ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠡᠬᠡᠰ ᠦᠨ ᠬᠠᠩᠬᠤᠯᠠᠭᠤᠨ ᠦᠨᠦᠷ  ᠢᠶᠡᠷ ᠰᠢᠨ᠎ᠡ ᠵᠢᠯ  ᠢᠶᠡᠨ ᠤᠭᠳᠤᠵᠤ᠂   ᠪᠢᠷ  ᠪᠠᠷᠢᠨ ᠦᠵᠦᠭ ᠡᠷᠴᠢᠮᠯᠡᠵᠦ ᠪᠠᠢᠢᠴᠠᠭᠠᠬᠤ ᠰᠡᠳᠬᠢᠯ  ᠢᠶᠠᠨ ᠢᠯᠡᠳᠬᠡᠨᠡᠮ

2023-01-28 14:54:26
ᠵᠣᠬᠢᠶᠠᠭᠴᠢ
ᠨᠠᠪᠴᠢ



W020230119535168226408  1.jpg


1 ᠰᠠᠷ᠎ᠠ ᠶᠢᠨ 17 ᠤ ᠡᠳᠦᠷ ᠂ ᠬᠠᠷᠠᠭᠴᠢᠨ ᠲᠠᠤᠯᠠᠢ ᠵᠢᠯ ᠦᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠺᠠᠳ᠋ᠷ ᠴᠠᠭᠳᠠᠭ᠎ᠠ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠲᠥᠪ  ᠬᠦᠷ ᠬᠥᠭᠵᠢᠶᠡᠨ  ᠢᠶᠡᠷ ᠪᠢᠯᠬᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠪᠣᠯᠤᠨ ᠬᠡᠰᠡᠭ ᠦᠨᠳᠦᠰᠦᠨ ᠱᠠᠲᠤᠨ ᠤ ᠬᠣᠷᠢᠢ᠎ᠠ ᠶᠢᠨ ᠪᠠᠶᠢᠴᠠᠭᠠᠬᠤ ᠤᠷᠠᠨ ᠪᠢᠴᠢᠯᠭᠡᠲᠡᠨ ᠨᠡᠷ ᠪᠢᠷ ᠪᠡᠬᠡᠰ ᠡᠷᠭᠢᠭᠦᠯᠦᠨ ᠤᠷᠤᠰᠤᠮ᠎ᠠ ᠰᠠᠢᠬᠠᠨ ᠤᠷᠠᠨ ᠪᠢᠴᠢᠯᠭᠡ  ᠢᠶᠠᠨ ᠪᠢᠴᠢᠭᠯᠡᠨ ᠂ ᠴᠢᠩ ᠰᠡᠳᠬᠢᠯ ᠦᠨ ᠰᠠᠢᠢᠨ ᠰᠠᠶᠢᠬᠠᠨ  ᠬᠦᠰᠡᠯ ᠵᠥᠩᠨᠡᠯ ᠦᠳ ᠰᠤᠨᠤᠷ ᠢ ᠮᠢᠯᠢᠶᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠲᠡᠶ ᠪᠠᠶᠠᠷᠲᠤ ᠴᠢᠷᠠᠢ ᠨᠤᠭᠤᠳ ᠵᠣᠯ ᠵᠢᠷᠭᠠᠯ ᠢᠶᠠᠷ  ᠳᠦᠭᠦᠷᠡᠩ ᠪᠠᠢᠯ᠎ᠠ᠃


W020230119535168397501  2.jpg


ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠶ ᠪᠠᠰᠠ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠦᠷᠴᠦ ᠢᠷᠡᠪᠡ ᠃ ᠯᠢ ᠶᠦᠩ ᠵᠢᠶᠦ᠋ᠨ ᠠᠵᠢᠯᠯᠠᠭ᠎ᠠ ᠳᠤ ᠣᠷᠣᠯᠴᠠᠭᠰᠠᠨ ᠤᠷᠠᠨ ᠪᠢᠴᠢᠯᠭᠡᠲᠡᠨ ᠪᠠ ᠺᠠᠳ᠋ᠷ ᠴᠠᠭᠳᠠᠭ᠎ᠠ ᠨᠠᠷ ᠲᠠᠶ ᠳᠣᠲᠣᠨᠣ ᠪᠠᠷ ᠶᠠᠷᠢᠯᠴᠠᠵᠤ ᠂ ᠴᠠᠭᠠᠨ ᠰᠠᠷ᠎ᠠ  ᠶᠢᠨ ᠪᠠᠶᠠᠷ ᠪᠠᠶᠠᠰᠤᠯ ᠪᠠ ᠵᠣᠯ ᠵᠢᠷᠭᠠᠯ  ᠢ ᠬᠠᠮᠲᠤ ᠪᠠᠷ ᠡᠳ᠋ᠯᠡᠭᠰᠡᠨ ᠪᠥᠭᠡᠳ ᠲᠤᠬᠠᠶ  ᠶᠢᠨ ᠲᠠᠯᠠᠪᠠᠶ ᠳᠤ ᠴᠠᠭᠠᠨ ᠰᠠᠷ᠎ᠠ  ᠶᠢᠨ ᠤᠶᠠᠩᠭ᠎ᠠ ᠪᠠ ︽ ᠪᠤᠶᠠᠨ ︾ ᠭᠡᠬᠦ ᠥᠰᠥᠭ  ᠢ ᠵᠣᠬᠢᠶᠠᠨ ᠪᠦᠲᠦᠭᠡᠵᠦ ᠪᠢᠴᠢᠭᠰᠡᠨ ᠪᠠᠶᠢᠨ᠎ᠠ ᠃ ︽ᠲᠠᠪᠤᠨ ᠶᠡᠬᠡ ᠡᠭᠦᠷᠭᠡ ᠬᠦᠨᠳᠦ ᠡᠭᠦᠷᠭᠡᠯᠡᠯ ᠲᠠᠢ / ᠳᠦᠷᠪᠡᠨ ᠵᠦᠢᠯ ᠦᠨ ᠪᠠᠶᠢᠴᠠᠭᠠᠬᠤ ᠠᠵᠢᠯ ᠰᠢᠨ᠎ᠡ ᠬᠠᠭᠤᠳᠠᠰᠤ ᠲᠠᠢ/ ᠡᠭᠦᠷᠭᠡ ᠬᠦᠨᠳᠦ ᠵᠠᠮ ᠬᠤᠯᠠ ︾  ᠡᠨᠡ ᠬᠦ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶᠢ ᠪᠢᠴᠢᠭᠯᠡᠵᠦ᠂ ︽ ᠬᠠᠪᠤᠷ ᠤᠨ ᠰᠠᠯᠬᠢᠨ ᠣᠮᠠᠷᠠᠲᠤ  ᠶᠢᠨ  ᠲᠠᠯ᠎ᠠ  ᠶᠢ ᠦᠯᠢᠶᠡᠬᠦᠶ᠎ᠡ / ᠪᠡᠯᠭᠡᠲᠦ ᠴᠠᠰᠤᠨ ᠴᠡᠯᠡᠭᠡᠷ ᠲᠠᠯ᠎ᠠ ᠳ᠋ᠤᠷ  ᠪᠦᠵᠢᠭᠯᠡᠨᠡᠮ / ᠡᠬᠡ ᠭᠠᠵᠠᠷ ᠲᠤᠷ ᠤᠷᠢᠬᠠᠨ ᠬᠠᠪᠤᠷ ᠰᠠᠭᠠᠳᠤᠮᠤᠢ︾ ᠭᠡᠳᠡᠭ ᠲᠦ ᠤᠯᠤᠰ ᠭᠡᠷ ᠦᠨ ᠬᠠᠶᠢᠷ᠎ᠠ ᠰᠡᠳᠬᠢᠯᠭᠡ ᠪᠢᠯᠬᠠᠨ᠎ᠠ᠃ ᠬᠢᠴᠢᠶᠡᠩᠭᠦᠶ ᠦᠰᠦᠭ᠂ ᠵᠠᠪᠰᠠᠷ ᠤᠨ ᠦᠰᠦᠭ᠂ ᠬᠠᠪᠲᠠᠭᠠᠶ ᠦᠰᠦᠭ᠁ ᠠᠳᠠᠯᠢ ᠪᠤᠰᠤ ᠦᠰᠦᠭ ᠦᠨ ᠲᠢᠭ ᠲᠡᠶ 《ᠪᠤᠶᠠᠨ》 ᠦᠰᠦᠭ ᠦᠳ ᠨᠢ ᠪᠠᠶᠢᠴᠠᠭᠠᠬᠤ ᠦᠢᠯᠡᠰ᠂ ᠪᠠᠶᠢᠴᠠᠭᠠᠬᠤ ᠺᠠᠳ᠋ᠷ ᠴᠠᠭᠳᠠᠭ᠎ᠠ ᠨᠠᠷ ᠲᠤ ᠴᠢᠩ ᠰᠡᠳᠬᠢᠯ ᠦᠨ ᠵᠥᠩᠨᠡᠯ ᠪᠠ ᠬᠦᠰᠡᠯ ᠡᠷᠡᠮᠡᠯᠵᠡᠯ ᠢᠶᠡᠨ ᠳᠡᠪᠰᠢᠭᠦᠯᠵᠡᠶ᠃


initpintu_副本.jpgW020230119535169080393  7.jpg

ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠪᠠᠶᠢᠴᠠᠭᠠᠬᠤ ᠬᠠᠶᠢᠷ᠎ᠠ ᠰᠡᠳᠬᠢᠯᠭᠡ ᠪᠡᠨ ᠢᠯᠡᠳᠬᠡᠵᠦ᠂ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠤᠯᠠᠮᠵᠢᠯᠠᠨ ᠵᠠᠯᠭᠠᠮᠵᠢᠯᠠᠨ᠎ᠠ᠃ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠪᠥᠬᠥ ᠺᠠᠳ᠋ᠷ ᠴᠠᠭᠳᠠᠭ᠎ᠠ ᠨᠠᠷ ᠬᠦᠰᠡᠯ ᠡᠷᠡᠮᠡᠯᠵᠡᠯ ᠢᠶᠡᠷ ᠪᠢᠯᠬᠠᠭᠰᠠᠨ ᠴᠠᠭᠠᠨ ᠰᠠᠷ᠎ᠠ ᠶᠢᠨ ᠢᠷᠥᠭᠡᠯ ᠵᠥᠩᠨᠡᠯ ᠦᠨ ᠳᠤᠮᠳᠠ ᠂ ᠴᠠᠭ ᠮᠥᠴᠡ ᠪᠢᠳᠡᠨ ᠢ ᠬᠦᠯᠢᠶᠡᠬᠦ ᠥᠬᠡᠶ ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠡᠷᠡᠯᠬᠡᠭᠯᠡᠨ ᠤᠷᠤᠭᠰᠢᠯᠠᠵᠤ ᠂ ᠵᠠᠯᠠᠭᠤ ᠨᠠᠰᠤ ᠪᠠᠨ ᠬᠥᠰᠡᠷᠳᠡᠭᠦᠯᠬᠦ ᠥᠬᠡᠶ ᠪᠡᠷ ᠡᠷᠡᠯᠬᠡᠭᠯᠡᠨ ᠲᠡᠮᠡᠴᠡᠵᠦ ᠂ ᠡᠷᠡᠯᠬᠡᠭᠯᠡᠨ ᠤᠷᠤᠭᠰᠢᠯᠠᠬᠤ ᠨᠢ ᠯᠠᠪᠲᠠᠢ᠃


 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro