ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠥᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠢᠴᠢᠭ ᠮᠡᠲᠸ᠋ᠷᠢᠶᠠᠯ ᠠᠷᠪᠡᠨ ᠲᠠᠪᠤ᠎ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠤᠯᠳᠠ

2015-12-27 11:13:18
ᠵᠣᠬᠢᠶᠠᠭᠴᠢ
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠣᠷᠴᠢᠭᠤᠯᠭ᠎ᠠ ᠶᠢᠨ ᠭᠠᠵᠠᠷ


ᠳᠥᠯᠤᠬᠡᠯᠡᠭᠴᠢᠳ ᠡ᠄


    ᠤᠳᠤ ᠪᠢ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠡᠮᠤᠨ᠎ᠠ ᠠᠴᠠ ᠶᠡᠭᠡ ᠬᠤᠷᠠᠯ ᠳᠤ ᠠᠵᠢᠯ ᠢᠶᠠᠨ ᠮᠡᠳᠡᠬᠦᠯᠤᠶ᠎ᠠ᠂ ᠬᠢᠨᠠᠨ ᠵᠥᠪᠯᠡᠬᠦ ᠪᠤᠯᠪᠠᠤ᠂ ᠤᠯᠤᠰ ᠳᠥᠷᠤ ᠶᠢᠨ ᠵᠥᠪᠯᠡᠯᠬᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠡᠳ ᠴᠤ ᠰᠠᠨᠠᠯ ᠢᠶᠠᠨ ᠳᠤᠷᠠᠳᠬᠤ ᠪᠤᠯᠪᠠᠤ᠃ 


    2014 ᠤᠨ ᠳᠤ᠂ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ᠂ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠤᠬᠡᠷ ᠪᠥᠬᠦᠳᠠ ᠬᠤᠷᠠᠯ ᠪᠠ ᠰᠢ ᠶᠢᠨ ᠫᠢᠡᠭ ᠶᠠᠷᠤᠩᠬᠡᠢ ᠱᠥᠵᠢ ᠶᠢᠨ ᠰᠢᠷᠢᠰ ᠴᠢᠬᠤᠯᠠ ᠶᠠᠷᠢᠶ᠎ᠠ᠂ ᠥᠪᠤᠷ ᠮᠤᠩᠭᠤᠯ ᠢ ᠪᠠᠶᠢᠴᠠᠭᠠᠨ ᠥᠵᠡᠬᠦ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠳᠤᠤᠷ᠎ᠠ᠂ ᠥᠪᠡᠷᠳᠡᠬᠡᠨ ᠵᠠᠰᠠᠬᠤ ᠤᠷᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠡᠭᠭᠤ ᠶᠢᠨ ᠬᠤᠷᠢᠶᠠᠨ ᠤ ᠬᠢᠨᠠᠯᠳᠠ ᠳᠤᠤᠷ᠎ᠠ᠂ ᠥᠠᠳᠤᠰᠤᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠠᠷᠢᠭᠤᠨ ᠳᠠᠷᠬᠠᠨ ᠡᠬᠦᠷᠬᠡ ᠬᠠᠷᠢᠭᠤᠴᠠᠯᠭ᠎ᠠ ᠪᠠᠨ ᠥᠨᠠᠠᠴᠢ ᠰᠢᠳᠤᠷᠭᠤ ᠪᠠᠷ ᠬᠥᠢᠴᠡᠳᠬᠡᠨ᠂ 《8337》 ᠬᠥᠭᠵᠢᠯᠳᠠ ᠶᠢᠨ ᠰᠡᠳᠬᠢᠴᠠ ᠶᠢ ᠢᠳᠡᠪᠬᠢᠳᠡᠢ ᠪᠥᠬᠡᠳ ᠰᠠᠨᠠᠭᠠᠴᠢᠯᠠᠭ᠎ᠠ ᠠᠴᠠ ᠪᠠᠨ ᠳᠤᠤᠱᠯᠠᠭᠤᠯᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠪᠠᠳᠤᠯᠠᠬᠤ ᠳᠠᠭᠠᠨ ᠬᠥᠴᠤᠳᠡᠢ ᠠᠷᠭ᠎ᠠ ᠬᠡᠮᠵᠢᠶ᠎ᠠ ᠠᠪᠴᠤ᠂ ᠢᠯᠵᠠᠷᠠᠯ ᠢ ᠬᠠᠤᠯᠢ ᠶᠤᠰᠤᠭᠠᠷ ᠴᠢᠩᠭ᠎ᠠ ᠵᠠᠯᠬᠠᠭᠠᠨ ᠰᠢᠳᠬᠡᠵᠤ᠂ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠳᠠᠭᠠᠨ ᠳᠥᠪ ᠭᠤᠤᠯᠴᠢ ᠪᠥᠬᠡᠳ ᠥᠠᠳᠤᠷ ᠥᠷ᠎ᠠ ᠪᠥᠳᠤᠮᠵᠢᠳᠡᠢ ᠪᠠᠶᠢᠵᠤ᠂ ᠳᠤᠰ ᠪᠡᠶ᠎ᠠ ᠳᠡᠭᠡᠨ ᠨᠠᠷᠢᠨ ᠨᠢᠮᠪᠠᠢ ᠴᠢᠩᠭ᠎ᠠ ᠬᠢᠨᠠᠯᠳᠠ ᠳᠡᠯᠪᠢᠵᠤ᠂ ᠡᠯ᠎ᠠ ᠵᠥᠢᠯ ᠤᠨ ᠪᠠᠶᠢᠴᠠᠭᠠᠬᠤ ᠠᠵᠢᠯ ᠴᠥᠮ ᠰᠢᠨ᠎ᠠ ᠬᠥᠭᠵᠢᠯᠳᠠ ᠪᠠ ᠳᠡᠪᠰᠢᠯᠳᠠ ᠲᠠᠢ ᠪᠤᠯᠵᠠᠢ᠃


    ᠨᠢᠬᠡ᠂ ᠪᠠᠶᠢᠴᠠᠭᠠᠬᠤ ᠡᠷᠬᠡ ᠴᠢᠳᠠᠪᠤᠷᠢ ᠪᠠᠨ ᠬᠥᠢᠴᠡᠳ ᠬᠡᠷᠡᠭᠯᠡᠵᠤ᠂ ᠥᠬᠡᠷᠡᠴᠢᠯᠠᠯᠳᠠ ᠬᠥᠭᠵᠢᠯᠳᠠ ᠳᠤ ᠬᠠᠤᠯᠢ ᠪᠠᠷ ᠵᠠᠰᠠᠬᠤ ᠥᠢᠯᠠᠴᠢᠯᠡᠭᠡ ᠪᠠ ᠬᠠᠤᠯᠢ ᠴᠠᠭᠠᠵᠠ ᠶᠢᠨ ᠪᠠᠳᠤᠯᠠᠭ᠎ᠠ ᠬᠠᠨᠭ᠍ᠭᠠᠪᠠ ᠃


    ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠤ ᠠᠬᠤᠢ ᠬᠥᠭᠵᠢᠭᠰᠡᠨ᠂ ᠥᠠᠳᠤᠰᠤᠳᠠᠨ ᠨᠦᠭᠦᠳ ᠪᠥᠯᠬᠦᠮᠳᠡᠭᠰᠡᠨ᠂ ᠰᠤᠶᠤᠯ ᠴᠡᠴᠡᠭᠯᠡᠨ ᠬᠥᠭᠵᠢᠭᠰᠡᠨ᠂ ᠬᠢᠯᠢ ᠬᠢᠵᠠᠭᠠᠷ ᠠᠮᠤᠷ ᠠᠮᠤᠭᠤᠯᠠᠩ᠂ ᠠᠮᠢ ᠠᠬᠤᠢ ᠪᠤᠯᠪᠠᠰᠤᠨ᠂ ᠡᠯ᠎ᠠ ᠥᠠᠳᠤᠰᠤᠳᠠᠨ ᠤ ᠠᠷᠠᠳ ᠳᠥᠮᠠᠨ ᠵᠤᠯ ᠵᠢᠷᠭᠠᠯᠳᠡᠢ ᠠᠮᠢᠳᠤᠷᠠᠬᠰᠠᠨ ᠥᠵᠡᠰᠬᠦᠯᠡᠩᠳᠤ ᠥᠵᠡᠮᠵᠢ ᠶᠢᠨ ᠪᠥᠰᠠ ᠶᠢ ᠪᠠᠶᠢᠭᠤᠯᠬᠤ ᠰᠢᠢᠳᠪᠤᠷᠢᠳᠤ ᠪᠠᠶᠢᠷᠢᠯᠠᠭᠤᠯᠤᠯᠳᠠ ᠶᠢ ᠳᠤᠭᠤᠷᠢᠭᠤᠯᠤᠨ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠰᠢᠨ᠎ᠠ ᠨᠢᠬᠡᠨ ᠡᠬᠡᠯᠵᠢ ᠶᠢᠨ ᠠᠵᠤ ᠠᠬᠤᠢ ᠨᠠᠶᠢᠬᠡᠮ ᠤᠨ ᠬᠥᠭᠵᠢᠯᠳᠠ ᠳᠤ ᠳᠥᠪ ᠭᠤᠤᠯᠴᠢ ᠬᠠᠤᠯᠢ ᠪᠠᠷ ᠵᠠᠰᠠᠬᠤ ᠤᠷᠴᠢᠨ ᠳᠤᠭᠤᠷᠢᠨ ᠢ ᠡᠬᠦᠳᠬᠦ 9 ᠵᠥᠢᠯ ᠤᠨ ᠠᠷᠭ᠎ᠠ ᠬᠡᠮᠵᠢᠶ᠎ᠠ ᠳᠤᠬᠳᠠᠭᠠᠵᠤ᠂ ᠪᠥᠬᠦ ᠤᠷᠤᠨ ᠤ ᠪᠠᠶᠢᠴᠠᠭᠠᠬᠤ ᠠᠵᠢᠯ ᠢ ᠵᠢᠯᠤᠭᠤᠳᠪᠠ᠃ ᠵᠠᠬ᠎ᠠ ᠳᠡᠯᠬᠡᠬᠦᠷ ᠤᠨ ᠠᠵᠤ ᠠᠬᠤᠢ ᠶᠢᠨ ᠡᠮᠬᠢ ᠳᠢᠭᠯᠢᠮ ᠢ ᠳᠥᠷᠢᠮᠵᠢᠬᠦᠯᠤᠨ ᠴᠡᠭᠴᠡᠯᠡᠬᠦ ᠳᠤ ᠤᠷᠤᠯᠴᠠᠵᠤ᠂ ᠬᠠᠤᠯᠢ ᠪᠤᠰᠤ ᠪᠠᠷ ᠡᠵᠡᠩᠨᠡᠭᠰᠡᠨ᠂ ᠪᠠᠯᠠ ᠮᠥᠡᠭᠬᠦ ᠮᠡᠬᠡᠯᠡᠨ ᠴᠤᠬᠯᠠᠭᠤᠯᠤᠬᠰᠠᠠ᠂ ᠬᠡᠷ᠎ᠠ ᠪᠠᠷ ᠮᠡᠬᠡᠯᠡᠭᠰᠡᠨ ᠵᠠᠷᠬᠡ ᠵᠠᠬ᠎ᠠ ᠳᠡᠯᠬᠡᠬᠦᠷ ᠤᠨ ᠠᠵᠤ ᠠᠬᠤᠢ ᠶᠢᠨ ᠡᠮᠬᠢ ᠳᠢᠭᠯᠢᠮ ᠢ ᠡᠪᠳᠡᠭᠰᠡᠨ 1616 ᠶᠠᠯ᠎ᠠ ᠬᠢᠭᠰᠡᠨ ᠰᠡᠵᠢᠭᠳᠡᠨ ᠳᠤ ᠬᠠᠤᠯᠢ ᠶᠤᠰᠤᠭᠠᠷ ᠠᠯᠪᠡᠨ ᠵᠠᠭᠠᠯᠳᠤᠯᠭ᠎ᠠ ᠭᠠᠷᠭᠠᠵᠠᠢ᠃ ᠨᠢᠳᠤᠨᠤᠨ ᠵᠢᠯ᠂ ᠤᠷᠳᠤᠰ ᠬᠤᠳᠠ ᠶᠢᠨ ᠪᠠᠶᠢᠴᠠᠭᠠᠬᠤ ᠪᠠᠶᠢᠭᠤᠯᠭ᠎ᠠ ᠪᠠᠯᠠ ᠮᠥᠡᠭᠬᠦ ᠮᠡᠬᠡᠯᠡᠨ ᠴᠤᠬᠯᠠᠭᠤᠯᠤᠬᠰᠠᠨ᠂ ᠠᠷᠠᠳ ᠤᠯᠠᠨ ᠤ ᠵᠤᠭᠤᠰ ᠢ ᠬᠠᠤᠯᠢ ᠪᠤᠰᠤ ᠪᠠᠷ ᠬᠤᠷᠢᠶᠠᠨ ᠬᠠᠳᠠᠭᠠᠯᠠᠭᠤᠯᠤᠬᠰᠠᠨ 72 ᠬᠡᠷᠡᠭ 83 ᠬᠥᠮᠤᠨ ᠢ ᠪᠠᠷᠢᠪᠴᠢᠯᠠᠬᠤ ᠪᠠᠷ ᠵᠥᠪᠰᠢᠶᠡᠷᠡᠵᠤ᠂ 89 ᠬᠡᠷᠡᠭ 130 ᠬᠥᠮᠤᠨ ᠢ ᠵᠠᠭᠠᠯᠳᠤᠪᠠ᠃ ᠨᠠᠶᠢᠬᠡᠮ ᠤᠨ ᠨᠥᠯᠤᠬᠡ ᠪᠠᠷ ᠶᠡᠭᠡ ᠨᠢᠩ ᠬᠤᠭ᠌ ᠤᠨ ᠬᠠᠤᠯᠢ ᠪᠤᠰᠤ ᠪᠠᠷ 50.5 ᠳ᠋ᠦᠡᠭᠰᠢᠭᠤᠷ ᠳᠥᠬᠦᠷᠢᠭ ᠤᠨ ᠪᠠᠯᠠ ᠮᠥᠡᠭᠬᠦ ᠴᠤᠬᠯᠠᠭᠤᠯᠤᠬᠰᠠᠨ ᠬᠡᠷᠡᠭ ᠲᠤ ᠴᠠᠭ ᠳᠠᠷᠤᠢ ᠳᠤᠨᠢ ᠤᠷᠤᠯᠴᠠᠵᠤ᠂ ᠳᠤᠷᠰᠢᠨ ᠪᠠᠶᠢᠴᠠᠭᠠᠯᠳᠠ ᠶᠢ ᠬᠥᠳᠤᠯᠤᠨ ᠵᠢᠯᠤᠭᠤᠳᠪᠠ᠃ ᠠᠯᠪᠡᠨ ᠵᠠᠭᠠᠯᠳᠤᠯᠭ᠎ᠠ ᠭᠠᠷᠭᠠᠬᠰᠠᠨ ᠤ ᠳᠠᠷᠠᠭ᠎ᠠ᠂ ᠵᠠᠭᠠᠯᠳᠤᠬᠳᠠᠬᠴᠢ ᠨᠢᠩ ᠬᠤᠭ᠌ ᠢ ᠨᠢᠬᠡᠳᠤᠬᠡᠷ ᠰᠢᠬᠦᠯᠳᠠ ᠳᠤ ᠪᠠᠯᠠ ᠮᠥᠡᠭᠬᠦ ᠮᠡᠬᠡᠯᠡᠨ ᠴᠤᠬᠯᠠᠭᠤᠯᠤᠬᠰᠠᠨ ᠶᠠᠯ᠎ᠠ ᠪᠠᠷ ᠠᠯᠠᠬᠤ ᠡᠷᠡᠬᠦᠤ ᠪᠠᠷ ᠰᠢᠳᠬᠡᠵᠠᠢ᠃ ᠤᠶᠤᠨ ᠮᠡᠳᠡᠯᠬᠡ ᠶᠢᠨ ᠥᠮᠴᠢ ᠶᠢᠨ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠳᠠ ᠶᠢ ᠴᠢᠩᠭᠠᠳᠬᠠᠵᠤ᠂ ᠰᠢᠨ᠎ᠠ ᠶᠢ ᠡᠬᠦᠳᠤᠨ ᠬᠥᠭᠵᠢᠬᠦᠯᠬᠦ ᠶᠢ ᠪᠠᠳᠤᠯᠠᠨ᠂ ᠳᠠᠸᠠᠷ ᠤᠨ ᠳᠡᠮᠳᠡᠭᠳᠤ ᠶᠢᠨ ᠡᠷᠬᠡ᠂ ᠳᠤᠰᠬᠠᠢ ᠠᠰᠢᠭ ᠤᠨ ᠡᠷᠬᠡ ᠳᠤ ᠬᠠᠯᠳᠠᠬᠰᠠᠨ 88 ᠶᠠᠯ᠎ᠠ ᠬᠢᠭᠰᠡᠨ ᠰᠡᠵᠢᠭᠳᠡᠨ ᠢ ᠵᠠᠭᠠᠯᠳᠤᠪᠠ᠃ ᠬᠠᠤᠯᠢ ᠶᠤᠰᠤᠭᠠᠷ ᠵᠠᠰᠠᠭ ᠪᠠᠷᠢᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠡᠬᠢ ᠪᠠᠶᠠᠯᠢᠭ ᠢ ᠨᠡᠬᠡᠬᠡᠨ ᠠᠰᠢᠬᠯᠠᠬᠤ᠂ ᠭᠠᠵᠠᠷ ᠰᠢᠷᠤᠢ ᠰᠢᠯᠵᠢᠬᠦᠯᠤᠨ ᠥᠭᠬᠦ᠂ ᠥᠮᠴᠢ ᠶᠢᠨ ᠡᠷᠬᠡ ᠠᠷᠠᠯᠵᠢᠶᠠᠯᠠᠬᠤ᠂ ᠬᠤᠳᠠ ᠶᠢ ᠪᠥᠳᠤᠬᠡᠨ ᠪᠠᠶᠢᠭᠤᠯᠬᠤ ᠵᠠᠷᠬᠡ ᠬᠥᠷᠢᠶ᠎ᠠ ᠬᠡᠪᠴᠢᠶᠠᠨ ᠳᠠᠬᠢ ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠤ ᠳᠤᠰᠢᠶᠠᠯ ᠤᠨ ᠶᠠᠯ᠎ᠠ ᠬᠢᠭᠰᠡᠠ 331 ᠬᠥᠮᠤᠨ ᠢ ᠪᠠᠶᠢᠴᠠᠭᠠᠨ ᠰᠢᠳᠬᠡᠵᠠᠢ᠃ ᠮᠥᠡᠭᠬᠦᠨ ᠬᠥᠢᠯᠬᠡᠬᠡᠨ ᠤ ᠡᠮᠬᠢ ᠳᠢᠭᠯᠢᠮ ᠢ ᠬᠠᠮᠠᠭᠠᠯᠠᠵᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠥᠪᠤᠷ ᠮᠤᠩᠭᠤᠯ ᠪᠠᠩᠬᠢ ᠶᠢᠨ ᠤᠤᠯ ᠤᠨ ᠬᠤᠶᠠᠷ ᠬᠡᠷᠡᠭ ᠮᠡᠳᠡᠭᠴᠢᠳ ᠤᠨ ᠳᠠᠷᠤᠭ᠎ᠠ ᠶᠠᠩ ᠴᠸᠡᠭ ᠯᠢᠨ᠂ ᠶᠤᠤ ᠶᠥᠡᠭ ᠫᠢᠡᠭ ᠤᠨ ᠱᠠᠮᠰᠢᠬᠰᠠᠨ᠂ ᠬᠠᠭ᠋ᠤᠤᠯᠢ ᠢᠳᠡᠭᠰᠡᠨ᠂ ᠠᠯᠪᠡᠨ ᠤ ᠵᠤᠭᠤᠰ ᠢ ᠨᠠᠬᠦᠯᠬᠡᠨ ᠬᠡᠷᠡᠭᠯᠡᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠪᠠᠶᠢᠴᠠᠭᠠᠨ ᠰᠢᠳᠬᠡᠪᠠ᠃ ᠤᠯᠤᠰ ᠤᠨ ᠠᠵᠤ ᠠᠬᠤᠢᠢᠯᠠᠯ ᠤᠨ ᠥᠬᠡᠷᠡᠴᠢᠯᠡᠯᠳᠠ ᠶᠢᠨ ᠬᠥᠭᠵᠢᠯᠳᠠ ᠳᠤ ᠥᠢᠯᠡᠴᠢᠯᠡᠵᠤ᠂ ᠤᠯᠤᠰ ᠤᠨ ᠥᠮᠴᠢᠯᠠᠯᠳᠤ ᠠᠵᠤ ᠠᠬᠤᠢᠢᠯᠠᠯ ᠤᠨ 209 ᠬᠠᠮᠢᠶᠠᠷᠤᠬᠴᠢ ᠶᠢᠨ ᠱᠠᠮᠰᠢᠵᠤ ᠬᠡᠬᠡᠯᠢ ᠳᠥᠯᠬᠢᠵᠤ ᠬᠠᠭ᠋ᠤᠤᠯᠢ ᠢᠳᠡᠭᠰᠡᠨ ᠬᠡᠷᠡᠭ ᠢ ᠪᠠᠶᠢᠴᠠᠭᠠᠨ ᠰᠢᠳᠬᠡᠪᠡ᠃ ᠤᠯᠤᠰ ᠤᠨ ᠭᠤᠤᠯᠳᠡᠯᠭ᠎ᠠ ᠲᠠᠢ ᠪᠠᠯᠠ ᠤᠷᠤᠭᠤᠯᠤᠯᠳᠠ ᠶᠢ ᠪᠠᠳᠤᠯᠠᠵᠤ᠂ ᠪᠠᠯᠠ ᠤᠷᠤᠭᠤᠯᠤᠯᠳᠠ ᠨᠢ ᠳ᠋ᠦᠡᠭᠰᠢᠭᠤᠷ ᠳᠥᠬᠦᠷᠢᠭ ᠠᠴᠠ ᠳᠡᠪᠠᠭᠰᠠᠨ 92 ᠴᠢᠬᠤᠯᠠ ᠶᠡᠭᠡ ᠳᠥᠷᠤᠯ ᠵᠥᠢᠯ ᠳᠤ ᠳᠤᠰᠬᠠᠢ ᠤᠷᠢᠳᠴᠢᠯᠠᠨ ᠰᠡᠷᠬᠡᠶᠢᠯᠡᠬᠦ ᠠᠵᠢᠯ ᠥᠷᠨᠢᠬᠦᠯᠪᠠ᠃ ᠪᠤᠭᠤᠳᠤ ᠬᠤᠳᠠ ᠶᠢᠨ ᠳ᠋ᠦᠡᠭ ᠾᠸ᠋ ᠳᠤᠭᠤᠷᠢᠭ ᠤᠨ ᠪᠠᠶᠢᠴᠠᠭᠠᠬᠤ ᠬᠤᠷᠢᠶ᠎ᠠ᠂ ᠤᠯᠠᠭᠠᠠᠬᠠᠳᠠ ᠬᠤᠳᠠ ᠶᠢᠨ ᠬᠤᠭ᠍ᠱᠠᠨ ᠳᠤᠭᠤᠷᠢᠭ ᠤᠨ ᠪᠠᠶᠢᠴᠠᠭᠠᠬᠤ ᠬᠤᠷᠢᠶ᠎ᠠ ᠪᠸᠢᠢᠯᠢᠶᠡᠩ ᠳᠥᠬᠦᠮ ᠪᠥᠳᠤᠴᠠᠳᠤ ᠤᠷᠤᠨ ᠰᠠᠭᠤᠴᠠ ᠶᠢᠨ ᠳᠤᠭᠤᠷᠢᠭ᠂ ᠳᠢᠶ᠋ᠸ᠋ ᠨᠠᠨ ᠳᠥᠬᠦᠮ ᠪᠥᠳᠤᠴᠡᠳᠤ ᠤᠷᠤᠨ ᠰᠠᠭᠤᠴᠠ ᠶᠢᠨ ᠳᠤᠭᠤᠷᠢᠭ ᠢ ᠥᠬᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠠᠵᠢᠯ ᠳᠤ ᠥᠢᠯᠡᠴᠢᠯᠡᠵᠤ᠂ ᠳᠥᠬᠦᠮ ᠪᠥᠳᠤᠴᠡᠳᠤ ᠤᠷᠤᠨ ᠰᠠᠭᠤᠴᠠ ᠶᠢ ᠥᠬᠡᠷᠡᠴᠢᠯᠡᠨ ᠪᠠᠶᠢᠭᠤᠯᠬᠤ ᠳᠤᠭᠤᠷᠢᠭ ᠲᠤ ᠪᠠᠶᠢᠴᠠᠭᠠᠬᠤ ᠬᠡᠷ᠂ ᠳᠤᠭᠤᠷᠢᠨ ᠠᠵᠢᠯᠯᠠᠬᠤ ᠴᠢᠬ ᠪᠠᠶᠢᠭᠤᠯᠵᠤ᠂ ᠠᠷᠠᠳ ᠲᠠᠢ ᠬᠠᠷᠢᠯᠴᠠᠬᠤ ᠺᠠᠷᠲ ᠳᠠᠷᠬᠠᠭᠠᠨ᠂ ᠪᠢᠴᠢᠯ ᠮᠡᠳᠡᠭᠡ ᠨᠡᠪᠳᠡᠷᠡᠬᠦᠯᠵᠤ᠂ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠵᠥᠪᠯᠡᠯᠬᠡ ᠶᠢ ᠬᠥᠯᠢᠶᠠᠨ ᠠᠪᠴᠤ᠂ ᠬᠥᠴᠢᠷ ᠳᠥᠪᠡᠭᠳᠡᠢ ᠠᠰᠠᠭᠤᠳᠡᠯ ᠢ ᠨᠢ ᠬᠠᠪᠰᠤᠷᠤᠨ ᠰᠢᠢᠳᠪᠤᠷᠢᠯᠡᠪᠡ᠃ ᠨᠤᠷᠠᠭᠠᠵᠤ ᠨᠡᠬᠦᠯᠬᠡᠬᠦ ᠠᠬᠤᠢ ᠳᠡᠯᠠᠪᠠᠢ ᠳᠤ ᠬᠢᠨᠠᠯᠳᠠ ᠳᠡᠯᠪᠢᠵᠤ᠂ ᠳᠤᠰᠢᠶᠠᠯ ᠤᠨ ᠶᠠᠯ᠎ᠠ ᠬᠢᠬᠦ ᠶᠢ ᠤᠷᠢᠳᠴᠢᠯᠠᠨ ᠰᠠᠷᠬᠡᠶᠢᠯᠡᠬᠦ ᠰᠠᠷᠡᠮᠵᠢ ᠬᠥᠮᠤᠵᠢᠯ ᠤᠨ ᠥᠵᠡᠬᠦᠯᠤᠯᠬᠡ ᠶᠢ ᠵᠤᠬᠢᠶᠠᠨ ᠪᠠᠶᠢᠭᠤᠯᠤᠨ ᠥᠵᠡᠬᠦᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠪᠠ ᠭᠤᠤᠯᠳᠡᠯᠭ᠎ᠠ ᠲᠠᠢ ᠳᠥᠷᠤᠯ ᠵᠥᠢᠯ ᠤᠨ ᠳᠠᠭᠠᠭᠠᠴᠢᠯᠠᠯᠳᠠ ᠵᠠᠷᠯᠠᠵᠤ ᠬᠥᠯᠢᠶᠡᠬᠦ ᠠᠵᠢᠯᠯᠠᠭ᠎ᠠ ᠳᠤ ᠳᠤᠰᠬᠠᠢ ᠤᠷᠢᠳᠴᠢᠯᠠᠨ ᠰᠠᠷᠬᠡᠶᠢᠯᠡᠬᠦ ᠠᠷᠭ᠎ᠠ ᠬᠡᠮᠵᠢᠶ᠎ᠠ ᠠᠪᠴᠤ᠂ ᠰᠠᠨᠠᠭᠠᠴᠢᠯᠠᠭ᠎ᠠ ᠠᠴᠠ ᠪᠠᠨ ᠵᠠᠰᠠᠭ ᠤᠨ ᠤᠷᠳᠤᠨ ᠤ ᠵᠤᠪᠠᠯ ᠵᠥᠳᠡᠬᠦᠷᠢ ᠶᠢ ᠬᠤᠪᠢᠶᠠᠯᠴᠠᠵᠤ᠂ ᠤᠯᠠᠨ ᠳᠥᠮᠠᠨ ᠤ ᠬᠥᠴᠢᠷ ᠢ ᠰᠢᠢᠳᠪᠤᠷᠢᠯᠡᠨ᠂ ᠳᠥᠬᠦᠮ ᠪᠥᠳᠤᠴᠡᠳᠤ ᠤᠷᠤᠨ ᠰᠠᠭᠤᠴᠠ ᠶᠢ ᠥᠬᠡᠷᠡᠴᠢᠯᠡᠨ ᠪᠠᠶᠢᠭᠤᠯᠬᠤ ᠳᠥᠷᠤᠯ ᠵᠥᠢᠯ ᠤᠨ ᠤᠷᠤᠬᠰᠢᠳᠡᠢ ᠶᠠᠪᠤᠬᠳᠠᠬᠤ ᠶᠢ ᠪᠠᠳᠤᠯᠠᠵᠤ᠂ ᠳᠤᠬᠠᠢ ᠶᠢᠨ ᠭᠠᠵᠠᠷ ᠤᠨ ᠺᠠᠳ᠋ᠷ ᠤᠯᠠᠨ ᠳᠥᠮᠠᠨ ᠤ ᠮᠠᠬᠳᠠᠭᠠᠯ ᠢ ᠤᠯᠤᠬᠰᠠᠨ ᠠᠴᠠ ᠳᠥᠪ ᠬᠤᠷᠢᠶ᠎ᠠ᠂ ᠥᠪᠡᠷᠳᠡᠬᠡᠨ ᠵᠠᠰᠠᠬᠤ ᠤᠷᠤᠨ ᠤ ᠭᠤᠤᠯ ᠵᠠᠭᠤᠴᠢᠯᠠᠭᠤᠷ ᠤᠳ ᠤᠯᠠᠨ ᠤᠳᠠᠭ᠎ᠠ ᠮᠡᠳᠡᠬᠡᠯᠡᠪᠡ᠃ ᠠᠮᠢ ᠠᠬᠤᠢ ᠶᠢᠨ ᠤᠷᠴᠢᠨ ᠳᠤᠭᠤᠷᠢᠨ ᠤ ᠬᠠᠤᠯᠢ ᠴᠠᠭᠠᠵᠠ ᠶᠢᠨ ᠬᠠᠮᠠᠭᠠᠯᠠᠯᠳᠠ ᠶᠢ ᠴᠢᠩᠭᠠᠳᠬᠠᠨ᠂ ᠬᠠᠤᠯᠢ ᠪᠤᠰᠤ ᠪᠠᠷ ᠠᠭᠤᠷᠬᠠᠢ ᠨᠡᠬᠡᠬᠡᠭᠰᠡᠨ᠂ ᠤᠢ ᠮᠤᠳᠤ ᠳᠤᠷ᠎ᠠ ᠪᠠᠷ ᠢᠶᠠᠨ ᠤᠬᠳᠤᠯᠤᠬᠰᠠᠨ᠂ ᠨᠤᠳᠤᠭ ᠪᠡᠯᠴᠢᠬᠡᠷ ᠢ ᠬᠠᠤᠯᠢ ᠪᠤᠰᠤ ᠪᠠᠷ ᠬᠠᠭᠠᠯᠪᠤᠷᠢᠯᠠᠬᠰᠠᠨ ᠵᠠᠷᠬᠡ 205 ᠶᠠᠯ᠎ᠠ ᠬᠢᠭᠰᠡᠨ ᠰᠡᠵᠢᠭᠳᠡᠨ ᠢ ᠬᠠᠤᠯᠢ ᠶᠤᠰᠤᠭᠠᠷ ᠪᠠᠷᠢᠪᠴᠢᠯᠠᠬᠤ ᠶᠢ ᠵᠥᠪᠰᠢᠶᠡᠷᠡᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠲᠠᠢ ᠳᠥᠷᠤ ᠶᠢᠨ ᠠᠵᠢᠯᠳᠠᠨ ᠤ ᠳᠤᠰᠢᠶᠠᠯ ᠤᠨ ᠶᠡᠯ᠎ᠠ ᠬᠢᠭᠰᠡᠨ 59 ᠬᠡᠷᠡᠭ ᠢ ᠪᠠᠶᠢᠴᠠᠭᠠᠨ ᠰᠢᠳᠬᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠤᠯᠳᠠ ᠳᠤ ᠳᠡᠯᠪᠢᠬᠤ ᠬᠠᠤᠯᠢ ᠴᠠᠭᠠᠵᠠ ᠶᠢᠨ ᠬᠢᠨᠠᠯᠳᠠ ᠪᠠᠨ ᠴᠢᠩᠭᠠᠳᠬᠠᠵᠤ᠂ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠳᠤᠰᠢᠶᠠᠯ ᠢᠶᠠᠨ ᠵᠦᠢ ᠵᠤᠬᠢᠰ ᠥᠬᠡᠢ ᠬᠥᠢᠴᠡᠳᠬᠡᠭᠰᠡᠨ 1026 ᠬᠡᠷᠡᠭ ᠲᠤ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠬᠠᠮᠢᠶ᠎ᠠ ᠪᠥᠬᠦᠢ ᠰᠠᠯᠠᠭ᠎ᠠ ᠮᠥᠴᠢᠷ ᠠᠴᠠ 1005 ᠵᠥᠢᠯ ᠤᠨ ᠰᠠᠨᠠᠭᠤᠯᠭ᠎ᠠ ᠶᠢ ᠬᠥᠯᠢᠶᠠᠨ ᠠᠪᠴᠡᠢ᠃ ᠭᠠᠳᠠᠭᠠᠳᠤ ᠨᠡᠬᠡᠬᠡᠯᠳᠠ ᠳᠤ ᠥᠢᠯᠡᠴᠢᠯᠡᠨ ᠳᠡᠬᠦᠨ ᠤ ᠬᠥᠭᠵᠢᠯᠳᠠ ᠶᠢ ᠪᠠᠳᠤᠯᠠᠪᠠ᠃ ᠮᠠᠠᠵᠤᠤᠷ ᠬᠤᠳᠠ ᠶᠢᠨ ᠪᠠᠶᠢᠴᠠᠭᠠᠬᠤ ᠬᠤᠷᠢᠶ᠎ᠠ ᠪᠤᠭᠤᠮᠳᠠ ᠳᠤ ᠪᠠᠶᠢᠴᠠᠭᠠᠬᠤ ᠬᠡᠷ ᠪᠠᠶᠢᠭᠤᠯᠤᠨ᠂《ᠪᠠᠬᠢᠯᠠᠯᠳᠠ》 ᠪᠠ ᠬᠢᠯᠢ ᠶᠢᠨ ᠠᠵᠤ ᠠᠬᠤᠢ ᠶᠢᠨ ᠤᠷᠤᠨ ᠪᠥᠰᠠ ᠶᠢᠨ ᠪᠥᠳᠤᠬᠡᠨ ᠪᠠᠶᠢᠭᠤᠯᠤᠯᠳᠠ ᠳᠤ ᠥᠢᠯᠡᠴᠢᠯᠡᠪᠡ᠃ ᠮᠠᠠᠵᠤᠤᠷ ᠬᠤᠳᠠ ᠶᠢᠨ ᠤᠯᠤᠰ ᠳᠥᠷᠤ ᠶᠢᠨ ᠵᠥᠪᠯᠡᠯᠬᠡᠨ ᠤ ᠤᠤᠯ ᠤᠨ ᠳᠡᠳ᠋ ᠳᠡᠷᠢᠬᠦᠯᠡᠭᠴᠢ ᠯᠢ ᠵᠢᠢ ᠷᠦᠢ ᠶᠢᠨ ᠵᠢᠭᠤᠯᠴᠢᠯᠠᠯ ᠤᠨ ᠳᠤᠪᠴᠢᠶᠠᠨ ᠤ ᠳᠠᠷᠤᠭ᠎ᠠ᠂ ᠵᠢᠭᠤᠯᠴᠢᠯᠠᠯ ᠤᠨ ᠳᠥᠷᠤᠯ ᠵᠥᠢᠯ ᠤᠨ ᠨᠡᠬᠡᠬᠡᠨ ᠠᠰᠢᠬᠯᠠᠯᠳᠠ ᠶᠢ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ ᠱᠠᠮᠰᠢᠵᠤ᠂ ᠬᠠᠭ᠋ᠤᠤᠯᠢ ᠢᠳᠡᠵᠤ᠂ ᠠᠯᠪᠡᠨ ᠤ ᠵᠤᠭᠤᠰ ᠢ ᠨᠠᠬᠦᠯᠬᠡᠨ ᠬᠡᠷᠡᠭᠯᠡᠭᠰᠡᠨ ᠤᠠᠴᠠ ᠳᠤᠮᠤ ᠬᠡᠷᠡᠭ ᠢ ᠪᠠᠶᠢᠴᠠᠭᠠᠨ ᠰᠢᠳᠬᠡᠵᠠᠢ᠃ ᠳᠤᠰ ᠬᠡᠷᠡᠭ ᠢ ᠪᠠᠶᠢᠴᠠᠭᠠᠨ ᠰᠢᠢᠳᠪᠤᠷᠢᠯᠡᠬᠡᠳ ᠪᠤᠭᠤᠮᠳᠠ ᠶᠢᠨ ᠪᠠᠯᠠ ᠤᠷᠤᠭᠤᠯᠤᠯᠳᠠ ᠪᠠ ᠵᠢᠭᠤᠯᠴᠢᠯᠠᠯ ᠤᠨ ᠤᠷᠴᠢᠨ ᠳᠤᠭᠤᠷᠢᠨ ᠢ ᠰᠠᠶᠢᠵᠢᠷᠠᠭᠤᠯᠪᠠ᠃ 


    ᠬᠤᠶᠠᠷ᠂ ᠡᠩᠬᠡ ᠳᠠᠶᠢᠪᠤᠡᠭ ᠥᠪᠤᠷ ᠮᠤᠩᠭᠤᠯ ᠤᠨ ᠪᠥᠳᠤᠬᠡᠨ ᠪᠠᠶᠢᠭᠤᠯᠤᠳᠠ ᠳᠤ ᠢᠳᠡᠪᠬᠢᠳᠡᠢ ᠤᠷᠤᠯᠴᠠᠵᠤ᠂ ᠡᠬᠡ ᠤᠯᠤᠰ ᠤᠨ ᠤᠮᠠᠷᠠᠳᠤ ᠬᠢᠯᠢ ᠶᠢᠨ ᠡᠶ᠎ᠡ ᠵᠤᠬᠢᠴᠠᠩᠭᠤᠢ ᠠᠮᠤᠷ ᠠᠮᠤᠭᠤᠯᠠᠩ ᠥᠵᠡᠰᠬᠦᠯᠡᠩᠳᠤ ᠥᠵᠡᠮᠵᠢ ᠶᠢᠨ ᠪᠥᠰᠠ ᠶᠢ ᠡᠬᠦᠳᠤᠨ ᠪᠠᠶᠢᠭᠤᠯᠪᠠ᠃


    ᠶᠠᠯ᠎ᠠ ᠬᠢᠭᠰᠡᠳ ᠲᠤ ᠬᠠᠤᠯᠢ ᠶᠤᠰᠤᠭᠠᠷ ᠴᠢᠩᠭ᠎ᠠ ᠴᠤᠬᠢᠯᠳᠠ ᠥᠭᠬᠦᠭᠰᠡᠨ ᠮᠥᠷᠳᠡᠬᠡᠨ ᠪᠠᠰᠠ ᠵᠥᠷᠢᠴᠡᠯ ᠢ ᠨᠠᠮᠳᠠᠭᠤᠯᠬᠤ ᠶᠢ ᠴᠢᠬᠤᠯᠠᠴᠢᠯᠠᠨ ᠠᠩᠬᠠᠷᠪᠠ᠃ ᠠᠷᠠᠳ ᠤᠯᠠᠨ ᠤ ᠠᠶᠤᠯᠬᠦᠢ ᠰᠡᠳᠬᠢᠯᠬᠡ ᠶᠢ ᠬᠥᠠᠳᠤ ᠨᠤᠴᠢᠳᠡᠢ ᠨᠥᠯᠤᠬᠡᠯᠡᠭᠰᠡᠨ ᠶᠠᠯᠠᠳᠤ ᠬᠡᠷᠡᠭ ᠲᠤ ᠳᠤᠪᠤᠶᠢᠮ᠎ᠠ ᠴᠤᠬᠢᠯᠳᠠ ᠥᠭᠴᠤ᠂ ᠡᠯ᠎ᠠ ᠳᠥᠷᠤᠯ ᠤᠨ ᠬᠥᠠᠳᠤ ᠨᠤᠴᠢᠳᠡᠢ ᠡᠷᠡᠬᠦᠤ ᠶᠢᠨ ᠶᠠᠯ᠎ᠠ ᠬᠢᠭᠰᠡᠨ 13283 ᠰᠡᠵᠢᠭᠳᠡᠨ ᠢ ᠪᠠᠷᠢᠪᠴᠢᠯᠠᠬᠤ ᠪᠠᠷ ᠵᠥᠪᠰᠢᠶᠡᠷᠡᠵᠤ᠂ 28704 ᠬᠥᠮᠤᠨ ᠳᠤ ᠠᠯᠪᠡᠨ ᠵᠠᠭᠠᠯᠳᠤᠯᠭ᠎ᠠ ᠭᠠᠷᠭᠠᠪᠠ᠃ ᠡᠬᠦᠨ ᠳᠤ ᠬᠥᠠᠳᠤ ᠨᠤᠴᠢᠳᠡᠢ ᠬᠥᠴᠤᠷᠬᠡᠭᠯᠡᠯ ᠤᠨ ᠶᠠᠯ᠎ᠠ ᠬᠢᠭᠰᠡᠨ᠂ ᠤᠯᠠᠨᠳᠠ ᠭᠠᠷᠳᠠᠭ ᠡᠳ᠋ ᠬᠥᠷᠤᠩᠬᠡ ᠳᠤ ᠬᠠᠯᠳᠠᠬᠰᠠᠨ ᠶᠠᠯ᠎ᠠ ᠬᠢᠭᠰᠡᠨ᠂ ᠬᠤᠤᠷᠠᠳᠤ ᠡᠳ᠋ ᠤᠨ ᠶᠠᠯ᠎ᠠ ᠬᠢᠭᠰᠡᠨ 6995 ᠬᠥᠮᠤᠨ ᠢ ᠪᠠᠷᠢᠪᠴᠢᠯᠠᠬᠤ ᠪᠠᠷ ᠵᠥᠪᠰᠢᠶᠡᠷᠡᠵᠤ᠂ 9859 ᠬᠥᠮᠤᠨ ᠳᠤ ᠠᠯᠪᠡᠨ ᠵᠠᠭᠠᠯᠳᠤᠯᠭ᠎ᠠ ᠭᠠᠷᠭᠠᠵᠠᠢ᠃ ᠵᠠᠭᠠᠯᠳᠤᠬᠳᠠᠬᠴᠢ ᠸᠠᠩ ᠬᠤᠸᠠᠢ ᠳ᠋ᠦᠡᠭ ᠵᠠᠷᠬᠡ 13 ᠬᠥᠮᠤᠨ ᠤᠷᠢᠳ ᠤᠨ ᠡᠮᠤᠨᠠᠳᠤ ᠬᠤᠰᠢᠭᠤ᠂ ᠥᠶᠤᠸᠠᠨ ᠰᠢᠶᠠᠨ ᠤ ᠤᠢᠢᠷ᠎ᠠ ᠬᠠᠪᠢ ᠶᠢᠨ ᠳᠤᠰᠬᠤᠨ ᠳᠤ ᠵᠤᠭᠤᠰ ᠮᠥᠷᠦ᠋ᠢᠴᠡᠬᠦ ᠳᠠᠯᠠᠪᠤᠷ ᠭᠠᠷᠭᠠᠨ ᠵᠢᠬᠡᠯᠡᠯᠬᠡ ᠳᠡᠯᠪᠢᠵᠤ᠂ ᠬᠥᠮᠤᠨ ᠢ ᠬᠠᠪᠰᠤᠷᠤᠨ ᠥᠷᠢ ᠨᠡᠬᠡᠵᠤ᠂ ᠬᠢᠬᠠᠨ ᠱᠤᠯᠤᠵᠤ᠂ ᠡᠯᠳᠡᠪ ᠵᠥᠢᠯ ᠤᠨ ᠮᠠᠭᠤ ᠠᠵᠢᠯᠯᠠᠭ᠎ᠠ ᠬᠢᠵᠠᠢ᠃ ᠵᠠᠭᠠᠯᠳᠤᠬᠳᠠᠬᠴᠢ ᠮᠠ ᠰᠢᠩ ᠸᠠᠩ ᠵᠠᠷᠬᠡ 11 ᠬᠥᠮᠤᠨ ᠪᠤᠭᠤᠳᠤ ᠬᠤᠳᠠ ᠳᠤ ᠤᠯᠠᠭᠤᠯᠠ ᠨᠠᠶᠢᠯᠡᠵᠤ ᠵᠤᠳᠤᠭᠠᠨ ᠬᠢᠵᠤ᠂ ᠬᠢᠬᠠᠨ ᠱᠤᠯᠤᠵᠤ᠂ ᠬᠥᠴᠤᠷᠬᠡᠭᠯᠡᠨ ᠨᠥᠵᠢᠳᠯᠡᠵᠤ᠂ ᠳᠤᠨᠤᠨ ᠳᠡᠬᠡᠷᠡᠮᠳᠠᠨ᠂ ᠮᠠᠭᠤ ᠶᠠᠪᠤᠳᠡᠯ ᠪᠥᠬᠦᠨ ᠢ ᠥᠢᠯᠡᠳᠴᠠᠢ᠃ ᠪᠠᠶᠢᠴᠠᠭᠠᠬᠤ ᠪᠠᠶᠢᠭᠤᠯᠭ᠎ᠠ ᠨᠢ ᠳᠤᠳᠤᠭᠠᠳᠤ ᠶᠢ ᠬᠠᠮᠠᠭᠠᠯᠠᠬᠤ᠂ ᠰᠢᠬᠦᠬᠦ ᠬᠤᠷᠢᠶ᠎ᠠ ᠲᠠᠢ ᠨᠢᠬᠳᠠ ᠬᠠᠮᠵᠢᠯᠴᠠᠵᠤ᠂ ᠡᠳᠡᠬᠡᠷ ᠬᠠᠷ᠎ᠠ ᠪᠥᠯᠥᠭᠳᠡᠨ ᠬᠠᠷᠬᠢᠰ ᠬᠥᠴᠤᠳᠠᠨ ᠤ ᠪᠥᠯᠥᠭᠯᠡᠯ ᠢ ᠬᠠᠤᠯᠢ ᠶᠤᠰᠤᠭᠠᠷ ᠠᠷᠢᠯᠭᠠᠵᠤ᠂ ᠤᠷᠤᠨ ᠨᠤᠳᠤᠭ ᠤᠨ ᠠᠮᠤᠷ ᠠᠮᠤᠭᠤᠯᠠᠩ ᠢ ᠠᠪᠴᠢᠷᠠᠪᠠ᠃ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠤᠤᠰᠯᠠᠭᠤᠯᠬᠤ ᠡᠷᠡᠬᠦᠤ ᠶᠢᠨ ᠬᠡᠷᠡᠭ ᠤᠨ ᠳᠥᠷᠤ ᠶᠢᠨ ᠪᠤᠳᠤᠯᠭ᠎ᠠ ᠶᠢ ᠤᠨᠤᠪᠴᠢᠳᠡᠢ ᠳᠤᠬᠢᠷᠠᠭᠤᠯᠤᠨ ᠬᠡᠷᠡᠭᠯᠡᠵᠤ᠂ ᠬᠥᠡᠭᠬᠡᠪᠳᠤᠷ ᠡᠷᠡᠬᠦᠤ ᠶᠢᠨ ᠶᠠᠯ᠎ᠠ ᠬᠢᠭᠰᠡᠨ 4254 ᠬᠥᠮᠤᠨ ᠤ ᠪᠠᠷᠢᠪᠴᠢᠯᠠᠬᠤ ᠶᠢ ᠥᠯᠤ ᠵᠥᠪᠰᠢᠶᠡᠷᠡᠵᠤ᠂ 1515 ᠬᠥᠮᠤᠨ ᠢ ᠥᠯᠤ ᠵᠠᠭᠠᠯᠳᠤᠪᠠ᠃ ᠬᠠᠤᠯᠢ ᠳᠠᠶᠢᠯᠪᠤᠷᠢᠯᠠᠵᠤ ᠶᠤᠰᠤ ᠶᠠᠷᠢᠬᠤ ᠶᠢ ᠢᠳᠡᠪᠬᠢᠳᠡᠢ ᠠᠬᠢᠭᠤᠯᠤᠨ᠂ ᠵᠥᠷᠢᠴᠡᠯ ᠨᠠᠮᠳᠠᠭᠤᠯᠬᠤ ᠶᠢ ᠬᠥᠳᠤᠯᠤᠨ ᠵᠢᠯᠤᠭᠤᠳᠴᠤ᠂ 623 ᠬᠡᠷᠡᠭ 706 ᠬᠥᠮᠤᠨ ᠤ ᠡᠷᠡᠬᠦᠤ ᠶᠢᠨ ᠬᠡᠷᠡᠭ ᠤᠨ ᠡᠶᠡᠳᠡᠯᠳᠠ ᠶᠢ ᠠᠬᠢᠭᠤᠯᠪᠡ᠃ ᠬᠠᠤᠯᠢ ᠴᠠᠭᠠᠵᠠ ᠶᠢᠨ ᠬᠡᠷᠡᠭ ᠰᠢᠳᠬᠡᠬᠦ ᠡᠷᠬᠡ ᠴᠢᠳᠠᠪᠤᠷᠢ ᠶᠢ ᠰᠤᠩᠭᠠᠭᠠᠵᠤ᠂ ᠬᠤᠯᠪᠤᠬᠳᠠᠯ ᠪᠥᠬᠦᠢ ᠰᠠᠯᠠᠭ᠎ᠠ ᠮᠥᠴᠢᠷ ᠢ ᠬᠠᠮᠵᠢᠨ ᠰᠤᠷᠭᠠᠭᠤᠯᠢ ᠶᠢᠨ ᠤᠢᠢᠷ᠎ᠠ ᠬᠠᠪᠢ᠂ ᠬᠤᠳᠠ ᠬᠥᠳᠡᠭᠡ ᠶᠢᠨ ᠵᠠᠭᠠᠭ ᠵᠠᠷᠬᠡ ᠭᠤᠤᠯᠳᠡᠯᠭ᠎ᠠ ᠲᠠᠢ ᠭᠠᠵᠠᠷ ᠤᠷᠤᠨ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠠᠢ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠨᠠᠰᠤᠨ ᠳᠤ ᠥᠯᠤ ᠬᠥᠷᠥᠭᠰᠡᠳ ᠤᠨ ᠬᠡᠷᠡᠭ ᠢ ᠢᠯᠭᠠᠨ ᠵᠠᠭᠠᠯᠳᠤᠬᠤ᠂ ᠨᠥᠬᠦᠴᠡᠯ ᠲᠠᠢ ᠪᠠᠷ ᠥᠯᠤ ᠵᠠᠭᠠᠯᠳᠤᠬᠤ ᠵᠠᠷᠬᠡ ᠳᠥᠷᠢᠮ ᠢ ᠶᠠᠪᠤᠭᠤᠯᠵᠤ᠂ ᠵᠠᠯᠠᠭᠤ ᠪᠠᠭᠠᠴᠤᠳ ᠤᠨ ᠡᠷᠬᠡ ᠶᠢ ᠬᠠᠮᠠᠭᠠᠯᠠᠬᠤ ᠪᠠᠶᠢᠷᠢ᠎ ᠶᠢᠨ ᠠᠵᠢᠯ ᠢ ᠥᠷᠨᠢᠬᠦᠯᠤᠨ᠂ ᠨᠠᠰᠤᠨ ᠳᠤ ᠥᠯᠤ ᠬᠥᠷᠥᠭᠰᠡᠳ ᠢ ᠬᠥᠮᠤᠵᠢᠬᠦᠯᠬᠦ᠂ ᠠᠪᠤᠷᠠᠬᠤ ᠪᠠ ᠳᠡᠳᠠᠨ ᠤ ᠶᠠᠯ᠎ᠠ ᠬᠢᠬᠦ ᠶᠢ ᠤᠷᠢᠳᠴᠢᠯᠠᠨ ᠰᠠᠷᠬᠡᠶᠢᠯᠡᠬᠦ ᠠᠵᠢᠯ ᠢ ᠴᠢᠩᠭᠠᠳᠬᠠᠪᠠ᠃ ᠨᠠᠶᠢᠬᠡᠮ ᠳᠤᠭᠤᠷᠢᠭ ᠲᠤ ᠡᠷᠡᠬᠦᠤ ᠬᠥᠢᠴᠡᠳᠬᠡᠭᠳᠡᠭᠰᠡᠳ ᠤᠨ ᠬᠠᠮᠢᠶᠠᠷᠤᠯᠳᠠ ᠠᠴᠠ ᠮᠤᠯᠳᠤᠷᠠᠵᠤ ᠭᠤᠭᠤᠵᠢᠬᠳᠠᠬᠤ ᠵᠠᠷᠬᠡ ᠠᠰᠠᠭᠤᠳᠡᠯ ᠢ ᠬᠢᠨᠠᠯᠳᠠ ᠳᠡᠯᠪᠢᠨ ᠵᠠᠯᠠᠷᠠᠭᠤᠯᠵᠤ᠂ ᠬᠠᠪᠰᠤᠷᠤᠨ ᠰᠤᠷᠭᠠᠵᠤ ᠳᠥᠪᠬᠢᠨᠡᠬᠦᠯᠬᠦ ᠠᠵᠢᠯ ᠢ ᠬᠠᠮᠵᠢᠯᠴᠠᠨ ᠰᠠᠶᠢᠳᠤᠷ ᠬᠢᠪᠡ᠃ ᠬᠠᠤᠯᠢ ᠴᠠᠭᠠᠵᠠ ᠶᠢᠨ ᠤᠬᠠᠭᠤᠯᠤᠯ ᠢ ᠮᠠᠯᠵᠢᠬᠤ ᠳᠠᠷᠢᠶᠠᠯᠠᠬᠤ ᠤᠷᠤᠨ ᠳᠤ ᠬᠥᠷᠬᠡᠬᠦ ᠠᠵᠢᠯᠯᠠᠭ᠎ᠠ ᠶᠢ ᠥᠷᠨᠢᠬᠦᠯᠵᠤ᠂ ᠤᠯᠠᠨ ᠳᠥᠮᠠᠨ ᠤ ᠬᠠᠤᠯᠢ ᠰᠤᠷᠬᠤ᠂ ᠬᠠᠤᠯᠢ ᠬᠡᠷᠡᠭᠯᠡᠬᠦ᠂ ᠬᠠᠤᠯᠢ ᠰᠠᠬᠢᠬᠤ ᠶᠢ ᠠᠬᠢᠭᠤᠯᠤᠨ᠂ ᠬᠠᠤᠯᠢ ᠴᠠᠭᠠᠵᠠ ᠶᠢ ᠤᠬᠠᠮᠰᠠᠷ ᠠᠴᠠ ᠪᠠᠨ ᠬᠡᠷᠡᠭᠯᠡᠨ ᠬᠤᠪᠢ ᠪᠡᠶ᠎ᠠ ᠶᠢᠨ ᠡᠷᠬᠡ ᠠᠰᠢᠭ ᠢ ᠨᠢ ᠬᠠᠮᠠᠭᠠᠯᠠᠭᠤᠯᠪᠠ᠃ 


    ᠠᠷᠠᠳ ᠤᠨ ᠠᠮᠢᠳᠤᠷᠠᠯ ᠢ ᠳᠡᠬᠡᠳᠤ ᠬᠡᠮᠵᠢᠶ᠎ᠠ ᠪᠠᠷ ᠬᠠᠯᠠᠮᠵᠢᠯᠠᠨ᠂ ᠠᠷᠠᠳ ᠤᠯᠠᠨ ᠤ ᠠᠵᠤ ᠳᠥᠷᠤᠵᠤ ᠠᠮᠤᠷ ᠵᠢᠷᠭᠠᠬᠤ ᠶᠢ ᠪᠠᠳᠤᠯᠠᠪᠠ᠃ ᠬᠥᠮᠤᠨ ᠠᠮᠠ ᠳᠥᠪᠯᠡᠷᠡᠭᠰᠡᠨ ᠬᠤᠳᠠ ᠪᠠᠯᠭᠠᠰᠤᠨ ᠳᠤ 326 ᠪᠠᠶᠢᠴᠠᠭᠠᠬᠤ ᠬᠡᠷ ᠪᠠᠶᠢᠭᠤᠯᠵᠤ᠂ ᠳᠠᠷᠬᠠᠢ ᠪᠤᠳᠠᠷᠬᠠᠢ ᠰᠠᠭᠤᠷᠢᠰᠢᠬᠰᠠᠨ ᠭᠠᠵᠠᠷ ᠤᠷᠤᠨ ᠳᠤ ᠨᠡᠬᠦᠳᠡᠯ ᠪᠠᠶᠢᠴᠠᠭᠠᠬᠤ ᠥᠷᠳᠡᠭᠡ ᠪᠠᠶᠢᠭᠤᠯᠤᠨ᠂ ᠪᠠᠶᠢᠴᠠᠭᠠᠬᠤ ᠬᠤᠯᠪᠤᠭᠠᠴᠢᠨ ᠤᠷᠢᠵᠤ᠂ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠬᠡᠪᠴᠢᠶ᠎ᠠ ᠶᠢ ᠰᠤᠩᠭᠠᠭᠠᠪᠠ᠃ ᠬᠠᠤᠯᠢ ᠴᠠᠭᠠᠵᠠ ᠶᠢᠨ ᠵᠥᠪᠯᠠᠯᠬᠡ ᠶᠢ 14537 ᠬᠥᠮᠤᠨ ᠤᠳᠠᠭ᠎ᠠ ᠬᠥᠯᠢᠶᠠᠨ ᠠᠪᠴᠤ᠂ 1392 ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠡᠵᠠᠢ᠃ ᠠᠷᠠᠳ ᠲᠤ ᠬᠠᠷᠠᠭᠠᠯᠵᠠᠯ ᠥᠵᠡᠬᠦᠯᠬᠦ ᠳᠥᠷᠤ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠳᠤ ᠬᠠᠤᠯᠢ ᠶᠤᠰᠤᠭᠠᠷ ᠬᠢᠨᠠᠯᠳᠠ ᠳᠡᠯᠪᠢᠵᠤ᠂ ᠰᠤᠷᠭᠠᠨ ᠬᠥᠮᠤᠵᠢᠯ᠂ ᠠᠵᠢᠯ ᠤᠯᠭᠤᠯᠳᠠ᠂ ᠡᠮᠨᠠᠯᠬᠡ ᠶᠢᠨ ᠳᠠᠭᠠᠳᠬᠠᠯ᠂ ᠨᠠᠶᠢᠬᠡᠮ ᠤᠨ ᠪᠠᠳᠤᠯᠠᠭ᠎ᠠ ᠵᠠᠷᠬᠡ ᠬᠥᠷᠢᠶ᠎ᠠ ᠬᠡᠪᠴᠢᠶᠠᠨ ᠤ ᠳᠤᠰᠢᠶᠠᠯ ᠤᠨ ᠶᠠᠯ᠎ᠠ ᠬᠢᠭᠰᠡᠨ 144 ᠬᠥᠮᠤᠨ ᠢ ᠪᠠᠶᠢᠴᠠᠭᠠᠨ ᠰᠢᠳᠬᠡᠵᠤ᠂ ᠭᠠᠵᠠᠷ ᠳᠠᠳᠠᠪᠤᠷᠢᠯᠠᠨ ᠨᠥᠬᠦᠪᠤᠷᠢᠯᠡᠬᠦ᠂ ᠬᠡᠷ ᠪᠠᠶᠢᠰᠢᠩ ᠨᠤᠷᠠᠭᠠᠨ ᠨᠡᠬᠦᠯᠬᠡᠬᠦ ᠪᠠ ᠪᠠᠳᠤᠯᠠᠭ᠎ᠠ ᠶᠢᠨ ᠴᠢᠨᠠᠷᠳᠡᠢ ᠤᠷᠤᠨ ᠰᠠᠭᠤᠴᠠ ᠵᠠᠷᠬᠡ ᠬᠥᠷᠢᠶ᠎ᠠ ᠬᠡᠪᠴᠢᠶᠠᠨ ᠳᠠᠬᠢ ᠳᠤᠰᠢᠶᠠᠯ ᠤᠨ ᠶᠠᠯ᠎ᠠ ᠬᠢᠭᠰᠡᠨ 167 ᠬᠥᠮᠤᠨ ᠢ ᠪᠠᠶᠢᠴᠠᠭᠠᠨ ᠰᠢᠳᠬᠡᠵᠤ᠂ ᠳᠤᠰᠬᠠᠢ ᠨᠥᠬᠦᠪᠤᠷᠢ ᠮᠥᠡᠭᠬᠦ ᠶᠢ ᠬᠤᠳᠠᠯ ᠢᠶᠠᠷ ᠮᠡᠳᠡᠬᠦᠯᠤᠨ ᠮᠡᠬᠡᠯᠡᠨ ᠠᠪᠤᠬᠰᠠᠨ᠂ ᠱᠠᠮᠰᠢᠵᠤ ᠨᠡᠬᠦᠯᠬᠡᠨ ᠬᠡᠷᠡᠭᠯᠡᠭᠰᠡᠨ᠂ ᠬᠢᠬᠠᠨ ᠮᠡᠬᠡᠯᠡᠵᠤ ᠠᠪᠤᠬᠰᠠᠨ ᠳᠤᠰᠢᠶᠠᠯ ᠤᠨ ᠶᠠᠯ᠎ᠠ ᠬᠢᠭᠰᠡᠨ 317 ᠬᠥᠮᠤᠨ ᠢ ᠪᠠᠶᠢᠴᠠᠭᠠᠨ ᠰᠢᠳᠬᠡᠪᠡ᠃


    ᠪᠤᠭᠤᠳᠤ ᠬᠤᠳᠠ ᠶᠢᠨ ᠪᠠᠶᠢᠴᠠᠭᠠᠬᠤ ᠬᠤᠷᠢᠶ᠎ᠠ ᠬᠥᠴᠤᠨ ᠢᠶᠠᠨ ᠵᠤᠬᠢᠶᠠᠨ ᠪᠠᠶᠢᠭᠤᠯᠵᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠤ ᠳᠡᠳ᠋ ᠳᠠᠷᠤᠭ᠎ᠠ ᠰᠥᠨ ᠰᠢᠶᠤᠤ ᠬᠤᠭ᠌᠂ ᠬᠥᠶᠠᠩ ᠰᠢᠶᠠᠨ ᠤ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠤ ᠳᠡᠳ᠋ ᠳᠠᠷᠤᠭ᠎ᠠ ᠳ᠋ᠢᠩ ᠯᠢᠶᠠᠩ ᠵᠠᠷᠬᠡ 5 ᠬᠥᠮᠤᠨ ᠤ ᠳᠠᠷᠢᠶᠠᠯᠠᠩ ᠤᠨ ᠮᠠᠰᠢᠨ ᠤ ᠨᠥᠬᠦᠪᠤᠷᠢ ᠳᠠᠷᠬᠠᠭᠠᠬᠤ ᠶᠠᠪᠤᠴᠠ ᠳᠤ ᠳᠤᠰᠢᠶᠠᠯ ᠢᠶᠠᠨ ᠤᠮᠳᠤᠭᠠᠢᠢᠯᠠᠨ ᠬᠠᠷᠢᠭᠤᠴᠠᠯᠭ᠎ᠠ ᠪᠠᠨ ᠠᠯᠳᠠᠬᠰᠠᠨ᠂ ᠡᠷᠬᠡ ᠳᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠬᠡᠷᠡᠭ ᠢ ᠪᠠᠶᠢᠴᠠᠭᠠᠨ ᠰᠢᠳᠬᠡᠭᠰᠡᠨ ᠪᠥᠬᠡᠳ ᠬᠠᠮᠢᠶ᠎ᠠ ᠪᠥᠬᠦᠢ 16 ᠬᠥᠮᠤᠨ ᠤ ᠬᠢᠬᠠᠨ ᠮᠡᠬᠡᠯᠡᠭᠰᠡᠨ ᠬᠡᠷᠡᠭ ᠢ ᠨᠠᠶᠢᠯᠡᠬᠦᠯᠤᠨ ᠳᠤᠷᠰᠢᠨ ᠪᠠᠶᠢᠴᠠᠭᠠᠭᠠᠳ᠂ ᠮᠢᠩᠭ᠎ᠠ ᠰᠢᠬᠠᠮ ᠳᠥᠮᠠᠨ ᠳᠥᠬᠦᠷᠢᠭ ᠤᠨ ᠨᠥᠬᠦᠪᠤᠷᠢ ᠮᠥᠡᠭᠬᠦ ᠶᠢ ᠨᠡᠬᠡᠮᠵᠢᠯᠡᠨ ᠳᠤᠰᠢᠶᠠᠯᠭᠠᠪᠠ᠃ ᠤᠯᠠᠨ ᠳᠥᠮᠠᠨ ᠤ ᠳᠤᠰᠬᠠᠯ ᠬᠤᠷᠴᠠ ᠰᠢᠷᠤᠬᠦᠨ ᠢᠳᠡᠬᠡᠨ ᠤᠮᠳᠠᠭᠠᠨ ᠡᠮ ᠤᠨ ᠵᠥᠢᠯ ᠤᠨ ᠠᠮᠤᠷ ᠳᠥᠪᠰᠢᠨ ᠤ ᠠᠰᠠᠭᠤᠳᠡᠯ ᠢ ᠬᠠᠤᠯᠢ ᠶᠤᠰᠤᠭᠠᠷ ᠴᠡᠭᠴᠡᠯᠡᠨ ᠵᠠᠰᠠᠵᠤ᠂ ᠬᠤᠤᠷᠠᠳᠡᠢ ᠪᠠ ᠬᠤᠤᠷᠳᠡᠢ ᠢᠳᠡᠬᠡᠨ ᠥᠢᠯᠡᠳᠴᠤ ᠪᠤᠷᠤᠯᠠᠭᠤᠯᠤᠬᠰᠠᠨ᠂ ᠬᠠᠭᠤᠷᠮᠠᠭ ᠴᠢᠨᠠᠷ ᠮᠠᠭᠤ ᠡᠮ ᠥᠢᠯᠡᠳᠴᠤ ᠪᠤᠷᠤᠯᠠᠭᠤᠯᠤᠬᠰᠠᠨ ᠵᠠᠷᠬᠡ 381 ᠶᠠᠯ᠎ᠠ ᠬᠢᠭᠰᠡᠨ ᠰᠡᠵᠢᠭᠳᠡᠨ ᠢ ᠵᠠᠭᠠᠯᠳᠤᠪᠠ᠃ ᠪᠠᠭᠤᠷᠠᠶᠢᠴᠤᠤᠯ ᠪᠠ ᠬᠦᠴᠢᠷᠲᠡᠶᠢᠴᠤᠤᠯ ᠳᠤ ᠥᠵᠡᠬᠦᠯᠬᠦ ᠬᠠᠤᠯᠢ ᠴᠠᠭᠠᠵᠠ ᠶᠢᠨ ᠬᠠᠮᠠᠭᠠᠯᠠᠯᠳᠠ ᠶᠢ ᠴᠢᠩᠭᠠᠳᠬᠠᠨ᠂ ᠬᠥᠯᠤᠰᠤᠨ ᠳᠠᠷᠢᠶᠠᠴᠢᠨ ᠤ ᠴᠠᠯᠢᠩ ᠢ ᠥᠷᠢᠳᠥᠭᠰᠡᠨ ᠢᠷᠬᠡᠨ ᠤ ᠬᠡᠷᠡᠭ ᠤᠨ ᠵᠠᠭᠠᠯᠳᠤᠯᠭ᠎ᠠ ᠶᠢ ᠳᠡᠮᠵᠢᠵᠤ᠂ ᠬᠥᠳᠡᠯᠮᠤᠷᠢ ᠶᠢᠨ ᠬᠥᠴᠤ ᠬᠥᠯᠤᠰᠤ ᠥᠭᠬᠦ ᠶᠢ ᠳᠡᠪᠴᠢᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠳ ᠤᠨ ᠡᠷᠡᠬᠦᠤ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠪᠡ᠃ ᠪᠠᠷᠢᠯᠭ᠎ᠠ ᠳᠠᠭᠠᠭᠠᠴᠢᠯᠠᠬᠴᠢ ᠢᠤᠢ ᠴᠢ ᠵᠤᠸᠠᠩ ᠤᠨ 67 ᠬᠥᠮᠤᠨ ᠤ 40 ᠭᠠᠷᠤᠢ ᠳᠥᠮᠠᠨ ᠳᠥᠬᠦᠷᠢᠭ ᠤᠨ ᠴᠠᠯᠢᠩ ᠢ ᠥᠷᠢᠳᠤᠵᠤ ᠳᠤᠳᠠᠭᠠᠬᠰᠠᠨ ᠬᠡᠷᠡᠭ ᠢ ᠬᠡᠬᠡᠨ ᠭᠤᠤᠯ ᠬᠤᠳᠠ ᠶᠢᠨ ᠪᠠᠶᠢᠴᠠᠭᠠᠬᠤ ᠬᠤᠷᠢᠶ᠎ᠠ ᠬᠢᠨᠠᠯᠳᠠ ᠳᠡᠯᠪᠢᠨ ᠬᠡᠷᠡᠭ ᠪᠤᠯᠭᠠᠬᠰᠠᠨ ᠪᠥᠬᠡᠳ ᠨᠠᠬᠡᠮᠵᠢᠯᠡᠨ ᠪᠠᠷᠢᠬᠤ᠂ ᠬᠠᠤᠯᠢ ᠶᠤᠰᠤᠭᠠᠷ ᠵᠠᠭᠠᠯᠳᠤᠬᠤ ᠶᠢ ᠰᠢᠪᠡᠳᠠᠨ᠂ ᠮᠠᠭᠤ ᠰᠠᠨᠠᠭ᠎ᠠ ᠪᠠᠷ ᠴᠠᠯᠢᠩ ᠥᠷᠢᠳᠥᠭᠴᠢ ᠶᠢᠨ ᠡᠷᠡᠬᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠵᠤ᠂ ᠬᠥᠯᠤᠰᠤᠨ ᠳᠠᠷᠢᠶᠠᠴᠢᠨ ᠤ ᠬᠥᠴᠤ ᠬᠥᠯᠤᠰᠤ ᠶᠢ ᠨᠠᠬᠡᠮᠵᠢᠯᠡᠨ ᠠᠪᠴᠢᠷᠠᠪᠠ 


    ᠭᠤᠷᠪᠡ᠂ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠪᠠ ᠤᠷᠢᠳᠴᠢᠯᠡᠨ ᠰᠠᠷᠬᠡᠶᠢᠯᠡᠬᠦ ᠠᠵᠢᠯ ᠢ ᠬᠥᠠᠵᠡᠬᠡᠶᠢᠷᠡᠬᠦᠯᠵᠤ᠂ ᠴᠡᠪᠡᠷ ᠠᠷᠢᠭᠤᠨ ᠳᠥᠪ ᠴᠢᠬᠡᠴᠢ ᠵᠠᠰᠠᠭ ᠤᠨ ᠤᠷᠴᠢᠨ ᠠᠬᠤᠢ ᠶᠢ ᠪᠤᠢ ᠪᠤᠯᠭᠠᠪᠠ


    ᠳᠥᠪ ᠬᠤᠷᠢᠶ᠎ᠠ᠂ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠪᠠᠶᠢᠷᠢᠯᠡᠭᠤᠯᠤᠯᠳᠠ ᠶᠢ ᠡᠷᠡᠰ ᠳᠤᠤᠱᠯᠠᠭᠤᠯᠵᠤ᠂ ᠨᠠᠮ ᠢᠶᠠᠨ ᠴᠢᠩᠭ᠎ᠠ ᠵᠠᠰᠠᠬᠤ ᠶᠢ ᠪᠥᠬᠦ ᠳᠡᠯ᠎ᠠ ᠪᠠᠷ ᠳᠥᠯᠬᠢᠨ ᠠᠬᠢᠭᠤᠯᠬᠤ ᠶᠠᠪᠤᠳᠡᠯ ᠨᠢ ᠬᠠᠤᠯᠢ ᠶᠤᠰᠤᠭᠠᠷ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠳᠤ ᠭᠠᠷᠭᠠᠬᠰᠠᠨ ᠰᠢᠨ᠎ᠠ ᠨᠠᠩ ᠥᠠᠳᠤᠷ ᠱᠠᠭᠠᠷᠳᠡᠯᠭ᠎ᠠ ᠶᠢ ᠬᠥᠠᠵᠠᠬᠡᠢ ᠤᠢᠢᠯᠠᠭᠠᠨ ᠳᠠᠨᠢᠵᠤ᠂ ᠬᠡᠷᠡᠭ ᠪᠠᠶᠢᠪᠡᠰᠤ ᠵᠠᠪᠠᠯ ᠰᠢᠳᠬᠡᠬᠦ᠂ ᠢᠯᠵᠠᠷᠠᠪᠠᠰᠤ ᠵᠠᠪᠠᠯ ᠵᠠᠯᠬᠠᠭᠠᠨ ᠰᠢᠳᠬᠡᠬᠦ ᠶᠢ ᠪᠠᠷᠢᠮᠳᠠᠯᠠᠵᠤ᠂ ᠬᠡᠷᠡᠭ ᠰᠢᠳᠬᠡᠬᠦ ᠬᠥᠴᠤᠯᠠᠴᠠ ᠪᠠᠨ ᠳᠠᠰᠤᠷᠠᠯᠳᠠ ᠥᠬᠡᠢ ᠨᠡᠮᠡᠭᠳᠡᠬᠦᠯᠪᠠ᠃ ᠪᠥᠬᠦ ᠵᠢᠯ ᠳᠤ ᠱᠠᠮᠰᠢᠵᠤ ᠬᠡᠬᠡᠯᠢ ᠳᠥᠯᠬᠢᠵᠤ ᠬᠠᠭ᠋ᠤᠤᠯᠢ ᠢᠳᠡᠭᠰᠡᠨ᠂ ᠳᠤᠰᠢᠶᠠᠯ ᠢᠶᠠᠨ ᠭᠤᠳᠤᠭᠠᠵᠤ ᠡᠷᠬᠡᠨ ᠳᠤ ᠬᠠᠯᠳᠠᠬᠰᠠᠨ ᠵᠠᠷᠬᠡ ᠳᠤᠰᠢᠶᠠᠯ ᠤᠨ ᠶᠠᠯ᠎ᠠ ᠬᠢᠭᠰᠡᠨ 959 ᠬᠡᠷᠡᠭ 1610 ᠬᠥᠮᠤᠨ ᠢ ᠬᠡᠷᠡᠭ ᠪᠤᠯᠭᠠᠨ ᠳᠤᠷᠰᠢᠨ ᠪᠠᠶᠢᠴᠠᠭᠠᠵᠤ᠂ ᠠᠳᠠᠯᠢ ᠬᠤᠭᠤᠴᠠᠭᠠᠨ ᠤ ᠬᠢ ᠠᠴᠠ 11.9% ᠪᠠ 17.1% ᠪᠠᠷ ᠳᠡᠬᠡᠭᠰᠢᠯᠡᠵᠤ᠂ ᠤᠯᠤᠰ ᠲᠤ 5.4 ᠳ᠋ᠦᠡᠭᠰᠢᠭᠤᠷ ᠭᠠᠷᠤᠢ ᠳᠥᠬᠦᠷᠢᠭ ᠤᠨ ᠠᠵᠤ ᠠᠬᠤᠢ ᠶᠢᠨ ᠬᠤᠬᠢᠷᠠᠯ ᠢ ᠡᠬᠡᠬᠦᠯᠤᠨ ᠠᠪᠴᠢᠷᠠᠪᠠ᠃ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠨ ᠰᠢᠳᠬᠡᠭᠰᠡᠨ ᠱᠠᠮᠰᠢᠵᠤ ᠢᠯᠵᠠᠷᠠᠬᠰᠠᠨ ᠮᠢᠩᠭ᠎ᠠ ᠰᠢᠬᠠᠮ ᠬᠡᠷᠡᠭ ᠨᠢ ᠪᠥᠬᠦ ᠤᠷᠤᠨ ᠤ ᠠᠷᠪᠡᠨ ᠶᠡᠭᠡ ᠬᠠᠤᠯᠢ ᠪᠠᠷ ᠵᠠᠰᠠᠬᠤ ᠬᠡᠷᠡᠭ ᠶᠠᠪᠤᠳᠡᠯ ᠢᠶᠠᠷ ᠰᠤᠩᠭᠤᠬᠳᠠᠵᠠᠢ᠃ ᠬᠡᠷᠡᠭ ᠰᠢᠳᠬᠡᠬᠦ ᠳᠤᠮᠳᠠ᠂ ᠨᠢᠬᠡ ᠳᠤ ᠳᠤᠮᠤ ᠴᠢᠬᠤᠯᠠ ᠬᠡᠷᠡᠭ ᠢ ᠪᠠᠶᠢᠴᠠᠭᠠᠨ ᠰᠢᠳᠬᠡᠬᠦ ᠪᠠᠨ ᠳᠤᠪᠤᠶᠢᠯᠭᠠᠪᠠ᠃ 699 ᠳᠤᠮᠤ ᠬᠡᠷᠡᠭ ᠢ ᠪᠠᠶᠢᠴᠠᠭᠠᠨ ᠰᠢᠢᠳᠪᠤᠷᠢᠯᠡᠵᠤ᠂ ᠠᠳᠠᠯᠢ ᠬᠤᠭᠤᠴᠠᠭᠠᠨ ᠤ ᠬᠢ ᠠᠴᠠ 27.8% ᠪᠠᠷ ᠳᠡᠬᠡᠭᠰᠢᠯᠡᠪᠠ᠃ ᠰᠢᠶᠠᠨ ᠭᠠᠵᠠᠷ ᠤᠨ ᠳᠠᠰ ᠠᠴᠠ ᠳᠡᠬᠡᠭᠰᠢᠬᠢ ᠤᠳᠤᠷᠢᠳᠬᠤ ᠺᠠᠳ᠋ᠷ 100 ᠬᠥᠮᠤᠨ ᠢ ᠪᠠᠶᠢᠴᠠᠭᠠᠨ ᠰᠢᠢᠳᠪᠤᠷᠢᠯᠡᠵᠤ᠂ ᠠᠳᠠᠯᠢ ᠬᠤᠭᠤᠴᠠᠭᠠᠨ ᠤ ᠬᠢ ᠠᠴᠠ 75.4% ᠪᠠᠷ ᠳᠡᠬᠡᠭᠰᠢᠯᠡᠪᠠ᠃ ᠵᠠᠩ ᠵᠢᠢ ᠫᠢᠡᠭ᠂ ᠸᠠᠩ ᠬᠤᠢ ᠱᠢ᠂ ᠱᠸ᠋ᠨ ᠵᠢᠶᠠ ᠵᠠᠷᠬᠡ ᠬᠥᠠᠳᠤ ᠨᠤᠴᠢᠳᠡᠢ ᠳᠤᠰᠢᠶᠠᠯ ᠤᠨ ᠶᠠᠯᠠᠳᠤ ᠬᠡᠷᠡᠭ ᠲᠤ ᠰᠡᠵᠢᠭᠯᠡᠭᠳᠡᠭᠰᠡᠨ 11 ᠳᠢᠩᠬᠢᠮ ᠤᠨ ᠳᠠᠰ ᠤᠨ ᠺᠠᠳ᠋ᠷ ᠢ ᠬᠠᠤᠯᠢ ᠶᠤᠰᠤᠭᠠᠷ ᠬᠡᠷᠡᠭ ᠪᠤᠯᠭᠠᠨ ᠳᠤᠷᠰᠢᠨ ᠪᠠᠶᠢᠴᠠᠭᠠᠨ ᠪᠠᠷᠢᠪᠴᠢᠯᠠᠪᠠ᠃ ᠬᠤᠶᠠᠷ ᠲᠤ ᠠᠷᠠᠳ ᠤᠯᠠᠨ ᠤ ᠳᠠᠷᠬᠡᠳᠠ ᠭᠠᠷᠤᠬᠰᠠᠨ ᠳᠤᠰᠢᠶᠠᠯ ᠤᠨ ᠶᠠᠯᠠᠳᠤ ᠬᠡᠷᠡᠭ ᠢ ᠢᠳᠡᠪᠬᠢᠳᠡᠢ ᠪᠠᠶᠢᠴᠠᠭᠠᠨ ᠰᠢᠳᠬᠡᠪᠡ᠃ ᠠᠶᠤᠯᠳᠡᠢ ᠬᠡᠷ ᠪᠠᠶᠢᠰᠢᠩ ᠢ ᠵᠠᠰᠠᠨ ᠪᠠᠶᠢᠭᠤᠯᠬᠤ᠂ ᠳᠠᠷᠢᠶᠠᠯᠠᠩ ᠤᠨ ᠮᠠᠰᠢᠨ ᠳᠤᠨᠤᠬᠯᠠᠯ ᠢ ᠬᠤᠳᠠᠯᠳᠤᠨ ᠠᠪᠬᠤ ᠨᠥᠬᠦᠪᠤᠷᠢ᠂ ᠤᠯᠤᠰ ᠤᠨ ᠢᠳᠡᠰᠢᠨ ᠨᠤᠭᠤᠭᠠᠨ ᠤ ᠢᠠᠵᠸ᠋ᠨ᠋ᠸ᠋ᠷᠢᠩ᠂ ᠡᠪᠡᠳᠴᠢᠨ ᠳᠠᠬᠤᠯ ᠲᠠᠢ ᠭᠠᠭ᠋ᠠᠢ ᠶᠢ ᠬᠤᠤᠷ ᠬᠥᠨᠤᠬᠡᠯ ᠥᠬᠡᠢ ᠪᠠᠷ ᠰᠢᠢᠳᠪᠤᠷᠢᠯᠡᠬᠦ᠂ ᠪᠷᠦ᠋ᠽᠸ᠋ᠯ ᠡᠪᠡᠳᠴᠢᠨ ᠢ ᠰᠠᠷᠬᠡᠶᠢᠯᠡᠨ ᠡᠵᠡᠮᠳᠡᠬᠦ᠂ ᠡᠪᠤᠯ ᠤᠨ ᠤᠯᠠᠷᠢᠯ ᠤᠨ ᠳᠤᠯᠠᠭᠠᠯᠭ᠎ᠠ ᠶᠢᠨ ᠨᠠᠬᠦᠷᠠᠰᠤᠨ ᠤ ᠨᠥᠬᠦᠪᠤᠷᠢ ᠮᠥᠡᠭᠬᠦ ᠵᠠᠷᠬᠡ ᠤᠯᠠᠨ ᠳᠤᠰᠬᠠᠢ ᠠᠵᠢᠯᠯᠠᠭ᠎ᠠ ᠶᠢ ᠤᠷᠢᠳ ᠬᠤᠵᠢᠳ ᠵᠤᠬᠢᠶᠠᠨ ᠪᠠᠶᠢᠭᠤᠯᠤᠨ ᠥᠷᠨᠢᠬᠦᠯᠪᠠ᠃ ᠰᠥᠷᠥᠭᠯᠡᠨ ᠰᠢᠨᠤᠬᠠᠢᠢᠷᠠᠬᠰᠠᠨ ᠢᠯᠠᠭ᠎ᠠ ᠮᠠᠳᠤ᠂ ᠬᠤᠤᠷ ᠬᠥᠨᠤᠬᠡᠯ ᠨᠢ ᠪᠠᠷᠰ ᠮᠠᠳᠤ ᠠᠷᠠᠳ ᠤᠨ ᠠᠮᠢᠳᠤᠷᠠᠯ ᠪᠠ ᠠᠰᠢᠭ ᠳᠤᠰᠠ ᠶᠢ ᠬᠤᠬᠢᠷᠠᠭᠤᠯᠤᠬᠰᠠᠨ 626 ᠬᠡᠷᠡᠭ 1086 ᠬᠥᠮᠤᠨ ᠢ ᠪᠠᠶᠢᠴᠠᠭᠠᠨ ᠰᠢᠳᠬᠡᠪᠡ᠃ ᠵᠥᠪᠬᠡᠨ ᠳᠥᠡᠭᠯᠢᠶᠤᠤ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠥᠷᠨᠢᠬᠦᠯᠥᠭᠰᠡᠨ ᠮᠠᠯᠴᠢᠨ ᠳᠠᠷᠢᠶᠠᠴᠢᠳ ᠤᠨ ᠠᠰᠢᠭ ᠳᠤᠰᠠ ᠶᠢ ᠬᠤᠬᠢᠷᠠᠭᠤᠯᠤᠬᠰᠠᠨ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠳᠤᠰᠬᠠᠢ ᠬᠥᠳᠡᠯᠬᠡᠬᠡᠨ ᠳᠤ᠂ ᠳᠤᠰᠬᠤᠨ ᠤ ᠺᠠᠳ᠋ᠷ ᠤᠨ ᠱᠠᠮᠰᠢᠬᠰᠠᠨ ᠬᠡᠷᠡᠭ ᠤᠨ 48 ᠬᠥᠮᠤᠨ ᠢ ᠪᠠᠶᠢᠴᠠᠭᠠᠨ ᠰᠢᠳᠬᠡᠪᠡ᠃ ᠭᠤᠷᠪᠡ ᠳᠤ ᠬᠠᠭ᠋ᠤᠤᠯᠢ ᠳᠥᠯᠬᠢᠬᠦ ᠶᠠᠯᠠᠳᠤ ᠬᠡᠷᠡᠭ ᠢ ᠶᠠᠯᠠᠯᠠᠨ ᠰᠢᠳᠬᠡᠬᠦ ᠬᠥᠴᠤᠯᠠᠴᠠ ᠪᠠᠨ ᠨᠡᠮᠡᠭᠳᠡᠬᠦᠯᠵᠤ᠂ ᠺᠠᠳ᠋ᠷ ᠠᠵᠢᠯᠳᠠᠨ ᠢ ᠢᠯᠵᠠᠷᠠᠭᠤᠯᠤᠨ᠂《ᠬᠥᠷᠢᠶᠡᠯᠡᠨ ᠠᠪᠠᠯᠠᠬᠰᠠᠨ》183 ᠬᠠᠭ᠋ᠤᠤᠯᠢ ᠳᠥᠯᠬᠢᠭᠴᠦ ᠶᠢᠨ ᠡᠷᠡᠬᠦᠤ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠪᠡ᠃ ᠳᠥᠷᠪᠡ ᠳᠤ ᠬᠠᠤᠯᠢ ᠵᠠᠰᠠᠯᠳᠠ ᠪᠠᠷ ᠢᠯᠵᠠᠷᠠᠯ ᠢ ᠡᠰᠡᠷᠬᠦᠴᠡᠬᠦ ᠶᠢ ᠪᠠᠷᠢᠮᠳᠠᠯᠠᠵᠤ᠂ ᠬᠠᠤᠯᠢ ᠶᠢ ᠴᠢᠩᠭ᠎ᠠ ᠵᠢᠷᠤᠮᠯᠠᠨ ᠬᠡᠷᠡᠭ ᠰᠢᠳᠬᠡᠵᠤ᠂ ᠬᠡᠷᠡᠭ ᠪᠥᠷᠢ ᠶᠢ ᠡᠷᠡᠰ ᠳᠠᠰᠤᠷᠬᠠᠢ ᠪᠥᠬᠡᠳ ᠪᠤᠯᠭᠤᠮᠵᠢᠳᠡᠢ ᠪᠠᠷ ᠪᠠᠶᠢᠴᠠᠭᠠᠨ ᠰᠢᠢᠳᠪᠤᠷᠢᠯᠡᠵᠤ᠂ ᠰᠢᠬᠦᠨ ᠠᠰᠠᠭᠤᠬᠤ ᠪᠥᠬᠦ ᠶᠠᠪᠤᠴᠠ ᠳᠤ ᠳᠠᠭᠤ ᠳᠥᠷᠰᠤ ᠶᠢ ᠵᠠᠷᠬᠡᠴᠡᠬᠡᠪᠡᠷ ᠰᠢᠩᠬᠡᠬᠡᠬᠦ ᠶᠢ ᠪᠥᠬᠦ ᠳᠡᠯ᠎ᠠ ᠪᠠᠷ ᠬᠡᠷᠡᠭᠵᠢᠬᠦᠯᠵᠤ᠂ ᠳᠤᠷᠰᠢᠨ ᠪᠠᠶᠢᠴᠠᠭᠠᠨ ᠬᠡᠷᠡᠴᠢ ᠠᠪᠬᠤ ᠥᠢᠯᠠ ᠠᠵᠢᠯᠯᠠᠭ᠎ᠠ ᠪᠠᠨ ᠳᠥᠷᠢᠮᠵᠢᠬᠦᠯᠤᠨ᠂ ᠬᠡᠷᠡᠭ ᠰᠢᠳᠬᠡᠬᠦ ᠴᠢᠨᠠᠷ ᠴᠢᠠᠰᠠᠭ᠎ᠠ ᠪᠠᠨ ᠳᠠᠰᠤᠷᠠᠯᠳᠠ ᠥᠬᠡᠢ ᠳᠡᠬᠡᠭᠰᠢᠯᠡᠬᠦᠯᠪᠠ᠃ ᠨᠢᠳᠤᠨᠤᠨ ᠵᠢᠯ᠂ 1301 ᠳᠤᠰᠢᠶᠠᠯ ᠤᠨ ᠶᠠᠯ᠎ᠠ ᠬᠢᠭᠰᠡᠨ ᠰᠡᠵᠢᠭᠳᠡᠨ ᠳᠤ ᠠᠯᠪᠡᠨ ᠵᠠᠭᠠᠯᠳᠤᠯᠭ᠎ᠠ ᠭᠠᠷᠭᠠᠵᠤ᠂ 791 ᠬᠥᠮᠤᠨ ᠢ ᠰᠢᠬᠦᠬᠦ ᠬᠤᠷᠢᠶ᠎ᠠ ᠰᠢᠬᠦᠨ ᠳᠠᠰᠤᠯᠵᠤ᠂ ᠪᠥᠬᠦᠨ ᠢ ᠶᠠᠯ᠎ᠠ ᠲᠠᠢ ᠪᠠᠷ ᠰᠢᠬᠦᠨ ᠳᠠᠰᠤᠯᠤᠬᠰᠠᠨ ᠪᠠᠶᠢᠨ᠎ᠠ᠃


    ᠢᠯᠵᠠᠷᠠᠬᠤ ᠵᠤᠷᠢᠭ ᠥᠬᠡᠢ᠂ ᠢᠯᠵᠠᠷᠠᠵᠤ ᠪᠤᠯᠬᠤ ᠥᠬᠡᠢ᠂ ᠢᠯᠵᠠᠷᠠᠬᠤ ᠰᠠᠨᠠᠭ᠎ᠠ ᠥᠬᠡᠢ ᠬᠠᠷᠠᠯᠳᠠ ᠶᠢ ᠳᠤᠭᠤᠷᠢᠭᠤᠯᠤᠨ ᠤᠷᠢᠳᠴᠢᠯᠠᠨ ᠰᠠᠷᠬᠡᠶᠢᠯᠡᠬᠦ ᠠᠵᠢᠯ ᠢ ᠴᠢᠩᠭᠠᠳᠬᠠᠪᠠ᠃ ᠳᠤᠰᠢᠶᠠᠯ ᠤᠨ ᠶᠠᠯᠠᠳᠤ ᠬᠡᠷᠡᠭ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠠᠷᠬᠡᠶᠢᠯᠡᠭᠰᠡᠨ ᠤᠨ ᠤ ᠮᠡᠳᠡᠬᠦᠯᠤᠯᠳᠠ ᠶᠢᠨ ᠳᠥᠷᠢᠮ ᠢ ᠶᠠᠪᠤᠭᠤᠯᠵᠤ᠂ ᠡᠯ᠎ᠠ ᠱᠠᠳᠤᠨ ᠤ ᠨᠠᠮ ᠤᠨ ᠬᠤᠷᠢᠶ᠎ᠠ ᠳᠤ 114 ᠬᠤᠪᠢ ᠮᠡᠳᠡᠬᠦᠯᠤᠯᠳᠠ ᠮᠡᠳᠡᠬᠦᠯᠤᠨ ᠬᠥᠷᠬᠡᠵᠤ᠂ ᠥᠪᠡᠷᠳᠡᠬᠡᠨ ᠵᠠᠰᠠᠬᠤ ᠤᠷᠤᠨ ᠪᠠ ᠠᠶᠢᠮᠠᠭ ᠬᠤᠳᠠ᠂ ᠬᠤᠰᠢᠭᠤ ᠰᠢᠶᠠᠨ ᠤ ᠭᠤᠤᠯ ᠤᠳᠤᠷᠢᠳᠤᠯᠭ᠎ᠠ 120 ᠬᠤᠪᠢ ᠤᠳᠠᠭ᠎ᠠ ᠴᠤᠬᠤᠯᠠᠪᠤᠷᠢ ᠭᠠᠷᠭᠠᠪᠠ᠃ 257 ᠰᠠᠷᠠᠮᠵᠢ ᠬᠥᠮᠤᠵᠢᠯ ᠤᠨ ᠰᠠᠭᠤᠷᠢᠨ ᠭᠠᠵᠠᠷ ᠪᠠᠶᠢᠭᠤᠯᠪᠠ᠂ ᠡᠬᠦᠨ ᠳᠤ 4᠎ ᠨᠢ ᠪᠥᠬᠦ ᠤᠯᠤᠰ ᠤᠨ《ᠵᠠᠭᠤᠨ ᠰᠢᠯᠢᠳᠡᠭ ᠰᠠᠭᠤᠷᠢᠨ ᠭᠠᠵᠠᠷ》ᠢᠶᠠᠷ ᠰᠤᠩᠭᠤᠬᠳᠠᠵᠠᠢ᠃ ᠤᠷᠢᠳᠴᠢᠯᠠᠨ ᠰᠠᠷᠬᠡᠶᠢᠯᠡᠬᠦ ᠤᠬᠠᠭᠤᠯᠭ᠎ᠠ ᠪᠠᠨ ᠴᠢᠩᠭᠠᠳᠬᠠᠨ᠂ 4249 ᠤᠳᠠᠭ᠎ᠠ ᠰᠠᠷᠠᠮᠵᠢ ᠬᠥᠮᠤᠵᠢᠯ ᠤᠨ ᠠᠵᠢᠯᠯᠠᠭ᠎ᠠ ᠥᠷᠨᠢᠬᠦᠯᠪᠠ᠃ ᠬᠡᠷᠡᠭ ᠰᠢᠳᠬᠡᠬᠦ ᠳᠤᠮᠳᠠ ᠢᠯᠠᠷᠡᠬᠦᠯᠥᠭᠰᠡᠨ ᠠᠰᠠᠭᠤᠳᠡᠯ ᠳᠤ ᠴᠢᠭᠯᠡᠬᠦᠯᠤᠨ ᠳᠥᠷᠢᠮ ᠳᠤᠬᠳᠠᠭᠠᠯ ᠢ ᠵᠠᠰᠠᠨ ᠳᠤᠬᠳᠠᠭᠠᠬᠤ ᠰᠠᠨᠠᠯ ᠰᠠᠨᠠᠭᠤᠯᠭ᠎ᠠ ᠳᠤᠷᠠᠳᠴᠤ᠂ ᠬᠠᠮᠢᠶ᠎ᠠ ᠪᠥᠬᠦᠢ ᠪᠠᠶᠢᠭᠤᠯᠭ᠎ᠠ ᠶᠢᠨ 439 ᠬᠤᠪᠢ ᠳᠥᠷᠢᠮ ᠢ ᠪᠠᠶᠢᠭᠤᠯᠤᠨ ᠳᠡᠬᠦᠯᠳᠡᠷᠵᠢᠬᠦᠯᠬᠦ ᠢ ᠳᠥᠯᠬᠢᠨ ᠠᠬᠢᠭᠤᠯᠪᠠ᠃ ᠨᠠᠶᠢᠬᠡᠮ ᠤᠨ ᠢᠳᠡᠬᠡᠮᠵᠢ ᠶᠢᠨ ᠰᠢᠰᠲᠸ᠋ᠮ ᠢ ᠪᠠᠶᠢᠭᠤᠯᠬᠤ ᠶᠢ ᠳᠥᠯᠬᠢᠨ ᠠᠬᠢᠭᠤᠯᠵᠤ᠂ 4.2 ᠳᠥᠮᠠ ᠭᠠᠷᠤᠢ ᠤᠳᠠᠭᠠᠨ ᠤ ᠶᠠᠯᠠᠳᠤ ᠬᠡᠷᠡᠭ ᠤᠨ ᠳᠠᠩᠰᠠ ᠡᠪᠬᠡᠮᠡᠯ ᠤᠨ ᠪᠠᠶᠢᠴᠠᠭᠠᠨ ᠯᠠᠪᠯᠠᠯᠳᠠ ᠶᠢ ᠬᠠᠨᠭ᠍ᠭᠠᠬᠰᠠᠨ ᠪᠠᠶᠢᠨ᠎ᠠ᠃ ᠴᠢᠬᠡᠴᠢ ᠵᠠᠰᠠᠭ ᠤᠨ ᠰᠤᠶᠤᠯ ᠤᠨ ᠪᠠᠶᠢᠭᠤᠯᠤᠯᠳᠠ ᠶᠢ ᠳᠥᠯᠬᠢᠨ ᠠᠬᠢᠭᠤᠯᠵᠤ᠂ ᠴᠢᠬᠡᠴᠢ ᠵᠠᠰᠠᠭ ᠤᠨ ᠨᠠᠶᠢᠳᠠ ᠶᠢᠨ ᠠᠰᠠᠷᠠᠮᠵᠢ ᠶᠢᠨ ᠮᠡᠳᠡᠭᠡ᠂ ᠤᠬᠠᠭᠤᠯᠭ᠎ᠠ ᠶᠢᠨ ᠤᠬᠤᠷ ᠹᠢᠯᠢᠮ ᠢ ᠵᠤᠬᠢᠶᠠᠨ ᠪᠠᠶᠢᠭᠤᠯᠤᠨ ᠥᠢᠯᠡᠳᠴᠤ᠂ 7 ᠪᠢᠴᠢᠯ ᠺᠢᠨᠤ᠋ ᠪᠥᠬᠦ ᠤᠯᠤᠰ ᠤᠨ ᠰᠢᠯᠭᠠᠷᠠᠭᠤᠯᠤᠯᠳᠠ ᠳᠤ ᠱᠠᠩᠨᠠᠯ ᠤᠯᠵᠠᠢ᠂ ᠡᠬᠦᠨ ᠳᠤ ᠬᠠᠨᠭ᠍ᠬᠢᠨ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠰᠡᠬᠦᠳᠡᠷᠯᠡᠭᠰᠡᠨ ᠪᠢᠴᠢᠯ ᠺᠢᠨᠤ᠋《ᠨᠢᠬᠡᠨ ᠡᠪᠬᠡᠬᠡᠰᠤ ᠴᠠᠭᠠᠨ ᠴᠠᠭᠠᠰᠤ》ᠨᠢ ᠨᠢᠬᠡᠳᠤᠬᠡᠷ ᠳᠠᠰ ᠤᠨ ᠱᠠᠩᠨᠠᠯ ᠢ ᠬᠥᠷᠳᠡᠪᠡ᠃ ᠳᠤᠰ ᠺᠢᠨᠤ᠋ ᠨᠢ ᠡᠯ᠎ᠠ ᠶᠡᠭᠡ ᠳᠤᠤᠷ ᠰᠥᠯᠵᠢᠶᠠᠨ ᠳᠤ ᠳᠡᠮᠵᠢᠭᠤᠯᠤᠨ ᠨᠠᠶᠢᠳᠡᠯᠡᠭᠳᠡᠵᠤ᠂ ᠳᠠᠷᠤᠮᠵᠢ ᠶᠢᠨ ᠨᠤᠷᠮ᠎ᠠ ᠨᠢ 68 ᠳᠥᠮᠠᠨ ᠤᠳᠠᠭ᠎ᠠ ᠠᠴᠠ ᠳᠠᠪᠠᠭᠰᠠᠨ ᠪᠠᠶᠢᠨ᠎ᠠ᠃    


    ᠳᠥᠷᠪᠡ᠂ ᠵᠠᠷᠭᠤ ᠳᠤ ᠬᠢᠨᠠᠯᠳᠠ ᠳᠡᠯᠪᠢᠬᠤ ᠪᠠᠨ ᠴᠢᠩᠭᠠᠷᠠᠭᠤᠯᠵᠤ᠂ ᠳᠥᠪ ᠭᠤᠤᠯᠴᠢ ᠰᠢᠳᠤᠷᠭᠤ ᠶᠤᠰᠤᠨ ᠢ ᠬᠠᠮᠠᠭᠠᠯᠠᠵᠤ᠂ ᠥᠠᠳᠤᠰᠤᠨ ᠬᠠᠤᠯᠢ ᠪᠤᠯᠤᠨ ᠬᠠᠤᠯᠢ ᠴᠠᠭᠠᠵᠠ ᠶᠢᠨ ᠨᠠᠷ᠎ᠠ ᠬᠥᠠᠳᠤ ᠶᠢ ᠬᠠᠮᠠᠭᠠᠯᠠᠪᠠ 


    2013 ᠤᠨ ᠤ ᠥᠪᠡᠷᠳᠡᠬᠡᠨ ᠵᠠᠰᠠᠬᠤ ᠤᠷᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠬᠤᠷᠢᠶᠠᠨ ᠤ ᠬᠢᠨᠠᠨ ᠵᠥᠪᠯᠡᠭᠰᠡᠨ ᠪᠠᠶᠢᠴᠠᠭᠠᠬᠤ ᠪᠠᠶᠢᠭᠤᠯᠭ᠎ᠠ ᠶᠢᠨ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠭᠰᠡᠨ ᠠᠵᠢᠯ ᠤᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠰᠢᠶᠠᠯ ᠤᠨ ᠶᠠᠯᠠᠳᠤ ᠬᠡᠷᠡᠭ ᠤᠨ ᠬᠥᠡᠭᠬᠡᠷᠡᠬᠦᠯᠤᠨ ᠶᠠᠯᠠᠯᠠᠬᠤ ᠠᠰᠠᠭᠤᠳᠡᠯ ᠢ ᠬᠥᠴᠤᠯᠠᠨ ᠰᠢᠢᠳᠪᠤᠷᠢᠯᠡᠵᠤ᠂ ᠳᠤᠰᠢᠶᠠᠯ ᠤᠨ ᠶᠠᠯᠠᠳᠤ ᠬᠡᠷᠡᠭ ᠤᠨ ᠥᠯᠤ ᠵᠠᠭᠠᠯᠳᠤᠬᠤ᠂ ᠡᠷᠡᠬᠦᠤ ᠠᠯᠭᠤᠷᠯᠠᠬᠤ ᠡᠷᠡᠬᠦᠤ ᠰᠢᠳᠬᠡᠯ ᠠᠴᠠ ᠬᠡᠯᠳᠤᠷᠢᠬᠦᠯᠬᠦ ᠪᠠᠷ ᠰᠢᠳᠬᠡᠭᠰᠡᠨ ᠬᠡᠷᠡᠭ ᠤᠨ ᠴᠢᠨᠠᠷ ᠴᠢᠠᠰᠠᠭ᠎ᠠ ᠶᠢ ᠵᠢᠬᠰᠠᠭᠠᠨ ᠪᠠᠶᠢᠴᠠᠭᠠᠵᠤ ᠵᠠᠯᠠᠷᠠᠭᠤᠯᠬᠤ ᠳᠤᠰᠬᠠᠢ ᠠᠵᠢᠯᠯᠠᠭ᠎ᠠ ᠢ ᠪᠠᠶᠢᠷᠢᠯᠠᠭᠤᠯᠤᠨ ᠥᠷᠨᠢᠬᠦᠯᠥᠭᠰᠡᠨ ᠤ ᠬᠠᠮᠳᠤ᠂ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠶᠢᠨ ᠪᠠᠶᠢᠷᠢᠯᠠᠭᠤᠯᠤᠬᠰᠠᠨ ᠡᠷᠡᠬᠦᠤ ᠬᠥᠡᠭᠬᠡᠷᠠᠬᠦᠯᠬᠦ᠂ ᠳᠠᠩᠰᠠᠨ ᠰᠤᠯᠠᠯᠠᠬᠤ᠂ ᠬᠢᠨᠳᠠᠨ ᠤ ᠭᠠᠳᠠᠨ᠎ᠠ ᠳᠥᠷ ᠬᠥᠢᠴᠡᠳᠬᠡᠯᠳᠠ ᠶᠢᠨ ᠳᠤᠰᠬᠠᠢ ᠪᠠᠶᠢᠴᠠᠭᠠᠯᠳᠠ᠂ ᠤᠳᠠᠳᠠᠯ᠎ᠠ ᠬᠤᠷᠢᠭᠠᠳ ᠥᠯᠤ ᠰᠢᠢᠳᠪᠤᠷᠢᠯᠡᠬᠦ ᠬᠡᠷᠡᠭ ᠢ ᠴᠡᠪᠡᠷᠯᠡᠬᠦ ᠳᠤᠰᠬᠠᠢ ᠪᠠᠶᠢᠴᠠᠭᠠᠯᠳᠠ ᠵᠢᠴᠢ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠳᠥᠷᠤ ᠬᠠᠤᠯᠢ ᠴᠠᠭᠠᠵᠠ ᠶᠢᠨ ᠬᠤᠷᠢᠶᠠᠨ ᠤ ᠪᠠᠶᠢᠷᠢᠯᠠᠭᠤᠯᠤᠬᠰᠠᠨ ᠪᠠᠶᠢᠴᠠᠭᠠᠬᠤ ᠪᠠ ᠵᠠᠷᠭᠤ ᠶᠢᠨ ᠬᠢᠨᠠᠯᠳᠠ ᠳᠡᠯᠪᠢᠬᠤ ᠳᠤ ᠬᠤᠯᠪᠤᠬᠳᠠᠬᠰᠠᠨ ᠠᠷᠠᠳ ᠳᠥᠮᠠᠨ ᠤ ᠠᠰᠢᠭ ᠳᠤᠰᠠ ᠳᠤ ᠬᠠᠯᠳᠠᠬᠰᠠᠨ ᠪᠠ《ᠨᠠᠶᠢᠷ ᠳᠡᠯ᠎ᠠ ᠶᠢᠨ ᠬᠡᠷᠡᠭ᠂ ᠬᠠᠷᠢᠴᠠᠭᠠᠨ ᠤ ᠬᠡᠷᠡᠭ᠂ ᠵᠤᠭᠤᠰ ᠮᠥᠡᠭᠬᠦᠨ ᠤ ᠬᠡᠷᠡᠭ》ᠰᠢᠳᠬᠡᠬᠦ ᠵᠠᠷᠬᠡ ᠳᠤᠪᠤᠶᠢᠮ᠎ᠠ ᠠᠰᠠᠭᠤᠳᠡᠯ ᠢ ᠳᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ ᠥᠷᠨᠢᠬᠦᠯᠵᠤ᠂《3+1》ᠶᠢᠨ ᠬᠠᠮ ᠠᠵᠢᠯᠯᠠᠭ᠎ᠠ ᠶᠠᠪᠤᠭᠤᠯᠵᠤ᠂ ᠵᠠᠷᠭᠤ ᠳᠤ ᠬᠢᠨᠠᠯᠳᠠ ᠳᠡᠯᠪᠢᠬᠤ ᠪᠠᠨ ᠪᠥᠬᠦ ᠳᠡᠯ᠎ᠠ ᠪᠠᠷ ᠥᠷᠨᠢᠬᠦᠯᠬᠦ ᠶᠢ ᠳᠥᠯᠬᠢᠨ ᠠᠬᠢᠭᠤᠯᠪᠠ᠃ ᠨᠢᠳᠤᠨᠤᠨ ᠵᠢᠯ ᠳᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠪᠤᠯᠭᠠᠬᠤ ᠶᠤᠰᠤᠳᠡᠢ ᠪᠠᠶᠢᠳᠡᠯ᠎ᠠ ᠬᠡᠷᠡᠭ ᠥᠯᠤ ᠪᠤᠯᠭᠠᠬᠰᠠᠨ 621 ᠬᠥᠮᠤᠨ ᠳᠤ ᠬᠢᠨᠠᠯᠳᠠ ᠳᠡᠯᠪᠢᠵᠤ᠂ 990 ᠬᠥᠮᠤᠨ ᠢ ᠪᠠᠷᠢᠪᠴᠢᠯᠠᠬᠤ ᠪᠠ ᠵᠠᠭᠠᠯᠳᠤᠬᠤ ᠠᠴᠠ ᠤᠷᠬᠢᠬᠳᠠᠭᠤᠯᠤᠬᠰᠠᠨ ᠢ ᠵᠠᠯᠠᠷᠠᠭᠤᠯᠪᠠ︔ ᠡᠷᠡᠬᠦᠤ ᠶᠢᠨ ᠬᠡᠷᠡᠭ ᠤᠨ ᠳᠠᠰᠤᠯᠤᠨ ᠳᠤᠬᠳᠠᠭᠠᠯᠳᠠ ᠨᠢ ᠥᠨᠠᠠᠬᠦ ᠪᠤᠷᠤᠭᠤᠳᠠᠬᠰᠠᠨ 177 ᠬᠡᠷᠡᠭ ᠲᠤ ᠡᠰᠡᠷᠬᠦᠴᠡᠨ ᠵᠠᠭᠠᠯᠳᠤᠯᠭ᠎ᠠ ᠭᠠᠷᠭᠠᠵᠠᠢ︔ ᠳᠤᠰᠢᠶᠠᠯ ᠤᠨ ᠶᠠᠯᠠᠳᠤ ᠬᠡᠷᠡᠭ ᠤᠨ ᠪᠤᠳᠠᠳᠤ ᠡᠷᠡᠬᠦᠤ ᠪᠠᠷ ᠰᠢᠳᠬᠡᠭᠰᠡᠨ ᠬᠠᠷᠢᠴᠡᠯ ᠨᠢ ᠠᠳᠠᠯᠢ ᠬᠤᠭᠤᠴᠠᠭᠠᠨ ᠤ ᠬᠢ ᠠᠴᠠ 12.1% ᠪᠠᠷ ᠳᠡᠬᠡᠭᠰᠢᠯᠡᠪᠡ︔ 1847 ᠬᠥᠮᠤᠨ ᠤ ᠡᠷᠡᠬᠦᠤ ᠬᠥᠡᠭᠬᠡᠷᠡᠬᠦᠯᠥᠯᠳᠠ᠂ ᠳᠠᠩᠰᠠᠨ ᠰᠤᠯᠠᠯᠠᠯᠳᠠ᠂ ᠬᠢᠨᠳᠠᠨ ᠤ ᠭᠠᠳᠠᠨ᠎ᠠ ᠳᠥᠷ ᠬᠥᠢᠴᠡᠳᠬᠡᠯᠳᠠ ᠨᠢ ᠵᠤᠬᠢᠰ ᠥᠬᠡᠢ ᠪᠤᠯᠤᠬᠰᠠᠨ ᠢ ᠬᠢᠨᠠᠯᠳᠠ ᠳᠡᠯᠪᠢᠨ ᠵᠠᠯᠠᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 172% ᠪᠠᠷ ᠳᠡᠬᠡᠭᠰᠢᠯᠡᠪᠡ᠃ 《ᠵᠤᠭᠤᠰ ᠲᠠᠢ ᠬᠥᠮᠤᠨ》᠂ 《ᠡᠷᠬᠡ ᠲᠠᠢ ᠬᠥᠮᠤᠨ》 ᠤ ᠵᠤᠭᠤᠰ ᠵᠠᠷᠤᠵᠤ ᠡᠷᠡᠬᠦᠤ ᠬᠥᠡᠭᠬᠡᠷᠡᠬᠦᠯᠬᠦ᠂ ᠵᠤᠭᠤᠰ ᠵᠠᠷᠤᠵᠤ ᠬᠥᠮᠤᠨ ᠢᠶᠠᠨ ᠭᠠᠷᠭᠠᠨ ᠠᠪᠬᠤ ᠵᠠᠷᠬᠡ ᠳᠤᠪᠤᠶᠢᠮ᠎ᠠ ᠠᠰᠠᠭᠤᠳᠡᠯ ᠢ ᠨᠠᠷᠢᠨ ᠬᠢᠨᠠᠮᠠᠭᠠᠢ ᠰᠢᠢᠳᠪᠤᠷᠢᠯᠡᠵᠤ᠂ ᠳᠤᠰᠢᠶᠠᠯ ᠤᠨ ᠶᠠᠯᠠᠳᠤ ᠬᠡᠷᠡᠭ᠂ ᠮᠥᠡᠭᠬᠦᠨ ᠬᠥᠢᠯᠬᠡᠬᠡᠨ ᠤ ᠶᠠᠯᠠᠳᠤ ᠬᠡᠷᠡᠭ ᠪᠠ ᠬᠠᠷ᠎ᠠ ᠪᠥᠯᠥᠭᠳᠡᠨ ᠳᠤ ᠬᠤᠯᠪᠤᠬᠳᠠᠬᠰᠠᠨ ᠬᠡᠷᠡᠭ ᠤᠨ 78 ᠨᠠᠷ᠎ᠠ ᠬᠢᠨᠳᠠᠨ ᠤ ᠭᠠᠳᠠᠨ᠎ᠠ ᠳᠥᠷ ᠬᠥᠢᠴᠡᠳᠬᠡᠭᠰᠡᠨ ᠶᠠᠯᠠᠳᠠᠨ ᠢ ᠵᠢᠬᠰᠠᠭᠠᠨ ᠪᠠᠶᠢᠴᠠᠭᠠᠭᠠᠳ᠂ ᠬᠢᠨᠠᠯᠳᠠ ᠳᠡᠯᠪᠢᠵᠤ 36 ᠬᠥᠮᠤᠨ ᠢ ᠬᠢᠨᠳᠠᠨ ᠳᠤ ᠬᠤᠷᠢᠶᠠᠮᠵᠢᠯᠠᠨ ᠬᠤᠷᠢᠪᠠ᠃ ᠥᠪᠤᠷ ᠮᠤᠩᠭᠤᠯ ᠤᠨ ᠰᠸ᠋ᠨ ᠬᠥᠡᠭ ᠪᠥᠯᠥᠭᠯᠡᠯ ᠤᠨ ᠳᠠᠬᠢᠨ ᠠᠵᠢᠯ ᠤᠯᠭᠤᠬᠤ ᠥᠢᠯᠡᠴᠢᠯᠡᠬᠡᠨ ᠤ ᠵᠢᠯᠤᠭᠤᠳᠬᠤ ᠳᠥᠪ ᠤᠨ ᠤᠤᠯ ᠤᠨ ᠡᠷᠬᠢᠯᠡᠭᠴᠢ ᠸᠠᠩ ᠢ ᠰᠢᠨ ᠱᠠᠮᠰᠢᠬᠰᠠᠨ ᠶᠠᠯ᠎ᠠ᠂ ᠠᠯᠪᠡᠨ ᠤ ᠵᠤᠭᠤᠰ ᠢ ᠨᠡᠬᠦᠯᠬᠡᠨ ᠬᠡᠷᠡᠭᠯᠡᠭᠰᠡᠨ ᠶᠠᠯ᠎ᠠ ᠪᠠᠷ 20 ᠵᠢᠯ ᠤᠨ ᠬᠤᠭᠤᠴᠠᠭ᠎ᠠ ᠲᠠᠢ ᠬᠤᠷᠢᠬᠤ ᠡᠷᠡᠬᠦᠤ ᠪᠠᠷ ᠰᠢᠳᠬᠡᠭᠳᠡᠪᠡ᠂ ᠡᠷᠡᠬᠦᠤ ᠬᠥᠢᠴᠡᠳᠬᠡᠬᠡᠳ ᠭᠤᠷᠪᠡᠨ ᠵᠢᠯ ᠪᠤᠯᠤᠬᠰᠠᠨ ᠥᠬᠡᠢ ᠪᠠᠷ ᠭᠤᠷᠪᠡ ᠤᠳᠠᠭ᠎ᠠ 8 ᠵᠢᠯ ᠤᠨ ᠡᠷᠡᠬᠦᠤ ᠬᠥᠡᠭᠬᠡᠷᠡᠬᠦᠯᠥᠭᠰᠡᠨ ᠢ ᠬᠥᠯᠤᠨ ᠪᠥᠢᠷ ᠬᠤᠳᠠ ᠶᠢᠨ ᠪᠠᠶᠢᠴᠠᠭᠠᠬᠤ ᠬᠤᠷᠢᠶ᠎ᠠ ᠬᠠᠤᠯᠢ ᠶᠤᠰᠤᠭᠠᠷ ᠬᠢᠨᠠᠯᠳᠠ ᠳᠡᠯᠪᠢᠵᠤ᠂ ᠰᠢᠬᠦᠬᠦ ᠬᠤᠷᠢᠶ᠎ᠠ ᠪᠤᠷᠤᠭᠤ ᠪᠠᠷ ᠡᠷᠡᠬᠦᠤ ᠬᠥᠡᠭᠬᠡᠷᠡᠬᠦᠯᠥᠭᠰᠡᠨ ᠬᠢᠨᠠᠨ ᠳᠠᠰᠤᠯᠤᠯᠳᠠ ᠪᠠᠨ ᠬᠥᠴᠤᠨ ᠥᠬᠡᠢ ᠪᠤᠯᠭᠠᠪᠠ᠃ 


    ᠬᠢᠯᠢᠰ ᠬᠤᠳᠠᠯ ᠪᠤᠷᠤᠭᠤ ᠬᠡᠷᠡᠭ ᠢ ᠴᠢᠩᠭ᠎ᠠ ᠰᠠᠷᠬᠡᠶᠢᠯᠡᠬᠦ ᠶᠢ ᠡᠷᠡᠰ ᠰᠠᠬᠢᠵᠤ ᠰᠢᠪᠳᠤᠯᠵᠤ ᠪᠤᠯᠤᠰᠢ ᠥᠬᠡᠢ ᠬᠠᠮᠤᠭ ᠳᠤᠤᠷ᠎ᠠ ᠱᠤᠭᠤᠮ ᠪᠤᠯᠭᠠᠨ᠂ ᠪᠤᠰᠤᠳᠴᠢ ᠳᠥᠪ ᠭᠤᠤᠯᠴᠢ ᠵᠤᠬᠰᠤᠯᠳᠠ ᠪᠠᠨ ᠬᠢᠴᠢᠶᠡᠩᠬᠦ᠋ᠢᠯᠡᠨ ᠵᠢᠷᠤᠮᠯᠠᠵᠤ᠂ ᠪᠤᠳᠠᠳᠤ ᠶᠠᠪᠤᠳᠡᠯ ᠤᠨ ᠪᠤᠭᠤᠮᠳᠠ᠂ ᠬᠡᠷᠡᠴᠢ ᠪᠠᠷᠢᠮᠳᠠ ᠶᠢᠨ ᠪᠤᠭᠤᠮᠳᠠ ᠪᠠ ᠬᠠᠤᠯᠢ ᠴᠠᠭᠠᠵᠠ ᠳᠤᠬᠢᠷᠠᠭᠤᠯᠤᠨ ᠬᠡᠷᠡᠭᠯᠡᠬᠦ ᠪᠤᠭᠤᠮᠳᠠ ᠶᠢ ᠴᠢᠩᠭ᠎ᠠ ᠡᠵᠡᠮᠰᠢᠪᠡ᠃ ᠳᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠥᠯᠤ ᠪᠤᠯᠭᠠᠬᠤ ᠶᠤᠰᠤᠳᠡᠢ ᠪᠠᠶᠢᠳᠡᠯ᠎ᠠ ᠬᠡᠷᠡᠭ ᠪᠤᠯᠭᠠᠬᠰᠠᠨ 398 ᠬᠡᠷᠡᠭ ᠢ ᠬᠥᠴᠤᠨ ᠥᠬᠡᠢ ᠪᠤᠯᠭᠠᠬᠤ ᠪᠠᠷ ᠱᠠᠭᠠᠷᠳᠠᠪᠠ︔ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠶᠢ ᠳᠤᠷ᠎ᠠ ᠪᠠᠷ ᠢᠶᠠᠨ ᠬᠡᠷᠡᠭᠯᠡᠭᠰᠡᠨ᠂ ᠬᠠᠤᠯᠢ ᠶᠢ ᠵᠥᠷᠢᠴᠡᠨ ᠬᠡᠷᠡᠴᠢ ᠠᠪᠤᠬᠰᠠᠨ ᠵᠠᠷᠬᠡ ᠳᠤᠷᠰᠢᠨ ᠪᠠᠶᠢᠴᠠᠭᠠᠬᠤ ᠠᠵᠢᠯᠯᠠᠭ᠎ᠠ ᠶᠢᠨ ᠬᠠᠤᠯᠢ ᠵᠥᠷᠢᠴᠡᠭᠰᠡᠨ ᠥᠢᠯᠠ ᠪᠠᠶᠢᠳᠡᠯ ᠳᠤ 1312 ᠬᠡᠷᠡᠭ ᠤᠳᠠᠭ᠎ᠠ ᠬᠢᠨᠠᠯᠳᠠ ᠳᠡᠯᠪᠢᠨ ᠵᠠᠯᠠᠷᠠᠭᠤᠯᠵᠤ᠂ 233 ᠬᠤᠪᠢ ᠬᠠᠤᠯᠢ ᠪᠤᠰᠤ ᠪᠠᠷ ᠤᠯᠤᠬᠰᠠᠨ ᠬᠡᠷᠡᠴᠢ ᠶᠢ ᠠᠷᠢᠯᠭᠠᠪᠠ᠃ ᠡᠷᠡᠬᠦᠤ ᠶᠢᠨ ᠬᠡᠷᠡᠭ ᠤᠨ ᠰᠢᠭᠦᠨ ᠳᠠᠰᠤᠯᠤᠯᠳᠠ ᠶᠢᠨ ᠳᠤᠮᠳᠠᠬᠢ ᠬᠠᠤᠯᠢ ᠠᠴᠠ ᠵᠥᠷᠢᠴᠡᠭᠰᠡᠨ ᠥᠢᠯᠠ ᠪᠠᠶᠢᠳᠡᠯ ᠲᠠᠢ 157 ᠬᠡᠷᠡᠭ ᠢ ᠬᠢᠨᠠᠯᠳᠠ ᠳᠡᠯᠪᠢᠨ ᠵᠠᠯᠠᠷᠠᠭᠤᠯᠵᠠᠢ᠃ ᠬᠠᠤᠯᠢᠴᠢ ᠶᠢᠨ ᠰᠠᠨᠠᠯ ᠰᠤᠨᠤᠰᠬᠤ ᠳᠥᠷᠢᠮ ᠢ ᠳᠡᠬᠦᠯᠳᠠᠷᠵᠢᠬᠦᠯᠵᠤ᠂ ᠬᠠᠯᠠᠰᠢᠷᠠᠯ ᠥᠬᠡᠢ ᠠᠩᠬᠠᠷᠤᠯ ᠳᠡᠯᠪᠢᠨ ᠰᠤᠨᠤᠰᠬᠤ ᠶᠢ ᠪᠠᠶᠢᠴᠠᠭᠠᠬᠤ ᠳᠤᠰᠢᠶᠠᠯᠳᠠᠨ ᠤ ᠨᠢᠬᠡ ᠵᠥᠢᠯ ᠤᠨ ᠵᠠᠩ ᠴᠢᠨᠠᠷ ᠪᠤᠯᠭᠠᠬᠤ ᠪᠠᠷ ᠴᠢᠷᠮᠠᠶᠢᠨ᠂ ᠳᠤᠬᠠᠢ ᠶᠢᠨ ᠬᠥᠮᠤᠨ᠂ ᠥᠮᠥᠭᠯᠡᠬᠦ ᠬᠠᠤᠯᠢᠴᠢ ᠶᠢᠨ ᠵᠠᠷᠭᠤ ᠶᠢᠨ ᠡᠷᠬᠡ ᠪᠠᠨ ᠬᠡᠷᠡᠭᠵᠢᠬᠦᠯᠬᠦ ᠶᠢ ᠬᠠᠷᠰᠢᠯᠠᠬᠰᠠᠨ ᠥᠢᠯᠠ ᠠᠵᠢᠯᠯᠠᠭ᠎ᠠ ᠶᠢ ᠡᠷᠡᠰ ᠵᠠᠯᠠᠷᠠᠭᠤᠯᠪᠠ᠃ ᠳᠥᠪ ᠬᠤᠷᠢᠶᠠᠨ ᠤ ᠬᠠᠤᠯᠢ ᠪᠠᠷ ᠤᠯᠤᠰ ᠢᠶᠠᠨ ᠵᠠᠰᠠᠬᠤ ᠳᠤᠬᠳᠠᠭᠠᠯ ᠢ ᠡᠷᠡᠰ ᠳᠤᠤᠱᠯᠠᠭᠤᠯᠵᠤ᠂ ᠳᠥᠪ ᠭᠤᠤᠯᠴᠢ ᠰᠢᠳᠤᠷᠭᠤ ᠶᠤᠰᠤᠨ ᠢ ᠬᠠᠮᠠᠭᠠᠯᠠᠬᠤ ᠪᠠᠷ ᠴᠢᠷᠮᠠᠶᠢᠵᠠᠢ︔ ᠬᠢᠯᠢᠰ ᠬᠤᠳᠠᠯ ᠪᠤᠷᠤᠭᠤ ᠬᠡᠷᠡᠭ ᠢ ᠡᠷᠡᠰ ᠵᠠᠯᠠᠷᠠᠭᠤᠯᠵᠤ᠂ ᠬᠥᠮᠤᠨ ᠤ ᠡᠷᠬᠡ ᠶᠢ ᠪᠠᠳᠤᠯᠠᠬᠤ ᠪᠠᠨ ᠥᠨᠠᠠᠬᠦ ᠴᠢᠩᠭᠠᠳᠬᠠᠪᠠ︔ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠨᠠᠬᠡᠮᠵᠢᠯᠡᠬᠦ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠤᠷᠤᠭᠤ ᠬᠡᠷᠡᠭ ᠢᠯᠡᠷᠡᠬᠦᠯᠬᠦ ᠵᠢᠴᠢ ᠵᠠᠯᠠᠷᠠᠭᠤᠯᠬᠤ᠂ ᠰᠠᠷᠬᠡᠶᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠤᠬᠳᠠᠴᠠ ᠶᠢ ᠪᠠᠶᠢᠭᠤᠯᠤᠨ ᠳᠡᠬᠦᠯᠳᠡᠷᠵᠢᠬᠦᠯᠪᠠ︔ ᠪᠠᠷᠢᠪᠴᠢᠯᠠᠬᠤ ᠶᠢ ᠵᠥᠪᠰᠢᠶᠡᠷᠡᠬᠦ ᠵᠠᠭᠠᠯᠳᠤᠬᠤ ᠭᠤᠬᠴᠤᠭᠠᠨ ᠳᠠᠬᠢ ᠡᠵᠡᠮᠰᠢᠯ ᠴᠢᠩᠭ᠎ᠠ ᠪᠤᠰᠤ᠂ ᠬᠢᠨᠠᠯᠳᠠ ᠳᠡᠯᠪᠢᠯᠳᠠ ᠬᠥᠢᠴᠡᠳ ᠪᠤᠰᠤ ᠪᠠᠶᠢᠬᠤ ᠠᠰᠠᠭᠤᠳᠡᠯ ᠢ ᠨᠠᠷᠢᠨ ᠬᠢᠨᠠᠮᠠᠭᠠᠢ ᠰᠢᠢᠳᠪᠤᠷᠢᠯᠡᠪᠡ᠃ ᠬᠥᠭᠵᠢᠯᠳᠤ ᠶᠢᠨ ᠬᠡᠷᠡᠭ ᠤᠨ ᠳᠠᠰᠤᠯᠤᠯᠳᠠ ᠶᠢ ᠵᠠᠷᠯᠠᠬᠰᠠᠨ ᠤ ᠬᠤᠶᠢᠨ᠎ᠠ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠳᠠᠷᠤᠢ ᠳᠥᠷᠬᠡᠨ ᠳᠤᠳᠤᠭᠠᠳᠤ ᠶᠢ ᠬᠠᠮᠠᠭᠠᠯᠠᠬᠤ ᠳᠢᠩᠬᠢᠮ ᠲᠠᠢ ᠬᠠᠮᠳᠤᠷᠠᠨ ᠭᠤᠷᠪᠡᠨ ᠱᠠᠳᠤᠨ ᠤ ᠬᠠᠷᠠᠭᠠᠨ ᠳᠡᠪᠳᠡᠮᠵᠢ ᠶᠢᠨ ᠬᠤᠷᠠᠯ ᠬᠤᠷᠠᠯᠳᠤᠵᠤ᠂ ᠪᠠᠷᠢᠪᠴᠢᠯᠠᠬᠤ ᠪᠠᠷ ᠮᠡᠳᠡᠬᠦᠯᠥᠭᠰᠡᠨ ᠬᠡᠷᠡᠭ ᠢ ᠬᠠᠮᠳᠤᠷᠠᠨ ᠪᠠᠶᠢᠴᠠᠭᠠᠨ ᠥᠨᠡᠯᠡᠬᠦ ᠳᠤᠮᠳᠠ ᠢᠯᠡᠷᠡᠬᠦᠯᠥᠭᠰᠡᠨ ᠳᠤᠷᠰᠢᠨ ᠪᠠᠶᠢᠴᠠᠭᠠᠯᠳᠠ ᠨᠢ ᠳᠥᠷᠢᠮᠵᠢᠬᠦᠨ ᠪᠤᠰᠤ᠂ ᠬᠢᠨᠠᠯᠳᠠ ᠳᠡᠯᠪᠢᠯᠳᠠ ᠨᠢ ᠬᠥᠢᠴᠡᠳ ᠪᠤᠰᠤ ᠠᠰᠠᠭᠤᠳᠡᠯ ᠢ ᠵᠤᠷᠪᠤᠰ ᠳᠠᠷᠠᠭᠠᠯᠠᠨ ᠮᠡᠳᠡᠬᠡᠯᠡᠨ᠂ ᠵᠠᠷᠯᠢᠬᠳᠠᠨ ᠴᠡᠭᠴᠡᠯᠡᠨ ᠵᠠᠰᠠᠬᠤ ᠶᠢᠨ ᠬᠠᠮᠳᠤ ᠡᠷᠡᠬᠦᠤ ᠶᠢᠨ ᠬᠡᠷᠡᠭ ᠤᠨ ᠳᠤᠷᠰᠢᠨ ᠪᠠᠶᠢᠴᠠᠭᠠᠯᠳᠠ ᠶᠢ ᠳᠦᠷᠢᠮᠵᠢᠭᠦᠯᠵᠦ᠂ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠴᠢᠩᠭᠠᠳᠬᠠᠬᠤ ᠳᠤᠬᠠᠢ ᠰᠠᠨᠠᠯ ᠤᠨ ᠪᠢᠴᠢᠭ ᠲᠤ ᠬᠠᠮᠳᠤᠷᠠᠨ ᠭᠠᠷ ᠤᠨ ᠥᠰᠥᠭ ᠵᠢᠷᠤᠵᠤ ᠳᠠᠷᠠᠭᠠᠭᠠᠳ᠂ ᠬᠠᠤᠯᠢ ᠴᠠᠭᠠᠵᠠ ᠶᠢᠨ ᠨᠠᠯᠢᠶᠡᠳ ᠰᠠᠶᠢᠨ ᠥᠷ᠎ᠠ ᠪᠥᠳᠤᠮᠵᠢ ᠶᠢ ᠪᠤᠢ ᠪᠤᠯᠭᠠᠪᠠ᠃ 


    ᠢᠷᠬᠡᠨ ᠤ ᠪᠠ ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠴᠢᠩᠭᠠᠳᠬᠠᠪᠠ᠃ ᠪᠥᠬᠦ ᠤᠷᠤᠨ ᠤ ᠢᠷᠬᠡᠨ ᠤ ᠪᠠ ᠵᠠᠰᠠᠭ ᠵᠠᠬᠢᠷᠭᠠᠨ ᠤ ᠭᠤᠮᠤᠳᠡᠯ ᠳᠤᠭᠠᠴᠢᠬᠰᠠᠨ 4267 ᠬᠡᠷᠡᠭ ᠢ ᠬᠢᠨᠠᠨ ᠪᠠᠶᠢᠴᠠᠭᠠᠨ ᠰᠢᠢᠳᠪᠤᠷᠢᠯᠠᠵᠤ᠂ ᠠᠳᠠᠯᠢ ᠬᠤᠭᠤᠴᠠᠭᠠᠨ ᠤ ᠬᠢ ᠠᠴᠠ 44.79% ᠪᠠᠷ ᠨᠡᠮᠡᠭᠳᠡᠪᠡ᠃ ᠳᠠᠰᠤᠯᠤᠨ ᠳᠤᠬᠳᠠᠭᠠᠯᠳᠠ ᠶᠢ ᠥᠨᠠᠬᠡᠷ ᠪᠤᠷᠤᠭᠤᠳᠠᠬᠰᠠᠨ ᠬᠡᠵᠤ ᠥᠵᠡᠭᠰᠡᠨ 216 ᠬᠡᠷᠡᠭ ᠲᠤ ᠬᠠᠤᠯᠢ ᠶᠤᠰᠤᠭᠠᠷ ᠡᠰᠡᠷᠬᠦᠴᠡᠨ ᠵᠠᠭᠠᠯᠳᠤᠯᠭ᠎ᠠ ᠭᠠᠷᠭᠠᠵᠤ᠂ ᠳᠠᠬᠢᠨ ᠰᠢᠬᠦᠯᠳᠠ ᠪᠠᠷ ᠳᠡᠮᠵᠢᠨ 163 ᠬᠡᠷᠡᠭ ᠤᠨ ᠤᠤᠯ ᠤᠨ ᠰᠢᠬᠦᠨ ᠳᠠᠰᠤᠯᠤᠯᠳᠠ ᠶᠢ ᠨᠢ ᠥᠬᠡᠷᠡᠴᠢᠯᠡᠪᠡ᠃ ᠢᠷᠬᠡᠨ ᠤ ᠪᠠ ᠵᠠᠰᠠᠭ ᠵᠠᠬᠢᠷᠭᠠᠨ ᠤ ᠰᠢᠬᠦᠨ ᠳᠠᠰᠤᠯᠬᠤ ᠠᠵᠢᠯᠯᠠᠭ᠎ᠠ ᠶᠢᠨ ᠬᠠᠤᠯᠢ ᠠᠴᠠ ᠵᠥᠷᠢᠴᠡᠭᠰᠡᠨ 273 ᠥᠢᠯᠠ ᠪᠠᠶᠢᠳᠡᠯ ᠢ ᠬᠢᠨᠠᠯᠳᠠ ᠳᠡᠯᠪᠢᠨ ᠵᠠᠯᠠᠷᠠᠭᠤᠯᠪᠠ᠃ ᠵᠥᠢ ᠶᠤᠰᠤᠨ ᠤ ᠰᠢᠯᠳᠠᠭᠠᠨ ᠥᠬᠡᠢ ᠪᠠᠷ ᠥᠯᠤ ᠬᠥᠢᠴᠡᠳᠬᠡᠭᠰᠡᠨ᠂ ᠬᠠᠤᠯᠢ ᠪᠤᠰᠤ ᠪᠠᠷ ᠬᠥᠢᠴᠡᠳᠬᠡᠭᠰᠡᠨ᠂ ᠪᠠᠷᠢᠮᠵᠢᠶ᠎ᠠ ᠠᠴᠠ ᠬᠡᠳᠤᠷᠡᠬᠦᠯᠤᠨ ᠬᠥᠢᠴᠡᠳᠬᠡᠭᠰᠡᠨ ᠵᠠᠷᠬᠡ ᠠᠰᠠᠭᠤᠳᠡᠯ ᠳᠤ 890 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ 848 ᠬᠤᠪᠢ ᠶᠢ ᠰᠢᠬᠦᠬᠦ ᠬᠤᠷᠢᠶ᠎ᠠ ᠬᠥᠯᠢᠶᠠᠨ ᠠᠪᠤᠪᠠ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠥᠠᠳᠤᠷ ᠵᠠᠷᠬᠡ ᠶᠢᠨ ᠰᠢᠬᠦᠬᠦ ᠬᠤᠷᠢᠶ᠎ᠠ ᠲᠠᠢ ᠨᠡᠪᠳᠡᠷᠡᠯᠴᠡᠬᠦ ᠳᠤᠬᠳᠠᠴᠠ ᠶᠢ ᠬᠠᠮᠳᠤᠷᠠᠨ ᠳᠤᠬᠳᠠᠭᠠᠵᠤ᠂ ᠤᠯᠠᠨ ᠵᠢᠯ ᠳᠠᠷᠤᠬᠳᠠᠬᠰᠠᠨ 53 ᠬᠡᠷᠡᠭ ᠢ ᠡᠶᠡᠳᠡᠬᠦᠯᠥᠭᠰᠡᠨ ᠪᠠᠶᠢᠨ᠎ᠠ᠃ 2008 ᠤᠨ ᠳᠤ᠂ ᠵᠡᠬᠦᠠᠭᠠᠷ ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠳᠤᠪᠴᠢᠶ᠎ᠠ ᠬᠠᠤᠯᠢ ᠪᠠᠷ ᠳᠤᠬᠳᠠᠭᠠᠬᠰᠠᠨ ᠵᠢᠷᠤᠮ ᠢ ᠥᠯᠤ ᠬᠥᠢᠴᠡᠳᠬᠡᠭᠰᠡᠨ ᠪᠠᠶᠢᠳᠡᠯ ᠳᠤᠤᠷ᠎ᠠ᠂ 22 ᠡᠷᠤᠬᠡ ᠳᠤᠰᠬᠤᠨ ᠤ ᠠᠷᠠᠳ ᠤᠨ ᠬᠠᠤᠯᠢ ᠪᠤᠰᠤ ᠪᠠᠷ ᠪᠠᠷᠢᠬᠰᠠᠨ ᠬᠡᠷ ᠪᠠᠶᠢᠰᠢᠩ ᠢ ᠠᠯᠪᠠᠳᠠᠯᠭ᠎ᠠ ᠪᠠᠷ ᠨᠤᠷᠠᠭᠠᠬᠰᠠᠨ ᠪᠠᠶᠢᠨ᠎ᠠ᠂ ᠨᠢᠬᠡ ᠤᠳᠠᠭᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠰᠢᠬᠦᠬᠦ ᠬᠤᠷᠢᠶᠠᠨ ᠤ ᠰᠢᠬᠦᠨ ᠳᠠᠰᠤᠯᠤᠯᠳᠠ ᠶᠢ ᠭᠤᠷᠪᠠ ᠤᠳᠠᠭ᠎ᠠ ᠳᠡᠮᠵᠢᠬᠰᠠᠨ ᠪᠠᠶᠢᠳᠡᠯ᠎ᠠ᠂ 22 ᠡᠷᠤᠬᠡ ᠳᠤᠰᠬᠤᠨ ᠤ ᠠᠷᠠᠳ ᠮᠥᠨ ᠯᠠ ᠭᠤᠮᠤᠳᠡᠯ ᠳᠤᠭᠠᠴᠢᠭᠠᠳ ᠪᠠᠶᠢᠪᠠ᠃ ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠭᠠᠳ ᠵᠠᠰᠠᠭ ᠵᠠᠬᠢᠷᠭᠠᠨ ᠤ ᠥᠢᠯᠠ ᠠᠵᠢᠯᠯᠠᠭ᠎ᠠ ᠶᠢᠨ ᠬᠠᠤᠯᠢ ᠵᠥᠷᠢᠴᠡᠭᠰᠡᠨ ᠢ ᠨᠤᠳᠠᠯᠠᠬᠰᠠᠨ ᠪᠤᠯᠪᠠᠴᠤ᠂ ᠳᠥᠬᠦᠮᠬᠡᠨ ᠢᠶᠠᠷ ᠡᠰᠡᠷᠬᠦᠴᠡᠨ ᠵᠠᠭᠠᠯᠳᠤᠭᠠᠳ ᠬᠡᠷᠡᠭ ᠤᠴᠢᠷ ᠢ ᠳᠠᠭᠤᠰᠬᠠᠴᠢᠬᠠᠬᠰᠠᠨ ᠪᠢᠰᠢ᠂ ᠬᠠᠷᠢᠨ ᠥᠠᠳᠤᠷ ᠵᠠᠷᠬᠡ ᠶᠢᠨ ᠰᠢᠬᠦᠬᠦ ᠬᠤᠷᠢᠶ᠎ᠠ ᠲᠠᠢ ᠤᠯᠠᠨ ᠤᠳᠠᠭ᠎ᠠ ᠳᠤᠬᠠᠢ ᠶᠢᠨ ᠭᠠᠵᠠᠷ ᠲᠤᠨᠢ ᠭᠦᠨᠵᠡᠭᠡᠶᠢᠷᠡᠵᠦ ᠬᠠᠤᠯᠢ ᠳᠠᠶᠢᠯᠪᠤᠷᠢᠯᠠᠨ ᠶᠤᠰᠤ ᠶᠠᠷᠢᠵᠤ᠂ ᠡᠴᠤᠰ ᠲᠡᠭᠡᠨ ᠬᠤᠶᠠᠷ ᠡᠳᠡᠬᠡᠳ ᠢ ᠡᠶᠡᠳᠡᠬᠦᠯᠤᠬᠡᠳ᠂ 6 ᠵᠢᠯ ᠳᠠᠷᠤᠬᠳᠠᠬᠰᠠᠨ《ᠠᠯᠪᠡᠨ ᠳᠤᠰᠢᠶᠠᠯᠳᠠᠨ ᠪᠠ ᠡᠬᠡᠯ ᠠᠷᠠᠳ ᠤᠨ ᠬᠤᠷᠤᠰᠤᠯ》 ᠢ ᠨᠠᠮᠳᠠᠭᠤᠯᠤᠬᠰᠠᠨ ᠪᠠᠶᠢᠨ᠎ᠠ᠃ 


    ᠬᠠᠤᠯᠢ ᠶᠠᠪᠤᠭᠤᠯᠤᠯᠤᠳᠠ ᠶᠢᠨ ᠢᠯᠵᠠᠷᠠᠯ ᠢ ᠳᠥᠪ ᠴᠢᠩᠭ᠎ᠠ ᠪᠠᠶᠢᠴᠠᠭᠠᠨ ᠰᠢᠳᠬᠡᠪᠡ᠃ ᠨᠢᠳᠤᠨᠤᠨ ᠵᠢᠯ᠂ ᠪᠠᠶᠢᠴᠠᠭᠠᠬᠤ ᠪᠠᠶᠢᠭᠤᠯᠭ᠎ᠠ ᠨᠤᠭᠤᠳ ᠳᠤᠳᠤᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠬᠦᠬᠦ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠠᠵᠢᠯᠳᠠᠨ ᠤ ᠳᠤᠰᠢᠶᠠᠯ ᠤᠨ ᠶᠠᠯ᠎ᠠ ᠬᠢᠭᠰᠡᠨ 95 ᠬᠥᠮᠤᠨ ᠢ ᠪᠠᠶᠢᠴᠠᠭᠠᠨ ᠰᠢᠳᠬᠡᠵᠤ᠂ ᠬᠠᠤᠯᠢ ᠴᠠᠭᠠᠵᠠ ᠶᠢᠨ ᠨᠠᠷ᠎ᠠ ᠬᠥᠠᠳᠤ ᠪᠠ ᠬᠠᠤᠯᠢ ᠶᠠᠪᠤᠭᠤᠯᠤᠯᠳᠠ ᠶᠢᠨ ᠳᠥᠪ ᠭᠤᠤᠯᠴᠢ ᠶᠢ ᠬᠠᠮᠠᠭᠠᠯᠠᠬᠰᠠᠨ ᠪᠠᠶᠢᠨ᠎ᠠ᠃ 


    ᠳᠠᠪᠤ᠂ ᠪᠠᠶᠢᠴᠠᠭᠠᠬᠤ ᠥᠬᠡᠷᠡᠴᠢᠯᠡᠯᠳᠠ ᠶᠢ ᠬᠥᠠᠵᠡᠬᠡᠶᠢᠷᠡᠬᠦᠯᠤᠨ᠂ ᠪᠠᠶᠢᠴᠠᠭᠠᠬᠤ ᠠᠵᠢᠯ ᠤᠨ ᠰᠢᠨ᠎ᠠ ᠡᠬᠦᠳᠤᠯᠳᠠ ᠬᠥᠭᠵᠢᠯᠳᠠ ᠶᠢ ᠳᠥᠯᠬᠢᠨ ᠠᠬᠢᠭᠤᠯᠪᠠ  ᠃


    ᠪᠥᠬᠦ ᠤᠷᠤᠨ ᠤ ᠬᠠᠤᠯᠢ ᠴᠠᠭᠠᠵᠠ ᠶᠢᠨ ᠥᠬᠡᠷᠡᠴᠢᠯᠠᠯᠳᠠ ᠶᠢᠨ ᠳᠤᠷᠰᠢᠯᠳᠠ ᠶᠢᠨ ᠴᠢᠬ ᠤᠨ ᠠᠵᠢᠯ ᠤᠨ ᠰᠤᠳᠤᠯᠤᠨ ᠨᠤᠳᠠᠯᠠᠭ᠎ᠠ ᠬᠢᠬᠦ᠂ ᠳᠥᠰᠤᠯ ᠨᠤᠤᠷᠠᠬᠯᠠᠬᠤ ᠵᠠᠷᠬᠡ ᠪᠡᠯᠡᠳᠬᠡᠯ ᠠᠵᠢᠯ ᠢ ᠢᠳᠡᠪᠬᠢᠳᠡᠢ ᠰᠠᠶᠢᠳᠤᠷ ᠬᠢᠭᠰᠡᠨ ᠰᠠᠭᠤᠷᠢᠨ ᠳᠡᠬᠡᠷ᠎ᠠ᠂ ᠪᠠᠶᠢᠴᠠᠭᠠᠬᠤ ᠶᠠᠪᠤᠳᠡᠯ ᠢ ᠢᠯᠠ ᠪᠤᠯᠭᠠᠬᠤ ᠶᠢ ᠬᠥᠠᠵᠡᠬᠡᠶᠢᠷᠡᠬᠦᠯᠬᠦ ᠪᠠ ᠠᠷᠠᠳ ᠤᠨ ᠬᠢᠨᠠᠯᠳᠠ ᠳᠡᠯᠪᠢᠬᠴᠢ ᠶᠢᠨ ᠳᠥᠷᠢᠮ ᠵᠠᠷᠬᠡ ᠬᠤᠶᠠᠷ ᠵᠥᠢᠯ ᠤᠨ ᠥᠬᠡᠷᠡᠴᠢᠯᠠᠯᠳᠠ ᠶᠢᠨ ᠳᠤᠷᠰᠢᠯᠳᠠ ᠶᠢᠨ ᠴᠢᠬ ᠢ ᠰᠠᠨᠠᠭᠠᠴᠢᠯᠠᠭ᠎ᠠ ᠠᠴᠠ ᠪᠠᠨ ᠡᠬᠢᠯᠡᠬᠦᠯᠵᠠᠢ᠃ ᠪᠠᠶᠢᠴᠠᠭᠠᠬᠤ ᠶᠠᠪᠤᠳᠡᠯ ᠢ ᠢᠯᠠ ᠪᠤᠯᠭᠠᠬᠤ ᠳᠥᠷᠢᠮ ᠤᠨ ᠥᠬᠡᠷᠡᠴᠢᠯᠠᠯᠳᠠ ᠶᠢ ᠬᠥᠠᠵᠡᠬᠡᠶᠢᠷᠡᠬᠦᠯᠬᠦ ᠳᠡᠯ᠎ᠠ ᠪᠠᠷ᠂ ᠨᠢᠬᠡᠳᠤᠯᠳᠡᠢ ᠰᠥᠯᠵᠢᠶᠠᠨ ᠳᠡᠬᠡᠷ᠎ᠠ ᠢᠯᠠ ᠪᠤᠯᠭᠠᠬᠤ ᠰᠢᠰᠲᠸ᠋ᠮ ᠢ ᠪᠠᠶᠢᠭᠤᠯᠤᠨ᠂ ᠨᠢᠳᠤᠨᠤᠨ ᠵᠢᠯ ᠤᠨ 10 ᠰᠠᠷ᠎ᠠ ᠶᠢᠨ 1᠎ ᠤ ᠡᠳᠤᠷ ᠠᠴᠠ ᠡᠬᠢᠯᠡᠨ 12 ᠰᠠᠷ᠎ᠠ ᠶᠢᠨ ᠰᠡᠬᠦᠯᠴᠢ ᠬᠥᠷᠳᠡᠯ᠎ᠠ ᠨᠠᠶᠢᠳᠠ 617 ᠬᠥᠠᠳᠤ ᠶᠡᠭᠡ ᠬᠡᠷᠡᠭ᠂ 961 ᠬᠤᠪᠢ ᠬᠥᠴᠤᠨ ᠲᠠᠢ ᠪᠤᠯᠤᠬᠰᠠᠨ ᠬᠠᠤᠯᠢ ᠴᠠᠭᠠᠵᠠ ᠶᠢᠨ ᠪᠢᠴᠢᠭ ᠬᠠᠷ᠎ᠠ᠂ 15407 ᠵᠤᠷᠪᠤᠰ ᠬᠡᠷᠡᠭ ᠤᠨ ᠵᠢᠷᠤᠮ ᠤᠨ ᠴᠢᠨᠠᠷᠳᠡᠢ ᠮᠡᠳᠡᠭᠡ ᠵᠠᠩᠬᠢ ᠶᠢ ᠢᠯᠠ ᠪᠤᠯᠭᠠᠪᠠ᠃ ᠪᠠᠶᠢᠴᠠᠭᠠᠬᠤ ᠶᠠᠪᠤᠳᠡᠯ ᠢ ᠢᠯᠠ ᠪᠤᠯᠭᠠᠬᠤ ᠬᠡᠯᠪᠠᠷᠢ ᠶᠢ ᠰᠢᠨᠠᠴᠢᠯᠠᠨ᠂ ᠡᠯ᠎ᠠ ᠠᠶᠢᠮᠠᠭ ᠬᠤᠳᠠ ᠭᠠᠵᠠᠷ ᠤᠷᠤᠨ ᠤ ᠪᠠᠶᠢᠴᠠᠭᠠᠬᠤ ᠬᠤᠷᠢᠶ᠎ᠠ ᠪᠥᠬᠦᠨ ᠢᠶᠠᠷ ᠢᠶᠠᠨ ᠠᠯᠪᠡᠨ ᠪᠥᠷᠬᠡ᠂ ᠪᠢᠴᠢᠯ ᠮᠡᠳᠡᠭᠡ ᠨᠡᠪᠳᠠᠷᠠᠬᠦᠯᠤᠨ᠂ 84 ᠥᠠᠳᠤᠰᠤᠨ ᠱᠠᠳᠤᠨ ᠤ ᠪᠠᠶᠢᠴᠠᠭᠠᠬᠤ ᠬᠤᠷᠢᠶ᠎ᠠ ᠪᠥᠷᠬᠡ ᠨᠡᠪᠳᠡᠷᠡᠬᠦᠯᠤᠨ᠂ 70 ᠥᠠᠳᠤᠰᠤᠨ ᠱᠠᠳᠤᠨ ᠤ ᠪᠠᠶᠢᠴᠠᠭᠠᠬᠤ ᠬᠤᠷᠢᠶ᠎ᠠ ᠪᠢᠴᠢᠯ ᠮᠡᠳᠡᠭᠡ ᠨᠡᠪᠳᠡᠷᠡᠬᠦᠯᠪᠠ᠃ 


    ᠥᠪᠤᠷ ᠮᠤᠩᠭᠤᠯ ᠤᠨ ᠪᠠᠶᠢᠴᠠᠭᠠᠬᠤ ᠠᠯᠪᠡᠨ ᠪᠥᠷᠬᠡ ᠨᠢ《ᠪᠠᠷᠠᠭᠤᠨ ᠬᠤᠶᠢᠳᠤ ᠶᠢᠨ ᠵᠠᠰᠠᠭ ᠤᠨ ᠶᠠᠪᠤᠳᠡᠯ ᠤᠨ ᠪᠥᠷᠬᠡ ᠶᠢᠨ ᠨᠥᠯᠤᠬᠡᠯᠡᠬᠦ ᠬᠥᠴᠤᠨ ᠪᠥᠬᠦᠢ ᠱᠠᠩᠨᠠᠯ》 ᠢ ᠬᠥᠷᠳᠡᠨ᠂ ᠠᠯᠪᠡᠨ ᠪᠢᠴᠢᠯ ᠮᠡᠳᠡᠭᠡ ᠨᠢ ᠬᠠᠤᠯᠢ ᠳᠥᠷᠢᠮ ᠤᠨ ᠡᠳᠤᠷ ᠤᠨ ᠰᠤᠨᠢᠨ ᠳᠡᠬᠡᠷ᠎ᠠ ᠨᠠᠶᠢᠳᠡᠯᠡᠭᠰᠡᠨ 2014 ᠤᠨ ᠤ 《ᠪᠢᠴᠢᠯ ᠮᠡᠳᠡᠭᠡ ᠪᠠᠷ ᠤᠯᠠᠮᠵᠢᠯᠠᠨ ᠨᠡᠪᠳᠡᠷᠡᠬᠦᠯᠬᠦ ᠬᠥᠴᠤᠨ ᠪᠥᠬᠦᠢ ᠠᠷᠪᠡᠨ ᠶᠡᠭᠡ ᠪᠠᠶᠢᠴᠠᠭᠠᠬᠤ ᠬᠤᠷᠢᠶᠠᠨ ᠤ ᠵᠢᠬᠰᠠᠭᠠᠯ》ᠤᠨ ᠳᠥᠷᠪᠡᠳᠤᠬᠡᠷ ᠲᠤ ᠤᠷᠤᠵᠠᠢ᠃ ᠪᠠᠶᠢᠴᠠᠭᠠᠬᠤ ᠶᠠᠪᠤᠳᠡᠯ ᠢ ᠢᠯᠠ ᠪᠤᠯᠭᠠᠬᠤ ᠪᠠᠷ ᠳᠡᠮᠵᠢᠨ᠂ ᠠᠷᠠᠳ ᠳᠥᠮᠠᠨ ᠤᠠᠴᠠᠭᠠᠢᠢᠯᠠᠨ ᠬᠡᠷᠡᠭ ᠤᠨ ᠳᠤᠬᠠᠢ ᠶᠢᠨ ᠬᠥᠮᠤᠨ ᠤ ᠪᠠᠶᠢᠳᠡᠯ ᠢ ᠮᠡᠳᠡᠬᠦ ᠡᠷᠬᠡ ᠶᠢ ᠪᠠᠳᠤᠯᠠᠨ᠂ ᠠᠷᠠᠳ ᠳᠥᠮᠠᠨ ᠤ ᠳᠥᠪ ᠭᠤᠤᠯᠴᠢ ᠶᠢ ᠨᠢᠳᠤᠨ ᠳᠤ ᠥᠵᠡᠭᠳᠡᠮ᠎ᠠ ᠤᠢᠢᠯᠠᠭᠠᠯᠳᠠ ᠳᠥᠷᠥᠭᠳᠡᠬᠦᠯᠬᠦ ᠪᠠᠷ ᠴᠢᠷᠮᠠᠶᠢᠨ᠂ ᠪᠠᠶᠢᠴᠠᠭᠠᠬᠤ ᠠᠵᠢᠯ ᠳᠤ ᠬᠢᠨᠠᠯᠳᠠ ᠳᠡᠯᠪᠢᠬᠤ ᠶᠢ ᠴᠢᠩᠭᠠᠳᠬᠠᠨ᠂ ᠪᠠᠶᠢᠴᠠᠭᠠᠬᠤ ᠠᠵᠢᠯ ᠤᠨ ᠳᠥᠷᠢᠮᠵᠢᠬᠦᠯᠤᠯᠳᠠ ᠶᠢᠨ ᠪᠠᠶᠢᠭᠤᠯᠤᠯᠳᠠ ᠶᠢ ᠡᠬᠡᠬᠦᠯᠤᠨ ᠬᠥᠭᠵᠢᠬᠦᠯᠵᠠᠢ᠃ ᠠᠷᠠᠳ ᠤᠨ ᠬᠢᠨᠠᠯᠳᠠ ᠳᠡᠯᠪᠢᠬᠴᠢ ᠶᠢᠨ ᠳᠥᠷᠢᠮ ᠤᠨ ᠥᠬᠡᠷᠡᠴᠢᠯᠠᠯᠳᠠ ᠶᠢᠨ ᠳᠤᠷᠰᠢᠯᠳᠠ ᠶᠢᠨ ᠴᠢᠬ ᠤᠨ ᠳᠡᠯ᠎ᠠ ᠪᠠᠷ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠬᠠᠤᠯᠢ ᠴᠠᠭᠠᠵᠠ ᠶᠢᠨ ᠳᠢᠩᠬᠢᠮ ᠲᠠᠢ ᠬᠠᠮᠳᠤᠷᠠᠨ ᠪᠢᠴᠢᠭ ᠮᠡᠲᠸ᠋ᠷᠢᠶᠠᠯ ᠳᠡᠬᠡᠷ᠎ᠠ ᠭᠠᠷ ᠤᠨ ᠥᠰᠥᠭ ᠵᠢᠷᠤᠬᠰᠠᠨ ᠤ ᠬᠠᠮᠳᠤ᠂ ᠤᠯᠠᠭᠠᠠᠬᠠᠳᠠ ᠪᠠ ᠳᠥᠡᠭᠯᠢᠶᠤᠤ ᠬᠤᠳᠠ ᠶᠢ ᠳᠤᠷᠰᠢᠯᠳᠠ ᠶᠢᠨ ᠴᠢᠬ ᠤᠨ ᠭᠠᠵᠠᠷ ᠤᠷᠤᠨ ᠢᠶᠠᠷ ᠳᠤᠬᠳᠠᠭᠠᠨ᠂ ᠠᠷᠠᠳ ᠤᠨ ᠬᠢᠨᠠᠯᠳᠠ ᠳᠡᠯᠪᠢᠬᠴᠢ ᠶᠢᠨ ᠰᠤᠩᠭᠤᠨ ᠳᠤᠮᠢᠯᠠᠯᠳᠠ ᠪᠠ ᠬᠠᠮᠢᠶᠠᠷᠤᠯᠳᠠ᠂ ᠬᠢᠨᠠᠯᠳᠠ ᠳᠡᠯᠪᠢᠬᠤ ᠬᠡᠷᠡᠭ ᠤᠨ ᠬᠥᠷᠢᠶ᠎ᠠ ᠬᠡᠪᠴᠢᠶ᠎ᠠ ᠪᠠ ᠵᠢᠷᠤᠮ᠂ ᠪᠠᠶᠢᠳᠡᠯ ᠢ ᠮᠡᠳᠡᠬᠦ ᠡᠷᠬᠡ ᠶᠢ ᠪᠠᠳᠤᠯᠠᠬᠤ ᠵᠠᠷᠬᠡ ᠳᠡᠯ᠎ᠠ ᠪᠠᠷ ᠳᠤᠷᠰᠢᠯᠳᠠ ᠶᠢᠨ ᠴᠢᠬ ᠢ ᠶᠠᠬ ᠰᠠᠶᠢᠬᠠᠨ ᠳᠤᠷᠰᠢᠨ ᠰᠥᠪᠡᠭᠴᠢᠯᠡᠵᠤ ᠪᠠᠶᠢᠨ᠎ᠠ᠃ 


    ᠵᠠᠰᠠᠪᠤᠷᠢ ᠤᠷᠤᠭᠤᠯᠤᠬᠰᠠᠨ ᠤ ᠳᠠᠷᠠᠭᠠᠬᠢ ᠡᠷᠡᠬᠦᠤ ᠶᠢᠨ ᠵᠠᠷᠭᠤ ᠶᠢᠨ ᠬᠠᠤᠯᠢ᠂ ᠢᠷᠬᠡᠨ ᠤ ᠵᠠᠷᠭᠤ ᠶᠢᠨ ᠬᠠᠤᠯᠢ ᠶᠢᠨ ᠬᠡᠷᠡᠭᠵᠢᠬᠦᠯᠥᠭᠳᠡᠬᠦ ᠶᠢ ᠳᠠᠭᠠᠯᠳᠤᠨ᠂ ᠪᠠᠶᠢᠴᠠᠭᠠᠬᠤ ᠪᠠᠶᠢᠭᠤᠯᠭ᠎ᠠ ᠨᠢ ᠨᠢᠬᠡᠨᠳᠠ ᠪᠠᠶᠢᠴᠠᠭᠠᠬᠤ ᠪᠠ ᠵᠠᠷᠭᠤ ᠶᠢᠨ ᠬᠢᠨᠠᠯᠳᠠ ᠳᠡᠯᠪᠢᠬᠤ ᠳᠤ ᠬᠤᠯᠪᠤᠬᠳᠠᠬᠰᠠᠨ ᠵᠠᠬᠢᠳᠡᠯ ᠰᠤᠷᠪᠤᠯᠵᠢᠯᠠᠯ ᠤᠨ ᠠᠰᠠᠭᠤᠳᠡᠯ ᠢ ᠰᠢᠢᠳᠪᠤᠷᠢᠯᠡᠬᠦ ᠭᠤᠤᠯ ᠵᠠᠮ ᠰᠤᠪᠠᠭ ᠪᠤᠯᠤᠬᠰᠠᠨ ᠪᠠᠶᠢᠨ᠎ᠠ᠃ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠢ ᠪᠠᠶᠢᠴᠠᠭᠠᠬᠤ ᠪᠠ ᠵᠠᠷᠭᠤ ᠶᠢᠨ ᠬᠢᠨᠠᠯᠳᠠ ᠳᠡᠯᠪᠢᠬᠤ ᠳᠤ ᠬᠤᠯᠪᠤᠬᠳᠠᠬᠰᠠᠨ ᠵᠠᠬᠢᠳᠡᠯ ᠰᠤᠷᠪᠤᠯᠵᠢᠯᠠᠯ ᠤᠨ ᠪᠠᠶᠢᠭᠤᠯᠤᠯ ᠤᠨ ᠥᠬᠡᠷᠡᠴᠢᠯᠠᠯᠳᠠ ᠶᠢ ᠢᠳᠡᠪᠬᠢᠳᠡᠢ ᠪᠠᠷ ᠳᠥᠯᠬᠢᠨ ᠠᠬᠢᠭᠤᠯᠵᠤ᠂ ᠤᠯᠠᠨ ᠳᠥᠮᠠᠨ ᠢ ᠵᠢᠯᠤᠭᠤᠳᠤᠨ ᠬᠠᠤᠯᠢ ᠴᠠᠭᠠᠵᠠ ᠶᠢᠨ ᠵᠠᠷᠭᠤ ᠶᠢᠨ ᠭᠤᠶᠤᠴᠢᠯᠠᠯ ᠢ ᠬᠠᠤᠯᠢ ᠴᠠᠭᠠᠵᠠ ᠶᠢᠨ ᠵᠠᠮ ᠱᠤᠭᠤᠮ ᠢᠶᠠᠷ ᠰᠢᠢᠳᠪᠤᠷᠢᠯᠡᠬᠦ ᠪᠤᠯᠭᠠᠵᠠᠢ᠃ ᠨᠢᠳᠤᠨᠤᠨ ᠵᠢᠯ᠂ ᠨᠠᠶᠢᠳᠠ 10235 ᠬᠤᠪᠢ ᠤᠯᠠᠨ ᠳᠥᠮᠠᠨ ᠤ ᠭᠤᠮᠤᠳᠡᠯ ᠵᠠᠭᠠᠯᠳᠤᠯᠭ᠎ᠠ ᠢᠯᠡᠴᠢᠯᠡᠨ ᠮᠡᠳᠡᠬᠦᠯᠤᠯᠳᠠ ᠶᠢ ᠬᠥᠯᠢᠶᠠᠨ ᠠᠪᠴᠤ᠂ ᠠᠳᠠᠯᠢ ᠬᠤᠭᠤᠴᠠᠭᠠᠨ ᠤ ᠬᠢ ᠠᠴᠠ 91.4% ᠪᠠᠷ ᠳᠡᠬᠡᠭᠰᠢᠯᠡᠪᠠ᠂ ᠡᠬᠦᠨ ᠳᠤ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ 4075 ᠬᠡᠷᠡᠭ ᠬᠥᠯᠢᠶᠠᠨ ᠠᠪᠴᠤ᠂ ᠠᠳᠠᠯᠢ ᠬᠤᠭᠤᠴᠠᠭᠠᠨ ᠤ ᠬᠢ ᠠᠴᠠ 4 ᠳᠡᠬᠢᠨ ᠨᠡᠮᠡᠭᠳᠡᠪᠡ᠃ ᠪᠥᠬᠦ ᠤᠷᠤᠨ ᠢᠶᠠᠷ ᠢᠶᠠᠨ 10002 ᠬᠡᠷᠡᠭ ᠢ ᠪᠠᠶᠢᠴᠠᠭᠠᠨ ᠰᠢᠢᠳᠪᠤᠷᠢᠯᠡᠵᠤ᠂ ᠬᠥᠯᠢᠶᠠᠨ ᠠᠪᠤᠬᠰᠠᠨ ᠶᠠᠷᠤᠩᠬᠡᠢ ᠳᠤᠭᠠᠨ ᠤ 97.7% ᠶᠢ ᠡᠵᠡᠯᠡᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠥᠠᠳᠤᠷ ᠵᠠᠷᠬᠡ ᠶᠢᠨ ᠰᠢᠬᠦᠬᠦ ᠬᠤᠷᠢᠶ᠎ᠠ᠂ ᠳᠤᠳᠤᠭᠠᠳᠤ ᠶᠢ ᠬᠠᠮᠠᠭᠠᠯᠠᠬᠤ ᠳᠢᠩᠬᠢᠮ ᠲᠠᠢ ᠪᠠᠶᠢᠴᠠᠭᠠᠬᠤ ᠪᠠ ᠵᠠᠷᠭᠤ ᠶᠢᠨ ᠬᠢᠨᠠᠯᠳᠠ ᠳᠡᠯᠪᠢᠬᠤ ᠳᠤ ᠬᠤᠯᠪᠤᠬᠳᠠᠬᠰᠠᠨ ᠵᠠᠬᠢᠳᠡᠯ ᠰᠤᠷᠪᠤᠯᠵᠢᠯᠠᠯ ᠤᠨ ᠬᠠᠮᠳᠤᠷᠠᠬᠰᠠᠨ ᠬᠤᠷᠠᠯ ᠤᠨ ᠳᠥᠷᠢᠮ ᠢ ᠪᠠᠶᠢᠭᠤᠯᠪᠠ᠃ ᠬᠠᠤᠯᠢ ᠴᠠᠭᠠᠵᠠ ᠶᠢᠨ ᠳᠢᠩᠬᠢᠮ᠂ ᠥᠪᠤᠷ ᠮᠤᠩᠭᠤᠯ ᠤᠨ ᠬᠠᠤᠯᠢᠴᠢ ᠶᠢᠨ ᠨᠠᠶᠢᠬᠡᠮᠯᠢᠭ ᠵᠢᠴᠢ 17 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠳᠤᠷᠠᠨ ᠰᠤᠷᠪᠤᠯᠵᠢᠯᠠᠯ ᠬᠥᠯᠢᠶᠠᠨ ᠠᠪᠬᠤ ᠬᠠᠮᠳᠤᠷᠠᠬᠰᠠᠨ ᠠᠵᠢᠯ ᠤᠨ ᠳᠤᠬᠳᠠᠴᠠ ᠪᠠᠶᠢᠭᠤᠯᠪᠠ᠃ ᠪᠥᠬᠦ ᠤᠷᠤᠨ ᠢᠶᠠᠷ ᠢᠶᠠᠨ ᠭᠤᠮᠤᠳᠡᠯ ᠵᠠᠭᠠᠯᠳᠤᠯᠭ᠎ᠠ ᠶᠢᠨ ᠶᠡᠭᠡ ᠳᠢᠩᠬᠢᠮ ᠪᠤᠯᠤᠨ ᠪᠠᠶᠢᠴᠠᠭᠠᠬᠤ ᠶᠠᠪᠤᠳᠡᠯ ᠢ ᠢᠯᠠ ᠪᠤᠯᠭᠠᠬᠤ ᠶᠡᠭᠡ ᠳᠢᠩᠬᠢᠮ ᠢ ᠤᠶᠠᠯᠳᠤᠭᠤᠯᠤᠨ ᠪᠠᠶᠢᠭᠤᠯᠵᠤ᠂ ᠬᠥᠯᠢᠶᠠᠨ ᠠᠭᠤᠯᠵᠠᠬᠤ ᠶᠢ ᠬᠥᠯᠢᠶᠡᠬᠦ᠂ ᠳᠤᠬᠠᠢᠢᠯᠠᠬᠰᠠᠨ ᠠᠵᠢᠯ ᠤᠨ ᠵᠥᠪᠯᠡᠯᠬᠡ ᠥᠭᠬᠦ᠂ ᠭᠤᠮᠤᠳᠡᠯ ᠵᠠᠭᠠᠯᠳᠤᠯᠭ᠎ᠠ ᠬᠥᠯᠢᠶᠠᠨ ᠠᠪᠬᠤ᠂ ᠬᠠᠤᠯᠢᠴᠢ ᠬᠥᠯᠢᠶᠠᠨ ᠠᠭᠤᠯᠵᠠᠬᠤ᠂ ᠬᠠᠷᠠᠭᠠᠨ ᠳᠡᠪᠳᠡᠮᠵᠢ ᠪᠠᠷ ᠰᠤᠷᠪᠤᠯᠵᠢᠯᠠᠯ ᠬᠥᠯᠢᠶᠠᠬᠦ᠂ ᠬᠠᠭ᠋ᠤᠤᠯᠢ ᠳᠥᠯᠬᠢᠭᠰᠡᠨ ᠶᠠᠯ᠎ᠠ ᠶᠢᠨ ᠳᠠᠩᠰᠨ ᠡᠪᠬᠡᠮᠠᠯ ᠢ ᠪᠠᠶᠢᠴᠠᠭᠠᠨ ᠯᠠᠪᠯᠠᠬᠤ᠂ ᠬᠡᠷᠡᠭ ᠤᠨ ᠮᠡᠳᠡᠭᠡ ᠵᠠᠩᠬᠢ ᠶᠢ ᠪᠠᠶᠢᠴᠠᠭᠠᠨ ᠯᠠᠪᠯᠠᠬᠤ᠂ 12309 ᠢᠯᠡᠴᠢᠯᠠᠨ ᠮᠡᠳᠡᠬᠦᠯᠬᠦ ᠤᠳᠠᠰᠤ ᠵᠠᠷᠬᠡ ᠠᠵᠢᠯ ᠢ ᠨᠠᠶᠢᠯᠡᠬᠦᠯᠤᠨ᠂ ᠰᠥᠯᠵᠢᠶᠠᠨ ᠤ ᠳᠤᠳᠤᠷ᠎ᠠ ᠭᠠᠳᠠᠨᠠᠬᠢ《ᠨᠢᠬᠡ ᠥᠷᠳᠡᠬᠡᠳᠤ ᠬᠡᠯᠪᠠᠷᠢ》 ᠶᠢᠨᠥᠢᠯᠡᠴᠢᠯᠡᠭᠡ ᠶᠢ ᠪᠡᠶᠡᠯᠡᠬᠦᠯᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠪᠤᠯᠤᠨ ᠡᠯ᠎ᠠ ᠠᠶᠢᠮᠠᠭ ᠬᠤᠳᠠ ᠬᠤᠰᠢᠭᠤ ᠰᠢᠶᠠᠨ ᠤ ᠪᠠᠶᠢᠴᠠᠭᠠᠬᠤ ᠬᠤᠷᠢᠶ᠎ᠠ᠂ ᠪᠥᠬᠦ ᠤᠷᠤᠨ ᠤ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ ᠪᠤᠯᠤᠨ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠠᠯᠤᠰ ᠡᠵᠡᠮᠰᠢᠯᠳᠤ ᠬᠠᠷᠠᠭᠠᠨ ᠳᠡᠪᠳᠡᠮᠵᠢ ᠪᠠᠷ ᠰᠤᠷᠪᠤᠯᠵᠢᠯᠠᠯ ᠬᠥᠯᠢᠶᠠᠬᠦ ᠳᠡᠪᠴᠠᠩ ᠤᠨ ᠪᠠᠶᠢᠭᠤᠯᠤᠯᠳᠠ ᠶᠢ ᠳᠠᠭᠤᠰᠬᠠᠨ᠂ ᠬᠠᠷᠠᠭᠠᠨ ᠳᠡᠪᠳᠡᠮᠵᠢ ᠶᠢ ᠬᠠᠷᠢᠯᠴᠠᠨ ᠨᠡᠪᠳᠡᠷᠡᠬᠦᠯᠬᠦ ᠶᠢ ᠪᠡᠶᠡᠯᠡᠬᠦᠯᠤᠨ᠂ ᠤᠯᠠᠨ ᠳᠥᠮᠠᠨ ᠢ ᠳᠤᠳᠠᠭᠤ ᠵᠠᠮᠨᠠᠭᠤᠯᠤᠨ ᠵᠠᠷᠭᠤ ᠶᠢᠨ ᠭᠤᠶᠤᠴᠢᠯᠠᠯ ᠢᠶᠠᠨ ᠨᠢᠭᠤᠷᠳᠠᠨ ᠳᠤᠰᠬᠠᠵᠤ᠂ ᠠᠰᠠᠭᠤᠳᠡᠯ ᠢ ᠨᠢ ᠰᠢᠢᠳᠪᠤᠷᠢᠯᠡᠵᠤ ᠴᠢᠳᠠᠬᠤ ᠪᠤᠯᠭᠠᠵᠠᠢ᠃ ᠪᠤᠯᠪᠠᠰᠤᠨ ᠢᠶᠠᠷ ᠬᠥᠯᠢᠶᠠᠨ ᠠᠪᠬᠤ ᠴᠤᠩᠬᠤᠪᠴᠢ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠡᠢ ᠪᠠᠷ ᠥᠷᠨᠢᠬᠦᠯᠤᠨ᠂ ᠵᠠᠩ ᠵᠠᠩ ᠪᠤᠤ ᠶᠢᠨ ᠠᠵᠢᠯᠯᠠᠬᠤ ᠬᠡᠯᠪᠠᠷᠢ ᠮᠠᠶ᠋ᠢᠭ ᠢ ᠶᠡᠬᠡᠪᠡᠷ ᠳᠥᠬᠡᠮᠠᠯᠵᠢᠬᠦᠯᠤᠨ᠂ ᠬᠠᠮᠤᠭ ᠤᠨ ᠰᠢᠯᠢᠳᠡᠭ ᠺᠠᠳ᠋ᠷ᠂ ᠬᠠᠮᠤᠭ ᠤᠨ ᠰᠠᠶᠢᠨ ᠳᠥᠬᠦᠬᠡᠷᠤᠮᠵᠢ᠂ ᠬᠠᠮᠤᠭ ᠤᠨ ᠳᠤᠬᠢᠳᠡᠢ ᠳᠠᠯᠠᠪᠤᠷ ᠢᠶᠠᠨ ᠳᠤᠬᠢᠷᠠᠭᠤᠯᠤᠨ ᠤᠯᠠᠨ ᠳᠥᠮᠠᠨ ᠢ ᠬᠥᠯᠢᠶᠠᠨ ᠠᠪᠴᠤ ᠥᠢᠯᠠᠴᠢᠯᠠᠵᠠᠢ᠃ 1999 ᠤᠨ ᠳᠤ᠂ ᠵᠠᠭᠠᠯᠳᠤᠬᠳᠠᠬᠴᠢ ᠯᠢ ᠰᠢᠶᠤᠤ ᠯᠥᠡᠭ ᠳᠤᠨᠤᠨ ᠳᠡᠬᠡᠷᠡᠮᠳᠡᠭᠰᠡᠨ ᠶᠠᠯ᠎ᠠ ᠪᠠᠷ ᠭᠤᠷᠪᠡᠨ ᠵᠢᠯ ᠳᠡᠬᠡᠷ᠎ᠠ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠡᠷᠡᠬᠦᠤ ᠪᠠᠷ ᠰᠢᠳᠬᠡᠭᠳᠡᠵᠠᠢ᠃ ᠳᠡᠬᠦᠨ ᠤ ᠡᠵᠢ ᠨᠢ ᠬᠥᠬᠡᠬᠤᠳᠠ ᠪᠠ ᠪᠡᠬᠡᠵᠢᠩ ᠤᠷᠤᠵᠤ ᠤᠯᠠᠨ ᠤᠳᠠᠭ᠎ᠠ ᠰᠤᠷᠪᠤᠯᠵᠢᠯᠠᠯ ᠬᠢᠵᠠᠢ᠃ ᠪᠠᠶᠢᠴᠠᠭᠠᠬᠤ ᠪᠠᠶᠢᠭᠤᠯᠭ᠎ᠠ ᠭᠤᠮᠤᠳᠡᠯ ᠢ ᠬᠥᠯᠢᠶᠠᠨ ᠠᠪᠤᠬᠰᠠᠨ ᠤ ᠳᠠᠷᠠᠭ᠎ᠠ᠂ ᠬᠡᠷᠡᠭ ᠤᠨ ᠪᠤᠳᠠᠳᠤ ᠶᠠᠪᠤᠳᠡᠯ ᠢ ᠪᠠᠶᠢᠴᠠᠭᠠᠨ ᠳᠤᠳᠤᠯᠠᠵᠤ᠂ ᠰᠢᠬᠦᠬᠦ ᠬᠤᠷᠢᠶᠠᠨ ᠤ ᠵᠥᠪ ᠳᠠᠰᠤᠯᠤᠨ ᠳᠤᠬᠳᠠᠭᠠᠯᠳᠠ ᠶᠢ ᠪᠠᠷᠢᠮᠳᠠᠯᠠᠬᠰᠠᠨ ᠤ ᠬᠠᠮᠳᠤ᠂ ᠳᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠲᠠᠢ ᠬᠠᠮᠳᠤᠪᠡᠷ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠥᠷᠴᠤ ᠬᠠᠤᠯᠢ ᠴᠠᠭᠠᠵᠠ ᠳᠥᠷᠤ ᠶᠢᠨ ᠪᠤᠳᠤᠯᠭ᠎ᠠ ᠶᠢ ᠶᠠᠷᠢᠵᠤ ᠳᠠᠶᠢᠯᠪᠤᠷᠢᠯᠠᠨ᠂ ᠡᠯ᠎ᠠ ᠡᠳᠡᠬᠡᠳ ᠢᠶᠠᠷ ᠢᠶᠠᠨ ᠵᠥᠪᠳᠡᠯᠴᠡᠨ ᠠᠮᠢᠳᠤᠷᠠᠯ ᠤᠨ ᠳᠤᠰᠠᠯᠠᠮᠵᠢ ᠨᠥᠬᠦᠪᠤᠷᠢ ᠥᠭᠴᠤ᠂ ᠠᠷᠪᠡᠨ ᠳᠠᠪᠤᠨ ᠵᠢᠯ ᠥᠷᠬᠦᠯᠵᠢᠯᠡᠭᠰᠡᠨ ᠬᠥᠴᠢᠷ ᠳᠥᠪᠡᠭᠳᠡᠢ ᠨᠢᠬᠡᠨ ᠬᠡᠷᠡᠭ ᠤᠨ ᠵᠠᠷᠭᠤ ᠶᠢ ᠪᠤᠯᠢᠭᠤᠯᠵᠤ ᠰᠤᠷᠪᠤᠯᠵᠢᠯᠠᠯ ᠢ ᠵᠤᠬᠰᠤᠭᠠᠬᠰᠠᠨ ᠪᠠᠶᠢᠨ᠎ᠠ᠃ 


    ᠵᠢᠷᠭᠤᠭ᠎ᠠ᠂ ᠪᠠᠶᠢᠴᠠᠭᠠᠬᠤ ᠡᠩᠨᠡᠭᠡ ᠪᠠ ᠪᠠᠶᠢᠴᠠᠭᠠᠬᠤ ᠪᠠᠶᠢᠭᠤᠯᠭ᠎ᠠ ᠶᠢᠨ ᠳᠤᠰ ᠪᠡᠶ᠎ᠠ ᠶᠢᠨ ᠪᠠᠶᠢᠭᠤᠯᠤᠯᠳᠠ ᠶᠢ ᠴᠢᠩᠭᠠᠳᠬᠠᠨ ᠪᠠᠶᠢᠴᠠᠭᠠᠬᠤ ᠡᠷᠬᠡ ᠶᠢᠨ ᠬᠠᠤᠯᠢ ᠶᠤᠰᠤᠭᠠᠷ ᠵᠥᠪ ᠤᠨᠤᠪᠴᠢᠳᠡᠢ ᠥᠠᠳᠤᠷ ᠪᠥᠳᠤᠮᠵᠢᠳᠡᠢ ᠬᠡᠷᠡᠭᠵᠢᠬᠦᠯᠥᠭᠳᠡᠬᠦ ᠶᠢ ᠪᠠᠳᠤᠯᠠᠪᠠ  


    ᠨᠠᠮ ᠤᠨ ᠤᠯᠠᠨ ᠳᠥᠮᠠᠠᠴᠢ ᠱᠤᠭᠤᠮ ᠤᠨ ᠬᠥᠮᠤᠵᠢᠯ ᠥᠢᠯᠠᠳᠤᠯᠬᠡ ᠶᠢᠨ ᠠᠵᠢᠯᠯᠠᠭ᠎ᠠ ᠶᠢ ᠬᠥᠠᠵᠠᠬᠡᠢ ᠥᠷᠨᠢᠬᠦᠯᠤᠨ᠂ ᠡᠯ᠎ᠠ ᠱᠠᠳᠤᠨ ᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠬ ᠪᠠ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠥᠨᠠᠠᠬᠦ ᠴᠢᠩᠭᠠᠳᠬᠠᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠺᠠᠳ᠋ᠷ ᠠᠶᠢᠮᠠᠭ ᠬᠤᠳᠠ ᠶᠢᠨ ᠬᠤᠪᠢᠶᠠᠷᠢ ᠬᠤᠷᠢᠶ᠎ᠠ ᠶᠢ ᠬᠤᠪᠢᠶᠠᠨ ᠳᠠᠭᠠᠭᠠᠴᠢᠯᠠᠵᠤ ᠬᠢᠨᠠᠨ ᠵᠢᠯᠤᠭᠤᠳᠪᠠ᠃ ᠮᠠᠰᠢ ᠤᠯᠠᠨ ᠠᠶᠢᠮᠠᠭ ᠬᠤᠳᠠ᠂ ᠬᠤᠰᠢᠭᠤ ᠰᠢᠶᠠᠨ ᠤ ᠪᠠᠶᠢᠴᠠᠭᠠᠬᠤ ᠬᠤᠷᠢᠶ᠎ᠠ ᠶᠢᠨ ᠬᠥᠮᠤᠵᠢᠯ ᠥᠢᠯᠠᠳᠤᠯᠬᠡ ᠶᠢᠨ ᠠᠵᠢᠯᠯᠠᠭ᠎ᠠ ᠨᠢ ᠳᠤᠬᠠᠢ ᠶᠢᠨ ᠭᠠᠵᠠᠷ ᠤᠨ ᠢᠶᠠᠨ ᠡᠮᠤᠨ᠎ᠠ ᠡᠩᠨᠡᠬᠡᠨ ᠳᠤ ᠪᠠᠶᠢᠷᠢᠯᠠᠵᠤ᠂ ᠪᠠᠶᠢᠴᠠᠭᠠᠬᠤ ᠠᠵᠢᠯ ᠤᠨ ᠰᠢᠠᠵᠢᠯᠡᠬᠦ ᠤᠬᠠᠭᠠᠠᠴᠢ ᠬᠥᠭᠵᠢᠯᠳᠠ ᠶᠢ ᠳᠥᠯᠬᠢᠨ ᠠᠬᠢᠭᠤᠯᠬᠤ ᠬᠥᠴᠤᠷᠬᠡᠭ ᠶᠡᠭᠡ ᠢᠳᠡᠪᠬᠢ ᠬᠥᠴᠤᠨ ᠢ ᠪᠤᠢ ᠪᠤᠯᠭᠠᠵᠠᠢ᠃ ᠭᠤᠷᠪᠡᠨ ᠵᠢᠯ ᠤᠨ ᠬᠤᠭᠤᠴᠠᠭ᠎ᠠ ᠲᠠᠢ《ᠰᠢᠯᠭᠠᠷᠠᠵᠤ ᠬᠠᠳᠠᠭᠤᠵᠢᠬᠰᠠᠨ ᠡᠩᠨᠡᠬᠡᠨ ᠤ ᠪᠠᠶᠢᠭᠤᠯᠤᠯᠳᠠ ᠶᠢ ᠳᠥᠯᠬᠢᠨ ᠠᠬᠢᠭᠤᠯᠬᠤ ᠤᠨ》ᠤ ᠠᠵᠢᠯᠯᠠᠭ᠎ᠠ ᠶᠢ ᠥᠷᠬᠦᠯᠵᠢᠯᠠᠨ ᠵᠤᠬᠢᠶᠠᠨ ᠪᠠᠶᠢᠭᠤᠯᠤᠨ ᠥᠷᠨᠢᠬᠦᠯᠵᠤ᠂ 《ᠨᠠᠮᠴᠢ ᠴᠢᠨᠠᠷ ᠢᠶᠠᠨ ᠴᠢᠩᠭᠠᠳᠬᠠᠨ᠂ ᠰᠠᠬᠢᠯᠭ᠎ᠠ ᠪᠠᠳᠤ ᠶᠢ ᠴᠢᠩᠭ᠎ᠠ ᠰᠠᠬᠢᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ》ᠳᠤᠰᠬᠠᠢ ᠰᠡᠳᠤᠪᠳᠤ ᠬᠥᠮᠤᠵᠢᠯ ᠤᠨ ᠠᠵᠢᠯᠯᠠᠭ᠎ᠠ ᠶᠢ ᠥᠷᠨᠢᠬᠦᠯᠤᠨ᠂ ᠨᠠᠮ ᠤᠨ ᠪᠠᠶᠢᠭᠤᠯᠤᠯᠳᠠ ᠶᠢ ᠠᠳᠬᠤᠬᠤ ᠪᠠᠷ ᠢᠷᠡᠵᠤ ᠡᠩᠨᠡᠬᠡᠨ ᠤ ᠪᠠᠶᠢᠭᠤᠯᠤᠯᠳᠠ ᠶᠢ ᠳᠠᠶᠢᠴᠢᠯᠠᠨ᠂ ᠮᠡᠳᠡᠯᠬᠡ ᠪᠤᠯᠪᠠᠰᠤᠷᠠᠯ ᠢᠶᠠᠨ ᠳᠡᠬᠡᠭᠰᠢᠯᠡᠬᠦᠯᠤᠨ ᠳᠥᠷᠢ ᠳᠥᠷᠬᠦ ᠪᠠᠨ ᠪᠤᠢ ᠪᠤᠯᠭᠠᠵᠠᠢ᠃ ᠨᠠᠮ ᠢ ᠴᠢᠩᠭ᠎ᠠ ᠵᠠᠰᠠᠬᠤ᠂ ᠪᠠᠶᠢᠴᠠᠭᠠᠬᠤ ᠶᠢ ᠴᠢᠩᠭ᠎ᠠ ᠵᠠᠰᠠᠬᠤ ᠶᠢ ᠪᠠᠷᠢᠮᠳᠠᠯᠠᠨ᠂ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠰᠤᠷᠳᠡᠯ ᠴᠢᠬᠡᠴᠢ ᠵᠠᠰᠠᠭ ᠤᠨ ᠪᠠᠶᠢᠭᠤᠯᠤᠯᠳᠠ ᠶᠢ ᠨᠠᠶᠢᠳᠠᠪᠤᠷᠢᠵᠢᠭᠤᠯᠬᠤ《ᠬᠤᠶᠠᠷ ᠬᠠᠷᠢᠭᠤᠴᠠᠯᠭ᠎ᠠ》 ᠶᠢᠨ ᠰᠠᠨᠠᠯ ᠢ ᠳᠤᠬᠳᠠᠭᠠᠨ᠂ ᠱᠠᠳᠤ ᠳᠠᠷᠠᠭᠠᠯᠠᠨ ᠳᠡᠮᠵᠢᠭᠤᠯᠵᠤ ᠳᠠᠷᠤᠯᠳᠠ ᠥᠭᠴᠠᠢ᠃ ᠨᠢᠳᠤᠨᠤᠨ ᠵᠢᠯ ᠤᠨ 9 ᠰᠠᠷ᠎ᠠ ᠳᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠳᠥᠪ ᠤᠨ ᠳᠤᠭᠤᠷᠢᠨ ᠪᠠᠶᠢᠴᠠᠭᠠᠬᠤ ᠰᠢᠨ᠎ᠠ ᠳᠤᠬᠳᠠᠭᠠᠯ ᠤᠨ ᠳᠠᠷᠠᠭᠠᠬᠢ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠨᠢᠬᠡᠳᠤᠬᠡᠷ ᠪᠥᠯᠥᠭ ᠤᠨ ᠳᠤᠭᠤᠷᠢᠨ ᠪᠠᠶᠢᠴᠠᠭᠠᠬᠳᠠᠬᠤ ᠨᠢᠬᠡᠴᠢ ᠪᠤᠯᠵᠤ᠂ ᠳᠤᠭᠤᠷᠢᠨ ᠪᠠᠶᠢᠴᠠᠭᠠᠬᠤ ᠳᠤᠭᠤᠢᠢᠯᠠᠩ ᠤᠨ《ᠳᠥᠷᠪᠡᠨ ᠬᠥᠴᠤᠷᠬᠡᠭ᠂ ᠬᠤᠶᠠᠷ ᠬᠥᠢᠴᠡᠳ》ᠨᠤᠳᠠᠯᠠᠯ ᠪᠠ ᠥᠨᠠᠯᠠᠯᠳᠠ ᠶᠢ ᠤᠯᠵᠠᠢ᠃ ᠪᠠᠶᠢᠴᠠᠭᠠᠬᠤ ᠡᠩᠨᠡᠬᠡᠨ ᠤ ᠤᠯᠤᠰ ᠳᠥᠷᠤ᠂ ᠳᠤᠬᠠᠢᠢᠯᠠᠬᠰᠠᠨ ᠠᠵᠢᠯ ᠤᠨ ᠮᠡᠳᠡᠯᠬᠡ ᠪᠤᠯᠪᠠᠰᠤᠷᠠᠯ ᠢ ᠴᠤᠴᠠᠯᠳᠠ ᠥᠬᠡᠢ ᠳᠡᠬᠡᠭᠰᠢᠯᠡᠬᠦᠯᠵᠤ᠂ ᠪᠥᠬᠦ ᠵᠢᠯ ᠳᠤ ᠡᠯ᠎ᠡ ᠱᠠᠳᠤᠨ ᠤ ᠬᠤᠷᠢᠶ᠎ᠠ ᠶᠢᠨ ᠤᠳᠤᠷᠢᠳᠤᠯᠭ᠎ᠠ ᠶᠢ 529 ᠬᠥᠮᠤᠨ ᠤᠳᠠᠭ᠎ᠠ ᠪᠤᠯᠪᠠᠰᠤᠷᠠᠭᠤᠯᠵᠤ᠂ ᠡᠯ᠎ᠠ ᠳᠥᠷᠤᠯ ᠤᠨ ᠳᠤᠬᠠᠢᠢᠯᠠᠬᠰᠠᠨ ᠠᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠠᠩᠬᠢ ᠶᠢ 438 ᠬᠤᠭᠤᠴᠠᠭ᠎ᠠ ᠱᠠᠳᠤ ᠬᠤᠪᠢᠶᠠᠨ ᠡᠷᠬᠢᠯᠡᠵᠤ᠂ 18796 ᠬᠥᠮᠤᠨ ᠤᠳᠠᠭ᠎ᠠ ᠪᠤᠯᠪᠠᠰᠤᠷᠠᠭᠤᠯᠵᠤ᠂ ᠠᠵᠢᠯ ᠤᠨ ᠪᠠᠶᠢᠷᠢ ᠶᠢᠨ ᠳᠤᠬᠠᠢᠢᠯᠠᠬᠰᠠᠨ ᠠᠵᠢᠯ ᠤᠨ ᠤᠷᠤᠯᠳᠤᠭᠠᠨ ᠢ 141 ᠬᠤᠭᠤᠴᠠᠭ᠎ᠠ ᠱᠠᠳᠤ ᠬᠤᠪᠢᠶᠠᠨ ᠵᠤᠬᠢᠶᠠᠨ ᠪᠠᠶᠢᠭᠤᠯᠪᠠ᠃ ᠥᠪᠡᠷᠳᠡᠬᠡᠨ ᠵᠠᠰᠠᠬᠤ ᠬᠤᠷᠢᠶᠠᠨ ᠤ ᠪᠠᠶᠢᠴᠠᠭᠠᠬᠤ ᠬᠤᠷᠢᠶ᠎ᠠ ᠠᠴᠠ ᠭᠤᠮᠤᠳᠡᠯ ᠵᠠᠭᠠᠯᠳᠤᠯᠭ᠎ᠠ᠂ ᠢᠷᠬᠡᠨ ᠤ ᠪᠠ ᠵᠠᠰᠠᠭ ᠵᠠᠬᠢᠷᠭ᠎ᠠ᠂ ᠲᠸ᠋ᠭᠨᠢᠭ ᠮᠡᠷᠬᠡᠵᠢᠯ ᠵᠠᠷᠬᠡ ᠠᠵᠢᠯ ᠳᠥᠷᠤᠯ ᠤᠨ ᠳᠤᠬᠠᠢᠢᠯᠠᠬᠰᠠᠨ ᠠᠵᠢᠯ ᠤᠨ ᠤᠷ᠎ᠠ ᠴᠢᠳᠡᠪᠬᠢ ᠶᠢᠨ ᠤᠷᠤᠯᠳᠤᠭᠠᠨ ᠪᠠ ᠬᠠᠤᠯᠢ ᠴᠠᠭᠠᠵᠠ ᠶᠢᠨ ᠴᠠᠬᠳᠠᠭᠠᠨ ᠤ ᠪᠤᠯᠪᠠᠰᠤᠷᠠᠭᠤᠯᠬᠤ ᠬᠥᠳᠡᠯᠬᠡᠬᠡᠨ ᠢ ᠵᠤᠬᠢᠶᠠᠨ ᠪᠠᠶᠢᠭᠤᠯᠵᠤ ᠥᠷᠨᠢᠬᠦᠯᠤᠨ᠂ ᠪᠥᠬᠦ ᠤᠷᠤᠨ ᠳᠤ 67 ᠨᠠᠷ᠎ᠠ ᠳᠤᠬᠠᠢᠢᠯᠠᠬᠰᠠᠨ ᠠᠵᠢᠯ ᠤᠨ ᠴᠢᠳᠠᠪᠤᠷᠢᠳᠠᠨ ᠢ ᠰᠢᠯᠭᠠᠷᠠᠭᠤᠯᠤᠨ ᠭᠠᠷᠭᠠᠵᠠᠢ᠃ ᠳᠠᠷᠢᠬᠦᠨ ᠤ ᠨᠠᠶᠢᠳᠡᠯᠢᠭ ᠵᠢᠱᠢᠶ᠎ᠠ ᠶᠢ ᠰᠤᠩᠭᠤᠨ ᠪᠤᠢ ᠪᠤᠯᠭᠠᠵᠤ᠂ ᠤᠬᠠᠭᠤᠯᠬᠤ ᠠᠵᠢᠯ ᠢ ᠬᠥᠠᠵᠡᠬᠡᠶᠢᠷᠡᠬᠦᠯᠤᠨ᠂ ᠪᠥᠬᠦ ᠤᠷᠤᠨ ᠳᠤ ᠨᠠᠶᠢᠳᠠ 4 ᠬᠠᠮᠳᠤ ᠪᠠ 7 ᠬᠤᠪᠢ ᠬᠥᠮᠤᠨ ᠳᠤᠰᠪᠤᠷᠢ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠳᠤ ᠨᠢᠬᠡᠳᠤᠬᠡᠷ ᠳᠠᠰ ᠤᠨ ᠭᠠᠪᠢᠶ᠎ᠠ ᠳᠡᠮᠳᠡᠭᠯᠡᠬᠦᠯᠤᠨ᠂ ᠪᠠᠶᠢᠴᠠᠭᠠᠬᠤ ᠰᠢᠰᠲᠸ᠋ᠮ ᠤᠨ ᠬᠠᠮᠤᠭ ᠤᠨ ᠥᠠᠳᠤᠷ ᠢᠷᠡᠭᠤ ᠠᠯᠳᠠᠷ ᠪᠤᠯᠬᠤ《ᠪᠥᠬᠦ ᠤᠯᠤᠰ ᠤᠨ ᠵᠢᠱᠢᠶᠡᠴᠢ ᠪᠠᠶᠢᠴᠠᠭᠠᠬᠤ ᠬᠤᠷᠢᠶ᠎ᠠ》 ᠪᠠᠷ ᠨᠠᠷᠡᠶᠢᠳᠤᠳᠡᠭᠰᠡᠨ ᠠᠤᠬᠠᠨ ᠬᠤᠰᠢᠭᠤᠨ ᠤ ᠪᠠᠶᠢᠴᠠᠭᠠᠬᠤ ᠬᠤᠷᠢᠶ᠎ᠠ᠂《ᠪᠥᠬᠦ ᠤᠯᠤᠰ ᠤᠨ ᠵᠢᠱᠢᠶᠡᠴᠢ ᠪᠠᠶᠢᠴᠠᠭᠠᠬᠤ ᠳᠤᠰᠢᠶᠠᠯᠳᠠᠨ》 ᠮᠸᠡᠭ ᡁᠢ ᠴᠥᠨ᠂ ᠬᠠᠨ ᠯᠢ ᠴᠥᠨ᠂《ᠪᠥᠬᠦ ᠤᠯᠤᠰ ᠤᠨ ᠥᠠᠳᠤᠰᠤᠳᠠᠨ ᠤ ᠪᠥᠯᠬᠦᠮᠳᠡᠯ ᠳᠡᠪᠰᠢᠯᠳᠠ ᠶᠢᠨ ᠵᠢᠱᠢᠶᠡᠴᠢ ᠬᠤᠪᠢ ᠬᠥᠮᠤᠨ》 ᠬᠡᠰᠢᠭ ᠵᠠᠷᠬᠡ ᠨᠢᠬᠡ ᠪᠥᠯᠥᠭ ᠳᠠᠷᠢᠬᠦᠨ ᠤ ᠨᠠᠶᠢᠳᠡᠯᠢᠭ ᠵᠢᠱᠢᠶ᠎ᠠ ᠰᠢᠯᠭᠠᠷᠠᠨ ᠳᠤᠳᠤᠷᠠᠵᠠᠢ᠃ ᠢᠯᠠ ᠪᠠᠶᠢᠴᠠᠭᠠᠯᠳᠠ ᠳᠠᠯᠳᠠ ᠰᠤᠷᠪᠤᠯᠵᠢᠯᠠᠭ᠎ᠠ ᠥᠷᠨᠢᠬᠦᠯᠤᠨ᠂ ᠪᠠᠶᠢᠴᠠᠭᠠᠬᠤ ᠠᠵᠢᠯᠳᠠᠨ ᠤ ᠨᠠᠢᠮᠠᠨ ᠵᠤᠷᠪᠤᠰ ᠳᠤᠬᠳᠠᠭᠠᠯ᠂ ᠰᠠᠬᠢᠯᠭ᠎ᠠ ᠪᠠᠳᠤ ᠶᠢᠨ ᠴᠠᠭᠠᠵᠠ ᠵᠠᠷᠯᠢᠭ ᠢ ᠨᠠᠶᠢᠳᠠᠪᠤᠷᠢᠵᠢᠭᠤᠯᠤᠬᠰᠠᠨ ᠪᠠᠶᠢᠳᠡᠯ ᠳᠤ ᠪᠥᠬᠦᠨ ᠢ ᠪᠥᠷᠬᠦᠬᠦᠯᠤᠨ᠂ ᠳᠤᠤᠷᠯᠠᠬᠤ ᠬᠡᠯᠪᠠᠷᠢ ᠪᠠᠷ ᠬᠢᠨᠠᠨ ᠪᠠᠶᠢᠴᠠᠭᠠᠵᠠᠢ᠃ ᠳᠤᠰᠢᠶᠠᠯ ᠤᠨ ᠶᠠᠯᠠᠳᠤ ᠬᠡᠷᠡᠭ ᠤᠨ ᠳᠤᠷᠰᠢᠨ ᠪᠠᠶᠢᠴᠠᠭᠠᠯᠳᠠ ᠶᠢᠨ ᠥᠢᠯᠠ ᠠᠵᠢᠯᠯᠠᠭ᠎ᠠ ᠳᠤ ᠳᠤᠰᠬᠠᠢ ᠱᠠᠭᠠᠷᠳᠠᠨ ᠪᠠᠶᠢᠴᠠᠭᠠᠯᠳᠠ ᠥᠷᠨᠢᠬᠦᠯᠤᠨ᠂ ᠳᠥᠷᠢᠮᠵᠢᠬᠦᠨ ᠥᠬᠡᠢ ᠥᠢᠯᠠ ᠠᠵᠢᠯᠯᠠᠭ᠎ᠠ ᠳᠤ ᠳᠤᠰᠬᠠᠢ ᠰᠡᠳᠤᠪᠳᠤ ᠹᠢᠯᠢᠮ ᠥᠢᠯᠠᠳᠤᠨ᠂ ᠠᠰᠠᠭᠤᠳᠡᠯ ᠢ ᠰᠢᠭᠤᠳ ᠥᠵᠡᠬᠦᠯᠤᠨ᠂ ᠪᠥᠬᠦ ᠤᠷᠤᠨ ᠤ ᠪᠠᠶᠢᠴᠠᠭᠠᠬᠤ ᠠᠵᠢᠯᠳᠠᠨ ᠳᠤ ᠰᠠᠷᠠᠮᠵᠢ ᠥᠭᠴᠠᠢ᠃ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠲᠤ ᠥᠴᠤᠬᠡᠨ ᠴᠤ ᠢᠯᠳᠠᠷ ᠬᠠᠶᠠᠬᠤ ᠥᠬᠡᠢ ᠪᠠᠶᠢᠬᠤ ᠶᠢ ᠪᠠᠷᠢᠮᠳᠠᠯᠠᠨ᠂ 22 ᠬᠥᠮᠤᠨ ᠢ ᠪᠠᠶᠢᠴᠠᠭᠠᠨ ᠰᠢᠢᠳᠪᠤᠷᠢᠯᠡᠵᠤ᠂ ᠠᠳᠠᠯᠢ ᠬᠤᠭᠤᠴᠠᠭᠠᠨ ᠤ ᠬᠢ ᠠᠴᠠ 69% ᠪᠠᠷ ᠳᠡᠬᠡᠭᠰᠢᠯᠡᠵᠠᠢ᠃ 


    ᠠᠰᠠᠭᠤᠳᠡᠯ ᠢᠶᠠᠷ ᠵᠠᠮᠴᠢ ᠪᠤᠯᠭᠠᠬᠤ ᠶᠢ ᠪᠠᠷᠢᠮᠳᠠᠯᠠᠨ᠂《ᠪᠠᠶᠢᠴᠠᠭᠠᠬᠤ ᠠᠵᠢᠯ ᠤᠨ ᠰᠢᠠᠵᠢᠯᠡᠬᠦ ᠤᠬᠠᠭᠠᠠᠴᠢ ᠬᠥᠭᠵᠢᠯᠳᠠ ᠶᠢᠨ ᠥᠯᠢᠬᠡᠷ ᠠᠪᠴᠤ ᠥᠨᠠᠯᠡᠨ ᠵᠢᠱᠢᠬᠦ ᠠᠵᠢᠯᠯᠠᠭ᠎ᠠ》 ᠶᠢ ᠥᠷᠬᠦᠯᠵᠢᠯᠠᠨ ᠥᠷᠨᠢᠬᠦᠯᠵᠤ᠂ 2013 ᠤᠨ ᠤ ᠥᠨᠠᠯᠡᠨ ᠵᠢᠱᠢᠬᠦ ᠠᠵᠢᠯ ᠤᠨ ᠳᠤᠷᠰᠢᠯᠭ᠎ᠠ ᠶᠢ ᠳ᠋ᠦᠡᠭᠨᠡᠨ᠂ ᠥᠨᠠᠯᠡᠨ ᠵᠢᠱᠢᠬᠦ ᠠᠷᠭ᠎ᠠ ᠮᠠᠶ᠋ᠢᠬ ᠢ ᠳᠡᠬᠦᠯᠳᠡᠷᠵᠢᠬᠦᠯᠤᠨ᠂ ᠠᠯᠳᠠᠭ᠎ᠠ ᠶᠢ ᠵᠠᠯᠠᠷᠠᠭᠤᠯᠤᠨ ᠬᠠᠷᠢᠭᠤᠴᠠᠯᠭ᠎ᠠ ᠨᠡᠬᠡᠮᠵᠢᠯᠡᠬᠦ ᠶᠢ ᠳᠤᠪᠤᠶᠢᠯᠭᠠᠵᠠᠢ᠃ ᠠᠶᠢᠮᠠᠭ ᠬᠤᠳᠠ ᠭᠠᠵᠠᠷ ᠤᠷᠤᠨ ᠤ ᠪᠠᠶᠢᠴᠠᠭᠠᠬᠤ ᠬᠤᠷᠢᠶ᠎ᠠ ᠠᠴᠠ ᠥᠠᠳᠤᠰᠤᠨ ᠱᠠᠳᠤᠨ ᠤ ᠪᠠᠶᠢᠴᠠᠭᠠᠬᠤ ᠬᠤᠷᠢᠶ᠎ᠠ ᠳᠤ ᠥᠯᠢᠬᠡᠷ ᠠᠪᠴᠤ ᠥᠨᠠᠯᠡᠨ ᠵᠢᠱᠢᠭᠰᠡᠨ ᠰᠠᠭᠤᠷᠢᠨ ᠳᠡᠬᠡᠷ᠎ᠠ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠰᠢᠯᠢᠨ ᠭᠤᠤᠯ ᠠᠶᠢᠮᠠᠭ ᠤᠨ ᠬᠤᠪᠢᠶᠠᠷᠢ ᠬᠤᠷᠢᠶ᠎ᠠ ᠪᠠ ᠠᠪᠠᠭ᠎ᠠ ᠬᠤᠰᠢᠭᠤᠨ ᠤ ᠪᠠᠶᠢᠴᠠᠭᠠᠬᠤ ᠬᠤᠷᠢᠶ᠎ᠠ ᠶᠢ ᠰᠢᠪᠠᠭ᠎ᠠ ᠤᠨᠤᠭᠠᠨ ᠥᠨᠠᠯᠠᠨ ᠪᠠᠶᠢᠴᠠᠭᠠᠯᠳᠠ ᠥᠷᠨᠢᠬᠦᠯᠪᠠ᠃ ᠪᠥᠬᠦ ᠤᠷᠤᠨ ᠤ ᠭᠤᠷᠪᠡᠨ ᠱᠠᠳᠤᠨ ᠤ ᠬᠠᠷᠠᠭᠠᠨ ᠳᠡᠪᠳᠡᠮᠵᠢᠳᠤ ᠬᠤᠷᠠᠯ ᠢ ᠬᠤᠷᠠᠯᠳᠤᠭᠤᠯᠤᠨ᠂ ᠥᠨᠠᠯᠠᠨ ᠪᠠᠶᠢᠴᠠᠭᠠᠵᠤ ᠭᠠᠷᠭᠠᠬᠰᠠᠨ ᠬᠡᠷᠡᠭ ᠰᠢᠳᠬᠡᠯᠳᠠ ᠶᠢᠨ ᠬᠠᠤᠯᠢ ᠳᠥᠷᠢᠮ ᠠᠴᠠ ᠵᠥᠷᠢᠴᠡᠭᠰᠡᠨ᠂ ᠠᠵᠢᠯ ᠨᠢ ᠳᠥᠷᠢᠮᠵᠢᠬᠦᠨ ᠪᠤᠰᠤ ᠵᠠᠷᠬᠡ ᠠᠰᠠᠭᠤᠳᠡᠯ ᠢ ᠮᠡᠳᠡᠬᠡᠯᠡᠨ᠂ ᠵᠠᠷᠯᠢᠬᠳᠠᠨ ᠵᠠᠰᠠᠨ ᠴᠡᠭᠴᠡᠯᠡᠬᠦᠯᠪᠡ᠃ ᠪᠠᠶᠢᠴᠠᠭᠠᠨ ᠭᠠᠷᠭᠠᠬᠰᠠᠨ ᠳᠥᠷᠢᠮ ᠠᠴᠠ ᠵᠥᠷᠢᠴᠡᠭᠰᠡᠨ ᠭᠤᠷᠪᠡᠨ ᠬᠡᠷᠡᠭ ᠢ ᠬᠠᠤᠯᠢ ᠶᠤᠰᠤᠭᠠᠷ ᠵᠠᠯᠠᠷᠠᠭᠤᠯᠤᠭᠤᠯᠤᠬᠰᠠᠨ ᠪᠥᠬᠡᠳ ᠬᠠᠮᠢᠶ᠎ᠠ ᠪᠥᠬᠦᠢ ᠤᠳᠤᠷᠢᠳᠤᠯᠭ᠎ᠠ ᠪᠠ ᠬᠡᠷᠡᠭ ᠰᠢᠳᠬᠡᠭᠴᠢ ᠠᠴᠠ ᠬᠠᠷᠢᠭᠤᠴᠠᠯᠭ᠎ᠠ ᠨᠡᠬᠡᠮᠵᠢᠯᠡᠵᠠᠢ᠃ ᠥᠯᠢᠬᠡᠷ ᠠᠪᠴᠤ ᠥᠨᠠᠯᠠᠨ ᠵᠢᠱᠢᠬᠦ ᠠᠵᠢᠯ ᠢ ᠰᠤᠩᠭᠠᠭᠠᠨ᠂ ᠬᠥᠬᠡᠬᠤᠳᠠ᠂ ᠪᠤᠭᠤᠳᠤ ᠬᠤᠶᠠᠷ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠪᠠ ᠬᠠᠷᠢᠶᠠᠯᠠᠯ ᠳᠠᠬᠢ 4 ᠬᠤᠪᠢᠶᠠᠷᠢ ᠳᠤᠪᠴᠢᠶ᠎ᠠ ᠶᠢᠨ 444 ᠪᠠᠷᠢᠪᠴᠢᠯᠠᠬᠤ ᠪᠠᠷ ᠮᠡᠳᠡᠬᠦᠯᠥᠭᠰᠡᠨ ᠬᠡᠷᠡᠭ᠂ ᠳᠥᠡᠭᠯᠢᠶᠤᠤ ᠬᠤᠳᠠ ᠶᠢᠨ ᠳᠤᠮᠳᠠᠳᠤ ᠵᠠᠷᠬᠡ ᠶᠢᠨ ᠰᠢᠬᠦᠬᠦ ᠬᠤᠷᠢᠶ᠎ᠠ ᠵᠢᠴᠢ ᠬᠤᠷᠴᠢᠨ ᠵᠠᠬᠦᠨ ᠭᠠᠷᠤᠨ ᠳᠤᠮᠳᠠᠳᠤ ᠬᠤᠰᠢᠭᠤᠨ ᠤ ᠰᠢᠬᠦᠬᠦ ᠬᠤᠷᠢᠶ᠎ᠠ ᠶᠢᠨ 650 ᠢᠷᠬᠡᠨ ᠤ ᠬᠡᠷᠡᠭ ᠤᠨ ᠬᠥᠢᠴᠡᠳᠬᠡᠯᠳᠠ ᠶᠢᠨ ᠬᠡᠷᠡᠭ ᠲᠤ ᠥᠯᠢᠬᠡᠷ ᠠᠪᠴᠤ ᠥᠨᠠᠯᠠᠨ ᠵᠢᠱᠢᠯᠳᠠ ᠬᠢᠵᠤ᠂ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠳᠠ ᠳᠡᠯᠪᠢᠯᠳᠠ ᠬᠥᠴᠤᠨ ᠥᠬᠡᠢ᠂ ᠬᠥᠢᠴᠡᠳ ᠪᠤᠰᠤ ᠠᠰᠠᠭᠤᠳᠡᠯ ᠤᠳ ᠢ ᠬᠥᠠᠵᠡᠬᠡᠢ ᠪᠠᠶᠢᠴᠠᠭᠠᠨ ᠡᠷᠢᠵᠠᠢ᠃ ᠡᠳᠡᠬᠡᠷ ᠠᠵᠢᠯᠯᠠᠭᠠᠨ ᠤ ᠠᠷᠭ᠎ᠠ ᠬᠢᠳᠡᠯ ᠢ ᠬᠤᠷᠢᠶᠠᠩᠭᠤᠢᠢᠯᠠᠭᠠᠳ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠠᠰᠠᠭᠤᠳᠡᠯ ᠢ ᠰᠢᠠᠵᠢᠯᠡᠬᠦ ᠤᠬᠠᠭᠠᠠᠴᠢ ᠪᠠᠷ ᠢᠯᠡᠷᠡᠬᠦᠯᠬᠦ᠂ ᠠᠯᠳᠠᠭ᠎ᠠ ᠶᠢ ᠴᠠᠭ ᠳᠤᠬᠠᠢ ᠳᠤᠨᠢ ᠵᠠᠯᠠᠷᠠᠭᠤᠯᠬᠤ᠂ ᠴᠠᠬ ᠳᠤᠬᠠᠢ ᠳᠤᠨᠢ ᠬᠠᠷᠢᠭᠤᠴᠠᠯᠭ᠎ᠠ ᠨᠡᠬᠡᠮᠵᠢᠯᠡᠬᠦ《ᠨᠢᠬᠡ ᠠᠵᠢᠯᠯᠠᠭ᠎ᠠ᠂ ᠳᠥᠷᠪᠡᠨ ᠳᠤᠬᠳᠠᠴᠠ》 ᠶᠢᠨ ᠠᠵᠢᠯᠯᠠᠬᠤ ᠠᠷᠭ᠎ᠠ ᠬᠢᠳᠡᠯ ᠢ ᠪᠤᠢ ᠪᠤᠯᠭᠠᠵᠤ᠂ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠨᠤᠳᠠᠯᠠᠯ ᠢ ᠤᠯᠵᠤ ᠳᠥᠬᠡᠮᠠᠯᠵᠢᠬᠦᠯᠥᠭᠳᠡᠨ᠂ 《ᠬᠠᠤᠯᠢ ᠳᠥᠷᠢᠮ ᠤᠨ ᠡᠳᠤᠷ ᠤᠨ ᠰᠤᠨᠢᠨ》᠂《ᠪᠠᠶᠢᠴᠠᠭᠠᠬᠤ ᠡᠳᠤᠷ ᠤᠨ ᠰᠤᠨᠢᠨ》ᠤ ᠳᠠᠷᠢᠬᠦᠨ ᠨᠢᠭᠤᠷ ᠤᠨ ᠳᠠᠷᠢᠬᠦᠨ ᠵᠤᠷᠪᠤᠰ ᠲᠤ ᠳᠤᠰᠬᠠᠢᠢᠯᠠᠨ ᠮᠡᠳᠡᠬᠡᠯᠡᠭᠳᠡᠵᠠᠢ᠃ ᠠᠰᠠᠭᠤᠳᠡᠯ ᠢᠶᠠᠷ ᠵᠠᠮᠴᠢ ᠪᠤᠯᠭᠠᠬᠤ ᠶᠢ ᠪᠠᠷᠢᠮᠳᠠᠯᠠᠬᠰᠠᠨ ᠤ ᠬᠠᠮᠳᠤ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠠᠵᠢᠯ ᠢᠶᠠᠨ ᠳᠥᠯᠬᠢᠨ ᠠᠬᠢᠭᠤᠯᠵᠤ᠂ ᠰᠢᠨ᠎ᠠ ᠶᠢ ᠡᠬᠦᠳᠤᠨ ᠰᠢᠯᠢᠳᠡᠭ ᠢ ᠳᠡᠮᠡᠴᠡᠨ᠂ 2014 ᠤᠨ ᠳᠤ 24 ᠵᠥᠢᠯ ᠤᠨ ᠰᠢᠨ᠎ᠠ ᠰᠢᠯᠢᠳᠡᠭ ᠳᠥᠷᠤᠯ ᠵᠥᠢᠯ ᠢ ᠰᠤᠩᠭᠤᠨ ᠰᠢᠯᠭᠠᠷᠠᠭᠤᠯᠵᠤ᠂ ᠪᠠᠶᠢᠴᠠᠭᠠᠬᠤ ᠠᠵᠢᠯ ᠢᠶᠠᠨ ᠵᠢᠯᠤᠭᠤᠳᠤᠨ ᠰᠢᠨ᠎ᠠ ᠰᠢᠪᠳᠤᠯᠤᠯᠳᠠ ᠶᠢ ᠪᠡᠶᠡᠯᠡᠬᠦᠯᠵᠠᠢ᠃ 


    ᠬᠠᠤᠯᠢ ᠬᠡᠷᠡᠭᠵᠢᠬᠦᠯᠤᠯᠳᠠ ᠶᠢ ᠳᠥᠷᠢᠮᠵᠢᠬᠦᠯᠬᠦ ᠪᠠᠶᠢᠭᠤᠯᠤᠯᠳᠠ ᠪᠤᠯᠤᠨ ᠪᠠᠶᠢᠴᠠᠭᠠᠬᠤ ᠠᠵᠢᠯ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠶᠢ ᠬᠥᠠᠵᠡᠬᠡᠢ ᠥᠷᠨᠢᠬᠦᠯᠪᠠ᠃ ᠬᠠᠤᠯᠢ ᠬᠡᠷᠡᠭᠵᠢᠬᠦᠯᠤᠨ ᠬᠡᠷᠡᠭ ᠰᠢᠳᠬᠡᠬᠦ ᠪᠠᠷ ᠭᠤᠤᠯᠳᠡᠯᠭ᠎ᠠ ᠪᠤᠯᠭᠠᠨ᠂ ᠰᠢᠨ᠎ᠠ ᠱᠠᠭᠠᠷᠳᠡᠯᠭ᠎ᠠ ᠶᠢ ᠥᠠᠳᠤᠰᠤᠯᠠᠨ ᠳᠥᠷᠢᠮ ᠳᠤᠬᠳᠠᠭᠠᠯ ᠢ《ᠬᠥᠴᠤᠨ ᠥᠬᠡᠢ ᠪᠤᠯᠭᠠᠬᠤ᠂ ᠥᠬᠡᠷᠡᠴᠢᠯᠡᠬᠦ᠂ ᠪᠠᠶᠢᠭᠤᠯᠬᠤ》 ᠶᠢ ᠠᠳᠬᠤᠵᠤ᠂《ᠳᠥᠷᠢᠮᠵᠢᠬᠦᠯᠬᠦ ᠪᠠᠶᠢᠭᠤᠯᠤᠯᠳᠠ ᠶᠢᠨ ᠳᠥᠷᠢᠮ ᠳᠤᠬᠳᠠᠭᠠᠯ ᠤᠨ ᠡᠮᠬᠢᠳᠬᠡᠯ》ᠤᠨ ᠡᠯᠸ᠋ᠺᠲᠷᠤᠨ ᠪᠠᠷᠯᠡᠯ᠂ ᠬᠠᠤᠯᠢ ᠬᠡᠷᠡᠭᠵᠢᠬᠦᠯᠤᠨ ᠬᠡᠷᠡᠭ ᠰᠢᠳᠬᠡᠬᠦ ᠴᠤᠪᠤᠷᠠᠯ ᠤᠨ ᠵᠢᠷᠤᠭ ᠢ ᠨᠠᠶᠢᠷᠠᠭᠤᠯᠤᠨ ᠥᠢᠯᠡᠳᠪᠡ᠂ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ ᠴᠥᠮ ᠰᠥᠯᠵᠢᠶᠠᠨ ᠳᠡᠬᠡᠷ᠎ᠠ ᠬᠡᠷᠡᠭ ᠰᠢᠳᠬᠡᠬᠦ ᠶᠢ ᠪᠡᠶᠡᠯᠡᠬᠦᠯᠵᠤ᠂ ᠨᠢᠬᠡᠳᠤᠯᠳᠡᠢ ᠰᠥᠯᠵᠢᠶᠠᠨ ᠳᠡᠬᠡᠷ᠎ᠠ ᠬᠡᠷᠡᠭ ᠬᠠᠮᠢᠶᠠᠷᠬᠤ ᠰᠢᠰᠲᠸ᠋ᠮ ᠢ ᠠᠰᠢᠬᠯᠠᠨ᠂ ᠬᠡᠷᠡᠭ ᠤᠨ ᠴᠤᠪᠤᠷᠠᠯ ᠢ ᠡᠵᠡᠮᠳᠡᠬᠦ ᠪᠠ ᠴᠢᠨᠠᠷ ᠴᠢᠠᠰᠠᠭᠠᠨ ᠤ ᠬᠠᠮᠢᠶᠠᠷᠤᠯᠳᠠ ᠶᠢ ᠥᠷᠨᠢᠬᠦᠯᠵᠤ᠂ ᠪᠠᠶᠢᠴᠠᠭᠠᠬᠤ ᠳᠤᠬᠠᠢᠢᠯᠠᠬᠰᠠᠨ ᠠᠵᠢᠯ ᠤᠨ ᠳᠥᠷᠢᠮᠵᠢᠬᠦᠨ ᠥᠠᠳᠤᠷ ᠥᠷ᠎ᠠ ᠪᠥᠳᠤᠮᠵᠢᠳᠡᠢ ᠶᠠᠪᠤᠬᠳᠠᠬᠤ ᠶᠢ ᠪᠠᠳᠤᠯᠠᠬᠰᠠᠨ ᠪᠠᠶᠢᠨ᠎ᠠ᠃ ᠡᠯᠸ᠋ᠺᠲᠷᠤᠨ ᠪᠠᠶᠢᠴᠠᠭᠠᠬᠤ ᠶᠠᠪᠤᠳᠡᠯ ᠤᠨ ᠢᠠᠵᠸ᠋ᠨ᠋ᠸ᠋ᠷᠢᠩ ᠢ ᠶᠡᠬᠡᠪᠡᠷ ᠬᠡᠷᠡᠭᠵᠢᠬᠦᠯᠵᠤ᠂ ᠰᠥᠯᠵᠢᠶᠠᠨ ᠳᠡᠬᠡᠷ᠎ᠠ ᠠᠵᠢᠯᠯᠠᠨ᠂ ᠰᠥᠯᠵᠢᠶᠠᠨ ᠳᠡᠬᠡᠷ᠎ᠠ ᠡᠩᠨᠡᠭᠡ ᠪᠠ ᠬᠤᠷᠢᠶᠠᠨ ᠤ ᠶᠠᠪᠤᠳᠡᠯ ᠤᠨ ᠰᠥᠯᠵᠢᠶᠠᠨ ᠬᠠᠮᠢᠶᠠᠷᠤᠯᠳᠠ ᠶᠢ ᠠᠬᠢᠭᠤᠯᠪᠠ᠃ ᠪᠥᠬᠦ ᠤᠷᠤᠨ ᠤ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ ᠴᠥᠮ ᠪᠠᠶᠢᠭᠤᠯᠭ᠎ᠠ ᠶᠢᠨ ᠬᠠᠶ᠋ᠢᠬᠯᠠᠬᠰᠠᠨ ᠰᠥᠯᠵᠢᠶ᠎ᠠ ᠪᠠᠶᠢᠭᠤᠯᠵᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠪᠠᠷ ᠭᠤᠤᠯᠯᠠᠭᠤᠯᠤᠬᠰᠠᠨ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠬᠠᠶ᠋ᠢᠬᠯᠠᠬᠰᠠᠨ ᠰᠥᠯᠵᠢᠶᠠᠨ ᠤ ᠴᠤᠬᠯᠠᠷᠠᠯ ᠢ ᠪᠤᠢ ᠪᠤᠯᠭᠠᠵᠤ᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠳᠡᠷᠢᠬᠦᠨ ᠤ ᠡᠩᠨᠡᠬᠡᠨ ᠳᠤ ᠤᠷᠤᠬᠰᠠᠨ ᠪᠠᠶᠢᠨ᠎ᠠ᠃     ᠳᠤᠯᠤᠭ᠎ᠠ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠤᠨ ᠳᠥᠯᠤᠬᠡᠯᠡᠭᠴᠢᠳ ᠶᠢᠨ ᠶᠡᠭᠡ ᠬᠤᠷᠠᠯ᠂ ᠤᠯᠤᠰ ᠳᠥᠷᠤ ᠶᠢᠨ ᠵᠥᠪᠯᠡᠯᠬᠡᠨ ᠤ ᠬᠢᠨᠠᠯᠳᠠ ᠶᠢ ᠤᠬᠠᠮᠰᠠᠷ ᠠᠴᠠ ᠪᠠᠨ ᠬᠥᠯᠢᠶᠠᠪᠡ  


    ᠪᠢᠳᠠ ᠨᠠᠮ ᠤᠨ ᠤᠳᠤᠷᠢᠳᠤᠯᠭ᠎ᠠ ᠶᠢ ᠢᠮᠠᠬᠳᠠ ᠪᠠᠷᠢᠮᠳᠠᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠ ᠪᠠᠶᠢᠴᠠᠭᠠᠬᠤ ᠡᠷᠬᠡ ᠶᠢ ᠪᠡᠶ᠎ᠠ ᠪᠠᠨ ᠳᠠᠭᠠᠭᠠᠵᠤ ᠬᠡᠷᠡᠭᠯᠡᠬᠦ ᠶᠢᠨ ᠬᠠᠷᠢᠴᠠᠭ᠎ᠠ ᠶᠢ ᠵᠥᠪ ᠢᠶᠠᠷ ᠰᠢᠢᠳᠪᠤᠷᠢᠯᠡᠨ᠂ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠳᠤ ᠳᠤᠮᠤ ᠴᠢᠬᠤᠯᠠ ᠬᠡᠷᠡᠭ ᠶᠠᠪᠤᠳᠡᠯ ᠢ ᠮᠡᠳᠡᠬᠦᠯᠬᠦ ᠳᠥᠷᠢᠮ ᠢ ᠳᠡᠬᠦᠯᠳᠡᠷᠵᠢᠬᠦᠯᠵᠤ᠂ ᠴᠢᠬᠤᠯᠠ ᠠᠵᠢᠯ ᠤᠨ ᠪᠠᠶᠢᠷᠢᠯᠠᠭᠤᠯᠤᠯᠳᠠ᠂ ᠴᠢᠬᠤᠯᠠ ᠠᠵᠢᠯ ᠤᠨ ᠪᠠᠶᠢᠳᠡᠯ᠂ ᠬᠥᠠᠳᠤ ᠴᠢᠬᠤᠯᠠ ᠬᠡᠷᠡᠭ ᠢ ᠴᠠᠭ ᠳᠠᠷᠤᠢ ᠳᠤᠨᠢ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠳᠤ ᠮᠡᠳᠡᠬᠦᠯᠬᠦ ᠶᠢ ᠪᠠᠷᠢᠮᠳᠠᠯᠠᠭᠠᠳ᠂ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠶᠢᠨ ᠤᠳᠤᠷᠢᠳᠤᠯᠭ᠎ᠠ ᠠᠴᠠ 17 ᠤᠳᠠᠭ᠎ᠠ ᠴᠢᠬᠤᠯᠠ ᠴᠤᠬᠤᠯᠠᠪᠤᠷᠢ ᠪᠠ ᠵᠢᠭᠠᠪᠤᠷᠢ ᠥᠭᠴᠤ᠂ ᠪᠥᠬᠦ ᠤᠷᠤᠨ ᠤ ᠪᠠᠶᠢᠴᠠᠭᠠᠬᠤ ᠠᠵᠢᠯ ᠤᠨ ᠤᠯᠤᠰ ᠳᠥᠷᠤ ᠶᠢᠨ ᠵᠥᠪ ᠴᠢᠭᠯᠡᠯ ᠢ ᠪᠠᠳᠤᠯᠠᠬᠰᠠᠨ ᠪᠠᠶᠢᠨ᠎ᠠ᠃ 


    ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠡᠭᠭᠤ ᠶᠢᠨ ᠬᠤᠷᠢᠶᠠᠨ ᠤ ᠬᠢᠨᠠᠯᠳᠠ ᠪᠤᠯᠤᠨ ᠤᠯᠤᠰ ᠳᠥᠷᠤ ᠶᠢᠨ ᠵᠥᠪᠯᠡᠯᠬᠡᠨ ᠤ ᠠᠷᠠᠳᠴᠢᠯᠠᠯᠳᠤ ᠬᠢᠨᠠᠯᠳᠠ ᠶᠢ ᠤᠬᠠᠮᠰᠠᠷ ᠠᠴᠠ ᠪᠠᠨ ᠬᠥᠯᠢᠶᠡᠪᠡ᠃ ᠳᠤᠰᠬᠠᠢ ᠬᠤᠷᠠᠯ ᠬᠢᠵᠤ《ᠬᠤᠶᠠᠷ ᠬᠤᠷᠠᠯ》ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠶᠢ ᠳᠥᠯᠬᠢᠨ ᠠᠬᠢᠭᠤᠯᠪᠠ︔ ᠳᠥᠯᠤᠬᠡᠯᠡᠭᠴᠢᠳ ᠤᠨ ᠰᠠᠨᠠᠭᠤᠯᠭ᠎ᠠ᠂ ᠤᠯᠤᠰ ᠳᠥᠷᠤ ᠶᠢᠨ ᠵᠥᠪᠯᠡᠯᠬᠡᠨ ᠤ ᠳᠤᠷᠠᠳᠤᠯᠭ᠎ᠠ ᠪᠤᠯᠤᠨ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ᠂ ᠤᠯᠤᠰ ᠳᠥᠷᠤ ᠶᠢᠨ ᠵᠥᠪᠯᠠᠯᠬᠡᠨ ᠠᠴᠠ ᠳᠤᠰᠢᠶᠠᠨ ᠰᠢᠳᠬᠡᠬᠦᠯᠥᠭᠰᠡᠨ ᠪᠠ ᠰᠢᠯᠵᠢᠬᠦᠯᠤᠨ ᠰᠢᠳᠬᠡᠬᠦᠯᠥᠭᠰᠡᠨ ᠬᠡᠷᠡᠭ ᠨᠦᠭᠦᠳ ᠢ ᠨᠠᠷᠢᠨ ᠬᠢᠨᠠᠮᠠᠭᠠᠢ ᠰᠢᠢᠳᠪᠤᠷᠢᠯᠡᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠠᠰᠠᠪᠤᠷᠢ ᠤᠷᠤᠭᠤᠯᠤᠬᠰᠠᠨ ᠤ ᠳᠠᠷᠠᠭᠠᠬᠢ ᠡᠷᠡᠬᠦᠤ ᠶᠢᠨ ᠵᠠᠷᠭᠤ ᠶᠢᠨ ᠬᠠᠤᠯᠢ ᠶᠢ ᠳᠤᠤᠱᠯᠠᠭᠤᠯᠤᠨ ᠬᠡᠷᠡᠭᠵᠢᠬᠦᠯᠥᠭᠰᠡᠨ ᠪᠠᠶᠢᠳᠡᠯ ᠢᠶᠠᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠡᠨ ᠭᠤᠷᠪᠠᠳᠤᠭᠠᠷ ᠬᠤᠷᠠᠯᠳᠤᠭᠠᠨ ᠳᠤ ᠮᠡᠳᠡᠬᠦᠯᠥᠭᠰᠡᠨ ᠢᠶᠠᠷ ᠥᠯᠤ ᠪᠠᠷᠠᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠳᠤᠤᠱᠯᠠᠭᠤᠯᠵᠠᠢ᠃ ᠳᠥᠯᠤᠬᠡᠯᠡᠭᠴᠢᠳ ᠪᠤᠯᠤᠨ ᠬᠡᠰᠢᠬᠦᠳ ᠯᠦᠭᠡ ᠶᠢᠨ ᠪᠠᠶᠢᠡᠭᠭᠤ ᠶᠢᠨ ᠴᠢᠨᠠᠷᠳᠡᠢ ᠬᠤᠯᠪᠤᠭ᠎ᠠ ᠪᠠᠨ ᠴᠢᠩᠭᠠᠳᠬᠠᠵᠤ᠂ ᠳᠥᠯᠤᠬᠡᠯᠡᠭᠴᠢᠳ ᠪᠤᠯᠤᠨ ᠬᠡᠰᠢᠬᠦᠳ ᠢ ᠤᠷᠢᠵᠤ ᠪᠠᠶᠢᠴᠠᠭᠠᠨ ᠥᠵᠡᠬᠦᠯᠬᠦ᠂ ᠰᠤᠳᠤᠯᠭ᠎ᠠ ᠬᠢᠬᠦ᠂ ᠶᠠᠷᠢᠯᠴᠠᠯᠭ᠎ᠠ ᠬᠢᠬᠦ ᠪᠤᠶᠤ ᠤᠴᠢᠵᠤ ᠶᠠᠷᠢᠯᠴᠠᠵᠤ᠂《ᠪᠠᠶᠢᠴᠠᠭᠠᠬᠤ ᠨᠡᠬᠡᠬᠡᠯᠳᠠᠳᠤ ᠡᠳᠤᠷ》ᠤᠨ ᠠᠵᠢᠯᠯᠠᠭ᠎ᠠ ᠶᠢ ᠡᠷᠬᠢᠯᠡᠬᠦ ᠪᠠᠷ ᠳᠡᠮᠵᠢᠨ᠂ ᠳᠥᠯᠤᠬᠡᠯᠡᠭᠴᠢᠳ ᠬᠡᠰᠢᠬᠦᠳ ᠢ ᠤᠷᠢᠵᠤ ᠪᠠᠶᠢᠴᠠᠭᠠᠬᠤ ᠪᠠᠶᠢᠭᠤᠯᠭ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠤᠷᠤᠯᠴᠠᠬᠤ ᠵᠠᠷᠬᠡ ᠤᠯᠠᠨ ᠵᠥᠢᠯ ᠤᠨ ᠠᠷᠭ᠎ᠠ ᠬᠡᠯᠪᠡᠷᠢ ᠪᠠᠷ ᠰᠠᠨᠠᠯ ᠢ ᠨᠢ ᠥᠷᠬᠡᠨ ᠢᠶᠠᠷ ᠰᠤᠨᠤᠰᠴᠠᠢ᠃ ᠠᠷᠠᠳ ᠤᠨ ᠬᠢᠨᠠᠯᠳᠠ ᠳᠡᠯᠪᠢᠬᠴᠢ᠂ ᠤᠠᠴᠠ ᠤᠷᠢᠬᠰᠠᠨ ᠪᠠᠶᠢᠴᠠᠭᠠᠬᠴᠢ ᠨᠠᠷ ᠤᠨ ᠪᠠᠶᠢᠴᠠᠭᠠᠬᠤ ᠰᠢᠢᠳᠪᠤᠷᠢᠳᠤ ᠪᠤᠳᠤᠯᠭ᠎ᠠ ᠭᠠᠷᠭᠠᠬᠤ ᠳᠤ ᠤᠷᠤᠯᠴᠠᠬᠤ᠂ ᠬᠠᠤᠯᠢ ᠬᠡᠷᠡᠭᠵᠢᠬᠦᠯᠤᠨ ᠬᠡᠷᠡᠭ ᠰᠢᠳᠬᠡᠬᠦ ᠳᠤ ᠬᠢᠨᠠᠯᠳᠠ ᠳᠡᠯᠪᠢᠬᠤ ᠵᠠᠷᠬᠡ ᠥᠢᠯᠠᠳᠤᠯ ᠢ ᠨᠢ ᠬᠥᠢᠴᠡᠳ ᠪᠠᠳᠠᠷᠠᠭᠤᠯᠵᠠᠢ᠃ ᠪᠠᠶᠢᠴᠠᠭᠠᠬᠤ ᠠᠵᠢᠯ ᠳᠤ ᠬᠤᠯᠪᠤᠬᠳᠠᠬᠤ ᠶᠠᠷᠢᠶ᠎ᠠ ᠬᠡᠯᠡᠯᠴᠡᠭᠡ ᠶᠢ ᠴᠤᠬᠯᠠᠭᠤᠯᠬᠤ᠂ ᠰᠤᠳᠤᠯᠤᠨ ᠮᠠᠭᠠᠳᠯᠠᠬᠤ ᠪᠤᠯᠤᠨ ᠠᠷᠭᠠᠴᠠᠬᠤ ᠠᠵᠢᠯ ᠢ ᠳᠡᠬᠡᠳᠤ ᠬᠡᠮᠵᠢᠶ᠎ᠠ ᠪᠠᠷ ᠴᠢᠬᠤᠯᠠᠴᠢᠯᠠᠨ ᠥᠵᠡᠵᠤ᠂ ᠨᠠᠶᠢᠬᠡᠮ ᠨᠠᠶᠢᠳᠠ ᠶᠢᠨ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠠᠢ᠃ 


    ᠨᠢᠬᠡ ᠵᠢᠯ ᠤᠨ ᠳᠤᠷᠰᠢ᠂ ᠪᠠᠶᠢᠴᠠᠭᠠᠬᠤ ᠠᠵᠢᠯ ᠤᠨ ᠤᠯᠤᠬᠰᠠᠨ ᠠᠮᠵᠢᠯᠳᠠ ᠪᠤᠯ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ᠂ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠡᠭᠭᠤ ᠶᠢᠨ ᠬᠤᠷᠢᠶᠠᠨ ᠤ ᠬᠥᠴᠤᠳᠡᠢ ᠬᠢᠨᠠᠯᠳᠠ᠂ ᠥᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ᠂ ᠤᠯᠤᠰ ᠳᠥᠷᠤ ᠶᠢᠨ ᠵᠥᠪᠯᠡᠯᠬᠡᠨ ᠤ ᠳᠡᠬᠡᠳᠤ ᠬᠡᠮᠵᠢᠶᠠᠨ ᠤ ᠬᠥᠠᠳᠤᠳᠬᠡᠯ ᠢ ᠤᠯᠵᠤ᠂ ᠡᠯ᠎ᠠ ᠠᠶᠢᠮᠠᠭ ᠬᠤᠳᠠ ᠬᠤᠰᠢᠭᠤ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠳᠥᠷᠤ ᠶᠢᠨ ᠵᠥᠪᠯᠡᠯᠬᠡᠨ ᠤ ᠬᠥᠴᠤᠳᠡᠢ ᠳᠡᠮᠵᠢᠯᠬᠡ ᠶᠢ ᠤᠯᠵᠤ᠂ ᠡᠯ᠎ᠠ ᠤᠯᠤᠰ ᠳᠥᠷᠤ ᠬᠠᠤᠯᠢ ᠴᠠᠭᠠᠵᠠ ᠶᠢᠨ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠤᠨ ᠬᠥᠴᠤᠳᠡᠢ ᠬᠠᠮᠵᠢᠯᠴᠠᠭ᠎ᠠ ᠶᠢ ᠤᠯᠵᠤ᠂ ᠥᠪᠡᠷᠳᠡᠬᠡᠨ ᠵᠠᠰᠠᠬᠤ ᠤᠷᠤᠨ ᠪᠠ ᠡᠯ᠎ᠠ ᠱᠠᠳᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠳᠥᠯᠤᠬᠡᠯᠡᠭᠴᠢ᠂ ᠤᠯᠤᠰ ᠳᠥᠷᠤ ᠶᠢᠨ ᠵᠥᠪᠯᠡᠯᠬᠡᠨ ᠤ ᠬᠡᠰᠢᠬᠦᠨ ᠪᠤᠯᠤᠨ ᠨᠠᠶᠢᠬᠡᠮ ᠤᠨ ᠡᠯ᠎ᠠ ᠡᠳᠡᠬᠡᠳ ᠤᠨ ᠬᠢᠨ ᠤ ᠬᠥᠴᠤᠳᠡᠢ ᠬᠠᠪᠰᠤᠷᠤᠯᠭ᠎ᠠ ᠶᠢ ᠤᠯᠤᠬᠰᠠᠨ ᠳᠤ ᠤᠷᠤᠰᠢᠨ᠎ᠠ᠂ ᠡᠬᠦᠨ ᠳᠤ᠂ ᠪᠢ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠡᠮᠤᠨ᠎ᠠ ᠠᠴᠠ ᠴᠢᠩ ᠰᠡᠳᠬᠢᠯ ᠤᠨ ᠳᠠᠯᠠᠷᠬᠠᠯ ᠢᠶᠠᠨ ᠢᠯᠡᠷᠬᠡᠶᠢᠯᠡᠵᠤ᠂ ᠡᠷᠬᠢᠮ ᠳᠡᠬᠡᠳᠤ ᠬᠥᠠᠳᠤᠳᠬᠡᠯ ᠢᠶᠠᠨ ᠳᠡᠪᠰᠢᠬᠦᠯᠵᠤ ᠪᠠᠶᠢᠨ᠎ᠠ︕    


    ᠪᠠᠶᠢᠴᠠᠭᠠᠬᠤ ᠠᠵᠢᠯ ᠨᠢ ᠨᠠᠮ ᠪᠠ ᠠᠷᠠᠳ ᠳᠥᠮᠠᠨ ᠤ ᠱᠠᠭᠠᠷᠳᠡᠯᠭ᠎ᠠ ᠲᠠᠢ ᠪᠠᠰᠠ ᠨᠠᠯᠢᠶᠡᠳ ᠶᠡᠭᠡ ᠵᠥᠷᠢᠶ᠎ᠠ ᠲᠠᠢ ᠪᠠᠶᠢᠬᠤ ᠪᠠᠨ ᠪᠢᠳᠠ ᠰᠠᠷᠬᠡᠭ ᠢᠶᠠᠷ ᠤᠯᠵᠤ ᠬᠠᠷᠠᠬᠰᠠᠨ ᠪᠠᠶᠢᠨ᠎ᠠ᠃ ᠪᠥᠬᠦ ᠳᠡᠯ᠎ᠠ ᠳᠤ ᠥᠢᠯᠡᠴᠢᠯᠡᠬᠦ᠂ ᠠᠷᠠᠳ ᠤᠨ ᠠᠮᠢᠳᠤᠷᠠᠯ ᠢ ᠪᠠᠳᠤᠯᠠᠬᠤ ᠴᠢᠳᠠᠪᠤᠷᠢ ᠪᠠ ᠬᠢᠷᠢ ᠬᠡᠮᠵᠢᠶ᠎ᠠ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠬᠦ ᠴᠢᠬᠤᠯᠠ ᠲᠠᠢ ᠪᠠᠶᠢᠬᠰᠠᠭᠠᠷ᠂ ᠬᠠᠤᠯᠢ ᠶᠢ ᠵᠠᠪᠠᠯ ᠴᠢᠩᠭ᠎ᠠ ᠵᠢᠷᠤᠮᠯᠠᠬᠤ ᠬᠡᠷᠡᠭ ᠰᠢᠳᠬᠡᠬᠦ ᠱᠠᠭᠠᠷᠳᠡᠯᠭ᠎ᠠ ᠶᠢ ᠰᠢᠳᠬᠡᠭᠰᠡᠨ ᠬᠡᠷᠡᠭ ᠪᠤᠯᠭᠠᠨ ᠳᠠᠭᠠᠨ ᠨᠠᠶᠢᠳᠠᠪᠤᠷᠢᠵᠢᠭᠤᠯᠤᠭᠠᠳᠤᠢ ᠪᠠᠶᠢᠬᠰᠠᠭᠠᠷ︔ ᠳᠤᠮᠤ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠳᠬᠡᠬᠦ ᠢᠳᠡᠬᠡᠯ ᠵᠤᠷᠢᠭ᠂ ᠬᠡᠷᠡᠭ ᠢ ᠵᠤᠷᠢᠬᠳᠡᠢ ᠰᠢᠳᠬᠡᠬᠦ ᠴᠢᠳᠠᠮᠠᠭᠠᠢ ᠰᠢᠳᠬᠡᠬᠦ ᠤᠶᠤᠨ ᠴᠢᠳᠠᠪᠤᠷᠢ ᠪᠠᠨ ᠳᠡᠬᠡᠭᠰᠢᠯᠡᠬᠦᠯᠬᠦ ᠴᠢᠬᠤᠯᠠ ᠲᠠᠢ ᠪᠠᠶᠢᠬᠰᠠᠭᠠᠷ︔ ᠵᠤᠷᠢᠬᠳᠠᠢ ᠬᠢᠨᠠᠯᠳᠠ ᠳᠡᠯᠪᠢᠬᠤ ᠥᠬᠡᠢ᠂ ᠴᠢᠳᠠᠮᠠᠭᠠᠢ ᠬᠢᠨᠠᠯᠳᠠ ᠳᠡᠯᠪᠢᠬᠤ ᠥᠬᠡᠢ ᠵᠢᠴᠢ ᠬᠥᠢᠴᠡᠳ ᠬᠢᠨᠠᠯᠳᠠ ᠳᠡᠯᠪᠢᠬᠤ ᠥᠬᠡᠢ ᠠᠰᠠᠭᠤᠳᠡᠯ ᠤᠳ ᠮᠥᠠᠬᠦ ᠤᠷᠤᠰᠢᠬᠰᠠᠭᠠᠷ︔ ᠪᠠᠶᠢᠴᠠᠭᠠᠬᠤ ᠪᠠᠶᠢᠭᠤᠯᠭ᠎ᠠ ᠶᠢᠨ ᠳᠤᠳᠤᠭᠠᠳᠠᠬᠢ ᠬᠠᠤᠯᠢ ᠬᠡᠷᠡᠭᠵᠢᠬᠦᠯᠤᠯᠳᠠ ᠳᠥᠷᠢᠮᠵᠢᠬᠦᠨ ᠪᠤᠰᠤ᠂ ᠬᠠᠮᠢᠶᠠᠷᠤᠯᠳᠠ ᠴᠢᠩᠭ᠎ᠠ ᠪᠤᠰᠤ ᠵᠠᠷᠬᠡ ᠠᠰᠠᠭᠤᠳᠡᠯ ᠤᠳ ᠮᠥᠠᠬᠦ ᠨᠠᠯᠢᠶᠡᠳ ᠳᠤᠪᠤᠶᠢᠮ᠎ᠠ ᠤᠷᠤᠰᠢᠬᠰᠠᠭᠠᠷ︔ ᠬᠠᠤᠯᠢ ᠪᠠᠷ ᠤᠯᠤᠰ ᠢᠶᠠᠨ ᠵᠠᠰᠠᠬᠤ ᠰᠢᠨ᠎ᠠ ᠱᠠᠭᠠᠷᠳᠡᠯᠭ᠎ᠠ ᠪᠠ ᠨᠡᠬᠡᠬᠡᠯᠳᠠᠳᠡᠢ ᠢᠯᠡ ᠳᠤᠳᠤᠷᠬᠠᠢ ᠬᠠᠤᠯᠢ ᠬᠡᠷᠡᠭᠵᠢᠬᠦᠯᠬᠦ ᠬᠠᠤᠯᠢ ᠴᠠᠭᠠᠵᠠ ᠶᠢᠨ ᠤᠷᠴᠢᠨ ᠳᠤᠭᠤᠷᠢᠨ ᠳᠤ ᠨᠢᠭᠤᠷᠯᠠᠨ᠂ ᠪᠠᠶᠢᠴᠠᠭᠠᠬᠤ ᠠᠵᠢᠯᠳᠠᠨ ᠤ ᠬᠠᠤᠯᠢ ᠶᠠᠪᠤᠭᠤᠯᠬᠤ ᠤᠨᠤᠯᠵᠢᠬᠤᠨ᠂ ᠬᠠᠤᠯᠢ ᠴᠠᠭᠠᠵᠠ ᠶᠢᠨ ᠬᠡᠪ ᠪᠤᠯᠪᠠᠰᠤᠷᠠᠯ᠂ ᠬᠡᠷᠡᠭ ᠰᠢᠳᠬᠡᠬᠦ ᠴᠢᠳᠠᠪᠤᠷᠢ ᠪᠠᠰᠠ ᠳᠤᠬᠢᠷᠠᠬᠤ ᠥᠬᠡᠢ ᠪᠠᠶᠢᠬᠰᠠᠭᠠᠷ︔ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠮᠥᠠᠬᠦ ᠭᠠᠷᠴᠤ᠂《ᠡᠬᠡᠯ ᠶᠠᠷᠤᠮᠳᠡᠭ᠂ ᠠᠯᠵᠠᠭᠤ ᠵᠠᠯᠬᠠᠭᠤ᠂ ᠰᠤᠯᠠ ᠵᠠᠳᠠᠭᠠᠢ᠂ ᠪᠥᠳᠤᠬᠦᠯᠢᠭ᠂ ᠬᠤᠶᠢᠷᠭᠤ᠂ ᠬᠥᠪᠪᠤᠮᠠᠯ》ᠥᠵᠡᠭᠳᠡᠯ ᠪᠠᠰᠠ ᠨᠠᠯᠢᠶᠡᠳ ᠳᠥᠬᠡᠮᠠᠯ ᠤᠷᠤᠰᠢᠵᠤ᠂ ᠤᠪᠤᠷ ᠰᠤᠷᠳᠡᠯ ᠤᠨ ᠪᠠᠶᠢᠭᠤᠯᠤᠯᠳᠠ ᠶᠢ ᠮᠥᠠᠬᠦ ᠴᠢᠩᠭᠠᠳᠬᠠᠬᠤ ᠴᠢᠬᠤᠯᠠ ᠲᠠᠢ ᠪᠠᠶᠢᠬᠰᠠᠭᠠᠷ᠃ ᠪᠢᠳᠠ ᠠᠰᠠᠭᠤᠳᠡᠯ ᠢᠶᠠᠷ ᠵᠠᠮᠴᠢ ᠪᠤᠯᠭᠠᠬᠤ ᠶᠢ ᠪᠠᠷᠢᠮᠳᠠᠯᠠᠵᠤ᠂ ᠡᠳᠡᠬᠡᠷ ᠠᠰᠠᠭᠤᠳᠡᠯ ᠢ ᠥᠷᠬᠦᠯᠵᠢᠯᠠᠨ ᠬᠥᠴᠤ ᠳᠡᠯᠪᠢᠨ ᠰᠢᠢᠳᠪᠤᠷᠢᠯᠡᠨ᠎ᠠ᠃ 


    2015 ᠤᠨ ᠪᠤᠯ ᠥᠬᠡᠷᠡᠴᠢᠯᠡᠯᠳᠠ ᠶᠢ ᠪᠥᠬᠦ ᠳᠡᠯ᠎ᠠ ᠪᠠᠷ ᠬᠥᠠᠵᠠᠬᠡᠶᠢᠷᠡᠬᠦᠯᠬᠦ ᠶᠢᠨ ᠵᠠᠩᠬᠢᠯᠠᠭ᠎ᠠ ᠶᠢᠨ ᠵᠢᠯ ᠪᠤᠯᠬᠤ ᠪᠠᠷ ᠪᠠᠷᠠᠬᠤ ᠥᠬᠡᠢ ᠪᠠᠰᠠ ᠬᠠᠤᠯᠢ ᠶᠤᠰᠤᠭᠠᠷ ᠤᠷᠤᠨ ᠢᠶᠠᠨ ᠵᠠᠰᠠᠬᠤ ᠶᠢ ᠪᠥᠬᠦ ᠳᠡᠯ᠎ᠠ ᠪᠠᠷ ᠠᠬᠢᠭᠤᠯᠬᠤ ᠡᠬᠢᠯᠠᠯᠳᠠ ᠶᠢᠨ ᠵᠢᠯ ᠪᠤᠯᠤᠨ᠎ᠠ᠃ ᠪᠠᠶᠢᠴᠠᠭᠠᠬᠤ ᠪᠠᠶᠢᠭᠤᠯᠭ᠎ᠠ ᠨᠤᠭᠤᠳ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ᠂ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠤᠬᠡᠷ ᠪᠥᠬᠦᠳᠠ ᠬᠤᠷᠠᠯᠳᠤᠭᠠᠨ ᠪᠤᠯᠤᠨ ᠰᠢ ᠶᠢᠨ ᠫᠢᠡᠭ ᠶᠠᠷᠤᠩᠬᠡᠢ ᠱᠥᠵᠢ ᠶᠢᠨ ᠰᠢᠷᠢᠰ ᠴᠢᠬᠤᠯᠠ ᠶᠠᠷᠢᠶ᠎ᠠ᠂ ᠥᠪᠤᠷ ᠮᠤᠩᠭᠤᠯ ᠢ ᠪᠠᠶᠢᠴᠠᠭᠠᠨ ᠥᠵᠡᠬᠦ ᠥᠶ᠎ᠠ ᠶᠢᠨ ᠴᠢᠬᠤᠯᠠ ᠶᠠᠷᠢᠶ᠎ᠠ᠂ ᠤᠯᠤᠰ ᠳᠥᠷᠤ ᠬᠠᠤᠯᠢ ᠴᠠᠭᠠᠵᠠ ᠶᠢᠨ ᠠᠵᠢᠯ ᠳᠠᠬᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠥᠬᠦ ᠳᠡᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠬᠡᠯᠢᠭ ᠨᠠᠶᠢᠬᠡᠮ ᠢ ᠪᠥᠬᠦ ᠳᠡᠯ᠎ᠠ ᠪᠠᠷ ᠪᠠᠶᠢᠭᠤᠯᠵᠤ᠂ ᠥᠬᠡᠷᠡᠴᠢᠯᠠᠯᠳᠠ ᠶᠢ ᠪᠥᠬᠦ ᠳᠡᠯ᠎ᠠ ᠪᠠᠷ ᠬᠥᠡᠵᠡᠬᠡᠶᠢᠷᠡᠬᠦᠯᠬᠦ᠂ ᠬᠠᠤᠯᠢ ᠶᠤᠰᠤᠭᠠᠷ ᠤᠷᠤᠨ ᠢᠶᠠᠨ ᠵᠠᠰᠠᠬᠤ ᠶᠢ ᠪᠥᠬᠦ ᠳᠡᠯ᠎ᠠ ᠪᠠᠷ ᠠᠬᠢᠭᠤᠯᠬᠤ᠂ ᠨᠠᠮ ᠤᠨ ᠪᠥᠬᠦ ᠳᠡᠯ᠎ᠠ ᠪᠠᠷ ᠴᠢᠩᠭ᠎ᠠ ᠵᠠᠰᠠᠬᠤ ᠱᠠᠭᠠᠷᠳᠡᠯᠭ᠎ᠠ ᠶᠢᠨ ᠶᠤᠰᠤᠭᠠᠷ ᠬᠠᠤᠯᠢ ᠪᠠᠷ ᠵᠠᠰᠠᠬᠤ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠠᠤᠯᠢ ᠴᠠᠭᠠᠵᠠ ᠶᠢᠨ ᠬᠢᠨᠠᠯᠳᠠ ᠪᠠᠨ ᠳᠠᠰᠤᠷᠠᠯᠳᠠ ᠥᠬᠡᠢ ᠴᠢᠩᠭᠠᠳᠬᠠᠵᠤ᠂ ᠳᠤᠰ ᠪᠡᠶ᠎ᠠ ᠶᠢᠨ ᠬᠢᠨᠠᠯᠳᠠ ᠪᠠᠨ ᠴᠢᠩᠭᠠᠷᠠᠭᠤᠯᠤᠨ᠂ ᠰᠢᠯᠭᠠᠷᠠᠵᠤ ᠬᠠᠳᠠᠭᠤᠵᠢᠬᠰᠠᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠡᠩᠬᠡ ᠳᠠᠶᠢᠪᠤᠡᠭ ᠥᠪᠤᠷ ᠮᠤᠩᠭᠤᠯ᠂ ᠬᠠᠤᠯᠢ ᠪᠠᠷ ᠵᠠᠰᠠᠬᠤ ᠥᠪᠤᠷ ᠮᠤᠩᠭᠤᠯ ᠢ ᠪᠠᠶᠢᠭᠤᠯᠬᠤ ᠶᠢ ᠬᠥᠠᠵᠠᠬᠡᠢ ᠠᠬᠢᠭᠤᠯᠵᠤ᠂ ᠪᠠᠶᠢᠴᠠᠭᠠᠬᠤ ᠥᠬᠡᠷᠡᠴᠢᠯᠠᠯᠳᠠ ᠪᠠᠨ ᠬᠥᠠᠵᠡᠬᠡᠶᠢᠷᠡᠬᠦᠯᠵᠤ᠂ ᠬᠠᠤᠯᠢ ᠴᠠᠭᠠᠵᠠ ᠶᠢ ᠳᠥᠷᠢᠮᠵᠢᠬᠦᠨ ᠪᠤᠯᠪᠠᠰᠤᠨ ᠢᠶᠠᠷ ᠬᠡᠷᠡᠭᠵᠢᠬᠦᠯᠬᠦ ᠴᠢᠳᠠᠪᠤᠷᠢ ᠪᠠ ᠬᠢᠷᠢ ᠬᠡᠮᠵᠢᠶ᠎ᠠ ᠪᠠᠨ ᠳᠠᠰᠤᠷᠠᠯᠳᠠ ᠥᠬᠡᠢ ᠳᠡᠬᠡᠭᠰᠢᠯᠡᠬᠦᠯᠵᠤ᠂ ᠠᠵᠤ ᠠᠬᠤᠢ ᠶᠢᠨ ᠡᠷᠡᠬᠦᠯ ᠳᠤᠬᠳᠠᠭᠤᠨ ᠬᠥᠭᠵᠢᠯᠳᠠ᠂ ᠠᠷᠠᠳ ᠤᠨ ᠵᠤᠯ ᠵᠢᠷᠭᠠᠯᠳᠤ ᠠᠮᠢᠳᠤᠷᠠᠯ ᠤᠨ ᠳᠥᠯᠤᠬᠡ ᠬᠥᠴᠤᠳᠡᠢ ᠬᠠᠤᠯᠢ ᠴᠠᠭᠠᠵᠠ ᠶᠢᠨ ᠪᠠᠳᠤᠯᠠᠭ᠎ᠠ ᠬᠠᠨᠭ᠍ᠭᠠᠨ᠎ᠠ᠃ 


    ᠨᠢᠬᠡᠳᠤᠬᠡᠷ ᠲᠤ᠂ ᠨᠠᠮ ᠤᠨ ᠪᠠᠶᠢᠴᠠᠭᠠᠬᠤ ᠠᠵᠢᠯ ᠢ ᠳᠥᠪᠯᠠᠷᠠᠬᠦᠯᠤᠨ ᠨᠢᠬᠡᠳᠤᠯᠳᠡᠢ ᠤᠳᠤᠷᠢᠳᠬᠤ ᠶᠢ ᠪᠠᠷᠢᠮᠳᠠᠯᠠᠨ᠂ ᠨᠠᠮ ᠤᠨ ᠳᠥᠪ ᠬᠤᠷᠢᠶ᠎ᠠ᠂ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠴᠠᠭᠠᠬᠤ ᠠᠵᠢᠯ ᠳᠤ ᠳᠤᠷᠠᠳᠤᠬᠰᠠᠨ ᠰᠢᠨ᠎ᠠ ᠱᠠᠭᠠᠷᠳᠡᠯᠭ᠎ᠠ ᠶᠢ ᠡᠷᠡᠰ ᠳᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠰᠢ ᠶᠢᠨ ᠫᠢᠡᠭ ᠶᠠᠷᠤᠩᠬᠡᠢ ᠱᠥᠵᠢ ᠶᠢᠨ ᠳᠥᠪ ᠬᠤᠷᠢᠶᠠᠨ ᠤ ᠤᠯᠤᠰ ᠳᠥᠷᠤ ᠶᠢᠨ ᠳᠤᠪᠴᠢᠶᠠᠨ ᠤ ᠪᠠᠶᠢᠡᠭᠭᠤ ᠶᠢᠨ ᠬᠡᠰᠢᠬᠦᠳ ᠤᠨ ᠬᠤᠷᠠᠯ ᠳᠤ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠤᠬᠰᠠᠨ ᠤ ᠳᠠᠷᠠᠭᠠᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ᠨᠠᠮ ᠤᠨ ᠬᠤᠷᠢᠶ᠎ᠠ ᠳᠤ ᠪᠠᠶᠢᠴᠠᠭᠠᠬᠤ ᠠᠵᠢᠯ ᠤᠨ ᠴᠢᠬᠤᠯᠠ ᠶᠡᠭᠡ ᠬᠡᠷᠡᠭ ᠤᠴᠢᠷ ᠢᠶᠠᠨ ᠮᠡᠳᠡᠬᠦᠯᠬᠦ ᠳᠥᠷᠢᠮ ᠢ ᠪᠠᠷᠢᠮᠳᠠᠯᠠᠨ ᠳᠡᠬᠦᠯᠳᠠᠷᠵᠢᠬᠦᠯᠵᠤ᠂ ᠡᠯ᠎ᠠ ᠱᠠᠳᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠠᠶᠢᠭᠤᠯᠤᠯᠳᠠ ᠪᠠᠨ ᠥᠨᠠᠨᠬᠦ ᠴᠢᠩᠭᠠᠳᠬᠠᠨ᠂ ᠨᠠᠮ ᠤᠨ ᠠᠵᠢᠯ ᠥᠢᠯᠠᠰ᠂ ᠠᠷᠠᠳ ᠤᠨ ᠠᠰᠢᠭ ᠳᠤᠰᠠ᠂ ᠥᠠᠳᠤᠰᠤᠨ ᠬᠠᠤᠯᠢ ᠶᠢᠨ ᠬᠠᠮᠤᠭ ᠤᠨ ᠡᠷᠬᠢᠮ ᠳᠡᠬᠡᠳᠤ ᠪᠠᠶᠢᠬᠤ ᠶᠢ ᠪᠠᠷᠢᠮᠳᠠᠯᠠᠵᠤ᠂ ᠥᠵᠡᠯ ᠰᠠᠨᠠᠭ᠎ᠠ᠂ ᠤᠯᠤᠰ ᠳᠥᠷᠤ᠂ ᠬᠥᠳᠡᠯᠤᠯ ᠪᠠᠷᠢᠯ ᠤᠨ ᠳᠡᠯ᠎ᠠ ᠪᠠᠷ ᠰᠢ ᠶᠢᠨ ᠫᠢᠡᠭ ᠨᠥᠬᠦᠷ ᠢᠶᠠᠷ ᠶᠠᠷᠤᠩᠬᠡᠢ ᠱᠥᠵᠢ ᠪᠤᠯᠭᠠᠬᠰᠠᠨ ᠨᠠᠮ ᠤᠨ ᠳᠥᠪ ᠬᠤᠷᠢᠶ᠎ᠠ ᠯᠤᠭ᠎ᠠ ᠤᠬᠠᠮᠰᠠᠷ ᠠᠴᠠ ᠪᠠᠨ ᠳᠡᠬᠡᠳᠤ ᠬᠡᠮᠵᠢᠶ᠎ᠠ ᠪᠠᠷ ᠨᠢᠬᠡᠳᠤᠯᠳᠡᠢ ᠪᠠᠶᠢᠬᠤ ᠶᠢ ᠪᠠᠷᠢᠮᠳᠠᠯᠠᠨ᠎ᠠ᠃


    ᠬᠤᠶᠠᠳᠤᠭᠠᠷ ᠲᠤ᠂ ᠠᠵᠤ ᠠᠬᠤᠢ ᠶᠢᠨ ᠬᠥᠭᠵᠢᠯᠳᠠ ᠶᠢᠨ ᠰᠢᠨ᠎ᠠ ᠬᠡᠪ ᠪᠠᠶᠢᠳᠡᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠠᠵᠤ ᠠᠬᠤᠢ ᠨᠠᠶᠢᠬᠡᠮ ᠤᠨ ᠬᠥᠭᠵᠢᠯᠳᠠ ᠶᠢᠨ ᠪᠥᠬᠦ ᠳᠡᠯ᠎ᠠ ᠳᠤ ᠥᠢᠯᠠᠴᠢᠯᠠᠬᠦ ᠬᠢᠷᠢ ᠬᠡᠮᠵᠢᠶ᠎ᠠ ᠪᠠᠨ ᠳᠠᠰᠤᠷᠠᠯᠳᠠ ᠥᠬᠡᠢ ᠳᠡᠬᠡᠭᠰᠢᠯᠡᠬᠦᠯᠤᠨ᠎ᠠ᠃ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠤ ᠠᠬᠤᠢ ᠶᠢᠨ ᠬᠥᠭᠵᠢᠯᠳᠠ ᠶᠢᠨ ᠰᠢᠨ᠎ᠠ ᠬᠡᠪ ᠪᠠᠶᠢᠳᠡᠯ ᠤᠨ ᠳᠤᠬᠠᠢ ᠶᠢᠨ ᠳᠠᠨᠢᠯᠳᠠ᠂ ᠵᠤᠬᠢᠴᠠᠯᠳᠠ᠂ ᠵᠢᠯᠤᠭᠤᠳᠤᠯᠭ᠎ᠠ ᠶᠢᠨ ᠰᠢᠷᠢᠰ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠥᠠᠵᠠᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂《ᠳᠤᠯᠤᠭᠠᠨ ᠳᠤᠭᠤᠷᠢᠭᠤᠯᠬᠤ》ᠳᠤ ᠬᠥᠴᠤᠨ ᠢᠶᠠᠨ ᠳᠥᠪᠯᠠᠷᠠᠬᠦᠯᠵᠤ᠂ ᠨᠠᠶᠢᠬᠡᠮ ᠤᠨ ᠪᠥᠬᠦ ᠳᠡᠯ᠎ᠠ ᠶᠢᠨ ᠳᠤᠬᠳᠠᠭᠤᠨ ᠢ ᠬᠠᠮᠠᠭᠠᠯᠠᠬᠤ᠂ ᠨᠠᠶᠢᠬᠡᠮ ᠤᠨ ᠳᠥᠪ ᠭᠤᠤᠯᠴᠢ ᠰᠢᠳᠤᠷᠭᠤ ᠶᠤᠰᠤ ᠶᠢ ᠳᠥᠯᠬᠢᠨ ᠠᠬᠢᠭᠤᠯᠬᠤ᠂ ᠠᠷᠠᠳ ᠤᠨ ᠠᠮᠤᠷ ᠵᠢᠮᠤᠷ ᠠᠵᠤ ᠳᠥᠷᠤᠬᠦ ᠶᠢ ᠪᠠᠳᠤᠯᠠᠬᠤ ᠠᠷᠢᠭᠤᠨ ᠳᠠᠷᠬᠠᠨ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠥᠢᠴᠡᠳᠬᠡᠨ᠎ᠠ᠃ ᠥᠪᠡᠷᠳᠡᠬᠡᠨ ᠵᠠᠰᠠᠬᠤ ᠤᠷᠤᠨ ᠤ《ᠠᠷᠪᠡ ᠶᠢ ᠪᠥᠷᠬᠦᠬᠦᠯᠬᠦ》ᠵᠠᠷᠬᠡ ᠭᠤᠤᠯᠳᠡᠯᠭ᠎ᠠ ᠲᠠᠢ ᠢᠠᠵᠢᠨ᠋ᠸ᠋ᠷᠢᠩ ᠤᠨ ᠳᠤᠮᠳᠠᠬᠢ ᠳᠤᠰᠢᠶᠠᠯ ᠤᠨ ᠶᠠᠯᠠᠳᠤ ᠬᠡᠷᠡᠭ ᠢ ᠳᠤᠰᠬᠠᠢ ᠪᠠᠶᠢᠴᠠᠭᠠᠨ ᠰᠢᠳᠬᠡᠬᠦ ᠪᠠ ᠤᠷᠢᠳᠴᠢᠯᠠᠨ ᠰᠠᠷᠬᠡᠶᠢᠯᠡᠬᠦ ᠠᠵᠢᠯᠯᠠᠭ᠎ᠠ ᠶᠢ ᠥᠷᠨᠢᠬᠦᠯᠵᠤ᠂ ᠠᠵᠤ ᠠᠬᠤᠢ ᠨᠠᠶᠢᠬᠡᠮ ᠤᠨ ᠬᠥᠭᠵᠢᠯᠳᠠ ᠶᠢ ᠠᠬᠢᠭᠤᠯᠤᠨ᠎ᠠ᠃ 


     ᠭᠤᠷᠪᠠᠳᠤᠭᠠᠷ ᠲᠤ᠂ ᠠᠷᠠᠳ ᠤᠯᠠᠨ ᠤ ᠡᠩᠬᠡ ᠳᠠᠶᠢᠪᠤᠡᠭ ᠱᠠᠭᠠᠷᠳᠡᠯᠭ᠎ᠠ ᠶᠢ ᠳᠠᠭᠠᠯᠳᠤᠨ᠂ ᠡᠩᠬᠡ ᠳᠠᠶᠢᠪᠤᠡᠭ ᠥᠪᠤᠷ ᠮᠤᠩᠭᠤᠯ ᠤᠨ ᠪᠠᠶᠢᠭᠤᠯᠤᠯᠳᠠ ᠶᠢ ᠪᠥᠬᠦ ᠬᠥᠴᠤ ᠪᠠᠷ ᠳᠥᠯᠬᠢᠨ ᠠᠬᠢᠭᠤᠯᠤᠨ᠎ᠠ᠃ ᠰᠥᠷᠳᠡᠬᠦᠯᠤᠯ ᠪᠠ ᠬᠠᠭᠠᠴᠠᠭᠤᠯᠤᠯ ᠢ ᠡᠰᠡᠷᠬᠦᠴᠡᠬᠦ ᠠᠵᠢᠯ ᠢ ᠪᠥᠬᠦ ᠬᠥᠴᠤ ᠪᠠᠷ ᠰᠠᠶᠢᠳᠤᠷ ᠬᠢᠵᠤ᠂ ᠡᠯ᠎ᠠ ᠳᠥᠷᠤᠯ ᠤᠨ ᠬᠥᠠᠳᠤ ᠨᠤᠴᠢᠳᠡᠢ ᠡᠷᠡᠬᠦᠤ ᠶᠢᠨ ᠶᠠᠯ᠎ᠠ ᠬᠢᠭᠰᠡᠳ᠂ ᠤᠯᠠᠭᠤᠯᠠ ᠳᠤ ᠬᠤᠯᠪᠤᠬᠳᠠᠬᠤ ᠠᠵᠤ ᠠᠬᠤᠢ ᠶᠢᠨ ᠶᠠᠯ᠎ᠠ ᠬᠢᠭᠰᠡᠳ ᠲᠤ ᠬᠠᠤᠯᠢ ᠶᠤᠰᠤᠭᠠᠷ ᠴᠢᠩᠭ᠎ᠠ ᠴᠤᠬᠢᠯᠳᠠ ᠥᠭᠴᠤ᠂ ᠤᠷᠴᠢᠨ ᠳᠤᠭᠤᠷᠢᠨ ᠢ ᠡᠪᠳᠡᠭᠰᠡᠨ ᠪᠤᠶᠤ ᠢᠳᠡᠬᠡᠨ ᠤ ᠪᠠ ᠡᠮ ᠤᠨ ᠵᠥᠢᠯ ᠤᠨ ᠠᠶᠤᠯᠬᠦᠢ ᠳᠤ ᠬᠤᠤᠷ ᠬᠥᠨᠤᠬᠡᠯ ᠤᠴᠠᠷᠠᠭᠤᠯᠤᠬᠰᠠᠨ ᠬᠡᠷᠡᠭ ᠲᠤ ᠳᠤᠰᠬᠠᠢ ᠬᠡᠷᠡᠭ ᠪᠤᠯᠭᠠᠨ ᠬᠢᠨᠠᠯᠳᠠ ᠳᠡᠯᠪᠢᠬᠤ ᠶᠢ ᠥᠷᠬᠦᠯᠵᠢᠯᠠᠨ ᠥᠷᠨᠢᠬᠦᠯᠵᠤ᠂ ᠨᠠᠶᠢᠬᠡᠮ ᠨᠠᠶᠢᠳᠠ ᠶᠢᠨ ᠠᠶᠤᠯᠬᠦᠢ ᠶᠢ ᠪᠥᠬᠦ ᠬᠥᠴᠤ ᠪᠠᠷ ᠬᠠᠮᠠᠭᠠᠯᠠᠨ᠎ᠠ᠃ ᠵᠠᠬᠢᠳᠡᠯ ᠰᠤᠷᠪᠤᠯᠵᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠳᠠ ᠶᠢᠨ ᠤᠨ ᠤ ᠠᠵᠢᠯᠯᠠᠭ᠎ᠠ ᠳᠤ ᠢᠳᠡᠪᠬᠢᠳᠡᠢ ᠤᠷᠤᠯᠴᠠᠵᠤ᠂ ᠳᠤᠬᠠᠢ ᠶᠢᠨ ᠬᠥᠮᠤᠨ ᠤ ᠬᠠᠤᠯᠢ ᠪᠠᠷ ᠵᠠᠰᠠᠬᠤ ᠵᠠᠮ ᠱᠤᠭᠤᠮ ᠳᠡᠬᠡᠷ᠎ᠠ ᠵᠠᠷᠭᠤ ᠶᠢᠨ ᠬᠥᠰᠡᠯ ᠱᠠᠭᠠᠷᠳᠡᠯᠭ᠎ᠠ ᠪᠠᠨ ᠢᠯᠡᠳᠬᠡᠬᠦ ᠶᠢ ᠵᠢᠯᠤᠭᠤᠳᠤᠨ ᠳᠡᠮᠵᠢᠬᠦ ᠶᠢᠨ ᠳᠠᠭᠠᠤ ᠵᠢᠭᠤᠷᠠᠯᠳᠤᠭᠠᠨ ᠢ ᠰᠢᠢᠳᠪᠤᠷᠢᠯᠡᠨ᠎ᠠ᠃ ᠰᠥᠯᠵᠢᠶᠠᠨ ᠤ ᠵᠠᠬᠢᠳᠡᠯ ᠰᠤᠷᠪᠤᠯᠵᠢᠯᠠᠯ ᠤᠨ ᠰᠢᠰᠲᠸ᠋ᠮ ᠤᠨ ᠪᠠᠶᠢᠭᠤᠯᠤᠯᠳᠠ ᠶᠢ ᠥᠷᠬᠦᠯᠵᠢᠯᠠᠨ ᠳᠥᠷᠬᠡᠳᠬᠡᠵᠤ᠂ ᠰᠦᠯᠵᠢᠶ᠎ᠡ ᠪᠠᠷ ᠵᠠᠬᠢᠳᠡᠯ ᠰᠤᠷᠪᠤᠯᠵᠢᠯᠠᠯ ᠬᠢᠬᠦ ᠶᠢ ᠵᠠᠬᠢᠳᠡᠯ ᠰᠤᠷᠪᠤᠯᠵᠢᠯᠠᠯ ᠤᠨ ᠭᠤᠤᠯ ᠠᠷᠭ᠎ᠠ ᠵᠠᠮ ᠪᠤᠯᠭᠠᠬᠤ ᠪᠠᠷ ᠴᠢᠷᠮᠠᠶᠢᠨ᠎ᠠ᠃ 


     ᠳᠥᠷᠪᠡᠳᠤᠬᠡᠷ ᠲᠤ᠂ ᠳᠤᠰᠢᠶᠠᠯ ᠤᠨ ᠶᠠᠯᠠᠳᠤ ᠬᠡᠷᠡᠭ ᠢ ᠬᠠᠤᠯᠢ ᠶᠤᠰᠤᠭᠠᠷ ᠴᠢᠩᠭ᠎ᠠ ᠪᠠᠶᠢᠴᠠᠭᠠᠨ ᠰᠢᠳᠬᠡᠵᠤ᠂ ᠢᠯᠵᠠᠷᠠᠯ ᠢ ᠡᠰᠡᠷᠬᠦᠴᠡᠬᠦ ᠥᠠᠳᠤᠷ ᠳᠠᠷᠤᠯᠳᠠ ᠶᠢᠨ ᠪᠠᠶᠢᠳᠡᠯ ᠢ ᠥᠷᠬᠦᠯᠵᠢᠯᠠᠨ ᠪᠠᠷᠢᠮᠳᠠᠯᠠᠨ᠎ᠠ᠃ ᠢᠯᠵᠠᠷᠠᠪᠠᠰᠤ ᠵᠠᠪᠠᠯ ᠡᠰᠡᠷᠬᠦᠴᠡᠬᠦ᠂ ᠱᠠᠮᠰᠢᠪᠠᠰᠤ ᠵᠠᠪᠠᠯ ᠴᠡᠭᠴᠡᠯᠡᠬᠦ᠂ ᠬᠡᠷᠡᠭ ᠪᠠᠶᠢᠪᠠᠰᠤ ᠵᠠᠪᠠᠯ ᠰᠢᠳᠬᠡᠬᠦ ᠶᠢ ᠪᠠᠷᠢᠮᠳᠠᠯᠠᠵᠤ᠂《ᠪᠠᠷᠰ》᠂《ᠢᠯᠠᠭ᠎ᠠ》 ᠶᠢ ᠵᠠᠷᠬᠡᠪᠡᠷ ᠴᠤᠬᠢᠬᠤ ᠶᠢ ᠪᠠᠷᠢᠮᠳᠠᠯᠠᠨ᠂ ᠬᠡᠷᠡᠭ ᠪᠠᠶᠢᠴᠠᠭᠠᠨ ᠰᠢᠳᠬᠡᠬᠦ ᠬᠥᠴᠤᠯᠠᠴᠠ ᠪᠠᠨ ᠨᠡᠮᠡᠭᠳᠡᠬᠦᠯᠤᠨ᠎ᠠ᠃ ᠬᠡᠬᠡᠯᠢ ᠳᠥᠯᠬᠢᠭᠰᠡᠨ ᠶᠠᠯᠠᠳᠤ ᠡᠳᠡᠬᠡᠳ ᠲᠤ ᠴᠤᠬᠢᠯᠳᠠ ᠥᠭᠬᠦ ᠳᠤᠰᠬᠠᠢ ᠠᠵᠢᠯᠯᠠᠭ᠎ᠠ ᠥᠷᠨᠢᠬᠦᠯᠵᠤ᠂ ᠬᠠᠤᠯᠢ ᠴᠠᠭᠠᠵᠠ ᠶᠢᠨ ᠬᠡᠷᠡᠭ ᠰᠢᠳᠬᠡᠬᠦ ᠲᠠᠢ ᠨᠢᠬᠳᠠ ᠤᠶᠠᠯᠳᠤᠭᠤᠯᠤᠨ ᠤᠷᠢᠳᠴᠢᠯᠠᠨ ᠰᠠᠷᠬᠡᠶᠢᠯᠡᠬᠦ ᠠᠵᠢᠯ ᠢᠶᠠᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠬ ᠪᠠᠷᠢᠬᠤ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠨ᠎ᠠ᠃ ᠤᠷᠭᠤᠬᠰᠡᠳ ᠢ ᠨᠡᠬᠡᠮᠵᠢᠯᠡᠬᠦ ᠪᠤᠵᠠᠷ ᠡᠳ᠋ ᠨᠡᠬᠡᠮᠵᠢᠯᠡᠬᠦ ᠠᠵᠢᠯ ᠢ ᠴᠢᠩᠭᠠᠳᠬᠠᠨ᠂ ᠢᠯᠵᠠᠷᠠᠮᠠᠯ ᠡᠳᠠᠬᠡᠳ ᠤᠨ ᠬᠠᠤᠯᠢ ᠶᠢᠨ ᠭᠠᠳᠠᠭᠤᠷ ᠠᠭᠠᠰᠢᠯᠠᠬᠤ ᠪᠤᠶᠤ ᠠᠵᠤ ᠠᠬᠤᠢ ᠶᠢᠨ ᠳᠡᠯ᠎ᠠ ᠪᠠᠷ ᠠᠰᠢᠭ ᠤᠯᠵᠠᠪᠤᠷᠢ ᠤᠯᠬᠤ ᠶᠢ ᠤᠬᠳᠤ ᠬᠥᠯᠢᠶᠠᠬᠦ ᠥᠬᠡᠢ ᠪᠠᠶᠢᠵᠤ᠂ ᠬᠠᠤᠯᠢ ᠵᠠᠰᠠᠯᠳᠠ ᠪᠠᠷ ᠢᠯᠵᠠᠷᠠᠯ ᠢ ᠡᠰᠡᠷᠬᠦᠴᠡᠬᠦ ᠶᠢ ᠪᠠᠷᠢᠮᠳᠠᠯᠠᠵᠤ᠂ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠬᠠᠤᠯᠢᠴᠢᠯᠠᠯᠳᠠ ᠶᠢᠨ ᠳᠥᠪᠰᠢᠨ ᠢᠶᠠᠨ ᠳᠠᠰᠤᠷᠠᠯᠳᠠ ᠥᠬᠡᠢ ᠳᠡᠬᠡᠭᠰᠢᠯᠡᠬᠦᠯᠤᠨ᠎ᠠ᠃ 


     ᠳᠠᠪᠤᠳᠤᠭᠠᠷ ᠲᠤ᠂ ᠵᠠᠷᠭᠤ ᠶᠢᠨ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠴᠢᠩᠭᠠᠳᠬᠠᠨ᠂ ᠬᠠᠤᠯᠢ ᠴᠠᠭᠠᠵᠠ ᠶᠢᠨ ᠳᠥᠪ ᠭᠤᠤᠯᠴᠢ ᠶᠢ ᠳᠥᠯᠬᠢᠨ ᠠᠬᠢᠭᠤᠯᠤᠨ᠎ᠠ᠃ ᠳᠥᠪ ᠭᠤᠤᠯᠴᠢ ᠰᠢᠳᠤᠷᠭᠤ ᠶᠤᠰᠤᠨ ᠢ ᠬᠠᠮᠠᠭᠠᠯᠠᠬᠤ ᠶᠠᠪᠤᠳᠡᠯ ᠢ ᠪᠠᠶᠢᠴᠠᠭᠠᠬᠤ ᠠᠵᠢᠯ ᠤᠨ ᠭᠤᠤᠯᠯᠠᠬᠴᠢ ᠥᠷᠳᠡᠭ ᠤᠨ ᠬᠥᠬᠡᠬᠡᠴᠡᠯᠳᠤᠯ ᠪᠤᠯᠭᠠᠵᠤ᠂ ᠬᠠᠤᠯᠢ ᠶᠤᠰᠤᠭᠠᠷ ᠤᠷᠤᠨ ᠢᠶᠠᠨ ᠵᠠᠰᠠᠬᠤ ᠶᠢᠨ ᠳᠤᠮᠳᠠᠬᠢ ᠬᠢᠨᠠᠯᠳᠠ ᠳᠡᠯᠪᠢᠬᠤ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠥᠢᠴᠡᠳᠬᠡᠬᠦ ᠶᠢ ᠪᠥᠬᠦ ᠳᠡᠯ᠎ᠠ ᠪᠠᠷ ᠳᠥᠯᠬᠢᠨ ᠠᠬᠢᠭᠤᠯᠤᠨ᠎ᠠ᠃ ᠠᠷᠠᠳ ᠤᠯᠠᠨ ᠤ ᠳᠤᠰᠬᠠᠯ ᠴᠢᠩᠭ᠎ᠠ ᠬᠠᠤᠯᠢ ᠬᠡᠷᠡᠭᠵᠢᠬᠦᠯᠤᠯᠳᠠ ᠴᠢᠩᠭ᠎ᠠ ᠪᠤᠰᠤ᠂ ᠬᠠᠤᠯᠢ ᠶᠠᠪᠤᠭᠤᠯᠤᠯᠳᠠ ᠭᠤᠤᠯᠴᠢ ᠪᠤᠰᠤ ᠳᠤᠪᠤᠶᠢᠮ᠎ᠠ ᠠᠰᠠᠭᠤᠳᠡᠯ ᠢ ᠡᠷᠴᠢᠮᠳᠡᠢ ᠠᠳᠬᠤᠵᠤ᠂ ᠵᠤᠷᠢᠬᠳᠡᠢ ᠬᠢᠨᠠᠯᠳᠠ ᠳᠡᠯᠪᠢᠨ᠂ ᠴᠢᠳᠠᠮᠠᠭᠠᠢ ᠬᠢᠨᠠᠯᠳᠠ ᠳᠡᠯᠪᠢᠵᠤ᠂ ᠰᠢᠳᠤᠷᠭᠤ ᠶᠤᠰᠤ ᠶᠢ ᠮᠠᠠᠳᠤᠭᠤᠯᠤᠨ᠂ ᠠᠷᠠᠳ ᠳᠥᠮᠠᠨ ᠤ ᠡᠷᠬᠡ ᠠᠰᠢᠭ ᠢ ᠪᠠᠳᠤᠯᠠᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠬᠡᠪᠤᠷᠢ ᠶᠢᠨ ᠳᠥᠪ ᠭᠤᠤᠯᠴᠢ ᠰᠢᠳᠤᠷᠭᠤ ᠶᠤᠰᠤ ᠲᠠᠢ ᠪᠠᠶᠢᠬᠤ ᠳᠥᠷᠥᠭᠳᠡᠯ ᠥᠭᠬᠦ ᠪᠠᠷ ᠴᠢᠷᠮᠠᠶᠢᠨ᠎ᠠ᠃ 


     ᠵᠢᠷᠭᠤᠳᠤᠭᠠᠷ ᠲᠤ᠂ ᠬᠠᠤᠯᠢ ᠴᠠᠭᠠᠵᠠ ᠶᠢ ᠳᠥᠪ ᠭᠤᠤᠯᠴᠢ ᠪᠤᠯᠪᠠᠰᠤᠨ ᠳᠥᠷᠢᠮᠵᠢᠬᠦᠨ ᠴᠢᠩᠭ᠎ᠠ ᠬᠡᠷᠡᠭᠵᠢᠬᠦᠯᠬᠦ ᠶᠢ ᠪᠠᠷᠢᠮᠳᠠᠯᠠᠵᠤ᠂ ᠬᠠᠤᠯᠢ ᠶᠠᠪᠤᠭᠤᠯᠤᠯᠳᠠ ᠶᠢᠨ ᠢᠳᠡᠬᠡᠬᠦᠯᠬᠦ ᠬᠥᠴᠤᠨ ᠢ ᠳᠡᠬᠡᠭᠰᠢᠯᠡᠬᠦᠯᠬᠦ ᠪᠠᠷ ᠬᠥᠴᠤᠯᠠᠨ ᠴᠢᠷᠮᠠᠶᠢᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠠᠪᠤᠭᠤᠯᠬᠤ ᠥᠢᠯᠠ ᠠᠵᠢᠯᠯᠠᠭ᠎ᠠ ᠶᠢ ᠳᠥᠷᠢᠮᠵᠢᠬᠦᠯᠬᠦ ᠳᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠬᠦᠯᠵᠤ᠂ ᠬᠠᠤᠯᠢ ᠴᠠᠭᠠᠵᠠ ᠶᠢᠨ ᠳᠥᠷᠢᠮᠵᠢᠯᠠᠯᠳᠠ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠰᠢᠬᠦᠨ ᠳᠠᠰᠤᠯᠤᠯᠳᠠ ᠪᠠᠷ ᠭᠤᠤᠯᠳᠡᠯᠭ᠎ᠠ ᠪᠤᠯᠭᠠᠬᠰᠠᠨ ᠵᠠᠷᠭᠤ ᠶᠢᠨ ᠳᠥᠷᠢᠮ ᠤᠨ ᠥᠬᠡᠷᠡᠴᠢᠯᠠᠯᠳᠠ ᠳᠤ ᠢᠳᠡᠪᠬᠢᠳᠡᠢ ᠵᠤᠬᠢᠴᠠᠭᠤᠯᠤᠨ᠂ ᠪᠤᠳᠠᠳᠤ ᠬᠡᠷᠡᠭ ᠤᠨ ᠮᠠᠭᠠᠳᠯᠠᠯᠳᠠ ᠨᠢ ᠪᠤᠰᠤᠳᠴᠢ ᠥᠨᠠᠨ ᠪᠠᠶᠢᠳᠡᠯ ᠯᠤᠭ᠎ᠠ ᠨᠠᠶᠢᠴᠡᠬᠦ᠂ ᠰᠢᠳᠬᠡᠭᠰᠡᠨ ᠬᠡᠷᠡᠭ ᠤᠨ ᠥᠷ᠎ᠠ ᠳ᠋ᠦᠡᠭ ᠨᠢ ᠪᠡᠶᠡᠳᠤ ᠬᠠᠤᠯᠢ ᠶᠢᠨ ᠳᠥᠪ ᠭᠤᠤᠯᠴᠢ ᠲᠠᠢ ᠨᠠᠶᠢᠴᠡᠬᠦ᠂ ᠬᠡᠷᠡᠭ ᠰᠢᠳᠬᠡᠭᠰᠡᠨ ᠶᠠᠪᠤᠴᠠ ᠨᠢ ᠵᠢᠷᠤᠮ ᠤᠨ ᠳᠥᠪ ᠭᠤᠤᠯᠴᠢ ᠯᠤᠭ᠎ᠠ ᠨᠡᠶᠢᠴᠡᠬᠦ ᠳᠥᠷᠢᠮ ᠢ ᠳᠡᠬᠦᠯᠳᠡᠷᠵᠢᠬᠦᠯᠤᠨ᠎ᠠ᠃ ᠪᠠᠶᠢᠴᠠᠭᠠᠬᠤ ᠡᠷᠬᠡ ᠶᠢᠨ ᠬᠡᠷᠡᠭᠵᠢᠬᠦᠯᠤᠯᠳᠠ᠂ ᠬᠢᠨᠠᠯᠳᠠ ᠳᠡᠯᠪᠢᠯᠳᠠ᠂ ᠨᠥᠬᠦᠴᠡᠯᠳᠤᠬᠦ ᠳᠤᠬᠳᠠᠴᠠ ᠶᠢ ᠳᠡᠬᠦᠯᠳᠠᠷᠵᠢᠬᠦᠯᠵᠤ᠂ ᠬᠡᠷᠡᠭ ᠰᠢᠳᠬᠡᠬᠦ ᠴᠢᠨᠠᠷ ᠴᠢᠠᠰᠠᠭ᠎ᠠ ᠶᠢ ᠨᠠᠰᠤᠨ ᠳᠤᠷᠰᠢᠳᠠ ᠬᠠᠷᠢᠭᠤᠴᠠᠬᠤ ᠳᠥᠷᠢᠮ ᠪᠤᠯᠤᠨ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠨ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠳᠡᠬᠦᠯᠳᠡᠷᠵᠢᠬᠦᠯᠤᠨ᠎ᠠ᠃ ᠪᠠᠶᠢᠴᠠᠭᠠᠬᠤ ᠶᠠᠪᠤᠳᠡᠯ ᠢᠶᠠᠨ ᠢᠯᠠ ᠪᠤᠯᠭᠠᠬᠤ ᠶᠢ ᠬᠥᠵᠠᠬᠡᠶᠢᠷᠡᠬᠦᠯᠤᠨ᠂ ᠠᠷᠠᠳ ᠤᠯᠠᠨ ᠤ ᠬᠢᠨᠠᠯᠳᠠ ᠶᠢ ᠤᠬᠠᠮᠰᠠᠷ ᠠᠴᠠ ᠪᠠᠨ ᠬᠥᠯᠢᠶᠠᠨ᠎ᠠ᠃ 


    ᠳᠤᠯᠤᠳᠤᠭᠠᠷ ᠲᠤ᠂ ᠥᠪᠡᠷᠳᠡᠬᠡᠨ ᠵᠠᠰᠠᠬᠤ ᠤᠷᠤᠨ ᠪᠤᠯᠤᠨ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠬᠠᠤᠯᠢ ᠴᠠᠭᠠᠵᠠ ᠶᠢᠨ ᠥᠬᠡᠷᠡᠴᠢᠯᠠᠯᠳᠠ ᠶᠢ ᠳᠥᠯᠬᠢᠨ ᠠᠬᠢᠭᠤᠯᠬᠤ ᠡᠬᠦᠷᠬᠡ ᠱᠠᠭᠠᠷᠳᠡᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠠ ᠵᠥᠢᠯ ᠤᠨ ᠪᠠᠶᠢᠴᠠᠭᠠᠬᠤ ᠠᠵᠢᠯ ᠤᠨ ᠥᠬᠡᠷᠡᠴᠢᠯᠠᠯᠳᠠ ᠪᠠᠨ ᠢᠳᠡᠪᠬᠢᠳᠡᠢ ᠯᠠᠪᠳᠠᠭᠤᠨ ᠪᠠᠳᠤᠳᠠᠢ ᠳᠥᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠥᠷᠢᠮ ᠢᠶᠠᠷ ᠭᠤᠤᠯᠯᠠᠭᠤᠯᠤᠬᠰᠠᠨ ᠬᠠᠤᠯᠢ ᠴᠠᠭᠠᠵᠠ ᠶᠢᠨ ᠪᠠᠶᠢᠭᠤᠯᠤᠯ ᠤᠨ ᠥᠬᠡᠷᠡᠴᠢᠯᠠᠯᠳᠠ ᠶᠢᠨ ᠳᠤᠷᠰᠢᠯᠳᠠ ᠶᠢᠨ ᠴᠢᠬ ᠤᠨ ᠠᠵᠢᠯ ᠢ ᠬᠥᠠᠵᠠᠬᠡᠢ ᠳᠥᠯᠬᠢᠨ ᠠᠬᠢᠭᠤᠯᠵᠤ᠂ ᠪᠠᠶᠢᠴᠠᠭᠠᠬᠤ ᠵᠠᠷᠭᠤ ᠶᠢᠨ ᠬᠢᠨᠠᠯᠳᠠ ᠳᠡᠯᠪᠢᠬᠤ ᠳᠤ ᠬᠤᠯᠪᠤᠬᠳᠠᠬᠤ ᠵᠠᠬᠢᠳᠡᠯ ᠰᠤᠷᠪᠤᠯᠵᠢᠯᠠᠯ ᠤᠨ ᠠᠵᠢᠯ ᠤᠨ ᠪᠠᠶᠢᠭᠤᠯᠤᠮᠵᠢ ᠶᠢᠨ ᠥᠬᠡᠷᠡᠴᠢᠯᠠᠯᠳᠠ᠂ ᠠᠷᠠᠳ ᠤᠨ ᠬᠢᠨᠠᠯᠳᠠ ᠳᠡᠯᠪᠢᠬᠴᠢ ᠶᠢᠨ ᠰᠤᠩᠭᠤᠨ ᠳᠤᠮᠢᠯᠠᠬᠤ ᠠᠷᠭ᠎ᠠ ᠬᠡᠯᠪᠠᠷᠢ ᠶᠢᠨ ᠥᠬᠡᠷᠡᠴᠢᠯᠠᠯᠳᠠ᠂ ᠡᠷᠬᠢᠯᠡᠭᠴᠢ ᠪᠠᠶᠢᠴᠠᠭᠠᠬᠤ ᠳᠤᠰᠢᠶᠠᠯᠳᠠᠨ ᠤ ᠬᠡᠷᠡᠭ ᠰᠢᠳᠬᠡᠬᠦ ᠬᠠᠷᠢᠭᠤᠴᠠᠯᠭ᠎ᠠ ᠶᠢᠨ ᠳᠥᠷᠢᠮ ᠤᠨ ᠥᠬᠡᠷᠡᠴᠢᠯᠠᠯᠳᠠ ᠶᠢ ᠬᠥᠠᠵᠡᠬᠡᠶᠢᠷᠡᠬᠦᠯᠤᠨ᠂ ᠬᠠᠤᠯᠢ ᠴᠠᠭᠠᠵᠠ ᠶᠢᠨ ᠳᠥᠪ ᠭᠤᠤᠯᠴᠢ ᠶᠢ ᠨᠥᠯᠤᠬᠡᠯᠡᠬᠦ ᠪᠠ ᠬᠠᠤᠯᠢ ᠴᠠᠭᠠᠵᠠ ᠶᠢᠨ ᠴᠢᠳᠠᠪᠤᠷᠢ ᠶᠢ ᠬᠢᠵᠠᠭᠠᠷᠯᠠᠬᠤ ᠬᠥᠨ ᠳᠡᠪᠬᠤᠷᠭ᠎ᠠ ᠶᠢᠨ ᠠᠰᠠᠭᠤᠳᠡᠯ ᠢ ᠬᠥᠴᠤ ᠳᠡᠯᠪᠢᠨ ᠰᠢᠢᠳᠪᠤᠷᠢᠯᠡᠨ᠎ᠠ᠃ 


    ᠨᠠᠢᠮᠠᠳᠤᠭᠠᠷ ᠲᠤ᠂ ᠪᠠᠶᠢᠴᠠᠭᠠᠬᠤ ᠡᠩᠨᠡᠬᠡᠨ ᠤ ᠪᠠᠶᠢᠭᠤᠯᠤᠯᠳᠠ ᠪᠠᠨ ᠥᠨᠠᠨᠬᠦ ᠴᠢᠩᠭᠠᠳᠬᠠᠨ᠂ ᠡᠩᠨᠡᠬᠡᠨ ᠤ ᠤᠯᠤᠰ ᠳᠥᠷᠤ ᠳᠤᠬᠠᠢᠢᠯᠠᠬᠰᠠᠨ ᠠᠵᠢᠯ ᠤᠨ ᠬᠡᠪ ᠪᠤᠯᠪᠠᠰᠤᠷᠠᠯ ᠢᠶᠠᠨ ᠳᠠᠰᠤᠷᠠᠯᠳᠠ ᠥᠬᠡᠢ ᠳᠡᠬᠡᠭᠰᠢᠯᠡᠬᠦᠯᠤᠨ᠎ᠠ᠃ ᠡᠩᠨᠡᠬᠡᠨ ᠤ ᠥᠵᠡᠯ ᠰᠠᠨᠠᠭ᠎ᠠ ᠤᠯᠤᠰ ᠳᠥᠷᠤ ᠶᠢᠨ ᠪᠠᠶᠢᠭᠤᠯᠤᠯᠳᠠ ᠪᠤᠯᠤᠨ ᠰᠠᠬᠢᠯᠭ᠎ᠠ ᠪᠠᠳᠤ ᠶᠢᠨ ᠪᠠᠶᠢᠭᠤᠯᠤᠯᠳᠠ ᠪᠠᠨ ᠴᠢᠩᠭᠠᠳᠬᠠᠨ᠂ ᠨᠠᠮ ᠤᠨ ᠰᠠᠬᠢᠯᠭ᠎ᠠ ᠪᠠᠳᠤ ᠪᠤᠯᠤᠨ ᠤᠯᠤᠰ ᠳᠥᠷᠤ ᠶᠢᠨ ᠶᠤᠰᠤ ᠳᠥᠷᠢᠮ ᠢ ᠴᠢᠩᠭ᠎ᠠ ᠰᠠᠬᠢᠨ᠎ᠠ᠃ ᠡᠩᠨᠡᠬᠡᠨ ᠤ ᠳᠤᠰᠬᠠᠢᠢᠵᠢᠯᠠᠯᠳᠠ ᠶᠢᠨ ᠪᠠᠶᠢᠭᠤᠯᠤᠯᠳᠠ ᠪᠠᠨ ᠬᠥᠠᠵᠠᠬᠡᠢ ᠳᠥᠯᠬᠢᠨ ᠠᠬᠢᠭᠤᠯᠵᠤ᠂ ᠡᠩᠨᠡᠬᠡᠨ ᠤ ᠳᠤᠬᠠᠢᠢᠯᠠᠬᠰᠠᠨ ᠠᠵᠢᠯ ᠤᠨ ᠴᠢᠳᠠᠪᠤᠷᠢ ᠪᠠᠨ ᠳᠡᠬᠡᠭᠰᠢᠯᠡᠬᠦᠯᠬᠦ ᠪᠠᠷ ᠴᠢᠷᠮᠠᠶᠢᠨ᠎ᠠ᠃《ᠳᠥᠷᠪᠡᠨ ᠰᠤᠷᠳᠡᠯ》ᠪᠤᠯᠤᠨ ᠬᠠᠤᠯᠢ ᠴᠠᠭᠠᠵᠠ ᠶᠢᠨ ᠤᠪᠤᠷ ᠰᠤᠷᠳᠡᠯ ᠤᠨ ᠳᠤᠪᠤᠶᠢᠮ᠎ᠠ ᠠᠰᠠᠭᠤᠳᠡᠯ ᠢ ᠥᠷᠬᠦᠯᠵᠢᠯᠠᠨ ᠴᠡᠭᠴᠡᠯᠡᠨ ᠵᠠᠰᠠᠵᠤ᠂ ᠨᠠᠮ ᠤᠨ ᠰᠤᠷᠳᠡᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠪᠡᠶᠡᠴᠢ ᠴᠤᠬᠴᠠ ᠶᠢᠨ ᠬᠠᠷᠢᠭᠤᠴᠠᠯᠭ᠎ᠠ ᠪᠤᠯᠤᠨ ᠬᠢᠨᠠᠯᠳᠠ ᠳᠡᠯᠪᠢᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠭᠠᠷᠠᠵᠤ ᠬᠠᠳᠠᠭᠤᠵᠢᠬᠰᠠᠨ ᠪᠠᠶᠢᠴᠠᠭᠠᠬᠤ ᠡᠩᠨᠡᠭᠡ ᠶᠢ ᠪᠥᠬᠦ ᠳᠡᠯ᠎ᠠ ᠪᠠᠷ ᠪᠠᠶᠢᠭᠤᠯᠤᠨ᠎ᠠ᠃ 


    ᠳᠥᠯᠤᠬᠡᠯᠡᠭᠴᠢᠳ ᠡ᠂ ᠰᠢᠨ᠎ᠠ ᠨᠢᠬᠡᠨ ᠵᠢᠯ ᠳᠤ᠂ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠵᠥᠪ ᠤᠨᠤᠪᠴᠢᠳᠡᠢ ᠤᠳᠤᠷᠢᠳᠤᠯᠭ᠎ᠠ ᠳᠤᠤᠷ᠎ᠠ᠂ ᠡᠯ᠎ᠠ ᠱᠠᠳᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠳᠥᠷᠤ ᠶᠢᠨ ᠵᠥᠪᠯᠡᠯᠬᠡᠨ ᠪᠤᠯᠤᠨ ᠨᠠᠶᠢᠬᠡᠮ ᠤᠨ ᠡᠯ᠎ᠠ ᠡᠳᠡᠬᠡᠳ ᠬᠢᠨ ᠤ ᠬᠢᠨᠠᠯᠳᠠ ᠶᠢ ᠤᠬᠠᠮᠰᠠᠷ ᠠᠴᠠ ᠪᠠᠨ ᠬᠥᠯᠢᠶᠠᠵᠤ᠂ ᠡᠨᠡ ᠤᠳᠠᠭᠠᠨ ᠤ ᠶᠡᠭᠡ ᠬᠤᠷᠠᠯ ᠤᠨ ᠰᠢᠢᠳᠪᠤᠷᠢ ᠶᠢ ᠨᠠᠷᠢᠨ ᠬᠢᠨᠠᠮᠠᠭᠠᠢ ᠬᠡᠷᠡᠭᠵᠢᠬᠦᠯᠵᠤ᠂ ᠥᠬᠡᠷᠡᠴᠢᠯᠠᠯᠳᠠ ᠬᠢᠵᠤ ᠰᠢᠨ᠎ᠠ ᠶᠢ ᠡᠬᠦᠳᠤᠨ᠂ ᠢᠳᠡᠬᠡᠯ ᠵᠤᠷᠢᠭ ᠢᠶᠠᠨ ᠬᠥᠪᠴᠢᠯᠠᠨ ᠬᠥᠴᠤᠯᠠᠨ ᠴᠢᠷᠮᠠᠶᠢᠵᠤ᠂ ᠪᠠᠶᠢᠴᠠᠭᠠᠬᠤ ᠠᠵᠢᠯ ᠢᠶᠠᠨ ᠳᠠᠰᠤᠷᠠᠯᠳᠠ ᠥᠬᠡᠢ ᠴᠢᠩᠭᠠᠳᠬᠠᠨ ᠬᠠᠯᠠᠨ ᠰᠠᠶᠢᠵᠢᠷᠠᠭᠤᠯᠤᠭᠠᠳ《8337》ᠬᠥᠭᠵᠢᠯᠳᠠ ᠶᠢᠨ ᠰᠡᠳᠬᠢᠴᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠨᠢᠨ ᠬᠥᠭᠵᠢᠭᠰᠡᠨ ᠪᠠᠶᠡᠨ ᠴᠢᠨᠠᠬᠡᠯᠢᠭ ᠡᠶ᠎ᠡ ᠵᠤᠬᠢᠴᠠᠩᠭᠤᠢ ᠥᠵᠡᠰᠬᠦᠯᠡᠩᠳᠤ ᠰᠠᠶᠢᠬᠠᠨ ᠥᠪᠤᠷ ᠮᠤᠩᠭᠤᠯ ᠢ ᠪᠥᠳᠤᠬᠡᠨ ᠪᠠᠶᠢᠭᠤᠯᠵᠤ᠂ ᠡᠬᠡ ᠤᠯᠤᠰ ᠤᠨ ᠤᠮᠠᠷᠠᠳᠤ ᠬᠢᠯᠢ ᠶᠢᠨ ᠨᠠᠩ ᠭᠤᠶᠤ ᠥᠵᠡᠮᠵᠢ ᠶᠢᠨ ᠪᠥᠰᠠ ᠶᠢ ᠪᠠᠶᠢᠭᠤᠯᠬᠤ ᠶᠢᠨ ᠳᠥᠯᠤᠬᠡ ᠨᠠᠩ ᠶᠡᠭᠡ ᠰᠢᠨ᠎ᠠ ᠬᠤᠪᠢ ᠨᠠᠮᠠᠷᠢ ᠪᠠᠨ ᠥᠵᠡᠬᠦᠯᠤᠨ᠎ᠠ︕


    ᠳᠠᠭᠠᠯᠳᠤᠭᠤᠯᠤᠯ


    ᠨᠢᠬᠡ᠂ ᠮᠡᠳᠡᠬᠦᠯᠤᠯᠳᠠ ᠳᠠᠬᠢ ᠬᠤᠯᠪᠤᠭᠳᠡᠯ ᠪᠥᠬᠦᠢ ᠠᠵᠢᠯ ᠤᠨ ᠪᠠᠶᠢᠳᠡᠯ ᠤᠨ ᠳᠠᠶᠢᠯᠪᠤᠷᠢ


    1. ᠳᠤᠰᠢᠶᠠᠯ ᠤᠨ ᠶᠠᠯᠠᠳᠤ ᠬᠡᠷᠡᠭ ᠢ ᠥᠯᠤ ᠵᠠᠭᠠᠯᠳᠤᠬᠰᠠᠨ᠂ ᠡᠷᠡᠬᠦᠤ ᠠᠯᠭᠤᠷᠯᠠᠬᠤ ᠡᠷᠡᠬᠦᠤ ᠰᠢᠳᠬᠡᠯ ᠬᠡᠯᠳᠤᠷᠢᠬᠦᠯᠬᠦ ᠪᠠᠷ ᠰᠢᠬᠦᠨ ᠰᠢᠢᠳᠪᠤᠷᠢᠯᠡᠭᠰᠡᠨ ᠬᠡᠷᠡᠭ ᠤᠨ ᠴᠢᠨᠠᠷ ᠴᠢᠠᠰᠠᠭ᠎ᠠ ᠶᠢ ᠵᠢᠬᠰᠠᠭᠠᠨ ᠪᠠᠶᠢᠴᠠᠭᠠᠵᠤ ᠪᠤᠷᠤᠭᠤ ᠶᠢ ᠵᠠᠯᠠᠷᠠᠭᠤᠯᠬᠤ ᠳᠤᠰᠬᠠᠢ ᠠᠵᠢᠯ᠃


    ᠳᠤᠰᠢᠶᠠᠯ ᠤᠨ ᠶᠠᠯᠠᠳᠤ ᠬᠡᠷᠡᠭ ᠤᠨ ᠡᠷᠡᠬᠦᠤ ᠬᠥᠡᠭᠬᠡᠳᠠᠬᠦ ᠠᠰᠠᠭᠤᠳᠡᠯ ᠢ ᠰᠢᠢᠳᠪᠤᠷᠢᠯᠡᠬᠦ ᠶᠢᠨ ᠳᠥᠯᠤᠬᠡ᠂ 2014 ᠤᠨ ᠤ 4 ᠰᠠᠷ᠎ᠠ ᠠᠴᠠ 11 ᠰᠠᠷ᠎ᠠ ᠬᠥᠷᠳᠡᠯ᠎ᠠ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠡᠯ᠎ᠠ ᠱᠠᠳᠤᠨ ᠤ ᠪᠠᠶᠢᠴᠠᠭᠠᠬᠤ ᠬᠤᠷᠢᠶ᠎ᠠ ᠶᠢ ᠵᠤᠬᠢᠶᠠᠨ ᠪᠠᠶᠢᠭᠤᠯᠵᠤ᠂ 2009 ᠤᠨ ᠠᠴᠠ 2013 ᠤᠨ ᠬᠥᠷᠳᠡᠯᠡᠬᠢ ᠳᠤᠰᠢᠶᠠᠯ ᠤᠨ ᠶᠠᠯᠠᠳᠤ ᠬᠡᠷᠡᠭ ᠢ ᠥᠯᠤ ᠵᠠᠭᠠᠯᠳᠤᠬᠰᠠᠨ ᠵᠢᠴᠢ ᠰᠢᠬᠦᠬᠦ ᠬᠤᠷᠢᠶᠠᠨ ᠤ ᠬᠥᠴᠤᠨ ᠲᠠᠢ ᠪᠤᠯᠤᠬᠰᠠᠨ ᠰᠢᠬᠦᠨ ᠳᠠᠰᠤᠯᠤᠯᠳᠠ ᠶᠢᠨ ᠡᠷᠡᠬᠦᠤ ᠠᠯᠭᠤᠷᠯᠠᠬᠤ ᠪᠤᠶᠤ ᠡᠷᠡᠬᠦᠤ ᠰᠢᠳᠬᠡᠯ ᠠᠴᠠ ᠬᠡᠯᠳᠤᠷᠢᠬᠦᠯᠥᠭᠰᠡᠨ ᠬᠡᠷᠡᠭ ᠨᠦᠭᠦᠳ ᠢ ᠳᠥᠪᠯᠠᠷᠡᠬᠦᠯᠤᠨ ᠵᠢᠬᠰᠠᠭᠠᠨ ᠪᠠᠶᠢᠴᠠᠭᠠᠵᠤ᠂ 3443 ᠬᠥᠮᠤᠨ ᠢ ᠪᠥᠬᠦ ᠳᠡᠯ᠎ᠠ ᠪᠠᠷ ᠵᠢᠬᠰᠠᠭᠠᠨ ᠪᠠᠶᠢᠴᠠᠭᠠᠬᠰᠠᠨ ᠰᠠᠭᠤᠷᠢᠨ ᠳᠡᠬᠡᠷ᠎ᠠ᠂ ᠥᠪᠡᠷᠳᠡᠬᠡᠨ ᠵᠠᠰᠠᠬᠤ ᠤᠷᠤᠨ ᠤ ᠪᠠᠶᠢᠴᠭᠠᠬᠤ ᠬᠤᠷᠢᠶ᠎ᠠ ᠨᠢ 337 ᠬᠥᠮᠤᠨ ᠤ ᠭᠤᠤᠯᠳᠡᠯᠭ᠎ᠠ ᠲᠠᠢ ᠬᠡᠷᠡᠭ ᠢ ᠳᠡᠬᠢᠨ ᠪᠠᠶᠢᠴᠠᠭᠠᠵᠤ᠂ 232 ᠬᠡᠷᠡᠭ ᠢ ᠴᠡᠭᠴᠡᠯᠡᠨ ᠥᠬᠡᠷᠡᠴᠢᠯᠡᠭᠰᠡᠨ ᠢ ᠳᠤᠳᠤᠭᠠᠳᠤ ᠳᠠᠭᠠᠨ ᠮᠡᠳᠡᠬᠡᠯᠡᠵᠤ᠂ 63 ᠳᠤᠰᠢᠶᠠᠯ ᠤᠨ ᠶᠠᠯᠠᠳᠤ ᠬᠡᠷᠡᠭ ᠢ ᠡᠰᠡᠷᠬᠦᠴᠡᠨ ᠵᠠᠭᠠᠯᠳᠤᠵᠤ᠂ ᠠᠳᠠᠯᠢ ᠬᠤᠭᠤᠴᠠᠭᠠᠨ ᠤ ᠬᠢ ᠠᠴᠠ 320% ᠪᠠᠷ ᠨᠡᠮᠡᠭᠳᠡᠵᠠᠢ᠃ ᠰᠢᠬᠦᠬᠦ ᠬᠤᠷᠢᠶ᠎ᠠ 29 ᠬᠡᠷᠡᠭ ᠢ ᠰᠢᠬᠦᠨ ᠳᠠᠭᠤᠰᠬᠠᠵᠤ᠂ 22 ᠬᠡᠷᠡᠭ ᠤᠨ ᠳᠤᠬᠠᠢ ᠰᠠᠨᠠᠯ ᠢ ᠬᠥᠯᠢᠶᠠᠨ ᠠᠪᠴᠠᠢ᠃ 


     2. ᠡᠷᠡᠬᠦᠤ ᠬᠥᠡᠭᠬᠡᠷᠡᠬᠦᠯᠤᠯᠳᠠ᠂ ᠳᠠᠩᠰᠠᠨ ᠰᠤᠯᠠᠯᠠᠯᠳᠠ᠂ ᠬᠢᠨᠳᠠᠨ ᠤ ᠭᠠᠳᠠᠨ᠎ᠠ ᠳᠥᠷ ᠬᠥᠢᠴᠡᠳᠬᠡᠯᠳᠠ ᠶᠢᠨ ᠳᠤᠰᠬᠠᠢ ᠪᠠᠶᠢᠴᠠᠭᠠᠬᠤ ᠠᠵᠢᠯ᠃


    ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠳᠥᠪ ᠤᠨ ᠤᠯᠤᠰ ᠳᠥᠷᠤ ᠬᠠᠤᠯᠢ ᠴᠠᠭᠠᠵᠠ ᠶᠢᠨ ᠬᠤᠷᠢᠶ᠎ᠠ ᠶᠢᠨ ᠪᠢᠴᠢᠭ ᠮᠡᠲᠸ᠋ᠷᠢᠶᠠᠯ ᠤᠨ ᠵᠤᠷᠢᠭ ᠰᠠᠨᠠᠭ᠎ᠠ ᠪᠤᠯᠤᠨ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠶᠢᠨ ᠨᠢᠬᠡᠳᠤᠯ ᠲᠠᠢ ᠪᠠᠶᠢᠷᠢᠯᠠᠭᠤᠯᠤᠯᠳᠠ ᠶᠢᠨ ᠱᠠᠭᠠᠷᠳᠡᠯᠭ᠎ᠠ ᠶᠤᠰᠤᠭᠠᠷ 2014 ᠤᠨ ᠤ 3 ᠰᠠᠷ᠎ᠠ ᠠᠴᠠ 12 ᠰᠠᠷ᠎ᠠ ᠪᠤᠯᠳᠡᠯ᠎ᠠ ᠬᠢᠨᠳᠠᠨ᠂ ᠬᠤᠷᠢᠭᠤᠯ ᠤᠨ ᠭᠠᠵᠠᠷ᠂ ᠨᠠᠶᠢᠬᠡᠮ ᠳᠤᠭᠤᠷᠢᠭ ᠤᠨ ᠵᠠᠰᠠᠮᠵᠢᠯᠠᠬᠤ ᠭᠠᠵᠠᠷ ᠲᠤ ᠡᠷᠡᠬᠦᠤ ᠬᠥᠢᠴᠡᠳᠬᠡᠵᠤ ᠪᠠᠶᠢᠭ᠎ᠠ ᠳᠤᠰᠢᠶᠠᠯ ᠤᠨ ᠶᠠᠯ᠎ᠠ ᠬᠢᠭᠰᠡᠠ᠂ ᠮᠥᠡᠭᠬᠦᠨ ᠬᠥᠢᠯᠬᠡᠬᠡᠨ ᠤ ᠶᠠᠯ᠎ᠠ ᠬᠢᠭᠰᠡᠨ ᠪᠤᠯᠤᠨ ᠬᠠᠷ᠎ᠠ ᠪᠥᠯᠥᠭᠳᠠᠨ ᠤ ᠶᠠᠯ᠎ᠠ ᠳᠤ ᠬᠤᠯᠪᠤᠬᠳᠠᠬᠰᠠᠨ ᠨᠠᠶᠢᠳᠠ 1829 ᠬᠥᠮᠤᠨ ᠢ ᠪᠥᠬᠦ ᠳᠡᠯ᠎ᠠ ᠪᠠᠷ ᠤᠢᠢᠯᠠᠭᠠᠬᠤ ᠪᠠᠶᠢᠴᠠᠭᠠᠯᠳᠠ ᠶᠢ ᠵᠤᠬᠢᠶᠠᠨ ᠪᠠᠶᠢᠭᠤᠯᠵᠤ᠂ ᠳᠡᠳᠡᠬᠡᠷ ᠤᠨ ᠳᠤᠳᠤᠷᠠᠬᠢ 422 ᠶᠠᠯᠠᠳᠠᠨ (ᠡᠷᠡᠬᠦᠤ ᠬᠥᠡᠭᠬᠡᠷᠡᠬᠦᠯᠥᠭᠰᠡᠨ 305 ᠬᠥᠮᠤᠨ᠂ ᠳᠠᠩᠰᠠᠨ ᠰᠤᠯᠠᠯᠠᠬᠰᠠᠨ 39 ᠬᠥᠮᠤᠨ᠂ ᠬᠢᠨᠳᠠᠨ ᠤ ᠭᠠᠳᠠᠨ᠎ᠠ ᠳᠥᠷ ᠬᠥᠢᠴᠡᠳᠬᠡᠬᠦᠯᠥᠭᠰᠡᠨ 78 ᠬᠥᠮᠤᠨ)ᠤ ᠡᠷᠡᠬᠦᠤ ᠰᠢᠳᠬᠡᠯ ᠢ ᠬᠤᠪᠢᠷᠠᠭᠤᠯᠤᠨ ᠬᠥᠢᠴᠡᠳᠬᠡᠭᠰᠡᠨ ᠪᠠᠶᠢᠳᠡᠯ ᠢ ᠭᠤᠤᠯᠳᠡᠯᠭ᠎ᠠ ᠲᠠᠢ ᠬᠢᠨᠠᠨ ᠪᠠᠶᠢᠴᠠᠭᠠᠵᠤ᠂ 14 ᠬᠥᠮᠤᠨ ᠤ 16 ᠬᠡᠷᠡᠭ ᠲᠤ ᠬᠢᠨᠠᠯᠳᠠ ᠳᠡᠯᠪᠢᠵᠤ ᠡᠷᠡᠬᠦᠤ ᠬᠥᠡᠭᠬᠡᠷᠡᠬᠦᠯᠬᠦ ᠬᠢᠨᠠᠨ ᠳᠠᠰᠤᠯᠤᠯᠳᠠ ᠶᠢ ᠬᠥᠴᠤᠨ ᠥᠬᠡᠢ ᠪᠤᠯᠭᠠᠵᠤ᠂ 1 ᠬᠥᠮᠤᠨ ᠤ ᠳᠠᠩᠰᠠᠨ ᠰᠤᠯᠠᠯᠠᠬᠤ ᠬᠢᠨᠠᠨ ᠳᠤᠬᠳᠠᠭᠠᠯᠳᠠ ᠳᠤ ᠬᠢᠨᠠᠯᠳᠠ ᠳᠡᠯᠪᠢᠨ ᠬᠥᠴᠤᠨ ᠥᠬᠡᠢ ᠪᠤᠯᠭᠠᠵᠤ ᠬᠢᠨᠳᠠᠨ ᠳᠤ ᠬᠤᠷᠢᠶᠠᠮᠵᠢᠯᠠᠨ ᠬᠥᠢᠴᠡᠳᠬᠡᠬᠦᠯᠵᠤ᠂ 36 ᠬᠥᠮᠤᠨ ᠤ ᠬᠢᠨᠳᠠᠨ ᠤ ᠭᠠᠳᠠᠨ᠎ᠠ ᠳᠥᠷ ᠬᠥᠢᠴᠡᠳᠬᠡᠬᠦ ᠳᠤᠬᠳᠠᠭᠠᠯ ᠳᠤ ᠬᠢᠨᠠᠯᠳᠠ ᠳᠡᠯᠪᠢᠨ ᠬᠥᠴᠤᠨ ᠥᠬᠡᠢ ᠪᠤᠯᠭᠠᠵᠤ᠂ ᠬᠢᠨᠳᠠᠨ ᠳᠤ ᠬᠤᠷᠢᠶᠠᠮᠵᠢᠯᠠᠨ ᠬᠥᠢᠴᠡᠳᠬᠡᠬᠦᠯᠪᠠ᠃ 


    3. ᠤᠳᠠᠳᠠᠯ᠎ᠠ ᠬᠤᠷᠢᠭᠠᠳ ᠰᠢᠢᠳᠪᠤᠷᠢᠯᠡᠬᠦ ᠥᠬᠡᠢ ᠬᠡᠷᠡᠭ ᠢ ᠴᠡᠪᠡᠷᠯᠡᠬᠦ ᠳᠤᠰᠬᠠᠢ ᠪᠠᠶᠢᠴᠠᠭᠠᠬᠤ ᠠᠵᠢᠯ᠃ 


    ᠳᠥᠪ ᠤᠨ ᠤᠯᠤᠰ ᠳᠥᠷᠤ ᠬᠠᠤᠯᠢ ᠴᠠᠭᠠᠵᠠ ᠶᠢᠨ ᠬᠤᠷᠢᠶ᠎ᠠ ᠶᠢᠨ ᠪᠢᠴᠢᠭ ᠮᠡᠲᠸ᠋ᠷᠢᠶᠠᠯ ᠤᠨ ᠵᠤᠷᠢᠭ ᠰᠠᠨᠠᠭ᠎ᠠ ᠪᠤᠯᠤᠨ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠶᠢᠨ ᠨᠢᠬᠡᠳᠤᠯᠳᠡᠢ ᠪᠠᠶᠢᠷᠢᠯᠠᠭᠤᠯᠤᠯᠳᠠ ᠶᠢᠨ ᠱᠠᠭᠠᠷᠳᠡᠯᠭ᠎ᠠ ᠶᠤᠰᠤᠭᠠᠷ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ 2014 ᠤᠨ ᠤ 4 ᠰᠠᠷ᠎ᠠ ᠠᠴᠠ 9 ᠰᠠᠷ᠎ᠠ ᠪᠤᠯᠳᠡᠯ᠎ᠠ᠂ ᠡᠯ᠎ᠠ ᠱᠠᠳᠤᠨ ᠤ ᠪᠠᠶᠢᠴᠠᠭᠠᠬᠤ ᠬᠤᠷᠢᠶ᠎ᠠ ᠶᠢ ᠵᠤᠬᠢᠶᠠᠨ ᠪᠠᠶᠢᠭᠤᠯᠵᠤ᠂ 2010 ᠤᠨ ᠤ 5 ᠰᠠᠷ᠎ᠠ ᠶᠢᠨ 1᠎ ᠤ ᠡᠳᠤᠷ ᠠᠴᠠ ᠡᠮᠤᠨ᠎ᠠ ᠬᠤᠷᠢᠭᠠᠳ 2014 ᠤᠨ ᠤ 9 ᠰᠠᠷ᠎ᠠ ᠪᠤᠯᠳᠡᠯ᠎ᠠ ᠮᠥᠨ ᠯᠠ ᠰᠢᠬᠦᠨ ᠳᠠᠭᠤᠰᠬᠠᠭ᠎ᠠ ᠥᠬᠡᠢ ᠬᠡᠷᠡᠭ ᠤᠳ ᠢ ᠵᠢᠬᠰᠠᠭᠠᠨ ᠴᠡᠪᠡᠷᠯᠡᠵᠤ᠂ 21 ᠬᠡᠷᠡᠭ 37 ᠬᠥᠮᠤᠨ ᠤ ᠤᠳᠡᠳᠡᠯ᠎ᠠ ᠬᠤᠷᠢᠭᠠᠳ ᠰᠢᠢᠳᠪᠤᠷᠢᠯᠡᠬᠦ ᠥᠬᠡᠢ 21 ᠬᠡᠷᠡᠭ 37 ᠬᠥᠮᠤᠨ ᠢ ᠨᠤᠳᠠᠯᠠᠨ ᠳᠤᠬᠳᠠᠭᠠᠵᠤ᠂ ᠨᠠᠶᠢᠳᠠ 12 ᠬᠡᠷᠡᠭ 20 ᠬᠥᠮᠤᠨ ᠢ ᠴᠡᠪᠡᠷᠯᠡᠵᠤ᠂ ᠥᠨᠤ ᠪᠤᠯᠳᠡᠯ᠎ᠠ ᠪᠠᠰᠠ 9 ᠬᠡᠷᠡᠭ 17 ᠬᠥᠮᠤᠨ ᠨᠢ ᠰᠢᠬᠦᠬᠦ ᠬᠤᠷᠢᠶᠠᠨ ᠤ ᠰᠢᠬᠦᠯᠳᠠ ᠶᠢᠨ ᠱᠠᠳᠤᠨ ᠳᠤ ᠪᠠᠶᠢᠬᠰᠠᠭᠠᠷ᠃ 


     4.《ᠳᠥᠷᠪᠡᠨ ᠴᠢᠩᠭ᠎ᠠ᠂ ᠬᠤᠶᠠᠷ ᠬᠥᠢᠴᠡᠳ》᠃


    2014 ᠤᠨ ᠤ 9 ᠰᠠᠷ᠎ᠠ ᠳᠤ᠂ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠨᠢ ᠳᠥᠪ ᠤᠨ ᠳᠤᠭᠤᠷᠢᠨ ᠪᠠᠶᠢᠴᠠᠭᠠᠬᠤ ᠰᠢᠨ᠎ᠠ ᠳᠤᠬᠳᠠᠭᠠᠯ ᠤᠨ ᠶᠤᠰᠤᠭᠠᠷ᠂ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠬ ᠲᠤ ᠳᠤᠭᠤᠷᠢᠨ ᠪᠠᠶᠢᠴᠠᠭᠠᠯᠳᠠ ᠬᠢᠵᠠᠢ᠃ ᠳᠤᠭᠤᠷᠢᠨ ᠪᠠᠶᠢᠴᠠᠭᠠᠯᠳᠠ ᠬᠢᠭᠰᠡᠨ ᠤ ᠬᠠᠮᠳᠤ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠳᠤ ᠮᠡᠳᠡᠬᠦᠯᠤᠨ ᠰᠤᠳᠤᠯᠤᠨ ᠵᠥᠪᠰᠢᠶᠡᠷᠡᠬᠦᠯᠥᠬᠡᠳ᠂ ᠳᠤᠭᠤᠷᠢᠨ ᠪᠠᠶᠢᠴᠠᠭᠠᠬᠤ ᠳᠤᠭᠤᠢᠢᠯᠠᠩ ᠨᠢ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠬᠢᠨ ᠤᠯᠤᠰ ᠳᠥᠷᠤ ᠶᠢᠨ ᠥᠵᠡᠯ ᠤᠬᠠᠮᠰᠠᠷ᠂ ᠶᠡᠭᠡ ᠳᠡᠯ᠎ᠠ ᠶᠢᠨ ᠥᠵᠡᠯ ᠤᠬᠠᠮᠰᠠᠷ᠂ ᠬᠠᠷᠢᠭᠤᠴᠠᠯᠭᠠᠳᠤ ᠥᠵᠡᠯ ᠤᠬᠠᠮᠰᠠᠷ ᠢᠶᠠᠷ ᠴᠢᠩᠭ᠎ᠠ᠂ ᠬᠠᠤᠯᠢ ᠬᠡᠷᠡᠭᠵᠢᠬᠦᠯᠵᠤ ᠬᠡᠷᠡᠭ ᠰᠢᠳᠬᠡᠬᠦ ᠴᠢᠳᠠᠪᠤᠷᠢ ᠪᠠᠷ ᠴᠢᠩᠭ᠎ᠠ᠂ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠴᠢᠳᠠᠪᠤᠷᠢ ᠪᠠᠷ ᠴᠢᠩᠭ᠎ᠠ᠂ ᠪᠠᠶᠢᠴᠠᠭᠠᠬᠤ ᠪᠠᠶᠢᠭᠤᠯᠭ᠎ᠠ ᠪᠠᠨ ᠴᠢᠩᠭ᠎ᠠ ᠵᠠᠰᠠᠵᠤ ᠪᠠᠬ ᠢᠶᠠᠨ ᠠᠳᠬᠤᠵᠤ ᠡᠩᠨᠡᠭᠡ ᠪᠠᠨ ᠳᠠᠭᠠᠭᠤᠯᠬᠤ ᠥᠵᠡᠯ ᠤᠬᠠᠮᠰᠠᠷ ᠢᠶᠠᠷ ᠴᠢᠩᠭ᠎ᠠ᠂ ᠨᠠᠢᠮᠠᠨ ᠵᠥᠢᠯ ᠤᠨ ᠳᠤᠬᠳᠠᠭᠠᠯ ᠢ ᠳᠤᠤᠱᠯᠠᠭᠤᠯᠤᠨ ᠨᠠᠶᠢᠳᠠᠪᠤᠷᠢᠵᠢᠭᠤᠯᠵᠤ《ᠳᠥᠷᠪᠡᠨ ᠰᠤᠷᠳᠡᠯ》 ᠢ ᠡᠰᠡᠷᠬᠦᠴᠡᠬᠦ ᠠᠷᠭ᠎ᠠ ᠬᠡᠮᠵᠢᠶ᠎ᠠ ᠪᠠᠷ ᠬᠥᠢᠴᠡᠳ᠂《ᠬᠤᠶᠠᠷ ᠬᠠᠷᠢᠭᠤᠴᠠᠯᠭ᠎ᠠ》 ᠶᠢ ᠨᠠᠶᠢᠳᠠᠪᠤᠷᠢᠵᠢᠭᠤᠯᠤᠬᠰᠠᠨ ᠢᠶᠠᠷ ᠬᠥᠢᠴᠡᠳ ᠬᠡᠵᠤ ᠥᠵᠡᠪᠡ᠃ 


    5.《ᠨᠢᠬᠡ ᠠᠵᠢᠯᠯᠠᠭ᠎ᠠ᠂ ᠳᠥᠷᠪᠡᠨ ᠳᠤᠬᠳᠠᠴᠠ》 ᠶᠢᠨ ᠠᠵᠢᠯᠯᠠᠬᠤ ᠠᠷᠭ᠎ᠠ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ 2013᠂ 2014 ᠤᠨ ᠳᠤ ᠪᠠᠶᠢᠴᠠᠭᠠᠬᠤ ᠠᠵᠢᠯ ᠤᠨ ᠰᠢᠠᠵᠢᠯᠡᠬᠦ ᠤᠬᠠᠭᠠᠠᠴᠢ ᠬᠥᠭᠵᠢᠯᠳᠠ ᠶᠢᠨ ᠥᠯᠢᠬᠡᠷ ᠠᠪᠴᠤ ᠥᠨᠠᠯᠠᠨ ᠵᠢᠱᠢᠯᠳᠠ ᠶᠢ ᠥᠷᠨᠢᠬᠦᠯᠵᠤ᠂ ᠥᠯᠢᠬᠡᠷ ᠠᠪᠴᠤ ᠥᠨᠠᠯᠠᠨ ᠵᠢᠱᠢᠯᠳᠠ ᠶᠢ ᠳᠤᠳᠤᠭᠠᠳᠤ ᠶᠢ ᠬᠠᠮᠠᠭᠠᠯᠠᠬᠤ ᠶᠢᠨ ᠪᠠᠷᠢᠪᠴᠢᠯᠠᠭᠤᠯᠬᠤ ᠮᠡᠳᠡᠬᠦᠯᠤᠯᠳᠠ ᠪᠠ ᠰᠢᠬᠦᠬᠦ ᠬᠤᠷᠢᠶᠠᠨ ᠤ ᠢᠷᠬᠡᠨ ᠤ ᠬᠡᠷᠡᠭ ᠤᠨ ᠬᠥᠢᠴᠡᠳᠬᠡᠯᠳᠠ ᠳᠡᠰᠢ ᠰᠤᠩᠭᠠᠭᠠᠵᠤ᠂ ᠳᠡᠬᠦᠠᠴᠢᠯᠠᠨ ᠵᠤᠬᠢᠶᠠᠨ ᠪᠠᠶᠢᠭᠤᠯᠵᠤ ᠥᠷᠨᠢᠬᠦᠯᠥᠭᠰᠡᠨ ᠰᠢᠷᠢᠰ ᠠᠵᠢᠯᠯᠠᠭ᠎ᠠ ᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠡᠭᠨᠡᠭᠰᠡᠨ ᠰᠠᠭᠤᠷᠢᠨ ᠳᠡᠬᠡᠷ᠎ᠠ᠂ ᠳᠤᠰ ᠪᠡᠶ᠎ᠠ ᠶᠢᠨ ᠠᠰᠠᠭᠤᠳᠡᠯ ᠢᠶᠠᠨ ᠰᠢᠠᠵᠢᠯᠡᠬᠦ ᠤᠬᠠᠭᠠᠠᠴᠢ ᠪᠠᠷ ᠢᠯᠡᠷᠡᠬᠦᠯᠬᠦ ᠪᠠ ᠨᠠᠷᠢᠨ ᠬᠢᠨᠠᠮᠠᠭᠠᠢ ᠰᠢᠢᠳᠪᠤᠷᠢᠯᠡᠬᠦ《ᠨᠢᠬᠡ ᠠᠵᠢᠯᠯᠠᠭ᠎ᠠ᠂ ᠳᠥᠷᠪᠡᠨ ᠳᠤᠬᠳᠠᠴᠠ》 ᠶᠢᠨ ᠠᠵᠢᠯᠯᠠᠬᠤ ᠠᠷᠭ᠎ᠠ ᠬᠢᠳᠡᠯ ᠢ ᠪᠤᠢ ᠪᠤᠯᠭᠠᠵᠠᠢ᠃ 


    ᠨᠢᠬᠡ ᠠᠵᠢᠯᠯᠠᠭ᠎ᠠ ᠬᠡᠳᠡᠭ ᠨᠢ ᠵᠢᠯ ᠪᠥᠷᠢ ᠳᠤ ᠨᠢᠬᠡ ᠤᠳᠠᠭ᠎ᠠ ᠥᠨᠠᠯᠠᠨ ᠵᠢᠱᠢᠬᠦ ᠠᠵᠢᠯ᠂ ᠠᠰᠠᠭᠤᠳᠡᠯ ᠢᠶᠠᠨ ᠡᠷᠢᠨ ᠪᠠᠶᠢᠴᠠᠭᠠᠬᠤ ᠪᠠᠷ ᠭᠤᠤᠯ ᠪᠤᠯᠭᠠᠬᠰᠠᠨ 《ᠪᠠᠶᠢᠴᠠᠭᠠᠬᠤ ᠠᠵᠢᠯ ᠤᠨ ᠰᠢᠠᠵᠢᠯᠡᠬᠦ ᠤᠬᠠᠭᠠᠠᠴᠢ ᠬᠥᠭᠵᠢᠯᠳᠠ ᠶᠢᠨ ᠥᠯᠢᠬᠡᠷ ᠠᠪᠴᠤ ᠥᠨᠠᠯᠠᠨ ᠵᠢᠱᠢᠬᠦ ᠠᠵᠢᠯᠯᠠᠭ᠎ᠠ》 ᠵᠤᠬᠢᠶᠠᠨ ᠪᠠᠶᠢᠭᠤᠯᠤᠨ ᠥᠷᠨᠢᠬᠦᠯᠵᠠᠢ᠃ ᠥᠨᠠᠯᠠᠨ ᠵᠢᠱᠢᠬᠦ ᠠᠵᠢᠯᠯᠠᠭ᠎ᠠ ᠨᠢ ᠰᠢᠪᠠᠭ᠎ᠠ ᠤᠨᠤᠭᠠᠵᠤ ᠥᠯᠢᠬᠡᠷ ᠠᠪᠬᠤ ᠠᠷᠭ᠎ᠠ ᠬᠡᠯᠪᠠᠷᠢ ᠶᠢ ᠠᠪᠴᠤ᠂ ᠤᠨᠤᠭ᠎ᠠ ᠳᠠᠭᠠᠷᠠᠬᠰᠠᠨ ᠨᠢᠬᠡᠴᠢ ᠶᠢᠨ ᠪᠠᠶᠢᠴᠠᠭᠠᠬᠤ ᠳᠤᠬᠠᠢᠢᠯᠠᠬᠰᠠᠨ ᠠᠵᠢᠯ᠂ ᠶᠠᠷᠤᠩᠬᠡᠢ ᠠᠵᠢᠯ ᠢ 70 ᠳᠥᠷᠤᠯ ᠵᠥᠢᠯ᠂ 312 ᠵᠤᠷᠪᠤᠰ ᠬᠤᠪᠢᠶᠠᠨ ᠥᠨᠠᠯᠠᠨ ᠪᠠᠶᠢᠴᠠᠭᠠᠵᠤ ᠥᠨᠠᠯᠠᠨ ᠵᠢᠱᠢᠬᠦ ᠪᠤᠯᠤᠨ᠎ᠠ᠃ 


    《ᠳᠥᠷᠪᠡᠨ ᠳᠤᠬᠳᠠᠴᠠ》ᠬᠡᠳᠡᠭ ᠨᠢ᠄ ᠨᠢᠬᠡ ᠳᠤ ᠳᠤᠰᠢᠶᠠᠯ ᠤᠨ ᠶᠠᠯᠠᠳᠤ ᠬᠡᠷᠡᠭ ᠤᠨ ᠴᠢᠨᠠᠷ ᠴᠢᠠᠰᠠᠭ᠎ᠠ ᠶᠢ ᠥᠨᠠᠯᠠᠨ ᠪᠠᠶᠢᠴᠠᠭᠠᠵᠤ ᠠᠯᠳᠠᠭ᠎ᠠ ᠶᠢ ᠵᠠᠯᠠᠷᠠᠭᠤᠯᠤᠨ ᠬᠠᠷᠢᠭᠤᠴᠠᠯᠭ᠎ᠠ ᠨᠡᠬᠡᠮᠵᠢᠯᠡᠬᠦ ᠳᠤᠬᠳᠠᠴᠠ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠵᠢᠯ ᠪᠥᠷᠢ ᠡᠯ᠎ᠠ ᠠᠶᠢᠮᠠᠭ ᠬᠤᠳᠠ ᠭᠠᠵᠠᠷ ᠤᠷᠤᠨ ᠤ ᠪᠠᠶᠢᠴᠠᠭᠠᠬᠤ ᠬᠤᠷᠢᠶ᠎ᠠ᠂ ᠥᠠᠳᠤᠰᠤᠨ ᠱᠠᠳᠤᠨ ᠤ ᠪᠠᠶᠢᠴᠠᠭᠠᠬᠤ ᠬᠤᠷᠢᠶ᠎ᠠ ᠶᠢᠨ ᠳᠡᠬᠡᠷ᠎ᠠ ᠨᠢᠬᠡ ᠵᠢᠯ ᠳᠤ ᠰᠢᠳᠬᠡᠭᠰᠡᠨ ᠳᠤᠰᠢᠶᠠᠯ ᠤᠨ ᠶᠠᠯᠠᠳᠤ ᠬᠡᠷᠡᠭ ᠲᠤ ᠭᠤᠤᠯᠳᠡᠯᠭ᠎ᠠ ᠲᠠᠢ ᠥᠯᠢᠬᠡᠷ ᠠᠪᠴᠤ ᠥᠨᠠᠯᠠᠨ ᠪᠠᠶᠢᠴᠠᠭᠠᠨ᠎ᠠ᠃ ᠬᠤᠶᠠᠷ ᠲᠤ ᠡᠷᠡᠬᠦᠤ ᠶᠢᠨ ᠬᠡᠷᠡᠭ ᠤᠨ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠠᠵᠢᠯ ᠳᠤ ᠥᠯᠢᠬᠡᠷ ᠠᠪᠴᠤ ᠥᠨᠠᠯᠠᠨ ᠪᠠᠶᠢᠴᠠᠭᠠᠵᠤ ᠠᠯᠳᠠᠭ᠎ᠠ ᠶᠢ ᠵᠠᠯᠠᠷᠠᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠳᠤᠬᠳᠠᠴᠠ᠃ ᠵᠢᠯ ᠪᠥᠷᠢ ᠡᠷᠡᠬᠦᠤ ᠶᠢᠨ ᠬᠡᠷᠡᠭ ᠤᠨ ᠬᠠᠤᠯᠢ ᠴᠠᠭᠠᠵᠠ ᠶᠢᠨ ᠬᠢᠨᠠᠯᠳᠠ ᠳᠡᠯᠪᠢᠬᠰᠠᠨ ᠪᠠᠶᠢᠳᠡᠯ ᠳᠤ ᠥᠯᠢᠬᠡᠷ ᠠᠪᠴᠤ ᠥᠨᠠᠯᠠᠨ ᠪᠠᠶᠢᠴᠠᠭᠠᠯᠳᠠ ᠬᠢᠵᠤ ᠤᠯᠠᠨ ᠳᠥᠮᠠᠨ ᠤ ᠳᠤᠰᠬᠠᠬᠰᠠᠨ ᠳᠤᠪᠤᠶᠢᠮ᠎ᠠ ᠠᠰᠠᠭᠤᠳᠡᠯ ᠢ ᠥᠠᠳᠤᠰᠤᠯᠠᠨ ᠥᠨᠠᠯᠠᠨ ᠪᠠᠶᠢᠴᠠᠭᠠᠬᠤ ᠬᠥᠷᠢᠶ᠎ᠠ ᠬᠡᠪᠴᠢᠶ᠎ᠠ ᠪᠠᠨ ᠳᠤᠬᠳᠠᠭᠠᠨ᠎ᠠ᠃ ᠭᠤᠷᠪᠡ ᠳᠤ ᠡᠷᠡᠬᠦᠤ ᠰᠢᠳᠬᠡᠯ ᠤᠨ ᠬᠥᠢᠴᠡᠳᠬᠡᠯᠳᠠ ᠳᠤ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠠᠵᠢᠯ ᠤᠨ ᠥᠯᠢᠬᠡᠷ ᠠᠪᠴᠤ ᠥᠨᠠᠯᠠᠨ ᠪᠠᠶᠢᠴᠠᠭᠠᠵᠤ ᠠᠯᠳᠠᠭ᠎ᠠ ᠶᠢ ᠵᠠᠯᠠᠷᠠᠭᠤᠯᠤᠨ ᠬᠠᠷᠢᠭᠤᠴᠠᠯᠭ᠎ᠠ ᠨᠡᠬᠡᠮᠵᠢᠯᠡᠬᠦ ᠳᠤᠬᠳᠠᠴᠠ᠃ ᠵᠢᠯ ᠪᠥᠷᠢ ᠰᠢᠬᠦᠬᠦ ᠬᠤᠷᠢᠶ᠎ᠠ ᠶᠢᠨ ᠡᠷᠡᠬᠦᠤ ᠬᠥᠡᠭᠬᠡᠷᠡᠬᠦᠯᠥᠭᠰᠡᠨ᠂ ᠳᠠᠩᠰᠠᠨ ᠰᠤᠯᠠᠯᠠᠬᠰᠠᠨ ᠬᠢᠨᠠᠨ ᠳᠤᠬᠳᠠᠭᠠᠯᠳᠠ ᠶᠢᠨ ᠠᠵᠢᠯ᠂ ᠬᠢᠨᠳᠠᠨ ᠬᠤᠷᠢᠭᠤᠯ ᠤᠨ ᠭᠠᠵᠠᠷ ᠤᠨ ᠡᠷᠡᠬᠦᠤ ᠰᠢᠳᠬᠡᠯ ᠬᠥᠢᠴᠡᠳᠬᠡᠭᠰᠡᠨ ᠪᠠ ᠵᠠᠬᠢᠷᠤᠨ ᠬᠠᠮᠢᠶᠠᠷᠬᠤ ᠠᠵᠢᠯᠯᠠᠭ᠎ᠠ ᠶᠢᠨ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠠᠵᠢᠯ ᠳᠤ ᠥᠯᠢᠬᠡᠷ ᠠᠪᠴᠤ ᠥᠨᠠᠯᠠᠨ ᠪᠠᠶᠢᠴᠠᠭᠠᠯᠳᠠ ᠬᠢᠨ᠎ᠠ᠃ ᠳᠥᠷᠪᠡ ᠳᠤ ᠢᠷᠬᠡᠨ ᠤ ᠪᠠ ᠵᠠᠰᠠᠭ ᠵᠠᠬᠢᠷᠭᠠᠨ ᠤ ᠬᠡᠷᠡᠭ ᠤᠨ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠠᠵᠢᠯ ᠤᠨ ᠥᠯᠢᠬᠡᠷ ᠠᠪᠴᠤ ᠥᠨᠠᠯᠠᠨ ᠪᠠᠶᠢᠴᠠᠭᠠᠵᠤ ᠠᠯᠳᠠᠭ᠎ᠠ ᠶᠢ ᠵᠠᠯᠠᠷᠠᠭᠤᠯᠤᠨ ᠬᠠᠷᠢᠭᠤᠴᠠᠯᠭ᠎ᠠ ᠨᠠᠬᠡᠮᠵᠢᠯᠡᠬᠦ ᠳᠤᠬᠳᠠᠴᠠ᠃ ᠵᠢᠯ ᠪᠥᠷᠢ ᠠᠵᠢᠯ ᠤᠨ ᠭᠤᠤᠯᠳᠡᠯᠭ᠎ᠠ ᠪᠠᠨ ᠥᠠᠳᠤᠰᠤᠯᠠᠵᠤ᠂ ᠥᠯᠢᠬᠡᠷ ᠠᠪᠴᠤ ᠥᠨᠠᠯᠠᠨ ᠪᠠᠶᠢᠴᠠᠭᠠᠬᠤ ᠠᠵᠢᠯ ᠤᠨ ᠬᠥᠷᠢᠶ᠎ᠠ ᠬᠡᠪᠴᠢᠶ᠎ᠠ ᠪᠠᠨ ᠳᠤᠬᠳᠠᠭᠠᠨ ᠥᠨᠠᠯᠠᠨ ᠪᠠᠶᠢᠴᠠᠭᠠᠯᠳᠠ ᠥᠷᠨᠢᠬᠦᠯᠤᠨ᠎ᠠ᠃ 


    ᠥᠯᠢᠬᠡᠷ ᠠᠪᠴᠤ ᠥᠨᠠᠯᠠᠨ ᠪᠠᠶᠢᠴᠠᠭᠠᠵᠤ ᠭᠠᠷᠭᠠᠬᠰᠠᠨ ᠠᠰᠠᠭᠤᠳᠡᠯ ᠤᠨ ᠰᠥᠪᠡᠭᠴᠢ ᠶᠢ ᠥᠠᠳᠤᠰᠤᠯᠠᠨ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠢᠶᠠᠷ ᠭᠤᠤᠯ ᠪᠤᠯᠭᠠᠬᠰᠠᠨ ᠪᠠᠶᠢᠴᠠᠭᠠᠬᠤ ᠳᠤᠭᠤᠢᠢᠯᠠᠩ ᠪᠠᠶᠢᠭᠤᠯᠵᠤ᠂ ᠠᠰᠠᠭᠤᠳᠡᠯ ᠢ ᠪᠠᠶᠢᠴᠠᠭᠠᠬᠤ ᠠᠯᠳᠠᠭ᠎ᠠ ᠵᠠᠯᠠᠷᠠᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠥᠷᠨᠢᠬᠦᠯᠵᠤ᠂ ᠬᠠᠮᠢᠶ᠎ᠠ ᠪᠥᠬᠦᠢ ᠬᠠᠷᠢᠭᠤᠴᠠᠯᠭᠠᠳᠠᠠ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠠ᠃ 


    6.《ᠳᠤᠯᠤᠭᠠᠨ ᠳᠤᠭᠤᠷᠢᠭᠤᠯᠬᠤ》᠃ 


     ᠳᠥᠪ ᠤᠨ ᠠᠵᠤ ᠠᠬᠤᠢ ᠶᠢᠨ ᠬᠤᠷᠠᠯᠳᠤᠭᠠᠨ ᠠᠴᠠ ᠬᠤᠶᠢᠰᠢ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠬᠥᠴᠤᠨ ᠢᠶᠠᠨ ᠵᠤᠬᠢᠶᠠᠨ ᠪᠠᠶᠢᠭᠤᠯᠵᠤ᠂ ᠠᠵᠤ ᠠᠬᠤᠢ ᠶᠢᠨ ᠬᠥᠭᠵᠢᠯᠳᠠ ᠶᠢᠨ ᠰᠢᠨ᠎ᠠ ᠬᠡᠪ ᠪᠠᠶᠢᠳᠡᠯ ᠤᠨ ᠪᠠᠶᠢᠴᠠᠭᠠᠬᠤ ᠠᠵᠢᠯ ᠳᠤ ᠳᠡᠯᠪᠢᠬᠰᠠᠨ ᠰᠢᠨ᠎ᠠ ᠱᠠᠭᠠᠷᠳᠡᠯᠭ᠎ᠠ ᠶᠢ ᠳᠤᠰᠬᠠᠢ ᠰᠡᠳᠤᠪ ᠢᠶᠠᠷ ᠰᠤᠳᠤᠯᠤᠭᠤᠯᠵᠠᠢ᠃ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠤᠳᠤᠬᠡᠷ ᠬᠤᠭᠤᠴᠠᠭᠠᠨ ᠤ ᠠᠷᠪᠡᠨ ᠭᠤᠷᠪᠠᠳᠤᠭᠠᠷ ᠪᠥᠬᠦᠳᠠ ᠬᠤᠷᠠᠯᠳᠤᠭᠠᠨ ᠵᠢᠴᠢ ᠪᠥᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠬᠤᠶᠢᠰᠢ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂《ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠤᠳᠤᠬᠡᠷ ᠬᠤᠭᠤᠴᠠᠭᠠᠨ ᠤ ᠠᠷᠪᠡᠨ ᠭᠤᠷᠪᠠᠳᠤᠭᠠᠷ ᠪᠥᠬᠦᠳᠠ ᠬᠤᠷᠠᠯᠳᠤᠭᠠᠨ ᠵᠢᠴᠢ ᠪᠥᠬᠦ ᠤᠷᠤᠨ ᠤ ᠠᠵᠤ ᠠᠬᠤᠢ ᠶᠢᠨ ᠬᠤᠷᠠᠯᠳᠤᠭᠠᠨ ᠤ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠳᠤᠬᠠᠢ ᠰᠠᠨᠠᠯ》 ᠢ ᠰᠤᠳᠤᠯᠤᠨ ᠪᠠᠳᠤᠯᠠᠵᠠᠢ᠃《ᠰᠠᠨᠠᠯ》ᠳᠤ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠢ ᠥᠬᠡᠷᠡᠴᠢᠯᠡᠯᠳᠠ ᠶᠢ ᠪᠥᠬᠦ ᠳᠡᠯ᠎ᠠ ᠪᠠᠷ ᠬᠥᠠᠵᠠᠬᠡᠶᠢᠷᠡᠬᠦᠯᠵᠤ᠂ ᠬᠠᠤᠯᠢ ᠪᠠᠷ ᠤᠷᠤᠨ ᠢᠶᠠᠨ ᠵᠠᠰᠠᠬᠤ ᠶᠢ ᠪᠥᠬᠦ ᠳᠡᠯ᠎ᠠ ᠪᠠᠷ ᠠᠬᠢᠭᠤᠯᠬᠤ ᠰᠢᠨ᠎ᠠ ᠪᠠᠶᠢᠳᠡᠯ ᠢ ᠬᠥᠠᠵᠠᠬᠡᠢ ᠳᠠᠨᠢᠵᠤ᠂ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ《ᠠᠵᠤ ᠠᠬᠤᠢ ᠶᠢᠨ ᠬᠥᠭᠵᠢᠯᠳᠠ ᠶᠢᠨ ᠰᠢᠨ᠎ᠠ ᠬᠡᠪ ᠪᠠᠶᠢᠳᠡᠯ ᠢ ᠳᠠᠨᠢᠵᠤ᠂ ᠳᠤᠬᠢᠷᠠᠯᠴᠠᠵᠤ᠂ ᠬᠥᠳᠤᠯᠤᠨ ᠳᠠᠭᠠᠭᠤᠯᠬᠤ》ᠰᠢᠷᠢᠰ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠳᠤᠷᠠᠳᠤᠨ ᠭᠠᠷᠭᠠᠵᠠᠢ᠃ ᠪᠠᠶᠢᠴᠠᠭᠠᠬᠤ ᠡᠷᠬᠡ ᠳᠤᠰᠢᠶᠠᠯ ᠤᠨ ᠥᠢᠯᠠᠳᠤᠯ ᠢᠶᠠᠨ ᠬᠥᠢᠴᠡᠳ ᠪᠠᠳᠠᠷᠠᠭᠤᠯᠵᠤ᠂ 《ᠳᠤᠯᠤᠭᠠᠨ ᠳᠤᠭᠤᠷᠢᠭᠤᠯᠬᠤ》ᠳᠡᠬᠡᠷ᠎ᠠ ᠠᠩᠬᠠᠷᠤᠯ ᠢᠶᠠᠨ ᠬᠠᠨᠳᠤᠭᠤᠯᠵᠤ ᠬᠥᠴᠤᠨ ᠢᠶᠠᠨ ᠳᠥᠪᠯᠡᠷᠡᠬᠦᠯᠤᠨ᠎ᠠ᠄ ᠨᠢᠬᠡ ᠳᠤ ᠥᠪᠡᠷᠳᠡᠬᠡᠨ ᠵᠠᠰᠠᠬᠤ ᠤᠷᠤᠨ ᠤ ᠵᠠᠰᠠᠭ ᠢᠶᠠᠨ ᠴᠤᠮᠬᠠᠳᠬᠠᠵᠤ ᠡᠷᠬᠡ ᠪᠠᠨ ᠳᠡᠯᠪᠢᠬᠤ ᠳᠡᠯ᠎ᠠ ᠪᠠᠷ ᠬᠢ ᠥᠬᠡᠷᠡᠴᠢᠯᠡᠯᠳᠠ ᠶᠢ ᠬᠥᠠᠵᠡᠬᠡᠶᠢᠷᠡᠬᠦᠯᠬᠦ ᠠᠷᠭ᠎ᠠ ᠬᠡᠮᠵᠢᠶ᠎ᠠ ᠶᠢ ᠳᠤᠭᠤᠷᠢᠭᠤᠯᠵᠤ᠂ ᠪᠠᠶᠢᠴᠠᠭᠠᠬᠤ ᠬᠢᠨᠠᠯᠳᠠ ᠶᠢᠨ ᠵᠠᠰᠠᠭ ᠤᠨ ᠤᠷᠳᠤᠨ ᠤ ᠡᠷᠬᠡ ᠳᠤᠰᠢᠶᠠᠯ ᠢᠶᠠᠨ ᠬᠤᠪᠢᠷᠠᠭᠤᠯᠬᠤ ᠶᠢ ᠠᠬᠢᠭᠤᠯᠬᠤ ᠳᠤ ᠥᠵᠡᠬᠦᠯᠬᠦ ᠬᠠᠤᠯᠢ ᠴᠠᠭᠠᠵᠠ ᠶᠢᠨ ᠪᠠᠳᠤᠯᠠᠮᠵᠢ ᠶᠢᠨ ᠥᠢᠯᠠᠳᠤᠯ ᠢᠶᠠᠨ ᠬᠥᠢᠴᠡᠳ ᠪᠠᠳᠠᠷᠠᠭᠤᠯᠤᠨ᠎ᠠ᠃ ᠬᠤᠶᠠᠷ ᠲᠤ ᠥᠪᠡᠷᠳᠡᠬᠡᠨ ᠵᠠᠰᠠᠬᠤ ᠤᠷᠤᠨ ᠤ ᠠᠵᠤ ᠥᠢᠯᠡᠳᠪᠤᠷᠢᠵᠢᠯᠳᠠ ᠶᠢᠨ ᠬᠡᠯᠪᠠᠷᠢ ᠶᠢᠨ ᠰᠢᠯᠵᠢᠯᠳᠠ ᠳᠡᠪᠰᠢᠯᠳᠠ ᠶᠢ ᠠᠬᠢᠭᠤᠯᠬᠤ ᠳᠡᠯ᠎ᠠ ᠪᠠᠷ ᠬᠢ ᠥᠬᠡᠷᠡᠴᠢᠯᠠᠯᠳᠠ ᠶᠢ ᠬᠥᠠᠵᠡᠬᠡᠶᠢᠷᠡᠬᠦᠯᠬᠦ ᠠᠷᠭ᠎ᠠ ᠬᠡᠮᠵᠢᠶ᠎ᠠ ᠶᠢ ᠳᠤᠭᠤᠷᠢᠭᠤᠯᠤᠨ᠂ ᠪᠠᠶᠢᠴᠠᠭᠠᠬᠤ ᠬᠢᠨᠠᠯᠳᠠ ᠶᠢᠨ ᠪᠥᠳᠤᠴᠠ ᠶᠢ ᠵᠤᠬᠢᠴᠠᠭᠤᠯᠵᠤ ᠠᠷᠭ᠎ᠠ ᠮᠠᠶ᠋ᠢᠭ ᠢ ᠬᠤᠪᠢᠷᠠᠭᠤᠯᠬᠤ ᠳᠤ ᠥᠵᠡᠬᠦᠯᠬᠦ ᠬᠠᠤᠯᠢ ᠴᠠᠭᠠᠵᠠ ᠶᠢᠨ ᠪᠠᠳᠤᠯᠠᠮᠵᠢ ᠶᠢᠨ ᠥᠢᠯᠠᠳᠤᠯ ᠢ ᠬᠥᠢᠴᠡᠳ ᠪᠠᠳᠠᠷᠠᠭᠤᠯᠤᠨ᠎ᠠ᠃ ᠭᠤᠷᠪᠡ ᠳᠤ ᠥᠪᠡᠷᠳᠡᠬᠡᠨ ᠵᠠᠰᠠᠬᠤ ᠤᠷᠤᠨ ᠤ ᠰᠢᠨ᠎ᠠ ᠶᠢ ᠡᠬᠦᠳᠤᠬᠦ ᠪᠠᠷ ᠬᠥᠭᠵᠢᠯᠳᠠ ᠪᠠᠨ ᠠᠬᠢᠭᠤᠯᠬᠤ ᠳᠡᠯ᠎ᠠ ᠪᠠᠷ ᠬᠢ ᠥᠬᠡᠷᠡᠴᠢᠯᠠᠯᠳᠠ ᠶᠢ ᠬᠥᠠᠵᠡᠬᠡᠶᠢᠷᠡᠬᠦᠯᠬᠦ ᠠᠷᠭ᠎ᠠ ᠬᠡᠮᠵᠢᠶ᠎ᠠ ᠶᠢ ᠳᠤᠭᠤᠷᠢᠭᠤᠯᠵᠤ᠂ ᠪᠠᠶᠢᠴᠠᠭᠠᠬᠤ ᠬᠢᠨᠠᠯᠳᠠ ᠶᠢᠨ ᠰᠢᠨ᠎ᠠ ᠡᠬᠦᠳᠤᠯᠳᠠ ᠶᠢ ᠠᠬᠢᠭᠤᠯᠬᠤ ᠳᠤ ᠥᠵᠡᠬᠦᠯᠬᠦ ᠬᠠᠤᠯᠢ ᠴᠠᠭᠠᠵᠠ ᠶᠢᠨ ᠪᠠᠳᠤᠯᠠᠮᠵᠢ ᠶᠢᠨ ᠥᠢᠯᠠᠳᠤᠯ ᠢ ᠬᠥᠢᠴᠡᠳ ᠪᠠᠳᠠᠷᠠᠭᠤᠯᠤᠨ᠎ᠠ᠃ ᠳᠥᠷᠪᠡ ᠳᠤ ᠥᠪᠡᠷᠳᠡᠬᠡᠨ ᠵᠠᠰᠠᠬᠤ ᠤᠷᠤᠨ ᠤ ᠬᠤᠳᠠ ᠪᠠᠯᠭᠠᠰᠤᠵᠢᠯᠳᠠ ᠶᠢ ᠠᠬᠢᠭᠤᠯᠬᠤ ᠳᠡᠯ᠎ᠠ ᠪᠠᠷ ᠬᠢ ᠥᠬᠡᠷᠡᠴᠢᠯᠠᠯᠳᠠ ᠶᠢ ᠬᠥᠠᠵᠡᠬᠡᠶᠢᠷᠡᠬᠦᠯᠬᠦ ᠠᠷᠭ᠎ᠠ ᠬᠡᠮᠵᠢᠶ᠎ᠠ ᠶᠢ ᠳᠤᠭᠤᠷᠢᠭᠤᠯᠵᠤ᠂ ᠪᠠᠶᠢᠴᠠᠭᠠᠬᠤ ᠬᠢᠨᠠᠯᠳᠠ ᠶᠢᠨ ᠬᠤᠳᠠ ᠬᠥᠳᠡᠭᠡ ᠶᠢᠨ ᠨᠢᠬᠡ ᠴᠤᠬᠴᠠᠵᠢᠯᠳᠠ ᠶᠢᠨ ᠪᠥᠳᠤᠬᠡᠨ ᠪᠠᠶᠢᠭᠤᠯᠤᠯᠳᠠ ᠳᠤ ᠥᠵᠡᠬᠦᠯᠬᠦ ᠬᠠᠤᠯᠢ ᠴᠠᠭᠠᠵᠠ ᠶᠢᠨ ᠪᠠᠳᠤᠯᠠᠮᠵᠢ ᠶᠢᠨ ᠥᠢᠯᠠᠳᠤᠯ ᠢ ᠬᠥᠢᠴᠡᠳ ᠪᠠᠳᠠᠷᠠᠭᠤᠯᠤᠨ᠎ᠠ᠃ ᠳᠠᠪᠤ ᠳᠤ ᠥᠪᠡᠷᠳᠡᠬᠡᠨ ᠵᠠᠰᠠᠬᠤ ᠤᠷᠤᠨ ᠤ ᠨᠡᠬᠡᠬᠡᠯᠳᠠᠳᠤ ᠬᠡᠯᠪᠠᠷᠢ ᠶᠢᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢ ᠴᠤᠬᠴᠠᠯᠠᠬᠤ ᠳᠡᠯ᠎ᠠ ᠪᠠᠷ ᠬᠢ ᠥᠬᠡᠷᠡᠴᠢᠯᠠᠯᠳᠠ ᠶᠢ ᠬᠥᠠᠵᠡᠬᠡᠶᠢᠷᠡᠬᠦᠯᠬᠦ ᠠᠷᠭ᠎ᠠ ᠬᠡᠮᠵᠢᠶ᠎ᠠ ᠶᠢ ᠳᠤᠭᠤᠷᠢᠭᠤᠯᠵᠤ᠂ ᠪᠠᠶᠢᠴᠠᠭᠠᠬᠤ ᠬᠢᠨᠠᠯᠳᠠ ᠶᠢᠨ ᠨᠡᠬᠡᠬᠡᠯᠳᠠ ᠶᠢ ᠪᠥᠬᠦ ᠳᠡᠯ᠎ᠠ ᠪᠠᠷ ᠠᠬᠢᠭᠤᠯᠬᠤ ᠳᠤ ᠥᠵᠡᠬᠦᠯᠬᠦ ᠬᠠᠤᠯᠢ ᠴᠠᠭᠠᠵᠠ ᠶᠢᠨ ᠪᠠᠳᠤᠯᠠᠮᠵᠢ ᠶᠢᠨ ᠥᠢᠯᠠᠳᠤᠯ ᠢ ᠬᠥᠢᠴᠡᠳ ᠪᠠᠳᠠᠷᠠᠭᠤᠯᠤᠨ᠎ᠠ᠃ ᠵᠢᠷᠭᠤᠭ᠎ᠠ ᠳᠤ ᠥᠪᠡᠷᠳᠡᠬᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠳᠡᠯ᠎ᠠ ᠪᠠᠷ ᠬᠡᠷᠡᠭᠵᠢᠬᠦᠯᠥᠭᠰᠡᠨ ᠭᠤᠤᠯᠳᠠᠭ᠎ᠠ ᠲᠠᠢ ᠢᠠᠵᠸ᠋ᠨ᠋ᠸ᠋ᠷᠢᠩ ᠢ ᠳᠤᠭᠤᠷᠢᠭᠤᠯᠵᠤ᠂ ᠪᠠᠶᠢᠴᠠᠭᠠᠬᠤ ᠬᠢᠨᠠᠯᠳᠠ ᠶᠢᠨ ᠠᠷᠠᠳ ᠤᠯᠠᠨ ᠤ ᠳᠤᠰ ᠪᠡᠶ᠎ᠠ ᠶᠢᠨ ᠬᠢᠨᠢ ᠠᠰᠢᠭ ᠳᠤᠰᠠ ᠶᠢ ᠬᠠᠮᠠᠭᠠᠯᠠᠬᠤ ᠳᠤ ᠥᠵᠡᠬᠦᠯᠬᠦ ᠬᠠᠤᠯᠢ ᠴᠠᠭᠠᠵᠠ ᠶᠢᠨ ᠪᠠᠳᠤᠯᠠᠮᠵᠢ ᠶᠢᠨ ᠥᠢᠯᠠᠳᠤᠯ ᠢ ᠬᠥᠢᠴᠡᠳ ᠪᠠᠳᠠᠷᠠᠭᠤᠯᠤᠨ᠎ᠠ᠃ ᠳᠤᠯᠤᠭ᠎ᠠ ᠳᠤ ᠥᠬᠡᠷᠡᠴᠢᠯᠠᠯᠳᠠ ᠬᠢᠵᠤ ᠰᠢᠨ᠎ᠠ ᠶᠢ ᠡᠭᠦᠳᠬᠦ ᠬᠤᠷᠸ᠎ᠠ ᠳᠤᠬᠢᠷᠠᠭᠤᠯᠤᠯᠳᠠ ᠶᠢᠨ ᠠᠷᠭ᠎ᠠ ᠮᠠᠶ᠋ᠢᠭ ᠢ ᠳᠤᠭᠤᠷᠢᠭᠤᠯᠵᠤ᠂ ᠪᠠᠶᠢᠴᠠᠭᠠᠬᠤ ᠬᠢᠨᠠᠯᠳᠠ ᠶᠢᠨ ᠠᠵᠤ ᠠᠬᠤᠢ ᠶᠢᠨ ᠯᠠᠪᠳᠠᠭᠤᠨ ᠢᠶᠠᠷ ᠠᠬᠢᠭᠤᠯᠬᠤ ᠶᠠᠷᠤᠩᠬᠡᠢ ᠠᠶᠢᠵᠢᠮ ᠢ ᠳᠤᠤᠱᠯᠠᠭᠤᠯᠬᠤ ᠳᠤ ᠥᠵᠡᠬᠦᠯᠬᠦ ᠬᠠᠤᠯᠢ ᠴᠠᠭᠠᠵᠠ ᠶᠢᠨ ᠪᠠᠳᠤᠯᠠᠮᠵᠢ ᠶᠢᠨ ᠥᠢᠯᠠᠳᠤᠯ ᠢ ᠬᠥᠢᠴᠡᠳ ᠪᠠᠳᠠᠷᠠᠭᠤᠯᠤᠨ᠎ᠠ᠃ 


ᠢᠷᠡᠯᠲᠡ
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro