ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ︽ᠬᠥᠩᠭᠡᠪᠲᠦᠷ ᠡᠷᠡᠭᠦᠦ ᠶᠢᠨ ᠬᠡᠷᠡᠭ ᠢ ᠬᠠᠮᠲᠤᠷᠠᠨ ᠡᠶᠡᠳᠡᠭᠦᠯᠬᠦ ᠠᠵᠢᠯ ᠤᠨ ᠲᠣᠭᠲᠠᠴᠠ︾ ᠶᠢ ᠳᠤᠭᠲᠠᠭᠠᠵᠤ᠂ ᠵᠥᠷᠢᠴᠡᠯ ᠢ ᠨᠠᠮᠳᠠᠭᠤᠯᠤᠨ ᠵᠠᠷᠭᠤ ᠶᠢᠨ ᠡᠬᠢ ᠡᠭᠦᠰᠦᠯ  ᠦᠨ ᠵᠠᠰᠠᠯᠲᠠ ᠶᠢ ᠠᠬᠢᠭᠤᠯᠪᠠ

2022-11-21 17:17:41
ᠵᠣᠬᠢᠶᠠᠭᠴᠢ
ᠵᠠᠩᠭ᠎ᠠ

ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠵᠥᠷᠢᠴᠡᠯ  ᠵᠠᠭᠤᠷᠠᠯᠳᠤᠭᠠᠨ ᠢ ᠡᠰᠢᠵᠢᠭᠦᠯᠦᠨ ᠰᠢᠢᠳᠪᠦᠷᠢᠯᠡᠬᠦ  ᠦᠢᠯᠡᠴᠢᠯᠡᠭᠡᠨ ᠤ ᠲᠥᠪ ᠲᠠᠢ ᠬᠠᠮᠲᠤᠷᠠᠨ ︽ᠬᠥᠩᠭᠡᠪᠲᠦᠷ ᠡᠷᠡᠭᠦᠦ ᠶᠢᠨ ᠬᠡᠷᠡᠭ ᠢ ᠬᠠᠮᠲᠤᠷᠠᠨ ᠡᠶᠡᠳᠡᠭᠦᠯᠬᠦ ᠠᠵᠢᠯ ᠤᠨ ᠲᠣᠭᠲᠠᠴᠠ︾  ᠶᠢ ᠳᠣᠭᠲᠠᠭᠠᠪᠠ᠃ ᠡᠶᠢᠨᠬᠦ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠶᠢ ᠳᠥᠯᠭᠢᠨ ᠠᠬᠢᠭᠤᠯᠬᠤ ᠪᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠵᠠᠷᠭᠤ ᠶᠢᠨ ᠢᠷᠡᠯᠲᠡ ᠶᠢᠨ ᠵᠠᠰᠠᠯᠲᠠ ᠶᠢ ᠵᠣᠬᠢᠰᠲᠠᠢ ᠠᠬᠢᠭᠤᠯᠪᠠ᠃

ᠲᠤᠰ ︽ᠲᠣᠭᠲᠠᠴᠠ︾ ᠳᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠡᠷᠡᠭᠦᠦ ᠶᠢᠨ ᠬᠡᠷᠡᠭ ᠢ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠠᠴᠠ ᠡᠮᠦᠨ᠎ᠡ᠂ ᠤᠯᠠᠨ ᠪᠠᠶᠢᠭᠤᠯᠭ᠎ᠠ ᠠᠴᠠ ᠬᠠᠮᠲᠤᠷᠠᠨ ᠡᠶᠡᠳᠡᠭᠦᠯᠬᠦ ᠪᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ ᠢ  ᠪᠣᠯᠬᠤ ᠶᠢᠨ ᠳᠣᠲᠣᠷ᠎ᠠ ᠵᠠᠷᠭᠤᠯᠳᠤᠬᠤ ᠠᠴᠠ ᠡᠮᠦᠨ᠎ᠡ ᠰᠢᠢᠳᠪᠦᠷᠢᠯᠡᠵᠦ᠂ ᠡᠬᠢ ᠡᠭᠦᠰᠦᠯ ᠠᠴᠠ ᠨᠢ ᠲᠠᠶᠢᠯᠦᠨ ᠰᠢᠢᠳᠪᠦᠷᠢᠯᠡᠬᠦ ᠬᠡᠷᠡᠭᠲᠡᠢ ᠭᠡᠮᠡᠨ ᠳᠣᠭᠲᠠᠭᠠᠭᠰᠠᠨ ᠪᠠᠶᠢᠨ᠎ᠠ᠃ ᠡᠭᠦᠨ ᠠᠴᠠ  ᠭᠠᠳᠠᠨ᠎ᠠ᠂ ᠲᠤᠰ ︽ᠲᠣᠭᠲᠠᠴᠠ︾ ᠳᠤ  ᠪᠠᠰᠠ ᠬᠤᠯᠪᠤᠭᠳᠠᠬᠤ ᠡᠷᠡᠭᠦᠦ ᠶᠢᠨ ᠬᠡᠷᠡᠭ ᠤᠨ ᠬᠡᠪᠴᠢᠶ᠎ᠡ᠂ ᠵᠠᠷᠴᠢᠮ᠂ ᠪᠣᠳᠠᠲᠠᠢ ᠡᠶᠡᠳᠡᠭᠦᠯᠬᠦ ᠵᠢᠷᠤᠮ᠂ ᠡᠯ᠎ᠡ ᠪᠠᠶᠢᠭᠤᠯᠭ᠎ᠠ ᠶᠢᠨ ᠬᠠᠮᠲᠤᠷᠠᠨ ᠬᠠᠮᠵᠢᠯᠴᠠᠬᠤ ᠵᠠᠭᠪᠤᠷ᠂ ᠡᠶᠡᠳᠡᠭᠦᠯᠭᠡ ᠶᠢᠨ ᠬᠡᠯᠡᠯᠴᠡᠭᠡᠷ ᠤᠨ ᠪᠢᠴᠢᠭ ᠢ ᠬᠡᠷᠬᠢᠨ ᠵᠣᠬᠢᠶᠠᠬᠤ᠂ ᠬᠢᠨᠠᠨ ᠪᠠᠶᠢᠴᠠᠭᠠᠬᠤ ᠵᠢᠷᠤᠮ ᠵᠡᠷᠭᠡ ᠠᠭᠤᠯᠭ᠎ᠠ ᠶᠢᠨ ᠲᠤᠬᠠᠢ  ᠨᠠᠷᠢᠨ  ᠳᠣᠭᠲᠠᠭᠠᠪᠠ᠃

2022 ᠣᠨ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠡᠷᠡᠭᠦᠦ ᠶᠢᠨ ᠬᠡᠷᠡᠭ ᠢ ᠰᠢᠢᠳᠪᠦᠷᠢᠯᠡᠬᠦ ᠪᠠᠷ ᠳᠠᠮᠵᠢᠭᠤᠯᠤᠨ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ  ᠪᠠᠶᠢᠭᠤᠯᠭ᠎ᠠ ᠠᠴᠠ ᠬᠥᠩᠭᠡᠪᠲᠦᠷ ᠡᠷᠡᠭᠦᠦ ᠶᠢᠨ ᠬᠡᠷᠡᠭ ᠢ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠠᠵᠢᠯ ᠢ ᠴᠢᠩᠭᠠᠳᠬᠠᠬᠤ ᠶᠢ ᠳᠦᠯᠬᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠠᠢ᠃ ᠲᠤᠬᠠᠶᠢᠯᠠᠪᠠᠯ᠂ 2022 ᠣᠨ ᠤ ᠡᠮᠦᠨ᠎ᠡ ᠠᠷᠪᠠᠨ ᠰᠠᠷ᠎ᠠ ᠳᠤ ᠨᠡᠶᠢᠲᠡ 32 ᠬᠡᠷᠡᠭ 37 ᠬᠥᠮᠦᠨ ᠡᠷᠡᠭᠦᠦ ᠶᠢᠨ ᠬᠡᠷᠡᠭ ᠢ ᠡᠶᠡᠳᠡᠭᠦᠯᠦᠨ ᠰᠢᠢᠳᠪᠦᠷᠢᠯᠡᠵᠦ᠂ 9 ᠬᠥᠮᠦᠨ ᠳᠤ ᠥᠯᠥ ᠵᠠᠭᠠᠯᠳᠤᠬᠤ ᠲᠣᠭᠲᠠᠭᠠᠯ ᠭᠠᠷᠭᠠᠵᠤ᠂ 28 ᠬᠥᠮᠦᠨ ᠢ ᠵᠠᠭᠠᠯᠳᠤᠵᠤ᠂  ᠡᠶᠡᠳᠡᠭᠦᠯᠦᠭᠰᠡᠨ ᠡᠷᠡᠭᠦᠦ ᠶᠢᠨ ᠬᠡᠷᠡᠭ ᠤᠨ ᠶᠠᠯ᠎ᠠ ᠪᠠᠨ ᠮᠡᠳᠡᠷᠡᠵᠦ   ᠰᠢᠳᠬᠡᠯ ᠬᠦᠯᠢᠶᠡᠭᠰᠡᠨ  ᠨᠣᠷᠮ᠎ᠠ  ᠨᠢ 100 % ᠳᠤ  ᠬᠦᠷᠦᠭᠰᠡᠨ ᠪᠠᠶᠢᠨ᠎ᠠ᠃

ᠲᠣᠰ ︽ᠲᠣᠭᠲᠠᠴᠠ︾ ᠪᠣᠯ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠣᠪᠴᠢᠶ᠎ᠠ᠂ ᠪᠠᠶᠢᠴᠠᠭᠠᠬᠤ  ᠬᠤᠷᠢᠶ᠎ᠠ᠂ ᠰᠢᠭᠦᠬᠦ  ᠬᠤᠷᠢᠶ᠎ᠠ ᠵᠡᠷᠭᠡ ᠬᠠᠤᠯᠢ ᠪᠠᠷᠢᠬᠤ ᠪᠠᠶᠢᠭᠤᠯᠭ᠎ᠠ ᠶᠢᠨ ᠬᠡᠷᠡᠭ ᠤᠨ ᠵᠥᠷᠢᠴᠡᠯ ᠢ ᠢᠳᠡᠪᠬᠢᠲᠡᠶ ᠲᠠᠶᠢᠯᠤᠭᠰᠠᠨ ᠲᠤᠷᠰᠢᠯᠭ᠎ᠠ ᠶᠢᠨ ᠳ᠋ᠦᠩᠨᠡᠯᠲᠡ ᠪᠠ ᠦᠷ᠎ᠡ ᠪᠦᠲᠦᠭᠡᠯ ᠪᠣᠯᠤᠨ᠎ᠠ᠃ ᠲᠠᠷᠠᠭᠠᠴᠢ  ᠪᠠᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠲᠤᠰ ︽ᠲᠣᠭᠲᠠᠴᠠ︾ ᠶᠢᠨ ᠠᠭᠤᠯᠭ᠎ᠠ ᠶᠢ ᠴᠢᠩᠭ᠎ᠠ ᠵᠢᠷᠤᠮᠯᠠᠨ᠂ ᠡᠯ᠎ᠡ  ᠪᠠᠶᠢᠭᠤᠯᠭ᠎ᠠ ᠲᠠᠢ ᠬᠠᠮᠵᠢᠯᠴᠠᠭ᠎ᠠ ᠪᠠᠨ ᠦᠷᠭᠦᠯᠵᠢᠯᠡᠨ ᠨᠢᠭᠲᠠᠷᠠᠭᠤᠯᠵᠤ᠂ ᠡᠷᠡᠭᠦᠦ ᠶᠢᠨ ᠬᠡᠷᠡᠭ ᠢ ᠡᠶᠡᠳᠡᠭᠦᠯᠬᠦ ᠠᠵᠢᠯ ᠢ ᠬᠠᠮᠲᠤᠷᠠᠨ ᠥᠷᠨᠢᠭᠦᠯᠵᠦ᠂ ᠵᠠᠷᠭᠤ ᠶᠢᠨ ᠢᠷᠡᠯᠲᠡ ᠶᠢ ᠵᠠᠰᠠᠬᠤ᠂ ᠬᠠᠤᠯᠢ ᠪᠠᠷᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠡᠶᠢᠭᠡᠮ ᠤᠨ ᠵᠠᠰᠠᠯᠲᠠ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠲᠠᠯ᠎ᠠ ᠪᠠᠷ ᠦᠷᠭᠦᠯᠵᠢᠯᠡᠨ ᠴᠢᠷᠮᠠᠶᠢᠨ᠎ᠠ᠃

  

1662605024125510.jpg

  

                        ᠤᠷᠴᠢᠭᠤᠯᠤᠭᠴᠢ᠄  ᠵᠠᠩᠭ᠎ᠠ


 


ᠢᠷᠡᠯᠲᠡ
ᠣᠷᠳᠤᠰ ᠬᠣᠲᠠ ᠵᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro