ᠮᠠᠰᠢᠨ ᠲᠡᠷᠬᠡ ︽ᠪᠠᠳᠤᠯᠭᠠᠳᠤ ᠠᠪᠳᠠᠷ᠎ᠠ︾ ᠪᠢᠰᠢ ᠦᠨᠡᠳᠦ ᠪᠤᠳᠠᠰ ᠢᠶᠠᠨ ᠪᠢᠳᠡᠬᠡᠢ ᠬᠠᠳᠠᠭᠠᠯᠠᠭᠠᠷᠠᠢ
ᠮᠠᠰᠢᠨ ᠲᠡᠷᠬᠡ ᠵᠠᠮ ᠬᠠᠷᠢᠯᠴᠠᠭᠠᠨ ᠤ ᠪᠠᠭᠠᠵᠢ ᠪᠤᠯᠤᠭᠰᠠᠨ ᠤ ᠬᠤᠪᠢ ᠳᠤ᠂ ᠬᠦᠮᠦᠰ ᠤᠨ ᠡᠳᠦᠷ ᠲᠤᠳᠤᠮ ᠤᠨ ᠠᠮᠢᠳᠤᠷᠠᠯ ᠳᠤ ᠲᠦᠬᠦᠮ ᠦᠵᠡᠬᠦᠯᠦᠨ᠂ ᠬᠡᠰᠡᠭ ᠵᠢᠯᠤᠭᠤᠴᠢ ᠴᠦ ᠪᠡᠶ᠎ᠡ ᠳᠡᠭᠡᠨ ᠠᠪᠴᠦ ᠶᠠᠪᠤᠭ᠎ᠠ ᠡᠳ᠋ ᠪᠤᠳᠠᠰ ᠢᠶᠠᠨ ᠲᠡᠷᠬᠡᠨ ᠲᠡᠬᠡᠷ᠎ᠡ ᠦᠯᠡᠳᠡᠬᠡᠬᠦ ᠲᠠᠳᠬᠠᠯ ᠲᠠᠢ ᠪᠤᠯᠵᠠᠢ᠃ 2021 ᠤᠨ ᠤ 9 ᠳᠦ᠂ ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠶᠤᠰᠤᠭᠠᠷ ᠮᠠᠰᠢᠨ ᠲᠡᠷᠬᠡᠨ ᠤ ᠲᠤᠳᠤᠷᠠᠬᠢ ᠡᠳ᠋ ᠮᠦᠩᠭᠦ ᠶᠢ ᠬᠤᠯᠠᠭᠠᠶᠢᠯᠠᠭᠰᠠ ᠨᠢᠭᠡᠨ ᠬᠡᠷᠡᠭ ᠦᠨ ᠰᠡᠵᠢᠭᠲᠡᠨ ᠢ ᠪᠠᠷᠢᠪᠴᠢᠯᠠᠬᠤ ᠶᠢ ᠵᠦᠪᠰᠢᠶᠡᠷᠡᠪᠡ᠃ ᠰᠤᠷᠮᠠᠭᠠᠢ ᠬᠡᠷᠡᠭᠳᠡᠨ ᠱᠢ ᠤᠪᠤᠭᠳᠤ 2021 ᠤᠨ ᠤ 7 ᠰᠠᠷ᠎ᠠ ᠳᠦ ᠳᠤᠯᠤᠭᠠᠨ ᠡᠳᠦᠷ ᠦᠨ ᠬᠤᠭᠤᠷᠤᠨᠳᠤ ᠭᠠᠯᠵᠠᠭᠤᠷᠠᠭᠰᠠᠨ ᠮᠡᠳᠦ ᠪᠡᠷ ᠵᠠᠷᠤᠳ ᠬᠤᠰᠢᠭᠤ ᠵᠢᠴᠢ ᠪᠤᠰᠤᠳ ᠰᠢᠶᠠᠨ ᠤᠷᠤᠨ ᠤ ᠵᠠᠮ ᠤᠨ ᠬᠠᠵᠠᠭᠤ ᠳᠠᠬᠢ ᠲᠡᠷᠬᠡᠨ ᠤ ᠴᠤᠩᠬᠤᠨ ᠰᠢᠯ ᠢ ᠪᠠᠯᠪᠠᠴᠢᠬᠤ ᠠᠷᠭ᠎ᠠ ᠪᠠᠷ ᠲᠡᠷᠬᠡᠨ ᠲᠤᠳᠤᠷᠠᠬᠢ ᠵᠤᠭᠤᠰ ᠮᠦᠩᠬᠦ ᠡᠳ᠋ ᠪᠤᠳᠠᠰ ᠢ ᠬᠤᠯᠠᠭᠠᠶᠢᠯᠠᠬᠤ ᠬᠡᠷᠡᠭ ᠢ 64 ᠤᠳᠠᠭ᠎ᠠ ᠦᠢᠯᠡᠳᠦᠨ᠂ ᠬᠤᠯᠠᠭᠠᠶᠢᠯᠠᠭᠰᠠᠨ ᠦᠷᠳᠡᠭ ᠨᠡᠶᠢᠳᠡ 13 ᠲᠦᠮᠡ ᠭᠠᠷᠤᠢ ᠲᠦᠭᠦᠷᠢᠭ ᠬᠦᠷᠴᠦ᠂ ᠬᠠᠮᠢᠶ᠎ᠠ ᠪᠦᠬᠦᠢ ᠲᠡᠷᠬᠡᠨ ᠡᠵᠡᠨ ᠳᠤ ᠯᠤᠳᠤ ᠶᠡᠭᠡ ᠬᠤᠬᠢᠷᠠᠯ ᠤᠴᠠᠷᠠᠭᠤᠯᠪᠠ᠃ ᠡᠭᠦᠨ ᠳᠤ ᠨᠢᠭᠡ ᠯᠡ ᠰᠦᠨᠢ ᠶᠢᠨ ᠬᠤᠭᠤᠷᠤᠨᠳᠦ᠂ ᠵᠠᠷᠤᠳ ᠬᠤᠰᠢᠭᠤᠨ ᠤ ᠨᠢᠭᠡᠨ ᠪᠠᠯᠭᠠᠰᠤ ᠳᠤ ᠲᠡᠷᠬᠡᠨ ᠤ ᠴᠤᠩᠬᠤᠨ ᠰᠢᠯ ᠢ ᠪᠠᠯᠪᠠᠴᠢᠬᠤ ᠠᠷᠭ᠎ᠠ ᠪᠠᠷ ᠭᠤᠴᠢ ᠭᠠᠷᠤᠢ ᠬᠡᠷᠡᠭ ᠦᠢᠯᠡᠳᠴᠦ᠂ ᠭᠠᠵᠠᠷ ᠤᠷᠤᠨ ᠤ ᠨᠡᠶᠢᠬᠡᠮ ᠤᠨ ᠡᠮᠬᠢ ᠲᠢᠭᠯᠢᠮ ᠪᠠ ᠠᠷᠠᠳ ᠤᠯᠠᠨ ᠤ ᠡᠳ᠋ ᠬᠦᠷᠦᠩᠬᠡ ᠶᠢᠨ ᠠᠮᠤᠷ ᠲᠦᠪᠰᠢᠨ ᠳᠤ ᠬᠦᠨᠳᠦ ᠨᠤᠴᠢᠳᠠᠢ ᠡᠪᠳᠡᠯᠡᠭᠡ ᠤᠴᠠᠷᠠᠭᠤᠯᠵᠠᠢ᠃
ᠪᠠᠶᠢᠴᠠᠭᠠᠬᠤ ᠲᠤᠰᠢᠶᠠᠯᠳᠠᠨ ᠤ ᠰᠠᠨᠠᠭᠤᠯᠭ᠎ᠠ᠄ ᠬᠡᠷᠡᠭ ᠢ ᠲᠠᠭᠠᠭᠠᠨ ᠰᠢᠢᠳᠪᠦᠷᠢᠯᠡᠭᠰᠡᠨ ᠪᠠᠶᠢᠴᠠᠭᠠᠬᠤ ᠲᠤᠭᠤᠶᠢᠯᠠᠩ ᠬᠡᠷᠡᠭ ᠰᠢᠢᠳᠪᠦᠷᠢᠯᠡᠬᠦ ᠲᠤᠮᠳᠠ ᠤᠶᠢᠯᠠᠭᠠᠭᠰᠠᠨ ᠢᠶᠠᠷ ᠶᠠᠯ᠎ᠠ ᠶᠢᠨ ᠰᠡᠵᠢᠭᠳᠡᠨ ᠱᠢ ᠤᠪᠤᠭᠳᠤ ᠡᠳ᠋ ᠪᠤᠳᠠᠰ ᠬᠤᠯᠠᠭᠠᠶᠢᠯᠠᠬᠤ ᠬᠡᠷᠡᠭ ᠬᠢᠭᠰᠡᠨ ᠡᠳᠡᠬᠡᠳ ᠨᠢ ᠲᠤᠳᠤᠷᠬᠠᠢ᠂ ᠠᠷᠭ᠎ᠠ ᠪᠠᠷᠢᠯ ᠲᠦᠷᠬᠡᠨ᠂ ᠦᠷ᠎ᠡ ᠳ᠋ᠦᠩ ᠢ ᠪᠤᠳᠤᠯᠬᠢᠯᠠᠬᠤ ᠦᠬᠡᠢ ᠮᠦᠷᠳᠡᠬᠡᠨ ᠪᠠᠶᠢᠴᠠᠭᠠᠯᠳᠠ ᠠᠴᠠ ᠵᠠᠶᠢᠯᠠᠬᠤ ᠠᠷᠭ᠎ᠠ ᠮᠡᠭᠡ ᠬᠡᠷᠡᠭᠯᠡᠨ᠂ ᠤᠬᠤᠷᠬᠠᠨ ᠬᠤᠭᠤᠴᠠᠭ᠎ᠠ ᠳᠤ ᠦᠷᠬᠦᠯᠵᠢᠯᠡᠨ ᠶᠡᠭᠡ ᠬᠡᠮᠵᠢᠶ᠎ᠡ ᠪᠠᠷ ᠬᠡᠷᠡᠭ ᠦᠢᠯᠡᠳᠦᠭᠰᠡᠨ ᠤᠨᠴᠠᠯᠢᠭ ᠲᠠᠢ ᠪᠠᠶᠢᠵᠤ᠂ ᠵᠤᠬᠢᠬᠤ ᠨᠡᠶᠢᠬᠡᠮ ᠤᠨ ᠬᠤᠤᠷ ᠬᠦᠨᠦᠬᠡᠯᠳᠦ ᠴᠢᠨᠠᠷ ᠪᠠ ᠬᠦᠮᠦᠨ ᠤ ᠪᠡᠶ᠎ᠡ ᠶᠢᠨ ᠠᠶᠤᠯᠳᠤ ᠴᠢᠨᠠᠷ ᠲᠠᠢ᠃ ᠤᠯᠠᠨ ᠲᠦᠮᠡᠨ ᠪᠠᠰᠠ ᠬᠡᠷᠡᠭ ᠠᠴᠠ ᠰᠡᠷᠡᠮᠵᠢ ᠠᠪᠴᠤ᠂ ᠦᠪᠡᠷ ᠤᠨ ᠡᠳ᠋ ᠬᠦᠷᠦᠩᠬᠡ ᠪᠠᠨ ᠶᠠᠭᠠᠬᠢᠭᠰᠠᠨ ᠴᠦ ᠲᠤᠷᠠᠪᠠᠷ ᠦᠯᠦ ᠪᠠᠶᠢᠯᠭᠠᠵᠤ᠂ ᠬᠤᠯᠪᠤᠭᠳᠠᠯ ᠪᠦᠬᠦᠢ ᠨᠢᠬᠡᠴᠡ ᠠᠮᠤᠷ ᠲᠦᠪᠰᠢᠨ ᠤ ᠬᠠᠮᠢᠶᠠᠷᠤᠯᠳᠠ᠂ ᠰᠡᠷᠬᠡᠶᠢᠯᠡᠬᠦ ᠠᠷᠭ᠎ᠠ ᠬᠡᠮᠵᠢᠶ᠎ᠡ ᠵᠡᠷᠬᠡ ᠪᠠᠨ ᠦᠷᠬᠦᠯᠵᠢᠯᠡᠨ ᠲᠡᠬᠦᠯᠳᠡᠷᠵᠢᠬᠦᠯᠦᠨ᠂ ᠭᠤᠤᠯᠳᠠᠯᠭ᠎ᠠ ᠲᠠᠢ ᠬᠦᠮᠦᠰ ᠤᠨ ᠬᠠᠮᠢᠶᠠᠷᠤᠯᠳᠠ ᠪᠠᠨ ᠴᠢᠩᠭᠠᠳᠬᠠᠵᠤ᠂ ᠠᠳᠠᠯᠢᠪᠳᠤᠷ ᠬᠡᠷᠡᠭ ᠤᠨ ᠡᠬᠦᠰᠬᠦ ᠶᠢ ᠪᠠᠭᠠᠰᠬᠠᠬᠤ ᠶᠢ ᠰᠠᠨᠠᠭᠤᠯᠵᠤ ᠪᠠᠶᠢᠨ᠎ᠠ᠃ ᠡᠭᠦᠨ ᠤ ᠬᠠᠮᠳᠤ᠂ ᠪᠠᠶᠢᠴᠠᠭᠠᠬᠤ ᠲᠤᠰᠢᠶᠠᠯᠳᠠᠨ ᠠᠴᠠ ᠠᠷᠠᠳ ᠢᠷᠬᠡᠨ ᠤ ᠬᠠᠤᠯᠢ ᠶᠤᠰᠤᠨ ᠤ ᠡᠳ᠋ ᠬᠦᠷᠦᠩᠬᠡ ᠳᠤ ᠬᠠᠯᠳᠠᠵᠤ ᠪᠤᠯᠬᠤ ᠦᠬᠡᠢ᠂ ᠤᠯᠤᠰ ᠤᠨ ᠬᠠᠤᠯᠢ ᠴᠠᠭᠠᠵᠠ ᠤᠨ ᠬᠢᠵᠠᠭᠠᠷ ᠱᠤᠭᠤᠮ ᠢ ᠲᠤᠷᠰᠢᠵᠤ ᠪᠤᠯᠬᠤ ᠦᠬᠡᠢ᠃ ᠤᠯᠤᠰ᠂ ᠬᠠᠮᠳᠤ ᠨᠡᠶᠢᠳᠡ ᠪᠠ ᠬᠤᠪᠢ ᠬᠦᠮᠦᠨ ᠤ ᠡᠳ᠋ ᠬᠦᠷᠦᠩᠬᠡ ᠶᠢᠨ ᠬᠠᠤᠯᠢ ᠶᠤᠰᠤᠨ ᠤ ᠡᠷᠬᠡ ᠠᠰᠢᠭ ᠳᠤ ᠬᠠᠯᠳᠠᠪᠠᠯ᠂ ᠯᠠᠪ ᠬᠠᠤᠯᠢ ᠶᠤᠰᠤᠨ ᠤ ᠰᠢᠢᠳᠬᠡᠯ ᠬᠦᠷᠳᠡᠬᠦ ᠶᠢ ᠲᠠᠬᠢᠨᠳᠠ ᠲᠠᠪᠳᠠᠨ ᠴᠢᠩᠭᠠᠳᠬᠠᠶ᠎ᠠ᠃
ᠬᠠᠤᠯᠢ ᠶᠢᠨ ᠬᠤᠯᠪᠤᠭᠠᠰᠤ᠄ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠬᠤᠶᠠᠷ ᠵᠠᠭᠤ ᠵᠢᠷᠠᠨ ᠲᠦᠷᠪᠡᠳᠦᠬᠡᠷ ᠵᠦᠢᠯ ᠳᠠᠬᠢ ᠬᠤᠯᠠᠭᠠᠶᠢᠯᠠᠭᠰᠠᠨ ᠶᠠᠯ᠎ᠠ ᠳᠤ᠂ ᠠᠯᠪᠠᠨ ᠤ ᠪᠠ ᠬᠤᠪᠢ ᠶᠢᠨ ᠵᠤᠭᠤᠰ ᠮᠦᠩᠬᠦ ᠡᠳ᠋ ᠪᠤᠳᠠᠰ ᠢ ᠬᠤᠯᠠᠭᠠᠢᠯᠠᠭᠰᠠᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ ᠭᠤᠷᠪᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠦᠳᠡᠯᠮᠦᠷᠢᠯᠡᠬᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠢᠳᠬᠡᠵᠦ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠬᠡᠬᠦ ᠪᠤᠶᠤ ᠲᠠᠩ ᠢᠶᠠᠷ ᠰᠢᠢᠳᠬᠡᠨ᠎ᠡ ᠬᠡᠵᠦ ᠲᠤᠭᠳᠠᠭᠠᠵᠠᠢ᠃ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠤᠶᠤ ᠬᠦᠨᠳᠦ ᠨᠤᠴᠢᠳᠠᠢ ᠦᠢᠯᠡ ᠪᠠᠶᠢᠳᠠᠯ ᠲᠠᠢ ᠪᠠᠶᠢᠪᠠᠯ᠂ ᠭᠤᠷᠪᠠᠨ ᠵᠢᠯ ᠠᠴᠠ ᠲᠡᠭᠡᠭᠰᠢ ᠠᠷᠪᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠬᠡᠨ᠎ᠡ᠃ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠢᠷᠠᠨ ᠲᠠᠪᠤᠳᠤᠭᠠᠷ ᠵᠦᠢᠯ ᠳᠤ ᠲᠠᠬᠢᠨᠳᠠ ᠶᠠᠯ᠎ᠠ ᠬᠢᠭᠰᠡᠨ ᠬᠡᠷᠡᠭᠳᠡᠨ ᠢ ᠬᠦᠨᠳᠦ ᠪᠠᠷ ᠰᠢᠢᠳᠬᠡᠬᠦ ᠬᠡᠷᠡᠭᠳᠡᠢ ᠭᠡᠵᠦ ᠳᠤᠭᠲᠠᠭᠠᠵᠠᠢ᠃
ᠤᠷᠭᠤᠮᠠᠯ ᠮᠡᠳᠡᠭᠡᠯᠡᠪᠡ