ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠪᠠᠶᠢᠴᠠᠭᠠᠬᠤ ᠬᠤᠷᠢᠶᠠᠨ ᠤ ᠠᠯᠪᠠᠨ ᠵᠠᠭᠠᠯᠳᠤᠯᠭ᠎ᠠ ᠶᠢᠨ ᠰᠠᠯᠠᠭ᠎ᠠ ᠠᠴᠠ ᠤᠯᠠᠨ ᠲᠦᠮᠡᠨ ᠤ ᠲᠠᠯᠠᠷᠬᠠᠯ ᠢᠶᠠᠨ ᠢᠯᠡᠳᠭᠡᠭᠰᠡᠨ ᠱᠠᠩᠨᠠᠯ ᠤᠨ ᠲᠤᠭ ᠢ ᠲᠤᠰᠤᠭᠰᠠᠨ
ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠤ ᠠᠷᠠᠳ ᠪᠠᠶᠢᠴᠠᠭᠠᠬᠤ ᠬᠤᠷᠢᠶᠠᠨ ᠤ ᠠᠯᠪᠠᠨ ᠵᠠᠭᠠᠯᠳᠤᠯᠭ᠎ᠠ ᠶᠢᠨ ᠰᠠᠯᠠᠭ᠎ᠠ ᠠᠵᠢᠯ ᠤᠨ ᠲᠤᠮᠳᠠ ᠢᠶᠠᠨ ᠪᠠᠶᠢᠴᠠᠭᠠᠬᠤ ᠲᠤᠰᠢᠶᠠᠯ ᠢ ᠨᠠᠷᠢᠨ ᠬᠢᠨᠠᠮᠠᠭᠠᠢ ᠭᠦᠢᠴᠠᠳᠭᠡᠵᠦ᠂ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠠᠵᠢᠯ ᠢ ᠰᠠᠶᠢᠳᠤᠷ ᠬᠢᠵᠦ᠂ ᠲᠦᠪ ᠭᠤᠤᠯᠴᠢ ᠪᠠᠷ ᠬᠠᠤᠯᠢ ᠬᠡᠷᠡᠭᠵᠢᠭᠦᠯᠵᠦ᠂ ᠨᠠᠮ ᠤᠨ ᠤᠯᠠᠨ ᠲᠦᠮᠠᠨᠴᠢ ᠱᠤᠭᠤᠮ ᠢ ᠪᠠᠷᠢᠮᠳᠠᠯᠠᠨ᠂ ᠲᠤᠬᠠᠢ ᠶᠢᠨ ᠬᠦᠮᠤᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠨ ᠬᠢᠭᠰᠡᠨ ᠠᠴᠠ ᠤᠯᠠᠨ ᠲᠦᠮᠡᠨ ᠤ ᠮᠠᠭᠳᠠᠭᠠᠯ ᠢ ᠦᠷᠭᠡᠨ ᠢᠶᠠᠷ ᠤᠯᠵᠠᠢ᠃ ᠶᠠᠩ ᠤᠪᠤᠭᠳᠠᠨ ᠤ ᠭᠡᠷ᠎ᠠ ᠪᠠᠷ ᠬᠢᠬᠠᠨ ᠮᠡᠬᠡᠯᠠᠬᠦ ᠶᠠᠯᠳᠦ ᠬᠡᠷᠡᠭ ᠢ ᠭᠠᠷᠳᠠᠨ ᠰᠢᠳᠭᠡᠬᠦ ᠲᠤᠮᠳᠠ᠂ ᠭᠤᠷᠪᠠᠨ ᠬᠤᠤᠷᠯᠠᠭᠳᠠᠭᠴᠢ ᠳᠤ ᠠᠵᠦ ᠠᠬᠤᠢ ᠶᠢᠨ ᠬᠤᠬᠢᠷᠠᠯ ᠢ ᠲᠦᠷᠪᠠᠨ ᠲᠦᠮᠡ ᠢᠯᠠᠭᠦᠦ ᠲᠦᠭᠦᠷᠢᠭ ᠪᠤᠴᠠᠭᠠᠨ ᠦᠭᠴᠡᠢ᠃ 2016 ᠤᠨ ᠤ 1 ᠰᠠᠷ᠎ᠠ ᠶᠢᠨ 19 ᠤ ᠦᠳᠠ ᠶᠢᠨ ᠬᠤᠶᠢᠨ᠎ᠠ᠂ ᠬᠤᠤᠷᠯᠠᠭᠳᠠᠭᠴᠢ ᠮᠠ ᠪᠤᠦ ᠬᠤᠸᠠ ᠠᠴᠠ ᠭᠠᠷᠳᠠᠨ ᠰᠢᠳᠭᠡᠭᠴᠢ ᠪᠤᠦ ᠵᠧᠩ ᠶᠠᠨ ᠳᠤ ︽ᠭᠤᠤᠯᠴᠢ ᠬᠠᠤᠯᠢ ᠬᠡᠷᠡᠭᠵᠢᠭᠦᠯᠵᠦ ᠦᠨᠠᠨ ᠶᠤᠰᠦ ᠶᠢ ᠡᠷᠬᠢᠮᠯᠠᠨ᠂ ᠦᠷᠭᠦᠯᠵᠢᠯᠠᠨ ᠤᠶᠢᠯᠠᠴᠢᠯᠠᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ︾ ᠭᠡᠰᠡᠨ ᠦᠰᠦᠭ ᠲᠠᠢ ᠱᠠᠩᠨᠠᠯ ᠤᠨ ᠲᠤᠭ ᠢ ᠬᠦᠷᠭᠡᠵᠦ᠂ ᠲᠡᠭᠦᠨ ᠤ ᠠᠵᠦ ᠠᠬᠤᠢ ᠶᠢᠨ ᠬᠤᠬᠢᠷᠠᠯ ᠢ ᠪᠤᠴᠠᠭᠠᠨ ᠦᠭᠭᠦᠭᠰᠡᠨ ᠳᠤ ᠲᠠᠯᠠᠷᠬᠠᠯ ᠢᠶᠠᠨ ᠢᠯᠡᠳᠭᠡᠭᠰᠡᠨ ᠪᠠᠶᠢᠨ᠎ᠡ᠃