ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠲᠤᠰᠢᠶᠠᠯ ᠡᠭᠦᠷᠭᠡᠯᠡᠭᠰᠡᠨ ᠦᠩᠭᠡᠷᠡᠯᠲᠡ  ᠪᠡᠨ ᠪᠤᠲᠠᠲᠠᠢ ᠠᠵᠢᠯᠯᠠᠬᠤ ᠴᠢᠲᠠᠪᠤᠷᠢ ᠪᠤᠯᠭᠠᠬᠤ ᠬᠡᠷᠡᠭᠲᠡᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠤᠳᠤᠷᠢᠳᠤᠯᠭ᠎ᠠ ᠵᠧᠵᠢᠶᠠᠩ ᠳᠤ ᠬᠦᠷᠴᠦ ᠴᠢᠳᠠᠪᠤᠷᠢᠲᠠᠨ ᠤ ᠣᠶᠤᠨ ᠤ ᠬᠠᠮᠲᠤᠷᠠᠯᠴᠠᠭ᠎ᠠ ᠰᠣᠯᠢᠯᠴᠠᠭᠠᠨ ᠤ ᠲᠥᠷᠥᠯ ᠵᠦᠶᠯ ᠢ ᠰᠢᠨᠵᠢᠯᠡᠨ ᠪᠠᠶᠢᠴᠠᠭᠠᠪᠠ

2020-07-13 16:37:23
ᠵᠣᠬᠢᠶᠠᠭᠴᠢ
ᠭᠡᠭᠡᠷᠡᠯ

2019 ᠣᠨ ᠤ 5 ᠰᠠᠷ᠎ᠠ ᠳᠤ ᠂ ᠥᠪᠥᠷ ᠮᠣᠩᠭᠣᠯ ᠱᠠᠩᠬᠠᠶ ᠂ ᠵᠢᠶᠠᠩᠰᠦ ᠂ ᠵᠧᠵᠢᠶᠠᠩ ᠭᠤᠷᠪᠠᠨ ᠮᠤᠵᠢ ᠬᠣᠲᠠ ᠶᠢᠨ ᠪᠠᠶᠢᠴᠠᠭᠠᠬᠤ ᠪᠠᠶᠢᠭᠤᠯᠭ᠎ᠠ ᠲᠠᠢ ᠴᠢᠳᠠᠪᠤᠷᠢᠲᠠᠨ ᠤ ᠣᠶᠤᠨ ᠤ ᠬᠠᠮᠲᠤᠷᠠᠯᠴᠠᠭ᠎ᠠ ᠰᠣᠯᠢᠯᠴᠠᠭᠠᠨ ᠤ ᠬᠡᠯᠡᠯᠴᠡᠭᠡᠷ ᠲᠣᠭᠲᠠᠵᠤ ᠂ ᠬᠠᠷᠢᠯᠴᠠᠨ ᠺᠠᠳ᠋ᠷ ᠲᠣᠮᠢᠯᠠᠵᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠵᠢᠯᠣᠭᠣᠳᠣᠯᠭ᠎ᠠ ᠪᠠᠷ ᠬᠡᠯᠪᠡᠷᠢ ᠪᠤᠯᠭᠠᠬᠤ  ᠶᠢ ᠲᠤᠭᠲᠠᠭᠠᠵᠤ ᠂ ᠴᠢᠳᠠᠪᠤᠷᠢᠲᠠᠨ ᠪᠣᠯᠤᠨ ᠣᠶᠤᠨ ᠴᠢᠳᠠᠪᠤᠷᠢ ᠶᠢᠨ ᠬᠠᠷᠢᠯᠴᠠᠨ ᠦᠶᠯᠡᠳᠦᠯᠴᠡᠬᠦ ᠂ ᠬᠠᠮᠲᠤᠷᠠᠨ ᠠᠵᠢᠯᠯᠠᠬᠤ ᠰᠣᠯᠢᠯᠴᠠᠭ᠎ᠠ ᠶᠢ ᠪᠡᠶᠡᠯᠡᠭᠦᠯᠪᠠ ᠃ ᠬᠡᠯᠡᠯᠴᠡᠭᠡᠷ ᠲᠦ ᠂ ᠮᠤᠵᠢ ᠶᠢᠨ ᠱᠠᠲᠤᠨ ᠤ ᠪᠠᠶᠢᠴᠠᠭᠠᠬᠤ ᠬᠣᠷᠢᠶᠠᠨ ᠤ ᠤᠯᠤᠰ ᠲᠥᠷᠥ ᠶᠢᠨ ᠬᠡᠯᠲᠡᠰ ᠦᠨ ᠤᠳᠤᠷᠢᠳᠤᠯᠭ᠎ᠠ ᠵᠢᠯ ᠪᠦᠷᠢ ᠬᠦᠯᠢᠶᠡᠨ ᠠᠪᠬᠤ ᠨᠢᠭᠡᠴᠢ  ᠳᠦ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠵᠤ ᠂ ᠰᠤᠷᠪᠤᠯᠵᠢᠯᠠᠨ ᠲᠤᠬᠤᠨᠢᠭᠤᠯᠤᠨ᠎ᠠ ᠃


1594629319950529.jpg


2020 ᠣᠨ ᠤ 7 ᠰᠠᠷ᠎ᠠ ᠶᠢᠨ 6 ᠤ ᠡᠳᠦᠷ ᠡᠴᠡ 10 ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ  ᠤ ᠪᠠᠶᠢᠴᠠᠭᠠᠬᠤ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ  ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ  ᠦ ᠨᠠᠶᠢᠳᠠᠯᠭ᠎ᠠ  ᠪᠠᠷ ᠂ ᠥᠪᠡᠷᠲᠡᠭᠡᠨ ᠵᠠᠰᠠᠬᠤ ᠣᠷᠣᠨ  ᠤ ᠪᠠᠶᠢᠴᠠᠭᠠᠬᠤ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠬᠦᠨ ᠂ ᠤᠯᠤᠰ ᠲᠥᠷᠥ  ᠶᠢᠨ ᠬᠡᠯᠲᠡᠰ  ᠦᠨ ᠡᠷᠬᠢᠯᠡᠭᠴᠢ  ᠶᠢᠨ ᠲᠤᠰᠢᠶᠠᠯ  ᠢ ᠡᠭᠦᠷᠭᠡᠯᠡᠭᠡᠳ ᠨᠢᠭᠡ ᠰᠠᠷ᠎ᠠ ᠪᠣᠯᠤᠭᠠᠳᠤᠶ ᠵᠧᠩ ᠵᠢᠶᠠ ᠮᠧᠶ ᠨᠦᠬᠦᠷ ᠂ ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ  ᠢ ᠲᠦᠯᠦᠭᠡᠯᠡᠵᠦ ᠪᠦᠯᠬᠦᠮ ᠲᠠᠭᠠᠭᠤᠯᠵᠤ ᠵᠢᠶᠠᠩᠰᠦ᠂ ᠵᠧᠵᠢᠶᠠᠩ ᠳᠤ ᠬᠦᠷᠴᠦ ᠪᠠᠶᠢᠴᠠᠭᠠᠨ ᠰᠣᠯᠢᠯᠴᠠᠵᠠᠶ᠃


W020200713372247321904.jpg


ᠶᠠᠭ ᠵᠦᠰᠡᠷ ᠪᠣᠷᠣᠭᠠᠨ ᠤ ᠤᠯᠠᠷᠢᠯ ᠪᠣᠯᠵᠤ ᠂ 3 ᠡᠳᠦᠷ ᠦᠨ ᠳᠣᠲᠣᠷ᠎ᠠ ᠂ ᠵᠧᠩ ᠵᠢᠶᠠ ᠮᠧᠶ ᠵᠢᠶᠠᠩᠰᠦ ᠵᠧᠵᠢᠶᠠᠩ ᠬᠣᠶᠠᠷ ᠮᠤᠵᠢ ᠲᠠᠪᠤᠨ ᠬᠣᠲᠠ ᠬᠣᠶᠠᠷ ᠱᠠᠲᠤᠨ  ᠤ ᠳᠥᠷᠪᠡᠨ ᠬᠤᠷᠢᠶ᠎ᠠ ᠪᠠᠷ  ᠲᠣᠭᠣᠷᠢᠨ ᠦᠵᠡᠵᠦ ᠂ ᠬᠣᠶᠠᠷ ᠭᠠᠵᠠᠷ  ᠤᠨ ᠪᠠᠶᠢᠴᠠᠭᠠᠬᠤ ᠤᠯᠤᠰ ᠲᠥᠷᠥ  ᠶᠢᠨ ᠠᠵᠢᠯ  ᠢ ᠰᠤᠷᠤᠯᠴᠠᠨ᠂ ᠴᠢᠳᠠᠪᠤᠷᠢᠲᠠᠨ ᠤ ᠣᠶᠤᠨ ᠤ ᠬᠠᠮᠲᠤᠷᠠᠯᠴᠠᠭ᠎ᠠ ᠰᠣᠯᠢᠯᠴᠠᠭᠠᠨ ᠤ ᠶᠠᠪᠤᠳᠠᠯ ᠢ ᠤᠯᠠᠮ ᠨᠢᠭᠡ ᠠᠯᠬᠤᠮ ᠨᠡᠪᠲᠡᠷᠡᠯᠴᠡᠵᠦ ᠂ ᠲᠤᠰᠢᠶᠠᠯ ᠡᠭᠦᠷᠭᠡᠯᠡᠭᠰᠡᠨ ᠺᠠᠳ᠋ᠷ ᠤᠨ ᠠᠵᠢᠯ ᠠᠮᠢᠳᠤᠷᠠᠯ ᠤᠨ ᠪᠠᠶᠢᠳᠠᠯ ᠢ ᠤᠶᠢᠯᠠᠭᠠᠭᠰᠠᠨ ᠪᠠᠶᠢᠨ᠎ᠠ ᠃ ᠡᠨᠡ ᠬᠤᠭᠤᠴᠠᠭᠠᠨ ᠳᠤ ᠵᠧᠵᠢᠶᠠᠩ ᠮᠤᠵᠢ ᠶᠢᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠢᠶᠠ ᠢᠦᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠬᠦ᠋ ᠮᠧᠢ ᠺᠦᠢ︔ ᠵᠢᠶᠠᠩᠰᠦ ᠮᠤᠵᠢ ᠶᠢᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠵᠦ ᠵᠢᠶᠠᠨ ᠬᠤᠸᠠ ᠲᠠᠢ ᠠᠭᠤᠯᠵᠠᠯᠲᠠ ᠬᠢᠵᠦ ᠰᠠᠨᠠᠯ ᠢᠶᠠᠨ ᠰᠣᠯᠢᠯᠴᠠᠪᠠ᠃ ᠵᠧᠵᠢᠶᠠᠩ ᠮᠤᠵᠢ ᠶᠢᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠵᠢᠶᠠ ᠢᠦᠶ ᠂ ᠵᠧᠩ ᠵᠢᠶᠠ ᠮᠧᠢ ᠲᠠᠢ ᠠᠭᠤᠯᠵᠠᠬᠤ ᠳᠠᠭᠠᠨ ᠬᠡᠯᠡᠭᠰᠡᠨ ᠨᠢ ᠂ ᠥᠪᠥᠷ ᠮᠣᠩᠭᠣᠯ ᠤᠨ ᠥᠷᠭᠡᠨ ᠠᠭᠤᠳᠠᠮ ᠲᠠᠯ᠎ᠠ ᠨᠤᠲᠤᠭ ᠢ ᠦᠵᠡᠭᠰᠡᠨ ᠦ ᠳᠠᠷᠠᠭ᠎ᠠ ᠂ ᠮᠠᠨ ᠤ ᠺᠠᠳ᠋ᠷᠴᠤᠳ ᠥᠩᠭᠡᠷᠡᠯᠲᠡ ᠪᠠᠶᠠᠯᠢᠭ ᠪᠣᠯᠵᠠᠶ ᠂ ᠬᠡᠬᠦᠳᠡᠭ ᠴᠡᠭᠡᠵᠢ ᠠᠭᠤᠵᠢᠮ ᠪᠣᠯᠤᠭᠰᠠᠨ ᠪᠦᠭᠡᠳ ᠪᠣᠯᠪᠠᠰᠤᠷᠠᠯ ᠬᠦᠷᠳᠡᠵᠦ᠂ ᠵᠧᠵᠢᠶᠠᠩ ᠪᠣᠯᠤᠨ ᠥᠪᠥᠷ ᠮᠣᠩᠭᠣᠯ ᠪᠣᠯ ᠬᠠᠷᠢᠯᠴᠠᠨ ᠲᠣᠯᠢᠯᠠᠵᠤ ᠬᠠᠷᠢᠯᠴᠠᠨ ᠤᠷᠤᠭᠰᠢᠯᠠᠲᠠᠭ ᠶᠤᠮ ᠃


W020200713372247960716.jpg


ᠰᠢᠨᠵᠢᠯᠡᠨ ᠪᠠᠶᠢᠴᠠᠭᠠᠵᠤ ᠰᠣᠯᠢᠯᠴᠠᠬᠤ ᠣᠢᠶ᠎ᠠ ᠳᠤ ᠂ ᠵᠧᠩ ᠵᠢᠶᠠ ᠮᠧᠶ ᠢᠯᠡᠷᠬᠡᠶᠢᠯᠡᠬᠦ ᠳᠡᠭᠡᠨ ᠂ ᠪᠢᠳᠡ ᠲᠦᠷᠦᠯ ᠰᠠᠳᠤᠨ ᠢᠶᠠᠨ ᠡᠷᠭᠢᠵᠦ ᠦᠵᠡᠬᠦ ᠪᠡᠷ ᠢᠷᠡᠭᠰᠡᠨ ᠶᠤᠮ᠂ ᠠᠬ᠎ᠠ ᠳᠡᠭᠦᠦ ᠮᠤᠵᠢ ᠶᠢᠨ ᠬᠣᠷᠢᠶᠠᠨ ᠤ ᠥᠪᠥᠷ ᠮᠣᠩᠭᠣᠯ ᠳᠤ ᠲᠤᠬᠠᠶᠢᠯᠠᠭᠰᠠᠨ ᠠᠵᠢᠯ ᠤᠨ ᠭᠣᠣᠯᠯᠠᠭᠴᠢ ᠬᠦᠴᠦᠨ ᠲᠣᠮᠢᠯᠠᠭᠰᠠᠨ᠂ ᠨᠣᠮ ᠰᠤᠳᠤᠷ ᠢᠶᠠᠨ ᠤᠯᠠᠮᠵᠢᠯᠠᠵᠤ ᠡᠷᠳᠡᠨᠢ ᠬᠦᠷᠭᠡᠬᠦ ᠶᠢᠨ ᠬᠠᠮᠲᠤ᠂ ᠮᠠᠨ ᠤ ᠰᠣᠩᠭᠣᠨ ᠲᠣᠮᠢᠯᠠᠭᠰᠠᠨ ᠲᠤᠰᠢᠶᠠᠯ ᠡᠭᠦᠷᠭᠡᠯᠡᠬᠦ ᠺᠠᠳ᠋ᠷ ᠲᠤ ᠰᠤᠷᠤᠯᠴᠠᠵᠤ ᠳᠠᠪᠲᠠᠨ ᠪᠣᠯᠪᠠᠰᠤᠷᠠᠬᠤ ᠲᠠᠪᠴᠠᠩ ᠪᠠ ᠠᠮᠢᠳᠤᠷᠠᠯ ᠤᠨ ᠪᠠᠲᠤᠯᠠᠭ᠎ᠠ ᠬᠠᠩᠭᠠᠵᠤ ᠦᠭᠬᠦᠭᠰᠡᠨ ᠳᠦ ᠲᠠᠯᠠᠷᠬᠠᠵᠤ ᠪᠠᠶᠢᠨ᠎ᠠ᠃ ᠨᠢᠭᠡ ᠭᠠᠵᠠᠷ ᠬᠦᠷᠬᠦ ᠪᠦᠷᠢ᠂ ᠵᠧᠩ ᠵᠢᠶᠠ ᠮᠧᠶ ᠴᠥᠮ ᠲᠤᠰᠢᠶᠠᠯ ᠡᠭᠦᠷᠭᠡᠯᠡᠭᠰᠡᠨ ᠺᠠᠳ᠋ᠷ ᠲᠠᠶ ᠰᠠᠭᠤᠲᠠᠯ  ᠤᠨ ᠬᠤᠷᠠᠯ ᠬᠢᠵᠦ ᠂ ᠠᠵᠢᠯ ᠥᠷᠨᠢᠭᠦᠯᠦᠭᠰᠡᠨ ᠪᠠᠶᠢᠳᠠᠯ ᠂ ᠣᠯᠤᠯᠲᠠ ᠲᠥᠷᠥᠭᠳᠡᠯ ᠂ ᠰᠠᠨᠠᠯ ᠰᠠᠨᠠᠭᠤᠯᠭ᠎ᠠ ᠶᠢ ᠰᠣᠨᠣᠰᠴᠤ ᠂ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠶ ᠪᠡᠷ ᠬᠠᠷᠢᠭᠤᠯᠲᠠ ᠥᠭᠪᠡ ᠃ ᠲᠤᠰᠢᠶᠠᠯ ᠡᠭᠦᠷᠭᠡᠯᠡᠬᠦ ᠺᠠᠳ᠋ᠷᠴᠤᠳ ᠤᠨ ᠦᠵᠡᠬᠦ ᠪᠡᠷ ᠂ ᠵᠢᠶᠠᠩᠰᠦ ᠂ ᠵᠧᠵᠢᠶᠠᠩ ᠤᠨ ᠪᠠᠶᠢᠴᠠᠭᠠᠬᠤ ᠠᠵᠢᠯ ᠤᠨ ᠣᠶᠢᠯᠠᠭᠠᠭᠳᠠᠬᠤᠨ ᠲᠡᠷᠢᠭᠦᠨ ᠦ ᠂ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ ᠂ ᠬᠠᠮᠢᠶᠠᠷᠤᠯᠲᠠ ᠨᠠᠷᠢᠯᠢᠭ ᠪᠠᠶᠢᠲᠠᠭ︔ ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠂ ᠬᠡᠪ ᠴᠢᠨᠠᠷ ᠥᠨᠳᠥᠷ ᠂ ᠠᠵᠢᠯ ᠦᠶᠯᠡᠰ ᠢᠶᠡᠨ ᠳᠡᠭᠡᠳᠦᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠲᠠᠶ︔ ᠲᠤᠰᠢᠶᠠᠯ ᠡᠭᠦᠷᠭᠡᠯᠡᠭᠰᠡᠨ ᠺᠠᠳ᠋ᠷ ᠤᠨ ᠠᠮᠢᠳᠤᠷᠠᠯ ᠤᠨ ᠪᠠᠲᠤᠯᠠᠭ᠎ᠠ ᠶᠢ ᠨᠠᠷᠢᠨ ᠨᠢᠭᠲᠠ ᠪᠠᠶᠢᠯᠭᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠬᠥᠮᠦᠵᠢᠭᠦᠯᠬᠦ ᠳᠦ ᠲᠤᠩ ᠤᠬᠢ ᠰᠢᠯᠢᠲᠡᠭ ᠪᠠᠶᠢᠲᠠᠭ ᠃


W020200713372248334362.jpg


ᠵᠧᠩ ᠵᠢᠶᠠ ᠮᠧᠶ ᠲᠦᠷ ᠴᠠᠭ ᠲᠤᠰᠢᠶᠠᠯ ᠡᠭᠦᠷᠭᠡᠯᠡᠭᠰᠡᠨ ᠺᠠᠳ᠋ᠷ ᠢ ᠵᠣᠷᠢᠭᠵᠢᠭᠤᠯᠵᠤ ᠂ ᠲᠤᠰᠢᠶᠠᠯ ᠡᠭᠦᠷᠭᠡᠯᠡᠨ ᠪᠣᠯᠪᠠᠰᠤᠷᠠᠬᠤ ᠲᠣᠬᠢᠶᠠᠯ ᠢ ᠨᠠᠨᠳᠢᠩᠨᠠᠵᠤ᠂ ᠰᠢᠷᠭᠠᠭᠤ ᠰᠤᠷᠤᠯᠴᠠᠨ ᠰᠠᠶᠢᠲᠤᠷ ᠰᠡᠳᠬᠢᠨ ᠪᠣᠳᠣᠯᠬᠢᠯᠠᠵᠤ᠂ ᠡᠬᠢᠨ ᠡᠴᠡ ᠨᠢ ᠳᠠᠭᠤᠰᠲᠠᠯ᠎ᠠ ᠪᠣᠯᠭᠣᠮᠵᠢᠯᠠᠬᠤ ᠬᠡᠷᠡᠭᠲᠡᠶ︔ ᠪᠣᠳᠣᠯᠬᠢᠯᠠᠯ ᠤᠨ ᠭᠦᠨᠴᠡ ᠪᠡᠨ ᠨᠡᠮᠡᠭᠳᠡᠭᠦᠯᠵᠦ᠂ ᠪᠠᠶᠢᠴᠠᠭᠠᠨ ᠰᠤᠳᠤᠯᠬᠤ ᠡᠷᠴᠢᠮ ᠢᠶᠡᠨ ᠴᠢᠩᠭᠠᠷᠠᠭᠤᠯᠵᠤ᠂ ᠲᠤᠰᠢᠶᠠᠯ ᠡᠭᠦᠷᠭᠡᠯᠡᠬᠦ ᠡᠷᠬᠢᠮ ᠨᠠᠨᠳᠢᠨ ᠥᠩᠭᠡᠷᠡᠯᠲᠡ ᠪᠡᠨ ᠪᠣᠳᠠᠲᠠᠶ ᠠᠵᠢᠯ ᠤᠨ ᠴᠢᠳᠠᠪᠤᠷᠢ ᠪᠣᠯᠭᠠᠬᠤ ᠬᠡᠷᠡᠭᠲᠡᠶ︔ ᠬᠣᠯᠪᠣᠭᠠᠰᠤ ᠶᠢᠨ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠤᠰ ᠬᠣᠷᠢᠶ᠎ᠠ ᠪᠣᠯᠤᠨ ᠲᠦᠷ ᠴᠠᠭ ᠲᠤᠰᠢᠶᠠᠯ ᠡᠭᠦᠷᠭᠡᠯᠡᠬᠦ ᠬᠤᠷᠢᠶ᠎ᠠ ᠂ ᠲᠤᠰ ᠭᠠᠵᠠᠷ ᠣᠷᠣᠨ ᠪᠣᠯᠤᠨ ᠲᠦᠷ ᠴᠠᠭ ᠲᠤᠰᠢᠶᠠᠯ ᠡᠭᠦᠷᠭᠡᠯᠡᠬᠦ ᠭᠠᠵᠠᠷ ᠣᠷᠣᠨ ᠯᠤᠭ᠎ᠠ ᠬᠠᠷᠢᠯᠴᠠᠨ ᠨᠡᠪᠲᠡᠷᠡᠯᠴᠡᠬᠦ ᠬᠥᠭᠥᠷᠭᠡ ᠶᠢ ᠪᠠᠶᠢᠭᠤᠯᠬᠤ ᠬᠡᠷᠡᠭᠲᠡᠶ︔ ᠲᠤᠰᠢᠶᠠᠯ ᠡᠭᠦᠷᠭᠡᠯᠡᠨ ᠪᠣᠯᠪᠠᠰᠤᠷᠠᠬᠤ ᠵᠣᠷᠢᠯᠭ᠎ᠠ ᠪᠠᠨ ᠪᠠᠲᠤ ᠴᠡᠭᠡᠵᠢᠯᠡᠵᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠦᠨᠵᠡᠭᠡᠶ ᠰᠠᠨᠠᠭ᠎ᠠ ᠶᠢ ᠣᠨᠣᠪᠴᠢᠲᠠᠶ ᠡᠵᠡᠮᠳᠡᠵᠦ ᠂ ︽ ᠦᠨᠡᠨᠴᠢ ᠰᠢᠳᠤᠷᠭᠤ ᠂ ᠬᠠᠸᠯᠢ ᠶᠢ ᠡᠷᠬᠢᠮᠯᠡᠬᠦ ᠂ ᠪᠠᠭᠲᠠᠭᠠᠮᠵᠢᠲᠠᠶ ᠂ ᠡᠷᠡᠰ ᠬᠠᠲᠠᠭᠤ ︾ ᠥᠪᠥᠷ ᠮᠣᠩᠭᠣᠯ ᠤᠨ ᠪᠠᠶᠢᠴᠠᠭᠠᠬᠤ ᠵᠣᠷᠢᠭ ᠰᠠᠨᠠᠭ᠎ᠠ ᠶᠢ ᠠᠵᠢᠯ ᠨᠢᠭᠡᠪᠦᠷᠢ ᠳᠦ ᠠᠭᠤᠰᠬᠠᠪᠠ᠃ ᠲᠤᠰᠢᠶᠠᠯ ᠡᠭᠦᠷᠭᠡᠯᠡᠬᠦ ᠺᠠᠳ᠋ᠷ ᠢᠯᠡᠷᠬᠡᠶᠢᠯᠡᠬᠦ ᠳᠡᠭᠡᠨ ᠂ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ  ᠶᠢ ᠯᠠᠪ ᠬᠥᠰᠡᠷᠳᠡᠭᠦᠯᠬᠦ ᠦᠭᠡᠢ ᠂ ᠵᠥᠷᠢᠶ᠎ᠡ ᠪᠡᠨ ᠡᠷᠢᠵᠦ ᠂ ᠬᠦᠷᠦᠯᠴᠡᠬᠦ ᠦᠭᠡᠢ ᠲᠠᠯ᠎ᠠ ᠪᠠᠨ ᠮᠡᠳᠡᠵᠦ ᠂ ᠴᠢᠳᠠᠪᠤᠷᠢ ᠪᠠᠨ ᠳᠡᠭᠡᠭᠰᠢᠯᠡᠭᠦᠯᠵᠦ ᠂ ᠴᠢᠷᠮᠠᠶᠢᠨ ᠰᠤᠷᠤᠯᠴᠠᠵᠤ ᠂ ᠰᠡᠳᠬᠢᠨ ᠪᠣᠳᠣᠯᠬᠢᠯᠠᠵᠤ ᠂ ᠮᠡᠳᠡᠬᠦᠢ ᠬᠢᠬᠦᠢ ᠶᠢ ᠨᠢᠭᠡᠳᠬᠡᠵᠦ ᠂ ᠦᠷᠭᠦᠯᠵᠢ ᠨᠡᠪᠲᠡᠷᠡᠯᠴᠡᠵᠦ ᠂ ᠬᠣᠯᠪᠣᠭᠠᠰᠤ ᠬᠢᠵᠦ ᠂ ᠬᠥᠭᠥᠷᠭᠡ ᠪᠣᠰᠬᠠᠵᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠱᠠᠭᠠᠷᠳᠠᠯᠭ᠎ᠠ ᠶᠢ ᠨᠠᠢᠳᠠᠪᠤᠷᠢᠵᠢᠭᠤᠯᠬᠤ ᠂ ᠥᠪᠥᠷ ᠮᠣᠩᠭᠣᠯ ᠤᠨ ᠪᠠᠶᠢᠴᠠᠭᠠᠬᠤ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠵᠦ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠨᠤᠯ ᠤᠨ ᠦᠷ᠎ᠡ ᠪᠦᠲᠦᠭᠡᠯ ᠪᠣᠯᠭᠠᠨ ᠳ᠋ᠦᠩᠨᠡᠵᠦ᠂ ᠦᠢᠯᠡᠳᠦᠯᠭᠡ ᠶᠢᠨ ᠦᠷ ᠎ᠡ ᠪᠦᠲᠦᠭᠡᠯ ᠪᠣᠯᠭᠠᠨ ᠬᠤᠪᠢᠷᠠᠭᠤᠯᠵᠤ᠂ ᠥᠪᠥᠷ ᠮᠣᠩᠭᠣᠯ ᠤᠨ ᠪᠠᠶᠢᠴᠠᠭᠠᠬᠤ ᠦᠢᠯᠡᠰ ᠦᠨ ᠬᠥᠭᠵᠢᠯᠲᠡ ᠳᠦ ᠬᠦᠴᠦᠨ ᠴᠢᠳᠠᠯ ᠢᠶᠠᠨ ᠡᠷᠭᠦᠨ᠎ᠡ ᠃ ᠮᠠᠨ ᠤ ᠣᠷᠣᠨ ᠤ ᠠᠩᠬᠠᠳᠠᠭᠴᠢ ᠪᠦᠯᠦᠭ ᠵᠢᠶᠠᠩᠰᠦ ᠂ ᠵᠧᠵᠢᠶᠠᠩ ᠳᠤ ᠬᠦᠷᠴᠦ ᠰᠣᠯᠢᠯᠴᠠᠭ᠎ᠠ ᠬᠠᠮᠲᠤᠷᠠᠯᠴᠠᠭ᠎ᠠ ᠬᠢᠬᠦ ᠬᠥᠮᠦᠰ ᠲᠤᠰᠢᠶᠠᠯ ᠡᠭᠦᠷᠭᠡᠯᠡᠬᠦ ᠬᠤᠭᠤᠴᠠᠭ᠎ᠠ ᠨᠢ ᠳᠠᠭᠤᠰᠬᠤ ᠭᠡᠵᠦ ᠪᠠᠶᠢᠨ᠎ᠠ ᠂ ᠬᠣᠶᠠᠳᠤᠭᠠᠷ ᠪᠦᠯᠦᠭ ᠦᠨ ᠰᠣᠯᠢᠯᠴᠠᠭ᠎ᠠ ᠬᠠᠮᠲᠤᠷᠠᠯᠴᠠᠭᠠᠨ ᠤ ᠠᠵᠢᠯ ᠨᠢᠭᠡᠨᠲᠡ ᠰᠡᠮᠡᠭᠡᠷ ᠡᠬᠢᠯᠡᠵᠦ᠂ ᠵᠢᠶᠠᠩᠰᠦ᠂ ᠵᠧᠵᠢᠶᠠᠩ ᠠᠴᠠ ᠰᠣᠩᠭᠣᠨ ᠲᠣᠮᠢᠯᠠᠭᠰᠠᠨ 20 ᠪᠠᠶᠢᠴᠠᠭᠠᠬᠤ ᠺᠠᠳ᠋ᠷ ᠨᠢᠭᠡᠨᠲᠡ ᠥᠪᠥᠷ ᠮᠣᠩᠭᠣᠯ ᠤᠨ ᠡᠯ᠎ᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠳᠤ ᠬᠦᠷᠴᠦ ᠲᠤᠰᠢᠶᠠᠯ ᠡᠭᠦᠷᠭᠡᠯᠡᠭᠦᠯᠦᠨ ᠳᠠᠪᠲᠠᠨ ᠪᠣᠯᠪᠠᠰᠤᠷᠠᠭᠤᠯᠬᠤ ᠠᠶᠠᠯᠠᠯ ᠢᠶᠠᠨ ᠡᠬᠢᠯᠡᠭᠦᠯᠪᠡ᠃ ᠥᠪᠥᠷ ᠮᠣᠩᠭᠣᠯ ᠱᠠᠩᠬᠠᠶ ᠵᠢᠶᠠᠩᠰᠦ ᠵᠧᠵᠢᠶᠠᠩ ᠲᠠᠶ ᠬᠠᠮᠲᠤ ᠲᠡᠳᠡᠨ ᠦ ᠭᠣᠶᠢᠳᠠ ᠰᠠᠶᠢᠬᠠᠨ ᠢᠯᠡᠷᠡᠯ ᠢ ᠬᠦᠰᠡᠮᠵᠢᠯᠡᠵᠦ ᠪᠤᠢ ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro