ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠤᠷᠳᠤᠰ ᠬᠤᠲᠠ ᠶᠢᠨ ᠠᠷᠠᠳ  ᠶᠢᠨ ᠪᠠᠶᠢᠴᠠᠭᠠᠬᠤ ᠬᠣᠷᠢᠶ᠎ᠠ ᠪᠠ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠦᠨᠳᠦᠰᠦᠨ ᠱᠠᠲᠤᠨ ᠤ ᠨᠠᠮ ᠤᠨ ᠡᠭᠦᠷ ᠬᠠᠮᠲᠤᠷᠠᠨ 《 ᠨᠠᠮ ᠤᠨ ᠬᠤᠷᠢᠳᠤᠭᠠᠷ ᠶᠡᠭᠡ ᠬᠤᠷᠡᠯ ᠢ ᠭᠦᠨᠵᠡᠭᠡᠢ ᠰᠤᠷᠤᠯᠴᠠᠨ᠂ ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠶ᠎ᠠ 》 ᠭᠡᠬᠦ ᠭᠤᠤᠯ ᠰᠡᠳᠦᠪᠳᠦ ᠨᠠᠮ ᠤᠨ ᠡᠳᠦᠷᠯᠢᠭ ᠤᠨ ᠠᠵᠢᠯᠠᠯᠭ᠎ᠠ ᠶᠢ ᠦᠷᠨᠢᠭᠦᠯᠪᠠ

2022-11-18 13:00:52
ᠵᠣᠬᠢᠶᠠᠭᠴᠢ
ᠦᠵᠡᠰᠭᠦᠯᠡᠩ


微信图片_20221118125456.jpg



ᠨᠠᠮ ᠤᠨ ᠬᠤᠷᠢᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠭᠦᠨᠵᠡᠭᠡᠢ  ᠰᠤᠷᠤᠯᠴᠠᠬᠤ ᠶᠢᠨ ᠲᠦᠯᠦᠭᠡ᠂ 11 ᠰᠠᠷ᠎ᠠ ᠶᠢᠨ 4 ᠤ  ᠡᠳᠦᠷ᠂ ᠤᠷᠳᠤᠰ ᠬᠤᠲᠠ ᠶᠢᠨ ᠠᠷᠠᠳ ᠶᠢᠨ ᠪᠠᠶᠢᠴᠠᠭᠠᠬᠤ ᠬᠤᠷᠢᠶᠠᠨ ᠤ ᠲᠠᠪᠤᠳᠤᠭᠠᠷ᠂ ᠵᠢᠷᠭᠤᠳᠤᠭᠠᠷ ᠨᠠᠮ ᠤᠨ ᠡᠭᠦᠷ ᠪᠠ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠢᠭᠡᠳᠦᠭᠡᠷ ᠨᠠᠮ ᠤᠨ ᠡᠭᠦᠷ ᠬᠠᠮᠲᠤᠷᠠᠨ ︽ᠨᠠᠮ ᠤᠨ ᠬᠤᠷᠢᠳᠤᠭᠠᠷ ᠶᠡᠭᠡ ᠬᠤᠷᠡᠯ ᠢ ᠭᠦᠨᠵᠡᠭᠡᠢ ᠰᠤᠷᠤᠯᠴᠠᠨ᠂ ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠳᠦ  ᠨᠠᠮ ᠤᠨ  ᠡᠳᠦᠷᠯᠢᠭ  ᠤᠨ ᠠᠵᠢᠯᠠᠯᠭ᠎ᠠ ᠶᠢ ᠦᠷᠨᠢᠭᠦᠯᠪᠠ᠃ ᠤᠷᠳᠤᠰ ᠬᠤᠲᠠ ᠶᠢᠨ  ᠪᠠᠶᠢᠴᠠᠭᠠᠬᠤ ᠬᠤᠷᠢᠶᠠᠨ ᠤ  ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠪᠠᠶᠢᠴᠠᠭᠠᠬᠤ ᠺᠤᠮᠢᠰ ᠤᠨ ᠲᠤᠰᠬᠠᠢ ᠲᠤᠰᠢᠶᠠᠯᠲᠡᠨ ᠬᠠᠨ ᠯᠢ ᠴᠦᠨ᠂ ᠬᠤᠲᠠ ᠶᠢᠨ  ᠪᠠᠶᠢᠴᠠᠭᠠᠬᠤ ᠬᠤᠷᠢᠶᠠᠨ ᠤ  ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠮᠢᠯᠡᠨ  ᠰᠠᠭᠤᠯᠭᠠᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠢᠶᠤᠥ  ᠰᠧ  ᠡᠾᠸᠥ  ᠡᠩ ᠤᠨ ᠨᠠᠮ ᠤᠨ ᠭᠡᠰᠢᠭᠦᠨ ᠤ ᠬᠤᠪᠢ ᠪᠠᠷ ᠲᠤᠰ ᠤᠳᠠᠭᠠᠨ ᠤ ᠨᠠᠮ ᠤᠨ ᠡᠳᠦᠷᠯᠢᠭ ᠤᠨ ᠠᠵᠢᠯᠠᠯᠭ᠎ᠠ ᠳᠤ ᠤᠷᠤᠯᠴᠠᠪᠡ᠃ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠶᠤᠸᠡᠢ ᠽᠦ᠋ ᠺᠦᠨ ᠵᠢᠴᠢ ᠪᠦᠬᠦ ᠬᠤᠷᠢᠶᠠᠨ ᠤ ᠤᠳᠤᠷᠢᠳᠤᠯᠭ᠎ᠠ ᠪᠠ ᠨᠢᠭᠡᠳᠦᠭᠡᠷ ᠨᠠᠮ ᠤᠨ ᠡᠭᠦᠷ ᠤᠨ ᠪᠦᠬᠦ ᠨᠠᠮ ᠤᠨ  ᠭᠡᠰᠢᠭᠦᠳ ᠲᠤᠰ ᠤᠳᠠᠭᠠᠨ ᠤ ᠠᠵᠢᠯᠠᠯᠭ᠎ᠠ ᠳᠤ ᠤᠷᠤᠯᠴᠠᠪᠡ᠃


微信图片_20221118125526.jpg


ᠠᠵᠢᠯᠠᠯᠭ᠎ᠠ ᠵᠢᠨ ᠡᠬᠢᠯᠡᠯᠲᠡ ᠳᠤ᠂ ᠪᠦᠬᠦ ᠺᠠᠳ᠋ᠷ ᠴᠠᠭᠳᠠᠭ᠎ᠠ ᠡᠵᠡᠨ ᠬᠤᠷᠤᠭ᠎ᠠ ᠬᠤᠰᠢᠭᠤᠨ ᠤ ᠤᠶᠢᠷ᠎ᠠ ᠶᠢᠨ ᠠᠷᠪᠡᠨ ᠵᠢᠯ ᠤᠨ ᠬᠦᠭᠵᠢᠯᠲᠡ ᠶᠢᠨ ᠦᠵᠡᠭᠦᠯᠦᠯᠭᠡ ᠶᠢ ᠰᠤᠨᠢᠷᠬᠠᠨ᠂ ᠡᠵᠡᠨ ᠬᠤᠷᠤᠭ᠎ᠠ  ᠬᠤᠰᠢᠭᠤᠨ ᠤ ᠨᠢᠰᠬᠦ ᠮᠡᠲᠦ ᠲᠦᠷᠭᠡᠨ ᠬᠦᠭᠵᠢᠯᠲᠡ ᠶᠢᠨ ᠲᠡᠥᠬᠡᠨ ᠶᠠᠪᠤᠴᠠ ᠶᠢ ᠡᠷᠭᠢᠴᠡᠭᠦᠯᠪᠡ᠃


微信图片_20221118125510.jpg


ᠳᠠᠷᠠᠭ᠎ᠠ ᠨᠢ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠪᠠᠶᠢᠴᠠᠭᠠᠬᠤ ᠳᠠᠷᠤᠭ᠎ᠠ ᠸᠧ ᠳ᠋ᠦᠩ ᠠᠴᠠ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠷᠨᠢᠭᠦᠯᠦᠭᠰᠡᠨ ᠪᠠᠶᠢᠳᠡᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠭᠰᠠᠨ ᠪᠠᠶᠢᠳᠡᠯ ᠳᠤ ᠬᠠᠷᠢᠭᠤ ᠮᠡᠳᠡᠭᠦᠯᠦᠯᠲᠡ ᠬᠢᠪᠡ᠃ ᠪᠦᠬᠦ ᠬᠦᠮᠦᠰ︽ ᠨᠠᠮ ᠤᠨ ᠬᠤᠷᠢᠳᠤᠭᠠᠷ ᠶᠡᠭᠡ ᠬᠤᠷᠠᠯ ᠤᠨ ᠲᠦᠯᠦᠭᠡᠯᠡᠭᠴᠢᠳ ᠲᠤ ᠠᠩᠬᠠᠷᠤᠯ ᠢᠶᠠᠨ ᠲᠦᠪᠯᠡᠷᠡᠭᠦᠯᠬᠦ︾ ᠭᠡᠬᠦ ᠲᠤᠰᠬᠠᠢ ᠰᠡᠳᠦᠪᠳᠤ ᠹᠢᠯᠢᠮ ᠤᠨ ᠪᠠᠶᠢᠴᠠᠭᠠᠬᠤ ᠪᠠᠭᠠᠲᠤᠷ  ᠵᠢᠱᠢᠶᠡᠴᠢ  ᠵᠠᠩ ᠴᠦᠨ ᠶᠠᠨ ᠤ ᠦᠯᠢᠭᠡᠷ ᠢ ᠬᠠᠮᠲᠤᠪᠡᠷ ᠦᠵᠡᠭᠰᠡᠨ ᠪᠦᠭᠡᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠭᠰᠠᠨ ᠲᠦᠷᠦᠭᠳᠡᠯ ᠢᠶᠠᠨ ᠰᠤᠯᠢᠯᠴᠠᠪᠡ᠃


微信图片_20221118125518.jpg


ᠡᠴᠦᠰ ᠲᠤ᠂ ᠪᠦᠬᠦ ᠨᠠᠮ ᠤᠨ ᠭᠡᠰᠢᠭᠦᠳ ᠨᠠᠷ ᠴᠢᠰ ᠤᠯᠠᠭᠠᠨ  ᠤᠯᠠᠭᠠᠨ ᠲᠤᠭ  ᠲᠤ ᠬᠠᠨᠳᠤᠨ ᠨᠠᠮ ᠳᠤ ᠤᠷᠤᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠵᠤ᠂ ᠤᠭ ᠰᠠᠨᠠᠭ᠎ᠠ᠂ ᠡᠭᠦᠷᠭᠡ ᠬᠠᠷᠢᠭᠤᠴᠠᠯᠭ᠎ᠠ ᠶᠢ ᠰᠡᠳᠭᠢᠯ ᠵᠢᠷᠦᠬᠡᠨ ᠳᠤ ᠪᠠᠨ ᠳᠠᠬᠢᠨᠲᠠ  ᠬᠠᠳᠠᠩᠰᠢᠭᠤᠯᠪᠠ᠃

ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ᠰᠢᠨ᠎ᠡ ᠴᠠᠭ ᠦᠶ᠎ᠡ ᠶᠢᠨ ᠪᠠᠶᠢᠴᠠᠭᠠᠬᠤ ᠺᠠᠳ᠋ᠷ ᠪᠤᠯᠤᠭᠰᠠᠨ ᠤ ᠬᠤᠪᠢ ᠳᠤ᠂ ᠨᠠᠮ ᠤᠨ ᠵᠠᠭᠤᠨ ᠵᠢᠯ ᠤᠨ ᠲᠡᠥᠬᠡ ᠡᠴᠡ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ  ᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ ᠦᠷᠬᠦᠯᠵᠢᠯᠡᠨ ᠲᠡᠮᠡᠴᠡᠬᠦ ᠵᠤᠷᠢᠭ ᠰᠠᠨᠠᠭ᠎ᠠ ᠪᠠᠨ ᠬᠦᠪᠴᠢᠯᠡᠵᠤ᠂ ᠠᠵᠢᠯ ᠦᠢᠯᠡᠰ ᠢᠶᠠᠨ ᠳᠡᠭᠡᠳᠦᠯᠡᠨ᠂ ᠪᠤᠳᠠᠳᠠᠢ ᠶᠢ ᠡᠷᠬᠢᠮᠯᠡᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠭᠦᠢᠴᠡᠳᠭᠡᠵᠤ᠂ ᠤᠷᠳᠤᠰ ᠤᠨ ᠪᠠᠶᠢᠴᠠᠭᠠᠬᠤ ᠦᠢᠯᠡᠰ ᠤᠨ ᠬᠦᠭᠵᠢᠯᠳᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠤ ᠢᠯᠡᠳᠭᠡᠵᠡᠭᠡᠪᠡ᠃

                               

      ᠦᠵᠡᠰᠭᠦᠯᠡᠩ  ᠣᠷᠴᠢᠭᠤᠯᠪᠠ


ᠢᠷᠡᠯᠲᠡ
ᠣᠷᠳᠤᠰ ᠬᠤᠲᠠ ᠵᠢᠨ ᠡᠵᠡᠨ ᠬᠤᠷᠢᠶ᠎ᠡ ᠬᠤᠰᠢᠭᠤᠨ ᠤ ᠠᠷᠠᠳ ᠤᠨ ᠪᠠᠢᠢᠴᠠᠭᠠᠬᠤ ᠬᠤᠷᠢᠶ᠎ᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro