ᠬᠠᠷᠠᠭᠠᠨ ᠳᠠᠪᠲᠠᠮᠵᠢ ᠪᠠᠷ ᠰᠤᠷᠪᠤᠯᠵᠢᠯᠠᠯ ᠬᠦᠯᠢᠶᠡᠬᠦ ᠳᠤ ᠠᠩᠬᠠᠷᠬᠤ ᠵᠤᠶᠢᠯ

2016-06-03 14:39:13

ᠨᠢᠭᠡ᠂ ᠵᠠᠭᠠᠯᠳᠤᠭᠴᠢ᠂ ᠭᠤᠮᠤᠳᠠᠯ ᠲᠤᠭᠠᠴᠢᠭᠴᠢ ᠡᠷᠬᠡᠪᠰᠢ ᠮᠡᠳᠡᠭᠳᠡᠭᠰᠡᠨ ᠴᠠᠭ ᠲᠤ ᠬᠠᠷᠠᠭᠠᠨ ᠳᠠᠪᠲᠠᠮᠵᠢ ᠳᠤ ᠣᠷᠤᠯᠴᠠᠬᠤ ᠬᠡᠷᠡᠭᠲᠡᠢ ᠂ ᠣᠯᠠᠨ ᠵᠠᠭᠠᠯᠳᠤᠭᠴᠢ᠂ ᠭᠤᠮᠤᠳᠠᠯ ᠲᠤᠭᠠᠴᠢᠭᠴᠢ ᠬᠠᠮᠲᠤ ᠪᠠᠷ ᠨᠢᠬᠡᠯᠡ ᠤᠴᠢᠷ ᠢ ᠲᠤᠰᠬᠠᠵᠤ ᠪᠠᠶᠢᠪᠡᠯ᠂ 5 ᠬᠦᠮᠦᠨ ᠠᠴᠠ ᠳᠣᠷᠤᠭᠰᠢ ᠲᠦᠯᠦᠭᠡᠯᠡᠭᠴᠢ ᠰᠤᠩᠭᠤᠨ ᠬᠠᠷᠠᠭᠠᠨ ᠳᠠᠪᠲᠠᠮᠵᠢ ᠳᠤ ᠣᠷᠤᠯᠴᠠᠭᠤᠯᠬᠤ ᠬᠡᠷᠡᠭᠲᠡᠢ᠃


ᠬᠤᠶᠠᠷ᠂ ᠵᠠᠭᠠᠯᠳᠤᠭᠴᠢ᠂ ᠭᠤᠮᠤᠳᠠᠯ ᠲᠤᠭᠠᠴᠢᠭᠴᠢ ᠦᠨᠡᠨᠬᠦ ᠵᠦᠢ ᠶᠣᠰᠤᠨ ᠤᠴᠢᠷ ᠰᠢᠯᠲᠠᠭᠠᠨ ᠠᠴᠠ ᠪᠣᠯᠵᠤ ᠲᠣᠭᠲᠠᠭᠰᠠᠨ ᠴᠠᠭ ᠲᠤ ᠬᠠᠷᠠᠭᠠᠨ ᠳᠠᠪᠲᠠᠮᠵᠢ ᠳᠤ ᠤᠷᠤᠯᠴᠠᠵᠤ ᠳᠡᠶᠢᠯᠬᠦ ᠦᠭᠡᠢ ᠪᠣᠯ ᠭᠤᠶᠤᠴᠢᠯᠠᠯ ᠢ ᠬᠦᠯᠢᠶᠠᠨ ᠠᠪᠤᠭᠰᠠᠨ ᠪᠠᠶᠢᠴᠠᠭᠠᠬᠤ ᠬᠤᠷᠢᠶ᠎ᠠ ᠳᠤ ᠬᠤᠶᠢᠰᠢᠯᠠᠭᠤᠯᠬᠤ ᠪᠠᠷ ᠭᠤᠶᠤᠴᠢᠯᠠᠬᠤ ᠬᠡᠷᠡᠭᠲᠡᠢ᠃ ᠭᠤᠶᠤᠴᠢᠯᠠᠯ ᠢ ᠲᠤᠰᠤᠭᠰᠠᠨ ᠪᠠᠶᠢᠴᠠᠭᠠᠬᠤ ᠬᠤᠷᠢᠶ᠎ᠠ ᠨᠢ ᠬᠤᠶᠢᠰᠢᠯᠠᠭᠤᠯᠬᠤ ᠵᠦᠪᠰᠢᠶᠠᠷᠡᠪᠡᠯ᠂ ᠴᠠᠭ ᠲᠣᠬᠠᠢ ᠳᠤᠨᠢ ᠬᠠᠷᠠᠭᠠᠯᠵᠠᠰᠠᠨ ᠬᠠᠷᠠᠭᠠᠨ ᠳᠠᠪᠲᠠᠮᠵᠢ ᠵᠠᠯᠭᠠᠬᠤ ᠪᠠᠶᠢᠴᠠᠭᠠᠬᠤ ᠬᠤᠷᠢᠶᠠᠨ ᠳᠤ ᠮᠡᠳᠡᠭᠳᠡᠬᠦ ᠮᠦᠷᠲᠡᠭᠡᠨ ᠬᠤᠶᠢᠰᠢᠯᠠᠭᠤᠯᠤᠰᠠᠨ ᠳᠠᠷᠠᠭᠠᠬᠢ ᠬᠠᠷᠠᠭᠠᠨ ᠳᠠᠪᠲᠠᠮᠵᠢ ᠪᠠᠷ ᠰᠤᠷᠪᠤᠯᠵᠢᠯᠠᠯ ᠬᠦᠯᠢᠶᠡᠬᠦ ᠴᠠᠭ ᠵᠠᠭᠠᠯᠳᠤᠭᠴᠢ ᠂ ᠭᠤᠮᠤᠳᠠᠯ ᠲᠤᠭᠠᠴᠢᠭᠴᠢ ᠳᠤ ᠬᠡᠯᠡᠵᠦ ᠦᠭᠭᠦᠨ᠎ᠡ᠃


ᠭᠤᠷᠪᠠ᠂ ᠬᠠᠷᠠᠭᠠᠯᠵᠠᠭᠰᠠᠨ ᠬᠠᠷᠠᠭᠠᠨ ᠳᠠᠪᠲᠠᠮᠵᠢ ᠵᠠᠯᠭᠠᠬᠤ ᠪᠠᠶᠢᠴᠠᠭᠠᠬᠤ ᠬᠤᠷᠢᠶ᠎ᠡ ᠨᠢ ᠬᠠᠷᠠᠭᠠᠨ ᠳᠠᠪᠲᠠᠮᠵᠢ ᠪᠠᠷ ᠰᠤᠷᠪᠤᠯᠵᠢᠯᠠᠯ ᠬᠦᠯᠢᠶᠡᠭᠰᠡᠨ ᠳᠠᠷᠠᠭ᠎ᠠ᠂ ᠳᠠᠬᠢᠨ ᠨᠢᠭᠡ ᠤᠳᠠᠭ᠎ᠠ ᠬᠠᠷᠠᠭᠠᠨ ᠳᠠᠪᠲᠠᠮᠵᠢ ᠵᠠᠯᠭᠠᠬᠤ ᠴᠢᠬᠤᠯᠠᠲᠡᠢ ᠪᠠᠶᠢᠪᠡᠯ᠂ ᠰᠤᠷᠪᠤᠯᠵᠢᠯᠠᠯ ᠬᠦᠯᠢᠶᠡᠭᠴᠢ ᠨᠢ ᠵᠠᠭᠠᠯᠳᠤᠭᠴᠢ᠂ ᠭᠤᠮᠤᠳᠠᠯ ᠲᠤᠭᠠᠴᠢᠭᠴᠢ ᠲᠠᠢ ᠳᠠᠷᠠᠭ᠎ᠠ ᠤᠳᠠᠭ᠎ᠠ ᠬᠠᠷᠠᠭᠠᠨ ᠳᠠᠪᠲᠠᠮᠵᠢ ᠪᠠᠷ ᠰᠤᠷᠪᠤᠯᠵᠢᠯᠠᠯ ᠬᠦᠯᠢᠶᠡᠬᠦ ᠴᠠᠭ ᠪᠠᠨ ᠪᠣᠯᠵᠤᠬᠤ ᠬᠡᠷᠡᠭᠲᠡᠢ᠃ ᠡᠨᠡᠬᠦ ᠬᠤᠭᠤᠴᠠᠭᠠᠨ ᠳᠤ ᠵᠠᠭᠠᠯᠳᠤᠭᠴᠢ᠂ ᠭᠤᠮᠤᠳᠠᠯ ᠲᠤᠭᠠᠴᠢᠭᠴᠢ ᠬᠠᠷᠠᠭᠠᠯᠵᠠᠭᠰᠠᠨ ᠬᠠᠷᠠᠭᠠᠨ ᠳᠠᠪᠲᠠᠮᠵᠢ ᠵᠠᠯᠭᠠᠭᠰᠠᠨ ᠪᠠᠶᠢᠴᠠᠭᠠᠬᠤ ᠬᠤᠷᠢᠶᠠᠨ ᠭᠤᠮᠤᠳᠠᠯ ᠵᠠᠭᠠᠯᠳᠤᠯᠭ᠎ᠠ ᠬᠦᠯᠢᠶᠠᠨ ᠠᠪᠬᠤ ᠲᠠᠰᠤᠭ ᠲᠤ ᠬᠦᠷᠴᠦ ᠰᠤᠷᠪᠤᠯᠵᠢᠯᠠᠯ ᠬᠢᠪᠡᠯ᠂ ᠬᠦᠯᠢᠶᠠᠨ ᠠᠭᠤᠯᠵᠠᠯᠲᠠ ᠲᠣᠬᠢᠷᠠᠭᠤᠯᠬᠤ ᠦᠭᠡᠢ ᠃


ᠳᠦᠷᠪᠡ᠂ ᠴᠦᠬᠡᠨ ᠲᠣᠭᠠᠲᠤ ᠦᠨᠳᠦᠰᠦᠲᠡᠨ ᠦᠪᠡᠷ ᠦᠨᠳᠦᠰᠦᠲᠡᠨ ᠦᠭᠡ ᠬᠡᠯᠡ ᠦᠰᠦᠭ ᠪᠢᠴᠢᠭ ᠬᠡᠷᠡᠭᠯᠡᠵᠦ ᠬᠠᠷᠠᠭᠠᠨ ᠳᠠᠪᠲᠠᠮᠵᠢ ᠪᠠᠷ ᠰᠤᠷᠪᠤᠯᠵᠢᠯᠠᠬᠤ ᠪᠣᠯᠵᠤᠭᠠᠨ ᠭᠤᠶᠤᠴᠢᠯᠠᠯ ᠳᠤᠷᠠᠳᠬᠤ ᠪᠣᠶᠣ ᠬᠠᠷᠠᠭᠠᠨ ᠳᠠᠪᠲᠠᠮᠵᠢᠲᠤ ᠰᠤᠷᠪᠦᠯᠵᠢᠯᠠᠯ ᠳᠤ ᠣᠷᠣᠯᠴᠠᠬᠤ ᠪᠣᠯᠵᠤᠭᠠᠨ ᠭᠤᠶᠤᠴᠢᠯᠠᠯ ᠭᠠᠷᠭᠠᠬᠤ᠂ ᠡᠰᠡᠭᠦᠯ᠎ᠡ ᠬᠠᠷᠠᠭᠠᠨ ᠳᠠᠪᠲᠠᠮᠵᠢᠲᠤ ᠰᠤᠷᠪᠦᠯᠵᠢᠯᠠᠯ ᠳᠤ ᠤᠷᠤᠯᠴᠠᠬᠤ ᠪᠠᠷ ᠳᠣᠷᠠᠳᠤᠪᠡᠯ᠂ ᠪᠠᠶᠢᠴᠠᠭᠠᠬᠤ ᠬᠤᠷᠢᠶ᠎ᠡ ᠠᠴᠠ ᠣᠷᠴᠢᠭᠤᠯᠤᠭᠴᠢ ᠲᠣᠬᠢᠷᠠᠭᠤᠯᠬᠤ ᠬᠡᠷᠡᠭᠲᠡᠢ︔ ᠡᠰᠡᠭᠦᠯ᠎ᠡ ᠲᠤᠰ ᠭᠤᠮᠤᠳᠠᠯ ᠵᠠᠭᠠᠯᠳᠤᠯᠭ᠎ᠠ ᠬᠡᠷᠡᠭ ᠲᠠᠢ ᠠᠰᠢᠭ ᠬᠤᠣᠷ ᠬᠠᠷᠢᠴᠠᠭ᠎ᠠ ᠦᠭᠡᠢ ᠬᠦᠮᠦᠨ ᠢ ᠤᠷᠢᠵᠤ ᠤᠷᠴᠢᠭᠤᠯᠤᠭᠴᠢ ᠪᠣᠯᠭᠠᠬᠤ ᠬᠡᠷᠡᠭᠲᠡᠢ᠃


ᠲᠠᠪᠤ᠂ ᠭᠤᠶᠤᠴᠢᠯᠠᠭᠴᠢ ᠬᠠᠷᠠᠭᠠᠨ ᠳᠠᠪᠲᠠᠮᠵᠢ ᠪᠠᠷ ᠰᠤᠷᠪᠦᠯᠵᠢᠯᠠᠯ ᠬᠦᠯᠢᠶᠡᠬᠦ ᠳᠠᠰᠤᠭ ᠬᠠᠮᠢᠶ᠎ᠠ ᠪᠦᠬᠦᠢ ᠳᠦᠷᠢᠮ ᠢ ᠴᠢᠩᠭ᠎ᠠ ᠵᠢᠷᠤᠮᠯᠡᠨ ᠰᠠᠬᠢᠬᠤ ᠬᠠᠮᠲᠤ ᠠᠶᠤᠯᠬᠦᠢ ᠪᠠᠶᠢᠴᠠᠭᠠᠯᠲᠠ ᠬᠦᠯᠢᠶᠡᠬᠦ ᠭᠡᠷᠡᠭᠲᠡᠢ ᠃ ᠵᠦᠪᠰᠢᠶᠡᠷᠡᠯ ᠦᠭᠡᠢ ᠪᠠᠷ ᠳᠠᠭᠤ ᠳᠦᠷᠰᠦ ᠰᠢᠩᠭᠡᠭᠡᠵᠦ ᠪᠣᠯᠬᠤ ᠦᠭᠡᠢ᠃


ᠵᠣᠬᠢᠶᠠᠭᠴᠢ : 

ᠢᠷᠡᠯᠲᠡ :  ᠥᠪᠦᠷ ᠮᠤᠩᠭᠤᠯ ᠪᠠᠶᠢᠴᠠᠭᠠᠬᠤ ᠬᠤᠷᠢᠶᠠᠨ ᠤᠷᠴᠢᠭᠤᠯᠭ᠎ᠠ ᠭᠠᠵᠠᠷ

内蒙古自治区人民检察院版权所有 © 2015 - 2022    蒙ICP备10000005号    内蒙古蒙科立蒙古文化股份有限公司技术支持    内蒙古自治区人民检察院汉文网站

央视蒙文网     中国蒙古语新闻网    成吉思汗蒙古文博客网    中国 Holvoo Blog 蒙文博客网    Copyright © www.xxxx.com All Right Reserved.