ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠳᠤᠲᠤᠷ᠎ᠠ ᠪᠠᠨ ᠲᠤᠭᠠᠲᠠᠢ ᠪᠠᠶᠢᠮᠠᠨᠵᠢᠨ  ᠭᠠᠷᠳᠠᠵᠤ ᠴᠢᠳᠠᠨ᠎ᠠ᠎᠎   ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠪᠦᠬᠦ ᠣᠷᠣᠨ ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ  ᠶᠢᠨ ᠵᠠᠲᠠᠯᠤᠯᠲᠠ  ᠶᠢᠨ ᠰᠤᠳᠤᠯᠤᠨ ᠮᠠᠭᠠᠳᠯᠠᠬᠤ ᠵᠦᠪᠲᠡᠯᠴᠡᠬᠦ ᠬᠤᠷᠠᠯ ᠬᠤᠷᠠᠯᠳᠤᠭᠤᠯᠪᠠ

2020-07-27 17:26:39
ᠵᠣᠬᠢᠶᠠᠭᠴᠢ
ᠭᠡᠭᠡᠷᠡᠯ

A_副本~1.JPG

7 ᠰᠠᠷ᠎ᠠ ᠶᠢᠨ 20 ᠤ ᠡᠳᠦᠷ ᠡᠴᠡ 21 ᠦ ᠡᠳᠦᠷ ᠪᠣᠯᠲᠠᠯ᠎ᠠ ᠂ ᠪᠠᠶᠢᠴᠠᠭᠠᠬᠤ ᠳᠠᠷᠤᠭ᠎ᠠ ᠯᠢ ᠴᠢ ᠯᠢᠨ 2020 ᠣᠨ ᠤ ᠠᠩᠬ᠎ᠠ ᠤᠲᠠᠭᠠᠨ ᠤ ᠪᠥᠬᠥ ᠣᠷᠣᠨ ᠤ ᠪᠠᠶᠢᠴᠠᠭᠠᠬᠤ ᠠᠵᠢᠯ ᠤᠨ ᠲᠣᠭ᠎ᠠ ᠪᠠᠷᠢᠮᠲᠠ  ᠶᠢᠨ ᠵᠠᠲᠠᠯᠤᠯᠲᠠ  ᠶᠢᠨ ᠰᠤᠳᠤᠯᠤᠨ ᠮᠠᠭᠠᠳᠯᠠᠬᠤ ᠵᠦᠪᠲᠡᠯᠴᠡᠬᠦ ᠬᠤᠷᠠᠯ  ᠢ ᠡᠷᠭᠢᠯᠡᠨ ᠬᠤᠷᠠᠯᠳᠤᠭᠤᠯᠪᠠ ᠃ ᠬᠤᠷᠠᠯ ᠨᠢ ᠬᠣᠶᠠᠷ ᠬᠠᠭᠠᠰ ᠡᠳᠦᠷ ᠦᠨ ᠴᠠᠭ ᠵᠠᠷᠤᠴᠠᠭᠤᠯᠵᠤ ᠂ 1 ᠰᠠᠷ᠎ᠠ ᠠᠴᠠ 6 ᠰᠠᠷ᠎ᠠ ᠪᠤᠯᠲᠠᠯᠠᠬᠢ ᠪᠥᠬᠥ ᠣᠷᠣᠨ ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ ᠶᠢᠨ ᠪᠠᠶᠢᠳᠠᠯ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠠᠶᠢᠭᠤᠯᠭ᠎ᠠ ᠶᠢᠨ ᠨᠢᠭᠡᠳᠦᠭᠡᠷ ᠤᠯᠠᠷᠢᠯ ᠤᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠦᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠢ ᠨᠡᠶᠢᠲᠡᠯᠡᠪᠡ᠃ ᠬᠡᠷᠡᠭ ᠦᠨ ᠬᠠᠮᠢᠶᠠᠷᠤᠯᠲᠠ ᠶᠢᠨ ᠠᠯᠪᠠᠨ ᠭᠡᠷ ᠦᠨ ᠠᠵᠢᠯᠲᠠᠳ ᠪᠦᠬᠦ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ  ᠳᠦ ᠬᠤᠷᠠᠯ ᠠᠴᠠ ᠡᠮᠦᠨ᠎ᠡ ᠡᠮᠬᠢᠳᠬᠡᠭᠰᠡᠨ 《 2020 ᠤᠨ  ᠤ ᠳᠡᠭᠡᠷ᠎ᠡ ᠬᠠᠭᠠᠰ ᠵᠢᠯ ᠦᠨ ᠪᠦᠬᠦ ᠣᠷᠣᠨ ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ  ᠶᠢᠨ ᠵᠠᠲᠠᠯᠤᠯᠲᠠ  ᠶᠢᠨ ᠰᠤᠳᠤᠯᠤᠨ ᠮᠠᠭᠠᠳᠯᠠᠭᠰᠠᠨ ᠮᠡᠳᠡᠭᠦᠯᠦᠯᠲᠡ 》 ᠶᠢ ᠬᠤᠪᠢᠶᠠᠨ ᠲᠠᠷᠬᠠᠭᠠᠵᠦ ᠂ ᠨᠢᠭᠡᠳᠦᠭᠡᠷ ᠪᠠᠶᠢᠴᠠᠭᠠᠬᠤ  ᠬᠡᠯᠲᠡᠰ ᠡᠴᠡ ᠠᠷᠪᠠᠳᠤᠭᠠᠷ ᠪᠠᠶᠢᠴᠠᠭᠠᠬᠤ  ᠬᠡᠯᠲᠡᠰ ᠂ ᠬᠠᠸᠯᠢ ᠴᠠᠭᠠᠵᠠ ᠲᠥᠷᠥ  ᠶᠢᠨ ᠪᠣᠳᠣᠯᠭ᠎ᠠ  ᠶᠢᠨ ᠰᠤᠳᠤᠯᠬᠤ ᠭᠡᠷ ᠂ ᠬᠡᠷᠡᠭ  ᠦᠨ ᠬᠠᠮᠢᠶᠠᠷᠤᠯᠲᠠ  ᠶᠢᠨ ᠠᠯᠪᠠᠨ ᠭᠡᠷ  ᠦᠨ ᠬᠠᠷᠢᠭᠤᠴᠠᠯᠭᠠᠲᠠᠨ ᠲᠤᠰ ᠰᠠᠯᠠᠭ᠎ᠠ ᠮᠥᠴᠢᠷ ᠂ ᠲᠤᠰ ᠲᠦᠷᠦᠯ ᠵᠦᠶᠯ  ᠦᠨ ᠱᠤᠭᠤᠮ  ᠤᠨ ᠲᠤᠬᠠᠶᠢᠯᠠᠭᠰᠠᠨ ᠠᠵᠢᠯ  ᠤᠨ ᠲᠣᠭ᠎ᠠ ᠪᠠᠷᠢᠮᠲᠠ  ᠳᠤ ᠴᠢᠭᠯᠡᠭᠦᠯᠦᠨ ᠂ ᠰᠢᠯᠲᠠᠭᠠᠨ ᠢ ᠵᠠᠳᠠᠯᠤᠨ ᠰᠢᠨᠵᠢᠯᠡᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ ᠂ ᠡᠯ᠎ᠡ ᠰᠠᠯᠠᠭ᠎ᠠ ᠮᠥᠴᠢᠷ ᠦᠨ ᠬᠤᠪᠢᠳᠠᠨ ᠬᠠᠮᠢᠶᠠᠷᠬᠤ ᠬᠣᠷᠢᠶ᠎ᠠ ᠶᠢᠨ ᠤᠳᠤᠷᠢᠳᠤᠯᠭ᠎ᠠ ᠦᠨᠡᠯᠡᠯᠲᠡ ᠬᠢᠪᠡ ᠃

b.jpg

ᠯᠢ ᠴᠢ ᠯᠢᠨ ᠴᠢᠬᠤᠯᠠᠴᠢᠯᠠᠭᠰᠠᠨ ᠨᠢ ᠂ ︽ ᠵᠥᠷᠢᠶ᠎ᠡ ᠪᠡᠨ ᠡᠷᠢᠵᠦ ᠂ ᠳᠤᠲᠠᠭᠤᠳᠠᠯ ᠢᠶᠠᠨ ᠨᠥᠬᠥᠪᠥᠷᠢᠯᠡᠬᠦ ︾ ᠨᠢ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠰᠡᠳᠬᠢᠬᠦᠶ ᠶᠢᠨ ᠠᠷᠭ᠎ᠠ ᠮᠠᠶ᠋ᠢᠭ ᠪᠠ ᠠᠵᠢᠯ ᠤᠨ ᠠᠷᠭ᠎ᠠ ᠮᠠᠶ᠋ᠢᠭ ᠪᠣᠯᠵᠣ ᠂ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠨ ᠬᠡᠷᠡᠭᠯᠡᠬᠦ  ᠶᠢᠨ ᠭᠣᠣᠯ ᠵᠣᠷᠢᠯᠭ᠎ᠠ ᠨᠢ ᠤᠷᠢᠳᠴᠢᠯᠠᠨ ᠲᠣᠭᠲᠠᠭᠠᠭᠰᠠᠨ ᠠᠵᠢᠯ ᠤᠨ ᠬᠠᠷᠠᠯᠲᠠ ᠡᠭᠦᠷᠭᠡ ᠪᠡᠨ ᠪᠡᠶᠡᠯᠡᠭᠦᠯᠵᠦ ᠂ 《 ᠳᠥᠷᠪᠡᠨ ᠶᠡᠬᠡ ᠪᠠᠶᠢᠴᠠᠭᠠᠬᠤ 》 ᠪᠠ 《 ᠠᠷᠪᠠᠨ ᠶᠡᠬᠡ ᠲᠤᠬᠠᠶᠢᠯᠠᠭᠰᠠᠨ ᠠᠵᠢᠯ 》 ᠢ ᠠᠬᠢᠭᠤᠯᠵᠤ ᠂ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠪᠦᠬᠦ ᠲᠠᠯ᠎ᠠ ᠪᠠ ᠪᠠᠶᠢᠴᠠᠭᠠᠬᠤ ᠠᠵᠢᠯ ᠤᠨ ᠶᠡᠬᠡ ᠲᠠᠯ᠎ᠠ ᠳᠤ ᠦᠢᠯᠡᠴᠢᠯᠡᠵᠦ ᠂ ᠠᠷᠠᠳ ᠤᠯᠠᠨ ᠤ ᠬᠠᠸᠯᠢ ᠪᠠᠷ ᠵᠠᠰᠠᠬᠤ ᠪᠠᠶᠢᠭᠤᠯᠤᠯᠲᠠ ᠶᠢᠨ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ ᠨᠢᠭᠡ ᠳᠦ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠬᠦᠴᠦᠨ ᠢᠶᠡᠨ ᠲᠥᠪᠯᠡᠷᠡᠭᠦᠯᠦᠨ ᠬᠢᠬᠦ ᠬᠡᠷᠡᠭᠲᠡᠶ ᠃ ᠬᠠᠷ᠎ᠠ ᠬᠠᠷᠭᠢᠰ ᠬᠡᠷᠡᠭ ᠢ ᠪᠠᠶᠢᠴᠠᠭᠠᠬᠤ ᠭᠣᠭᠴᠣᠭ᠎ᠠ ᠳᠤ ᠰᠠᠭᠠᠲᠠᠭᠠᠵᠤ ᠶᠠᠭᠠᠬᠢᠭᠰᠠᠨ ᠴᠤ ᠪᠣᠯᠬᠤ ᠦᠭᠡᠢ ᠂ ᠴᠠᠭ ᠬᠤᠭᠤᠴᠠᠭ᠎ᠠ ᠨᠢ ᠶᠠᠰᠤ ᠴᠢᠨᠠᠷ ᠢ  ᠳᠠᠭᠠᠬᠤ ᠶᠢ ᠪᠠᠷᠢᠮᠲᠠᠯᠠᠵᠤ ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠂ ᠠᠶᠢᠮᠠᠭ ᠬᠣᠲᠠ ᠶᠢᠨ ᠪᠠᠶᠢᠴᠠᠭᠠᠬᠤ ᠬᠣᠷᠢᠶ᠎ᠠ ︵ ᠬᠤᠪᠢᠶᠠᠷᠢ ︶ ᠬᠣᠷᠢᠶ᠎ᠠ ᠶᠢᠨ ᠨᠢᠭᠡᠳᠦᠯᠲᠡᠶ ᠬᠠᠷᠢᠭᠤᠴᠠᠬᠤ ᠳᠦᠷᠢᠮ ᠢ ᠨᠠᠶᠢᠲᠠᠪᠤᠷᠢᠵᠢᠭᠤᠯᠵᠤ ᠂ ᠬᠠᠷ᠎ᠠ ᠪᠦᠯᠦᠭᠲᠡᠨ ᠦ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ ᠪᠦᠬᠦᠨ ᠳᠦ ᠴᠥᠮ ᠤᠷᠢᠳᠴᠢᠯᠠᠨ ᠣᠷᠣᠯᠴᠠᠵᠤ ᠂ 《 ᠨᠢᠭᠡ ᠶᠢ ᠴᠦ ᠲᠠᠯᠪᠢᠵᠤ ᠶᠠᠪᠤᠭᠤᠯᠬᠤ ᠦᠭᠡᠢ ᠂ ᠨᠢᠭᠡ ᠶᠢ ᠴᠦ ᠲᠣᠭ᠎ᠠ ᠪᠥᠭᠯᠡᠬᠦ ᠦᠭᠡᠢ 》 ᠪᠠᠶᠢᠬᠤ ᠬᠤᠷᠢᠭ᠎ᠠ ᠱᠤᠭᠤᠮ ᠪᠠ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠬᠡᠷᠡᠭ ᠨᠢᠭᠡᠪᠦᠷᠢ ᠶᠢ ᠬᠠᠸᠯᠢ ᠴᠠᠭᠠᠵᠠ᠂ ᠲᠡᠸᠬᠡ᠂ ᠦᠶᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠲᠡᠶᠢᠯᠡᠬᠦᠶᠢᠴᠡ ᠲᠡᠮᠦᠷ ᠬᠡᠷᠡᠭ ᠪᠤᠯᠭᠠᠨ᠎ᠠ ᠃ ᠬᠣᠶᠠᠷ ᠲᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠳᠦ ᠦᠶᠯᠡᠴᠢᠯᠡᠬᠦ ᠬᠡᠷᠡᠭᠲᠡᠶ᠃ ᠪᠣᠳᠠᠲᠤ ᠠᠵᠢᠯᠯᠠᠭ᠎ᠠ ᠪᠠᠷ ᠢᠶᠠᠨ 《 ᠵᠢᠷᠭᠤᠭ᠎ᠠ ᠶᠢ ᠲᠣᠭᠲᠠᠭᠤᠨ ᠪᠠᠶᠢᠯᠭᠠᠬᠤ 》 《 ᠵᠢᠷᠭᠤᠭ᠎ᠠ ᠶᠢ ᠪᠠᠲᠤᠯᠠᠬᠤ 》 ᠶᠢ ᠨᠠᠶᠢᠲᠠᠪᠤᠷᠢᠵᠢᠭᠤᠯᠵᠤ ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ 《ᠪᠠᠷᠢᠪᠴᠢᠯᠠᠬᠤ ᠦᠭᠡᠶ ᠪᠠᠶᠢᠵᠤ ᠪᠣᠯᠬᠤ  ᠶᠢ ᠨᠢ ᠪᠠᠷᠢᠪᠴᠢᠯᠠᠬᠤ ᠦᠭᠡᠶ᠂ ᠵᠠᠭᠠᠯᠳᠤᠬᠤ ᠦᠭᠡᠶ ᠪᠠᠶᠢᠵᠤ ᠪᠣᠯᠬᠤ  ᠶᠢ ᠨᠢ ᠵᠠᠭᠠᠯᠳᠤᠬᠤ ᠦᠭᠡᠶ᠂ ᠪᠣᠳᠠᠲᠤ ᠡᠷᠡᠭᠦᠸ  ᠪᠡᠷ ᠰᠢᠢᠳᠭᠡᠬᠦ ᠦᠭᠡᠶ ᠪᠠᠶᠢᠵᠤ ᠪᠣᠯᠬᠤ  ᠶᠢ ᠨᠢ ᠡᠷᠡᠬᠦᠥ ᠠᠯᠭᠤᠷᠯᠠᠯᠳᠠ  ᠶᠢ ᠲᠤᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠬᠤ》 ᠲᠤᠬᠠᠶ ᠲᠥᠷᠥ  ᠶᠢᠨ ᠪᠣᠳᠣᠯᠭ᠎ᠠ  ᠶᠢ ᠲᠤᠸᠱᠯᠠᠭᠤᠯᠵᠤ᠂ ᠨᠡᠶᠢᠲᠡ  ᠶᠢᠨ ᠪᠤᠰᠤ ᠠᠵᠤ ᠠᠬᠤᠶ  ᠳᠤ ᠬᠣᠯᠪᠣᠭᠳᠠᠭᠰᠠᠨ ᠬᠡᠷᠡᠭ  ᠢ ᠬᠡᠷᠡᠭ ᠪᠣᠯᠭᠠᠨ ᠳᠠᠩᠰᠠᠯᠠᠬᠤ  ᠳᠤ ᠬᠢᠨᠠᠯᠲᠠ ᠲᠠᠯᠪᠢᠬᠤ ᠪᠠ ᠬᠣᠷᠢᠬᠤ ᠴᠢᠬᠤᠯᠠ ᠴᠢᠨᠠᠷ  ᠢ ᠬᠢᠨᠠᠨ ᠪᠠᠶᠢᠴᠠᠭᠠᠬᠤ  ᠶᠢ ᠴᠢᠩᠭᠠᠳᠬᠠᠨ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠣᠯᠪᠣᠭᠳᠠᠭᠰᠠᠨ ᠢᠷᠭᠡᠨ ᠦ ᠬᠡᠷᠡᠭ ᠦᠨ ᠰᠢᠭᠦᠨ ᠲᠠᠰᠤᠯᠤᠯᠲᠠ ᠪᠠ ᠭᠦᠶᠴᠡᠳᠬᠡᠬᠦ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ ᠃ ᠡᠭᠦᠨ ᠦ ᠬᠠᠮᠲᠤ ︽ ᠬᠠᠮᠠᠭᠠᠯᠠᠬᠤ ᠨᠢ ᠳᠤᠷ᠎ᠠ ᠪᠠᠷ ᠨᠢ ᠲᠠᠯᠪᠢᠬᠤ ᠪᠢᠰᠢ ︾ ᠭᠡᠳᠡᠭ ᠢ ᠰᠠᠶᠢᠲᠤᠷ ᠡᠵᠡᠮᠳᠡᠵᠦ ᠂ ᠡᠨᠡ ᠵᠢᠯ ᠨᠡᠶᠢᠲᠡ ᠶᠢᠨ ᠥᠮᠴᠢᠯᠡᠯ ᠦᠨ ᠪᠤᠰᠤ ᠠᠵᠤ ᠠᠬᠤᠶ ᠳᠤ ᠬᠣᠯᠪᠣᠭᠳᠠᠭᠰᠠᠨ ᠭᠣᠮᠣᠳᠠᠯ ᠲᠣᠭᠠᠴᠢᠭᠰᠠᠨ ᠬᠡᠷᠡᠭ ᠢ ᠲᠤᠰᠬᠠᠶ ᠵᠦᠶᠯ ᠢᠶᠡᠷ ᠠᠷᠢᠯᠭᠠᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠬᠦ ᠬᠡᠷᠡᠭᠲᠡᠶ ᠃ ᠭᠤᠷᠪᠠ ᠳᠤ ᠶᠠᠯ᠎ᠠ ᠪᠠᠨ ᠮᠡᠲᠡᠷᠡᠵᠦ ᠰᠢᠶᠳᠬᠡᠯ ᠢ ᠬᠦᠯᠢᠶᠡᠭᠰᠡᠨ  ᠢ ᠠᠭᠤᠴᠢᠯᠠᠨ ᠰᠢᠶᠳᠬᠡᠬᠦ ᠳᠦᠷᠢᠮ ᠢ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠨᠡᠮᠡᠭᠳᠡᠭᠦᠯᠵᠦ ᠂ ᠲᠤᠬᠠᠶ ᠶᠢᠨ ᠬᠥᠮᠦᠨ ᠲᠡᠶ ᠨᠡᠪᠲᠡᠷᠡᠯᠴᠡᠬᠦ ᠶᠢ ᠠᠩᠬᠠᠷᠴᠤ ᠂ ᠬᠠᠸᠯᠢᠴᠢ ᠶᠢᠨ ᠰᠠᠨᠠᠯ ᠢ ᠭᠦᠶᠴᠡᠳ ᠰᠣᠨᠣᠰᠴᠤ ᠂ ᠬᠠᠸᠯᠢ ᠶᠢ ᠲᠠᠶᠢᠯᠪᠤᠷᠢᠯᠠᠵᠤ ᠶᠣᠰᠣ ᠶᠠᠷᠢᠬᠤ ᠠᠵᠢᠯ ᠢ ᠨᠠᠩ ᠭᠦᠶᠴᠡᠳ ᠬᠢᠨ᠎ᠡ  ᠃ ᠡᠷᠡᠭᠦᠸ ᠰᠢᠶᠳᠬᠡᠯ ᠣᠨᠣᠭᠳᠠᠭᠤᠯᠬᠤ ᠰᠠᠨᠠᠭᠤᠯᠭ᠎ᠠ ᠶᠢᠨ ᠪᠦᠷᠢᠯᠳᠦᠬᠦ ᠶᠠᠪᠤᠴᠠ ᠳᠤ ᠢᠵᠢᠯ ᠠᠯᠬᠤᠮ ᠢᠶᠠᠷ ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠬᠤᠪᠢᠳᠠᠨ ᠬᠠᠮᠢᠶᠠᠷᠴᠤ ᠪᠦᠬᠦᠢ ᠪᠠᠶᠢᠴᠠᠭᠠᠬᠤ ᠳᠠᠷᠤᠭ᠎ᠠ ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠲᠤᠰᠬᠠᠶ ᠬᠡᠷᠡᠭ ᠲᠦ ᠬᠢᠨᠠᠯᠲᠠ ᠲᠠᠯᠪᠢᠬᠤ ᠂ ᠰᠤᠩᠭᠤᠨ ᠪᠠᠶᠢᠴᠠᠭᠠᠬᠤ ᠂ ᠦᠨᠡᠯᠡᠨ ᠪᠠᠶᠢᠴᠠᠭᠠᠬᠤ ᠂ ᠲᠤᠰᠬᠠᠶ ᠦᠨᠡᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠯᠲᠠ ᠲᠠᠯᠪᠢᠵᠤ ᠬᠠᠮᠢᠶᠠᠷᠴᠤ ᠂ ᠡᠷᠡᠭᠦᠸ ᠰᠢᠶᠳᠬᠡᠯ ᠣᠨᠣᠭᠳᠠᠭᠤᠯᠬᠤ ᠰᠠᠨᠠᠭᠤᠯᠭ᠎ᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠃ ᠲᠦᠷᠪᠡ ᠳᠦ ᠪᠠᠶᠢᠴᠠᠭᠠᠬᠤ ᠰᠠᠨᠠᠭᠤᠯᠭ᠎ᠠ ᠶᠢᠨ ᠦᠶᠯᠡᠳᠦᠯ ᠢ ᠪᠠᠳᠠᠷᠠᠭᠤᠯᠵᠤ ᠨᠡᠶᠢᠭᠡᠮ ᠦᠨ ᠵᠠᠰᠠᠯᠲᠠ ᠶᠢ ᠠᠬᠢᠭᠤᠯᠬᠤ ᠬᠡᠷᠡᠭᠲᠡᠶ᠃ 《 ᠨᠢᠭᠡᠳᠦᠭᠡᠷ ᠲᠤᠭᠠᠲᠤ  ᠪᠠᠶᠢᠴᠠᠭᠠᠬᠤ ᠰᠠᠨᠠᠭᠤᠯᠭ᠎ᠠ 》 《 ᠭᠤᠷᠪᠠᠳᠤᠭᠠᠷ ᠲᠤᠭᠠᠲᠤ ᠪᠠᠶᠢᠴᠠᠭᠠᠬᠤ ᠰᠠᠨᠠᠭᠤᠯᠭ᠎ᠠ 》 ᠶᠢ ᠲᠠᠬᠢᠨ ᠲᠠᠪᠲᠠᠨ ᠨᠠᠶᠢᠳᠠᠪᠤᠷᠢᠵᠢᠭᠤᠯᠬᠤ  ᠶᠢ ᠦᠷᠭᠦᠯᠵᠢᠯᠡᠨ ᠬᠢᠨᠠᠨ ᠵᠢᠯᠣᠭᠣᠳᠴᠤ ᠂ ᠴᠠᠭ  ᠲᠤᠨᠢ ᠲᠣᠬᠢᠷᠠᠭᠤᠯᠤᠨ ᠠᠳᠠᠯᠢ ᠱᠠᠲᠤᠨ  ᠤ ᠨᠠᠮ ᠵᠠᠰᠠᠭ  ᠤᠨ ᠤᠳᠤᠷᠢᠳᠤᠯᠭ᠎ᠠ  ᠶᠢ ᠤᠷᠢᠵᠤ 《 ᠨᠢᠭᠡᠳᠦᠭᠡᠷ ᠲᠤᠭᠠᠲᠤ  ᠪᠠᠶᠢᠴᠠᠭᠠᠬᠤ ᠰᠠᠨᠠᠭᠤᠯᠭ᠎ᠠ 》  ᠶᠢ  ᠨᠠᠶᠢᠲᠠᠪᠤᠷᠢᠵᠢᠭᠤᠯᠤᠭᠰᠠᠨ ᠪᠠᠶᠢᠲᠠᠯ  ᠢ ᠲᠤᠬᠠᠶ  ᠶᠢᠨ ᠭᠠᠵᠠᠷ  ᠲᠤᠨᠢ ᠪᠠᠶᠢᠴᠠᠭᠠᠨ ᠰᠤᠷᠪᠤᠯᠵᠢᠯᠠᠵᠤ ᠬᠢᠨᠠᠨ ᠵᠢᠯᠣᠭᠣᠳᠴᠤ ᠂ ᠮᠥᠩᠭᠥᠨ ᠭᠦᠢᠯᠭᠡᠭᠡᠨ ᠦ ᠪᠠᠶᠢᠭᠤᠯᠤᠮᠵᠢ ᠂ ᠠᠵᠢᠯ ᠲᠥᠷᠥᠯ ᠦᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦ᠋ᠭᠡ ᠬᠠᠮᠲᠤᠷᠦᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠮᠥᠩᠭᠥᠨ ᠭᠦᠶᠯᠭᠡᠭᠡᠨ ᠦ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ 《 ᠭᠤᠷᠪᠠᠳᠤᠭᠠᠷ ᠲᠤᠭᠠᠲᠤ ᠪᠠᠶᠢᠴᠠᠭᠠᠬᠤ ᠰᠠᠨᠠᠭᠤᠯᠭ᠎ᠠ 》 ᠶᠢ ᠪᠣᠳᠠᠲᠠᠶ ᠭᠠᠵᠠᠷ ᠲᠤᠨᠢ ᠨᠠᠶᠢᠲᠠᠪᠤᠷᠢᠵᠢᠭᠤᠯᠤᠨ᠎ᠠ ᠃ ᠲᠠᠪᠤ ᠳᠤ ᠠᠷᠠᠳ ᠲᠦᠮᠡᠨ ᠢᠶᠡᠷ ᠭᠣᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ ᠂ ᠠᠷᠠᠳ ᠢᠷᠭᠡᠳ ᠦᠨ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠬᠦᠢᠲᠡᠨ ᠢ ᠵᠢᠷᠦᠬᠡᠨ  ᠳᠡᠭᠡᠨ ᠴᠡᠭᠡᠵᠢᠯᠡᠵᠦ ᠂ ᠢᠷᠭᠡᠨ ᠦ ᠬᠡᠷᠡᠭ ᠦᠨ ᠬᠠᠸᠯᠢ ᠪᠠᠷᠢᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ︔ᠨᠡᠶᠢᠲᠡ ᠶᠢᠨ ᠠᠰᠢᠭᠲᠤ  ᠵᠠᠷᠭᠤ ᠶᠢᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ︔ ︽ ᠣᠯᠠᠨ ᠲᠦᠮᠡᠨ ᠦ ᠵᠠᠬᠢᠳᠠᠯ ᠪᠤᠯᠭᠠᠨ ᠳᠦ ᠬᠠᠷᠢᠭᠤᠯᠲᠠ ᠥᠭᠬᠦ ︾ ᠠᠵᠢᠯ ᠢ ᠪᠣᠳᠠᠲᠠᠶ ᠭᠠᠵᠠᠷ ᠲᠤᠨᠢ ᠨᠠᠶᠢᠲᠠᠪᠤᠷᠢᠵᠢᠭᠤᠯᠤᠨ᠎ᠠ ︔ ᠪᠠᠶᠢᠴᠠᠭᠠᠬᠤ ᠳᠠᠷᠤᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠬᠡᠷᠡᠭ ᠰᠢᠶᠳᠪᠦᠷᠢᠯᠡᠬᠦ ᠶᠢ ᠵᠣᠷᠢᠭᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ᠂ ᠬᠨᠲᠠᠭᠠᠰᠤ ᠬᠡᠷᠡᠭ ᠢ ᠠᠷᠢᠯᠭᠠᠬᠤ ᠶᠢ ᠵᠣᠷᠢᠭᠵᠢᠭᠤᠯᠤᠨ᠎ᠠ︔ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠢ ᠬᠦᠴᠦᠲᠡᠢ ᠠᠬᠢᠭᠤᠯᠤᠨ᠎ᠠ ︔ ᠪᠦᠬᠦ ᠬᠦᠴᠦ ᠪᠡᠷ ᠢᠶᠡᠨ ᠬᠡᠷᠡᠭ ᠦᠨ ᠬᠠᠷᠢᠴᠠᠯ ᠢ ᠪᠠᠭᠤᠷᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ 《ᠬᠠᠸᠯᠢ ᠪᠠᠷ ᠵᠠᠰᠠᠬᠤ ᠳᠤᠯᠠᠭᠠᠨ ᠤ ᠬᠡᠮᠵᠢᠶ᠎ᠡ》 ᠶᠢ ᠪᠠᠶᠢᠴᠠᠭᠠᠬᠤ ᠠᠵᠢᠯ ᠨᠢᠭᠡᠪᠦᠷᠢ ᠳᠦ ᠨᠡᠪᠴᠢᠭᠦᠯᠦᠨ᠎ᠡ ᠃

D_副本~1.JPG

ᠯᠢ ᠴᠢ ᠯᠢᠨ ᠢᠯᠡᠷᠬᠡᠶᠢᠯᠡᠬᠦ ᠳᠡᠭᠡᠨ ᠂ ᠲᠣᠰ ᠤᠳᠠᠭᠠᠨ ᠤ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ  ᠶᠢᠨ ᠵᠠᠲᠠᠯᠤᠯᠲᠠ  ᠶᠢᠨ ᠰᠤᠳᠤᠯᠤᠨ ᠮᠠᠭᠠᠳᠯᠠᠬᠤ ᠵᠦᠪᠲᠡᠯᠴᠡᠬᠦ ᠬᠤᠷᠠᠯ ᠨᠢ ᠭᠣᠸᠯ ᠪᠣᠯᠬᠤ ᠲᠣᠭ᠎ᠠ ᠪᠠᠷᠢᠮᠲᠠ ᠪᠠ ︽ ᠬᠡᠷᠡᠭ ᠦᠨ ᠶᠠᠰᠤ ᠴᠢᠨᠠᠷ ᠤᠨ ᠦᠨᠡᠯᠡᠯᠲᠡ ᠶᠢᠨ ᠭᠦᠶᠴᠡᠳᠬᠡᠯ ᠲᠣᠭ᠎ᠠ ︾ ᠵᠢ ᠳᠣᠪᠣᠶᠢᠯᠭᠠᠭᠰᠠᠨ ᠢᠶᠠᠷ ᠪᠠᠷᠠᠬᠤ ᠥᠬᠡᠶ ᠂ ᠴᠤᠪᠤᠷᠠᠯ ᠢ ᠬᠢᠨᠠᠨ ᠡᠵᠡᠮᠳᠡᠬᠦ ᠪᠠ ᠬᠡᠷᠡᠭ ᠦᠨ ᠺᠠᠷᠲ ᠢ ᠲᠠᠭᠯᠠᠨ ᠲᠡᠮᠳᠡᠭᠯᠡᠬᠦ ᠳᠤᠮᠳᠠ ᠢᠯᠡᠷᠡᠭᠦᠯᠦᠭᠰᠡᠨ ᠲᠣᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠤᠨ ᠠᠰᠠᠭᠤᠳᠠᠯ ᠢ ᠪᠠᠭᠲᠠᠭᠠᠭᠰᠠᠨ ᠪᠠᠶᠢᠨ᠎ᠠ ᠃ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠣᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠠᠵᠢᠯ ᠤᠨ 《 ᠰᠠᠯᠬᠢᠨ ᠤ ᠵᠦᠭᠯᠡᠭᠦᠷ 》 《 ᠳᠣᠬᠢᠭᠤᠷ 》 ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠲᠣᠭ᠎ᠠ ᠪᠠᠷᠢᠮᠲᠠ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ ᠂ ᠪᠠᠶᠢᠴᠠᠭᠠᠬᠤ ᠠᠵᠢᠯ ᠤᠨ ᠭᠠᠷᠳᠠᠬᠤ ᠴᠡᠭ  ᠢ ᠣᠨᠣᠪᠴᠢᠲᠠᠶ ᠡᠷᠢᠵᠦ ᠂ ᠵᠥᠪᠳᠡᠯᠴᠡᠬᠦ ᠬᠤᠷᠠᠯ ᠤᠨ ᠦᠷ᠎ᠡ ᠪᠦᠲᠦᠭᠡᠯ ᠢ ᠪᠠᠶᠢᠴᠠᠭᠠᠬᠤ ᠦᠶᠯᠡᠳᠦᠯᠭᠡ ᠶᠢᠨ ᠳᠤᠮᠳᠠ ᠬᠡᠷᠡᠭᠯᠡᠵᠦ᠂ ᠪᠠᠶᠢᠴᠠᠭᠠᠬᠤ ᠠᠵᠢᠯ ᠤᠨ ᠲᠠᠬᠢᠨ ᠰᠢᠨ᠎ᠡ ᠳᠡᠭᠲᠡᠷ ᠲᠦ ᠭᠠᠷᠬᠤ ᠶᠢ ᠠᠬᠢᠭᠤᠯᠤᠨ᠎ᠠ ᠃

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro