ᠣᠯᠵᠤ ᠠᠪᠤᠭᠰᠠᠨ ᠡᠮᠴᠢᠯᠡᠭᠡᠨ ᠦ ᠳᠠᠭᠠᠳᠬᠠᠯ ᠤᠨ ᠺᠠᠷᠲ ᠢ ᠲᠤᠷᠠᠪᠡᠷ ᠬᠡᠷᠡᠭᠯᠡᠵᠦ ᠪᠤᠯᠤᠨ᠎ᠠ ᠤᠤ
ᠲᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠬᠤᠷᠠᠯᠳᠤᠭᠤᠯᠤᠭᠰᠠᠨ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠂ ᠪᠢ ᠦᠨᠡᠬᠡᠷ ᠨᠢᠭᠡ ᠴᠠᠭ ᠤᠨ ᠮᠣᠩᠬᠠᠭ ᠳᠤ ᠪᠠᠨ ᠬᠡᠷᠡᠭ ᠦᠢᠯᠡᠳᠦᠭᠰᠡᠨ ᠶᠤᠮ ᠪᠢ ᠤᠳᠠᠭᠠᠨ ᠵᠢᠯ ᠡᠮ ᠤᠤᠭᠤᠭᠰᠠᠨ ᠂ ᠲᠡᠷᠡ ᠡᠳᠦᠷ ᠪᠣᠰᠤᠳ ᠤᠨ ᠡᠮᠴᠢᠯᠡᠭᠡᠨ ᠦ ᠳᠠᠭᠠᠳᠬᠠᠯ ᠤᠨ ᠺᠠᠷᠲ ᠢ ᠣᠯᠵᠤ ᠠᠪᠤᠭᠠᠳ ᠠᠵᠠ ᠪᠠᠷ ᠠᠩᠬᠠᠨ ᠤ ᠨᠢᠭᠤᠴᠠ ᠨᠣᠮᠧᠷ ᠲᠤᠷᠰᠢᠵᠤ ᠦᠵᠡᠪᠡ ᠂ ᠦᠨᠡᠨ ᠬᠡᠷᠡᠭᠯᠡᠵᠦ ᠪᠣᠯᠤᠨ᠎ᠠ ᠭᠡᠵᠦ ᠶᠠᠭ ᠪᠤᠳᠤᠵᠤ ᠣᠯᠤᠭᠰᠠᠨ ᠦᠭᠡᠢ ᠂ ᠺᠠᠷᠲ ᠢᠶᠡᠷ ᠡᠩ ᠦᠨ ᠦᠶ᠎ᠡ ᠳᠦ ᠤᠤᠭᠤᠳᠠᠭ ᠡᠮ ᠢᠶᠠᠨ ᠬᠤᠳᠠᠯᠳᠤᠨ ᠠᠪᠴᠠᠢ ᠂ ᠬᠠᠷᠢᠨ ᠶᠠᠯᠠᠲᠠᠨ ᠪᠤᠯᠤᠨ᠎ᠠ 60 ᠨᠠᠰᠤᠲᠠᠢ ᠯᠢ ᠣᠪᠣᠭᠲᠤ ᠦᠨᠡᠨ ᠰᠡᠳᠬᠢᠯ ᠡᠴᠡ ᠪᠡᠨ ᠃
ᠬᠡᠷᠡᠭ ᠪᠣᠳᠠᠲᠤ ᠤᠴᠢᠷ᠄
ᠯᠢ ᠣᠪᠣᠭᠲᠤ 2021 ᠣᠨ ᠤ 10 ᠰᠠᠷ᠎ᠠ ᠵᠢᠨ ᠨᠢᠭᠡᠨ ᠡᠳᠦᠷ ᠡᠮᠴᠢᠯᠡᠭᠡᠨ ᠦ ᠳᠠᠭᠠᠳᠬᠠᠯ ᠤᠨ ᠺᠠᠷᠲ ᠣᠯᠵᠤ ᠠᠪᠤᠪᠠ ᠂ ᠲᠤᠰ ᠡᠮᠴᠢᠯᠡᠭᠡᠨ ᠦ ᠳᠠᠭᠠᠳᠬᠠᠯ ᠤᠨ ᠺᠠᠷᠲ ᠨᠢᠭᠤᠴᠠ ᠨᠣᠮᠧᠷ ᠨᠢ ᠠᠩᠬᠠᠨ ᠤ ᠨᠢᠭᠤᠴᠠ ᠨᠣᠮᠧᠷ ᠯᠢ ᠣᠪᠣᠭᠲᠤ ᠤᠷᠢᠳ ᠬᠣᠵᠢᠳ ᠬᠣᠶᠠᠷ ᠡᠮ ᠦᠨ ᠳᠡᠯᠭᠡᠭᠦᠷ ᠲᠦ ᠬᠦᠷᠴᠦ ᠺᠠᠷᠲ ᠢ ᠡᠮ ᠬᠤᠳᠠᠯᠳᠤᠨ ᠠᠪᠴᠤ ᠂ ᠨᠡᠶᠢᠲᠡ 2800 ᠲᠥᠭᠥᠷᠢᠭ ᠃ ᠺᠠᠷᠲ ᠢᠶᠠᠨ ᠺᠠᠷᠲ ᠲᠠᠬᠢ ᠦᠯᠡᠳᠡᠪᠦᠷᠢ ᠵᠣᠭᠣᠰ ᠢ ᠪᠤᠰᠤᠳ ᠬᠥᠮᠦᠨ ᠬᠤᠯᠠᠭᠠᠶᠢᠯᠠᠨ ᠬᠡᠷᠡᠭᠯᠡᠵᠦ ᠪᠠᠶᠢᠬᠤ ᠶᠢ ᠣᠯᠵᠤ ᠮᠡᠳᠡᠭᠰᠡᠨ ᠦ ᠳᠠᠷᠠᠭ᠎ᠠ ᠳᠣᠲᠣᠭᠠᠳᠤ ᠶᠢ ᠬᠠᠮᠠᠭᠠᠯᠠᠬᠤ ᠪᠠᠢᠢᠭᠤᠯᠭ᠎ᠠ ᠳᠣᠲᠣᠭᠠᠳᠤ ᠶᠢ ᠬᠠᠮᠠᠭᠠᠯᠠᠬᠤ ᠪᠠᠢᠢᠭᠤᠯᠭ᠎ᠠ ᠡᠴᠡ ᠬᠤᠯᠠᠭᠠᠶᠢᠯᠠᠭᠰᠠᠨ ᠶᠠᠯ᠎ᠠ ᠪᠠᠷ ᠯᠢ ᠣᠪᠣᠭᠲᠤ ᠶᠢ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠷ ᠰᠢᠯᠵᠢᠭᠦᠯᠦᠨ ᠬᠦᠷᠭᠡᠪᠡ᠃ ᠰᠡᠭᠦᠯᠡᠷ ᠨᠢ ᠯᠢ ᠣᠪᠣᠭᠲᠤ ᠬᠤᠯᠠᠭᠠᠶᠢᠯᠠᠨ ᠬᠡᠷᠡᠭᠯᠡᠭᠰᠡᠨ ᠵᠣᠭᠣᠰ ᠢ ᠪᠦᠬᠦᠨ ᠢ ᠬᠣᠣᠷᠯᠠᠭᠳᠠᠭᠴᠢ ᠳᠤ ᠪᠤᠴᠠᠭᠠᠭᠰᠠᠨ ᠪᠥᠭᠡᠳ ᠬᠣᠣᠷᠯᠠᠭᠳᠠᠭᠴᠢ ᠶᠢᠨ ᠠᠭᠤᠴᠢᠯᠠᠯ ᠢ ᠣᠯᠵᠠᠢ᠃
ᠬᠡᠷᠡᠭ ᠰᠢᠢᠳᠪᠦᠷᠢᠯᠡᠭᠰᠡᠨ ᠪᠠᠢᠢᠳᠠᠯ᠄
ᠪᠠᠶᠢᠴᠠᠭᠠᠨ ᠳᠣᠲᠣᠯᠠᠭᠰᠠᠨ ᠢᠶᠠᠷ ᠂ ᠯᠢ ᠣᠪᠣᠭᠲᠤ ᠪᠤᠰᠤᠳ ᠤᠨ ᠡᠳ᠋ ᠮᠥᠩᠭᠥ ᠨᠢᠭᠤᠴᠠ ᠪᠠᠷ ᠬᠤᠯᠠᠭᠠᠶᠢᠯᠠᠨ ᠠᠪᠤᠭᠰᠠᠨ ᠪᠥᠭᠡᠳ ᠲᠣᠭ᠎ᠠ ᠬᠡᠮᠵᠢᠶ᠎ᠡ ᠨᠢ ᠨᠡᠯᠢᠶᠡᠳ ᠶᠡᠬᠡ ᠪᠠᠶᠢᠵᠤ ᠂ ᠬᠤᠯᠠᠭᠠᠶᠢᠯᠠᠭᠰᠠᠨ ᠶᠠᠯ᠎ᠠ ᠪᠠᠷ ᠰᠡᠵᠢᠭᠯᠡᠭᠳᠡᠪᠡ᠃ ᠭᠡᠪᠡᠴᠦ ᠯᠢ ᠣᠪᠤᠭᠲᠤ ᠠᠩᠬ᠎ᠠ ᠤᠳᠠᠭ᠎ᠠ ᠶᠠᠯ᠎ᠠ ᠬᠢᠭᠰᠡᠨ ᠬᠡᠷᠡᠭᠲᠡᠨ᠂ ᠭᠡᠨᠡᠳᠲᠡ ᠶᠠᠯ᠎ᠠ ᠬᠢᠭᠰᠡᠨ ᠬᠡᠷᠡᠭᠲᠡᠨ ᠮᠦᠷᠲᠡᠭᠡᠨ᠂ ᠳᠠᠷᠠᠭ᠎ᠠ ᠦᠨᠡᠨ ᠮᠥᠨ ᠢᠶᠡᠷ ᠨᠢ ᠥᠴᠢᠭᠯᠡᠵᠦ ᠂ ᠰᠠᠨᠠᠭᠠᠴᠢᠯᠠᠭ᠎ᠠ ᠠᠴᠠ ᠪᠠᠨ ᠬᠤᠤᠷᠯᠠᠭᠳᠠᠭᠴᠢ ᠪᠤᠴᠠᠭᠠᠨ ᠳᠥᠯᠥᠵᠦ ᠂ ᠬᠤᠤᠷᠯᠠᠭᠳᠠᠭᠴᠢ ᠶᠢᠨ ᠠᠭᠤᠴᠢᠯᠠᠯ ᠢ ᠣᠯᠣᠨ ᠂ ᠰᠠᠶᠢᠨ ᠳᠤᠷ᠎ᠠ ᠠᠴᠠ ᠪᠠᠨ ᠶᠠᠯ᠎ᠠ ᠪᠠᠨ ᠰᠢᠳᠬᠡᠯ ᠬᠦᠯᠢᠶᠡᠭᠰᠡᠨ ᠮᠥᠷᠲᠡᠭᠡᠨ ᠪᠤᠰᠤᠳ ᠡᠮᠴᠢᠯᠡᠭᠡᠨ ᠦ ᠳᠠᠭᠠᠳᠬᠠᠯ ᠤᠨ ᠺᠠᠷᠲ ᠢ ᠣᠯᠵᠣ ᠠᠪᠤᠭᠰᠠᠨ ᠤ ᠳᠠᠷᠠᠭ᠎ᠠ ᠲᠦᠷ ᠴᠠᠭ ᠰᠡᠳᠬᠢᠯ ᠬᠦᠳᠡᠯᠵᠦ ᠡᠩ ᠦᠨ ᠦᠶ᠎ᠡ ᠳᠦ ᠡᠮ ᠢ ᠬᠤᠳᠠᠯᠳᠤᠨ ᠨᠢ ᠪᠡᠶᠡᠴᠢ ᠲᠠᠯ᠎ᠠ ᠶᠢᠨ ᠬᠤᠤᠷᠲᠤ ᠴᠢᠨᠠᠷ ᠨᠡᠯᠢᠶᠡᠳ ᠪᠠᠭ᠎ᠠ ᠂ ᠲᠡᠭᠦᠨ ᠬᠠᠷᠢᠴᠠᠩᠭᠤᠶ ᠪᠠᠷ ᠥᠯᠥ ᠵᠠᠭᠠᠯᠳᠤᠬᠤ ᠲᠣᠭᠲᠠᠭᠠᠯ ᠭᠠᠷᠭᠠᠬᠤ ᠢᠯᠡ ᠪᠡᠷ ᠭᠡᠷᠡᠴᠢᠯᠡᠭᠡ ᠰᠣᠨᠣᠰᠬᠤ ᠭᠡᠷᠡᠴᠢᠯᠡᠭᠡ ᠰᠣᠨᠣᠰᠬᠤ ᠬᠤᠷᠠᠯ ᠭᠡᠷᠡᠴᠢᠯᠡᠭᠡ ᠯᠢ ᠣᠪᠣᠭᠲᠤ ᠳᠤ ᠬᠠᠷᠢᠴᠠᠩᠭᠤᠢ ᠪᠠᠷ ᠦᠯᠦ ᠵᠠᠭᠠᠯᠳᠤᠬᠤ ᠲᠣᠭᠲᠠᠭᠠᠯ ᠭᠠᠷᠭᠠᠬᠤ ᠶᠢ ᠰᠠᠨᠠᠯ ᠨᠢᠭᠡᠲᠡᠢ ᠵᠥᠪᠰᠢᠶᠡᠷᠡᠪᠡ᠃
ᠨᠡᠶᠢᠭᠡᠮ ᠦᠨ ᠡᠮᠴᠢᠯᠡᠭᠡᠨ ᠦ ᠳᠠᠭᠠᠳᠬᠠᠯ ᠤᠨ ᠺᠠᠷᠲ ᠢ ᠳᠥᠭᠥᠮᠴᠢᠯᠡᠭᠡᠳ ᠡᠮᠴᠢᠯᠡᠭᠡᠨ ᠦ ᠳᠠᠭᠠᠳᠬᠠᠯ ᠤᠨ ᠺᠠᠷᠲ ᠭᠡᠳᠡᠭ ᠂ ᠲᠡᠷᠡ ᠨᠢ ᠡᠮ ᠡᠮᠴᠢᠯᠡᠭᠡᠨ ᠦ ᠳᠠᠭᠠᠳᠬᠠᠯ ᠤᠨ ᠬᠤᠪᠢ ᠬᠥᠮᠦᠨ ᠦ ᠳᠠᠩᠰᠠᠨ ᠡᠷᠦᠬᠡ ᠶᠢᠨ ᠲᠤᠰᠬᠠᠶ ᠺᠠᠷᠲ ᠪᠠᠶᠢᠵᠤ ᠂ ᠬᠤᠪᠢ ᠬᠥᠮᠦᠨ ᠦ ᠪᠡᠶ᠎ᠡ ᠶᠢᠨ ᠦᠨᠡᠮᠯᠡᠯ ᠢᠶᠡᠷ ᠢᠯᠭᠠᠨ ᠲᠠᠨᠢᠬᠤ ᠺᠣᠳ᠋ ᠪᠣᠯᠭᠠᠵᠤ ᠂ ᠬᠤᠪᠢ ᠬᠥᠮᠦᠨ ᠦ ᠪᠡᠶ᠎ᠡ ᠶᠢᠨ ᠦᠨᠡᠮᠯᠡᠯ ᠦᠨ ᠨᠣᠮᠧᠷ ᠂ ᠣᠪᠣᠭ ᠨᠡᠷ᠎ᠡ ᠂ ᠬᠦᠢᠰᠦ ᠵᠢᠴᠢ ᠳᠠᠩᠰᠠᠨ ᠡᠷᠦᠬᠡ ᠶᠢᠨ ᠮᠥᠩᠭᠥ ᠶᠢ ᠰᠢᠯᠵᠢᠭᠦᠯᠦᠨ ᠥᠭᠭᠦᠭᠰᠡᠨ ᠂ ᠬᠡᠷᠡᠭᠯᠡᠭᠰᠡᠨ ᠪᠠᠶᠢᠳᠠᠯ ᠵᠡᠷᠭᠡ ᠨᠠᠷᠢᠨ ᠲᠣᠳᠣᠷᠬᠠᠶ ᠮᠡᠳᠡᠭᠡ ᠵᠠᠩᠭᠢ ᠶᠢ ᠬᠠᠳᠠᠭᠠᠯᠠᠵᠤ ᠪᠠᠶᠢᠳᠠᠭ᠃ ᠡᠮᠴᠢᠯᠡᠭᠡᠨ ᠦ ᠳᠠᠭᠠᠳᠬᠠᠯ ᠤᠨ ᠺᠠᠷᠲ ᠢ ᠲᠤᠬᠠᠶ ᠶᠢᠨ ᠭᠠᠵᠠᠷ ᠤᠨ ᠵᠢᠭᠠᠨ ᠲᠣᠭᠲᠠᠭᠠᠭᠰᠠᠨ ᠣᠷᠣᠯᠠᠨ ᠭᠦᠶᠴᠡᠳᠬᠡᠬᠦ ᠪᠠᠩᠬᠢ ᠠᠴᠠ ᠳᠠᠭᠠᠭᠠᠨ ᠠᠪᠤᠨ ᠪᠠᠩᠬᠢ ᠶᠢᠨ ᠣᠯᠠᠨ ᠴᠢᠳᠠᠮᠵᠢᠲᠤ ᠵᠢᠭᠡᠯᠡᠨ ᠪᠤᠳᠤᠬᠤ ᠺᠠᠷᠲ ᠤᠨ ᠨᠢᠭᠡ ᠵᠦᠶᠯ ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠨᠢᠭᠡᠴᠡ ᠰᠦᠶᠳᠬᠡᠯ ᠲᠤᠰᠢᠶᠠᠭᠰᠠᠨ ᠤ ᠳᠠᠷᠠᠭ᠎ᠠ ᠂ ᠣᠷᠣᠨ ᠨᠤᠲᠤᠭ ᠤᠨ ᠡᠮ ᠡᠮᠴᠢᠯᠡᠭᠡᠨ ᠦ ᠳᠠᠭᠠᠳᠬᠠᠯ ᠤᠨ ᠠᠵᠢᠯ ᠦᠶᠯᠡᠰ ᠦᠨ ᠰᠠᠯᠠᠭ᠎ᠠ ᠮᠥᠴᠢᠷ ᠰᠠᠷ᠎ᠠ ᠶᠢᠨ ᠰᠡᠭᠦᠯᠴᠢ ᠪᠡᠷ ᠬᠤᠪᠢ ᠬᠥᠮᠦᠨ ᠦ ᠲᠠᠩᠰᠠᠨ ᠡᠷᠦᠬᠡ ᠶᠢᠨ ᠮᠥᠩᠭᠥ ᠶᠢᠨ ᠬᠡᠰᠡᠭ ᠢ ᠪᠠᠩᠬᠢ ᠳᠤ ᠨᠠᠶᠢᠳᠠᠵᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠤ ᠬᠤᠪᠢ ᠬᠥᠮᠦᠨ ᠦ ᠡᠮᠴᠢᠯᠡᠭᠡᠨ ᠦ ᠳᠠᠭᠠᠳᠬᠠᠯ ᠤᠨ ᠺᠠᠷᠲ ᠲᠤ ᠰᠢᠯᠵᠢᠭᠦᠯᠦᠨ ᠃
ᠪᠠᠶᠢᠴᠠᠭᠠᠬᠤ ᠲᠤᠰᠢᠶᠠᠯᠲᠠᠨ ᠤ ᠰᠠᠨᠠᠭᠤᠯᠭ᠎ᠠ᠄
1.ᠡᠮᠴᠢᠯᠡᠭᠡᠨ ᠦ ᠳᠠᠭᠠᠳᠬᠠᠯ ᠤᠨ ᠺᠠᠷᠲ ᠤᠨ ᠠᠩᠬᠠᠨ ᠤ ᠨᠢᠭᠤᠴᠠ ᠨᠣᠮᠧᠷ ᠢᠶᠠᠨ ᠡᠷᠬᠡᠪᠰᠢ ᠴᠠᠭ ᠲᠤᠬᠠᠶ ᠳᠤᠨᠢ ᠬᠤᠪᠢᠷᠠᠭᠤᠯᠵᠤ ᠂ ᠨᠢᠭᠤᠴᠠ ᠨᠣᠮᠧᠷ ᠢᠶᠡᠨ ᠦᠶ᠎ᠡ ᠳᠦ ᠲᠥᠷᠥᠭᠰᠡᠨ ᠡᠳᠦᠷ ᠵᠢᠴᠢ ᠪᠡᠶ᠎ᠡ ᠶᠢᠨ ᠦᠨᠡᠮᠯᠡᠯ ᠦᠨ ᠨᠣᠮᠧᠷ ᠳᠣᠲᠣᠷᠠᠬᠢ ᠲᠣᠭ᠎ᠠ ᠶᠢ ᠬᠡᠷᠡᠭᠯᠡᠬᠦ ᠡᠴᠡ ᠵᠠᠶᠢᠯᠠᠰᠬᠢᠵᠦ ᠂ ᠡᠮᠴᠢᠯᠡᠭᠡᠨ ᠦ ᠳᠠᠭᠠᠳᠬᠠᠯ ᠤᠨ ᠺᠠᠷᠲ ᠲᠣᠬᠢᠲᠠᠶ ᠰᠠᠶᠢᠲᠤᠷ ᠬᠠᠳᠠᠭᠠᠯᠠᠬᠤ ᠬᠡᠷᠡᠭᠲᠡᠶ᠃ ᠡᠮᠴᠢᠯᠡᠭᠡᠨ ᠦ ᠳᠠᠭᠠᠳᠬᠠᠯ ᠤᠨ ᠺᠠᠷᠲ ᠢᠶᠠᠨ ᠭᠡᠭᠡᠭᠰᠡᠨ ᠢ ᠣᠯᠵᠤ ᠮᠡᠳᠡᠪᠡᠯ ᠳᠠᠷᠤᠶ ᠲᠦᠷᠭᠡᠨ ᠭᠡᠭᠡᠭᠰᠡᠨ ᠢᠶᠡᠨ ᠭᠦᠶᠴᠡᠳᠬᠡᠵᠦ᠂ ᠬᠠᠤᠯᠢ ᠪᠤᠰᠤ ᠡᠲᠡᠭᠡᠳ ᠺᠠᠷᠲ ᠲᠠᠬᠢ ᠵᠣᠭᠣᠰ ᠢ ᠬᠤᠯᠠᠭᠠᠶᠢᠯᠠᠨ ᠵᠠᠷᠤᠬᠤ ᠠᠴᠠ ᠰᠡᠷᠭᠡᠶᠢᠯᠡᠬᠦ ᠬᠡᠷᠡᠭᠲᠡᠶ᠃
2.ᠪᠤᠰᠤᠳ ᠡᠮᠴᠢᠯᠡᠭᠡᠨ ᠦ ᠳᠠᠭᠠᠳᠬᠠᠯ ᠤᠨ ᠺᠠᠷᠲ ᠢ ᠣᠯᠵᠤ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ ᠪᠤᠴᠠᠭᠠᠬᠤ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠬᠤ ᠬᠡᠷᠡᠭᠲᠡᠶ᠃ ᠡᠮᠴᠢᠯᠡᠭᠡᠨ ᠦ ᠳᠠᠭᠠᠳᠬᠠᠯ ᠤᠨ ᠺᠠᠷᠲ ᠢ ᠬᠤᠯᠠᠭᠠᠶᠢᠯᠠᠨ ᠬᠡᠷᠡᠭᠯᠡᠭᠰᠡᠨ ᠠᠵᠢᠯᠯᠠᠭ᠎ᠠ ᠶᠢᠨ ᠲᠤᠬᠠᠶ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠦᠨ ᠬᠠᠤᠯᠢ ᠳᠥᠴᠢ ᠶᠢᠰᠦᠳᠦᠭᠡᠷ ᠵᠦᠶᠯ ᠳᠦ ᠂ ᠠᠯᠪᠠᠨ ᠤ ᠪᠠ ᠬᠤᠪᠢ ᠶᠢᠨ ᠡᠳ᠋ ᠮᠥᠩᠭᠥ ᠶᠢ ᠬᠤᠯᠠᠭᠠᠶᠢᠯᠠᠭᠰᠠᠨ ᠪᠠᠶᠢᠪᠠᠯ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠠᠪᠤᠨ ᠡᠳᠦᠷ ᠡᠴᠡ ᠳᠡᠭᠡᠭᠰᠢ ᠠᠷᠪᠠᠨ ᠲᠠᠪᠤᠨ ᠡᠳᠦᠷ ᠡᠴᠡ ᠳᠣᠭᠣᠭᠰᠢ ᠵᠠᠰᠠᠭ ᠵᠠᠬᠢᠷᠭᠠᠨ ᠤ ᠲᠦᠷ ᠬᠣᠷᠢᠬᠤ ᠪᠠᠷ ᠰᠢᠳᠬᠡᠵᠦ᠂ 500 ᠡᠴᠡ1000 ᠲᠥᠭᠥᠷᠢᠭ ᠵᠣᠭᠣᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠶᠳᠬᠡᠨ᠎ᠡ ᠭᠡᠵᠦ ᠲᠣᠳᠣᠷᠬᠠᠶ ᠲᠣᠭᠲᠠᠭᠠᠵᠠᠶ᠃ ᠬᠡᠷᠪᠡ ᠬᠤᠯᠠᠭᠠᠶᠢᠯᠠᠨ ᠬᠡᠷᠡᠭᠯᠡᠭᠰᠡᠨ ᠵᠣᠭᠣᠰ ᠤᠨ ᠲᠣᠭ᠎ᠠ ᠨᠢ ᠨᠡᠯᠢᠶᠡᠳ ᠶᠡᠬᠡ ᠪᠠᠶᠢᠪᠠᠯ᠂ ᠬᠤᠯᠠᠭᠠᠶᠢᠯᠠᠭᠰᠠᠨ ᠶᠠᠯ᠎ᠠ ᠲᠤᠬᠠᠢ ᠶᠢᠨ ᠬᠥᠮᠦᠨ ᠨᠢ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠃
3.2015 ᠣᠨ ᠤ 10 ᠰᠠᠷ᠎ᠠ ᠶᠢᠨ 1 ᠦ ᠡᠳᠦᠷ ᠂ ︽ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ᠶᠢᠰᠦ ︾ ᠳ᠋ᠤ ᠨᠡᠶᠢᠭᠡᠮ ᠦᠨ ᠪᠠᠲᠤᠯᠠᠭ᠎ᠠ ᠶᠢᠨ ᠺᠠᠷᠲ ᠢ ᠬᠠᠤᠯᠢ ᠶᠣᠰᠣᠭᠠᠷ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠳᠦ ᠬᠡᠷᠡᠭᠯᠡᠵᠦ ᠪᠣᠯᠬᠤ ᠦᠨᠡᠮᠯᠡᠯ ᠦᠨ ᠬᠡᠪᠴᠢᠶᠡᠨ ᠳᠦ ᠣᠷᠣᠭᠤᠯᠪᠠ᠃ ᠨᠡᠶᠢᠭᠡᠮ ᠦᠨ ᠪᠠᠲᠤᠯᠠᠭ᠎ᠠ ᠶᠢᠨ ᠺᠠᠷᠲ ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠤᠳᠠᠯᠳᠤᠭᠠᠯᠠᠭᠰᠠᠨ ᠦᠢᠯᠡ ᠠᠵᠢᠯᠯᠠᠭ᠎ᠠ ᠪᠦᠬᠦᠨ ᠡᠴᠡ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ ᠨᠡᠶᠢᠭᠡᠮ ᠦᠨ ᠪᠠᠲᠤᠯᠠᠭ᠎ᠠ ᠶᠢᠨ ᠺᠠᠷᠲ ᠢ ᠪᠤᠶᠤ ᠪᠤᠰᠤᠳ ᠤᠨ ᠨᠡᠶᠢᠭᠡᠮ ᠦᠨ ᠪᠠᠲᠤᠯᠠᠭ᠎ᠠ ᠶᠢᠨ ᠺᠠᠷᠲ ᠢ ᠬᠤᠯᠠᠭᠠᠶᠢᠯᠠᠨ ᠬᠡᠷᠡᠭᠯᠡᠭᠰᠡᠨ ᠦᠢᠯᠡ ᠠᠵᠢᠯᠯᠠᠭ᠎ᠠ ᠪᠦᠬᠦᠨ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠲᠤᠭᠲᠠᠭᠠᠵᠠᠢ᠃