲᠤᠰᠠᠯᠠᠬᠤ ᠠᠵᠢᠯ ᠤᠨ ᠠᠬᠤᠢ ᠲᠠᠯᠠᠪᠠᠢ ᠶᠢᠨ ᠬᠤᠷᠠᠯ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠳᠤ ᠬᠤᠷᠠᠯᠳᠤᠪᠠ ᠃ ᠯᠢ ᠵᠢᠶᠠᠨ ᠳᠡᠳ᠋ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ ᠂ ᠬᠢᠩᠭᠠᠨ ᠠᠶᠢᠮᠠᠭ ᠤᠨ ᠨᠠᠮ ᠤᠨ ᠬᠣᠷᠢᠶᠠᠨ ᠤ ᠳᠡᠳ᠋ ᠱᠦᠵᠢ ᠂ ᠤᠯᠤᠰ ᠲᠥᠷᠥ ᠬᠠᠸᠯᠢ ᠴᠠᠭᠠᠵᠠ ᠶᠢᠨ ᠬᠣᠷᠢᠶᠠᠨ ᠤ ᠱᠦᠵᠢ ᠮᠠ ᠬᠤᠸᠠᠨ ᠯᠦᠩ ᠶᠠᠷᠢᠶ᠎ᠠ ᠲᠠᠯᠪᠢᠵᠦ ᠂ ᠬᠢᠩᠭᠠᠨ ᠠᠶᠢᠮᠠᠭ ᠂ ᠬᠥᠯᠥᠨ ᠪᠣᠶᠢᠷ ᠬᠣᠲᠠ ᠵᠡᠷᠭᠡ ᠵᠢᠷᠭᠤᠭᠠᠨ ᠠᠶᠢᠮᠠᠭ ᠬᠣᠲᠠ ᠶᠢᠨ ᠪᠠᠶᠢᠴᠠᠭᠠᠬᠤ ︵ ᠬᠤᠪᠢᠶᠠᠷᠢ ︶ ᠬᠣᠷᠢᠶᠠᠨ ᠤ ᠲᠥᠯᠥᠭᠡᠯᠡᠭᠴᠢ ᠲᠣᠰ ᠬᠣᠷᠢᠶᠠᠨ ᠤ ᠬᠠᠸᠯᠢ ᠪᠠᠷᠢᠯᠲᠠ  ᠶᠢᠨ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠵᠤ ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠰᠠᠭᠤᠲᠠᠯ  ᠤᠨ ᠰᠤᠲᠤᠯᠤᠨ ᠶᠠᠷᠢᠯᠴᠠᠭ᠎ᠠ ᠬᠢᠪᠡ ᠃


W020200710673366125021.jpg


ᠯᠢ ᠵᠢᠶᠠᠨ ᠳᠡᠳ᠋ ᠪᠠᠶᠢᠴᠠᠭᠠᠬᠤ ᠳᠠᠷᠤᠭ᠎ᠠ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶᠠᠨ ᠤ 《 ᠬᠠᠤᠯᠢ ᠪᠠᠷᠢᠯᠲᠠ  ᠶᠢᠨ ᠠᠪᠤᠷᠠᠨ ᠲᠤᠰᠠᠯᠠᠯᠲᠠ ᠶᠢᠨ ᠬᠣᠣᠰ ᠴᠢᠭᠯᠡᠯ ᠢᠶᠡᠷ ᠤᠷᠲᠤᠳᠬᠠᠬᠤ  ᠶᠡᠬᠡ ᠵᠠᠰᠠᠯᠲᠠ ᠶᠢᠨ ᠲᠣᠭᠲᠠᠴᠠ 》 ᠶᠢ ᠨᠤᠲᠠᠯᠠᠨ ᠦᠨᠡᠯᠡᠵᠦ ᠂ ᠲᠡᠷᠡ ᠢᠯᠡᠷᠬᠡᠶᠢᠯᠡᠬᠦ  ᠳᠦ  ᠪᠡᠨ ᠂ ᠲᠤᠰ ᠬᠣᠷᠢᠶ᠎ᠠ ᠬᠠᠸᠯᠢ ᠪᠠᠷᠢᠯᠲᠠ  ᠶᠢᠨ ᠠᠪᠤᠷᠠᠨ ᠲᠤᠰᠠᠯᠠᠯᠲᠠ  ᠶᠢᠨ ᠬᠡᠷᠡᠭ ᠰᠢᠶᠳᠪᠦᠷᠢᠯᠡᠬᠦ ᠶᠠᠪᠤᠴᠠ  ᠳᠠᠬᠢ ᠠᠰᠠᠭᠤᠳᠠᠯ ᠪᠣᠯᠤᠨ ᠬᠦᠴᠢᠷᠳᠡᠯ  ᠢ ᠠᠮᠢᠳᠤᠯᠢᠭ  ᠢᠶᠠᠷ ᠤᠷᠲᠤᠳᠬᠠᠵᠤ ᠂ ᠲᠣᠰᠬᠣᠨ  ᠳᠤ ᠰᠠᠭᠤᠭ᠎ᠠ ᠶᠠᠳᠠᠭᠤ  ᠶᠢ ᠲᠡᠳᠬᠦᠬᠦ ᠺᠠᠳ᠋ᠷ  ᠢ ᠡᠮᠦᠨᠡᠬᠢ ᠤᠷᠲᠤᠳᠬᠠᠯ  ᠳᠦ ᠢᠳᠡᠪᠬᠢᠲᠡᠶ  ᠪᠡᠷ ᠣᠷᠣᠯᠴᠠᠭᠤᠯᠵᠤ ᠂ ᠬᠡᠷᠡᠭ ᠦᠨ ᠰᠦᠪᠡᠭᠴᠢ ᠶᠢ ᠴᠠᠭ ᠲᠤᠬᠠᠶ ᠳᠤᠨᠢ ᠢᠯᠡᠷᠡᠭᠦᠯᠵᠦ ᠂ 《 ᠪᠡᠶ᠎ᠡ ᠪᠡᠨ ᠬᠡᠮᠵᠢᠵᠦ ᠬᠤᠪᠴᠠᠰᠤ ᠡᠰᠬᠡᠬᠦ 》 ᠨᠢᠭᠡ ᠬᠡᠷᠡᠭ ᠨᠢᠭᠡᠨ ᠠᠷᠭ᠎ᠠ ᠪᠣᠳᠣᠯᠭ᠎ᠠ ᠠᠪᠴᠤ ᠂ ᠠᠷᠠᠳ ᠤᠨ ᠶᠠᠪᠤᠳᠠᠯ ᠢ ᠥᠪᠡᠷ ᠦᠨ ᠶᠠᠪᠤᠳᠠᠯ ᠢᠶᠠᠨ ᠪᠣᠯᠭᠠᠵᠤ ᠂ ᠲᠡᠭᠦᠨ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠨᠢ ᠤᠯᠠᠨ ᠢᠶᠠᠷ ᠢᠶᠠᠨ ᠰᠤᠷᠤᠯᠴᠠᠭᠤᠰᠢᠲᠠᠢ ᠶᠤᠮ᠃


W020200710673365802126.jpg


ᠯᠢ ᠵᠢᠶᠠᠨ ᠳᠡᠳ᠋ ᠪᠠᠶᠢᠴᠠᠭᠠᠬᠤ ᠳᠠᠷᠤᠭ᠎ᠠ ᠄ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠦ ᠤᠯᠤᠰ ᠲᠦᠷᠦ ᠶᠢᠨ ᠤᠬᠠᠮᠰᠠᠷ᠂ ᠬᠠᠸᠯᠢ ᠪᠠᠷ ᠵᠠᠰᠠᠬᠤ ᠤᠬᠠᠮᠰᠠᠷ ᠪᠠ ᠪᠠᠶᠢᠴᠠᠭᠠᠬᠤ ᠤᠬᠠᠮᠰᠠᠷ ᠢᠶᠠᠷ ᠤᠯᠤᠰ ᠤᠨ ᠬᠠᠸᠯᠢ ᠪᠠᠷᠢᠯᠲᠠ  ᠶᠢᠨ ᠠᠪᠤᠷᠠᠨ ᠲᠤᠰᠠᠯᠠᠬᠤ ᠠᠵᠢᠯ ᠢ ᠪᠦᠬᠦ ᠬᠦᠴᠦ ᠪᠡᠷ ᠢᠶᠡᠨ ᠰᠠᠶᠢᠲᠤᠷ ᠬᠢᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠬᠠᠸᠯᠢ ᠪᠠᠷᠢᠬᠤ ᠠᠪᠤᠷᠠᠨ ᠲᠤᠰᠠᠯᠠᠬᠤ ᠬᠡᠷᠡᠭ ᠢ ᠰᠠᠶᠢᠲᠤᠷ ᠡᠷᠬᠢᠯᠡᠬᠦ ᠬᠡᠷᠡᠭᠲᠡᠶ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶᠢᠯᠠᠯᠳᠤᠭᠠᠨ ᠤ ᠠᠵᠢᠯ ᠤᠨ ᠡᠷᠴᠢᠮ ᠢ ᠴᠢᠩᠭᠠᠷᠠᠭᠤᠯᠵᠤ ᠂ ᠬᠡᠷᠡᠭ ᠦᠨ ᠢᠷᠡᠯᠲᠡ ᠪᠠ ᠠᠪᠤᠷᠠᠨ ᠲᠤᠰᠠᠯᠠᠬᠤ ᠠᠷᠭ᠎ᠠ ᠵᠠᠮ  ᠢ ᠤᠯᠠᠮ ᠨᠢᠭᠡ ᠠᠯᠬᠤᠮ ᠥᠷᠭᠡᠳᠬᠡᠵᠦ ᠂ ᠶᠠᠳᠠᠭᠤ ᠬᠦᠴᠢᠷᠳᠡᠯᠲᠡᠶ ᠲᠤᠬᠠᠶ ᠶᠢᠨ ᠬᠥᠮᠦᠨ ᠢ ᠠᠪᠤᠷᠠᠨ ᠲᠤᠰᠠᠯᠠᠬᠤ ᠡᠷᠴᠢᠮ ᠢᠶᠡᠨ ᠴᠢᠩᠭᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠪᠦᠬᠦ ᠬᠦᠴᠦ ᠪᠡᠷ ᠢᠶᠡᠨ ᠬᠦᠴᠦᠨ ᠨᠡᠮᠡᠷᠢᠯᠡᠪᠡ᠃ ᠨᠡᠶᠢᠭᠡᠮ ᠦᠨ ᠡᠯ᠎ᠡ ᠡᠲᠡᠭᠡᠳ ᠦᠨ ᠬᠦᠴᠦᠨ ᠢ ᠳᠠᠶᠢᠴᠢᠯᠠᠨ ᠬᠠᠤᠯᠢ ᠪᠠᠷᠢᠯᠲᠠ  ᠶᠢᠨ ᠠᠪᠤᠷᠠᠨ ᠲᠤᠰᠠᠯᠠᠬᠤ ᠠᠵᠢᠯ ᠳᠤ ᠥᠷᠭᠡᠨ ᠢᠶᠡᠷ ᠣᠷᠣᠯᠴᠠᠭᠤᠯᠵᠤ ᠂ ᠬᠠᠸᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠡᠭᠦᠷᠭᠡ ᠴᠢᠳᠠᠪᠤᠷᠢ ᠶᠢ ᠤᠷᠲᠤᠳᠬᠠᠵᠤ᠂ ᠰᠦᠪᠡᠭᠴᠢ ᠶᠢ ᠴᠠᠭ ᠲᠤᠬᠠᠶ ᠳᠤᠨᠢ ᠢᠯᠡᠷᠡᠭᠦᠯᠵᠦ᠂ ᠬᠡᠷᠡᠭ ᠢ ᠦᠳᠲᠡᠷ ᠲᠦᠷᠭᠡᠨ ᠬᠢᠨᠠᠨ ᠪᠠᠶᠢᠴᠠᠭᠠᠪᠠ᠃ ᠡᠯ᠎ᠡ ᠨᠢᠭᠡᠴᠢ ᠰᠠᠯᠠᠭ᠎ᠠ ᠮᠥᠴᠢᠷ ᠦᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠰᠢᠯᠢᠳᠡᠭᠵᠢᠭᠦᠯᠵᠦ ᠂ 《ᠪᠠᠶᠢᠴᠠᠭᠠᠬᠤ ᠠᠵᠢᠯ +》 ᠤᠯᠠᠨ ᠡᠰᠢᠲᠦ ᠠᠪᠤᠷᠠᠨ ᠲᠤᠰᠠᠯᠠᠬᠤ ᠵᠠᠭᠪᠤᠷ ᠢ ᠠᠮᠢᠳᠤᠯᠢᠭ ᠪᠣᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠪᠠ᠃ ᠨᠡᠶᠢᠭᠡᠮ ᠦᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠸᠯᠢ ᠪᠠᠷᠢᠬᠤ ᠠᠪᠤᠷᠠᠨ ᠲᠤᠰᠠᠯᠠᠬᠤ ᠠᠵᠢᠯ ᠤᠨ ᠡᠭᠦᠷᠭᠡ ᠴᠢᠳᠠᠪᠤᠷᠢ ᠶᠢ 《ᠵᠠᠯᠭᠠᠮᠵᠢ ᠤᠷᠲᠤᠳᠬᠠᠬᠤ》᠂ ᠵᠥᠷᠢᠴᠡᠯ ᠢ ᠠᠷᠢᠯᠭᠠᠬᠤ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠣᠳᠬᠤ ᠶᠢ ᠴᠢᠩᠭᠠᠳᠬᠠᠬᠤ ᠬᠡᠷᠡᠭᠲᠡᠶ᠃ ᠡᠳ᠋ ᠦᠨ ᠵᠠᠰᠠᠭ ᠤᠨ ᠳᠡᠮᠵᠢᠯᠭᠡ ᠶᠢ ᠢᠳᠡᠪᠬᠢᠲᠡᠢ ᠣᠯᠵᠤ ᠂ ᠪᠡᠯᠡ ᠮᠥᠩᠭᠥ ᠶᠢᠨ ᠢᠷᠡᠯᠲᠡ ᠶᠢᠨ ᠠᠷᠭ᠎ᠠ ᠵᠠᠮ  ᠢ ᠥᠷᠭᠡᠳᠬᠡᠵᠦ ᠂ ᠠᠪᠤᠷᠠᠨ ᠲᠤᠰᠠᠯᠠᠬᠤ ᠪᠡᠯᠡ ᠮᠥᠩᠭᠥ  ᠶᠢ ᠭᠦᠶᠴᠡᠳ ᠲᠣᠭ᠎ᠠ  ᠪᠠᠷ ᠴᠢᠷᠮᠠᠶᠢᠨ ᠣᠯᠬᠤ  ᠶᠢᠨ ᠬᠠᠮᠲᠤ ᠨᠡᠶᠢᠭᠡᠮ  ᠦᠨ ᠪᠡᠯᠡ ᠮᠥᠩᠭᠥ  ᠶᠢᠨ ᠳᠡᠮᠵᠢᠯᠭᠡ  ᠶᠢ ᠴᠢᠷᠮᠠᠶᠢᠨ ᠣᠯᠬᠤ  ᠶᠢ ᠬᠠᠶᠢᠨ ᠰᠦᠪᠡᠭᠴᠢᠯᠡᠵᠦ᠂ ᠠᠪᠤᠷᠠᠨ ᠲᠤᠰᠠᠯᠠᠬᠤ ᠦᠷ᠎ᠡ ᠪᠦᠲᠦᠮᠵᠢ  ᠪᠡᠨ ᠳᠡᠭᠡᠭᠰᠢᠯᠡᠭᠦᠯᠬᠦ ᠬᠡᠷᠡᠭᠲᠡᠶ᠃ ᠳᠣᠲᠣᠭᠠᠳᠤ ᠭᠠᠳᠠᠭᠠᠳᠤ ᠬᠣᠯᠪᠣᠭᠠᠯᠠᠨ ᠬᠥᠳᠡᠯᠦᠯᠴᠡᠬᠦ ᠶᠢ ᠦᠷᠭᠦᠯᠵᠢᠯᠡᠨ ᠴᠢᠩᠭᠠᠳᠬᠠᠵᠤ ᠂ ᠬᠡᠷᠡᠭ ᠦᠨ ᠢᠷᠡᠯᠲᠡ  ᠶᠢ ᠥᠷᠭᠡᠳᠬᠡᠵᠦ ᠂ ᠵᠡᠮᠳᠡᠭᠴᠦᠳ᠂ ᠨᠠᠰᠤᠨ ᠳᠤ ᠦᠯᠦ ᠬᠦᠷᠦᠭᠰᠡᠳ᠂ ᠴᠡᠷᠢᠭ ᠴᠡᠷᠢᠭ ᠤᠨ ᠭᠡᠷ ᠪᠦᠯᠢ ᠵᠡᠷᠭᠡ ᠭᠣᠸᠯᠳᠠᠯᠭ᠎ᠠ ᠲᠠᠶ ᠠᠪᠤᠷᠠᠨ ᠲᠤᠰᠠᠯᠠᠬᠤ ᠬᠥᠮᠦᠰ ᠲᠦ ᠴᠢᠭᠯᠡᠭᠦᠯᠦᠨ ᠭᠣᠸᠯᠳᠠᠯᠭ᠎ᠠ ᠲᠠᠶ ᠠᠪᠤᠷᠠᠨ ᠲᠤᠰᠠᠯᠠᠵᠤ᠂ ᠠᠪᠤᠷᠠᠨ ᠲᠤᠰᠠᠯᠠᠬᠤ ᠶᠢᠨ ᠣᠨᠣᠪᠴᠢᠲᠤ ᠴᠢᠨᠠᠷ  ᠢ ᠳᠡᠭᠡᠭᠰᠢᠯᠡᠭᠦᠯᠬᠦ ᠬᠡᠷᠡᠭᠲᠡᠶ᠃ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠰᠢᠰᠲ᠋ᠧᠮ ᠦᠨ 2.0 ᠂ 12309 ᠪᠠᠶᠢᠴᠠᠭᠠᠬᠤ ᠦᠢᠯᠡᠴᠢᠯᠡᠭᠡᠨ ᠦ ᠲᠥᠪ ᠦᠨ ᠬᠠᠯᠠᠭᠤᠨ ᠤᠲᠠᠰᠤ ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢᠨ ᠰᠢᠰᠲ᠋ᠧᠮ ᠵᠡᠷᠭᠡ ᠮᠡᠳᠡᠭᠡ ᠵᠠᠩᠭᠢᠴᠢᠯᠠᠯᠲᠠ  ᠶᠢᠨ ᠠᠷᠭ᠎ᠠ ᠪᠠᠷᠢᠯ ᠢ ᠭᠦᠢᠴᠡᠳ ᠠᠰᠢᠭᠯᠠᠨ  ᠬᠠᠤᠯᠢ ᠪᠠᠷᠢᠯᠲᠠ  ᠶᠢᠨ ᠠᠪᠤᠷᠠᠨ ᠲᠤᠰᠠᠯᠠᠬᠤ ᠬᠡᠷᠡᠭ  ᠤᠨ ᠪᠠᠶᠢᠴᠠᠭᠠᠬᠤ ᠠᠵᠢᠯ ᠢ ᠥᠷᠨᠢᠭᠦᠯᠵᠦ ᠂ ᠪᠣᠶᠢᠳᠠ ᠪᠥᠭᠯᠡᠭᠦᠸ ᠭᠠᠵᠠᠷ ᠣᠷᠣᠨ ᠂ ᠣᠨᠳᠣᠸ ᠭᠠᠵᠠᠷ ᠪᠠᠶᠢᠭ᠎ᠠ  ᠠᠪᠤᠷᠠᠨ ᠲᠤᠰᠠᠯᠠᠭᠳᠠᠬᠤ ᠡᠲᠡᠭᠡᠳ ᠲᠦ ᠨᠠᠩ ᠳᠥᠭᠥᠮ ᠳᠥᠲᠡ ᠲᠦᠷᠭᠡᠨ ᠦᠶᠯᠡᠴᠢᠯᠡᠭᠡ ᠬᠠᠩᠭᠠᠨ᠎ᠠ ᠃


W020200710673365488602.jpg


ᠬᠠᠤᠯᠢ ᠪᠠᠷᠢᠯᠲᠠ  ᠶᠢᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠂ ᠵᠠᠭᠠᠯᠳᠤᠯᠭ᠎ᠠ ᠭᠣᠮᠣᠳᠠᠯ ᠲᠣᠭᠠᠴᠢᠯᠲᠠ ᠶᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠷᠠᠳ  ᠤᠨ ᠲᠥᠯᠥᠭᠡ ᠬᠠᠸᠯᠢ ᠪᠠᠷᠢᠬᠤ ᠵᠣᠷᠢᠯᠲᠠ ᠶᠢ ᠴᠢᠷᠮᠠᠶᠢᠨ ᠦᠶᠯᠡᠳᠦᠯᠭᠡᠵᠢᠭᠦᠯᠬᠦ ᠬᠡᠷᠡᠭᠲᠡᠶ᠃ ᠨᠢᠭᠡ ᠳᠦ ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠳᠤ ᠬᠠᠷᠢᠭᠤᠯᠲᠠ ᠥᠭᠬᠦ ᠠᠵᠢᠯ ᠢ ᠦᠷᠭᠦᠯᠵᠢᠯᠡᠨ ᠠᠬᠢᠭᠤᠯᠵᠤ ᠂ ᠬᠡᠷᠡᠭ ᠢ ᠰᠢᠢᠳᠪᠦᠷᠢᠯᠡᠵᠦ ᠶᠠᠪᠤᠳᠠᠯ  ᠢ ᠳᠠᠭᠤᠰᠬᠠᠬᠤ ᠠᠵᠢᠯ ᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠢ ᠲᠡᠭᠦᠯᠲᠡᠷᠵᠢᠭᠦᠯᠦᠨ᠎ᠡ ᠃ ᠡᠯ᠎ᠡ ᠬᠤᠷᠢᠶ᠎ᠠ ᠨᠢ ᠣᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠳᠤ ᠬᠠᠷᠢᠭᠤᠯᠲᠠ ᠥᠭᠬᠦ ᠳᠦᠷᠢᠮ  ᠢ ᠦᠷᠭᠦᠯᠵᠢᠯᠡᠨ ᠴᠢᠩᠭ᠎ᠠ ᠪᠣᠳᠠᠲᠠᠶ ᠠᠳᠬᠤᠵᠤ ᠂ ᠤᠯᠠᠨ ᠲᠦᠮᠡᠨ ᠦ ᠵᠦᠶ ᠵᠣᠬᠢᠰᠲᠠᠶ ᠬᠠᠸᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠸᠯᠢ ᠶᠣᠰᠣᠭᠠᠷ ᠴᠠᠭ ᠲᠤᠬᠠᠶ  ᠳᠤᠨᠢ ᠰᠢᠶᠳᠪᠦᠷᠢᠯᠡᠨ᠎ᠡ᠃ ᠢᠯᠡ ᠪᠡᠷ ᠭᠡᠷᠡᠴᠢᠯᠡᠭᠡ ᠰᠣᠨᠣᠰᠬᠤ  ᠶᠢ ᠪᠦᠬᠦ ᠲᠠᠯ᠎ᠠ  ᠪᠠᠷ ᠬᠡᠷᠡᠭᠵᠢᠭᠦᠯᠵᠦ ᠂ 《 ᠭᠡᠷᠡᠴᠢᠯᠡᠭᠡ ᠰᠣᠨᠣᠰᠴᠤ ᠴᠢᠳᠠᠬᠤ ᠂ ᠠᠯᠢ ᠴᠢᠳᠠᠬᠤ  ᠪᠠᠷ ᠭᠡᠷᠡᠴᠢᠯᠡᠭᠡ ᠰᠣᠨᠣᠰᠬᠤ 》 ᠵᠠᠷᠴᠢᠮ  ᠢ ᠪᠠᠷᠢᠮᠲᠠᠯᠠᠵᠤ ᠂ ᠢᠯᠡ  ᠪᠡᠷ ᠭᠡᠷᠡᠴᠢᠯᠡᠭᠡ ᠰᠣᠨᠣᠰᠬᠤ ᠬᠠᠷᠢᠴᠠᠯ  ᠤᠨ ᠨᠣᠷᠮ᠎ᠠ  ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠬᠦ ᠬᠦᠴᠦᠨ ᠢᠶᠡᠷ ᠠᠷᠢᠯᠭᠠᠵᠤ᠂ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠶᠢ ᠪᠠᠲᠤᠯᠠᠨ᠎ᠠ᠃ ᠬᠣᠶᠠᠷ ᠲᠤ ᠡᠭᠦᠷᠭᠡ ᠴᠢᠳᠠᠪᠤᠷᠢ ᠶᠢᠨ ᠲᠤᠬᠢᠷᠠᠭᠤᠯᠤᠯᠳᠠ ᠶᠢᠨ ᠰᠢᠨ᠎ᠡ ᠬᠤᠪᠢᠷᠠᠯᠲᠠ ᠶᠢ ᠣᠨᠣᠪᠴᠢᠲᠠᠶ ᠡᠵᠡᠮᠳᠡᠵᠦ᠂ ᠡᠷᠡᠭᠦᠸ ᠶᠢᠨ ᠬᠡᠷᠡᠭ ᠦᠨ ᠭᠣᠮᠣᠳᠠᠯ ᠲᠣᠭᠠᠴᠢᠯᠲᠠ᠂ ᠤᠯᠤᠰ ᠤᠨ ᠲᠥᠯᠥᠪᠦᠷᠢ ᠶᠢᠨ ᠬᠡᠷᠡᠭ ᠢ ᠬᠠᠸᠯᠢ ᠶᠣᠰᠣᠭᠠᠷ ᠰᠢᠶᠳᠪᠦᠷᠢᠯᠡᠬᠦ ᠬᠡᠷᠡᠭᠲᠡᠶ᠃ ᠬᠠᠸᠯᠢ ᠴᠠᠭᠠᠵᠠ ᠲᠦᠷᠢᠮ ᠲᠤᠭᠲᠠᠭᠠᠯ  ᠤᠨ ᠵᠢᠷᠤᠮᠵᠢᠭᠰᠠᠨ ᠰᠤᠷᠤᠯᠴᠠᠯᠭ᠎ᠠ ᠶᠢᠨ ᠡᠷᠴᠢᠮ ᠢ ᠴᠢᠩᠭᠠᠳᠬᠠᠵᠤ᠂ ᠡᠷᠡᠭᠦᠸ ᠶᠢᠨ ᠬᠡᠷᠡᠭ ᠦᠨ ᠭᠣᠮᠣᠳᠠᠯ ᠲᠣᠭᠠᠴᠢᠭᠰᠠᠨ ᠬᠡᠷᠡᠭ ᠢ ᠬᠠᠸᠯᠢ ᠶᠣᠰᠣᠭᠠᠷ ᠴᠢᠩᠭ᠎ᠠ ᠰᠢᠶᠳᠪᠦᠷᠢᠯᠡᠵᠦ᠂ ᠤᠯᠤᠰ ᠤᠨ ᠲᠥᠯᠥᠪᠦᠷᠢ ᠶᠢᠨ ᠬᠢᠨᠠᠯᠲᠠ ᠲᠠᠯᠪᠢᠬᠤ ᠬᠡᠷᠡᠭ ᠢ ᠰᠢᠶᠳᠪᠦᠷᠢᠯᠡᠬᠦ ᠠᠵᠢᠯ ᠢ ᠢᠳᠡᠪᠬᠢᠲᠡᠶ ᠯᠠᠪᠳᠠᠭᠤᠨ ᠢᠶᠠᠷ ᠦᠷᠨᠢᠭᠦᠯᠦᠨ᠎ᠡ ᠃ ᠭᠤᠷᠪᠠ ᠳᠤ ᠠᠷᠠᠳ ᠤᠯᠠᠨ ᠤ ᠰᠢᠨ᠎ᠡ ᠬᠡᠷᠡᠭᠴᠡᠭᠡ ᠳᠦ ᠵᠣᠬᠢᠴᠠᠭᠤᠯᠤᠨ᠂ ᠴᠢᠨᠠᠷ ᠰᠠᠶᠢᠲᠠᠶ ᠪᠠᠶᠢᠴᠠᠭᠠᠬᠤ ᠦᠶᠯᠡᠴᠢᠯᠡᠭᠡ ᠬᠠᠩᠭᠠᠬᠤ ᠬᠡᠷᠡᠭᠲᠡᠶ᠃ 12309 ᠪᠠᠶᠢᠴᠠᠭᠠᠬᠤ ᠦᠶᠯᠡᠴᠢᠯᠡᠭᠡᠨ ᠦ ᠲᠥᠪ ᠦᠨ ᠪᠠᠶᠢᠭᠤᠯᠤᠯᠲᠠ ᠶᠢ ᠵᠢᠷᠤᠮᠵᠢᠭᠤᠯᠵᠤ᠂ ᠠᠳᠠᠯᠢ ᠪᠤᠰᠤ ᠱᠠᠲᠤᠨ  ᠤ  ᠪᠠᠶᠢᠴᠠᠭᠠᠬᠤ ᠪᠠᠶᠢᠭᠤᠯᠭ᠎ᠠ ᠶᠢᠨ 12309 ᠪᠠᠶᠢᠴᠠᠭᠠᠬᠤ ᠦᠶᠯᠡᠴᠢᠯᠡᠭᠡᠨ ᠦ ᠲᠥᠪ ᠦᠨ ᠪᠠᠶᠢᠭᠤᠯᠤᠯᠲᠠ  ᠶᠢᠨ 《ᠮᠢᠩᠭᠠᠨ ᠬᠠᠭᠤᠳᠠᠰᠤ ᠶᠢ ᠨᠢᠭᠡ ᠠᠳᠠᠯᠢ ᠪᠣᠯᠭᠠᠬᠤ》 ᠪᠠᠶᠢᠳᠠᠯ ᠢ ᠪᠤᠢ ᠪᠣᠯᠭᠠᠬᠤ ᠠᠴᠠ ᠵᠠᠶᠢᠯᠠᠰᠬᠢᠨ᠎ᠡ ᠃ 12309 ᠰᠦᠯᠵᠢᠶᠡᠨ ᠳᠡᠭᠡᠷᠡᠬᠢ ᠲᠠᠪᠴᠠᠩ ᠤᠨ ᠬᠡᠷᠡᠭᠯᠡᠯᠲᠡ ᠶᠢ ᠲᠦᠯᠬᠢᠨ ᠠᠬᠢᠭᠤᠯᠵᠤ᠂ 12309 ᠳᠤᠮᠳᠠᠳᠤ ᠤᠯᠤᠰ ᠤᠨ ᠪᠠᠶᠢᠴᠠᠭᠠᠬᠤ ᠰᠦᠯᠵᠢᠶ᠎ᠡ᠂ ᠸᠢᠴᠠᠲ ᠤᠨ ᠨᠡᠶᠢᠲᠡ ᠶᠢᠨ ᠲᠠᠪᠴᠠᠩ ᠂ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢᠨ ᠰᠤᠷᠪᠤᠯᠵᠢᠯᠠᠭ᠎ᠠ ᠬᠦᠯᠢᠶᠡᠬᠦ ᠰᠢᠰᠲ᠋ᠧᠮ ᠵᠡᠷᠭᠡ ᠶᠢ ᠲᠡᠭᠦᠯᠳᠡᠷᠵᠢᠭᠦᠯᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠤᠨ᠎ᠠ ᠃ ᠪᠣᠯᠪᠠᠰᠤᠨ ᠬᠦᠯᠢᠶᠡᠨ ᠠᠪᠬᠤ ᠭᠡᠷ  ᠤᠨ ᠠᠳᠠᠯᠢᠳᠬᠠᠨ ᠰᠢᠯᠭᠠᠷᠠᠭᠤᠯᠬᠤ ᠪᠡᠯᠡᠳᠬᠡᠯ ᠠᠵᠢᠯ ᠢ ᠰᠠᠶᠢᠲᠤᠷ ᠬᠢᠵᠦ ᠂ ᠪᠣᠯᠪᠠᠰᠤᠨ ᠬᠦᠯᠢᠶᠡᠨ ᠠᠪᠬᠤ ᠭᠡᠷ  ᠤᠨ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠪᠠᠷ ᠲᠣᠬᠢᠶᠠᠯ ᠪᠣᠯᠭᠠᠵᠤ ᠂ ᠮᠠᠨ ᠤ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠢᠯᠡᠴᠢᠯᠡᠨ ᠵᠠᠭᠠᠯᠳᠤᠬᠤ ᠱᠤᠭᠤᠮ ᠤᠨ ᠡᠩᠨᠡᠭᠡᠨ ᠦ ᠪᠠᠶᠢᠭᠤᠯᠤᠯᠲᠠ ᠂ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ ᠃


W020200710673364820900.jpg


ᠬᠤᠷᠠᠯ ᠤᠨ ᠬᠤᠭᠤᠴᠠᠭᠠᠨ ᠳᠤ ᠂ ᠬᠤᠷᠠᠯ ᠳᠤ ᠣᠷᠣᠯᠴᠠᠭᠰᠠᠳ ᠤᠷᠢᠳ ᠬᠣᠵᠢᠳ ᠲᠦᠴᠢᠦᠸᠠᠨ ᠰᠢᠶᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ ᠳᠠᠷᠢᠵᠤ ᠲᠡᠵᠢᠭᠡᠨ ᠦᠷᠡᠵᠢᠭᠦᠯᠬᠦ ᠬᠣᠷᠰᠢᠶ᠎ᠠ ᠵᠢᠴᠢ ᠪᠠᠶᠠᠨ ᠤᠪᠤᠭ᠎ᠠ  ᠵᠢᠭᠤᠯᠴᠢᠯᠠᠯ ᠤᠨ ᠲᠣᠰᠬᠣᠨ ᠳᠤ ᠭᠦᠨᠵᠡᠭᠡᠶᠢᠷᠡᠨ ᠂ ᠬᠠᠸᠯᠢ ᠪᠠᠷᠢᠯᠲᠠ  ᠶᠢᠨ ᠠᠪᠤᠷᠠᠨ ᠲᠤᠰᠠᠯᠠᠯᠲᠠ ᠶᠢᠨ ᠬᠣᠸᠰ ᠴᠢᠭᠯᠡᠯ ᠢᠶᠡᠷ ᠤᠷᠲᠤᠳᠬᠠᠭᠰᠠᠨ ᠠᠵᠢᠯ ᠤᠨ ᠪᠠᠶᠢᠳᠠᠯ ᠂ ᠬᠠᠸᠯᠢ ᠪᠠᠷᠢᠯᠲᠠ  ᠶᠢᠨ ᠠᠪᠤᠷᠠᠨ ᠲᠤᠰᠠᠯᠠᠬᠤ ᠬᠡᠷᠡᠭ ᠢ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠪᠠᠶᠢᠳᠠᠯ ᠵᠢᠴᠢ ᠬᠠᠸᠯᠢ ᠪᠠᠷᠢᠯᠲᠠ  ᠶᠢᠨ ᠠᠪᠤᠷᠠᠨ ᠲᠤᠰᠠᠯᠠᠬᠤ ᠮᠥᠩᠭᠥ ᠶᠢᠨ ᠦᠷᠭᠦᠯᠵᠢᠯᠡᠨ ᠣᠷᠳᠣ ᠬᠤᠭᠤᠴᠠᠭᠠᠨ ᠤ ᠠᠰᠢᠭ ᠣᠷᠣᠯᠭ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ ᠃ ᠯᠢ ᠵᠢᠶᠠᠨ ᠳᠡᠳ᠋ ᠪᠠᠶᠢᠴᠠᠭᠠᠬᠤ ᠳᠠᠷᠤᠭ᠎ᠠ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠂ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠤ ᠬᠦᠴᠦᠨ ᠨᠡᠮᠡᠷᠢᠯᠡᠭᠰᠡᠨ ᠪᠠᠶᠢᠳᠠᠯ ᠢ ᠨᠠᠷᠢᠨ ᠠᠰᠠᠭᠤᠵᠤ ᠂ ᠬᠡᠷᠡᠭ ᠦᠨ ᠲᠤᠬᠠᠶ ᠶᠢᠨ ᠬᠥᠮᠦᠨ ᠵᠢᠴᠢ ᠲᠡᠭᠦᠨ ᠦ ᠭᠡᠷ ᠪᠦᠯᠢ ᠶᠢᠨ ᠬᠢᠨ  ᠲᠡᠶ 《 ᠨᠢᠭᠤᠷᠲᠠᠨ 》 ᠰᠣᠯᠢᠯᠴᠠᠭ᠎ᠠ ᠬᠢᠬᠦ ᠶᠢᠨ ᠬᠠᠮᠲᠤ ᠴᠢᠬᠤᠯᠠᠴᠢᠯᠠᠭᠰᠠᠨ ᠨᠢ ᠂ ᠬᠠᠸᠯᠢ ᠪᠠᠷᠢᠯᠲᠠ  ᠶᠢᠨ ᠠᠪᠤᠷᠠᠨ ᠲᠤᠰᠠᠯᠠᠯᠲᠠ ᠨᠢ ᠣᠯᠠᠨ ᠲᠦᠮᠡᠨ  ᠦ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯ  ᠤᠨ ᠲᠥᠷᠥᠭᠳᠡᠯ  ᠲᠡᠶ ᠬᠣᠯᠪᠣᠭᠳᠠᠵᠤ ᠂ ᠪᠠᠶᠢᠴᠠᠭᠠᠬᠤ ᠺᠠᠳ᠋ᠷ ᠴᠠᠭᠳᠠᠭ᠎ᠠ ᠠᠷᠠᠳ ᠲᠦᠮᠡᠨ  ᠢᠶᠡᠷ ᠭᠣᠸᠯ ᠪᠣᠯᠭᠠᠬᠤ ᠣᠶᠢᠯᠠᠭᠠᠭᠳᠠᠬᠤᠨ  ᠢ ᠦᠶᠯᠡᠳᠦᠯᠭᠡᠵᠢᠭᠦᠯᠵᠦ ᠂ ᠣᠯᠠᠨ ᠲᠦᠮᠡᠨ ᠳᠦ ᠬᠠᠤᠯᠢ ᠪᠠᠷᠢᠯᠲᠠ  ᠶᠢᠨ 《 ᠳᠤᠯᠠᠭᠠᠨ ᠤ ᠬᠡᠮᠵᠢᠶ᠎ᠡ 》 ᠪᠠ ᠪᠠᠶᠢᠴᠠᠭᠠᠬᠤ ᠢᠳᠡᠪᠬᠢ ᠬᠦᠴᠦᠨ ᠢ ᠦᠨᠡᠨ ᠬᠦ ᠮᠡᠳᠡᠷᠡᠭᠦᠯᠵᠦ ᠂ ᠠᠷᠠᠳ ᠤᠨ ᠪᠠᠶᠢᠴᠠᠭᠠᠬᠤ ᠠᠵᠢᠯ ᠤᠨ ᠠᠷᠠᠳ ᠲᠦᠮᠡᠨ ᠦ ᠲᠥᠯᠥᠭᠡ ᠪᠠᠶᠢᠬᠤ ᠶᠢ ᠦᠨᠡᠨ ᠬᠦ ᠪᠡᠶᠡᠯᠡᠭᠦᠯᠦᠨ᠎ᠡ ᠃


W020200710673364820900 (1).jpg

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro