ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠤᠯᠢ ᠴᠠᠭᠠᠵᠠ ᠶᠢᠨ ᠴᠠᠭᠳᠠᠭ᠎ᠠ ᠶᠢᠨ ᠶᠡᠭᠡ ᠠᠩᠬᠢ ᠪᠠᠶᠢᠴᠠᠭᠠᠬᠤ ᠬᠡᠷᠡᠭ ᠰᠢᠢᠳᠪᠤᠷᠢᠯᠠᠬᠦ ᠠᠵᠢᠯᠠᠯᠭ᠎ᠠ ᠳᠤ ᠪᠦᠬᠦ ᠲᠠᠯ᠎ᠠ ᠪᠠᠷ ᠠᠭᠤᠰᠤᠯᠴᠠᠪᠠ

2022-12-30 15:30:18
ᠵᠣᠬᠢᠶᠠᠭᠴᠢ
ᠦᠵᠡᠰᠭᠦᠯᠡᠩ

ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠡ ᠳᠡᠭᠡᠲᠦ ᠱᠠᠲᠤᠨ ᠤ ᠰᠠᠯᠠᠭ᠎ᠠ ᠮᠦᠴᠢᠷ ᠤᠨ ᠰᠢᠯᠵᠢᠭᠦᠯᠦᠨ  ᠰᠢᠢᠳᠪᠦᠷᠢᠯᠡᠭᠦᠯᠦᠭᠰᠡᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠠᠯᠳᠠᠭᠳᠠᠯ ᠤᠨ ᠬᠡᠷᠡᠭ ᠤᠨ ᠰᠦᠪᠡᠭᠴᠢ ᠶᠢ ᠤᠯᠤᠨ᠂ ᠲᠤᠭᠲᠠᠭᠰᠠᠨ ᠴᠠᠭ ᠲᠤ ᠪᠠᠶᠢᠴᠠᠭᠠᠵᠤ ᠳᠠᠭᠤᠰᠭᠠᠬᠤ  ᠬᠡᠷᠡᠭᠲᠡᠢ ᠪᠠᠶᠢᠵᠤ᠂ ᠴᠠᠭ ᠪᠠᠴᠢᠮ ᠡᠭᠦᠷᠭᠡ ᠬᠦᠨᠳᠦ ᠪᠠᠶᠢᠳᠡᠯ ᠳᠤᠤᠷ᠎ᠠ᠂ ᠬᠠᠤᠯᠢ ᠴᠠᠭᠠᠵᠠ ᠶᠢᠨ ᠴᠠᠭᠳᠠᠭ᠎ᠠ ᠶᠢᠨ ᠶᠡᠭᠡ ᠠᠩᠬᠢ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠪᠠᠶᠢᠴᠠᠭᠠᠬᠤ ᠲᠤᠰᠢᠶᠠᠯᠲᠡᠨ ᠲᠠᠢ ᠢᠳᠡᠪᠬᠢᠲᠠᠢ ᠵᠤᠯᠭᠠᠨ᠂ ᠭᠡᠷᠡᠴᠢ ᠪᠠᠷᠢᠮᠲᠠ ᠰᠢᠯᠵᠢᠭᠦᠯᠦᠨ ᠠᠪᠬᠤ ᠲᠤᠪᠴᠢ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠭᠡᠷᠡᠴᠢ ᠰᠢᠯᠵᠢᠭᠦᠯᠬᠦ ᠲᠦᠯᠦᠪᠯᠡᠭᠡ ᠲᠤᠭᠲᠠᠭᠠᠨ᠂ ᠴᠠᠭᠳᠠᠭᠠᠨ ᠤ ᠬᠦᠴᠦᠨ ᠢ ᠵᠤᠬᠢᠰᠲᠠᠢ ᠲᠤᠬᠢᠷᠠᠭᠤᠯᠵᠤ᠂ ᠤᠷᠢᠳ ᠬᠤᠵᠢᠳ ᠤᠷᠳᠤᠰ ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠦᠪ ᠂ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠤᠪᠴᠢᠶ᠎ᠠ᠂ ᠬᠤᠰᠢᠭᠤᠨ ᠤ ᠡᠮ ᠡᠮᠨᠡᠯᠭᠡ ᠶᠢᠨ  ᠳᠠᠭᠠᠳᠬᠠᠯ ᠤᠨ ᠲᠤᠪᠴᠢᠶ᠎ᠠ᠂ ᠬᠤᠰᠢᠭᠤᠨ ᠤ ᠪᠡᠯᠡ ᠤᠷᠤᠭᠤᠯᠤᠯᠳᠠ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ ᠶᠢᠨ ᠲᠤᠪᠴᠢᠶ᠎ᠠ᠂ ᠬᠤᠰᠢᠭᠤᠨ ᠤ ᠰᠢᠭᠦᠬᠦ ᠬᠤᠷᠢᠶ᠎ᠡ ᠵᠡᠷᠭᠡ ᠬᠠᠮᠢᠶ᠎ᠡ ᠪᠦᠬᠦᠢ ᠨᠢᠭᠡᠴᠢ ᠶᠢᠨ ᠭᠡᠷᠡᠴᠢ ᠪᠠᠷᠢᠮᠲᠠ ᠶᠢ ᠰᠢᠯᠵᠢᠭᠦᠯᠦᠨ ᠠᠪᠴᠤ᠂ ᠭᠡᠷᠡᠴᠢ ᠰᠤᠯᠢᠬᠤ ᠶᠠᠪᠤᠴᠠ ᠳᠤᠮᠳᠠ᠂ ᠬᠦᠳᠡᠯᠦᠯ ᠪᠠᠷᠢᠯ ᠢᠶᠠᠨ ᠪᠤᠯᠪᠠᠰᠤᠨ ᠪᠤᠯᠭᠠᠵᠤ᠂ ᠬᠠᠤᠯᠢ ᠬᠡᠷᠡᠭᠵᠢᠭᠦᠯᠬᠦ ᠳᠦᠷᠢᠮᠵᠢᠯ ᠪᠠ ᠱᠠᠭᠠᠷᠲᠠᠯᠭ᠎ᠠ ᠶᠤᠰᠤᠭᠠᠷ ᠠᠵᠢᠯᠲᠠᠨ ᠤ ᠦᠨᠡᠮᠯᠡᠯ ᠢᠶᠠᠨ ᠭᠠᠷᠭᠠᠵᠤ᠂ ᠭᠡᠷᠡᠴᠢ ᠪᠠᠷᠢᠮᠲᠠ ᠰᠢᠯᠵᠢᠭᠦᠯᠦᠨ ᠠᠪᠬᠤ ᠬᠠᠤᠯᠢ ᠴᠠᠭᠠᠵᠠ ᠶᠢᠨ ᠪᠢᠴᠢᠭ ᠬᠠᠷ᠎ᠠ᠂ ᠭᠡᠷᠡᠴᠢ ᠪᠠᠷᠢᠮᠲᠠ ᠶᠢᠨ ᠪᠠᠷᠢᠮᠵᠢᠶ᠎ᠠ ᠶᠤᠰᠤᠭᠠᠷ ᠬᠤᠯᠪᠤᠭᠳᠠᠯ ᠪᠦᠬᠦᠢ ᠨᠢᠭᠡᠴᠢ ᠶᠢ ᠵᠢᠯᠤᠭᠤᠳᠴᠤ ᠭᠡᠷᠡᠴᠢ ᠪᠠᠷᠢᠮᠳᠠ ᠬᠠᠩᠭᠠᠨ᠂ ᠰᠢᠯᠵᠢᠭᠦᠯᠦᠨ ᠠᠪᠤᠭᠰᠠᠨ ᠭᠡᠷᠡᠴᠢ ᠪᠠᠷᠢᠮᠲᠠ ᠶᠢᠨ ᠦᠨᠡᠨ ᠪᠤᠲᠠᠲᠠᠢ ᠪᠦᠭᠡᠳ ᠪᠦᠬᠦ ᠲᠠᠯ᠎ᠠ ᠶᠢᠨ ᠪᠠᠶᠢᠬᠤ ᠶᠢ ᠦᠨᠡᠨᠬᠦ ᠪᠠᠲᠤᠯᠠᠪᠡ᠃

ᠡᠨᠡ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠤᠯᠢ ᠴᠠᠭᠠᠵᠠ ᠶᠢᠨ ᠴᠠᠭᠳᠠᠭ᠎ᠠ ᠶᠢᠨ ᠶᠡᠭᠡ ᠠᠩᠬᠢ ︽ᠪᠦᠬᠦ ᠬᠤᠷᠢᠶ᠎ᠡ ᠨᠢᠭᠡ ᠬᠦᠯᠭᠡ ᠰᠢᠲᠠᠷ᠎ᠠ ᠮᠡᠲᠦ ᠪᠠᠶᠢᠬᠤ ︾ᠦᠵᠠᠯ ᠰᠠᠨᠠᠭ᠎ᠠ ᠶᠢ ᠪᠠᠶᠢᠭᠤᠯᠤᠨ᠂ ᠪᠠᠶᠢᠴᠠᠭᠠᠬᠤ ᠬᠡᠷᠡᠭ ᠰᠢᠢᠳᠪᠤᠷᠢᠯᠠᠬᠦ ᠢ ᠳᠡᠮᠵᠢᠬᠦ ᠪᠠᠷ ᠭᠤᠤᠯ ᠰᠡᠳᠦᠪ ᠪᠤᠯᠭᠠᠬᠤ ᠶᠢ ᠪᠠᠷᠢᠮᠳᠠᠯᠠᠵᠤ᠂ ︽ᠪᠦᠬᠦ ᠶᠠᠪᠤᠴᠠ ᠶᠢ ᠪᠠᠶᠢᠴᠠᠭᠠᠬᠤ ᠬᠡᠷᠡᠭ ᠰᠢᠢᠳᠪᠤᠷᠢᠯᠠᠬᠦ ᠠᠵᠢᠯᠯᠠᠭ᠎ᠠ ᠳᠤ ᠪᠦᠬᠦ ᠲᠠᠯ᠎ᠠ ᠪᠠᠷ ᠠᠭᠤᠰᠤᠯᠴᠠᠭᠤᠯᠬᠤ ︾ ᠪᠠᠷ ᠬᠠᠷᠠᠯᠲᠠ ᠪᠠᠨ ᠪᠤᠯᠭᠠᠵᠤ᠂ ᠢᠳᠡᠪᠬᠢᠲᠠᠢ ᠰᠦᠪᠡᠭᠴᠢᠯᠡᠨ᠂ ᠰᠠᠨᠠᠭᠠᠴᠢᠯᠠᠭ᠎ᠠ ᠠᠴᠠ ᠪᠠᠨ ᠲᠤᠰᠢᠶᠠᠯ ᠪᠠᠨ ᠭᠦᠢᠴᠡᠳᠭᠡᠵᠤ᠂ ︽ᠪᠠᠶᠢᠴᠠᠭᠠᠬᠤ ᠲᠤᠰᠢᠶᠠᠯᠲᠡᠨ + ᠬᠠᠤᠯᠢ ᠴᠠᠭᠠᠵᠠ ᠶᠢᠨ ᠴᠠᠭᠳᠠᠭ᠎ᠠ ︾ ᠶᠢᠨ ᠬᠡᠷᠡᠭ ᠰᠢᠢᠳᠪᠤᠷᠢᠯᠠᠬᠦ ᠵᠠᠭᠪᠤᠷ ᠢ ᠠᠰᠢᠭᠯᠠᠨ᠂ ᠬᠡᠷᠡᠭ ᠰᠢᠢᠳᠪᠤᠷᠢᠯᠠᠬᠦ ᠰᠠᠯᠠᠭ᠎ᠠ ᠮᠦᠴᠢᠷ ᠢ ᠳᠡᠮᠵᠢᠨ 143 ᠤᠳᠠᠭ᠎ᠠ ᠠᠯᠤᠰ  ᠠᠴᠠ ᠰᠢᠭᠦᠵᠤ᠂ 15 ᠤᠳᠠᠭ᠎ᠠ ᠬᠠᠪᠰᠤᠷᠤᠨ ᠲᠤᠷᠰᠢᠨ ᠪᠠᠶᠢᠴᠠᠭᠠᠵᠤ᠂ ᠢᠯᠡ ᠪᠠᠷ ᠬᠢᠨᠠᠨ ᠪᠠᠶᠢᠴᠠᠭᠠᠬᠤ᠂ ᠢᠯᠡ ᠪᠠᠷ ᠭᠡᠷᠡᠴᠢᠯᠡᠭᠡ ᠰᠤᠨᠤᠰᠬᠤ᠂ ᠢᠯᠡ ᠪᠠᠷ ᠵᠠᠷᠯᠠᠬᠤ ᠵᠡᠷᠭᠡ ᠪᠠᠶᠢᠴᠠᠭᠠᠬᠤ ᠠᠵᠢᠯᠠᠯᠭ᠎ᠠ ᠶᠢᠨ ᠡᠮᠬᠢ ᠵᠢᠷᠤᠮ ᠢ 15 ᠤᠳᠠᠭ᠎ᠠ ᠬᠠᠮᠠᠭᠠᠯᠠᠵᠤ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠯᠲᠠ ᠳᠤ 45 ᠤᠳᠠᠭ᠎ᠠ ᠤᠷᠤᠯᠴᠠᠪᠡ᠃

ᠳᠠᠷᠠᠭᠠᠴᠢ ᠶᠢᠨ ᠠᠯᠬᠤᠮ ᠳᠤ᠂ ᠬᠠᠤᠯᠢ ᠪᠠᠷᠢᠬᠤ ᠴᠠᠭᠳᠠᠭ᠎ᠠ ᠶᠢᠨ ᠶᠡᠭᠡ ᠠᠩᠬᠢ ᠤᠯᠠᠮ ᠨᠢᠭᠡ ᠠᠯᠬᠤᠮ ᠠᠭᠤᠯᠠ ᠬᠠᠳᠠ ᠶᠢ ᠴᠤᠭᠤᠯᠬᠤ ᠡᠷᠴᠢ ᠵᠤᠷᠢᠭ ᠢᠶᠠᠷ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠠᠶᠢᠳᠤᠷ ᠰᠤᠷᠤᠯᠴᠠᠵᠤ᠂ ᠲᠤᠬᠠᠶᠢᠯᠠᠭᠰᠠᠨ ᠰᠠᠯᠠᠭ᠎ᠠ ᠮᠦᠴᠢᠷ ᠲᠠᠢ ᠨᠢᠭᠲᠠ ᠬᠠᠮᠵᠢᠯᠴᠠᠨ᠂ ᠵᠤᠷᠢᠭᠲᠠᠢ ᠪᠠᠷ ᠦᠢᠯᠡᠳᠦᠯᠭᠡᠵᠢᠭᠦᠯᠵᠦ᠂ ᠬᠠᠤᠯᠢ ᠪᠠᠷᠢᠬᠤ ᠴᠠᠭᠳᠠᠭ᠎ᠠ ᠶᠢᠨ ᠶᠡᠭᠡ ᠠᠩᠬᠢ ᠶᠢᠨ ᠬᠡᠷᠡᠭ ᠰᠢᠢᠳᠪᠤᠷᠢᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠪᠠᠶᠢᠴᠠᠭᠠᠬᠤ ᠲᠤᠰᠢᠶᠠᠯᠲᠡᠨ + ᠬᠠᠤᠯᠢ ᠴᠠᠭᠠᠵᠠ ᠶᠢᠨ ᠴᠠᠭᠳᠠᠭ᠎ᠠ ︾ ᠶᠢᠨ ᠬᠡᠷᠡᠭ ᠰᠢᠢᠳᠪᠤᠷᠢᠯᠠᠬᠦ ᠵᠠᠭᠪᠤᠷ ᠤᠨ ᠬᠠᠮᠤᠭ ᠤᠨ ᠶᠡᠭᠡ ᠨᠡᠶᠢᠯᠡᠮᠡᠯ ᠬᠦᠴᠦᠨ  ᠢ ᠦᠷᠬᠦᠯᠵᠢᠯᠡᠨ ᠴᠢᠩᠭᠠᠷᠠᠭᠤᠯᠤᠨ᠎ᠠ᠃


检徽1.jpg           


 ᠦᠵᠡᠰᠭᠦᠯᠡᠩ ᠠᠴᠠ  ᠣᠷᠴᠢᠭᠤᠯᠪᠠ


ᠢᠷᠡᠯᠲᠡ
ᠣᠷᠳᠤᠰ ᠬᠤᠲᠠ ᠵᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠢᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro