ᠴᠠᠭᠠᠨ ᠰᠠᠷ᠎ᠠ ᠵᠢᠨ ᠪᠠᠶᠠᠷ ᠤᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ ᠄ ᠴᠣᠭ ᠰᠦᠯᠳᠡ ᠪᠡᠨ ᠪᠠᠳᠠᠷᠠᠭᠤᠯᠵᠤ ᠰᠢᠨ᠎ᠡ ᠠᠶᠠᠨ ᠢᠶᠠᠨ ᠡᠬᠢᠯᠡᠭᠦᠯᠦᠶ᠎ᠡ
︽ᠤᠯᠠᠨ ᠳᠤ ᠰᠢᠨ᠎ᠡ ᠣᠨ ᠤ ᠮᠡᠨᠳᠦᠴᠢᠯᠡᠯ ᠬᠦᠷᠭᠡᠶ᠎ᠡ︕ ᠰᠢᠨ᠎ᠡ ᠨᠢᠭᠡᠨ ᠵᠢᠯ ᠳᠦ ᠨᠥᠬᠥᠳ ᠨᠡᠷ ᠬᠠᠷᠠᠯᠲᠠ ᠪᠠᠨ ᠪᠠᠲᠤ ᠡᠵᠡᠮᠳᠡᠵᠦ ᠂ ᠴᠢᠷᠮᠠᠶᠢᠭᠰᠠᠨ ᠳᠡᠭᠡᠷ᠎ᠡ ᠪᠡᠨ ᠴᠢᠷᠮᠠᠶᠢᠵᠤ ᠂ ᠬᠦᠴᠦᠨ ᠴᠢᠳᠠᠯ ᠢᠶᠠᠨ ᠨᠡᠮᠡᠭᠳᠡᠭᠦᠯᠦᠨ ᠂ ᠠᠩᠬᠠᠨ ᠤ ᠫᠤᠤ ᠪᠠᠨ ᠰᠠᠶᠢᠲᠤᠷ ᠫᠤᠤᠳᠠᠵᠤ ᠂ ᠡᠬᠢᠯᠡᠯᠲᠡ ᠶᠢᠨ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ ᠂ ᠴᠤᠴᠠᠯᠲᠠ ᠥᠬᠡᠶ ᠲᠡᠮᠡᠴᠡᠬᠦ ᠣᠪᠣᠷ ᠪᠠᠶᠢᠳᠠᠯ ᠂ ᠬᠡᠵᠢᠶᠡᠳᠡ ᠬᠣᠶᠢᠷᠭᠣᠰᠢᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠵᠢᠯ ᠦᠨ ᠪᠠᠶᠢᠴᠠᠭᠠᠬᠤ ᠠᠵᠢᠯ ᠤᠨ ᠰᠢᠨ᠎ᠡ ᠠᠶᠠᠨ ᠢᠶᠠᠨ ᠡᠬᠢᠯᠡᠭᠦᠯᠬᠦ ᠶᠢ ᠬᠦᠰᠡᠵᠦ ᠪᠠᠶᠢᠨ᠎ᠠ ᠁ ︾ 1 ᠰᠠᠷ᠎ᠠ ᠶᠢᠨ 28 ᠤ ᠡᠳᠦᠷ ᠂ ᠴᠠᠭᠠᠨ ᠰᠠᠷ᠎ᠠ ᠵᠢᠨ ᠪᠠᠶᠠᠷ ᠤᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠪᠥᠬᠥ ᠪᠠᠶᠢᠴᠠᠭᠠᠬᠤ ᠠᠵᠢᠯᠲᠠᠨ ᠤ ᠵᠣᠷᠢᠭ ᠢ ᠬᠥᠪᠴᠢᠯᠡᠨ ᠵᠣᠷᠢᠭᠵᠢᠭᠤᠯᠵᠠᠶ ᠃
ᠣᠨ ᠵᠢᠯ ᠤᠨ ᠦᠩᠭᠡᠷᠡᠬᠦ ᠨᠢ ᠤᠷᠤᠰᠬᠤ ᠤᠰᠤᠨ ᠮᠡᠲᠦ ᠪᠠᠢᠵᠤ᠂ ᠰᠢᠨ᠎ᠡ ᠬᠤᠪᠢᠷᠠᠯᠲᠠ ᠬᠣᠪᠢᠰᠤᠯᠲᠠ ᠡᠳᠦᠷ ᠳᠠᠷᠠᠭᠠᠯᠠᠨ ᠢᠯᠡᠷᠡᠳᠡᠭ᠃ ᠰᠢᠨ᠎ᠡ ᠨᠢᠭᠡᠨ ᠵᠢᠯ ᠪᠣᠯ ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠶᠢᠨ ︽ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠶᠯᠡᠴᠢᠯᠡᠬᠦ ︾ ᠶᠡᠷᠦᠩᠬᠡᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠨᠢᠭᠡ ᠵᠢᠯ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠰᠢᠨ᠎ᠡ ᠨᠢᠭᠡ ᠬᠤᠭᠤᠴᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠡᠬᠢᠯᠡᠯᠲᠡ ᠶᠢᠨ ᠵᠢᠯ ᠮᠥᠨ ᠃ ᠠᠵᠢᠯ ᠢᠶᠠᠨ ᠰᠡᠷᠭᠦᠭᠡᠭᠰᠡᠨ ᠠᠩᠬᠠᠨ ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠪᠠᠢᠭᠤᠯᠭ᠎ᠠ ᠶᠢᠨ ᠺᠠᠳ᠋ᠷᠴᠤᠳ ᠤᠨ ᠶᠡᠬᠡ ᠬᠤᠷᠠᠯ ᠬᠤᠷᠠᠯᠳᠤᠭᠤᠯᠵᠤ ᠳᠠᠢᠴᠢᠯᠠᠯᠲᠠ ᠬᠢᠵᠦ ᠂ ᠠᠵᠢᠯ ᠤᠨ ᠵᠠᠪᠰᠠᠷᠯᠠᠭ᠎ᠠ ᠶᠢᠨ ᠲᠠᠮᠢᠷ ᠢ ᠵᠣᠬᠢᠶᠠᠨ ᠪᠠᠶᠢᠭᠤᠯᠵᠤ ᠵᠣᠷᠢᠭ ᠰᠠᠨᠠᠭ᠎ᠠ ᠶᠢ ᠨᠢ ᠬᠥᠪᠴᠢᠯᠠᠨ᠂ ᠪᠥᠬᠥ ᠪᠠᠶᠢᠴᠠᠭᠠᠬᠤ ᠠᠵᠢᠯᠲᠠᠳ ᠴᠣᠭ ᠪᠠᠳᠠᠷᠠᠩᠭᠤᠶ ᠳᠦᠷᠢ ᠲᠥᠷᠬᠦ ᠪᠡᠷ ᠰᠢᠨ᠎ᠡ ᠠᠶᠠᠨ ᠢᠶᠠᠨ ᠡᠬᠢᠯᠡᠭᠦᠯᠪᠡ ᠃
9 ᠴᠠᠭ 30 ᠮᠢᠨᠦ᠋ᠲ ᠲᠦ᠂ ᠪᠠᠶᠢᠭᠤᠯᠭ᠎ᠠ ᠶᠢᠨ ᠺᠠᠳ᠋ᠷᠴᠤᠳ ᠤᠨ ᠶᠡᠬᠡ ᠬᠤᠷᠠᠯ ᠴᠠᠭ ᠲᠤ ᠪᠠᠨ ᠬᠤᠷᠠᠯᠳᠤᠪᠠ᠃ ᠬᠤᠷᠠᠯ ᠠᠴᠠ᠂ ᠵᠣᠷᠢᠭᠲᠠᠢ ᠪᠠᠷ ᠰᠡᠳᠬᠢᠬᠦᠢ ᠪᠡᠨ ᠨᠡᠭᠡᠭᠡᠵᠦ᠂ ︽ᠵᠣᠷᠢᠭ ᠰᠠᠨᠠᠭ᠎ᠠ ᠪᠠᠨ ᠬᠥᠪᠴᠢᠯᠡᠬᠦ︾ᠰᠠᠢᠢᠨ ᠰᠠᠶᠢᠬᠠᠨ ᠳᠦᠷᠰᠦ ᠪᠠᠶᠢᠳᠠᠯ ᠢᠶᠠᠷ ᠰᠢᠨ᠎ᠡ ᠬᠥᠭᠵᠢᠯᠲᠡ ᠳᠦ ᠬᠦᠴᠦᠨ ᠨᠡᠮᠡᠷᠢᠯᠡᠬᠦ ᠬᠡᠷᠡᠭᠲᠡᠢ᠃ ︽ᠬᠦᠷᠦᠯᠴᠡᠬᠦ ᠦᠭᠡᠢ ᠲᠠᠯ᠎ᠠ ᠪᠠᠨ ᠮᠠᠳᠠᠷᠡᠨ ᠥᠪᠡᠷ ᠢ ᠪᠡᠨ ᠲᠤᠩᠭᠠᠬᠤ᠂ ᠬᠦᠴᠢᠷ ᠢ ᠮᠡᠳᠡᠷᠡᠨ ᠥᠪᠡᠷ ᠢ ᠪᠡᠨ ᠬᠦᠴᠦᠷᠬᠡᠭᠵᠢᠭᠦᠯᠬᠦ︾ ᠤᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠵᠦ᠂ ᠥᠷᠯᠥᠭᠡ ᠦᠳᠡᠰᠢ ᠶᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠵᠦ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠬᠦ ᠬᠡᠷᠡᠭᠲᠡᠢ᠃ ᠢᠳᠡᠪᠬᠢᠲᠡᠢ ᠪᠡᠷ ᠬᠦᠴᠦᠯᠡᠨ ᠴᠢᠷᠮᠠᠶᠢᠵᠤ ᠠᠵᠢᠯ ᠦᠢᠯᠡᠰ ᠪᠦᠲᠦᠭᠡᠵᠦ᠂ ︽ᠠᠵᠢᠯ ᠤᠨ ᠠᠮᠵᠢᠯᠲᠠ ᠪᠠᠨ ᠳᠡᠭᠡᠭᠰᠢᠯᠡᠭᠦᠯᠬᠦ︾ᠰᠢᠨ᠎ᠡ ᠦᠷ᠎ᠡ ᠪᠦᠲᠦᠮᠵᠢ ᠪᠡᠷ ᠰᠢᠨ᠎ᠡ ᠬᠥᠭᠵᠢᠯᠲᠡ ᠳᠦ ᠬᠦᠴᠦ ᠨᠡᠮᠡᠷᠢᠯᠡᠬᠦ ᠬᠡᠷᠡᠭᠲᠡᠢ ᠃ ᠶᠡᠬᠡ ᠲᠠᠯ᠎ᠠ ᠳᠤ ᠦᠢᠯᠡᠴᠢᠯᠡᠬᠦ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠠᠷᠠᠳ ᠤᠨ ᠲᠥᠯᠥᠭᠡ ᠬᠠᠤᠯᠢ ᠪᠠᠷᠢᠬᠤ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠬᠠᠤᠯᠢ ᠴᠠᠭᠠᠵᠠ ᠶᠢᠨ ᠬᠢᠨᠠᠯᠲᠠ ᠶᠢᠨ ᠰᠢᠨ᠎ᠡ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠶ᠃ ᠰᠢᠯᠭᠠᠷᠠᠭᠰᠠᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ︽ᠴᠢᠳᠠᠪᠤᠷᠢ ᠶᠢᠨ ᠳᠡᠭᠡᠭᠰᠢᠯᠡᠯᠲᠡ︾ᠵᠢᠨ ᠰᠢᠨ᠎ᠡ ᠠᠭᠤᠷ ᠠᠮᠢᠰᠬᠤᠯ ᠢᠶᠠᠷ ᠰᠢᠨ᠎ᠡ ᠬᠥᠭᠵᠢᠯᠲᠡ ᠳᠦ ᠬᠦᠴᠦᠨ ᠨᠡᠮᠡᠷᠢᠯᠡᠬᠦ ᠬᠡᠷᠡᠭᠲᠡᠢ᠃ᠤᠬᠠᠮᠰᠠᠷ ᠠᠴᠠ ᠪᠠᠨ ᠬᠠᠮᠢᠶᠠᠷᠤᠯᠲᠠ ᠠᠴᠠ ᠳᠠᠢᠴᠢᠨ ᠬᠦᠴᠦᠨ ᠢ ᠣᠯᠵᠤ᠂ ᠤᠬᠠᠮᠰᠠᠷ ᠠᠴᠠ ᠪᠠᠨ ᠲᠤᠰᠬᠠᠶᠢᠵᠢᠯᠲᠠ ᠠᠴᠠ ᠳᠠᠢᠴᠢᠨ ᠬᠦᠴᠦᠨ ᠢ ᠣᠯᠵᠤ᠂ ᠤᠬᠠᠮᠰᠠᠷ ᠠᠴᠠ ᠪᠠᠨ ᠪᠦᠬᠦ ᠲᠠᠯ᠎ᠠ ᠪᠠᠷ ᠨᠠᠮ ᠢ ᠬᠠᠮᠢᠶᠠᠷᠴᠤ ᠪᠠᠶᠢᠴᠠᠭᠠᠬᠤ ᠬᠣᠷᠢᠢ᠎ᠠ ᠶᠢ ᠴᠢᠩᠭ᠎ᠠ ᠵᠠᠰᠠᠬᠤ ᠠᠴᠠ ᠳᠠᠢᠴᠢᠨ ᠬᠦᠴᠦᠨ ᠢ ᠤᠯᠬᠤ ᠬᠡᠷᠡᠭᠲᠡᠢ ᠭᠡᠵᠦ ᠱᠠᠭᠠᠷᠳᠠᠪᠠ᠃
10 ᠴᠠᠭ 30 ᠮᠢᠨᠦ᠋ᠲ ᠲᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠭᠣᠸᠯ ᠠᠰᠠᠷ ᠤᠨ ᠡᠮᠦᠨ᠎ᠡ ᠺᠠᠳᠠᠷᠴᠤᠳ ᠲᠡᠷᠢ ᠲᠡᠭᠰᠢ ᠡᠩᠨᠡᠷᠡᠨ ᠵᠢᠭᠰᠠᠵᠤ ᠂ ᠯᠢ ᠶᠦᠩ ᠵᠢᠶᠦ᠋ᠨ ᠬᠣᠷᠢᠶᠠᠨ ᠤ ᠤᠳᠤᠷᠢᠳᠤᠯᠭ᠎ᠠ ᠪᠠᠨ ᠳᠠᠭᠠᠭᠤᠯᠤᠨ ᠪᠥᠬᠥ ᠪᠠᠶᠢᠴᠠᠭᠠᠬᠤ ᠠᠵᠢᠯᠲᠠᠨ ᠲᠠᠶ ᠬᠠᠮᠲᠤ ᠠᠵᠢᠯ ᠤᠨ ᠵᠠᠪᠰᠠᠷᠯᠠᠭ᠎ᠠ ᠶᠢᠨ ᠲᠠᠮᠢᠷ ᠬᠢᠵᠦ ᠂ ᠬᠦᠴᠦᠲᠡᠶ ᠠᠶᠢᠵᠠᠮ ᠴᠣᠬᠢᠯᠭ᠎ᠠ ᠳᠤᠮᠲᠠ ᠣᠯᠠᠨ ᠢᠶᠠᠷ ᠢᠶᠠᠨ ᠴᠣᠭ ᠵᠢᠪᠬᠤᠭ᠎ᠠ ᠲᠡᠭᠦᠯᠳᠡᠷ ᠂ ᠬᠥᠳᠡᠯᠦᠯ ᠪᠠᠷᠢᠯ ᠵᠢᠷᠤᠮᠵᠢᠯ ᠲᠠᠶ ᠂ ᠵᠢᠭᠳᠡ ᠲᠡᠭᠰᠢ ᠪᠡᠷ ᠬᠥᠳᠡᠯᠭᠡᠭᠡᠨ ᠦ ᠬᠦᠴᠦᠨ ᠴᠢᠳᠠᠯ ᠤᠨ ᠭᠤᠸ᠎ᠠ ᠰᠠᠶᠢᠬᠠᠨ ᠂ ᠪᠦᠯᠬᠦᠮ ᠦᠨ ᠰᠡᠳᠬᠢᠯ ᠰᠠᠨᠠᠭ᠎ᠠ ᠪᠠᠨ ᠣᠯᠣᠯᠴᠠᠭᠰᠠᠨ ᠭᠤᠸ᠎ᠠ ᠰᠠᠶᠢᠬᠠᠨ ᠢ ᠢᠯᠡᠷᠡᠭᠦᠯᠦᠭᠰᠡᠨ ᠪᠠᠶᠢᠨ᠎ᠠ ᠃
ᠬᠤᠯᠠ ᠵᠠᠮ ᠪᠣᠯᠪᠠᠴᠤ ᠶᠠᠪᠤᠮᠠᠨᠵᠢᠨ ᠬᠦᠷᠦᠨ᠎ᠡ︔ ᠤᠴᠢᠷ ᠬᠦᠴᠢᠷ ᠪᠣᠯᠪᠠᠴᠤ ᠂ ᠬᠢᠪᠡᠰᠦ ᠯᠠᠪᠲᠠᠶ ᠪᠦᠲᠦᠨ᠎ᠡ ᠃ ᠰᠢᠨ᠎ᠡ ᠴᠠᠭ ᠦᠶ᠎ᠡ ᠶᠢᠨ ᠰᠢᠨ᠎ᠡ ᠲᠡᠮᠡᠴᠡᠯ ᠲᠠᠢ ᠪᠠᠢᠬᠤ ᠶᠤᠰᠤᠲᠠᠢ᠃ ᠯᠢ ᠶᠦᠩ ᠵᠢᠶᠦ᠋ᠨ ︽ ᠭᠤᠷᠪᠠ ᠨᠢ ᠶᠠᠭᠤ ᠪᠤᠶ ︾》 ᠭᠡᠰᠡᠨ ︽ ᠴᠠᠭ ᠦᠶ᠎ᠡ ᠶᠢᠨ ᠠᠰᠠᠭᠤᠯᠲᠠ ︾ ᠶᠢ ᠲᠣᠳᠣᠷᠬᠠᠶ ᠬᠡᠯᠡᠵᠦ ᠂ ︽ᠲᠠᠪᠤ ᠶᠢ ᠡᠵᠡᠮᠳᠡᠬᠦ︾ ᠪᠡᠷ ᠪᠦᠬᠦ ᠤᠯᠤᠰ ᠤᠨ ᠪᠠᠶᠢᠴᠠᠭᠠᠬᠤ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠯᠡ ᠲᠣᠳᠣᠷᠬᠠᠢ ᠳᠤᠷᠠᠳᠴᠤ᠂ ᠪᠦᠬᠦ ᠣᠷᠣᠨ ᠤ ᠪᠠᠶᠢᠴᠠᠭᠠᠬᠤ ᠪᠠᠢᠭᠤᠯᠭ᠎ᠠ᠂ ᠪᠦᠬᠦ ᠪᠠᠶᠢᠴᠠᠭᠠᠬᠤ ᠠᠵᠢᠯᠲᠠᠳ ᠤᠨ ᠵᠣᠷᠢᠭ ᠰᠠᠨᠠᠭ᠎ᠠ ᠪᠠᠨ ᠬᠥᠪᠴᠢᠯᠡᠬᠦ᠂ ᠠᠵᠢᠯ ᠤᠨ ᠠᠮᠵᠢᠯᠲᠠ ᠪᠠᠨ ᠳᠡᠭᠡᠭᠰᠢᠯᠡᠭᠦᠯᠬᠦ᠂ ᠴᠢᠳᠠᠪᠤᠷᠢ ᠪᠠᠨ ᠳᠡᠭᠡᠭᠰᠢᠯᠡᠭᠦᠯᠬᠦ ᠶᠢ ᠤᠷᠢᠶᠠᠯᠠᠵᠤ᠂ ᠪᠦᠬᠦ ᠣᠷᠣᠨ ᠤ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ︽ᠳᠠᠢᠢᠴᠢᠯᠠᠯᠲᠠ ᠶᠢᠨ ᠵᠠᠷᠯᠢᠭ︾ ᠢ ᠪᠠᠭᠤᠯᠭᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠠᠵᠢᠯ ᠤᠨ ᠲᠡᠰ ᠳᠠᠷᠠᠭᠠᠯᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ︽ᠳᠠᠭᠠᠷᠢᠯᠲᠠ ᠶᠢᠨ ᠪᠦᠷᠢᠶ᠎ᠡ︾ ᠵᠢ ᠬᠠᠩᠭᠢᠨᠠᠭᠤᠯᠪᠠ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠦᠬᠦ ᠪᠠᠶᠢᠴᠠᠭᠠᠬᠤ ᠠᠵᠢᠯᠲᠠᠳ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠡᠬᠢᠯᠡᠯᠲᠡ ᠶᠢᠨ ᠴᠡᠭ ᠪᠣᠯ ᠰᠢᠪᠲᠤᠯᠤᠯᠲᠠ ᠶᠢᠨ ᠴᠡᠭ ᠮᠥᠨ᠂ ᠡᠬᠢᠯᠡᠯᠲᠡ ᠶᠢᠨ ᠴᠡᠭ ᠪᠣᠯ ᠰᠢᠢᠳᠪᠦᠷᠢᠲᠦ ᠪᠠᠶᠢᠯᠳᠤᠭᠠᠨ ᠬᠢᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠠᠶᠢᠴᠠᠭᠠᠬᠤ ᠠᠵᠢᠯ ᠤᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠬᠦᠴᠦᠯᠡᠨ ᠢᠯᠡᠷᠡᠭᠦᠯᠵᠦ᠂ ᠥᠪᠥᠷ ᠮᠣᠩᠭᠣᠯ ᠤᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠰᠡᠳᠬᠢᠯ ᠲᠠᠯᠪᠢᠨ ᠡᠭᠦᠳᠦᠨ ᠨᠡᠭᠡᠭᠡᠨ᠎ᠡ ︕
ᠵᠢᠭᠠᠬᠠᠨ ᠰᠠᠨᠠᠭᠤᠯᠭ᠎ᠠ᠄
《 ᠭᠤᠷᠪᠠ ᠨᠢ ᠶᠠᠭᠤ ᠪᠤᠶ 》᠄ ᠳᠡᠭᠡᠳᠦ ᠱᠠᠲᠤᠨ ᠤ ᠰᠢᠨ᠎ᠡ ᠱᠠᠭᠠᠷᠳᠠᠯᠭ᠎ᠠ ᠰᠢᠨ᠎ᠡ ᠵᠣᠷᠢᠭ ᠰᠠᠨᠠᠭ᠎ᠠ ᠨᠢ ᠶᠠᠭᠤ ᠪᠤᠶ ︖ ᠳᠡᠭᠡᠳᠦ ᠱᠠᠲᠤᠨ ᠤ ᠱᠠᠭᠠᠷᠳᠠᠯᠭ᠎ᠠ ᠲᠠᠶ ᠬᠠᠷᠢᠴᠠᠭᠤᠯᠪᠠᠯ ᠮᠠᠨ ᠤ ᠣᠷᠣᠨ ᠤ ᠪᠠᠶᠢᠴᠠᠭᠠᠬᠤ ᠠᠵᠢᠯ ᠤᠨ ᠳᠤᠲᠠᠭᠤᠳᠠᠯ ᠪᠠᠭᠤᠷᠠᠢ ᠲᠠᠯ᠎ᠠ ᠨᠢ ᠶᠠᠭᠤ ᠪᠤᠢ︖ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠠᠵᠢᠯ ᠤᠨ ᠭᠣᠣᠯᠳᠠᠯᠭ᠎ᠠ ᠪᠠ ᠴᠢᠷᠮᠠᠶᠢᠬᠤ ᠴᠢᠭᠯᠡᠯ ᠨᠢ ᠶᠠᠭᠤ ᠪᠤᠢ︖
︽ᠲᠠᠪᠤ ᠶᠢ ᠡᠵᠡᠮᠳᠡᠬᠦ︾᠄ ᠰᠦᠭ ᠰᠦᠨᠡᠰᠦ ᠶᠢ ᠡᠵᠡᠮᠳᠡᠵᠦ᠂ ᠴᠢᠭᠯᠡᠯ ᠢ ᠲᠣᠳᠣᠷᠬᠠᠶᠢᠯᠠᠨ᠎ᠠ︔ᠪᠠᠶᠢᠷᠢᠰᠢᠯ ᠢ ᠡᠵᠡᠮᠳᠡᠵᠦ᠂ ᠲᠤᠯᠭᠠᠭᠤᠷᠢ ᠶᠢ ᠪᠠᠲᠤᠳᠬᠠᠨ᠎ᠠ︔ᠭᠣᠣᠯ ᠬᠠᠷᠢᠭᠤᠴᠠᠯᠭ᠎ᠠ ᠶᠢ ᠡᠵᠡᠮᠳᠡᠵᠦ᠂ ᠰᠢᠨ᠎ᠡ ᠰᠠᠨᠠᠭ᠎ᠠ ᠶᠢ ᠲᠤᠳᠤᠷᠬᠠᠢᠯᠠᠨᠠ︔ᠳᠤᠲᠠᠭᠤᠳᠠᠯ ᠢ ᠡᠵᠡᠮᠳᠡᠵᠦ᠂ ᠠᠰᠠᠭᠤᠳᠠᠯ ᠢ ᠴᠢᠩᠭ᠎ᠠ ᠠᠳᠬᠤᠨ᠎ᠠ︔ᠬᠥᠭᠵᠢᠯᠲᠡ ᠶᠢ ᠡᠵᠡᠮᠳᠡᠵᠦ᠂ ᠬᠥᠳᠡᠯᠭᠡᠬᠦ ᠬᠦᠴᠦᠨ ᠢ ᠴᠢᠩᠭᠠᠳᠬᠠᠨ᠎ᠠ᠃