︽ᠠᠯᠪᠠᠳᠡᠨ ᠮᠡᠳᠡᠭᠦᠯᠦᠭᠦᠯᠬᠦ ᠳᠦᠷᠢᠮ︾ ᠢ ᠬᠠᠮᠲᠤᠪᠡᠷ ᠰᠣᠷᠣᠯᠴᠠᠵᠤ ᠨᠠᠰᠣᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠶ᠎ᠠ
ᠨᠠᠰᠣᠨ ᠳᠤ ᠦᠯᠦ ᠬᠦᠷᠦᠭᠰᠡᠳ ᠤᠨ ᠤᠶᠤᠨ ᠤᠬᠠᠭᠠᠨ ᠤ ᠪᠤᠶᠢᠵᠢᠯᠲᠠ ᠨᠢ ᠪᠣᠯᠪᠠᠰᠣᠷᠠᠩᠭᠤᠢ ᠪᠤᠰᠤ ᠠᠴᠠ ᠪᠣᠯᠵᠤ᠂ ᠬᠠᠣᠯᠢ ᠪᠤᠰᠤ ᠬᠠᠯᠳᠠᠯᠭ᠎ᠠ ᠳᠤ ᠤᠴᠠᠷᠠᠪᠠᠯ᠂ ᠶᠡᠷᠤ ᠨᠢ ᠴᠠᠭ ᠲᠣᠬᠠᠢ ᠳᠤᠨᠢ ᠲᠣᠰᠠᠯᠠᠮᠵᠢ ᠡᠷᠢᠵᠤ ᠴᠢᠳᠠᠬᠤ ᠦᠭᠡᠢ ᠪᠣᠶᠣ ᠲᠣᠰᠠᠯᠠᠮᠵᠢ ᠡᠷᠢᠬᠦ ᠠᠴᠠ ᠵᠢᠷᠦᠬᠡᠰᠢᠶᠡᠳᠡᠭ᠂ ᠡᠭᠦᠨ ᠳᠤ ᠴᠢᠭᠯᠡᠭᠦᠯᠦᠨ ᠤᠯᠤᠰ ᠠᠴᠠ ᠨᠠᠰᠣᠨ ᠳᠤ ᠦᠯᠦ ᠬᠦᠷᠦᠭᠰᠡᠳ ᠲᠤ ᠬᠠᠯᠳᠠᠭᠰᠠᠨ ᠶᠠᠯᠠᠲᠦ ᠠᠵᠢᠯᠯᠠᠭ᠎ᠠ ᠶᠢ ᠴᠠᠭ ᠲᠣᠬᠠᠢ ᠳᠤᠨᠢ ᠪᠦᠲᠦᠮᠵᠢᠲᠠᠢ ᠵᠠᠯᠬᠠᠭᠠᠨ ᠰᠢᠳᠭᠡᠬᠦ ᠶᠢᠨ ᠲᠦᠯᠦᠭᠡ 《 ᠠᠯᠪᠠᠳᠡᠨ ᠮᠡᠳᠡᠭᠦᠯᠦᠭᠦᠯᠬᠦ ᠳᠦᠷᠢᠮ 》 ᠢ ᠲᠣᠭᠲᠠᠭᠠᠪᠠ᠃
ᠨᠢᠭᠡ᠂ ᠶᠠᠭᠤ ᠶᠢ 《 ᠠᠯᠪᠠᠳᠡᠨ ᠮᠡᠳᠡᠭᠦᠯᠦᠭᠦᠯᠬᠦ ᠳᠦᠷᠢᠮ 》 ᠭᠡᠬᠦ ᠪᠣᠢ︖
ᠰᠢᠨ᠎ᠡ ᠪᠠᠷ ᠵᠠᠰᠠᠨ ᠲᠣᠭᠲᠠᠭᠠᠭᠰᠠᠨ 《 ᠨᠠᠰᠣᠨ ᠳᠤ ᠦᠯᠦ ᠬᠦᠷᠦᠭᠰᠡᠳ ᠢ ᠬᠠᠮᠠᠭᠠᠯᠠᠬᠤ ᠬᠠᠣᠯᠢ 》 ᠶᠢᠨ ᠠᠷᠪᠠᠨ ᠨᠢᠭᠡᠳᠦᠭᠡᠷ ᠵᠣᠶᠢᠯ ᠳᠤ ᠣᠯᠣᠰ ᠤᠨ ᠪᠠᠶᠢᠭᠤᠯᠭ᠎ᠠ᠂ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠵᠡᠷᠭᠡ ᠨᠠᠰᠣᠨ ᠳᠤ ᠦᠯᠦ ᠬᠦᠷᠦᠭᠰᠡᠳ ᠤᠨ ᠦᠰᠦᠨ ᠪᠣᠶᠢᠵᠢᠯᠲᠠ ᠶᠢ ᠠᠩᠬᠠᠷᠤᠨ ᠬᠠᠯᠠᠮᠵᠢᠯᠠᠬᠤ ᠡᠭᠦᠷᠭᠡ ᠬᠠᠷᠢᠭᠤᠴᠠᠯᠭ᠎ᠠ ᠲᠠᠢ ᠪᠠᠶᠢᠭᠤᠯᠭ᠎ᠠ ᠨᠢᠭᠡᠴᠢ ᠵᠢᠴᠢ ᠲᠡᠭᠦᠨ ᠤ ᠠᠵᠢᠯᠲᠠᠳ᠂ ᠠᠵᠢᠯ ᠤᠨ ᠳᠣᠮᠳᠠ ᠪᠠᠨ ᠨᠠᠰᠣᠨ ᠳᠤ ᠦᠯᠦ ᠬᠦᠷᠦᠭᠰᠡᠳ ᠤᠨ ᠪᠡᠶ᠎ᠡ ᠰᠡᠳᠭᠢᠴᠡ ᠶᠢᠨ ᠡᠷᠡᠭᠦᠯ ᠮᠡᠨᠳᠦ ᠬᠠᠯᠳᠠᠯᠭ᠎ᠠ ᠳᠤ ᠤᠴᠠᠷᠠᠭᠰᠠᠨ ᠪᠤᠶᠤ ᠬᠠᠯᠳᠠᠯᠭ᠎ᠠ ᠳᠤ ᠤᠴᠠᠷᠠᠭᠰᠠᠨ ᠰᠡᠵᠢᠭᠯᠡᠯᠲᠡᠢ᠂ ᠪᠣᠰᠣᠳ ᠠᠶᠤᠯ ᠲᠦᠭᠰᠢᠭᠦᠷᠢᠲᠡᠢ ᠪᠠᠶᠢᠳᠠᠯ ᠳᠤ ᠲᠣᠯᠭᠠᠷᠠᠭᠰᠠᠨ ᠢ ᠣᠯᠵᠤ ᠮᠡᠳᠡᠪᠠᠯ᠂ ᠲᠣᠲᠣᠭᠠᠳᠣ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠦᠮᠦᠵᠢᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠲᠡᠷᠡ ᠳᠠᠷᠤᠢ ᠳᠤᠨᠢ ᠮᠡᠳᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠳᠠᠭ᠂ ᠡᠭᠦᠨ ᠢ ︽ᠠᠯᠪᠠᠳᠡᠨ ᠮᠡᠳᠡᠭᠦᠯᠦᠭᠦᠯᠬᠦ ᠳᠦᠷᠢᠮ︾ ᠭᠡᠳᠡᠭ᠃
ᠬᠤᠶᠠᠷ᠂ ᠶᠠᠮᠠᠷ ᠪᠠᠶᠢᠳᠠᠯ ᠢ ᠮᠡᠳᠡᠭᠦᠯᠬᠦ ᠴᠢᠬᠤᠯᠠ ᠲᠠᠢ ᠪᠤᠢ︖
1.ᠨᠠᠰᠣᠨ ᠳᠤ ᠦᠯᠦ ᠬᠦᠷᠦᠭᠰᠡᠳ ᠤᠨ ᠪᠡᠯᠭᠡ ᠶᠢᠨ ᠡᠷᠭᠡᠳᠡᠨ ᠪᠣᠶᠤ ᠪᠡᠶ᠎ᠡ ᠶᠢᠨ ᠨᠢᠭᠤᠴᠠ ᠬᠡᠰᠡᠭ ᠨᠢ ᠬᠡᠪ ᠤᠨ ᠪᠣᠰᠤ ᠭᠡᠮᠲᠦᠯ ᠳᠤ ᠤᠴᠠᠷᠠᠭᠰᠠᠨ ᠪᠣᠶᠣ ᠡᠶᠢᠮᠦᠷᠬᠦ ᠰᠡᠵᠢᠭᠯᠡᠯ ᠲᠠᠢ ᠃
2.14 ᠪᠦᠬᠦᠯᠢ ᠨᠠᠰᠤ ᠭᠦᠷᠦᠭᠡᠳᠦᠢ ᠡᠮᠡᠭᠲᠡᠢ ᠨᠠᠰᠤᠨ ᠳᠤ ᠦᠯᠦ ᠬᠦᠷᠦᠭᠰᠡᠳ ᠪᠡᠯᠭᠡ ᠶᠢᠨ ᠬᠠᠯᠳᠠᠯᠭ᠎ᠠ ᠳᠤ ᠤᠴᠠᠷᠠᠭᠰᠠᠨ᠂ ᠵᠢᠷᠮᠦᠰᠦᠯᠡᠭᠰᠡᠨ᠂ ᠣᠷᠤᠭ ᠤᠨᠠᠭᠠᠭᠰᠠᠨ ᠪᠤᠶᠤ ᠡᠶᠢᠮᠦᠷᠬᠦ ᠰᠡᠵᠢᠭᠯᠡᠯ ᠲᠠᠢ ᠃
3.14 ᠪᠦᠬᠦᠯᠢ ᠨᠠᠰᠤᠨ ᠠᠴᠠ ᠳᠡᠭᠡᠭᠰᠢᠬᠢ ᠡᠮᠡᠭᠲᠡᠢ ᠨᠠᠰᠤᠨ ᠳᠤ ᠦᠯᠦ ᠬᠦᠷᠦᠭᠰᠡᠳ ᠪᠡᠯᠭᠡ ᠶᠢᠨ ᠬᠠᠯᠳᠠᠯᠭ᠎ᠠ ᠳᠤ ᠤᠴᠠᠷᠠᠭᠰᠠᠨ ᠠᠴᠠ ᠪᠣᠯᠵᠤ ᠵᠢᠷᠮᠦᠰᠦᠯᠡᠭᠰᠡᠨ᠂ ᠣᠷᠤᠭ ᠤᠨᠠᠭᠠᠭᠰᠠᠨ ᠪᠤᠶᠤ ᠡᠶᠢᠮᠦᠷᠬᠦ ᠰᠡᠵᠢᠭᠯᠡᠯ ᠲᠠᠢ ᠃
4.ᠨᠠᠰᠣᠨ ᠳᠤ ᠦᠯᠦ ᠬᠦᠷᠦᠭᠰᠡᠳ ᠤᠨ ᠪᠡᠶ᠎ᠡ ᠮᠠᠬᠠᠪᠤᠳ ᠲᠤ ᠣᠯᠠᠨ ᠰᠢᠷᠬ᠎ᠠ ᠰᠣᠷᠪᠢ ᠲᠠᠢ᠂ ᠰᠢᠮ᠎ᠡ ᠲᠡᠵᠢᠭᠡᠯ ᠨᠢ ᠬᠦᠨᠳᠦ ᠨᠣᠴᠢᠲᠠᠢ ᠲᠣᠲᠠᠭᠳᠠᠭᠰᠠᠨ᠂ ᠤᠬᠠᠭᠠᠨ ᠰᠠᠨᠠᠭ᠎ᠠ ᠨᠢ ᠪᠠᠯᠠᠷᠬᠠᠢ᠂ ᠭᠡᠷ ᠪᠦᠯᠢ ᠶᠢᠨ ᠬᠦᠴᠦᠷᠬᠡᠭᠯᠡᠯ᠂ ᠳᠣᠷᠣᠮᠵᠢᠯᠠᠯ᠂ ᠲᠡᠮᠦᠯᠡᠯ ᠪᠤᠶᠤ ᠬᠦᠮᠦᠨ ᠳᠤ ᠮᠢᠨᠴᠦᠭᠦᠷᠡᠭᠦᠯᠦᠭᠳᠡᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ ᠪᠣᠶᠣ ᠡᠶᠢᠮᠦᠷᠬᠦ ᠰᠡᠵᠢᠭᠯᠡᠯ ᠲᠠᠢ ᠃
5. ᠨᠠᠰᠣᠨ ᠳᠤ ᠦᠯᠦ ᠬᠦᠷᠦᠭᠰᠡᠳ ᠪᠡᠶ᠎ᠡ ᠪᠠᠨ ᠬᠤᠣᠷᠯᠠᠭᠰᠠᠨ᠂ ᠭᠡᠮᠲᠦᠭᠡᠭᠰᠡᠨ᠂ ᠠᠵᠢᠯᠯᠠᠵᠤ ᠪᠠᠶᠢᠭᠠᠳ ᠭᠡᠮᠲᠦᠭᠰᠡᠨ ᠂ ᠬᠤᠣᠷᠳᠠᠭᠳᠠᠭᠰᠠᠨ᠂ ᠮᠢᠨᠴᠦᠭᠦᠷᠡᠭᠦᠯᠦᠭᠳᠡᠭᠰᠡᠨ᠂ ᠵᠣᠳᠤᠭᠳᠠᠭᠰᠠᠨ ᠵᠠᠷᠭᠡ ᠬᠡᠪ ᠤᠨ ᠪᠣᠰᠤ ᠰᠢᠯᠲᠠᠭᠠᠨ ᠠᠴᠠ ᠪᠣᠯᠵᠦ ᠵᠡᠮᠳᠡᠭ ᠪᠣᠯᠣᠭᠰᠠᠨ ᠪᠤᠶᠤ ᠦᠬᠦᠭᠰᠡᠨ ᠪᠠᠶᠢᠳᠠᠯ᠃
6.ᠨᠠᠰᠣᠨ ᠳᠤ ᠦᠯᠦ ᠬᠦᠷᠦᠭᠰᠡᠳ ᠭᠤᠯᠣᠭᠳᠠᠵᠤ ᠬᠠᠶᠠᠭᠳᠠᠭᠰᠠᠨ ᠪᠤᠶᠤ ᠤᠷᠳᠤ ᠬᠤᠭᠤᠴᠠᠭ᠎ᠠ ᠪᠠᠷ ᠬᠠᠷᠠᠭᠠᠯᠵᠠᠬᠤ ᠬᠦᠮᠦᠨ ᠦᠭᠡᠢ ᠪᠠᠶᠢᠳᠠᠯ᠃
7.ᠨᠠᠰᠣᠨ ᠳᠤ ᠦᠯᠦ ᠬᠦᠷᠦᠭᠰᠡᠳ ᠤᠨ ᠢᠷᠡᠯᠲᠡ ᠨᠢ ᠲᠣᠳᠣᠷᠬᠠᠢ ᠦᠭᠡᠢ᠂ ᠠᠯᠠᠭ᠎ᠠ ᠪᠣᠯᠣᠭᠰᠠᠨ᠂ ᠮᠡᠬᠡᠯᠡᠭᠳᠡᠨ ᠬᠤᠳᠠᠯᠳᠣᠭᠳᠠᠭᠰᠠᠨ᠂ ᠮᠡᠬᠡᠯᠡᠨ ᠠᠪᠴᠢᠷᠠᠭᠰᠠᠨ ᠪᠠᠶᠢᠳᠠᠯ᠃
8.ᠨᠠᠰᠣᠨ ᠳᠤ ᠦᠯᠦ ᠬᠦᠷᠦᠭᠰᠡᠳ ᠢ ᠵᠣᠬᠢᠶᠠᠨ ᠪᠠᠶᠢᠭᠤᠯᠵᠤ ᠭᠤᠶᠢᠷᠠᠨᠴᠢᠭᠤᠯᠣᠭᠰᠠᠨ ᠪᠠᠶᠢᠳᠠᠯ᠃
9. ᠨᠠᠰᠣᠨ ᠳᠤ ᠦᠯᠦ ᠬᠦᠷᠦᠭᠰᠡᠳ ᠤᠨ ᠪᠡᠶ᠎ᠡ ᠰᠡᠳᠭᠢᠴᠡ ᠶᠢᠨ ᠡᠷᠡᠭᠦᠯ ᠮᠡᠨᠳᠦ ᠳᠤ ᠭᠦᠨᠳᠦ ᠨᠣᠴᠢᠲᠠᠢ ᠬᠠᠯᠳᠠᠯᠭ᠎ᠠ ᠬᠢᠭᠰᠡᠨ ᠪᠣᠰᠣᠳ ᠪᠠᠶᠢᠳᠠᠯ ᠪᠤᠶᠤ ᠨᠠᠰᠣᠨ ᠳᠤ ᠦᠯᠦ ᠬᠦᠷᠦᠭᠰᠡᠳ ᠬᠠᠣᠯᠢ ᠪᠤᠰᠤ ᠬᠠᠯᠳᠠᠯᠭ᠎ᠠ ᠳᠤ ᠣᠨᠴᠠᠷᠠᠵᠤ ᠪᠠᠶᠢᠭ᠎ᠠ ᠪᠠᠶᠢᠳᠠᠯ᠃
ᠭᠤᠷᠪᠠ᠂ ᠮᠡᠳᠡᠭᠦᠯᠬᠦ ᠡᠭᠦᠷᠭᠡ ᠪᠠᠨ ᠭᠦᠢᠴᠡᠳᠭᠡᠬᠦ ᠦᠭᠡᠢ ᠪᠣᠯ ᠶᠠᠮᠠᠷ ᠦᠷ᠎ᠡ ᠳ᠋ᠦᠩ ᠢ ᠡᠭᠦᠷᠭᠡᠯᠡᠬᠦ ᠴᠢᠬᠤᠯᠠᠲᠠᠢ ᠪᠤᠢ︖
ᠠᠯᠪᠠᠳᠠᠨ ᠮᠡᠳᠡᠭᠦᠯᠦᠭᠦᠯᠬᠦ ᠳᠦᠷᠢᠮ ᠳᠠᠬᠢ 《 ᠮᠡᠳᠡᠭᠦᠯᠦᠭᠦᠯᠬᠦ 》 ᠪᠣᠯ ᠵᠠᠪᠠᠯ ᠴᠠᠭ ᠲᠣᠬᠠᠢ ᠳᠤᠨᠢ ᠮᠡᠳᠡᠭᠦᠯᠬᠦ ᠨᠢᠭᠡᠨ ᠡᠭᠦᠷᠭᠡ ᠪᠣᠯᠣᠨ᠎ᠠ᠂ ᠮᠡᠳᠡᠭᠦᠯᠬᠦ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠨ᠎ᠡ᠃ ᠮᠡᠳᠡᠭᠦᠯᠬᠦ ᠡᠭᠦᠷᠭᠡ ᠲᠠᠢ ᠨᠢᠭᠡᠴᠢ ᠵᠢᠴᠢ ᠲᠡᠭᠦᠨ ᠤ ᠠᠵᠢᠯᠲᠠᠨ ᠮᠡᠳᠡᠭᠦᠯᠬᠦ ᠡᠭᠦᠷᠭᠡ ᠪᠠᠨ ᠭᠦᠢᠴᠡᠳᠭᠡᠭᠰᠡᠨ ᠦᠭᠡᠢ ᠠᠴᠠ ᠪᠣᠯᠵᠤ ᠭᠦᠨᠳᠦ ᠨᠣᠴᠢᠲᠠᠢ ᠦᠷ᠎ᠡ ᠳ᠋ᠦᠩ ᠢ ᠪᠤᠢ ᠪᠤᠯᠭᠠᠭᠰᠠᠨ ᠪᠠᠶᠢᠪᠠᠯ ᠂ ᠳᠡᠭᠡᠷ᠎ᠡ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠪᠠᠶᠢᠭ᠎ᠠ ᠨᠢᠭᠡᠴᠢ ᠠᠴᠠ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠣᠭᠴᠢ ᠪᠤᠶᠤ ᠪᠣᠰᠣᠳ ᠬᠠᠷᠢᠭᠤᠴᠠᠯᠭᠠᠲᠠᠨ ᠳᠤ ᠬᠠᠣᠯᠢ ᠶᠣᠰᠣᠭᠠᠷ ᠰᠢᠳᠭᠡᠯ ᠦᠭᠭᠦᠨ᠎ᠡ᠃ ᠮᠡᠳᠡᠭᠦᠯᠬᠦ ᠶᠢ ᠬᠠᠷᠰᠢᠯᠠᠭᠴᠢ ᠶᠢ ᠬᠦᠨᠳᠦ ᠪᠠᠷ ᠰᠢᠳᠭᠡᠨ᠎ᠡ᠃ ᠤᠯᠤᠰ ᠤᠨ ᠠᠯᠪᠠᠨ ᠲᠣᠰᠢᠶᠠᠯᠲᠠᠨ《ᠠᠯᠪᠠᠳᠡᠨ ᠮᠡᠳᠡᠭᠦᠯᠦᠭᠦᠯᠬᠦ ᠳᠦᠷᠢᠮ 》 ᠢ ᠣᠷᠲᠣ ᠬᠤᠭᠤᠴᠠᠭ᠎ᠠ ᠪᠠᠷ ᠴᠢᠬᠤᠯᠠᠴᠢᠯᠠᠬᠤ ᠦᠭᠡᠢ᠂ ᠲᠣᠭᠲᠠᠭᠠᠯ ᠶᠣᠰᠣᠭᠠᠷ ᠨᠠᠶᠢᠳᠠᠪᠣᠷᠢᠵᠢᠭᠤᠯᠬᠤ ᠦᠭᠡᠢ ᠪᠠᠶᠢᠪᠠᠯ ᠬᠢᠨᠠᠨ ᠪᠠᠶᠢᠴᠠᠭᠠᠬᠤ ᠵᠦᠪᠯᠡᠯ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠳᠥᠷᠪᠡ᠂《ᠠᠯᠪᠠᠳᠡᠨ ᠮᠡᠳᠡᠭᠦᠯᠦᠭᠦᠯᠬᠦ ᠳᠦᠷᠢᠮ 》 ᠨᠢ ᠨᠠᠰᠣᠨ ᠳᠤ ᠦᠯᠦ ᠬᠦᠷᠦᠭᠰᠡᠳ ᠢ ᠬᠠᠮᠠᠭᠠᠯᠠᠬᠤ ᠳᠤ ᠶᠠᠮᠡᠷ ᠴᠢᠬᠤᠯᠠ ᠠᠴᠢ ᠬᠤᠯᠪᠣᠭᠳᠠᠯ ᠲᠠᠢ ᠪᠤᠢ︖
1. ᠨᠠᠰᠣᠨ ᠳᠤ ᠦᠯᠦ ᠬᠦᠷᠦᠭᠰᠡᠳ ᠤᠨ ᠬᠠᠯᠳᠠᠯᠭ᠎ᠠ ᠳᠤ ᠤᠴᠠᠷᠠᠭᠰᠠᠨ ᠰᠦᠪᠡᠭᠴᠢ ᠶᠢ ᠴᠠᠭ ᠲᠣᠬᠠᠢ ᠳᠤᠨᠢ ᠢᠯᠡᠷᠡᠭᠦᠯᠵᠦ᠂ ᠭᠡᠷᠡᠴᠢ ᠪᠠᠷᠢᠮᠲᠠ ᠶᠢ ᠪᠦᠷᠢᠨᠰᠢᠭᠦᠯᠦᠨ ᠬᠠᠮᠠᠭᠠᠯᠠᠬᠤ ᠳᠤ ᠠᠰᠢᠭᠲᠠᠢ ᠪᠠᠶᠢᠵᠤ᠂ ᠬᠠᠥᠯᠢ ᠠᠴᠠ ᠵᠦᠷᠢᠴᠡᠭᠰᠡᠨ ᠶᠠᠯᠠᠲᠦ ᠬᠡᠷᠡᠭᠲᠡᠨ ᠳᠤ ᠴᠠᠭ ᠲᠤᠬᠠᠢ ᠳᠤᠨᠢ ᠪᠦᠲᠦᠮᠵᠢᠲᠡᠢ ᠪᠠᠷ ᠴᠤᠬᠢᠯᠲᠠ ᠦᠭᠬᠦ ᠶᠢ ᠪᠠᠲᠤᠯᠠᠬᠤ ᠪᠣᠯᠤᠨ᠎ᠠ ᠃
2. ᠬᠠᠤᠯᠢ ᠪᠣᠰᠤ ᠬᠠᠯᠳᠠᠯᠭ᠎ᠠ ᠳᠤ ᠤᠴᠠᠷᠠᠭᠰᠠᠨ ᠨᠠᠰᠤᠨ ᠳᠤ ᠦᠯᠦ ᠬᠦᠷᠦᠭᠰᠡᠳ ᠢ ᠴᠠᠭ ᠲᠣᠬᠠᠢ ᠳᠤᠨᠢ ᠡᠮᠨᠡᠨ ᠠᠪᠤᠷᠠᠬᠤ᠂ ᠰᠡᠳᠭᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠬᠠᠤᠯᠢ ᠪᠠᠷᠢᠯᠲᠠ ᠶᠢᠨ ᠠᠪᠤᠷᠠᠨ ᠲᠣᠰᠠᠯᠠᠯᠲᠠ ᠬᠢᠬᠦ ᠵᠡᠷᠭᠡ ᠠᠵᠢᠯ ᠢ ᠶᠠᠪᠤᠭᠳᠠᠭᠤᠯᠬᠤ ᠳᠤ ᠠᠰᠢᠭᠲᠠᠢ ᠪᠠᠶᠢᠵᠤ᠂ ᠡᠭᠦᠨ ᠤ ᠤᠯᠠᠮ ᠠᠴᠠ ᠲᠡᠭᠦᠨ ᠤ ᠪᠡᠶ᠎ᠡ ᠰᠡᠳᠭᠢᠴᠡ ᠶᠢᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠵᠤ᠂ ᠬᠤᠯᠢ ᠶᠣᠰᠣᠨ ᠤ ᠡᠷᠬᠡ ᠠᠰᠢᠭ ᠢ ᠨᠢ ᠪᠠᠲᠤᠯᠠᠬᠤ ᠪᠣᠯᠤᠨ᠎ᠠ᠃
3. ᠳᠠᠯᠳᠠ ᠭᠡᠮ ᠢ ᠴᠠᠭ ᠲᠣᠬᠠᠢ ᠳᠤᠨᠢ ᠠᠷᠢᠯᠭᠠᠵᠤ᠂ ᠬᠠᠮᠢᠶᠠᠷᠤᠯᠲᠠ ᠶᠢᠨ ᠠᠯᠳᠠᠭ᠎ᠠ ᠭᠠᠷᠬᠤ ᠶᠢ ᠪᠦᠲᠦᠮᠵᠢᠲᠡᠢ ᠰᠡᠷᠭᠡᠶᠢᠯᠡᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠨᠡᠶᠢᠭᠡᠮ ᠤᠨ ᠵᠠᠰᠠᠯᠲᠠ ᠶᠢ ᠠᠬᠢᠭᠤᠯᠣᠨ᠎ᠠ᠃
4. ᠡᠯ᠎ᠡ ᠰᠠᠯᠠᠭ᠎ᠠ ᠮᠦᠴᠢᠷ ᠤᠨ ᠬᠦᠴᠦᠨ ᠢ ᠨᠢᠭᠡᠳᠬᠡᠨ ᠨᠢᠭᠲᠠᠷᠠᠭᠤᠯᠵᠤ᠂ ᠬᠤᠯᠪᠣᠭᠠᠯᠠᠨ ᠬᠦᠳᠡᠯᠦᠯᠴᠡᠬᠦ ᠪᠠᠶᠢᠴᠠᠭᠠᠬᠤ ᠲᠤᠭᠳᠠᠴᠠ ᠶᠢ ᠪᠠᠶᠢᠭᠤᠯᠬᠤ ᠳᠤ ᠠᠰᠢᠭᠲᠠᠢ᠃
ᠢᠷᠭᠤᠢ ᠮᠡᠳᠡᠭᠡᠯᠡᠪᠠ