ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠤᠯᠳᠠ

2016-03-04 15:56:04
ᠵᠣᠬᠢᠶᠠᠭᠴᠢ
ᠮᠠ ᠶᠥᠡᠭ ᠱᠸᠡᠭ

    

ᠳᠥᠯᠤᠬᠡᠯᠡᠭᠴᠢᠳ ᠡ᠄ 

    ᠤᠳᠤ ᠪᠢ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠡᠮᠤᠨ᠎ᠠ ᠠᠴᠠ ᠶᠡᠭᠡ ᠬᠤᠷᠠᠯ ᠳᠤ ᠠᠵᠢᠯ ᠢᠶᠠᠨ ᠮᠡᠳᠡᠬᠦᠯᠤᠶ᠎ᠠ᠂ ᠬᠢᠨᠠᠨ ᠵᠥᠪᠯᠡᠬᠦ ᠪᠤᠯᠪᠠᠤ᠂ ᠤᠯᠤᠰ ᠳᠥᠷᠤ ᠶᠢᠨ ᠵᠥᠪᠯᠡᠯᠬᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠡᠳ ᠴᠤ ᠰᠠᠨᠠᠯ ᠢᠶᠠᠨ ᠳᠤᠷᠠᠳᠬᠤ ᠪᠤᠯᠪᠠᠤ᠃ 

    2015 ᠤᠨ ᠳᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠳᠤᠤᠷ᠎ᠠ᠂ ᠥᠪᠡᠷᠳᠡᠬᠡᠨ ᠵᠠᠰᠠᠬᠤ ᠤᠷᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠡᠭᠭᠤ ᠶᠢᠨ ᠬᠤᠷᠢᠶᠠᠨ ᠤ ᠬᠢᠨᠠᠯᠳᠠ ᠳᠤᠤᠷ᠎ᠠ᠂ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢ ᠳᠠᠭᠠᠭᠤᠯᠵᠤ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ᠂ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠤᠬᠡᠷ᠂ ᠳᠠᠪᠤᠳᠤᠭᠠᠷ ᠪᠥᠬᠦᠳᠠ ᠬᠤᠷᠠᠯ ᠪᠠ ᠰᠢ ᠶᠢᠨ ᠫᠢᠡᠭ ᠶᠡᠷᠤᠩᠬᠡᠢ ᠱᠥᠵᠢ ᠶᠢᠨ ᠰᠢᠷᠢᠰ ᠴᠢᠬᠤᠯᠠ ᠶᠠᠷᠢᠶ᠎ᠠ᠂ ᠥᠪᠤᠷ ᠮᠤᠩᠭᠤᠯ ᠢ ᠪᠠᠶᠢᠴᠠᠭᠠᠨ ᠥᠵᠡᠬᠦ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠥᠠᠵᠡᠬᠡᠢ ᠳᠤᠤᠱᠯᠠᠭᠤᠯᠵᠤ᠂ ︽8337︾ ᠬᠥᠭᠵᠢᠯᠳᠠ ᠶᠢᠨ ᠰᠡᠳᠬᠢᠴᠠ ᠪᠠ ᠳᠤᠰ ᠬᠤᠭᠤᠴᠠᠭᠠᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠰᠢᠢᠳᠪᠤᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠥᠠᠳᠤᠰᠤᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠳᠤᠰᠢᠶᠠᠯ ᠬᠠᠷᠢᠭᠤᠴᠠᠯᠭ᠎ᠠ ᠪᠠᠨ ᠥᠨᠠᠠᠴᠢ ᠰᠢᠳᠤᠷᠭᠤ ᠪᠠᠷ ᠬᠥᠢᠴᠡᠳᠬᠡᠬᠡᠳ᠂ ᠡᠯ᠎ᠠ ᠵᠥᠢᠯ ᠤᠨ ᠪᠠᠶᠢᠴᠠᠭᠠᠬᠤ ᠠᠵᠢᠯ ᠴᠥᠮ ᠰᠢᠨ᠎ᠠ ᠠᠮᠵᠢᠯᠳᠠ ᠲᠠᠢ ᠪᠤᠯᠪᠠ᠃ 

    ᠨᠢᠬᠡ᠂ ᠠᠵᠤ ᠠᠬᠤᠢ ᠨᠠᠶᠢᠬᠡᠮ ᠤᠨ ᠬᠥᠭᠵᠢᠯᠳᠠ ᠶᠢᠨ ᠪᠥᠬᠦ ᠳᠡᠯ᠎ᠠ ᠳᠤ ᠥᠢᠯᠡᠴᠢᠯᠠᠨ᠂ ᠪᠠᠶᠢᠴᠠᠭᠠᠬᠤ ᠪᠠᠶᠢᠭᠤᠯᠭ᠎ᠠ ᠶᠢᠨ ᠬᠠᠮᠠᠭᠠᠯᠠᠨ ᠬᠥᠭᠵᠢᠬᠦᠯᠬᠦ ᠥᠢᠯᠠᠳᠤᠯ ᠢ ᠬᠥᠢᠴᠡᠳ ᠪᠠᠳᠠᠷᠠᠭᠤᠯᠪᠠ 

    ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠳᠤᠰᠢᠶᠠᠯ ᠬᠠᠷᠢᠭᠤᠴᠠᠯᠭ᠎ᠠ ᠪᠠᠨ ᠬᠥᠢᠴᠡᠳ ᠬᠥᠢᠴᠡᠳᠬᠡᠬᠦ ᠶᠢ ᠪᠥᠬᠦ ᠳᠡᠯ᠎ᠠ ᠳᠤ ᠥᠢᠯᠡᠴᠢᠯᠡᠬᠦ ᠶᠢᠨ ᠥᠠᠳᠤᠰᠤᠨ ᠱᠠᠭᠠᠷᠳᠡᠯᠭ᠎ᠠ ᠪᠤᠯᠭᠠᠵᠤ᠂ ᠠᠵᠤ ᠠᠬᠤᠢ ᠶᠢᠨ ᠬᠥᠭᠵᠢᠯᠳᠠ ᠶᠢᠨ ᠰᠢᠨ᠎ᠠ ᠬᠡᠪ ᠪᠠᠶᠢᠳᠡᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠨ ᠳᠡᠬᠦᠨ ᠳᠤ ᠥᠢᠯᠡᠴᠢᠯᠡᠵᠤ᠂ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢ ᠵᠢᠯᠤᠭᠤᠳᠤᠨ ᠪᠥᠬᠦ ᠳᠡᠯ᠎ᠠ ᠳᠤ ᠥᠢᠯᠡᠴᠢᠯᠡᠬᠦ ᠬᠥᠴᠤᠯᠠᠴᠠ ᠶᠢᠨ ᠴᠡᠭ ᠢ ᠤᠨᠤᠴᠢᠳᠡᠢ ᠤᠯᠵᠤ᠂ ᠥᠬᠡᠷᠡᠴᠢᠯᠠᠯᠳᠠ ᠬᠥᠭᠵᠢᠯᠳᠠ ᠳᠤ ᠬᠠᠤᠯᠢ ᠪᠠᠷᠢᠬᠤ ᠳᠡᠯ᠎ᠠ ᠪᠠᠷ ᠪᠠᠳᠤᠯᠠᠭ᠎ᠠ ᠬᠠᠨᠭ᠍ᠭᠠᠪᠠ᠃ 

    ᠳᠤᠬᠳᠠᠭᠤᠨ ᠪᠠᠶᠢᠬᠤ ᠪᠤᠯ ᠥᠠᠳᠤᠰᠤᠨ ᠪᠥᠬᠦ ᠳᠡᠯ᠎ᠠ ᠪᠤᠯᠤᠨ᠎ᠠ ᠬᠡᠳᠡᠭ ᠤᠨᠤᠯᠵᠢᠬᠤᠨ ᠢ ᠪᠠᠳᠤ ᠪᠠᠬᠢ ᠪᠤᠢ ᠪᠤᠯᠭᠠᠵᠤ᠂ ᠡᠩᠬᠡ ᠳᠠᠶᠢᠪᠤᠡᠭ ᠥᠪᠤᠷ ᠮᠤᠩᠭᠤᠯ ᠤᠨ ᠪᠥᠳᠤᠬᠡᠨ ᠪᠠᠶᠢᠭᠤᠯᠤᠯᠳᠠ ᠶᠢ ᠪᠥᠬᠦ ᠬᠥᠴᠤᠨ ᠢᠶᠠᠷ ᠪᠠᠳᠤᠯᠠᠪᠠ᠃ ᠪᠠᠷᠢᠪᠴᠢᠯᠠᠬᠤ ᠶᠢ ᠵᠥᠪᠰᠢᠶᠡᠷᠡᠬᠦ᠂ ᠵᠠᠭᠠᠯᠳᠤᠬᠤ ᠵᠠᠷᠬᠡ ᠳᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠥᠢᠴᠡᠳᠬᠡᠨ᠂ ᠡᠷᠡᠬᠦᠤ ᠶᠢᠨ ᠶᠠᠯ᠎ᠠ ᠬᠢᠭᠰᠡᠨ 12939 ᠰᠡᠵᠢᠭᠳᠡᠨ ᠢ ᠪᠠᠷᠢᠪᠴᠢᠯᠠᠬᠤ ᠪᠠᠷ ᠵᠥᠪᠰᠢᠶᠡᠷᠡᠵᠤ᠂ 29368 ᠬᠥᠮᠤᠨ ᠳᠤ ᠠᠯᠪᠡᠨ ᠵᠠᠭᠠᠯᠳᠤᠯᠭ᠎ᠠ ᠭᠠᠷᠭᠠᠪᠠ᠃ ᠨᠠᠪᠴᠢᠯᠳᠠ ᠶᠢ ᠡᠰᠡᠷᠬᠦᠴᠡᠬᠦ᠂ ᠰᠥᠷᠳᠡᠬᠦᠯᠤᠯ ᠢ ᠡᠰᠡᠷᠬᠦᠴᠡᠬᠦ᠂ ᠭᠠᠵᠢᠭᠤ ᠨᠤᠮᠯᠠᠯ ᠢ ᠡᠰᠡᠷᠬᠦᠴᠡᠬᠦ ᠳᠡᠮᠡᠴᠡᠯ ᠳᠤ ᠢᠳᠡᠪᠬᠢᠳᠡᠢ ᠤᠷᠤᠯᠴᠠᠵᠤ᠂ ᠤᠯᠤᠰ ᠤᠨ ᠠᠮᠤᠷ ᠳᠥᠪᠰᠢᠨ ᠳᠤ ᠬᠤᠤᠷ ᠬᠥᠨᠤᠬᠡᠯ ᠤᠴᠠᠷᠠᠭᠤᠯᠤᠬᠰᠠᠨ ᠶᠠᠯᠠᠳᠤ ᠬᠡᠷᠡᠭ ᠪᠠ ᠬᠥᠴᠤᠷᠬᠡᠭᠯᠡᠯ ᠰᠥᠷᠳᠡᠬᠦᠯᠤᠯ ᠤᠨ ᠶᠠᠯᠠᠳᠤ ᠬᠡᠷᠡᠭ ᠲᠤ ᠡᠷᠡᠰ ᠴᠤᠬᠢᠯᠳᠠ ᠥᠭᠪᠡ᠃ ᠠᠷᠠᠳ ᠤᠯᠠᠨ ᠤ ᠡᠩᠬᠡ ᠳᠠᠶᠢᠪᠤᠡᠭ ᠪᠠᠶᠢᠬᠤ ᠬᠡᠷᠡᠭᠴᠡᠭᠡ ᠪᠠᠷ ᠵᠠᠮᠴᠢ ᠪᠤᠯᠭᠠᠨ᠂ ᠫᠤᠤ ᠵᠡᠪᠰᠡᠭ ᠬᠥᠴᠤᠷᠬᠡᠭᠯᠡᠯ ᠳᠤ ᠬᠤᠯᠪᠤᠬᠳᠠᠬᠰᠠᠨ᠂ ᠬᠠᠷ᠎ᠠ ᠪᠥᠯᠥᠭᠳᠡᠨ ᠬᠠᠷᠬᠢᠰ ᠬᠥᠴᠤᠳᠠᠨ ᠳᠤ ᠬᠤᠯᠪᠤᠬᠳᠠᠬᠰᠠᠨ ᠵᠠᠷᠬᠡ ᠤᠯᠠᠨ ᠨᠠᠶᠢᠳᠠ ᠶᠢᠨ ᠠᠮᠤᠷ ᠳᠥᠪᠰᠢᠨ ᠪᠠ ᠨᠠᠶᠢᠬᠡᠮ ᠤᠨ ᠡᠮᠬᠢ ᠳᠢᠭᠯᠢᠮ ᠳᠤ ᠬᠥᠠᠳᠤ ᠨᠤᠴᠢᠳᠡᠢ ᠬᠤᠤᠷ ᠬᠥᠨᠤᠬᠡᠯ ᠤᠴᠠᠷᠠᠭᠤᠯᠤᠬᠰᠠᠨ ᠶᠠᠯᠠᠳᠤ ᠬᠡᠷᠡᠭ ᠢ ᠳᠤᠪᠤᠶᠢᠯᠭᠠᠨ ᠴᠤᠬᠢᠯᠳᠠ ᠥᠭᠴᠤ᠂ ᠬᠠᠷ᠎ᠠ ᠪᠥᠯᠥᠭᠳᠡᠨ ᠤ ᠴᠢᠨᠠᠷᠳᠡᠢ ᠵᠤᠬᠢᠶᠠᠨ ᠪᠠᠶᠢᠭᠤᠯᠤᠯᠳᠠ ᠶᠢᠨ ᠶᠠᠯ᠎ᠠ ᠬᠢᠭᠰᠡᠨ 20 ᠬᠥᠮᠤᠨ᠂ ᠵᠤᠷᠢᠭᠤᠳᠠ ᠬᠥᠮᠤᠨ ᠠᠯᠠᠬᠰᠠᠨ᠂ ᠪᠠᠷᠢᠴᠠᠭᠠᠯᠠᠬᠰᠠᠨ ᠵᠠᠷᠬᠡ ᠬᠥᠠᠳᠤ ᠨᠤᠴᠢᠳᠡᠢ ᠬᠥᠴᠤᠷᠬᠡᠭᠯᠡᠯ ᠤᠨ ᠶᠠᠯ᠎ᠠ ᠬᠢᠭᠰᠡᠨ 1470 ᠬᠥᠮᠤᠨ᠂ ᠪᠤᠯᠢᠶᠠᠬᠰᠠᠨ᠂ ᠳᠤᠨᠤᠨ ᠳᠡᠬᠡᠷᠡᠮᠳᠡᠭᠰᠡᠨ᠂ ᠬᠤᠯᠠᠭᠠᠢᠢᠯᠠᠬᠰᠠᠨ ᠵᠠᠷᠬᠡ ᠤᠯᠠᠨ ᠭᠠᠷᠳᠠᠭ ᠡᠳ᠋ ᠬᠥᠷᠤᠩᠬᠡ ᠳᠤ ᠬᠠᠯᠳᠠᠬᠰᠠᠨ ᠶᠠᠯ᠎ᠠ ᠬᠢᠭᠰᠡᠨ 5379 ᠬᠥᠮᠤᠨ᠂ ᠬᠤᠤᠷᠠᠳᠤ ᠡᠳ᠋ ᠤᠨ ᠶᠠᠯ᠎ᠠ ᠬᠢᠭᠰᠡᠨ 2387 ᠬᠥᠮᠤᠨ ᠢ ᠵᠠᠭᠠᠯᠳᠤᠵᠠᠢ᠃ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠡᠷᠡᠬᠦᠤ ᠶᠢᠨ ᠬᠡᠷᠡᠭ ᠤᠨ ᠳᠥᠷᠤ ᠶᠢᠨ ᠪᠤᠳᠤᠯᠭ᠎ᠠ ᠶᠢ ᠳᠤᠤᠱᠯᠠᠭᠤᠯᠤᠨ᠂ ᠶᠠᠯ᠎ᠠ ᠬᠢᠭᠰᠡᠨ ᠥᠢᠯᠠ ᠪᠠᠶᠢᠳᠡᠯ ᠨᠢ ᠬᠥᠡᠭᠬᠡᠪᠳᠤᠷ ᠪᠠᠶᠢᠪᠠᠯ ᠬᠠᠤᠯᠢ ᠶᠤᠰᠤᠭᠠᠷ ᠠᠭᠤᠴᠢᠯᠠᠨ ᠰᠢᠢᠳᠪᠤᠷᠢᠯᠡᠵᠤ᠂ 1990 ᠬᠥᠮᠤᠨ ᠤ ᠪᠠᠷᠢᠪᠴᠢᠯᠠᠬᠤ ᠶᠢ ᠥᠯᠤ ᠵᠥᠪᠰᠢᠶᠡᠷᠡᠵᠤ᠂ 501 ᠬᠥᠮᠤᠨ ᠢ ᠥᠯᠤ ᠵᠠᠭᠠᠯᠳᠤᠪᠠ᠃ ᠥᠷᠬᠦᠯᠵᠢᠯᠠᠨ ᠬᠤᠷᠢᠬᠤ ᠴᠢᠬᠤᠯᠠ ᠥᠬᠡᠢ 860 ᠶᠠᠯ᠎ᠠ ᠬᠢᠭᠰᠡᠨ ᠰᠡᠵᠢᠭᠳᠡᠨ ᠢ ᠰᠤᠯᠠᠯᠠᠬᠤ ᠪᠤᠶᠤ ᠳᠡᠳᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠶᠢ ᠬᠤᠪᠢᠷᠠᠭᠤᠯᠬᠤ ᠰᠠᠨᠠᠭᠤᠯᠭ᠎ᠠ ᠭᠠᠷᠭᠠᠵᠤ᠂ ᠳᠤᠬᠠᠢ ᠶᠢᠨ ᠬᠥᠮᠤᠨ ᠠᠭᠤᠴᠢᠯᠠᠬᠤ ᠪᠠᠷ ᠳᠤᠬᠳᠠᠬᠰᠠᠨ ᠪᠠᠶᠢᠪᠠᠯ ᠡᠷᠡᠬᠦᠤ ᠶᠢᠨ ᠬᠡᠷᠡᠭ ᠢ ᠴᠢᠷᠮᠠᠶᠢᠨ ᠡᠪᠰᠡᠬᠦᠯᠪᠠ᠃ ᠶᠠᠷᠤᠩᠬᠡᠶᠢᠯᠠᠨ ᠵᠠᠰᠠᠬᠤ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠳᠤᠤᠱᠯᠠᠭᠤᠯᠵᠤ᠂ ᠨᠠᠶᠢᠬᠡᠮ ᠤᠨ ᠠᠮᠤᠷ ᠢ ᠬᠠᠮᠠᠭᠠᠯᠠᠬᠤ ᠰᠠᠷᠬᠡᠶᠢᠯᠡᠯ ᠡᠵᠡᠮᠰᠢᠯ ᠤᠨ ᠰᠢᠰᠲᠸ᠋ᠮ ᠤᠨ ᠪᠠᠶᠢᠭᠤᠯᠤᠯᠳᠠ ᠶᠢ ᠠᠬᠢᠭᠤᠯᠵᠠᠢ᠃ 

    ︽ᠠᠷᠪᠡ ᠶᠢ ᠪᠥᠷᠬᠦᠬᠦᠯᠬᠦ︾ ᠢᠠᠵᠸ᠋ᠨ᠋ᠸ᠋ᠷᠢᠩ ᠢ ᠨᠢᠬᠳᠠ ᠳᠤᠭᠤᠷᠢᠭᠤᠯᠤᠨ᠂ ᠤᠷᠢᠳᠴᠢᠯᠠᠨ ᠰᠠᠷᠬᠡᠶᠢᠯᠡᠬᠦ᠂ ᠵᠠᠯᠬᠠᠭᠠᠨ ᠰᠢᠳᠬᠡᠬᠦ ᠪᠠ ᠬᠠᠮᠠᠭᠠᠯᠠᠬᠤ ᠶᠢᠨ ᠥᠢᠯᠠᠳᠤᠯ ᠢ ᠪᠠᠳᠠᠷᠠᠭᠤᠯᠪᠠ᠃ ᠵᠢᠯ ᠤᠨ ᠡᠬᠢᠨ ᠳᠤ ᠪᠠᠶᠢᠴᠠᠭᠠᠬᠤ ᠡᠬᠦᠷᠬᠡ ᠴᠢᠳᠠᠪᠤᠷᠢ ᠪᠠᠨ ᠪᠠᠳᠠᠷᠠᠭᠤᠯᠵᠤ᠂ ︽ᠠᠷᠪᠡ ᠶᠢ ᠪᠥᠷᠬᠦᠬᠦᠯᠬᠦ︾ ᠢᠠᠵᠸ᠋ᠨ᠋ᠸ᠋ᠷᠢᠩ ᠳᠤ ᠥᠢᠯᠡᠴᠢᠯᠡᠬᠦ ᠠᠵᠢᠯ ᠤᠨ ᠳᠥᠰᠤᠯ ᠳᠤᠬᠳᠠᠭᠠᠨ ᠨᠠᠶᠢᠳᠠᠯᠠᠵᠤ᠂ ᠢᠠᠵᠸ᠋ᠨ᠋ᠸ᠋ᠷᠢᠩ ᠤᠨ ᠬᠡᠷᠡᠭᠵᠢᠬᠦᠯᠤᠯᠳᠠ ᠶᠢ ᠡᠪᠳᠡᠭᠰᠡᠨ ᠡᠯ᠎ᠠ ᠳᠥᠷᠤᠯ ᠤᠨ ᠶᠠᠯᠠᠳᠤ ᠬᠡᠷᠡᠭ ᠲᠤ ᠴᠤᠬᠢᠯᠳᠠ ᠥᠭᠬᠦ ᠬᠤᠶᠠᠷ ᠵᠢᠯ ᠤᠨ ᠬᠤᠭᠤᠴᠠᠭ᠎ᠠ ᠲᠠᠢ ᠳᠤᠰᠬᠠᠢ ᠠᠵᠢᠯᠯᠠᠭ᠎ᠠ ᠶᠢ ᠵᠤᠬᠢᠶᠠᠨ ᠪᠠᠶᠢᠭᠤᠯᠤᠨ ᠥᠷᠨᠢᠬᠦᠯᠵᠠᠢ᠃ ᠳᠤᠰᠢᠶᠠᠯ ᠤᠨ ᠶᠠᠯ᠎ᠠ ᠬᠢᠬᠦ ᠶᠢ ᠤᠷᠢᠳᠴᠢᠯᠠᠨ ᠰᠠᠷᠬᠡᠶᠢᠯᠡᠬᠦ ᠤᠬᠠᠭᠤᠯᠤᠨ ᠶᠠᠷᠢᠬᠤ ᠪᠥᠯᠬᠦᠮ ᠢ ᠪᠠᠶᠢᠭᠤᠯᠤᠨ ᠠᠶᠢᠮᠠᠭ ᠬᠤᠳᠠ᠂ ᠬᠤᠰᠢᠭᠤ ᠰᠢᠶᠠᠨ᠂ ᠰᠢᠶᠠᠩ ᠪᠠᠯᠭᠠᠰᠤ ᠰᠤᠮᠤ ᠪᠠ ᠭᠠᠴᠠᠭ᠎ᠠ ᠳᠤᠰᠬᠤᠨ ᠢᠶᠠᠷ ᠳᠤᠭᠤᠷᠢᠨ 919 ᠳᠡᠯᠠᠪᠠᠢ ᠤᠳᠠᠭ᠎ᠠ ᠤᠬᠠᠭᠤᠯᠤᠨ ᠶᠠᠷᠢᠵᠤ᠂ 7.4 ᠳᠥᠮᠠ ᠭᠠᠷᠤᠢ ᠨᠠᠮ ᠤᠨ ᠬᠡᠰᠢᠬᠦᠨ ᠺᠠᠳ᠋ᠷ ᠰᠠᠷᠡᠮᠵᠢ ᠬᠥᠮᠤᠵᠢᠯ ᠬᠥᠷᠳᠡᠪᠡ᠃ ᠡᠯ᠎ᠠ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠤᠳᠤᠷᠢᠳᠬᠤ ᠨᠥᠬᠦᠳ ᠮᠡᠳᠡᠬᠦᠯᠤᠯᠳᠠ ᠶᠢᠨ ᠬᠤᠷᠠᠯ ᠢ ᠡᠷᠬᠢᠯᠡᠵᠤ᠂ ᠤᠬᠠᠭᠤᠯᠤᠯ ᠶᠠᠷᠢᠶᠠᠨ ᠤ ᠨᠥᠯᠤᠬᠡᠯᠡᠬᠦ ᠬᠥᠴᠤᠨ ᠢ ᠥᠷᠬᠡᠳᠬᠡᠪᠡ᠃ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠨᠢᠬᠳᠠ ᠬᠠᠮᠵᠢᠯᠴᠠᠨ᠂ ᠢᠠᠵᠸ᠋ᠨ᠋ᠸ᠋ᠷᠢᠩ ᠤᠨ ᠬᠡᠷᠡᠭᠵᠢᠬᠦᠯᠤᠯᠳᠠ ᠶᠢ ᠡᠪᠳᠡᠭᠰᠡᠨ᠂ ᠳᠠᠷᠢᠶᠠᠴᠢᠨ ᠢ ᠬᠥᠨᠤᠬᠡᠵᠤ ᠳᠠᠷᠢᠶᠠᠯᠡᠩ ᠢ ᠬᠤᠬᠢᠷᠠᠭᠤᠯᠤᠬᠰᠠᠨ ᠵᠠᠷᠬᠡ ᠡᠯ᠎ᠠ ᠳᠥᠷᠤᠯ ᠤᠨ ᠡᠷᠡᠬᠦᠤ ᠶᠢᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠥᠭᠪᠡ᠃ ᠢᠠᠵᠸ᠋ᠨ᠋ᠸ᠋ᠷᠢᠩ ᠢ ᠬᠡᠷᠡᠭᠵᠢᠬᠦᠯᠬᠦ ᠳᠤᠮᠳᠠ ᠳᠤᠰᠬᠠᠢ ᠪᠠᠯᠠ ᠮᠥᠡᠭᠬᠦ ᠶᠢ ︽ᠳᠤᠮᠳᠠ ᠠᠴᠠ ᠨᠢ ᠥᠭᠳᠡᠬᠡᠨ ᠥᠯᠡᠳᠡᠬᠡᠵᠤ︾᠂ ᠵᠠᠪᠰᠢᠶᠠᠨ ᠢ ᠳᠡᠯᠢᠮᠳᠠᠭᠤᠯᠤᠨ ᠵᠠᠯᠬᠢᠵᠤ᠂ ᠨᠡᠬᠦᠯᠬᠡᠨ ᠬᠡᠷᠡᠭᠯᠡᠵᠤ᠂ ᠳᠤᠳᠤᠷ᠎ᠠ ᠵᠠᠭᠤᠷ᠎ᠠ ᠪᠠᠨ ᠬᠤᠪᠢᠶᠡᠵᠤ᠂ ᠳᠤᠰᠢᠶᠠᠯ ᠳᠠᠭᠠᠨ ᠣᠰᠤᠯᠳᠠᠵᠤ ᠳᠤᠰᠢᠶᠠᠯ ᠢᠶᠠᠨ ᠭᠤᠳᠤᠭᠠᠭᠠᠳ ᠶᠠᠯ᠎ᠠ ᠬᠢᠭᠰᠡᠨ ᠳᠤ ᠳᠤᠭᠠᠴᠠᠬᠳᠠᠬᠰᠠᠨ ᠢ ᠬᠠᠤᠯᠢ ᠶᠤᠰᠤᠭᠠᠷ ᠴᠢᠩᠭ᠎ᠠ ᠰᠢᠳᠬᠡᠵᠤ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠤᠷᠴᠢᠨ ᠳᠤᠭᠤᠷᠢᠨ ᠢ ᠴᠢᠷᠮᠠᠶᠢᠨ ᠪᠤᠢ ᠪᠤᠯᠭᠠᠪᠠ᠃ ᠴᠤᠬᠢᠯᠳᠠ ᠥᠭᠬᠦ ᠪᠡ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠂ ᠥᠨᠠᠨ ᠠᠳᠬᠤᠵᠤ ᠪᠤᠳᠠᠳᠠᠢ ᠬᠢᠭᠰᠡᠨ᠂ ᠠᠷᠠᠳ ᠲᠤ ᠥᠢᠯᠡᠴᠢᠯᠡᠭᠰᠡᠨ ᠡᠯ᠎ᠠ ᠱᠠᠳᠤᠨ ᠤ ᠺᠠᠳ᠋ᠷᠴᠤᠳ ᠢ ᠳᠤᠬ ᠳᠡᠮᠳᠡᠭ ᠳᠤᠳᠤᠷᠬᠠᠢ ᠪᠠᠷ ᠳᠡᠮᠵᠢᠭᠰᠡᠨ ᠪᠠ ᠬᠠᠮᠠᠭᠠᠯᠠᠵᠠᠢ᠃     ᠬᠠᠤᠯᠢ ᠶᠤᠰᠤᠭᠠᠷ ᠴᠢᠩᠭ᠎ᠠ ᠪᠠᠶᠢᠬᠤ ᠶᠢ ᠪᠠᠷᠢᠮᠳᠠᠯᠠᠵᠤ᠂ ᠵᠠᠬ᠎ᠠ ᠳᠡᠯᠬᠡᠬᠦᠷ ᠤᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠪᠠ᠃ ᠵᠠᠬ᠎ᠠ ᠳᠡᠯᠬᠡᠬᠦᠷ ᠤᠨ ᠠᠵᠤ ᠠᠬᠤᠢ ᠶᠢᠨ ᠡᠮᠬᠢ ᠳᠢᠭᠯᠢᠮ ᠢ ᠡᠪᠳᠡᠭᠰᠡᠨ 1672 ᠶᠠᠯᠠᠳᠤ ᠬᠡᠷᠡᠭ ᠲᠤ ᠠᠯᠪᠡᠨ ᠵᠠᠭᠠᠯᠳᠤᠯᠭ᠎ᠠ ᠭᠠᠷᠭᠠᠪᠠ᠃ ᠤᠯᠠᠨ ᠳᠤ ᠬᠤᠯᠪᠤᠬᠳᠠᠬᠰᠠᠨ ᠠᠵᠤ ᠠᠬᠤᠢ ᠶᠢᠨ ᠶᠠᠯᠠᠳᠤ ᠬᠡᠷᠡᠭ ᠲᠤ ᠴᠢᠩᠭ᠎ᠠ ᠴᠤᠬᠢᠯᠳᠠ ᠥᠭᠴᠤ᠂ ᠠᠷᠠᠳ ᠤᠯᠠᠨ ᠤ ᠵᠤᠭᠤᠰ ᠢ ᠬᠠᠤᠯᠢ ᠪᠤᠰᠤ ᠪᠠᠷ ᠬᠤᠷᠢᠶᠠᠨ ᠬᠠᠳᠠᠭᠠᠯᠠᠭᠤᠯᠤᠬᠰᠠᠨ᠂ ᠪᠠᠯᠠ ᠮᠥᠡᠭᠬᠦ ᠮᠡᠬᠡᠯᠡᠨ ᠴᠤᠬᠯᠠᠭᠤᠯᠤᠬᠰᠠᠨ ᠵᠠᠷᠬᠡ ᠮᠥᠡᠭᠬᠦᠨ ᠬᠥᠢᠯᠬᠡᠬᠡᠨ ᠤ ᠶᠠᠯ᠎ᠠ ᠬᠢᠭᠰᠡᠨ 802 ᠬᠥᠮᠤᠨ ᠢ ᠵᠠᠭᠠᠯᠳᠤᠵᠤ᠂ ᠠᠳᠠᠯᠢ ᠬᠤᠭᠤᠴᠠᠭᠠᠨ ᠤ ᠬᠢ ᠠᠴᠠ 44.8% ᠪᠠᠷ ᠳᠡᠬᠡᠭᠰᠢᠯᠡᠪᠡ᠃ ᠤᠶᠤᠨ ᠮᠡᠳᠡᠯᠬᠡ ᠶᠢᠨ ᠥᠮᠴᠢ ᠶᠢᠨ ᠡᠷᠬᠡ ᠳᠤ ᠬᠠᠯᠳᠠᠬᠰᠠᠨ ᠶᠠᠯᠠᠳᠤ ᠬᠡᠷᠡᠭ ᠲᠤ ᠴᠢᠩᠭ᠎ᠠ ᠴᠤᠬᠢᠯᠳᠠ ᠬᠥᠭᠴᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠨᠠᠷ᠎ᠠ ᠳᠤᠷᠠᠳᠤᠨ ᠱᠠᠭᠠᠷᠳᠠᠨ ᠰᠢᠳᠬᠡᠬᠦᠯᠥᠭᠰᠡᠨ ᠯᠢ ᠫᠸᠢ ᠹᠸ᠋ᠨ ᠵᠠᠷᠬᠡ 7 ᠬᠥᠮᠤᠨ ᠤ ᠳᠠᠩᠰᠠᠯᠠᠭᠤᠯᠤᠬᠰᠠᠨ ᠳᠠᠸᠠᠷ ᠤᠨ ᠳᠡᠮᠳᠡᠭᠳᠤ ᠶᠢᠨ ᠢᠯᠡᠷᠬᠡᠶᠢᠯᠡᠯ ᠢ ᠬᠠᠤᠯᠢ ᠪᠤᠰᠤ ᠪᠠᠷ ᠥᠢᠯᠡᠳᠥᠭᠰᠡᠨ᠂ ᠪᠤᠷᠤᠯᠠᠭᠤᠯᠤᠬᠰᠠᠨ ᠬᠡᠷᠡᠭ ᠨᠢ ᠪᠥᠬᠦ ᠤᠯᠤᠰ ᠤᠨ ᠤᠶᠤᠨ ᠮᠡᠳᠡᠯᠬᠡ ᠶᠢᠨ ᠥᠮᠴᠢ ᠶᠢᠨ ᠡᠷᠬᠡ ᠶᠢ ᠬᠠᠮᠠᠭᠠᠯᠠᠬᠰᠠᠨ ᠠᠷᠪᠡᠨ ᠶᠡᠭᠡ ᠨᠠᠶᠢᠳᠡᠯᠢᠭ ᠬᠡᠷᠡᠭ ᠤᠨ ᠵᠢᠱᠢᠶ᠎ᠠ ᠪᠠᠷ ᠥᠨᠡᠯᠡᠭᠳᠡᠭᠰᠡᠨ ᠪᠠᠶᠢᠨ᠎ᠠ᠃ ᠤᠷᠴᠢᠨ ᠳᠤᠭᠤᠷᠢᠨ ᠤ ᠡᠬᠢ ᠪᠠᠶᠠᠯᠢᠭ ᠢ ᠡᠪᠳᠡᠭᠰᠡᠨ᠂ ᠢᠳᠡᠬᠡᠨ ᠤ ᠵᠥᠢᠯ ᠡᠮ ᠤᠨ ᠵᠥᠢᠯ ᠤᠨ ᠠᠮᠤᠷ ᠳᠥᠪᠰᠢᠨ ᠳᠤ ᠬᠤᠤᠷ ᠬᠥᠨᠤᠬᠡᠯ ᠤᠴᠠᠷᠠᠭᠤᠯᠤᠬᠰᠠᠨ ᠬᠤᠶᠠᠷ ᠵᠥᠢᠯ ᠤᠨ ᠶᠠᠯᠠᠳᠤ ᠬᠡᠷᠡᠭ ᠤᠨ ᠬᠡᠷᠡᠭ ᠪᠤᠯᠭᠠᠬᠤ ᠳᠤ ᠬᠢᠨᠠᠯᠳᠠ ᠳᠡᠯᠪᠢᠬᠤ ᠳᠤᠰᠬᠠᠢ ᠠᠵᠢᠯᠯᠠᠭ᠎ᠠ ᠥᠷᠨᠢᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ ᠰᠢᠯᠵᠢᠬᠦᠯᠤᠨ ᠬᠥᠷᠬᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ 68 ᠬᠡᠷᠡᠭ ᠲᠤ ᠬᠢᠨᠠᠯᠳᠠ ᠳᠡᠯᠪᠢᠵᠤ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠯᠤ ᠬᠡᠷᠡᠭ ᠪᠤᠯᠭᠠᠬᠰᠠᠨ 105 ᠬᠡᠷᠡᠭ 108 ᠬᠥᠮᠤᠨ ᠳᠤ ᠬᠢᠨᠠᠯᠳᠠ ᠳᠡᠯᠪᠢᠵᠤ ᠬᠡᠷᠡᠭ ᠪᠤᠯᠭᠠᠪᠠ᠃ ᠤᠯᠠᠨ ᠤ ᠠᠩᠬᠠᠷᠤᠯ ᠢ ᠳᠠᠳᠠᠬᠰᠠᠨ ᠳᠡᠭᠷᠢ ᠡᠯᠡᠰᠤᠨ ᠤ ᠪᠤᠬᠢᠷᠳᠤᠯ ᠭᠠᠳᠠᠬᠰᠢᠯᠠᠭᠤᠯᠤᠬᠰᠠᠨ ᠬᠡᠷᠡᠭ ᠤᠨ ᠬᠡᠷᠡᠭ ᠪᠤᠯᠭᠠᠬᠤ ᠳᠤ ᠬᠢᠨᠠᠯᠳᠠ ᠳᠡᠯᠪᠢᠵᠤ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠢᠨᠠᠯᠳᠠ ᠳᠡᠯᠪᠢᠵᠤ ᠬᠡᠷᠡᠭ ᠪᠤᠯᠭᠠᠨ ᠳᠤᠷᠰᠢᠨ ᠪᠠᠶᠢᠴᠠᠭᠠᠯᠭᠠᠪᠠ᠃ 5 ᠬᠢᠮᠢ ᠶᠢᠨ ᠠᠵᠤ ᠥᠢᠯᠡᠳᠪᠤᠷᠢ ᠶᠢᠨ ᠠᠵᠤ ᠠᠬᠤᠢᠢᠯᠠᠯ᠂ 8 ᠬᠠᠤᠯᠢ ᠪᠠᠷ ᠳᠤᠬᠳᠠᠭᠠᠬᠰᠠᠨ ᠳᠥᠯᠤᠬᠡᠯᠡᠭᠴᠢ ᠪᠠ ᠰᠢᠭᠤᠳ ᠬᠠᠷᠢᠭᠤᠴᠠᠬᠴᠢ ᠳᠤ ᠤᠷᠴᠢᠨ ᠳᠤᠭᠤᠷᠢᠨ ᠢ ᠪᠤᠬᠢᠷᠳᠤᠭᠤᠯᠤᠬᠰᠠᠨ ᠶᠠᠯ᠎ᠠ ᠪᠠᠷ ᠠᠯᠪᠡᠨ ᠵᠠᠭᠠᠯᠳᠤᠯᠭ᠎ᠠ ᠭᠠᠷᠭᠠᠵᠠᠢ᠃ ᠪᠥᠬᠦ ᠵᠢᠯ ᠳᠤ ᠤᠷᠴᠢᠨ ᠳᠤᠭᠤᠷᠢᠨ ᠢ ᠪᠤᠬᠢᠷᠳᠤᠭᠤᠯᠤᠬᠰᠠᠨ᠂ ᠤᠢ ᠮᠤᠳᠤ ᠶᠢ ᠬᠤᠯᠠᠭᠠᠢᠢᠯᠠᠨ ᠤᠬᠳᠤᠯᠤᠬᠰᠠᠨ ᠳᠤᠷ᠎ᠠ ᠪᠠᠷ ᠢᠶᠠᠨ ᠤᠬᠳᠤᠯᠤᠬᠰᠠᠨ᠂ ᠨᠤᠳᠤᠭ ᠪᠠᠯᠴᠢᠬᠡᠷ ᠢ ᠬᠠᠤᠯᠢ ᠪᠤᠰᠤ ᠪᠠᠷ ᠬᠠᠭᠠᠯᠪᠤᠷᠢᠯᠠᠬᠰᠠᠨ ᠵᠠᠷᠬᠡ ᠶᠠᠯ᠎ᠠ ᠬᠢᠭᠰᠡᠨ 1149 ᠬᠥᠮᠤᠨ ᠢ ᠵᠠᠭᠠᠯᠳᠤᠵᠤ᠂ ᠠᠳᠠᠯᠢ ᠬᠤᠭᠤᠴᠠᠭᠠᠨ ᠤ ᠬᠢ ᠠᠴᠠ 42% ᠪᠠᠷ ᠳᠡᠬᠡᠭᠰᠢᠯᠡᠪᠡ᠃ ᠮᠠᠨ ᠤ ᠤᠷᠤᠨ ᠤ ᠨᠤᠳᠤᠭ ᠪᠠᠯᠴᠢᠬᠡᠷ ᠢ ᠬᠠᠤᠯᠢ ᠪᠤᠰᠤ ᠪᠠᠷ ᠬᠠᠭᠠᠯᠪᠤᠷᠢᠯᠠᠬᠰᠠᠨ ᠵᠠᠷᠬᠡ ᠬᠡᠷᠡᠭ ᠲᠤ ᠳᠤᠰᠬᠠᠢ ᠬᠢᠨᠠᠯᠳᠠ ᠳᠡᠯᠪᠢᠵᠤ ᠴᠤᠬᠢᠯᠳᠠ ᠥᠭᠬᠦᠭᠰᠡᠨ ᠠᠷᠭ᠎ᠠ ᠬᠢᠳᠡᠯ ᠢ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠠᠴᠠ ᠮᠡᠳᠡᠬᠡᠯᠡᠨ ᠰᠡᠶᠢᠰᠢᠶᠠᠵᠠᠢ᠃ 

    ᠤᠯᠠᠨ ᠳᠥᠮᠠᠨ ᠳᠤ ᠥᠢᠯᠡᠴᠢᠯᠡᠬᠦ ᠴᠤᠩᠬᠤᠪᠴᠢ ᠶᠢᠨ ᠪᠠᠶᠢᠭᠤᠯᠤᠯᠳᠠ ᠶᠢ ᠴᠢᠩᠭᠠᠳᠬᠠᠨ᠂ ᠪᠠᠶᠢᠴᠠᠭᠠᠬᠤ ᠳᠤ ᠬᠤᠯᠪᠤᠬᠳᠠᠬᠰᠠᠨ ᠵᠠᠷᠭᠤ ᠳᠤ ᠬᠤᠯᠪᠤᠬᠳᠠᠬᠰᠠᠨ ᠵᠠᠬᠢᠳᠡᠯ ᠰᠤᠷᠪᠤᠯᠵᠢᠯᠠᠯ ᠤᠨ ᠡᠮᠬᠢ ᠵᠢᠷᠤᠮ ᠤᠨ ᠳᠤᠬᠳᠠᠭᠤᠨ ᠪᠥᠬᠡᠳ ᠳᠢᠭᠯᠢᠮ ᠲᠠᠢ ᠪᠠᠶᠢᠬᠤ ᠶᠢ ᠪᠠᠳᠤᠯᠠᠪᠠ᠃ ᠵᠠᠷᠭᠤ ᠪᠠ ᠰᠤᠷᠪᠤᠯᠵᠢᠯᠠᠯ ᠢ ᠰᠠᠯᠭᠠᠬᠤ ᠥᠬᠡᠷᠡᠴᠢᠯᠠᠯᠳᠠ ᠪᠠ ᠬᠠᠤᠯᠢ ᠴᠠᠭᠠᠵᠠ ᠳᠤ ᠵᠠᠰᠠᠪᠤᠷᠢ ᠤᠷᠤᠭᠤᠯᠬᠤ ᠰᠢᠯᠳᠠᠭᠠᠨ ᠠᠴᠠ ᠪᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠵᠠᠭᠠᠯᠳᠤᠯᠭ᠎ᠠ ᠵᠠᠬᠢᠳᠡᠯ ᠰᠤᠷᠪᠤᠯᠵᠢᠯᠠᠯ ᠢ ᠬᠥᠯᠢᠶᠠᠨ ᠠᠪᠴᠤ ᠰᠢᠢᠳᠪᠤᠷᠢᠯᠡᠬᠦ ᠳᠤᠭ᠎ᠠ ᠶᠡᠬᠡᠪᠡᠷ ᠳᠡᠬᠡᠭᠰᠢᠯᠡᠨ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠵᠠᠬᠢᠳᠡᠯ ᠰᠤᠷᠪᠤᠯᠵᠢᠯᠠᠯ ᠢ 5464 ᠪᠥᠯᠥᠭ ᠤᠳᠠᠭ᠎ᠠ ᠬᠥᠯᠢᠶᠠᠨ ᠠᠪᠴᠤ᠂ ᠠᠳᠠᠯᠢ ᠬᠤᠭᠤᠴᠠᠭᠠᠨ ᠤ ᠬᠢ ᠠᠴᠠ 26.75% ᠪᠠᠷ ᠨᠡᠮᠡᠭᠳᠡᠵᠤ᠂ ᠰᠤᠷᠪᠤᠯᠵᠢᠯᠠᠷ᠎ᠠ ᠢᠷᠡᠭᠰᠡᠳ ᠤᠨ ᠳᠤᠭ᠎ᠠ ᠳᠡᠤᠬᠡ ᠶᠢᠨ ᠬᠠᠮᠤᠬ ᠥᠠᠳᠤᠷ ᠢ ᠡᠬᠦᠳᠴᠤ᠂ ᠡᠯ᠎ᠠ ᠤᠯᠤᠰ ᠳᠥᠷᠤ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠳᠤᠳᠤᠷ᠎ᠠ ᠤᠷᠦ᠋ᠢᠯᠠᠪᠠ᠃ ᠪᠠᠶᠢᠴᠠᠭᠠᠬᠤ ᠪᠠᠶᠢᠭᠤᠯᠭ᠎ᠠ ᠢᠳᠡᠪᠬᠢᠯᠠᠨ ᠬᠥᠳᠡᠯᠵᠤ ᠭᠠᠷᠭᠠᠵᠤ᠂ ᠪᠠᠶᠢᠴᠠᠭᠠᠬᠤ ᠳᠤ ᠬᠤᠯᠪᠤᠬᠳᠠᠬᠰᠠᠨ ᠵᠠᠷᠭᠤ ᠳᠤ ᠬᠤᠯᠪᠤᠬᠳᠠᠬᠰᠠᠨ ᠵᠠᠬᠢᠳᠡᠯ ᠰᠤᠷᠪᠤᠯᠵᠢᠯᠠᠯ ᠢ ᠤᠷᠤᠭᠤᠯᠬᠤ᠂ ᠪᠤᠷᠤᠭᠤ ᠶᠢ ᠵᠠᠯᠠᠷᠠᠭᠤᠯᠬᠤ᠂ ᠪᠤᠴᠠᠭᠠᠬᠤ ᠳᠤᠬᠳᠠᠴᠠ ᠶᠢ ᠪᠠᠶᠢᠭᠤᠯᠤᠨ᠂ ᠳᠤᠬᠠᠢ ᠶᠢᠨ ᠬᠥᠮᠤᠨ ᠢ ᠬᠥᠳᠤᠯᠤᠨ ᠳᠠᠭᠠᠭᠤᠯᠵᠤ ᠬᠠᠤᠯᠢ ᠪᠠᠷ ᠵᠠᠰᠠᠬᠤ ᠵᠠᠮ ᠢᠶᠠᠷ ᠵᠠᠷᠭᠤ ᠶᠢᠨ ᠭᠤᠶᠤᠴᠢᠯᠠᠯ ᠢ ᠨᠢ ᠢᠯᠡᠳᠬᠡᠯᠬᠡᠵᠤ᠂ ᠡᠷᠬᠡ ᠠᠰᠢᠭ ᠢ ᠨᠢ ᠬᠠᠮᠠᠭᠠᠯᠠᠭᠤᠯᠪᠠ᠃ ᠵᠠᠬᠢᠳᠡᠯ ᠰᠤᠷᠪᠤᠯᠵᠢᠯᠠᠯ ᠢ ᠬᠥᠯᠢᠶᠠᠨ ᠠᠪᠬᠤ ᠳᠢᠩᠬᠢᠮ᠂ ᠰᠥᠯᠵᠢᠶᠠᠨ ᠤᠳᠠᠰᠤ ᠪᠠᠷ ᠢᠯᠡᠴᠢᠯᠡᠨ ᠮᠡᠳᠡᠬᠦᠯᠬᠦ ᠳᠡᠪᠴᠡᠩ ᠵᠠᠷᠬᠡ ᠬᠠᠳᠠᠭᠤ ᠳᠤᠨᠤᠭ ᠤᠨ ᠪᠠᠶᠢᠭᠤᠯᠤᠯᠳᠠ ᠶᠢ ᠳᠥᠯᠬᠢᠨ ᠠᠬᠢᠭᠤᠯᠵᠤ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠡᠨ᠂ ᠤᠠᠴᠠ ᠴᠠᠬᠳᠠᠭ᠎ᠠ ᠵᠢᠵᠢᠬᠦᠷᠯᠡᠬᠦ ᠠᠮᠤᠷ ᠢ ᠬᠠᠮᠠᠭᠠᠯᠠᠬᠤ ᠳᠤᠬᠳᠠᠴᠠ ᠶᠢ ᠪᠠᠶᠢᠭᠤᠯᠤᠨ᠂ ᠬᠡᠲᠦᠷᠡᠮᠡᠬᠡᠢ‌‍ᠰᠤᠷᠪᠤᠯᠵᠢᠯᠠᠯ ᠤᠨ ᠬᠡᠷᠡᠭ ᠶᠠᠪᠤᠳᠡᠯ ᠢ ᠬᠠᠮᠵᠢᠯᠴᠠᠨ ᠰᠢᠢᠳᠪᠤᠷᠢᠯᠡᠪᠡ᠃ ᠬᠠᠤᠯᠢᠴᠢ ᠶᠢ ᠭᠤᠷᠪᠠᠳᠠᠬᠢ ᠡᠳᠡᠬᠡᠳ ᠪᠤᠯᠭᠠᠨ ᠵᠠᠬᠢᠳᠡᠯ ᠰᠤᠷᠪᠤᠯᠵᠢᠯᠠᠯ ᠤᠨ ᠬᠡᠷᠡᠭ ᠢ ᠰᠢᠢᠳᠪᠤᠷᠢᠯᠡᠬᠦ ᠳᠤ ᠤᠷᠤᠯᠴᠠᠭᠤᠯᠵᠤ᠂ 105 ᠬᠠᠤᠯᠢᠴᠢ ᠶᠢ ᠤᠷᠢᠵᠤ ᠵᠠᠬᠢᠳᠡᠯ ᠰᠤᠷᠪᠤᠯᠵᠢᠯᠠᠯ ᠢ ᠬᠥᠯᠢᠶᠠᠨ ᠠᠪᠬᠤ ᠳᠤ 121 ᠬᠡᠷᠡᠭ ᠤᠳᠠᠭ᠎ᠠ ᠤᠷᠤᠯᠴᠠᠭᠤᠯᠵᠠᠢ᠃ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠬᠥᠯᠢᠶᠠᠨ ᠠᠪᠬᠤ ᠠᠷᠭ᠎ᠠ ᠬᠡᠯᠪᠡᠷᠢ ᠪᠠᠨ ᠰᠠᠶᠢᠵᠢᠷᠠᠭᠤᠯᠤᠨ᠂ ︽ᠢᠠᠲᠸ᠋ᠷ ᠰᠥᠯᠵᠢᠶ᠎ᠠ +︾ ᠶᠢ ᠠᠰᠢᠬᠯᠠᠵᠤ᠂ ᠠᠯᠤᠰ ᠬᠠᠷᠠᠭᠠᠨ ᠳᠡᠪᠳᠡᠮᠵᠢ ᠪᠠᠷ ᠬᠥᠯᠢᠶᠠᠨ ᠠᠭᠤᠯᠵᠠᠬᠤ ᠪᠠ ᠬᠡᠷᠡᠭ ᠰᠢᠳᠬᠡᠬᠦ ᠶᠢ ᠳᠥᠯᠬᠢᠨ ᠠᠬᠢᠭᠤᠯᠵᠤ᠂ ᠥᠪᠤᠷ ᠮᠤᠩᠭᠤᠯ ᠤᠨ ᠠᠷᠪᠡᠨ ᠶᠡᠭᠡ ᠬᠠᠤᠯᠢ ᠪᠠᠷ ᠵᠠᠰᠠᠬᠤ ᠬᠡᠷᠡᠭ ᠶᠠᠪᠤᠳᠡᠯ ᠢᠶᠠᠷ ᠰᠤᠩᠭᠤᠬᠳᠠᠬᠰᠠᠨ ᠪᠠᠶᠢᠨ᠎ᠠ᠃

    ᠬᠤᠶᠠᠷ᠂ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠪᠠ ᠤᠷᠢᠳᠴᠢᠯᠡᠨ ᠰᠠᠷᠬᠡᠶᠢᠯᠡᠬᠦ ᠬᠥᠴᠤᠯᠠᠴᠠ ᠪᠠᠨ ᠨᠡᠮᠡᠭᠳᠡᠬᠦᠯᠵᠤ᠂ ᠢᠯᠵᠠᠷᠠᠯ ᠢ ᠡᠰᠡᠷᠬᠦᠴᠡᠬᠦ ᠥᠠᠳᠤᠷ ᠳᠠᠷᠤᠯᠳᠠᠳᠤ ᠪᠠᠶᠢᠳᠡᠯ ᠢ ᠪᠠᠷᠢᠮᠳᠠᠯᠠᠪᠠ 

    ᠨᠠᠮ ᠤᠨ ᠳᠥᠪ ᠬᠤᠷᠢᠶ᠎ᠠ᠂ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠢᠯᠵᠠᠷᠠᠯ ᠢ ᠡᠰᠡᠷᠬᠦᠴᠡᠬᠦ ᠰᠢᠢᠳᠪᠤᠷᠢᠳᠤ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠤᠱᠯᠠᠭᠤᠯᠤᠨ᠂ ᠬᠡᠷᠡᠭ ᠪᠠᠶᠢᠪᠠᠯ ᠵᠠᠪᠠᠯ ᠰᠢᠳᠬᠡᠬᠦ᠂ ᠢᠯᠵᠠᠷᠠᠯ ᠪᠠᠶᠢᠪᠠᠯ ᠵᠠᠪᠠᠯ ᠵᠠᠯᠬᠠᠭᠠᠬᠤ ᠶᠢ ᠪᠠᠷᠢᠮᠳᠠᠯᠠᠵᠤ᠂ ᠱᠠᠮᠰᠢᠵᠤ ᠬᠡᠬᠡᠯᠢ ᠳᠥᠯᠬᠢᠵᠤ ᠬᠠᠭ᠋ᠤᠤᠯᠢ ᠢᠳᠡᠭᠰᠡᠨ᠂ ᠳᠤᠰᠢᠶᠠᠯ ᠢᠶᠠᠨ ᠭᠤᠳᠤᠭᠠᠵᠤ ᠡᠷᠬᠡᠨ ᠳᠤ ᠬᠠᠯᠳᠠᠬᠰᠠᠨ ᠵᠠᠷᠬᠡ ᠳᠤᠰᠢᠶᠠᠯ ᠤᠨ ᠶᠠᠯ᠎ᠠ ᠬᠢᠭᠰᠡᠨ 890 ᠬᠡᠷᠡᠭ 1655 ᠬᠥᠮᠤᠨ ᠢ ᠴᠢᠩᠭ᠎ᠠ ᠪᠠᠶᠢᠴᠠᠭᠠᠨ ᠰᠢᠳᠬᠡᠵᠤ᠂ ᠪᠠᠶᠢᠴᠠᠭᠠᠨ ᠰᠢᠳᠬᠡᠭᠰᠡᠨ ᠬᠥᠮᠤᠨ ᠤ ᠳᠤᠭ᠎ᠠ ᠨᠢ ᠠᠳᠠᠯᠢ ᠬᠤᠭᠤᠴᠠᠭᠠᠨ ᠤ ᠬᠢ ᠠᠴᠠ 2.8% ᠪᠠᠷ ᠳᠡᠬᠡᠭᠰᠢᠯᠡᠵᠤ᠂ ᠳᠡᠤᠬᠡ ᠶᠢᠨ ᠰᠢᠨ᠎ᠠ ᠳᠡᠮᠳᠡᠭᠯᠡᠯ ᠢ ᠡᠬᠦᠳᠴᠠᠢ᠃ 

    ᠳᠤᠮᠤ ᠬᠡᠷᠡᠭ ᠴᠢᠬᠤᠯᠠ ᠬᠡᠷᠡᠭ ᠢ ᠳᠤᠪᠤᠶᠢᠯᠭᠠᠨ ᠰᠢᠳᠬᠡᠪᠡ᠃ 666 ᠳᠤᠮᠤ ᠬᠡᠷᠡᠭ ᠢ ᠪᠠᠶᠢᠴᠠᠭᠠᠨ ᠰᠢᠳᠬᠡᠵᠤ᠂ ᠡᠬᠦᠨ ᠳᠤ 100 ᠳᠥᠮᠠᠨ ᠳᠥᠬᠦᠷᠢᠭ ᠠᠴᠠ ᠳᠡᠬᠡᠭᠰᠢ ᠱᠠᠮᠰᠢᠵᠤ ᠬᠡᠬᠡᠯᠢ ᠳᠥᠯᠬᠢᠵᠤ ᠬᠠᠭ᠋ᠤᠤᠯᠢ ᠢᠳᠡᠭᠰᠡᠨ 89 ᠬᠡᠷᠡᠭ᠂ ᠳᠤᠰᠢᠶᠠᠯ ᠢᠶᠠᠨ ᠭᠤᠳᠤᠭᠠᠬᠰᠠᠨ ᠬᠥᠠᠳᠤ ᠤᠠᠴᠠ ᠳᠤᠮᠤ ᠬᠡᠷᠡᠭ 134 ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠳᠤᠰ ᠳᠤᠰ 3.4%᠂ 27.6% ᠪᠠᠷ ᠳᠡᠬᠡᠭᠰᠢᠯᠡᠪᠡ᠃ ᠰᠢᠶᠠᠨ ᠭᠠᠵᠠᠷ ᠤᠨ ᠳᠡᠰ ᠠᠴᠠ ᠳᠡᠬᠡᠭᠰᠢᠬᠢ ᠳᠥᠷᠤ ᠶᠢᠨ ᠠᠵᠢᠯᠳᠠᠨ 81 ᠬᠥᠮᠤᠨ ᠢ ᠪᠠᠶᠢᠴᠠᠭᠠᠨ ᠰᠢᠳᠬᠡᠪᠡ᠃ ᠥᠠᠳᠤᠰᠤᠨ ᠱᠠᠳᠤᠨ ᠤ ᠨᠢᠬᠡᠴᠢ ᠳᠤ ᠭᠠᠷᠤᠬᠰᠠᠨ᠂ ᠬᠡᠷᠡᠭ ᠲᠤ ᠬᠤᠯᠪᠤᠬᠳᠠᠬᠰᠠᠨ ᠮᠥᠡᠭᠬᠦᠨ ᠤ ᠳᠤᠭ᠎ᠠ ᠨᠢ 50 ᠳᠥᠮᠠᠨ ᠳᠥᠬᠦᠷᠢᠭ ᠠᠴᠠ ᠳᠡᠬᠡᠭᠰᠢ ︽ᠪᠠᠭ᠎ᠠ ᠨᠤᠶᠠᠨ ᠤ ᠶᠡᠭᠡ ᠪᠠᠷ ᠱᠠᠮᠰᠢᠬᠰᠠᠨ︾ 52 ᠬᠡᠷᠡᠭ ᠢ ᠪᠠᠶᠢᠴᠠᠭᠠᠨ ᠰᠢᠳᠬᠡᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠲᠠᠢ ᠨᠢᠬᠳᠠ ᠬᠠᠮᠵᠢᠯᠴᠠᠵᠤ᠂ ᠵᠤᠤ ᠯᠢ ᠫᠢᠡᠭ᠂ ᠪᠤᠤ ᠴᠥᠡᠭ ᠮᠢᠩ᠂ ᠵᠠᠩ ᠫᠢᠡᠭ᠂ ᠵᠠᠩ ᠬᠥᠸ᠋ᠸ᠋ ᠴᠢᠤ ᠵᠠᠷᠬᠡ 9 ᠳᠢᠩᠬᠢᠮ ᠤᠨ ᠳᠡᠰ ᠠᠴᠠ ᠳᠡᠬᠡᠭᠰᠢᠬᠢ ᠺᠠᠳ᠋ᠷ ᠤᠨ ᠳᠤᠰᠢᠶᠠᠯ ᠤᠨ ᠶᠠᠯ᠎ᠠ ᠬᠢᠭᠰᠡᠨ ᠳᠤ ᠰᠡᠵᠢᠭᠯᠡᠭᠳᠡᠭᠰᠡᠨ ᠬᠡᠷᠡᠭ ᠢ ᠬᠠᠤᠯᠢ ᠶᠤᠰᠤᠭᠠᠷ ᠪᠠᠶᠢᠴᠠᠭᠠᠨ ᠰᠢᠳᠬᠡᠪᠡ᠃ ᠪᠠᠶᠢᠴᠠᠭᠠᠨ ᠰᠢᠳᠬᠡᠭᠰᠡᠨ ᠴᠥᠮ᠎ᠠ ᠶᠢᠨ ᠠᠵᠤ ᠥᠢᠯᠡᠳᠪᠤᠷᠢ ᠶᠢᠨ 208 ᠶᠡᠭᠡ ᠠᠩᠬᠢ ᠶᠢᠨ ᠤᠤᠯ ᠤᠨ ᠳᠠᠷᠤᠭ᠎ᠠ ᠯᠢᠤ ᠵᠸᠡᠭ ᠯᠢᠨ ︵ᠳᠡᠳ᠋ ᠳᠢᠩᠬᠢᠮ ᠤᠨ ᠳᠠᠰ︶ ᠤ ᠱᠠᠮᠰᠢᠬᠰᠠᠨ᠂ ᠬᠤᠪᠢᠨ ᠳᠠᠭᠠᠨ ᠬᠤᠪᠢᠶᠠᠯᠴᠠᠬᠰᠠᠨ᠂ ᠤᠯᠤᠰ ᠤᠨ ᠤᠮᠴᠢᠯᠠᠯ ᠤᠨ ᠪᠠᠯᠠ ᠬᠥᠷᠤᠩᠬᠡ ᠶᠢ ᠳᠤᠷ᠎ᠠ ᠵᠤᠷᠢᠭ ᠢᠶᠠᠷ ᠢᠶᠠᠨ ᠵᠠᠯᠬᠢᠬᠰᠡᠨ ᠬᠡᠷᠡᠭ ᠲᠤ ᠬᠤᠯᠪᠤᠬᠳᠠᠬᠰᠠᠨ ᠮᠥᠡᠭᠬᠦᠨ ᠤ ᠳᠤᠭ᠎ᠠ ᠨᠢ ᠳ᠋ᠦᠡᠭᠰᠢᠭᠤᠷ ᠳᠥᠬᠦᠷᠢᠭ ᠳᠠᠪᠠᠵᠠᠢ᠃ ᠨᠢᠬᠡᠨᠳᠠ ᠳᠤᠷᠰᠢᠨ ᠪᠠᠶᠢᠴᠠᠭᠠᠵᠤ ᠳᠠᠭᠤᠰᠬᠠᠬᠰᠠᠨ ᠶᠠᠩ ᠴᠸᠡᠭ ᠯᠢᠨ᠂ ᠱᠸ᠋ᠨ ᠵᠢᠶᠠ᠂ ᠵᠠᠩ ᠵᠢᠢ ᠫᠢᠡᠭ᠂ ᠸᠠᠩ ᠬᠤᠢ ᠱᠢ᠂ ᠯᠢᠤ ᠪᠤᠤ ᠵᠢᠶᠦ᠋ᠨ ᠵᠠᠷᠬᠡ ᠶᠢᠨ ᠱᠠᠮᠰᠢᠵᠤ ᠢᠯᠵᠠᠷᠠᠬᠰᠠᠨ ᠴᠢᠬᠤᠯᠠ ᠬᠡᠷᠡᠭ ᠲᠤ ᠬᠠᠤᠯᠢ ᠶᠤᠰᠤᠭᠠᠷ ᠠᠯᠪᠡᠨ ᠵᠠᠭᠠᠯᠳᠤᠯᠭ᠎ᠠ ᠭᠠᠷᠭᠠᠪᠠ᠃ ᠶᠠᠩ ᠴᠸᠡᠭ ᠯᠢᠨ ᠤ ᠬᠡᠷᠡᠭ ᠤᠨ ᠵᠠᠭᠠᠯᠳᠤᠬᠤ ᠪᠢᠴᠢᠭ ᠲᠤ 3.07 ᠳ᠋ᠦᠡᠭᠰᠢᠭᠤᠷ ᠳᠥᠬᠦᠷᠢᠩ ᠤᠨ ᠬᠠᠭ᠋ᠤᠤᠯᠢ ᠢᠳᠡᠭᠰᠡᠨ᠂ 628 ᠳᠥᠮᠠ ᠭᠠᠷᠤᠢ ᠳᠥᠬᠦᠷᠢᠭ ᠱᠠᠮᠰᠢᠬᠰᠠᠨ᠂ 2.9 ᠳ᠋ᠦᠡᠭᠰᠢᠭᠤᠷ ᠭᠠᠷᠤᠢ ᠳᠥᠬᠦᠷᠢᠭ ᠠᠯᠪᠡᠨ ᠤ ᠵᠤᠭᠤᠰ ᠢ ᠨᠠᠬᠦᠯᠬᠡᠨ ᠬᠡᠷᠡᠭᠯᠡᠭᠰᠡᠨ ᠢᠶᠠᠷ ᠨᠤᠳᠠᠯᠠᠵᠠᠢ᠃ 

    ᠬᠠᠯᠠᠮᠰᠢᠯ ᠬᠥᠷᠢᠶᠠᠨ ᠳᠠᠬᠢ ᠪᠠ ᠤᠯᠠᠨ ᠳᠥᠮᠠᠨ ᠤ ᠠᠩᠬᠠᠷᠤᠯ ᠢ ᠳᠠᠳᠠᠳᠠᠭ ᠳᠤᠰᠢᠶᠠᠯ ᠤᠨ ᠶᠠᠯᠠᠳᠤ ᠬᠡᠷᠡᠭ ᠢ ᠳᠤᠪᠤᠶᠢᠯᠭᠠᠨ ᠪᠠᠶᠢᠴᠠᠭᠠᠨ ᠰᠢᠳᠬᠡᠪᠡ᠃ ᠤᠯᠤᠰ ᠤᠨ ᠥᠮᠴᠢᠯᠠᠯᠳᠤ ᠠᠵᠤ ᠠᠬᠤᠢᠢᠯᠠᠯ ᠤᠨ ᠥᠬᠡᠷᠡᠴᠢᠯᠠᠯᠳᠠ ᠶᠢ ᠠᠩᠬᠠᠷᠤᠨ᠂ ᠤᠯᠤᠰ ᠤᠨ ᠪᠠᠯᠠ ᠬᠥᠷᠤᠩᠬᠡ ᠶᠢᠨ ᠠᠮᠤᠷ ᠳᠥᠪᠰᠢᠨ ᠳᠤ ᠬᠠᠯᠳᠠᠯᠭ᠎ᠠ ᠤᠴᠠᠷᠠᠭᠤᠯᠤᠬᠰᠠᠨ ᠤᠯᠤᠰ ᠤᠨ ᠥᠮᠴᠢᠯᠠᠯᠳᠤ ᠠᠵᠤ ᠠᠬᠤᠢᠢᠯᠠᠯ ᠤᠨ ᠠᠵᠢᠯᠳᠠᠨ ᠤ ᠳᠤᠰᠢᠶᠠᠯ ᠤᠨ ᠶᠠᠯ᠎ᠠ ᠬᠢᠭᠰᠡᠨ 158 ᠬᠥᠮᠤᠨ ᠢ ᠪᠠᠶᠢᠴᠠᠭᠠᠨ ᠰᠢᠳᠬᠡᠪᠡ᠃ ᠬᠤᠳᠠ ᠪᠠᠯᠭᠠᠰᠤᠵᠢᠯᠳᠠ ᠶᠢᠨ ᠪᠥᠳᠤᠬᠡᠨ ᠪᠠᠶᠢᠭᠤᠯᠤᠯᠳᠠ᠂ ᠠᠮᠢ ᠠᠬᠤᠢ ᠶᠢᠨ ᠤᠷᠴᠢᠨ ᠳᠤᠭᠤᠷᠢᠨ ᠤ ᠪᠥᠳᠤᠬᠡᠨ ᠪᠠᠶᠢᠭᠤᠯᠤᠯᠳᠠ᠂ ᠡᠳ᠋ ᠤᠨ ᠵᠠᠰᠠᠭ ᠭᠠᠶᠢᠯᠢ ᠶᠢᠨ ᠶᠠᠪᠤᠳᠡᠯ ᠮᠥᠡᠭᠬᠦᠨ ᠬᠥᠢᠯᠬᠡᠬᠡ ᠵᠠᠷᠬᠡ ᠬᠥᠷᠢᠶᠠᠨ ᠳᠤ ᠬᠥᠠᠵᠡᠬᠡᠶᠢᠷᠡᠨ᠂ ᠳᠤᠰᠢᠶᠠᠯ ᠤᠨ ᠶᠠᠯ᠎ᠠ ᠬᠢᠭᠰᠡᠨ 271 ᠬᠥᠮᠤᠨ ᠢ ᠪᠠᠶᠢᠴᠠᠭᠠᠨ ᠰᠢᠳᠬᠡᠪᠡ᠃ ᠠᠷᠠᠳ ᠤᠨ ᠠᠮᠢᠳᠤᠷᠠᠯ ᠢ ᠪᠠᠳᠤᠯᠠᠨ᠂ ᠭᠠᠵᠠᠷ ᠰᠢᠷᠤᠢ ᠳᠠᠳᠠᠪᠤᠷᠢᠯᠠᠨ ᠨᠤᠷᠠᠭᠠᠵᠤ ᠨᠠᠬᠦᠯᠬᠡᠬᠦ᠂ ᠨᠠᠶᠢᠬᠡᠮ ᠤᠨ ᠪᠠᠳᠤᠯᠠᠭ᠎ᠠ᠂ ᠢᠳᠡᠬᠡᠨ ᠤ ᠠᠮᠤᠷ ᠳᠥᠪᠰᠢᠨ᠂ ᠰᠤᠷᠭᠠᠨ ᠬᠥᠮᠤᠵᠢᠯ ᠡᠷᠡᠬᠦᠯ ᠬᠠᠮᠠᠭᠠᠯᠠᠯ᠂ ᠶᠠᠳᠠᠭᠤ ᠶᠢ ᠳᠡᠳᠬᠦᠨ ᠨᠠᠬᠡᠬᠡᠨ ᠬᠥᠭᠵᠢᠬᠦᠯᠬᠦ ᠪᠠ ᠳᠠᠷᠢᠶᠠᠯᠠᠩ ᠮᠠᠯᠵᠢᠯ ᠳᠤ ᠬᠤᠯᠪᠤᠬᠳᠠᠬᠰᠠᠨ ᠳᠤᠰᠢᠶᠠᠯ ᠤᠨ ᠶᠠᠯ᠎ᠠ ᠬᠢᠭᠰᠡᠨ 231 ᠬᠥᠮᠤᠨ ᠪᠠ ᠬᠥᠠᠳᠤ ᠶᠡᠭᠡ ᠬᠠᠷᠢᠭᠤᠴᠠᠯᠭ᠎ᠠ ᠶᠢᠨ ᠠᠳᠡᠯ ᠤᠨ ᠠᠷᠤ ᠳᠠᠬᠢ ᠳᠤᠰᠢᠶᠠᠯ ᠤᠨ ᠶᠠᠯ᠎ᠠ ᠬᠢᠭᠰᠡᠨ 26 ᠬᠡᠷᠡᠭ 58 ᠬᠥᠮᠤᠨ ᠢ ᠪᠠᠶᠢᠴᠠᠭᠠᠨ ᠰᠢᠳᠬᠡᠪᠡ᠃ ᠬᠠᠤᠯᠢ ᠬᠡᠷᠡᠭᠵᠢᠬᠦᠯᠬᠦ ᠪᠠᠷ ᠴᠢᠩᠭ᠎ᠠ ᠪᠤᠰᠤ᠂ ᠬᠠᠤᠯᠢ ᠪᠠᠷᠢᠬᠤ ᠪᠠᠷ ᠭᠤᠤᠯᠴᠢ ᠪᠤᠰᠤ ᠶᠢᠨ ᠠᠷᠤ ᠳᠠᠬᠢ ᠳᠤᠰᠢᠶᠠᠯ ᠤᠨ ᠶᠠᠯᠠᠳᠤ ᠬᠡᠷᠡᠭ ᠢ ᠳᠥᠪ ᠴᠢᠩᠭ᠎ᠠ ᠪᠠᠷ ᠪᠠᠶᠢᠴᠠᠭᠠᠨ ᠰᠢᠳᠬᠡᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ ᠠᠵᠢᠯᠳᠠᠨ 317 ᠬᠥᠮᠤᠨ᠂ ᠤᠯᠤᠰ ᠳᠥᠷᠤ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠠᠵᠢᠯᠳᠠᠨ 101 ᠬᠥᠮᠤᠨ ᠢ ᠪᠠᠶᠢᠴᠠᠭᠠᠨ ᠰᠢᠳᠬᠡᠪᠡ᠃ ᠬᠡᠬᠡᠯᠢ ᠢᠳᠡᠭᠰᠡᠨ ᠶᠠᠯᠠᠳᠤ ᠬᠡᠷᠡᠭ ᠢ ᠪᠠᠶᠢᠴᠠᠭᠠᠨ ᠰᠢᠳᠬᠡᠭᠰᠡᠨ ᠤ ᠬᠠᠮᠳᠤ ︽ᠬᠥᠷᠢᠶ᠎ᠠ ᠠᠪᠠ︾ ᠬᠢᠵᠤ ᠢᠯᠵᠠᠷᠠᠬᠰᠠᠨ ᠤᠯᠤᠰ ᠤᠨ ᠺᠠᠳ᠋ᠷ᠂ ᠵᠥᠢ ᠪᠤᠰᠤ ᠠᠰᠢᠭ ᠳᠤᠰᠠ ᠤᠯᠤᠬᠰᠠᠨ 168 ᠬᠠᠭ᠋ᠤᠤᠯᠢ ᠳᠥᠯᠬᠢᠭᠰᠡᠨ ᠶᠠᠯ᠎ᠠ ᠬᠢᠭᠰᠡᠨ ᠰᠡᠵᠢᠭᠳᠡᠨ ᠢ ᠪᠠᠶᠢᠴᠠᠭᠠᠨ ᠰᠢᠳᠬᠡᠪᠡ᠃ ᠵᠢᠠᠴᠤᠸᠠᠨ ᠠᠵᠤ ᠥᠢᠯᠡᠳᠪᠤᠷᠢ ᠶᠢᠨ ᠬᠥᠷᠢᠶᠡᠯᠡᠩ ᠤᠨ ᠤᠤᠯ ᠤᠨ ᠨᠠᠮ ᠤᠨ ᠬᠤᠷᠢᠶᠠᠨ ᠤ ᠱᠥᠵᠢ᠂ ᠬᠠᠮᠢᠶᠠᠷᠬᠤ ᠵᠥᠪᠯᠡᠯ ᠤᠨ ᠡᠷᠬᠢᠯᠡᠭᠴᠢ ᠪᠠᠢ ᠬᠠᠢ ᠴᠢᠤᠸᠠᠨ ᠤ 1.25 ᠳ᠋ᠦᠡᠭᠰᠢᠭᠤᠷ ᠭᠠᠷᠤᠢ ᠳᠥᠬᠦᠷᠢᠭ ᠤᠨ ᠬᠡᠬᠡᠯᠢ ᠢᠳᠡᠭᠰᠡᠨ ᠬᠡᠷᠡᠭ ᠢ ᠪᠠᠶᠢᠴᠠᠭᠠᠨ ᠰᠢᠳᠬᠡᠬᠦ ᠥᠶᠡᠰ᠂ 13 ᠪᠠᠷᠢᠯᠭ᠎ᠠ ᠶᠢᠨ ᠪᠥᠳᠤᠬᠡᠨ ᠪᠠᠶᠢᠭᠤᠯᠤᠯᠳᠠ ᠪᠠ ᠬᠡᠷ ᠭᠠᠵᠠᠷ ᠬᠥᠷᠤᠩᠬᠡ ᠶᠢᠨ ᠨᠡᠬᠡᠬᠡᠯᠳᠠ ᠶᠢᠨ ᠺᠤᠮᠫᠠᠨᠢ᠂ 9 ᠠᠵᠤ ᠠᠬᠤᠢᠢᠯᠠᠯ ᠤᠨ ᠬᠠᠷᠢᠭᠤᠴᠠᠯᠭᠠᠳᠠᠨ ᠤ ᠬᠡᠬᠡᠯᠢ ᠳᠥᠯᠬᠢᠭᠰᠡᠨ ᠶᠠᠯᠠᠳᠤ ᠬᠡᠷᠡᠭ ᠢ ᠬᠠᠮᠳᠤ ᠳᠤᠨᠢ ᠪᠠᠶᠢᠴᠠᠭᠠᠨ ᠰᠢᠳᠬᠡᠵᠠᠢ᠃ 

    ᠳᠤᠰᠢᠶᠠᠯ ᠢᠶᠠᠨ ᠭᠤᠳᠤᠭᠠᠵᠤ ᠡᠷᠬᠡᠨ ᠳᠤ ᠬᠠᠯᠳᠠᠬᠰᠠᠨ ᠶᠠᠯᠠᠳᠤ ᠬᠡᠷᠡᠭ ᠢ ᠳᠤᠪᠤᠶᠢᠯᠭᠠᠨ ᠵᠠᠯᠬᠠᠭᠠᠨ ᠰᠢᠳᠬᠡᠪᠡ᠃ ᠠᠷᠠᠳ ᠤᠯᠠᠨ ᠤ ᠳᠤᠰᠬᠠᠯ ᠬᠤᠷᠴᠠ ᠰᠢᠷᠤᠬᠦᠨ ︽ᠳᠤᠰᠢᠶᠠᠯᠳᠠᠳ ᠤᠨ ᠡᠰᠡ ᠥᠢᠯᠡᠳᠬᠦᠢ︾᠂ ︽ᠳᠤᠰᠢᠶᠠᠯᠳᠠᠳ ᠤᠨ ᠳᠤᠷ᠎ᠠ ᠳᠡᠪᠡ ᠪᠠᠷ ᠢᠶᠠᠨ ᠥᠢᠯᠡᠳᠬᠦᠢ︾ ᠠᠰᠠᠭᠤᠳᠡᠯ ᠳᠤ ᠢᠳᠡᠪᠬᠢᠳᠡᠢ ᠪᠠᠷ ᠬᠠᠷᠢᠭᠤ ᠥᠭᠴᠤ᠂ ᠳᠥᠷᠤ ᠶᠢᠨ ᠪᠠᠶᠢᠭᠤᠯᠭ᠎ᠠ ᠶᠢᠨ ᠠᠵᠢᠯᠳᠠᠨ ᠤ ᠳᠤᠰᠢᠶᠠᠯ ᠢᠶᠠᠨ ᠭᠤᠳᠤᠭᠠᠵᠤ ᠡᠷᠬᠡᠨ ᠳᠤ ᠬᠠᠯᠳᠠᠬᠰᠠᠨ ᠶᠠᠯᠠᠳᠤ ᠬᠡᠷᠡᠭ ᠤᠨ 477 ᠬᠥᠮᠤᠨ ᠢ ᠪᠠᠶᠢᠴᠠᠭᠠᠨ ᠰᠢᠳᠬᠡᠵᠤ᠂ ᠠᠳᠠᠯᠢ ᠬᠤᠭᠤᠴᠠᠭᠠᠨ ᠤ ᠬᠢ ᠠᠴᠠ 7.2% ᠢᠶᠠᠷ ᠳᠡᠬᠡᠭᠰᠢᠯᠡᠵᠠᠢ᠃ ᠪᠤᠭᠤᠳᠤ ᠬᠤᠳᠠ ᠶᠢᠨ ᠨᠠᠰᠤᠵᠢᠯ ᠤᠨ ᠳᠠᠭᠠᠳᠬᠠᠯ ᠤᠨ ᠳᠥᠪ ᠤᠨ ᠠᠯᠪᠡᠨ ᠬᠡᠷ ᠤᠨ ᠳᠡᠳ᠋ ᠡᠷᠬᠢᠯᠡᠭᠴᠢ ᠹᠦ᠋ ᠯᠢ ᠶᠢᠩ ᠵᠠᠷᠬᠡ 3 ᠬᠥᠮᠤᠨ ᠬᠥᠡᠭᠬᠡᠵᠢᠯ ᠤᠨ ᠳᠠᠭᠠᠳᠬᠠᠯ ᠤᠨ ᠳᠠᠩᠰᠠ ᠳᠠᠶᠢᠯᠬᠤ ᠬᠢᠨᠠᠨ ᠬᠠᠷᠭᠤᠭᠤᠯᠤᠯᠳᠠ ᠳᠤᠮᠳᠠ ᠬᠡᠬᠡᠯᠢ ᠠᠪᠤᠬᠰᠠᠨ ᠤ ᠳᠠᠷᠠᠭ᠎ᠠ ᠡᠷᠬᠡ ᠳᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠤ᠂ ᠳᠤᠰᠢᠶᠠᠯ ᠳᠠᠭᠠᠨ ᠤᠰᠤᠯᠳᠠᠵᠤ ᠬᠠᠷᠢᠭᠤᠴᠠᠯᠭ᠎ᠠ ᠪᠠᠨ ᠠᠯᠳᠠᠭᠠᠳ ᠨᠠᠶᠢᠬᠡᠮ ᠤᠨ ᠠᠵᠢᠯ ᠥᠬᠡᠢ ᠬᠥᠮᠤᠰ 1222 ᠳᠥᠮᠠ ᠭᠠᠷᠤᠢ ᠳᠥᠬᠦᠷᠢᠭ ᠬᠥᠡᠭᠬᠡᠵᠢᠯ ᠤᠨ ᠳᠠᠭᠠᠳᠬᠠᠯ ᠤᠨ ᠮᠥᠡᠭᠬᠦ ᠶᠢ ᠨᠠᠷ᠎ᠠ ᠬᠠᠭᠤᠷᠮᠠᠬᠯᠠᠨ ᠮᠡᠬᠡᠯᠡᠨ ᠠᠪᠤᠪᠠ᠃ ᠪᠠᠶᠢᠴᠠᠭᠠᠬᠤ ᠪᠠᠶᠢᠭᠤᠯᠭ᠎ᠠ ᠳᠤᠰ ᠳᠤᠰᠢᠶᠠᠯ ᠢᠶᠠᠨ ᠭᠤᠳᠤᠭᠠᠬᠰᠠᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠥᠶᠠᠰ᠂ ᠳᠠᠭᠠᠳᠬᠠᠯ ᠤᠨ ᠠᠵᠢᠯ ᠶᠠᠪᠤᠳᠡᠯ ᠢ ᠳᠠᠭᠠᠭᠠᠴᠢᠯᠠᠨ ᠬᠢᠵᠤ ᠪᠠᠶᠢᠭ᠎ᠠ 6 ︽ᠰᠢᠷ᠎ᠠ ᠥᠬᠡᠷ︾ ᠲᠤ ᠬᠢᠬᠠᠨ ᠮᠡᠬᠡᠯᠡᠭᠰᠡᠨ ᠶᠠᠯ᠎ᠠ ᠪᠠᠷ ᠨᠠᠶᠢᠯᠡᠬᠦᠯᠤᠨ ᠠᠯᠪᠡᠨ ᠵᠠᠭᠠᠯᠳᠤᠯᠭ᠎ᠠ ᠭᠠᠷᠭᠠᠵᠠᠢ᠃         ᠳᠤᠰᠢᠶᠠᠯ ᠤᠨ ᠶᠠᠯᠠᠳᠤ ᠬᠡᠷᠡᠭ ᠢ ᠤᠷᠢᠳᠴᠢᠯᠠᠨ ᠰᠠᠷᠬᠡᠶᠢᠯᠡᠬᠦ ᠠᠵᠢᠯ ᠢ ᠳᠤᠪᠤᠶᠢᠯᠭᠠᠨ ᠴᠢᠩᠭᠠᠳᠬᠠᠵᠠᠢ᠃ ᠥᠪᠡᠷᠳᠡᠬᠡᠨ ᠵᠠᠰᠠᠬᠤ ᠤᠷᠤᠨ ᠤ ᠳᠤᠰᠢᠶᠠᠯ ᠤᠨ ᠶᠠᠯᠠᠳᠤ ᠬᠡᠷᠡᠭ ᠢ ᠤᠷᠢᠳᠴᠢᠯᠠᠨ ᠰᠠᠷᠬᠡᠶᠢᠯᠡᠬᠦ ᠬᠠᠮᠳᠤᠷᠠᠬᠰᠠᠨ ᠬᠤᠷᠠᠯ ᠤᠨ ᠶᠢᠰᠤᠳᠤᠬᠡᠷ ᠬᠤᠷᠠᠯᠳᠤᠭᠠᠨ ᠢ ᠳᠠᠭᠠᠭᠠᠨ ᠡᠷᠬᠢᠯᠡᠵᠤ᠂ ᠨᠠᠶᠢᠬᠡᠮᠴᠢᠯᠡᠭᠰᠡᠨ ᠤᠷᠢᠳᠴᠢᠯᠠᠨ ᠰᠠᠷᠬᠡᠶᠢᠯᠡᠬᠦ ᠳᠤᠤᠷ ᠰᠥᠯᠵᠢᠶᠠᠨ ᠤ ᠪᠠᠶᠢᠭᠤᠯᠤᠯᠳᠠ ᠶᠢ ᠳᠥᠯᠬᠢᠨ ᠠᠬᠢᠭᠤᠯᠵᠠᠢ᠃ ᠬᠡᠷᠡᠭ ᠤᠨ ᠠᠷᠤ ᠳᠠᠬᠢ ᠡᠷᠬᠡ ᠶᠢᠨ ᠳᠥᠷᠢᠶᠡᠰᠤᠯᠠᠯᠳᠠ᠂ ᠡᠬᠢ ᠪᠠᠶᠠᠯᠢᠭ ᠤᠨ ᠬᠤᠪᠢᠶᠠᠷᠢᠯᠠᠯᠳᠠ ᠵᠠᠷᠬᠡ ᠳᠡᠯ᠎ᠠ ᠪᠠᠷ ᠬᠢ ᠳᠥᠷᠢᠮ ᠤᠨ ᠡᠮᠵᠡᠭ ᠳᠤᠳᠠᠬᠳᠠᠯ ᠢ ᠬᠥᠠᠵᠠᠬᠡᠢ ᠵᠠᠳᠠᠯᠤᠨ᠂ ᠨᠠᠮ ᠤᠨ ᠬᠤᠷᠢᠶ᠎ᠠ ᠪᠤᠯᠤᠨ ᠳᠤᠬᠠᠢᠢᠯᠠᠬᠰᠠᠨ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ 264 ᠬᠤᠪᠢ ᠤᠷᠢᠳᠴᠢᠯᠠᠨ ᠰᠠᠷᠬᠡᠶᠢᠯᠡᠬᠦ ᠰᠠᠨᠠᠭᠤᠯᠭ᠎ᠠ ᠳᠤᠷᠠᠳᠤᠨ᠂ 233 ᠬᠤᠪᠢ ᠶᠢ ᠨᠢ ᠬᠥᠯᠢᠶᠠᠨ ᠠᠪᠤᠪᠠ᠃ ᠰᠠᠷᠠᠮᠵᠢ ᠬᠥᠮᠤᠵᠢᠯ ᠪᠠ ᠤᠷᠢᠳᠴᠢᠯᠠᠨ ᠰᠠᠷᠬᠡᠶᠢᠯᠡᠬᠦ ᠤᠬᠠᠭᠤᠯᠭ᠎ᠠ ᠶᠢ 4184 ᠳᠠᠯᠠᠪᠠᠢ ᠤᠳᠠᠭ᠎ᠠ ᠥᠷᠨᠢᠬᠦᠯᠤᠨ᠂ ᠬᠠᠮᠤᠷᠤᠬᠳᠠᠬᠰᠠᠨ ᠬᠥᠮᠤᠨ ᠤ ᠳᠤᠭ᠎ᠠ 20 ᠭᠠᠷᠤᠢ ᠳᠥᠮᠠ ᠬᠥᠷᠴᠠᠢ᠃ ᠰᠠᠷᠠᠮᠵᠢ ᠬᠥᠮᠤᠵᠢᠯ ᠤᠨ ᠰᠠᠭᠤᠷᠢᠨ ᠭᠠᠵᠠᠷ ᠤᠨ ᠥᠢᠯᠠᠳᠤᠯ ᠢ ᠪᠠᠳᠠᠷᠠᠭᠤᠯᠤᠨ᠂ ᠨᠠᠶᠢᠳᠡᠯᠢᠭ ᠬᠡᠷᠡᠭ ᠤᠨ ᠵᠢᠱᠢᠶ᠎ᠠ ᠶᠢ ᠵᠠᠳᠠᠯᠤᠨ᠂ ᠡᠷᠡᠬᠦᠤ ᠬᠥᠢᠴᠡᠳᠬᠡᠭᠴᠢ ᠪᠠᠷ ᠬᠠᠤᠯᠢ ᠶᠠᠷᠢᠭᠤᠯᠤᠨ᠂ ᠠᠷᠢᠭᠤᠨ ᠴᠢᠬᠡᠴᠢ ᠪᠢᠴᠢᠯ ᠺᠢᠨᠤ᠋ ᠥᠢᠯᠠᠳᠤᠨ᠂ ᠰᠠᠷᠠᠮᠵᠢ ᠬᠥᠮᠤᠵᠢᠯ ᠤᠨ ᠥᠷ᠎ᠠ ᠪᠥᠳᠤᠮᠵᠢ ᠶᠢ ᠳᠡᠬᠡᠭᠰᠢᠯᠡᠬᠦᠯᠵᠠᠢ᠃ ᠳᠠᠭᠠᠭᠠᠴᠢᠯᠠᠯᠳᠠ ᠵᠠᠷᠯᠠᠵᠤ ᠬᠥᠯᠢᠶᠠᠯᠬᠡᠬᠦ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠠᠷᠬᠡ ᠳᠡᠯ᠎ᠠ ᠳᠤ ᠬᠡᠬᠡᠯᠢ ᠳᠥᠯᠬᠢᠭᠰᠡᠨ ᠶᠠᠯ᠎ᠠ ᠶᠢᠨ ᠳᠠᠩᠰᠠᠨ ᠡᠪᠬᠡᠮᠠᠯ ᠤᠨ ᠪᠠᠶᠢᠴᠠᠭᠠᠨ ᠯᠠᠪᠯᠠᠯᠳᠠ ᠶᠢ 7.9 ᠳᠥᠮᠠ ᠭᠠᠷᠤᠢ ᠤᠳᠠᠭ᠎ᠠ ᠬᠠᠨᠭ᠍ᠭᠠᠨ᠂ ᠢᠳᠡᠬᠡᠮᠵᠢ ᠪᠠᠷ ᠠᠨᠠᠢ ᠠᠵᠤ ᠠᠬᠤᠢᠢᠯᠠᠯ ᠢ ᠳᠥᠪ ᠭᠤᠤᠯᠴᠢ ᠥᠷᠢᠰᠤᠯᠳᠤᠬᠡᠨ ᠤ ᠭᠠᠳᠠᠭᠤᠷ ᠪᠠᠶᠢᠯᠭᠠᠪᠠ᠃ 

    ᠭᠤᠷᠪᠠ᠂ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠤᠯᠠᠮ ᠨᠢᠬᠡ ᠠᠯᠬᠤᠮ ᠴᠢᠩᠭᠠᠳᠬᠠᠨ᠂ ᠬᠠᠤᠯᠢ ᠪᠠᠷᠢᠯᠳᠠ ᠶᠢᠨ ᠳᠥᠪ ᠭᠤᠤᠯᠴᠢ ᠪᠠ ᠬᠠᠤᠯᠢ ᠴᠠᠭᠠᠵᠠ ᠶᠢᠨ ᠡᠷᠬᠡ ᠰᠥᠷ ᠢ ᠪᠥᠬᠦ ᠬᠥᠴᠤᠨ ᠢᠶᠠᠷ ᠬᠠᠮᠠᠭᠠᠯᠠᠪᠠ 

    ᠪᠠᠶᠢᠴᠠᠭᠠᠬᠤ ᠪᠠᠶᠢᠭᠤᠯᠭ᠎ᠠ ᠶᠢᠨ ᠥᠠᠳᠤᠰᠤᠨ ᠬᠠᠤᠯᠢ ᠳᠠᠬᠢ ᠪᠠᠶᠢᠷᠢ ᠳᠤᠬᠳᠠᠭᠠᠯᠳᠠ ᠶᠢ ᠪᠠᠳᠤ ᠡᠵᠡᠮᠰᠢᠨ᠂ ᠬᠢᠨᠠᠯᠳᠠ ᠳᠡᠯᠪᠢᠬᠤ ᠠᠷᠭ᠎ᠠ ᠬᠡᠮᠵᠢᠶ᠎ᠠ ᠪᠠᠨ ᠴᠢᠩᠭᠠᠳᠬᠠᠨ᠂ ᠵᠠᠷᠭᠤ ᠶᠢᠨ ᠳᠤᠮᠳᠠᠬᠢ ᠳᠤᠪᠤᠶᠢᠮ᠎ᠠ ᠠᠰᠠᠭᠤᠳᠡᠯ ᠢ ᠰᠢᠢᠳᠪᠤᠷᠢᠯᠡᠬᠦ ᠶᠢ ᠳᠥᠯᠬᠢᠨ ᠠᠬᠢᠭᠤᠯᠵᠤ᠂ ᠬᠠᠤᠯᠢ ᠪᠠᠷᠢᠯᠳᠠ ᠶᠢᠨ ᠳᠥᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠭᠤᠤᠯᠯᠠᠬᠤ ᠥᠷᠳᠡᠭ ᠢ ᠬᠥᠬᠡᠬᠡᠴᠡᠯᠳᠤᠪᠠ᠃ 

    ᠬᠢᠯᠢᠰ ᠪᠤᠷᠤᠭᠤ ᠬᠡᠷᠡᠭ ᠢ ᠡᠬᠢ ᠡᠬᠦᠰᠤᠯ ᠠᠴᠠ ᠨᠢ ᠴᠢᠷᠮᠠᠶᠢᠨ ᠬᠤᠷᠢᠬᠯᠠᠪᠠ᠃ ᠰᠢᠬᠦᠬᠦ ᠪᠠᠷ ᠳᠥᠪ ᠪᠤᠯᠭᠠᠬᠰᠠᠨ ᠵᠠᠷᠭᠤ ᠶᠢᠨ ᠳᠥᠷᠢᠮ ᠤᠨ ᠥᠬᠡᠷᠡᠴᠢᠯᠠᠯᠳᠠ ᠳᠤ ᠢᠳᠡᠪᠬᠢᠳᠡᠢ ᠵᠤᠬᠢᠴᠠᠨ᠂ ᠶᠠᠯ᠎ᠠ ᠡᠷᠡᠬᠦᠤ ᠶᠢ ᠬᠠᠤᠯᠢ ᠪᠠᠷ ᠳᠤᠬᠳᠠᠭᠠᠬᠤ᠂ ᠰᠡᠵᠢᠭᠳᠥ ᠶᠠᠯ᠎ᠠ ᠶᠢ ᠶᠠᠯ᠎ᠠ ᠥᠬᠡᠢ ᠪᠠᠷ ᠳᠤᠬᠳᠠᠭᠠᠬᠤ᠂ ᠬᠡᠷᠡᠴᠢ ᠪᠠᠷᠢᠮᠳᠠ ᠪᠠᠷ ᠳᠠᠰᠤᠯᠤᠨ ᠳᠤᠬᠳᠠᠭᠠᠬᠤ ᠵᠠᠷᠬᠡ ᠬᠠᠤᠯᠢ ᠴᠠᠭᠠᠵᠠ ᠶᠢᠨ ᠵᠠᠷᠴᠢᠮ ᠪᠠ ᠳᠤᠬᠳᠠᠭᠠᠯ ᠢ ᠴᠢᠩᠭ᠎ᠠ ᠬᠡᠷᠡᠭᠵᠢᠬᠦᠯᠤᠨ᠂ ᠬᠢᠨᠠᠨ ᠪᠠᠶᠢᠴᠠᠭᠠᠵᠤ ᠪᠠᠷᠢᠪᠴᠢᠯᠠᠬᠤ᠂ ᠬᠢᠨᠠᠨ ᠪᠠᠶᠢᠴᠠᠭᠠᠵᠤ ᠵᠠᠭᠠᠯᠳᠤᠬᠤ ᠪᠤᠭᠤᠮᠳᠠ ᠶᠢ ᠴᠢᠩᠭ᠎ᠠ ᠠᠳᠬᠤᠪᠠ᠃ ᠬᠠᠤᠯᠢ ᠪᠤᠰᠤ ᠬᠡᠷᠡᠴᠢ ᠪᠠᠷᠢᠮᠳᠠ ᠶᠢ ᠡᠷᠡᠰ ᠳᠠᠰᠤᠷᠬᠠᠢ ᠪᠠᠷ ᠭᠠᠳᠠᠭᠤᠷᠴᠢᠯᠠᠪᠠ᠃ ᠶᠠᠯ᠎ᠠ ᠪᠤᠯᠵᠤ ᠪᠥᠷᠢᠯᠳᠥᠭᠰᠡᠨ ᠥᠬᠡᠢ᠂ ᠬᠡᠷᠡᠴᠢ ᠪᠠᠷᠢᠮᠳᠠ ᠨᠢ ᠬᠥᠢᠴᠡᠳ ᠪᠤᠰᠤ᠂ ᠪᠠᠷᠢᠪᠴᠢᠯᠠᠬᠤ ᠨᠥᠬᠦᠴᠡᠯ ᠳᠤ ᠥᠯᠤ ᠨᠠᠶᠢᠴᠡᠭᠰᠡᠨ 4133 ᠬᠥᠮᠤᠨ ᠢ ᠥᠯᠤ ᠪᠠᠷᠢᠪᠴᠢᠯᠠᠬᠤ ᠪᠠᠷ ᠳᠤᠬᠳᠠᠭᠠᠨ᠂ ᠵᠠᠭᠠᠯᠳᠤᠬᠤ ᠨᠥᠬᠦᠴᠡᠯ ᠳᠤ ᠥᠯᠤ ᠨᠠᠶᠢᠴᠡᠭᠰᠡᠨ 1291 ᠬᠥᠮᠤᠨ ᠢ ᠥᠯᠤ ᠵᠠᠭᠠᠯᠳᠤᠬᠤ ᠪᠠᠷ ᠳᠤᠬᠳᠠᠭᠠᠪᠠ᠃ ᠬᠥᠮᠤᠨ ᠤ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠳᠠ ᠪᠠᠨ ᠴᠢᠩᠭᠠᠳᠬᠠᠨ᠂ ᠪᠠᠶᠢᠴᠠᠭᠠᠬᠤ ᠪᠠᠶᠢᠭᠤᠯᠭ᠎ᠠ ᠶᠢᠨ ᠬᠥᠯᠢᠶᠠᠨ ᠰᠢᠢᠳᠪᠤᠷᠢᠯᠡᠭᠰᠡᠨ ᠪᠥᠬᠦ ᠬᠡᠷᠡᠭ ᠤᠨ ᠵᠠᠷᠭᠤ ᠶᠢᠨ ᠤᠷᠤᠯᠴᠠᠬᠴᠢ ᠳᠤ ᠭᠤᠬᠴᠤᠭ᠎ᠠ ᠪᠤᠯᠭᠠᠨ ᠤ ᠡᠷᠬᠡ ᠡᠬᠦᠷᠬᠡ ᠶᠢ ᠨᠢ ᠬᠠᠤᠯᠢ ᠶᠤᠰᠤᠭᠠᠷ ᠮᠡᠳᠡᠭᠳᠡᠨ᠂ ᠤᠯᠠᠨ ᠳᠥᠮᠠᠨ ᠤ ᠤᠢᠢᠯᠠᠭᠠᠨ ᠮᠡᠳᠡᠳᠡᠭ ᠥᠬᠡ ᠶᠠᠷᠢᠶ᠎ᠠ ᠪᠠᠷ ᠨᠠᠷᠢᠨ ᠳᠠᠶᠢᠯᠪᠤᠷᠢᠯᠠᠬᠤ ᠶᠢ ᠪᠠᠷᠢᠮᠳᠠᠯᠠᠨ᠂ ᠵᠠᠷᠭᠤ ᠶᠢᠨ ᠤᠷᠤᠯᠴᠠᠬᠴᠢ ᠶᠢᠨ ᠡᠷᠬᠡ ᠡᠬᠦᠷᠬᠡ ᠪᠠᠨ ᠳᠤᠳᠤᠷᠬᠠᠢ ᠤᠢᠢᠯᠭᠠᠨ ᠬᠡᠷᠡᠭᠵᠢᠬᠦᠯᠤᠨ ᠬᠥᠢᠴᠡᠳᠬᠡᠬᠦ ᠶᠢ ᠪᠠᠳᠤᠯᠠᠵᠠᠢ᠃ ᠬᠠᠤᠯᠢᠴᠢ ᠶᠢᠨ ᠡᠷᠬᠡ ᠠᠰᠢᠭ ᠢ ᠬᠠᠮᠠᠭᠠᠯᠠᠨ᠂ ᠳᠥᠪ ᠭᠤᠤᠯᠴᠢ ᠶᠢ ᠪᠠᠳᠤᠯᠠᠬᠤ ᠢᠳᠡᠪᠬᠢ ᠥᠢᠯᠠᠳᠤᠯ ᠢ ᠬᠥᠠᠳᠤᠳᠬᠡᠨ᠂ ᠬᠠᠤᠯᠢᠴᠢ ᠶᠢᠨ ᠠᠭᠤᠯᠵᠠᠬᠤ ᠶᠢ ᠪᠠᠳᠤᠯᠠᠬᠤ ᠵᠢᠴᠢ ᠥᠮᠥᠭᠯᠡᠬᠦ ᠬᠠᠤᠯᠢᠴᠢ ᠶᠢᠨ ᠰᠠᠨᠠᠯ ᠢ ᠰᠤᠨᠤᠰᠬᠤ ᠳᠤᠬᠳᠠᠭᠠᠯ ᠢ ᠳᠤᠬᠳᠠᠭᠠᠨ ᠨᠠᠶᠢᠳᠠᠪᠤᠷᠢᠵᠢᠭᠤᠯᠵᠤ᠂ ᠬᠠᠤᠯᠢᠴᠢ ᠶᠢ ᠬᠥᠯᠢᠶᠠᠨ ᠠᠪᠬᠤ ᠳᠤᠰᠬᠠᠢ ᠤᠳᠠᠰᠤ᠂ ᠰᠥᠯᠵᠢᠶᠠᠨ ᠳᠡᠬᠡᠷ᠎ᠠ ᠪᠤᠯᠵᠤᠨ ᠪᠠᠶᠢᠴᠠᠭᠠᠨ ᠯᠠᠪᠯᠠᠬᠤ ᠳᠤᠬᠳᠠᠴᠠ ᠶᠢ ᠪᠠᠶᠢᠭᠤᠯᠤᠨ᠂ ᠬᠠᠤᠯᠢᠴᠢ ᠶᠢᠨ ᠡᠷᠬᠢᠯᠡᠭᠰᠡᠨ ᠠᠵᠢᠯ ᠤᠨ ᠡᠷᠬᠡ ᠶᠢ ᠨᠠᠯᠢᠶᠡᠳ ᠰᠠᠶᠢᠨ ᠪᠠᠳᠤᠯᠠᠪᠠ᠃ 

    ᠵᠠᠷᠭᠤ ᠶᠢᠨ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠥᠨᠠᠠᠬᠦ ᠴᠢᠩᠭᠠᠳᠬᠠᠪᠠ᠃ ᠬᠡᠷᠡᠭ ᠪᠤᠯᠭᠠᠯᠳᠠ ᠳᠤ ᠬᠢᠨᠠᠯᠳᠠ ᠳᠡᠯᠪᠢᠬᠤ ᠪᠠᠨ ᠴᠢᠩᠭᠠᠳᠬᠠᠨ᠂ ᠳᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠪᠤᠯᠭᠠᠬᠤ ᠶᠤᠰᠤᠳᠡᠢ ᠪᠠᠶᠢᠳᠡᠯ᠎ᠠ ᠥᠯᠤ ᠬᠡᠷᠡᠭ ᠪᠤᠯᠭᠠᠬᠰᠠᠨ᠂ ᠶᠠᠯ᠎ᠠ ᠲᠠᠢ ᠪᠠᠶᠢᠳᠡᠯ᠎ᠠ ᠥᠯᠤ ᠨᠡᠬᠡᠮᠵᠢᠯᠡᠭᠰᠡᠨ ᠵᠠᠷᠬᠡ ᠠᠰᠠᠭᠤᠳᠡᠯ ᠲᠠᠢ 324 ᠬᠡᠷᠡᠭ ᠲᠤ ᠬᠢᠨᠠᠯᠳᠠ ᠳᠡᠯᠪᠢᠨ ᠬᠡᠷᠡᠭ ᠪᠤᠯᠭᠠᠵᠤ᠂ ᠬᠡᠷᠡᠭ ᠥᠯᠤ ᠪᠤᠯᠭᠠᠬᠤ ᠶᠤᠰᠤᠳᠡᠢ 284 ᠬᠡᠷᠡᠭ ᠢ ᠬᠢᠨᠠᠯᠳᠠ ᠳᠡᠯᠪᠢᠨ ᠬᠥᠴᠤᠨ ᠥᠬᠡᠢ ᠪᠤᠯᠭᠠᠵᠠᠢ᠃ ᠳᠤᠷᠰᠢᠨ ᠪᠠᠶᠢᠴᠠᠭᠠᠯᠳᠠ ᠳᠤ ᠬᠢᠨᠠᠯᠳᠠ ᠳᠡᠯᠪᠢᠬᠤ ᠪᠠᠨ ᠴᠢᠩᠭᠠᠳᠬᠠᠨ᠂ ᠳᠤᠷᠰᠢᠨ ᠪᠠᠶᠢᠴᠠᠭᠠᠵᠤ ᠬᠡᠷᠡᠴᠢ ᠠᠪᠤᠬᠰᠠᠨ᠂ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠶᠢ ᠳᠤᠬᠢᠷᠠᠭᠤᠯᠤᠨ ᠬᠡᠷᠡᠭᠯᠡᠭᠰᠡᠨ ᠵᠠᠷᠬᠡ ᠳᠡᠯ᠎ᠠ ᠶᠢᠨ ᠬᠠᠤᠯᠢ ᠵᠥᠷᠢᠴᠡᠭᠰᠡᠨ ᠥᠢᠯᠠ ᠪᠠᠶᠢᠳᠡᠯ ᠳᠤ 1190 ᠬᠡᠷᠡᠭ ᠤᠳᠠᠭ᠎ᠠ ᠵᠠᠯᠠᠷᠠᠭᠤᠯᠬᠤ ᠰᠠᠨᠠᠯ ᠳᠤᠷᠠᠳᠴᠠᠢ᠃ ᠶᠠᠯ᠎ᠠ ᠶᠢᠨ ᠪᠤᠳᠠᠳᠤ ᠬᠡᠷᠡᠭ ᠢ ᠤᠷᠬᠢᠬᠳᠠᠭᠤᠯᠤᠬᠰᠠᠨ ᠪᠠ ᠶᠠᠯ᠎ᠠ ᠬᠢᠭᠰᠡᠨ ᠰᠡᠵᠢᠭᠳᠡᠨ ᠢ ᠤᠷᠬᠢᠬᠳᠠᠭᠤᠯᠤᠬᠰᠠᠨ ᠬᠡᠷᠡᠭ ᠤᠨ 247 ᠬᠥᠮᠤᠨ ᠢ ᠨᠠᠬᠡᠮᠵᠢᠯᠡᠨ ᠪᠠᠷᠢᠪᠴᠢᠯᠠᠵᠤ᠂ 611 ᠬᠥᠮᠤᠨ ᠢ ᠨᠠᠬᠡᠮᠵᠢᠯᠠᠨ ᠵᠠᠭᠠᠯᠳᠤᠵᠠᠢ᠃ ᠳ᠋ᠢᠩ ᠬᠥᠸ᠋ᠸ᠋ ᠱᠠᠨ ᠵᠠᠷᠬᠡ 4 ᠬᠥᠮᠤᠨ ᠪᠤᠰᠤᠳ ᠢ ᠵᠤᠷᠢᠭᠤᠳᠠ ᠰᠢᠷᠬᠠᠳᠤᠭᠤᠯᠤᠨ ᠥᠬᠦᠬᠦᠯᠤᠬᠡᠳ 22 ᠵᠢᠯ ᠤᠷᠭᠤᠨ ᠳᠤᠳᠠᠭᠠᠵᠤ ᠪᠠᠶᠢᠭᠠᠳ ᠪᠠᠷᠢᠪᠴᠢᠯᠠᠬᠳᠠᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠠᠷᠢᠨ ᠬᠢᠨᠠᠮᠠᠭᠠᠢ ᠬᠢᠨᠠᠨ ᠪᠠᠶᠢᠴᠠᠭᠠᠨ᠂ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠳᠤ ᠨᠠᠬᠡᠮᠵᠢᠯᠠᠨ ᠵᠠᠭᠠᠯᠳᠤᠬᠤ ᠶᠢ ᠬᠢᠨᠠᠨ ᠵᠥᠪᠰᠢᠶᠡᠷᠡᠬᠦᠯᠬᠦ ᠪᠠᠷ ᠬᠠᠤᠯᠢ ᠶᠤᠰᠤᠭᠠᠷ ᠳᠡᠪᠰᠢᠬᠦᠯᠤᠬᠡᠳ᠂ ᠳᠤᠰ ᠳᠥᠷᠪᠡᠨ ᠬᠥᠮᠤᠨ ᠢ ᠬᠠᠤᠯᠢ ᠪᠠᠷ ᠰᠢᠳᠬᠡᠵᠠᠢ᠃ ᠳᠤᠰ ᠬᠡᠷᠡᠭ ᠨᠢ ᠪᠥᠬᠦ ᠤᠯᠤᠰ ᠲᠤ ᠵᠢᠯᠤᠭᠤᠳᠤᠮᠵᠢ ᠶᠢᠨ ᠴᠢᠨᠠᠷᠳᠡᠢ ᠬᠡᠷᠡᠭ ᠤᠨ ᠵᠢᠱᠢᠶ᠎ᠠ ᠪᠠᠷ ᠨᠠᠶᠢᠳᠡᠯᠡᠭᠳᠡᠪᠡ᠃ ᠰᠢᠬᠦᠬᠦ ᠠᠵᠢᠯᠯᠠᠭ᠎ᠠ ᠳᠤ ᠬᠢᠨᠠᠯᠳᠠ ᠳᠡᠯᠪᠢᠬᠤ ᠪᠠᠨ ᠴᠢᠩᠭᠠᠳᠬᠠᠨ᠂ ᠥᠨᠠᠬᠡᠷ ᠪᠤᠷᠤᠭᠤ ᠲᠠᠢ ᠬᠡᠵᠤ ᠥᠵᠡᠭᠰᠡᠨ 184 ᠡᠷᠡᠬᠦᠤ ᠶᠢᠨ ᠬᠡᠷᠡᠭ ᠤᠨ ᠳᠠᠰᠤᠯᠤᠨ ᠳᠤᠬᠳᠠᠭᠠᠯᠳᠠ ᠳᠤ ᠡᠰᠡᠷᠬᠦᠴᠡᠨ ᠵᠠᠭᠠᠯᠳᠤᠯᠭ᠎ᠠ ᠭᠠᠷᠭᠠᠵᠠᠢ᠃ 181 ᠢᠷᠬᠡᠨ ᠤ ᠪᠠ ᠵᠠᠰᠠᠭ ᠵᠠᠬᠢᠷᠭᠠᠨ ᠤ ᠳᠠᠰᠤᠯᠤᠨ ᠳᠤᠬᠳᠠᠭᠠᠯᠳᠠ ᠳᠤ ᠡᠰᠡᠷᠬᠦᠴᠡᠨ ᠵᠠᠭᠠᠯᠳᠤᠯᠭ᠎ᠠ ᠭᠠᠷᠭᠠᠨ᠂ ᠰᠢᠬᠦᠬᠦ ᠬᠤᠷᠢᠶ᠎ᠠ 111 ᠬᠡᠷᠡᠭ ᠢ ᠥᠬᠡᠷᠡᠴᠢᠯᠡᠨ ᠳᠠᠰᠤᠯᠪᠠ᠃ ᠪᠠᠶᠢᠴᠠᠭᠠᠬᠤ ᠪᠠᠶᠢᠭᠤᠯᠭ᠎ᠠ ᠨᠢ ᠨᠢᠬᠡᠨ ᠳᠤᠮᠳᠠᠳᠤ ᠤᠯᠤᠰ ᠤᠨ ᠪᠠᠷᠢᠯᠭ᠎ᠠ ᠶᠢᠨ ᠵᠢᠷᠭᠤᠳᠤᠭᠠᠷ ᠢᠠᠵᠸ᠋ᠨ᠋ᠸ᠋ᠷᠢᠩ ᠤᠨ ᠳᠤᠪᠴᠢᠶ᠎ᠠ ᠶᠢᠨ ᠢᠷᠬᠡᠨ ᠤ ᠬᠤᠭᠤᠷᠤᠠᠳᠤᠬᠢ ᠵᠢᠬᠡᠯᠡᠯᠬᠡ ᠶᠢᠨ ᠵᠢᠭᠤᠷᠠᠯᠳᠤᠭᠠᠨ ᠤ ᠬᠡᠷᠡᠭ ᠢ ᠬᠢᠨᠠᠨ ᠪᠠᠶᠢᠴᠠᠭᠠᠭᠠᠳ᠂ ᠳᠤᠰ ᠬᠡᠷᠡᠭ ᠤᠨ ᠬᠤᠶᠠᠷ ᠳᠤᠬᠠᠢ ᠶᠢᠨ ᠬᠥᠮᠤᠨ ᠨᠢ ᠬᠤᠤᠪᠢᠯᠳᠤᠨ ᠵᠤᠭᠤᠰ ᠵᠢᠬᠡᠯᠡᠭᠰᠡᠨ ᠪᠤᠳᠠᠳᠤ ᠬᠡᠷᠡᠭ ᠵᠤᠬᠢᠶᠠᠭᠠᠳ ᠳᠤᠮᠳᠠᠳᠤ ᠤᠯᠤᠰ ᠤᠨ ᠪᠠᠷᠢᠯᠭ᠎ᠠ ᠶᠢᠨ ᠵᠢᠷᠭᠤᠳᠤᠭᠠᠷ ᠢᠠᠵᠸ᠋ᠨ᠋ᠸ᠋ᠷᠢᠩ ᠤᠨ ᠳᠤᠪᠴᠢᠶ᠎ᠠ ᠶᠢᠨ ᠪᠤᠴᠠᠭᠠᠬᠤ ᠮᠥᠡᠭᠬᠦ ᠶᠢ ᠮᠡᠬᠡᠯᠡᠨ ᠠᠪᠴᠤ ᠤᠯᠤᠰ ᠤᠨ ᠠᠰᠢᠭ ᠳᠤᠰᠠ ᠶᠢ ᠬᠤᠬᠢᠷᠠᠭᠤᠯᠤᠬᠰᠠᠨ ᠢ ᠤᠯᠵᠤ ᠮᠡᠳᠡᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠥᠠᠳᠤᠷ ᠵᠠᠷᠬᠡ ᠶᠢᠨ ᠰᠢᠬᠦᠬᠦ ᠬᠤᠷᠢᠶᠠᠨ ᠳᠤ ᠡᠰᠡᠷᠬᠦᠴᠡᠨ ᠵᠠᠭᠠᠯᠳᠤᠯᠭ᠎ᠠ ᠭᠠᠷᠭᠠᠬᠰᠠᠨ ᠤ ᠳᠠᠷᠠᠭ᠎ᠠ᠂ ᠡᠰᠡᠷᠬᠦᠴᠡᠨ ᠵᠠᠭᠠᠯᠳᠤᠯᠭ᠎ᠠ ᠶᠢᠨ ᠰᠠᠨᠠᠯ ᠢ ᠬᠥᠯᠢᠶᠠᠨ ᠠᠪᠤᠭᠠᠳ᠂ ᠬᠡᠷᠡᠭ ᠢ ᠥᠬᠡᠷᠡᠴᠢᠯᠡᠨ ᠳᠠᠰᠤᠯᠵᠠᠢ᠃ ᠰᠢᠬᠦᠬᠦ ᠬᠤᠷᠢᠶ᠎ᠠ ᠶᠢᠨ ᠵᠥᠪ ᠤᠨᠤᠪᠴᠢᠳᠡᠢ ᠰᠢᠬᠦᠨ ᠳᠠᠰᠤᠯᠤᠯᠳᠠ ᠳᠤ ᠬᠠᠤᠯᠢ ᠳᠠᠶᠢᠯᠪᠤᠷᠢᠯᠡᠵᠤ ᠶᠤᠰᠤ ᠶᠠᠷᠢᠬᠤ ᠶᠢ ᠨᠠᠷᠢᠨ ᠬᠢᠨᠠᠮᠠᠭᠠᠢ ᠬᠢᠵᠤ᠂ 184 ᠬᠡᠷᠡᠭ ᠤᠨ ᠭᠤᠮᠤᠳᠡᠯ ᠳᠤᠭᠠᠴᠢᠬᠴᠢ ᠪᠠᠷ ᠰᠢᠬᠦᠨ ᠳᠠᠰᠤᠯᠤᠯᠳᠠ ᠶᠢ ᠬᠥᠯᠢᠶᠡᠯᠬᠡᠨ ᠵᠠᠷᠭᠤ ᠶᠢ ᠨᠠᠮᠳᠠᠭᠤᠯᠪᠠ᠃ ᠢᠷᠬᠡᠨ ᠤ ᠬᠡᠷᠡᠭ ᠤᠨ ᠬᠥᠢᠴᠡᠳᠬᠡᠯᠳᠠ ᠳᠤ ᠬᠢᠨᠠᠯᠳᠠ ᠳᠡᠯᠪᠢᠬᠤ ᠪᠠᠨ ᠢᠳᠡᠪᠬᠢᠳᠡᠢ ᠥᠷᠨᠢᠬᠦᠯᠤᠨ᠂ 720 ᠬᠡᠷᠡᠭ ᠤᠨ ᠬᠥᠢᠴᠡᠳᠬᠡᠯᠳᠠ ᠳᠤ ᠬᠢᠨᠠᠯᠳᠠ ᠳᠡᠯᠪᠢᠵᠠᠢ᠃ ᠡᠷᠡᠬᠦᠤ ᠶᠢᠨ ᠬᠡᠷᠡᠭ ᠤᠨ ᠬᠥᠢᠴᠡᠳᠬᠡᠯᠳᠠ ᠶᠢᠨ ᠬᠥᠷᠢᠶᠡᠨ ᠳᠠᠬᠢ ᠵᠤᠭᠤᠰ ᠢᠶᠠᠷ ᠡᠷᠡᠬᠦᠤ ᠬᠤᠳᠠᠯᠳᠤᠨ ᠠᠪᠬᠤ᠂ ᠬᠢᠨᠳᠠᠨ ᠠᠴᠠ ᠤᠷᠢᠳᠴᠢᠯᠠᠨ ᠭᠠᠷᠬᠤ ᠵᠠᠷᠬᠡ ᠠᠰᠠᠭᠤᠳᠡᠯ ᠢ ᠶᠡᠬᠡᠪᠡᠷ ᠬᠥᠠᠳᠤᠳᠬᠡᠨ᠂ ᠡᠷᠡᠬᠦᠤ ᠰᠢᠳᠬᠡᠯ ᠤᠨ ᠬᠤᠪᠢᠷᠠᠭᠤᠯᠤᠨ ᠬᠥᠢᠴᠡᠳᠬᠡᠯᠳᠠ ᠳᠤ ᠵᠠᠷᠬᠡᠪᠡᠷ ᠬᠢᠨᠠᠯᠳᠠ ᠳᠡᠯᠪᠢᠬᠤ ᠪᠠᠨ ᠴᠢᠩᠭᠠᠳᠬᠠᠨ᠂ 2712 ᠬᠥᠮᠤᠨ ᠤ ᠡᠷᠡᠬᠦᠤ ᠬᠥᠡᠭᠬᠡᠷᠡᠬᠦᠯᠤᠯᠳᠠ᠂ ᠳᠠᠩᠰᠠᠨ ᠰᠤᠯᠠᠯᠠᠯᠳᠠ᠂ ᠬᠢᠨᠳᠠᠨ ᠤ ᠭᠠᠳᠠᠨ᠎ᠠ ᠳᠥᠷ ᠬᠥᠢᠴᠡᠳᠬᠡᠯᠳᠠ ᠨᠢ ᠵᠤᠬᠢᠰ ᠥᠬᠡᠢ ᠪᠤᠯᠤᠬᠰᠠᠨ ᠪᠠᠶᠢᠳᠡᠯ ᠳᠤ ᠬᠢᠨᠠᠯᠳᠠ ᠳᠡᠯᠪᠢᠨ ᠵᠠᠯᠠᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 48.7% ᠪᠠᠷ ᠳᠡᠬᠡᠭᠰᠢᠯᠡᠪᠠ᠃ ᠤᠯᠤᠰ ᠤᠨ ᠳᠡᠷᠢᠬᠦᠯᠡᠭᠴᠢ ᠶᠢᠨ ᠤᠠᠴᠠ ᠬᠡᠯᠳᠤᠷᠢᠬᠦᠯᠤᠯ ᠤᠨ ᠵᠠᠷᠯᠢᠭ ᠢ ᠥᠠᠳᠤᠰᠤᠯᠠᠨ᠂ ᠬᠢᠨᠠᠨ ᠬᠠᠮᠢᠶᠠᠷᠬᠤ ᠪᠠᠶᠢᠭᠤᠯᠭ᠎ᠠ ᠶᠢᠨ ᠳᠡᠪᠰᠢᠬᠦᠯᠥᠭᠰᠡᠨ ᠤᠠᠴᠠ ᠬᠡᠯᠳᠤᠷᠢᠬᠦᠯᠤᠯ ᠤᠨ ᠬᠡᠷᠡᠭ ᠤᠨ ᠬᠢᠨᠠᠨ ᠪᠠᠶᠢᠴᠠᠭᠠᠯᠳᠠ ᠪᠠ ᠪᠥᠬᠦ ᠶᠠᠪᠤᠴᠠ ᠶᠢᠨ ᠬᠢᠨᠠᠨ ᠪᠠᠶᠢᠴᠠᠭᠠᠯᠳᠠ ᠶᠢ ᠥᠷᠨᠢᠬᠦᠯᠵᠤ᠂ ᠳᠥᠷᠪᠡᠨ ᠳᠥᠷᠤᠯ ᠤᠨ ᠡᠷᠡᠬᠦᠤ ᠬᠥᠢᠴᠡᠳᠬᠡᠵᠤ ᠪᠠᠶᠢᠭ᠎ᠠ ᠶᠠᠯᠠᠳᠠᠨ ᠳᠤ ᠬᠥᠮᠥᠡᠯᠢᠭ ᠥᠵᠡᠯ ᠤᠨ ᠡᠷᠡᠬᠦᠤ ᠰᠢᠳᠬᠡᠯ ᠤᠨ ᠬᠥᠢᠴᠡᠳᠬᠡᠯᠳᠠ ᠶᠢᠨ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠠᠢ᠃ 

    ᠳᠥᠷᠪᠡ᠂ ᠪᠠᠶᠢᠴᠠᠭᠠᠬᠤ ᠥᠬᠡᠷᠡᠴᠢᠯᠠᠯᠳᠠ ᠶᠢ ᠬᠠᠤᠯᠢ ᠶᠤᠰᠤᠭᠠᠷ ᠯᠠᠪᠳᠠᠭᠤᠨ ᠢᠶᠠᠷ ᠳᠥᠯᠬᠢᠨ ᠠᠬᠢᠭᠤᠯᠵᠤ᠂ ᠠᠷᠠᠳ ᠳᠥᠮᠠᠨ ᠳᠤ ᠬᠠᠤᠯᠢ ᠪᠠᠷᠢᠯᠳᠠ ᠶᠢᠨ ᠳᠥᠪ ᠭᠤᠤᠯᠴᠢ ᠶᠢ ᠨᠠᠩ ᠰᠠᠶᠢᠨ ᠢᠶᠠᠷ ᠮᠡᠳᠡᠷᠡᠬᠦᠯᠵᠠᠢ 

    ᠳᠥᠪ ᠭᠤᠤᠯᠴᠢ ᠬᠠᠤᠯᠢ ᠪᠠᠷᠢᠯᠳᠠ ᠶᠢ ᠪᠠᠳᠤᠯᠠᠵᠤ᠂ ᠬᠠᠤᠯᠢ ᠪᠠᠷᠢᠯᠳᠠ ᠶᠢᠨ ᠢᠳᠡᠬᠡᠬᠦᠯᠬᠦ ᠬᠥᠴᠤᠨ ᠢ ᠳᠡᠬᠡᠭᠰᠢᠯᠡᠬᠦᠯᠬᠦ ᠶᠢᠨ ᠳᠤᠭᠤᠷᠢᠨ ᠳᠤ᠂ ᠪᠠᠶᠢᠴᠠᠭᠠᠬᠤ ᠥᠬᠡᠷᠡᠴᠢᠯᠠᠯᠳᠠ ᠶᠢ ᠬᠠᠤᠯᠢ ᠶᠤᠰᠤᠭᠠᠷ ᠯᠠᠪᠳᠠᠭᠤᠨ ᠢᠶᠠᠷ ᠳᠥᠯᠬᠢᠨ ᠠᠬᠢᠭᠤᠯᠵᠤ᠂ ᠪᠠᠶᠢᠴᠠᠭᠠᠬᠤ ᠡᠷᠬᠡ ᠶᠢᠨ ᠳᠥᠪ ᠭᠤᠤᠯᠴᠢ ᠪᠠᠷ ᠬᠡᠷᠡᠭᠵᠢᠬᠦᠯᠥᠭᠳᠡᠬᠦ ᠶᠢ ᠬᠢᠵᠠᠭᠠᠷᠯᠠᠬᠤ ᠬᠥᠨ ᠳᠡᠪᠬᠤᠷᠭ᠎ᠠ ᠳᠠᠬᠢ ᠠᠰᠠᠭᠤᠳᠡᠯ ᠢ ᠳᠠᠰᠤᠷᠠᠯᠳᠠ ᠥᠬᠡᠢ ᠰᠢᠢᠳᠪᠤᠷᠢᠯᠡᠪᠡ᠃    

    ᠳᠥᠪ ᠤᠨ ᠳᠥᠷᠪᠡᠨ ᠵᠥᠢᠯ ᠤᠨ ᠥᠬᠡᠷᠡᠴᠢᠯᠠᠯᠳᠠ ᠶᠢᠨ ᠳᠤᠷᠰᠢᠯᠳᠠ ᠶᠢᠨ ᠴᠢᠬ ᠤᠨ ᠠᠵᠢᠯ ᠢ ᠪᠥᠬᠦ ᠬᠥᠴᠤᠨ ᠢᠶᠠᠷ ᠠᠳᠬᠤᠵᠠᠢ᠃ ᠮᠠᠨ ᠤ ᠤᠷᠤᠨ ᠪᠤᠯ ᠪᠥᠬᠦ ᠤᠯᠤᠰ ᠤᠨ ᠬᠤᠶᠠᠳᠤᠭᠠᠷ ᠪᠥᠯᠥᠭ ᠳᠤᠷᠰᠢᠯᠳᠠ ᠤᠨ ᠴᠢᠬ ᠤᠨ ᠤᠷᠤᠨ ᠪᠤᠯᠤᠨ᠎ᠠ᠃ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠬᠡᠳᠤᠯᠳᠡᠢ ᠤᠳᠤᠷᠢᠳᠤᠯᠭ᠎ᠠ ᠳᠤᠤᠷ᠎ᠠ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠳᠤᠷᠰᠢᠯᠳᠠ ᠶᠢᠨ ᠴᠢᠬ ᠤᠨ ᠬᠡᠷᠡᠭᠵᠢᠬᠦᠯᠬᠦ ᠳᠥᠰᠤᠯ ᠵᠢᠴᠢ 14 ᠢᠵᠢ ᠳᠥᠷᠢᠮ ᠢ ᠰᠤᠳᠤᠯᠤᠨ ᠳᠤᠬᠳᠠᠭᠠᠵᠤ᠂ ᠪᠤᠭᠤᠳᠤ᠂ ᠤᠯᠠᠭᠠᠠᠬᠠᠳᠠ ᠶᠢᠨ ᠬᠤᠶᠠᠷ ᠱᠠᠳᠤᠨ ᠤ 24 ᠪᠠᠶᠢᠴᠠᠭᠠᠬᠤ ᠬᠤᠷᠢᠶᠠᠨ ᠳᠤ ᠳᠤᠷᠰᠢᠯᠳᠠ ᠶᠢᠨ ᠴᠢᠬ ᠢ ᠡᠬᠢᠯᠡᠬᠦᠯᠤᠨ᠂ ᠪᠠᠶᠢᠴᠠᠭᠠᠬᠤ ᠠᠵᠢᠯᠳᠠᠨ ᠢ ᠳᠥᠷᠤᠯ ᠬᠤᠪᠢᠶᠠᠨ ᠬᠠᠮᠢᠶᠠᠷᠬᠤ᠂ ᠪᠠᠶᠢᠴᠠᠭᠠᠬᠤ ᠳᠤᠰᠢᠶᠠᠯᠳᠠᠨ ᠤ ᠬᠡᠷᠡᠭ ᠰᠢᠳᠬᠡᠬᠦ ᠬᠠᠷᠢᠭᠤᠴᠠᠯᠭ᠎ᠠ ᠶᠢᠨ ᠳᠥᠷᠢᠮ ᠵᠠᠷᠬᠡ ᠳᠥᠷᠪᠡᠨ ᠵᠥᠢᠯ ᠤᠨ ᠥᠬᠡᠷᠡᠴᠢᠯᠠᠯᠳᠠ ᠶᠢ ᠳᠥᠯᠬᠢᠨ ᠠᠬᠢᠭᠤᠯᠵᠠᠢ᠃ ᠥᠬᠡᠷᠡᠴᠢᠯᠠᠯᠳᠠ ᠪᠠᠷ ᠳᠡᠮᠵᠢᠨ᠂ ᠨᠢᠬᠡ ᠳᠤ ᠪᠠᠶᠢᠴᠠᠭᠠᠬᠤ ᠳᠤᠰᠢᠶᠠᠯᠳᠠᠨ ᠤ ᠪᠠᠶᠡᠴᠢ ᠴᠤᠬᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠠᠢ᠃ ᠤᠳᠤ ᠪᠠᠶᠢᠭ᠎ᠠ ᠪᠠᠶᠢᠴᠠᠭᠠᠬᠤ ᠳᠤᠰᠢᠶᠠᠯᠳᠠᠨ ᠤ ᠳᠤᠮᠳᠠ ᠥᠠᠳᠤᠰᠤᠨ ᠱᠠᠳᠤ 36%᠂ ᠠᠶᠢᠮᠠᠭ ᠬᠤᠳᠠ 33% ᠶᠢ ᠡᠵᠡᠯᠡᠬᠦ ᠬᠠᠷᠢᠴᠡᠯ ᠢᠶᠠᠷ ᠳᠥᠷᠤᠬᠦᠴᠢ ᠶᠢᠨ ᠪᠥᠯᠥᠭ ᠤᠷᠤᠨ ᠳᠤᠭ᠎ᠠ ᠳᠤ ᠤᠷᠤᠬᠰᠠᠨ ᠪᠠᠶᠢᠴᠠᠭᠠᠬᠤ ᠳᠤᠰᠢᠶᠠᠯᠳᠠ ᠢ ᠰᠢᠯᠢᠳᠡᠭ ᠢ ᠨᠢ ᠰᠤᠩᠭᠤᠵᠤ᠂ ᠢᠯᠠ ᠪᠠᠷ ᠰᠤᠩᠭᠤᠨ ᠳᠡᠪᠰᠢᠬᠦᠯᠵᠤ᠂ ᠵᠤᠬᠢᠴᠡᠯᠳᠤᠬᠰᠠᠨ ᠪᠠᠶᠢᠴᠠᠭᠠᠬᠤ ᠳᠤᠰᠢᠶᠠᠯᠳᠠᠨ ᠤ ᠳᠤᠰᠠᠯᠠᠬᠴᠢ᠂ ᠪᠢᠴᠢᠬᠡᠴᠢ ᠵᠠᠷᠬᠡ ᠪᠠᠶᠢᠴᠠᠭᠠᠬᠤ ᠳᠤᠰᠠᠯᠠᠬᠤ ᠠᠵᠢᠯᠳᠠᠨ ᠢ ᠳᠤᠬᠢᠷᠠᠭᠤᠯᠤᠨ᠂ ᠭᠠᠭᠴᠠᠭᠠᠷ ᠰᠢᠳᠬᠡᠬᠦ ᠪᠠᠶᠢᠴᠠᠭᠠᠬᠤ ᠳᠤᠰᠢᠶᠠᠯᠳᠠᠨ ᠪᠤᠶᠤ ᠪᠠᠶᠢᠴᠠᠭᠠᠬᠤ ᠳᠤᠰᠢᠶᠠᠯᠳᠠᠨ ᠤ ᠬᠡᠷᠡᠭ ᠰᠢᠳᠬᠡᠬᠦ ᠳᠤᠭᠤᠢᠢᠯᠠᠩ ᠵᠠᠷᠬᠡ ᠳᠤᠰᠬᠠᠢᠢᠵᠢᠬᠰᠠᠨ ᠬᠡᠷᠡᠭ ᠰᠢᠳᠬᠡᠬᠦ ᠳᠤᠭᠤᠢᠢᠯᠠᠩ ᠢ ᠪᠠᠶᠢᠭᠤᠯᠤᠨ᠂ ᠪᠠᠶᠢᠴᠠᠭᠠᠬᠤ ᠳᠤᠰᠢᠶᠠᠯᠳᠠᠨ ᠤ ᠬᠠᠤᠯᠢ ᠶᠤᠰᠤᠭᠠᠷ ᠡᠷᠬᠡ ᠳᠤᠰᠢᠶᠠᠯ ᠢᠶᠠᠨ ᠬᠡᠷᠡᠭᠵᠢᠬᠦᠯᠤᠨ᠂ ᠬᠠᠷᠢᠭᠤᠴᠠᠯᠭ᠎ᠠ ᠪᠠᠨ ᠡᠬᠦᠷᠬᠡᠯᠡᠬᠦ ᠶᠢ ᠪᠠᠳᠤᠯᠠᠵᠠᠢ᠃ ᠬᠤᠶᠠᠷ ᠲᠤ ᠬᠠᠤᠯᠢ ᠪᠠᠷᠢᠵᠤ ᠬᠡᠷᠡᠭ ᠰᠢᠳᠬᠡᠬᠦ ᠡᠷᠬᠡ ᠬᠠᠷᠢᠭᠤᠴᠠᠯᠭ᠎ᠠ ᠶᠢᠨ ᠰᠢᠨ᠎ᠠ ᠳᠤᠬᠳᠠᠯᠴᠠᠭ᠎ᠠ ᠶᠢ ᠪᠠᠶᠢᠭᠤᠯᠵᠠᠢ᠃ ᠥᠪᠤᠷ ᠮᠤᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷᠢᠬᠤ ᠬᠠᠷᠢᠭᠤᠴᠠᠯᠭ᠎ᠠ ᠶᠢᠨ ᠳᠥᠷᠢᠮ ᠢ ᠳᠡᠬᠦᠯᠳᠠᠷᠵᠢᠬᠦᠯᠥᠭᠰᠡᠨ 73 ᠵᠤᠷᠪᠤᠰ ᠬᠡᠷᠡᠭᠵᠢᠬᠦᠯᠬᠦ ᠰᠠᠨᠠᠯ ᠪᠠ ᠪᠥᠬᠦ ᠤᠷᠤᠨ ᠤ ᠡᠯ᠎ᠠ ᠱᠠᠳᠤᠨ ᠤ ᠬᠤᠷᠢᠶ᠎ᠠ᠂ ᠡᠯ᠎ᠠ ᠳᠠᠰ ᠳᠡᠪᠬᠤᠷᠭ᠎ᠠ᠂ ᠡᠯ᠎ᠠ ᠠᠵᠢᠯ ᠤᠨ ᠪᠠᠶᠢᠷᠢ ᠶᠢᠨ ᠡᠷᠬᠡ ᠶᠢᠨ ᠨᠠᠷᠢᠨ ᠵᠥᠢᠯᠠᠰ ᠢ ᠳᠤᠬᠳᠠᠭᠠᠨ᠂ ︽ᠬᠡᠨ ᠬᠡᠷᠡᠭ ᠰᠢᠳᠬᠡᠪᠡᠯ ᠬᠡᠨ ᠬᠠᠷᠢᠭᠤᠴᠠᠬᠤ᠂ ᠬᠡᠨ ᠳᠤᠬᠳᠠᠭᠠᠪᠠᠯ ᠬᠡᠨ ᠬᠠᠷᠢᠭᠤᠴᠠᠬᠤ︾ ᠡᠷᠬᠡ ᠬᠠᠷᠢᠭᠤᠴᠠᠯᠭ᠎ᠠ ᠶᠢᠨ ᠳᠤᠬᠳᠠᠯᠴᠠᠭ᠎ᠠ ᠶᠢ ᠪᠠᠶᠢᠭᠤᠯᠤᠨ᠂ ᠵᠠᠰᠠᠬ ᠵᠠᠬᠢᠷᠭᠠᠵᠢᠬᠰᠠᠨ ᠬᠡᠷᠡᠭ ᠰᠢᠳᠬᠡᠬᠦ ᠬᠡᠪ ᠮᠠᠶ᠋ᠢᠬ ᠠᠴᠠ ᠪᠤᠯᠤᠬᠰᠠᠨ ᠬᠠᠤᠯᠢ ᠪᠠᠷᠢᠬᠤ ᠬᠠᠷᠢᠭᠤᠴᠠᠯᠭ᠎ᠠ ᠳᠠᠷᠬᠠᠢᠢᠵᠢᠬᠰᠠᠨ᠂ ᠬᠡᠶᠢᠰᠪᠤᠷᠢᠵᠢᠭ᠍ᠰᠡᠨ ᠪᠠ ᠨᠠᠶᠢᠳᠠᠪᠤᠷᠢᠵᠢᠭᠤᠯᠬᠤ ᠳᠤ ᠪᠡᠷᠬᠡᠳᠡᠢ ᠠᠰᠠᠭᠤᠳᠡᠯ ᠢ ᠥᠠᠳᠤᠰᠤᠨ ᠠᠴᠠ ᠨᠢ ᠰᠢᠢᠳᠪᠤᠷᠢᠯᠠᠵᠠᠢ᠃ ᠭᠤᠷᠪᠡ ᠳᠤ ᠬᠠᠤᠯᠢ ᠪᠠᠷᠢᠬᠤ ᠬᠠᠷᠢᠭᠤᠴᠠᠯᠭ᠎ᠠ ᠶᠢ ᠮᠠᠭᠠᠳᠯᠠᠬᠤ᠂ ᠨᠡᠬᠡᠮᠵᠢᠯᠡᠬᠦ ᠳᠤᠬᠳᠠᠴᠠ ᠶᠢ ᠳᠡᠬᠦᠯᠳᠠᠷᠵᠢᠬᠦᠯᠵᠠᠢ᠃ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ 19 ᠵᠥᠢᠯ ᠤᠨ ᠵᠤᠷᠢᠭᠤᠳᠠ ᠬᠠᠤᠯᠢ ᠵᠥᠷᠢᠴᠡᠭᠰᠡᠨ᠂ ᠬᠥᠠᠳᠤ ᠶᠡᠭᠡ ᠠᠳᠡᠯ ᠤᠨ ᠥᠢᠯᠠ ᠪᠠᠶᠢᠳᠡᠯ ᠢ ᠤᠯᠠᠮ ᠨᠢᠬᠡ ᠠᠯᠬᠤᠮ ᠳᠤᠳᠤᠷᠬᠠᠢᠢᠯᠠᠨ᠂ ᠬᠡᠷᠡᠭ ᠰᠢᠳᠬᠡᠬᠦ ᠴᠢᠨᠠᠷ ᠴᠢᠠᠰᠠᠭ᠎ᠠ ᠶᠢ ᠨᠠᠰᠤᠨ ᠳᠤᠷᠰᠢᠳᠠ ᠬᠠᠷᠢᠭᠤᠴᠠᠬᠤ ᠳᠥᠷᠢᠮ ᠪᠤᠯᠤᠨ ᠬᠡᠷᠡᠭ ᠪᠤᠷᠤᠭᠤ ᠰᠢᠳᠬᠡᠭᠰᠡᠨ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠨ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠬᠡᠷᠡᠭᠵᠢᠬᠦᠯᠤᠨ᠂ ᠡᠷᠬᠡ ᠪᠠᠶᠢᠪᠠᠯ ᠡᠷᠬᠡᠪᠰᠢ ᠬᠠᠷᠢᠭᠤᠴᠠᠯᠭ᠎ᠠ ᠲᠠᠢ ᠪᠠᠶᠢᠵᠤ᠂ ᠡᠷᠬᠡ ᠶᠢᠨ ᠬᠡᠷᠡᠭᠯᠡᠯᠳᠠ ᠬᠢᠨᠠᠯᠳᠠ ᠬᠥᠯᠢᠶᠡᠬᠦ ᠶᠢ ᠪᠡᠶᠡᠯᠡᠬᠦᠯᠪᠠ᠃ ᠳᠤᠳᠤᠷ᠎ᠠ ᠭᠠᠳᠠᠨᠠᠬᠢ ᠬᠥᠮᠤᠰ ᠤᠨ ᠬᠡᠷᠡᠭ ᠤᠨ ᠰᠢᠢᠳᠪᠤᠷᠢᠯᠠᠯᠳᠠ ᠶᠢ ᠬᠠᠷᠰᠢᠯᠠᠬᠤ᠂ ᠭᠠᠷ ᠳᠥᠷᠤᠬᠦ ᠳᠡᠮᠳᠡᠭᠯᠡᠯ ᠪᠠ ᠬᠠᠷᠢᠭᠤᠴᠠᠯᠭ᠎ᠠ ᠨᠠᠬᠡᠮᠵᠢᠯᠡᠬᠦ ᠳᠤᠬᠠᠢ ᠳᠥᠪ ᠤᠨ ᠳᠥᠷᠢᠮ ᠢ ᠨᠠᠶᠢᠳᠠᠪᠤᠷᠢᠵᠢᠭᠤᠯᠤᠨ᠂ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠳᠥᠷᠢᠮ ᠢ ᠳᠤᠬᠳᠠᠭᠠᠨ᠂ ᠳᠥᠷᠢᠮ ᠢ ᠨᠠᠶᠢᠳᠠᠪᠤᠷᠢᠵᠢᠭᠤᠯᠤᠨ ᠥᠷ᠎ᠠ ᠪᠥᠳᠤᠮᠵᠢ ᠲᠠᠢ ᠪᠤᠯᠭᠠᠪᠠ᠃ 

    ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠳᠤᠷᠰᠢᠯᠳᠠ ᠶᠢᠨ ᠴᠢᠬ ᠢ ᠯᠠᠪᠳᠠᠭᠤᠨ ᠪᠤᠯᠭᠤᠮᠵᠢᠳᠡᠢ ᠪᠠᠷ ᠳᠥᠯᠬᠢᠨ ᠠᠬᠢᠭᠤᠯᠵᠠᠢ᠃ ᠮᠠᠨ ᠤ ᠤᠷᠤᠨ ᠪᠤᠯ ᠪᠥᠬᠦ ᠤᠯᠤᠰ ᠤᠨ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠠᠴᠠ ᠡᠷᠬᠡ ᠤᠯᠭᠤᠬᠰᠠᠨ 13 ᠳᠤᠷᠰᠢᠯᠳᠠ ᠶᠢᠨ ᠴᠢᠬ ᠤᠨ ᠮᠤᠵᠢ ᠤᠷᠤᠨ ᠤ ᠨᠢᠬᠡ ᠪᠤᠯᠤᠨ᠎ᠠ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠨᠢ ᠯᠠᠪᠳᠠᠭᠤᠨ ᠢᠶᠠᠷ ᠳᠥᠯᠬᠢᠨ ᠠᠬᠢᠭᠤᠯᠵᠤ᠂ ᠨᠠᠶᠢᠳᠠ ᠶᠢᠨ ᠠᠰᠠᠷᠠᠮᠵᠢ ᠬᠡᠬᠦ ᠡᠨᠡᠬᠦ ᠭᠤᠤᠯ ᠴᠢᠮᠤᠬᠡ ᠶᠢ ᠠᠳᠬᠤᠨ᠂ ᠠᠮᠢ ᠠᠬᠤᠢ ᠶᠢᠨ ᠤᠷᠴᠢᠨ ᠳᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠪᠠᠷ ᠭᠤᠤᠯᠳᠡᠯᠭ᠎ᠠ ᠪᠤᠯᠭᠠᠨ᠂ ᠬᠥᠬᠡᠬᠤᠳᠠ ᠵᠠᠷᠬᠡ 7 ᠠᠶᠢᠮᠠᠭ ᠬᠤᠳᠠ ᠶᠢᠨ ᠬᠤᠪᠢᠶᠠᠷᠢ ᠬᠤᠷᠢᠶ᠎ᠠ ᠵᠢᠴᠢ ᠬᠠᠷᠢᠶᠠᠨ ᠳᠠᠬᠢ ᠥᠠᠳᠤᠰᠤᠨ ᠱᠠᠳᠤᠨ ᠤ ᠬᠤᠷᠢᠶ᠎ᠠ ᠶᠢ ᠰᠤᠩᠭᠤᠨ ᠳᠤᠷᠰᠢᠯᠳᠠ ᠶᠢᠨ ᠴᠢᠬ ᠢᠶᠠᠨ ᠥᠷᠨᠢᠬᠦᠯᠵᠠᠢ᠃ 14 ᠬᠡᠷᠡᠭ ᠲᠤ ᠪᠠᠶᠢᠴᠠᠭᠠᠬᠤ ᠰᠠᠨᠠᠭᠤᠯᠭ᠎ᠠ ᠵᠠᠷᠬᠡ ᠠᠷᠭ᠎ᠠ ᠬᠡᠯᠪᠠᠷᠢ ᠪᠠᠷ ᠳᠡᠮᠵᠢᠨ᠂ ᠵᠠᠷᠭᠤ ᠶᠢᠨ ᠡᠮᠤᠨ᠎ᠠ ᠬᠠᠤᠯᠢ ᠵᠥᠷᠢᠴᠡᠭᠰᠡᠨ ᠵᠠᠰᠠᠬ ᠵᠠᠬᠢᠷᠭᠠᠨ ᠤ ᠥᠢᠯᠠ ᠠᠵᠢᠯᠯᠠᠭ᠎ᠠ ᠶᠢ ᠨᠢ ᠵᠠᠯᠠᠷᠠᠭᠤᠯᠤᠭᠤᠯᠬᠤ ᠪᠠᠷ ᠰᠢᠪᠠᠳᠠᠨ ᠱᠠᠭᠠᠷᠳᠠᠬᠤ ᠪᠤᠶᠤ ᠡᠬᠦᠷᠬᠡ ᠬᠠᠷᠢᠭᠤᠴᠠᠯᠭ᠎ᠠ ᠶᠢ ᠨᠢ ᠬᠠᠤᠯᠢ ᠶᠤᠰᠤᠭᠠᠷ ᠬᠥᠢᠴᠡᠳᠬᠡᠬᠦᠯᠬᠦ ᠪᠠᠷ ᠰᠢᠪᠠᠳᠠᠨ ᠱᠠᠭᠠᠷᠳᠠᠬᠤ ᠡᠷᠬᠡᠪᠰᠢ ᠥᠡᠭᠬᠡᠷᠡᠬᠡᠬᠦ ᠵᠢᠷᠤᠮ ᠢ ᠬᠥᠢᠴᠡᠳᠬᠡᠨ᠂ ᠬᠠᠮᠢᠶ᠎ᠠ ᠪᠥᠬᠦᠢ ᠵᠠᠰᠠᠭ ᠵᠠᠬᠢᠷᠭᠠᠨ ᠤ ᠪᠠᠶᠢᠭᠤᠯᠭ᠎ᠠ ᠬᠠᠮᠵᠢᠯᠴᠠᠬᠰᠠᠨ ᠪᠠ ᠵᠠᠯᠠᠷᠠᠭᠤᠯᠵᠤ᠂ ᠪᠠᠶᠢᠴᠠᠭᠠᠬᠤ ᠬᠢᠨᠠᠯᠳᠠ ᠳᠡᠯᠪᠢᠯᠳᠠ ᠪᠤᠯᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠤᠳᠤᠭᠠᠳᠤ ᠶᠢᠨ ᠠᠯᠳᠠᠭ᠎ᠠ ᠪᠤᠷᠤᠭᠤ ᠪᠠᠨ ᠵᠠᠯᠠᠷᠠᠭᠤᠯᠬᠤ ᠳᠤᠬᠳᠠᠴᠠ ᠶᠢ ᠪᠥᠳᠤᠮᠵᠢᠳᠡᠢ ᠵᠤᠯᠭᠠᠭᠤᠯᠬᠤ ᠶᠢ ᠳᠥᠯᠬᠢᠨ ᠠᠬᠢᠭᠤᠯᠵᠠᠢ᠃ 

    ᠬᠢᠨᠠᠯᠲᠠ ᠬᠦᠯᠢᠶᠡᠬᠦ ᠲᠣᠭᠲᠠᠴᠠ ᠶᠢᠨ ᠦᠭᠡᠷᠡᠴᠢᠯᠡᠯᠲᠠ ᠶᠢ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠭᠦᠯᠪᠡ᠃ 2014 ᠣᠨ ᠠᠴᠠ ᠡᠬᠢᠯᠡᠵᠦ᠂ ᠬᠡᠷᠡᠭ ᠤᠨ ᠮᠡᠳᠡᠭᠡ ᠵᠠᠩᠬᠢ ᠪᠠᠷ ᠭᠤᠣᠯᠳᠠᠯᠭ᠎ᠠ ᠪᠣᠯᠭᠠᠭᠰᠠᠨ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠳᠦᠷᠢᠮ ᠤᠨ ᠦᠭᠡᠷᠡᠴᠢᠯᠡᠯᠲᠡ ᠶᠢ ᠶᠠᠪᠤᠭᠳᠠᠭᠤᠯᠵᠤ᠂ ︽ᠨᠠᠷᠠᠯᠠᠭ ᠪᠠᠶᠢᠴᠠᠭᠠᠬᠤ︾ ᠶᠢ ᠳᠦᠯᠬᠢᠨ ᠠᠬᠢᠭᠤᠯᠪᠠ᠃ ᠵᠢᠷᠤᠮ ᠤᠨ ᠴᠢᠨᠠᠷᠲᠠᠢ ᠮᠡᠳᠡᠭᠡ ᠵᠠᠩᠬᠢ᠂ ᠬᠠᠤᠯᠢ ᠴᠠᠭᠠᠵᠠ ᠶᠢᠨ ᠪᠢᠴᠢᠭ ᠬᠠᠷ᠎ᠠ᠂ ᠴᠢᠬᠤᠯᠠ ᠬᠡᠷᠡᠭ ᠤᠨ ᠮᠡᠳᠡᠭᠡ ᠵᠠᠩᠬᠢ ᠶᠢ ᠨᠡᠶᠢᠲᠡᠯᠡᠬᠦ ᠵᠠᠷᠬᠡ ᠭᠤᠷᠪᠠᠨ ᠶᠡᠭᠡ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠲᠠᠪᠴᠠᠩ ᠪᠠᠶᠢᠭᠤᠯᠵᠤ᠂ ᠲᠤᠬᠠᠢ ᠶᠢᠨ ᠬᠦᠮᠦᠨ ᠵᠢᠴᠢ ᠣᠷᠤᠯᠠᠭᠴᠢ ᠨᠠᠷ ᠲᠤᠰᠢᠶᠠᠯ ᠤᠨ ᠶᠠᠯᠠᠲᠤ ᠬᠡᠷᠡᠭ᠂ ᠪᠠᠷᠢᠪᠴᠢᠯᠠᠬᠤ ᠶᠢ ᠬᠢᠨᠠᠨ ᠪᠠᠶᠢᠴᠠᠭᠠᠬᠤ᠂ ᠵᠠᠭᠠᠯᠳᠤᠯᠭ᠎ᠠ ᠶᠢ ᠬᠢᠨᠠᠨ ᠪᠠᠶᠢᠴᠠᠭᠠᠬᠤ ᠵᠡᠷᠭᠡ 14 ᠲᠦᠷᠦᠯ ᠤᠨ ᠬᠡᠷᠡᠭ ᠤᠨ ᠰᠢᠳᠭᠡᠬᠦ ᠴᠤᠪᠤᠷᠠᠯ᠂ ᠰᠢᠢᠳᠪᠦᠷᠢᠯᠡᠭᠰᠡᠨ ᠦᠷ᠎ᠡ ᠳ᠋ᠦᠩ ᠵᠡᠷᠭᠡ 100 ᠭᠠᠷᠤᠢ ᠵᠦᠢᠯ ᠤᠨ ᠵᠢᠷᠤᠮ ᠤᠨ ᠴᠢᠨᠠᠷᠲᠠᠢ ᠮᠡᠳᠡᠭᠡ ᠵᠠᠩᠬᠢ ᠶᠢ ᠲᠤᠬᠠᠢ ᠶᠢᠨ ᠴᠠᠭ ᠲᠤᠨᠢ ᠪᠠᠶᠢᠴᠠᠭᠠᠨ ᠯᠠᠪᠯᠠᠵᠤ ᠪᠣᠯᠤᠨ᠎ᠠ ; ᠵᠠᠭᠠᠯᠳᠤᠬᠤ ᠪᠢᠴᠢᠭ᠂ ᠡᠰᠡᠷᠭᠦᠴᠡᠨ ᠵᠠᠭᠠᠯᠳᠤᠬᠤ ᠪᠢᠴᠢᠭ᠂ ᠡᠷᠡᠭᠦᠦ ᠶᠢᠨ ᠭᠤᠮᠤᠳᠠᠯ ᠲᠣᠭᠠᠴᠢᠯᠲᠠ ᠶᠢᠨ ᠲᠣᠭᠲᠠᠭᠠᠯ ᠤᠨ ᠪᠢᠴᠢᠭ ᠵᠡᠷᠭᠡ 6 ᠶᠡᠭᠡ ᠲᠦᠷᠦᠯ ᠤᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠪᠣᠯ᠂ ᠬᠠᠤᠯᠢ ᠴᠠᠭᠠᠵᠠ ᠳᠤ ᠢᠯᠡ ᠪᠣᠯᠭᠠᠵᠤ ᠪᠣᠯᠬᠤ ᠦᠭᠡᠢ ᠭᠡᠵᠦ ᠲᠣᠭᠲᠠᠭᠠᠭᠰᠠᠨ ᠠᠴᠠ ᠭᠠᠳᠠᠨᠠᠬᠢ ᠶᠢ ᠴᠦᠮ ᠨᠢᠭᠡᠲᠦᠯᠲᠡᠢ ᠰᠦᠯᠵᠢᠶᠡᠨ ᠳᠤ ᠭᠠᠷᠭᠠᠵᠤ᠂ ᠢᠯᠡ ᠪᠠᠶᠢᠴᠠᠭᠠᠨ ᠯᠠᠪᠯᠠᠬᠤ ᠳᠤ ᠬᠠᠨᠭ᠍ᠭᠠᠪᠠ᠃ ᠠᠷᠠᠳ ᠤᠨ ᠬᠢᠨᠠᠯᠲᠠ ᠲᠠᠯᠪᠢᠬᠴᠢ ᠶᠢᠨ ᠳᠦᠷᠢᠮ ᠤᠨ ᠥᠭᠡᠷᠡᠴᠢᠯᠡᠯᠲᠡ ᠶᠢ ᠲᠦᠷᠦᠭᠦᠯᠡᠨ ᠲᠦᠯᠬᠢᠨ ᠠᠬᠢᠭᠤᠯᠵᠤ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠠᠮᠲᠤᠷᠠᠨ 466 ᠠᠷᠠᠳ ᠤᠨ ᠬᠢᠨᠠᠯᠲᠠ ᠲᠠᠯᠪᠢᠬᠴᠢ ᠶᠢ ᠰᠤᠩᠭᠤᠨ ᠲᠣᠮᠢᠯᠠᠵᠤ᠂ ᠠᠷᠠᠳ ᠤᠨ ᠬᠢᠨᠠᠯᠲᠠ ᠲᠠᠯᠪᠢᠬᠴᠢ ᠶᠢ ᠪᠠᠶᠢᠴᠠᠭᠠᠬᠤ ᠪᠠᠶᠢᠭᠤᠯᠭ᠎ᠠ ᠶᠢᠨ ᠳᠣᠲᠤᠭᠠᠳᠤ ᠠᠴᠠ ᠰᠤᠩᠭᠤᠨ ᠲᠣᠮᠢᠯᠠᠵᠤ᠂ ᠬᠠᠮᠢᠶᠠᠷᠴᠤ ᠪᠠᠶᠢᠭᠰᠠᠨ ᠠᠴᠠ ᠪᠠᠨ ᠭᠠᠳᠠᠨ᠎ᠠ ᠠᠴᠠ ᠰᠤᠩᠭᠤᠨ ᠲᠣᠮᠢᠯᠠᠵᠤ᠂ ᠬᠠᠮᠢᠶᠠᠷᠬᠤ ᠪᠣᠯᠭᠠᠵᠤ ᠬᠤᠪᠢᠷᠠᠭᠤᠯᠤᠭᠰᠠᠨ ᠪᠠᠶᠢᠨ᠎ᠠ᠃ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠦᠭᠡᠷᠡᠴᠢᠯᠡᠵᠦ᠂ ᠣᠣᠯ ᠤᠨ ᠲᠤᠰᠢᠶᠠᠯ ᠤᠨ ᠶᠠᠯᠠᠲᠤ ᠬᠡᠷᠡᠭ ᠪᠠᠶᠢᠴᠠᠭᠠᠨ ᠰᠢᠳᠭᠡᠬᠦ ᠳᠠᠭᠤᠰᠬᠠᠬᠤ ᠴᠢᠨᠠᠷᠲᠠᠢ ᠲᠣᠭᠲᠠᠭᠠᠯ ᠤᠨ ︽ᠳᠣᠯᠤᠭᠠᠨ ᠵᠦᠢᠯ ᠤᠨ ᠪᠠᠶᠢᠳᠠᠯ︾ ᠪᠠᠶᠢᠭᠰᠠᠨ ᠳᠡᠭᠡᠷ᠎ᠡ ᠬᠠᠤᠯᠢ ᠪᠠᠷᠢᠵᠤ ᠬᠡᠷᠡᠭ ᠰᠢᠳᠭᠡᠬᠦ ᠶᠠᠪᠤᠴᠠ ᠳᠤ ᠪᠠᠰᠠ ᠬᠢᠨᠠᠯᠲᠠ ᠲᠠᠯᠪᠢᠬᠤ ︽ᠠᠷᠪᠠᠨ ᠨᠢᠭᠡᠨ ᠵᠦᠢᠯ︾ ᠤᠨ ᠪᠠᠶᠢᠳᠠᠯ ᠢ ᠨᠡᠮᠡᠵᠦ ᠣᠷᠤᠭᠤᠯᠪᠠ᠃ ᠠᠷᠠᠳ ᠤᠨ ᠬᠢᠨᠠᠯᠲᠠ ᠲᠠᠯᠪᠢᠬᠴᠢ ᠶᠢᠨ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ᠂ ᠬᠢᠨᠠᠯᠲᠠ ᠲᠠᠯᠪᠢᠬᠤ ᠵᠢᠷᠤᠮ ᠢ ᠳᠦᠷᠢᠮᠵᠢᠭᠦᠯᠬᠦ ᠵᠡᠷᠭᠡ ᠲᠠᠯ᠎ᠠ ᠳᠤ ᠨᠠᠷᠢᠯᠢᠬᠵᠢᠭᠤᠯᠤᠯᠳᠠ᠂ ᠴᠢᠩᠳᠠᠯᠠᠯᠳᠠ ᠬᠢᠪᠠ᠃ ᠰᠢᠨ᠎ᠡ ᠲᠣᠮᠢᠯᠠᠭᠰᠠᠨ ᠠᠷᠠᠳ ᠤᠨ ᠬᠢᠨᠠᠯᠲᠠ ᠲᠠᠯᠪᠢᠬᠴᠢᠳ 43 ᠬᠡᠷᠡᠭ ᠤᠨ ᠰᠢᠳᠭᠡᠯᠲᠡ ᠳᠤ ᠬᠢᠨᠠᠯᠲᠠ ᠲᠠᠯᠪᠢᠪᠠ᠃

    ᠲᠠᠪᠤ᠂ ᠪᠠᠶᠢᠴᠠᠭᠠᠬᠤ ᠪᠠᠶᠢᠭᠤᠯᠭ᠎ᠠ ᠶᠢᠨ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠣᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠶᠢ ᠴᠢᠩᠭ᠎ᠠ ᠪᠠᠷ ᠪᠠᠷᠢᠬᠤ ᠶᠢ ᠪᠣᠳᠠᠲᠠᠶᠢᠴᠢᠯᠠᠨ ᠳᠦᠯᠬᠢᠨ ᠠᠬᠢᠭᠤᠯᠪᠠ 

    ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠳᠦᠷᠪᠡᠳᠦᠭᠡᠷ ᠪᠦᠭᠦᠳᠡ ᠬᠤᠷᠠᠯᠳᠤᠭᠠᠨ ᠠᠴᠠ ︽ᠬᠠᠤᠯᠢ ᠶᠢ ᠴᠢᠩᠭ᠎ᠠ ᠪᠠᠷᠢᠬᠤ︾ ᠲᠠᠯ᠎ᠠ ᠪᠠᠷ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠳᠦᠷᠢᠮᠵᠢᠭᠦᠯᠦᠯᠲᠡ ᠶᠢᠨ ᠪᠠᠶᠢᠭᠤᠯᠤᠯᠲᠠ ᠠᠴᠠ ᠭᠠᠷᠳᠠᠵᠤ᠂ ᠪᠠᠶᠢᠴᠠᠭᠠᠬᠤ ᠡᠷᠬᠡ ᠶᠢᠨ ᠬᠠᠤᠯᠢ ᠶᠣᠰᠤᠭᠠᠷ ᠵᠦᠪ ᠣᠨᠣᠪᠴᠢᠲᠠᠢ ᠬᠡᠷᠡᠭᠵᠢᠭᠦᠯᠦᠭᠳᠡᠬᠦ ᠶᠢ ᠪᠠᠲᠤᠯᠠᠪᠠ᠃

    ᠬᠠᠤᠯᠢ ᠪᠠᠷᠢᠬᠤ ᠦᠢᠯᠡ ᠠᠵᠢᠯᠯᠠᠭ᠎ᠠ ᠶᠢ ᠳᠦᠷᠢᠮᠵᠢᠭᠦᠯᠬᠦ ᠲᠤᠰᠬᠠᠢ ᠵᠠᠯᠬᠠᠭᠠᠨ ᠰᠢᠳᠭᠡᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠷᠢᠯᠠᠭᠤᠯᠤᠯᠲᠠ ᠶᠢᠨ ᠶᠣᠰᠤᠭᠠᠷ᠂ ᠳᠠᠶᠢᠴᠢᠯᠠᠨ ᠪᠠᠶᠢᠷᠢᠯᠠᠭᠤᠯᠬᠤ᠂ ᠬᠠᠷᠢᠴᠠᠭᠤᠯᠤᠨ ᠪᠠᠶᠢᠴᠠᠭᠠᠬᠤ᠂ ᠴᠡᠭᠴᠡᠯᠡᠨ ᠨᠠᠶᠢᠲᠠᠪᠤᠷᠢᠵᠢᠭᠤᠯᠬᠤ ᠪᠠ ᠳ᠋ᠦᠩᠨᠡᠵᠦ ᠰᠢᠯᠭᠠᠨ ᠬᠤᠷᠢᠶᠠᠬᠤ ᠵᠡᠷᠭᠡ ᠳᠦᠷᠪᠡᠨ ᠱᠠᠲᠤ ᠬᠤᠪᠢᠶᠠᠨ ᠶᠠᠪᠤᠭᠳᠠᠭᠤᠯᠪᠠ᠃ ᠳᠠᠶᠢᠴᠢᠯᠠᠨ ᠪᠠᠶᠢᠷᠢᠯᠠᠭᠤᠯᠬᠤ ᠱᠠᠲᠤᠨ ᠳᠤ᠂ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ︽ᠭᠤᠷᠪᠠ ᠶᠢ ᠠᠳᠬᠤᠵᠤ ᠵᠢᠷᠭᠤᠭ᠎ᠠ ᠶᠢ ᠪᠠᠶᠢᠴᠠᠭᠠᠬᠤ︾ ᠶᠢ ᠬᠦᠴᠦᠲᠡᠢ ᠠᠬᠢᠭᠤᠯᠪᠠ᠃ ᠬᠠᠷᠢᠴᠠᠭᠤᠯᠤᠨ ᠪᠠᠶᠢᠴᠠᠭᠠᠬᠤ ᠱᠠᠲᠤᠨ ᠳᠤ ᠲᠠᠪᠤᠨ ᠵᠦᠢᠯ ᠤᠨ ᠠᠷᠭ᠎ᠠ ᠬᠡᠮᠵᠢᠶ᠎ᠡ ᠠᠪᠴᠤ ᠳᠡᠯᠭᠡᠭᠡᠨ ᠪᠠᠶᠢᠴᠠᠭᠠᠯᠲᠠ ᠶᠢ ᠳᠦᠯᠬᠢᠨ ᠠᠬᠢᠭᠤᠯᠪᠠ᠃ ᠬᠠᠥᠯᠢ ᠪᠠᠷᠢᠬᠤ ᠪᠣᠯ ᠪᠠᠭ᠎ᠠ ᠤᠴᠢᠷ ᠶᠠᠪᠤᠳᠠᠯ ᠪᠢᠰᠢ᠃ ᠪᠠᠶᠢᠴᠠᠭᠠᠵᠤ ᠭᠠᠷᠭᠠᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠵᠣᠬᠢᠶᠠᠨ ᠪᠢᠴᠢᠭᠰᠡᠨ ᠤ ᠲᠠᠯ᠎ᠠ ᠪᠠᠷ ᠬᠢ ᠦ ᠰᠡᠪ᠂ ᠰᠢᠭᠦᠨ ᠠᠰᠠᠭᠤᠭᠰᠠᠨ᠂ ᠮᠡᠳᠡᠭᠳᠡᠭᠰᠡᠨ᠂ ᠬᠦᠷᠭᠡᠭᠰᠡᠨ ᠲᠠᠯ᠎ᠠ ᠪᠠᠷ ᠬᠢ ᠳᠦᠷᠢᠮᠵᠢᠭᠦᠨ ᠪᠣᠰᠤ᠂ ᠬᠡᠷᠡᠭ ᠰᠢᠳᠭᠡᠬᠦ ᠳᠤᠮᠳᠠᠬᠢ ᠬᠤᠪᠴᠠᠰᠤ ᠵᠡᠭᠦᠰᠭᠡᠯ᠂ ᠦᠢᠯᠡ ᠠᠵᠢᠯᠯᠠᠭ᠎ᠠ ᠳᠦᠷᠢᠮᠵᠢᠭᠦᠨ ᠪᠣᠰᠤ᠂ ᠬᠠᠤᠯᠢ ᠪᠠᠷᠢᠬᠤ ᠠᠵᠢᠯᠯᠠᠭ᠎ᠠ ᠶᠢ ᠱᠠᠭᠠᠷᠳᠠᠯᠭ᠎ᠠ ᠶᠣᠰᠤᠭᠠᠷ ᠢᠯᠡ ᠪᠣᠯᠭᠠᠭᠰᠠᠨ ᠦᠭᠡᠢ ᠵᠡᠷᠭᠡ ᠬᠦᠩᠭᠡᠨ ᠠᠰᠠᠭᠤᠳᠠᠯ ᠢ ᠡᠯ᠎ᠡ ᠱᠠᠲᠤᠨ ᠤ ᠬᠤᠷᠢᠶ᠎ᠠ ᠶᠢ ᠱᠠᠭᠠᠷᠳᠠᠵᠤ ᠠᠵᠢᠯ ᠤᠨ ᠳᠠᠩᠰᠠ ᠵᠣᠬᠢᠶᠠᠯᠭᠠᠨ᠂ ᠳ᠋ᠤᠭᠠᠷᠯᠠᠨ ᠤᠰᠠᠳᠬᠠᠵᠤ ᠴᠡᠭᠴᠡᠯᠡᠨ ᠵᠠᠰᠠᠬᠤ ᠶᠢ ᠶᠠᠪᠤᠭᠤᠯᠪᠠ᠃ 19 ᠬᠦᠨᠳᠦ ᠠᠰᠠᠭᠤᠳᠠᠯ ᠲᠠᠢ 23 ᠬᠠᠷᠢᠭᠤᠴᠠᠭᠴᠢ ᠳᠤ ᠬᠠᠷᠢᠭᠤᠴᠠᠯᠭ᠎ᠠ ᠠᠰᠠᠭᠤᠵᠤ ᠬᠠᠷᠢᠭᠤᠴᠠᠯᠭ᠎ᠠ ᠨᠡᠬᠡᠮᠵᠢᠯᠡᠪᠡ᠃ ᠴᠡᠭᠴᠡᠯᠡᠨ ᠵᠠᠰᠠᠯᠲᠠ ᠪᠠ ᠨᠢᠭᠡ ᠵᠢᠯ ᠤᠨ ᠨᠢᠭᠡ ᠤᠳᠠᠭᠠᠨ ᠤ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠰᠢᠨ᠎ᠡ ᠶᠢ ᠡᠭᠦᠳᠴᠦ ᠰᠢᠯᠢᠳᠡᠭ ᠢ ᠪᠥᠳᠤᠬᠡᠬᠦ ᠲᠦᠷᠦᠯ ᠵᠦᠢᠯ ᠤᠨ ᠦᠨᠡᠯᠡᠨ ᠰᠢᠯᠭᠠᠷᠠᠭᠤᠯᠬᠤ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠳᠦᠷᠢᠮ ᠤᠨ ᠲᠣᠭᠲᠠᠴᠠ ᠶᠢᠨ ᠪᠠᠶᠢᠭᠤᠯᠤᠯᠲᠠ ᠶᠢ ᠳᠦᠯᠬᠢᠨ ᠠᠬᠢᠭᠤᠯᠪᠠ᠃ ᠲᠦᠩᠯᠢᠶᠣᠣ ᠬᠤᠲᠠ ᠶᠢᠨ ᠪᠠᠶᠢᠴᠠᠭᠠᠬᠤ ᠬᠤᠷᠢᠶ᠎ᠠ ᠶᠢᠨ ︽ᠲᠤᠰᠢᠶᠠᠯ ᠤᠨ ᠶᠠᠯᠠᠲᠤ ᠬᠡᠷᠡᠭ ᠤᠨ ᠠᠯᠪᠠᠨ ᠵᠠᠭᠠᠯᠳᠤᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠣᠭᠲᠠᠴᠠ︾᠂ ᠬᠦᠯᠦᠨ ᠪᠤᠶᠢᠷ ᠬᠤᠲᠠ ᠶᠢᠨ ᠪᠠᠶᠢᠴᠠᠭᠠᠬᠤ ᠬᠤᠷᠢᠶ᠎ᠠ ᠶᠢᠨ ︽ᠵᠠᠭᠠᠯᠳᠤᠬᠤ ᠲᠣᠷᠰᠢᠨ ᠪᠠᠶᠢᠴᠠᠭᠠᠬᠤ᠂ ᠵᠠᠭᠠᠯᠳᠤᠬᠤ ᠥᠮᠦᠭᠯᠡᠬᠦ᠂ ᠵᠠᠭᠠᠯᠳᠤᠬᠤ ᠰᠢᠭᠦᠬᠦ ᠶᠢᠨ ᠡᠷᠡᠬᠦᠯ ᠬᠠᠷᠢᠴᠠᠭ᠎ᠠ ᠶᠢ ᠪᠠᠶᠢᠭᠤᠯᠬᠤ ᠠᠵᠢᠯ ᠤᠨ ᠲᠣᠭᠲᠠᠴᠠ︾᠂ ᠪᠠᠭ᠎ᠠ ᠲᠠᠬᠤ ᠶᠢᠨ ᠭᠤᠣᠯ ᠭᠠᠵᠠᠷ ᠣᠷᠤᠨ ᠤ ᠪᠠᠶᠢᠴᠠᠭᠠᠬᠤ ᠬᠤᠷᠢᠶ᠎ᠠ ᠶᠢᠨ ︽ᠡᠷᠡᠭᠦᠦ ᠬᠦᠩᠭᠡᠷᠡᠭᠦᠯᠬᠦ᠂ ᠲᠡᠩᠰᠡᠨ ᠰᠤᠯᠠᠯᠠᠬᠤ᠂ ᠭᠢᠨᠳᠠᠨ ᠤ ᠭᠠᠳᠠᠨ᠎ᠠ ᠲᠦᠷ ᠭᠦᠢᠴᠡᠳᠭᠡᠬᠦ ᠬᠡᠷᠡᠭ ᠢ ᠬᠢᠨᠠᠨ ᠪᠠᠶᠢᠴᠠᠭᠠᠬᠤ ᠠᠷᠪᠠᠨ ᠵᠢᠷᠭᠤᠭᠠᠨ ᠠᠯᠬᠤᠮ ᠤᠨ ᠠᠵᠢᠯ ᠤᠨ ᠴᠣᠪᠤᠷᠠᠯ︾ ᠵᠡᠷᠭᠡ ᠠᠷᠪᠠᠨ ᠰᠢᠨ᠎ᠡ ᠶᠢ ᠡᠭᠦᠳᠴᠦ ᠰᠢᠯᠢᠳᠡᠭ ᠢ ᠪᠥᠳᠤᠬᠡᠬᠦ ᠲᠦᠷᠦᠯ ᠵᠦᠢᠯ ᠢ ᠰᠢᠯᠭᠠᠷᠠᠭᠤᠯᠵᠤ᠂ ᠬᠠᠤᠯᠢ ᠪᠠᠷᠢᠬᠤ ᠠᠵᠢᠯᠯᠠᠭ᠎ᠠ ᠶᠢ ᠳᠦᠷᠢᠮᠵᠢᠭᠦᠯᠵᠦ᠂ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠦᠯᠬᠢᠨ ᠠᠬᠢᠭᠤᠯᠬᠤ ᠳᠤ ᠵᠠᠮ ᠵᠢᠭᠠᠵᠤ ᠥᠭᠴᠠᠢ᠃ ᠮᠠᠨ ᠤ ᠣᠷᠤᠨ ᠤ ᠠᠵᠢᠯ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠭᠦᠢᠴᠡᠳ ᠨᠣᠲᠠᠯᠠᠯᠲᠠ ᠶᠢ ᠣᠯᠵᠤ᠂ ᠣᠷᠢᠳ ᠬᠤᠵᠢᠳ ᠪᠦᠬᠦ ᠤᠯᠤᠰ ᠤᠨ ᠶᠡᠭᠡ ᠪᠠᠶᠢᠴᠠᠭᠠᠬᠤ ᠲᠤᠰᠢᠶᠠᠯᠲᠠᠨ ᠤ ᠰᠣᠳᠤᠯᠤᠨ ᠶᠠᠷᠢᠯᠴᠠᠬᠤ ᠠᠩᠬᠢ᠂ ᠪᠦᠬᠦ ᠤᠯᠤᠰ ᠤᠨ ᠲᠤᠰᠬᠠᠢ ᠴᠡᠭᠴᠡᠯᠡᠨ ᠵᠠᠰᠠᠵᠤ ᠳᠦᠯᠬᠢᠨ ᠠᠬᠢᠭᠤᠯᠬᠤ ᠬᠤᠷᠠᠯ ᠳᠡᠭᠡᠷ᠎ᠡ᠂ ᠶᠡᠭᠡ ᠬᠤᠷᠠᠯ ᠤᠨ ᠲᠣᠷᠰᠢᠯᠭ᠎ᠠ ᠲᠠᠨᠢᠯᠴᠠᠭᠤᠯᠭ᠎ᠠ ᠬᠢᠪᠡ᠃ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠸᠠᠩ ᠵᠢᠶᠦ᠋ᠨ ᠱᠦᠵᠢ᠂ ᠪᠠᠭᠠᠲᠤᠷ ᠲᠡᠷᠢᠭᠦᠯᠡᠭᠴᠢ᠂ ᠯᠢ ᠵᠢᠶᠠ ᠳᠡᠳ᠋ ᠱᠦᠵᠢ ᠵᠡᠷᠭᠡ ᠤᠳᠤᠷᠢᠳᠬᠤ ᠨᠦᠬᠦᠷ ᠴᠢᠬᠤᠯᠠ ᠴᠤᠬᠤᠯᠠᠪᠤᠷᠢ ᠭᠠᠷᠭᠠᠵᠤ᠂ ᠨᠣᠲᠠᠯᠠᠯᠲᠠ ᠪᠠ ᠵᠣᠷᠢᠬᠵᠢᠭᠤᠯᠤᠯ ᠥᠭᠪᠡ᠃

    ︽ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠯᠢᠭᠡᠷ ᠠᠪᠴᠤ ᠦᠨᠡᠯᠡᠨ ᠵᠢᠱᠢᠬᠦ︾ ᠶᠢ ᠦᠷᠭᠦᠯᠵᠢᠯᠡᠨ ᠦᠷᠨᠢᠭᠦᠯᠪᠡ᠃ 11 ᠰᠠᠷ᠎ᠠ ᠳᠤ᠂ ᠠᠶᠢᠮᠠᠭ ᠬᠤᠲᠠ ᠶᠢᠨ ᠦᠪᠡᠷᠲᠡᠭᠡᠨ ᠪᠠᠶᠢᠴᠠᠭᠠᠵᠤ᠂ ᠬᠠᠷᠢᠯᠴᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠦᠬᠠᠢ ᠬᠤᠲᠠ ᠶᠢᠨ ᠪᠠᠶᠢᠴᠠᠭᠠᠬᠤ ᠬᠤᠷᠢᠶ᠎ᠠ᠂ ᠬᠠᠶᠢᠷᠤᠪ ᠤᠨ ᠲᠤᠬᠤᠢ ᠲᠤᠭᠤᠷᠢᠭ ᠤᠨ ᠪᠠᠶᠢᠴᠠᠭᠠᠬᠤ ᠬᠤᠷᠢᠶ᠎ᠠ ᠳᠤ ᠦᠨᠡᠯᠡᠨ ᠵᠢᠱᠢᠯᠲᠡ ᠬᠢᠪᠡ᠂ ᠡᠭᠦᠨ ᠤ ᠬᠠᠮᠲᠤ ᠬᠤᠶᠠᠷ ᠬᠤᠪᠢᠶᠠᠷᠢ ᠬᠤᠲᠠ ᠶᠢᠨ ᠬᠤᠷᠢᠶ᠎ᠠ ᠶᠢ ᠳᠤᠬᠳᠠᠭᠠᠨ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶᠠᠨ ᠳᠤ ᠦᠨᠡᠯᠡᠨ ᠵᠢᠱᠢᠯᠲᠡ ᠬᠢᠯᠭᠡᠪᠡ᠃ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠪᠦᠬᠦ ᠣᠷᠤᠨ ᠤ ᠭᠤᠷᠪᠠᠨ ᠱᠠᠲᠤᠨ ᠤ ᠬᠤᠷᠢᠶ᠎ᠠ ᠶᠢᠨ ᠬᠠᠷᠠᠭᠠᠨ ᠳᠡᠪᠳᠠᠮᠵᠢ ᠶᠢᠨ ᠬᠤᠷᠠᠯ ᠢ ᠬᠤᠷᠠᠯᠳᠤᠭᠤᠯᠤᠨ᠂ ᠪᠥᠬᠦ ᠪᠠᠶᠢᠴᠠᠭᠠᠬᠤ ᠠᠵᠢᠯᠳᠠᠳ ᠲᠤ ᠨᠡᠶᠢᠲᠡᠯᠡᠨ ᠮᠡᠳᠡᠭᠡᠯᠡᠵᠦ᠂ ᠪᠠᠶᠢᠴᠠᠭᠠᠬᠤ ᠳᠠᠷᠤᠭ᠎ᠠ ᠠᠴᠠ ᠪᠡᠶ᠎ᠡ ᠪᠠᠨ ᠭᠦᠨᠵᠡᠭᠡᠢ ᠰᠢᠭᠦᠮᠵᠢᠯᠡᠵᠦ᠂ ᠠᠰᠠᠭᠤᠳᠠᠯ ᠢ ᠮᠡᠳᠡᠷᠡᠨ ᠠᠪᠴᠤ᠂ ᠴᠡᠭᠴᠡᠯᠡᠨ ᠵᠠᠰᠠᠬᠤ ᠣᠪᠤᠷ ᠢᠶᠠᠨ ᠢᠯᠡᠳᠭᠡᠵᠦ᠂ ᠡᠯ᠎ᠡ ᠱᠠᠲᠤᠨ ᠤ ᠬᠤᠷᠢᠶᠠᠨ ᠳᠤ ᠲᠠᠷᠤᠭᠠᠰᠤ ᠳᠠᠮᠵᠢᠭᠤᠯᠤᠨ᠂ ᠪᠦᠬᠦ ᠪᠠᠶᠢᠴᠠᠭᠠᠬᠤ ᠠᠵᠢᠯᠲᠠᠳ ᠲᠤ ᠰᠡᠷᠡᠮᠵᠢ ᠶᠢᠨ ᠲᠣᠬᠢᠶ᠎ᠠ ᠥᠭᠴᠠᠢ᠃ ᠳᠣᠲᠤᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠡᠮᠵᠢᠯᠭᠡ ᠳᠣᠣᠷ᠎ᠠ᠂ ᠪᠢᠳᠡ ᠦᠯᠢᠭᠡᠷ ᠠᠪᠴᠤ ᠦᠨᠡᠯᠡᠨ ᠵᠢᠱᠢᠬᠦ ᠶᠢ 7 ᠠᠶᠢᠮᠠᠭ ᠬᠤᠲᠠ ᠭᠠᠵᠠᠷ ᠣᠷᠤᠨ ᠤ ᠲᠣᠷᠰᠢᠨ ᠪᠠᠶᠢᠴᠠᠭᠠᠬᠤ ᠪᠠᠶᠢᠭᠤᠯᠭ᠎ᠠ ᠶᠢᠨ ᠪᠠᠷᠢᠪᠴᠢᠯᠠᠬᠤ ᠶᠢ ᠵᠦᠪᠰᠢᠶᠡᠷᠡᠭᠦᠯᠬᠦ ᠪᠠᠷ ᠳᠡᠪᠰᠢᠭᠦᠯᠦᠭᠰᠡᠨ ᠬᠡᠷᠡᠭ᠂ ᠡᠷᠡᠭᠦᠦ ᠶᠢᠨ ᠲᠦᠷ ᠬᠤᠷᠢᠯᠲᠠ ᠬᠢᠭᠰᠡᠨ ᠬᠤᠶᠢᠨ᠎ᠠ ᠪᠠᠷᠢᠪᠴᠢᠯᠠᠬᠤ ᠪᠠᠷ ᠡᠰᠡ ᠮᠡᠳᠡᠭᠦᠯᠦᠭᠰᠡᠨ ᠬᠡᠷᠡᠭ᠂ ᠰᠢᠭᠦᠬᠦ ᠬᠤᠷᠢᠶᠠᠨ ᠤ ᠢᠷᠭᠡᠨ ᠤ ᠬᠡᠷᠡᠭ ᠤᠨ ᠭᠦᠢᠴᠡᠳᠭᠡᠯᠲᠡ ᠶᠢᠨ ᠬᠡᠷᠡᠭ ᠵᠢᠴᠢ ᠭᠢᠨᠳᠠᠨ ᠤ ᠡᠷᠡᠭᠦᠦ ᠬᠦᠩᠭᠡᠷᠡᠭᠦᠯᠬᠦ᠂ ᠲᠡᠩᠰᠡᠨ ᠰᠤᠯᠠᠯᠠᠬᠤ ᠪᠠᠷ ᠳᠡᠪᠰᠢᠭᠦᠯᠦᠭᠰᠡᠨ ᠬᠡᠷᠡᠭ ᠲᠤ ᠰᠤᠩᠭᠠᠭᠠᠵᠤ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠭᠦᠢᠴᠡᠳ ᠪᠣᠰᠤ ᠪᠠᠶᠢᠬᠤ ᠠᠰᠠᠭᠤᠳᠠᠯ ᠢ ᠪᠠᠶᠢᠴᠠᠭᠠᠨ ᠭᠠᠷᠭᠠᠭᠰᠠᠨ ᠮᠦᠷᠲᠡᠭᠡᠨ ᠬᠠᠮᠢᠶ᠎ᠠ ᠪᠦᠬᠦᠢ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠦᠴᠢᠷ ᠠᠴᠠ ᠢᠯᠡᠷᠡᠭᠦᠯᠦᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠠᠬᠢᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠦᠯᠢᠭᠡᠷ ᠠᠪᠴᠤ ᠦᠨᠡᠯᠡᠨ ᠵᠢᠱᠢᠬᠦ ᠶᠢ ᠳᠡᠮᠵᠢᠭᠰᠡᠨ᠂ ᠬᠠᠮᠲᠤᠷᠠᠭᠰᠠᠨ ᠬᠤᠷᠠᠯ ᠬᠤᠷᠠᠯᠳᠤᠭᠤᠯᠵᠤ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠤᠭᠰᠠᠨ᠂ ᠠᠵᠢᠯ ᠢᠶᠠᠨ ᠬᠠᠯᠠᠨ ᠰᠠᠶᠢᠵᠢᠷᠠᠭᠤᠯᠬᠤ ᠰᠠᠨᠠᠯ ᠢ ᠬᠠᠮᠲᠤᠷᠠᠨ ᠨᠡᠶᠢᠲᠡᠯᠡᠬᠦ ᠲᠤᠭᠲᠠᠴᠠ ᠶᠢ ᠪᠦᠷᠢᠯᠳᠤᠭᠦᠯᠪᠡ᠃ ᠦᠯᠢᠭᠡᠷ ᠠᠪᠴᠤ ᠦᠨᠡᠯᠡᠨ ᠵᠢᠱᠢᠬᠦ ᠵᠢᠴᠢ ᠰᠤᠩᠭᠠᠭᠠᠬᠤ ᠠᠵᠢᠯᠯᠠᠭ᠎ᠠ ᠪᠠᠷ ᠳᠠᠮᠵᠢᠵᠤ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠳᠭᠡᠬᠦ ᠰᠠᠬᠢᠯᠭ᠎ᠠ ᠪᠠᠲᠤ ᠪᠠ ᠶᠣᠰᠤ ᠳᠦᠷᠢᠮ ᠢᠶᠠᠨ ᠴᠢᠩᠭᠠᠳᠬᠠᠵᠤ᠂ ᠳᠦᠷᠢᠮ ᠤᠨ ᠳᠦᠷᠢᠮᠵᠢᠯ ᠢ ᠴᠠᠬᠢᠯᠭᠠᠨᠵᠢᠭᠰᠠᠨ ︽ᠥᠨᠳᠦᠷ ᠬᠦᠴᠦᠳᠡᠯᠲᠦ ᠤᠲᠠᠰᠤ︾ ᠪᠣᠯᠭᠠᠭᠰᠠᠨ ᠮᠦᠷᠲᠡᠭᠡᠨ ᠵᠠᠷᠭᠤ ᠶᠢᠨ ᠬᠢᠨᠠᠯᠲᠠ ᠲᠠᠯᠪᠢᠯᠲᠠ ᠶᠢ ᠬᠡᠶᠢᠰᠪᠦᠷᠢ ᠠᠴᠠ ᠪᠣᠳᠠᠲᠠᠢ᠂ ᠵᠦᠭᠡᠯᠡᠨ ᠠᠴᠠ ᠬᠠᠲᠠᠭᠤ ᠪᠣᠯᠵᠤ ᠬᠤᠪᠢᠷᠠᠬᠤ ᠠᠷᠭ᠎ᠠ ᠵᠠᠮ ᠣᠯᠭᠤᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ᠂ ᠦᠪᠡᠷ ᠤᠨ ᠪᠡᠶ᠎ᠡ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠰᠢᠨ᠎ᠡ ᠬᠡᠪ ᠪᠠᠶᠢᠳᠠᠯ ᠢ ᠪᠤᠢ ᠪᠣᠯᠭᠠᠪᠠ᠃

    ᠮᠡᠳᠡᠭᠡ ᠵᠠᠩᠬᠢᠴᠢᠯᠠᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠷ ᠲᠣᠲᠤᠮ ᠤᠨ ᠬᠠᠮᠢᠶᠠᠷᠤᠯᠲᠠ ᠪᠠᠨ ᠴᠢᠩᠭᠠᠷᠠᠭᠤᠯᠪᠠ᠃ ᠮᠡᠳᠡᠭᠡ ᠵᠠᠩᠬᠢᠴᠢᠯᠠᠯᠲᠠ ᠪᠠᠷ ᠳᠦᠷᠢᠮᠵᠢᠭᠦᠯᠦᠯᠲᠡ ᠶᠢ ᠠᠬᠢᠭᠤᠯᠤᠨ᠂ ᠡᠯᠸ᠋ᠺᠲᠷᠤᠨ ᠪᠠᠶᠢᠴᠠᠭᠠᠬᠤ ᠶᠠᠪᠤᠳᠠᠯ ᠤᠨ ᠢᠨᠵᠸ᠋ᠨ᠋ᠸ᠋ᠷᠢᠩ ᠤᠨ ᠪᠠᠶᠢᠭᠤᠯᠤᠯᠲᠠ ᠶᠢ ᠶᠡᠭᠡ ᠪᠠᠷ ᠳᠦᠯᠬᠢᠨ ᠠᠬᠢᠭᠤᠯᠵᠤ᠂ ᠮᠠᠨ ᠤ ᠣᠷᠤᠨ ᠤ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠨᠢ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠤᠵᠤ᠂ ᠦᠪᠡᠷᠲᠡᠭᠡᠨ ᠵᠠᠰᠠᠬᠤ ᠣᠷᠤᠨ ᠢᠶᠠᠷ ᠲᠦᠯᠦᠭᠡᠯᠡᠭᠦᠯᠦᠭᠰᠡᠨ ᠮᠠᠨ ᠤ ᠣᠷᠤᠨ ᠤ ᠲᠠᠪᠤᠨ ᠪᠠᠶᠢᠴᠠᠭᠠᠬᠤ ᠬᠤᠷᠢᠶ᠎ᠠ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠰᠢᠨᠵᠢᠯᠡᠬᠦ ᠤᠬᠠᠭᠠᠨ ᠲᠸ᠋ᠭᠨᠢᠭ ᠮᠡᠷᠭᠡᠵᠢᠯ ᠢᠶᠠᠷ ᠪᠠᠶᠢᠴᠠᠭᠠᠬᠤ ᠪᠠᠨ ᠬᠦᠴᠦᠷᠬᠡᠭᠵᠢᠭᠦᠯᠬᠦ ᠵᠢᠱᠢᠶ᠎ᠡ ᠦᠵᠡᠭᠦᠯᠬᠦ ᠬᠤᠷᠢᠶ᠎ᠠ ᠪᠠᠷ ᠦᠨᠡᠯᠡᠭᠳᠡᠪᠡ᠃ ᠪᠦᠬᠦ ᠣᠷᠤᠨ ᠤ ᠭᠤᠷᠪᠠᠨ ᠱᠠᠲᠤᠨ ᠤ ᠬᠤᠷᠢᠶ᠎ᠠ ᠶᠢᠨ ᠡᠷᠦᠬᠡ ᠰᠦᠯᠵᠢᠶ᠎ᠡ ᠵᠢᠴᠢ ᠪᠠᠶᠢᠴᠠᠭᠠᠬᠤ ᠲᠤᠰᠬᠠᠢ ᠰᠦᠯᠵᠢᠶᠡᠨ ᠤ ᠴᠢᠳᠠᠪᠬᠢ ᠨᠢ ᠨᠡᠯᠢᠶᠡᠳ ᠰᠠᠶᠢᠨ ᠬᠡᠷᠡᠭᠯᠡᠭᠳᠡᠭᠰᠡᠨ ᠪᠠ ᠥᠷᠭᠡᠳᠭᠡᠭᠳᠡᠵᠦ᠂ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠢᠭᠡᠲᠦᠯᠲᠡᠢ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲᠸ᠋ᠮ ᠢ ᠴᠦᠮ ᠵᠢᠩᠬᠢᠨᠢ ᠪᠠᠷ ᠰᠦᠯᠵᠢᠶᠡᠨ ᠳᠤ ᠭᠠᠷᠭᠠᠵᠤ ᠠᠵᠢᠯᠯᠠᠭᠤᠯᠤᠭᠰᠠᠨ ᠪᠦᠭᠡᠳ ᠪᠦᠬᠦ ᠤᠯᠤᠰ ᠤᠨ ᠴᠤᠷ ᠤᠨ ᠭᠠᠭᠴᠠ ᠴᠦᠬᠡᠨ ᠲᠣᠭᠠᠲᠤ ᠦᠨᠳᠦᠰᠦᠲᠡᠨ ᠤ ᠦᠰᠦᠭ ᠪᠢᠴᠢᠭ ︵ᠮᠣᠩᠭᠤᠯ︶ ᠢ ᠬᠡᠷᠡᠭᠯᠡᠭᠰᠡᠨ ᠲᠣᠭᠠᠴᠢᠯᠠᠭᠰᠠᠨ ᠳᠠᠪᠴᠠᠩ ᠢ ᠪᠡᠶ᠎ᠡ ᠪᠠᠨ ᠳᠠᠭᠠᠭᠠᠨ ᠰᠣᠳᠤᠯᠤᠨ ᠡᠭᠦᠳᠴᠦ᠂ ᠪᠦᠬᠦ ᠬᠡᠷᠡᠭ ᠢ ᠰᠦᠯᠵᠢᠶᠡᠨ ᠳᠡᠭᠡᠷ᠎ᠡ ᠰᠢᠳᠭᠡᠵᠤ᠂ ᠬᠠᠤᠯᠢ ᠪᠠᠷᠢᠬᠤ ᠪᠦᠬᠦ᠋ᠢᠯᠡ ᠦᠢᠯᠡ ᠠᠵᠢᠯᠯᠠᠭ᠎ᠠ ᠶᠢ ᠪᠦᠬᠦ ᠶᠠᠪᠤᠴᠠ ᠳᠤ ᠨᠢ ᠣᠷᠤᠮ ᠦᠯᠡᠳᠡᠭᠡᠵᠤ᠂ ᠪᠦᠬᠦ ᠠᠯᠪᠠᠨ ᠪᠢᠴᠢᠭ ᠰᠦᠯᠵᠢᠶᠡᠨ ᠳᠡᠭᠡᠷ᠎ᠡ ᠳᠠᠮᠵᠢᠭᠤᠯᠤᠭᠳᠠᠵᠤ᠂ ᠪᠦᠬᠦ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠬᠠᠮᠢᠶᠠᠷᠴᠤ᠂ ᠪᠠᠶᠢᠴᠠᠭᠠᠬᠤ ᠠᠵᠢᠯ ᠤᠨ ᠶᠠᠪᠤᠭᠳᠠᠬᠤ ᠴᠢᠩᠳᠠ ᠬᠦᠯᠢᠶᠡᠰᠦᠯᠡᠯ ᠢ ᠴᠢᠩᠭᠠᠷᠠᠭᠤᠯᠪᠠ᠃ ᠣᠳᠣᠬᠠᠨ ᠳᠤ᠂ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ 26 ᠵᠦᠢᠯ ᠤᠨ ᠲᠤᠬᠠᠶᠢᠯᠠᠭᠰᠠᠨ ᠠᠵᠢᠯ ᠤᠨ ᠭᠤᠣᠯ ᠲᠤᠭ᠎ᠠ ᠪᠠᠷᠢᠮᠲᠠ᠂ 692 ᠵᠦᠢᠯ ᠤᠨ ᠭᠡᠷᠡᠭ ᠰᠢᠳᠭᠡᠬᠦ ᠭᠤᠣᠯᠳᠠᠯᠭ᠎ᠠ ᠲᠠᠢ ᠵᠠᠩᠭᠢᠯᠠᠭᠠᠨ ᠴᠢᠭ ᠢ ᠲᠤᠬᠠᠢ ᠶᠢᠨ ᠴᠠᠭ ᠲᠤᠨᠢ ᠬᠦᠳᠡᠯᠦᠩᠭᠦᠢ ᠬᠢᠨᠠᠨ ᠡᠵᠡᠮᠳᠡᠵᠦ᠂ ᠡᠯ᠎ᠡ ᠬᠤᠷᠢᠶ᠎ᠠ᠂ ᠡᠯ᠎ᠡ ᠰᠠᠯᠠᠭ᠎ᠠ ᠮᠦᠴᠢᠷ᠂ ᠡᠯ᠎ᠡ ᠪᠠᠶᠢᠴᠠᠭᠠᠬᠤ ᠠᠵᠢᠯᠲᠠᠨ ᠤ ᠬᠠᠤᠯᠢ ᠪᠠᠷᠢᠵᠦ ᠬᠡᠷᠡᠭ ᠰᠢᠳᠭᠡᠭᠰᠡᠨ ᠪᠠᠶᠢᠳᠠᠯ ᠢ ᠪᠦᠬᠦ ᠲᠠᠯ᠎ᠠ ᠪᠠᠷ ᠪᠣᠳᠠᠲᠠᠢ ᠲᠤᠰᠬᠠᠵᠤ᠂ ᠠᠰᠠᠭᠤᠳᠠᠯ ᠢ ᠢᠯᠡᠷᠡᠭᠦᠯᠤᠨ ᠴᠠᠭ ᠲᠤᠬᠠᠢ ᠳᠤᠨᠢ ᠴᠡᠭᠴᠡᠯᠡᠨ ᠵᠠᠰᠠᠵᠠᠢ᠃ ︽ᠲᠤᠬᠠᠶᠢᠯᠠᠭᠰᠠᠨ ᠠᠵᠢᠯ ᠤᠨ ᠭᠤᠣᠯ ᠲᠤᠭ᠎ᠠ ᠪᠠᠷᠢᠮᠲᠠ ᠶᠢ ᠵᠠᠳᠠᠯᠤᠨ ᠬᠢᠨᠠᠨ ᠵᠦᠪᠯᠡᠬᠦ ᠳᠦᠷᠢᠮ︾ ᠪᠠ ︽ᠲᠤᠬᠠᠶᠢᠯᠠᠭᠰᠠᠨ ᠠᠵᠢᠯ ᠤᠨ ᠲᠤᠰᠬᠠᠢ ᠮᠡᠳᠡᠭᠦᠯᠦᠯᠲᠡ ᠶᠢ ᠬᠢᠨᠠᠨ ᠵᠦᠪᠯᠡᠬᠦ ᠳᠦᠷᠢᠮ︾ ᠪᠠᠶᠢᠭᠤᠯᠵᠤ᠂ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠺᠣᠮᠢᠰ ᠤᠨ ᠪᠦᠬᠦ ᠣᠷᠤᠨ ᠤ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠠᠬᠢᠷᠬᠤ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠲᠤᠭ᠎ᠠ ᠪᠠᠷᠢᠮᠲᠠ ᠶᠢᠨ ᠭᠦᠢᠴᠡᠳᠭᠡᠯ ᠲᠣᠭᠠᠨ ᠤ ᠵᠢᠭᠰᠠᠯ ᠢᠶᠠᠷ ᠰᠢᠯᠢᠳᠡᠭ ᠢ ᠰᠢᠯᠭᠠᠨ ᠰᠤᠩᠭᠤᠬᠤ ᠵᠡᠷᠭᠡ ᠬᠠᠤᠯᠢ ᠪᠠᠷᠢᠬᠤ ᠵᠢᠮ᠎ᠠ ᠶᠣᠰᠤᠨ ᠳᠤ ᠥᠯᠦ ᠨᠡᠶᠢᠴᠡᠬᠦ ᠠᠷᠭ᠎ᠠ ᠬᠢᠳᠡᠯ ᠢ ᠬᠤᠪᠢᠷᠠᠭᠤᠯᠵᠤ᠂ ᠲᠤᠬᠠᠶᠢᠯᠠᠭᠰᠠᠨ ᠠᠵᠢᠯ ᠢ ᠰᠢᠯᠭᠠᠨ ᠲᠣᠭᠲᠠᠭᠠᠬᠤ ᠳᠦᠷᠢᠮ ᠳᠤ ᠥᠭᠡᠷᠡᠴᠢᠯᠡᠯᠲᠡ ᠬᠢᠵᠦ᠂ ᠬᠡᠷᠡᠭ ᠤᠨ ᠴᠢᠨᠠᠷ ᠴᠢᠨᠰᠠᠭᠠᠨ ᠳᠤ ᠦᠨᠡᠯᠡᠨ ᠪᠠᠶᠢᠴᠠᠭᠠᠯᠲᠠ ᠬᠢᠬᠦ ᠶᠢ ᠲᠣᠪᠤᠶᠢᠯᠭᠠᠵᠤ᠂ ᠭᠡᠷᠡᠭ ᠰᠢᠳᠭᠡᠬᠦ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠵᠦᠢ ᠶᠣᠰᠤᠨ ᠤ ᠰᠢᠯᠭᠠᠨ ᠬᠢᠨᠠᠵᠤ ᠤᠷᠮᠠᠰᠢᠭᠤᠯᠬᠤ ᠲᠣᠭᠲᠠᠴᠠ ᠶᠢ ᠴᠢᠷᠮᠠᠶᠢᠨ ᠪᠦᠷᠢᠯᠳᠦᠭᠦᠯᠵᠦ᠂ ᠪᠠᠶᠢᠴᠠᠭᠠᠬᠤ ᠠᠵᠢᠯᠲᠠᠨ ᠤ ᠬᠠᠤᠯᠢ ᠶᠣᠰᠤᠭᠠᠷ᠂ ᠳᠦᠷᠢᠮᠵᠢᠭᠦᠨ᠂ ᠪᠣᠯᠪᠠᠰᠤᠨ ᠢᠶᠠᠷ ᠬᠡᠷᠡᠭ ᠰᠢᠳᠭᠡᠬᠦ ᠶᠢ ᠵᠣᠷᠢᠬᠵᠢᠭᠤᠯᠪᠠ᠃

    ᠵᠢᠷᠭᠤᠭ᠎ᠠ᠂ ︽ᠲᠠᠪᠤᠨ ᠳᠡᠯ᠎ᠠ ᠪᠠᠷ ᠴᠠᠭᠠᠷᠠᠵᠤ ᠬᠠᠲᠠᠭᠤᠵᠢᠬᠤ︾ ᠶᠢ ᠪᠠᠷᠢᠮᠲᠠᠯᠠᠵᠤ᠂ ᠥᠨᠳᠦᠷ ᠬᠡᠪ ᠴᠢᠨᠠᠷ ᠲᠠᠢ ᠪᠠᠶᠢᠴᠠᠭᠠᠬᠤ ᠡᠩᠨᠡᠭᠡ ᠶᠢ ᠪᠦᠲᠦᠭᠡᠨ ᠪᠠᠶᠢᠭᠤᠯᠬᠤ ᠶᠢ ᠶᠡᠭᠡ ᠪᠠᠷ ᠴᠢᠩᠭᠠᠳᠬᠠᠪᠠ

    ᠤᠯᠤᠰ ᠲᠦᠷᠦ᠂ ᠲᠤᠬᠠᠶᠢᠯᠠᠭᠰᠠᠨ ᠠᠵᠢᠯ᠂ ᠬᠠᠷᠢᠭᠤᠴᠠᠯᠭ᠎ᠠ᠂ ᠰᠠᠬᠢᠯᠭ᠎ᠠ ᠪᠠᠲᠤ ᠪᠠ ᠤᠪᠤᠷ ᠰᠤᠷᠲᠠᠯ ᠤᠨ ᠲᠠᠯ᠎ᠠ ᠪᠠᠷ ᠴᠠᠭᠠᠷᠠᠵᠤ ᠬᠠᠲᠠᠭᠤᠵᠢᠭᠰᠠᠨ ᠪᠠᠶᠢᠬᠤ ᠪᠠᠷ ᠱᠠᠭᠠᠷᠳᠠᠯᠭ᠎ᠠ ᠪᠣᠯᠭᠠᠵᠤ᠂ ᠢᠲᠡᠭᠡᠯ ᠵᠤᠷᠢᠭ ᠡᠷᠡᠰ ᠪᠠᠲᠤ᠂ ᠠᠷᠠᠳ ᠤᠨ ᠲᠦᠯᠦᠭᠡ ᠬᠠᠤᠯᠢ ᠬᠡᠷᠡᠭᠵᠢᠭᠦᠯᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠦᠪ ᠭᠤᠣᠯᠴᠢ ᠠᠷᠢᠭᠤᠨ ᠴᠢᠭᠡᠴᠢ ᠦᠨᠳᠦᠷ ᠭᠡᠪ ᠴᠢᠨᠠᠷ ᠲᠠᠢ ᠪᠠᠶᠢᠴᠠᠭᠠᠬᠤ ᠡᠩᠨᠡᠭᠡ ᠶᠢ ᠴᠢᠷᠮᠠᠶᠢᠨ ᠪᠦᠲᠦᠭᠡᠨ ᠪᠠᠶᠢᠭᠤᠯᠪᠠ᠃

    ᠵᠦᠪ ᠣᠨᠣᠪᠴᠢᠲᠠᠢ ᠣᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠳᠡᠳ᠋ ᠲᠢᠩᠬᠢᠮ ᠠᠴᠠ ᠳᠡᠭᠡᠭᠰᠢᠬᠢ ᠺᠠᠳ᠋ᠷ ᠢ ᠵᠣᠬᠢᠶᠠᠨ ᠪᠠᠶᠢᠭᠤᠯᠵᠤ ᠠᠶᠢᠮᠠᠭ ᠬᠤᠲᠠ ᠳᠤ ᠬᠦᠷᠴᠦ ᠲᠣᠭᠤᠷᠢᠨ ᠶᠠᠷᠢᠶ᠎ᠠ ᠢᠯᠡᠳᠭᠡᠯ ᠬᠢᠯᠭᠡᠵᠦ᠂ ᠳᠦᠷᠪᠡᠳᠦᠭᠡᠷ ᠪᠦᠭᠦᠳᠡ ᠬᠤᠷᠠᠯᠳᠤᠭᠠᠨ ᠤ ᠵᠣᠷᠢᠭ ᠰᠠᠨᠠᠭᠠᠨ ᠤ ᠳᠤᠬᠠᠢ ᠪᠦᠬᠦ ᠠᠵᠢᠯᠲᠠᠨ ᠤ ᠪᠣᠯᠪᠠᠰᠤᠷᠠᠯ ᠢ ᠦᠷᠨᠢᠭᠦᠯᠪᠡ᠃ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠲᠦ ᠬᠦᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠵᠦ᠂ ᠰᠠᠬᠢᠯᠭ᠎ᠠ ᠪᠠᠲᠤ ᠶᠢ ᠴᠢᠩᠭᠠᠯᠠᠨ ᠶᠣᠰᠤ ᠳᠦᠷᠢᠮ ᠢ ᠰᠠᠬᠢᠵᠤ᠂ ᠤᠪᠤᠷ ᠰᠤᠷᠲᠠᠯ ᠢᠶᠠᠨ ᠬᠤᠪᠢᠷᠠᠭᠤᠯᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠳᠠᠳᠤ ᠠᠵᠢᠯᠯᠠᠭ᠎ᠠ ᠶᠢ ᠴᠢᠬᠤᠯᠠᠴᠢᠯᠠᠨ ᠳᠦᠷᠢ ᠳᠦᠷᠬᠦ ᠶᠢ ᠪᠣᠢ ᠪᠤᠯᠭᠠᠨ᠂ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠣᠪᠤᠷ ᠰᠤᠷᠲᠠᠯ ᠪᠠ ᠡᠩᠨᠡᠭᠡᠨ ᠤ ᠵᠤᠷᠢᠭ ᠰᠠᠨᠠᠭᠠᠨ ᠤ ᠳᠦᠷᠰᠦ ᠪᠠᠶᠢᠳᠠᠯ ᠢᠯᠡᠷᠭᠡᠢ ᠰᠠᠶᠢᠵᠢᠷᠠᠪᠠ᠃ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠵᠤ᠂ ᠲᠠᠯ᠎ᠠ ᠨᠤᠲᠤᠭ ᠲᠤ ᠦᠨᠳᠦᠰᠦᠯᠡᠵᠦ᠂ ᠨᠢᠭᠡ ᠰᠡᠳᠭᠢᠯ ᠢᠶᠠᠷ ᠠᠷᠠᠳ ᠤᠨ ᠲᠦᠯᠦᠭᠡ ᠵᠢᠳᠭᠦᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠬᠠᠤᠯᠢ ᠴᠠᠭᠠᠵᠠ ᠶᠢ ᠭᠤᠣᠯᠴᠢ ᠪᠠᠷ ᠬᠡᠷᠡᠭᠵᠢᠭᠦᠯᠦᠭᠰᠡᠨ ᠪᠠᠶᠢᠴᠠᠭᠠᠬᠤ ᠲᠤᠰᠢᠶᠠᠯᠲᠠᠨ ᠫᠠᠨ ᡁᠢ ᠷᠦᠩ ᠰᠢᠯᠢᠭᠳᠡᠨ ᠴᠤᠯᠭᠤᠷᠠᠭᠰᠠᠨ ᠪᠠᠶᠢᠨ᠎ᠠ᠃ ᠨᠢᠭᠡᠨᠲᠡ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠪᠦᠬᠦ ᠤᠯᠤᠰ ᠤᠨ ᠵᠢᠱᠢᠶᠡᠴᠢ ᠪᠠᠶᠢᠴᠠᠭᠠᠬᠤ ᠲᠤᠰᠢᠶᠠᠯᠲᠠᠨ︾ ᠤ ᠵᠢᠱᠢᠭᠰᠡᠨ ᠴᠤᠯᠠ ᠣᠯᠭᠤᠬᠤ ᠬᠢᠨᠠᠨ ᠰᠢᠯᠭᠠᠯᠲᠠ ᠶᠢ ᠲᠤᠭᠤᠯᠪᠠ᠃ ᠡᠨᠡ ᠪᠣᠯ ᠮᠠᠨ ᠤ ᠣᠷᠤᠨ ᠤ ᠪᠠᠶᠢᠴᠠᠭᠠᠬᠤ ᠪᠠᠶᠢᠭᠤᠯᠭ᠎ᠠ ᠠᠴᠠ ᠢᠯᠡᠷᠡᠨ ᠭᠠᠷᠤᠭᠰᠠᠨ ᠪᠦᠬᠦ ᠤᠯᠤᠰ ᠤᠨ ᠴᠢᠬᠤᠯᠠ ᠶᠡᠭᠡ ᠲᠡᠷᠢᠭᠦᠨ ᠤ ᠨᠡᠶᠢᠲᠡᠯᠢᠭ ᠵᠢᠱᠢᠶ᠎ᠡ ᠪᠣᠯᠬᠤ ᠵᠠᠩ ᠵᠠᠩ ᠪᠣᠣ ᠶᠢᠨ ᠳᠠᠷᠠᠭᠠᠬᠢ ᠪᠠᠰᠠ ᠨᠢᠭᠡᠨ ᠣᠨᠴᠠᠭᠠᠢ ᠲᠣᠪᠤᠶᠢᠮ᠎ᠠ ᠲᠡᠷᠢᠭᠦᠨ ᠤ ᠨᠡᠶᠢᠲᠡᠯᠢᠭ ᠵᠢᠱᠢᠶ᠎ᠡ ᠪᠣᠯᠤᠨ᠎ᠠ᠃ ᠪᠦᠬᠦ ᠵᠢᠯ ᠳᠤ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠠᠴᠠ 75 ᠲᠡᠷᠢᠭᠦᠨ ᠤ ᠬᠠᠮᠲᠤ᠂ 207 ᠲᠡᠷᠢᠭᠦᠨ ᠤ ᠬᠤᠪᠢ ᠬᠦᠮᠦᠨ ᠢ ᠬᠦᠬᠢᠭᠦᠯᠵᠦ᠂ ᠪᠠᠶᠢᠴᠠᠭᠠᠬᠤ ᠡᠩᠨᠡᠭᠡᠨ ᠤ ᠢᠳᠡᠪᠬᠢ ᠬᠦᠴᠦᠨ ᠢ ᠤᠷᠮᠠᠰᠢᠭᠤᠯᠪᠠ᠃ ᠪᠣᠯᠪᠠᠰᠤᠷᠠᠯ ᠢ ᠴᠢᠩᠭᠠᠳᠬᠠᠵᠤ᠂ ᠲᠤᠰᠢᠶᠠᠯ ᠤᠨ ᠶᠠᠯᠠᠲᠤ ᠬᠡᠷᠡᠭ ᠢ ᠲᠣᠷᠰᠢᠨ ᠪᠠᠶᠢᠴᠠᠭᠠᠬᠤ ᠵᠡᠷᠭᠡ ᠡᠯ᠎ᠠ ᠰᠠᠯᠠᠭ᠎ᠠ ᠮᠥᠴᠢᠷ ᠲᠦᠷᠦᠯ ᠵᠦᠢᠯ ᠤᠨ ᠦᠢᠯᠡᠳᠦᠯᠭᠡ ᠳᠤ ᠣᠷᠤᠯᠴᠠᠨ ᠳᠠᠪᠲᠠᠭᠳᠠᠨ ᠪᠣᠯᠪᠠᠰᠤᠷᠠᠬᠤ ᠪᠣᠯᠪᠠᠰᠤᠷᠠᠯ ᠤᠨ ᠠᠩᠬᠢ ᠶᠢ 24 ᠬᠤᠭᠤᠴᠠᠭ᠎ᠠ ᠡᠷᠬᠢᠯᠡᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠢ 3825 ᠬᠦᠮᠦᠨ ᠤᠳᠠᠭ᠎ᠠ ᠪᠣᠯᠪᠠᠰᠤᠷᠠᠭᠤᠯᠪᠠ᠃ ᠮᠠᠨ ᠤ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ︽ᠬᠡᠷᠡᠭ ᠢ ᠶᠠᠭᠠᠬᠢᠵᠤ ᠰᠢᠳᠭᠡᠪᠡᠯ᠂ ᠴᠡᠷᠢᠭ ᠢ ᠶᠠᠭᠠᠬᠢᠵᠤ ᠪᠣᠯᠪᠠᠰᠤᠷᠠᠭᠤᠯᠤᠨ᠎ᠠ︾ ᠭᠡᠬᠦ ᠪᠣᠯᠪᠠᠰᠤᠷᠠᠯ ᠤᠨ ᠬᠡᠪ ᠵᠠᠭᠪᠤᠷ ᠢ ᠼᠣᠣ ᠵᠢᠶᠠᠨ ᠮᠢᠩ ᠪᠠᠶᠢᠴᠠᠭᠠᠬᠤ ᠳᠠᠷᠤᠭ᠎ᠠ ᠴᠣᠬᠤᠯᠠᠪᠤᠷᠢᠯᠠᠨ ᠨᠣᠲᠠᠯᠠᠭᠰᠠᠨ ᠪᠢᠯᠡ᠃    

    ᠰᠠᠬᠢᠯᠭ᠎ᠠ ᠪᠠᠲᠤ ᠣᠪᠤᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠶᠢᠨ ᠪᠦᠭᠡᠳ ᠨᠠᠷᠢᠯᠢᠬ ᠠᠳᠬᠤᠪᠠ᠃ ︽ᠬᠤᠣᠰ ᠬᠠᠷᠢᠭᠤᠴᠠᠯᠭ᠎ᠠ︾ ᠶᠢ ᠨᠠᠶᠢᠲᠠᠪᠤᠷᠢᠵᠢᠭᠤᠯᠬᠤ ᠳᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠬᠦᠴᠦᠲᠡᠢ ᠠᠳᠬᠤᠪᠠ᠃ ᠪᠣᠳᠠᠲᠠᠢ ᠦᠷ᠎ᠡ ᠪᠦᠲᠦᠮᠵᠢ ᠶᠢ ᠰᠢᠯᠭᠠᠨ ᠦᠨᠡᠯᠡᠬᠦ᠂ ᠲᠤᠰᠢᠶᠠᠯ ᠤᠨ ᠲᠣᠭᠠᠴᠢᠯᠲᠠ ᠠᠷᠢᠭᠤᠨ ᠴᠢᠭᠡᠴᠢ ᠶᠢᠨ ᠲᠣᠭᠠᠴᠢᠯᠲᠠ ᠬᠢᠬᠦ᠂ ᠲᠣᠭᠤᠷᠢᠨ ᠪᠠᠶᠢᠴᠠᠭᠠᠬᠤ ᠶᠢ ᠦᠷᠨᠢᠭᠦᠯᠬᠦ᠂ ᠳᠣᠣᠷᠠᠳᠤ ᠱᠠᠲᠤᠨ ᠤ ᠬᠤᠷᠢᠶᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠤ ᠬᠦᠮᠦᠨ ᠲᠣᠮᠢᠯᠠᠨ ᠣᠷᠤᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠵᠤ᠂ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠤᠳᠤᠷᠢᠳᠬᠤ ᠺᠠᠳ᠋ᠷ ᠣᠨᠴᠠᠭᠠᠶᠢᠯᠠᠨ ︽ᠨᠢᠭᠡᠳᠦᠭᠡᠷ ᠭᠠᠷ︾ ᠲᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃ ᠪᠠᠶᠢᠩᠭᠤᠵᠢᠭᠰᠠᠨ ᠪᠠᠶᠢᠴᠠᠭᠠᠬᠤ ᠶᠠᠪᠤᠳᠠᠯ ᠤᠨ ᠱᠠᠭᠠᠷᠳᠠᠨ ᠪᠠᠶᠢᠴᠠᠭᠠᠯᠲᠠ ᠶᠢ ᠥᠷᠭᠦᠯᠵᠢ ᠦᠷᠨᠢᠭᠦᠯᠵᠦ᠂ ᠬᠠᠤᠯᠢ ᠪᠠᠷᠢᠬᠤ ᠣᠪᠤᠷ ᠰᠤᠷᠲᠠᠯ ᠤᠨ ᠪᠠᠶᠢᠭᠤᠯᠤᠯᠲᠠ ᠶᠢ ᠳᠦᠯᠬᠢᠨ ᠠᠬᠢᠭᠤᠯᠪᠠ᠃ ᠰᠠᠬᠢᠯᠭ᠎ᠠ ᠪᠠᠳᠤ ᠶᠢᠨ ᠬᠡᠷᠡᠭᠵᠢᠬᠦᠯᠤᠯᠳᠠ ᠳᠤ ᠬᠢᠨᠠᠯᠳᠠ ᠳᠡᠯᠪᠢᠬᠤ ︽ᠳᠦᠷᠪᠡᠨ ᠵᠦᠢᠯ ᠤᠨ ᠬᠡᠪ ᠪᠠᠶᠢᠳᠠᠯ︾ ᠢ ᠬᠡᠷᠡᠭᠯᠡᠵᠦ᠂ ᠰᠠᠬᠢᠯᠭ᠎ᠠ ᠪᠠᠲᠤ ᠪᠠ ᠶᠣᠰᠤ ᠳᠦᠷᠢᠮ ᠢ ᠡᠮᠦᠨᠠᠬᠦᠷ ᠪᠠᠶᠢᠯᠭᠠᠵᠤ᠂ ᠪᠠᠶᠢᠴᠠᠭᠠᠬᠤ ᠪᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠳᠦᠯᠬᠢᠨ ᠠᠬᠢᠭᠤᠯᠪᠠ᠃ ᠪᠦᠬᠦ ᠵᠢᠯ ᠳᠤ 28 ᠪᠠᠶᠢᠴᠠᠭᠠᠬᠤ ᠠᠵᠢᠯᠲᠠᠨ ᠢ ᠪᠠᠶᠢᠴᠠᠭᠠᠨ ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 27.3% ᠪᠠᠷ ᠳᠡᠭᠡᠭᠰᠢᠯᠡᠪᠡ᠃ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠮᠡᠳᠡᠭᠡᠯᠡᠵᠦ᠂ ᠪᠠᠶᠢᠴᠠᠭᠠᠬᠤ ᠠᠵᠢᠯᠳᠠᠨ ᠢ ᠰᠡᠷᠡᠮᠵᠢᠯᠡᠭᠦᠯᠦᠨ ᠬᠦᠮᠦᠵᠢᠭᠦᠯᠪᠡ᠃    

    ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠳᠦᠯᠬᠢᠨ ᠠᠬᠢᠭᠤᠯᠪᠠ᠃ ᠪᠦᠬᠦ ᠤᠯᠤᠰ ᠲᠤ ᠬᠠᠮᠤᠭ ᠤᠨ ᠲᠡᠷᠢᠭᠦᠨ ᠳᠤ ᠦᠨᠳᠦᠰᠦᠨ ᠱᠠᠲᠤᠨ ᠤ ᠪᠠᠶᠢᠴᠭᠠᠬᠤ ᠬᠤᠷᠢᠶᠠᠨ ᠤ ︽ᠨᠠᠢᠮᠠᠴᠢᠯᠠᠭᠰᠠᠨ︾ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠷᠢᠶ᠎ᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠦ᠂ 16 ᠵᠢᠱᠢᠶ᠎ᠡ ᠦᠵᠡᠭᠦᠯᠬᠦ ᠬᠤᠷᠢᠶ᠎ᠠ ᠶᠢ ᠰᠢᠯᠭᠠᠷᠠᠭᠤᠯᠤᠨ ᠭᠠᠷᠭᠠᠭᠠᠳ᠂ ᠪᠦᠬᠦ ᠣᠷᠤᠨ ᠤ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠷᠢ ᠳᠥᠪᠰᠢᠨ ᠢ ᠳᠡᠬᠡᠭᠰᠢᠯᠡᠬᠦᠯᠪᠠ᠃ ︽ᠲᠠᠪᠤ ᠶᠢ ᠨᠢᠭᠡᠲᠦᠯᠲᠡᠢ ᠪᠠᠶᠢᠯᠭᠠᠬᠤ︾ ᠪᠠᠷ ᠪᠠᠶᠢᠴᠠᠭᠠᠬᠤ ᠲᠠᠰᠤᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠭᠡᠯ ᠠᠷᠠᠳ ᠤᠨ ᠳᠡᠷᠬᠡᠳᠠᠬᠢ ᠪᠠᠶᠢᠴᠠᠭᠠᠬᠤ ᠬᠤᠷᠢᠶ᠎ᠠ ᠶᠢ ᠪᠠᠶᠢᠭᠤᠯᠵᠠᠢ᠃ ᠪᠦᠬᠦ ᠣᠷᠤᠨ ᠳᠤ ᠨᠢᠭᠡᠨᠲᠡ 339 ᠪᠠᠶᠢᠴᠠᠭᠠᠬᠤ ᠲᠠᠰᠤᠭ᠂ 366 ᠠᠵᠢᠯ ᠤᠨ ᠥᠷᠲᠡᠭᠡ ᠪᠠᠶᠢᠭᠤᠯᠵᠤ᠂ ᠠᠵᠢᠯ ᠤᠨ ᠬᠡᠪᠴᠢᠶ᠎ᠡ 92.7% ᠰᠢᠶᠠᠩ ᠪᠠᠯᠭᠠᠰᠤ ᠰᠣᠮᠤ ᠶᠢ ᠬᠠᠮᠤᠷᠴᠠᠢ᠃ ᠪᠠᠶᠢᠴᠠᠭᠠᠬᠤ ᠲᠠᠰᠤᠭ ᠲᠤ ᠠᠷᠠᠳ ᠲᠤ ᠳᠦᠭᠦᠮ ᠦᠵᠡᠭᠦᠯᠬᠦ ᠲᠡᠮᠲᠡᠷᠢᠭᠦᠯ ᠳᠡᠯᠭᠡᠴᠡ ᠶᠢ ᠨᠡᠶᠢᠲᠡᠮ ᠪᠠᠶᠢᠷᠢᠯᠠᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠂ ᠠᠷᠠᠳ ᠲᠤ ᠬᠠᠷᠠᠭᠠᠯᠵᠠᠯ ᠦᠵᠡᠭᠦᠯᠬᠦ ᠲᠦᠷᠦ ᠶᠢᠨ ᠪᠣᠳᠤᠯᠭ᠎ᠠ ᠶᠢ ᠤᠬᠠᠭᠤᠯᠵᠤ᠂ ᠪᠡᠯᠡ ᠮᠦᠩᠬᠦ ᠬᠡᠷᠡᠭᠯᠡᠵᠦ ᠲᠠᠷᠬᠠᠭᠠᠭᠰᠠᠨ ᠪᠠᠶᠢᠳᠠᠯ ᠢ ᠵᠠᠷᠯᠠᠵᠤ᠂ ᠥᠷᠭᠡᠨ ᠣᠯᠠᠨ ᠲᠦᠮᠡᠨ ᠤ ︽ᠲᠣᠪᠴᠢᠳᠠᠭᠰᠠᠨ ᠰᠠᠶᠢᠰᠢᠶᠠᠯ︾ ᠢ ᠬᠦᠷᠲᠡᠪᠡ᠃

    ᠲᠦᠯᠦᠭᠡᠯᠡᠭᠴᠢᠳ ᠡ᠂ ᠪᠠᠶᠢᠴᠠᠭᠠᠬᠤ ᠡᠷᠭᠡ ᠪᠤᠯ ᠠᠷᠠᠳ ᠲᠦᠮᠡᠨ ᠠᠴᠠ ᠤᠯᠭᠤᠭᠰᠠᠨ ᠪᠣᠯᠬᠤᠷ ᠡᠷᠭᠡᠪᠰᠢ ᠬᠢᠨᠠᠯᠳᠠ ᠶᠢ ᠬᠦᠯᠢᠶᠡᠬᠦ ᠬᠡᠷᠡᠭᠳᠡᠢ᠃ ᠪᠢᠳᠡ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠲᠤᠰᠬᠠᠢ ᠰᠡᠳᠤᠪᠳᠤ ᠪᠠᠶᠢᠴᠠᠭᠠᠨ ᠰᠤᠳᠤᠯᠤᠯᠳᠠ ᠪᠠ ᠬᠠᠦᠯᠢ ᠬᠡᠷᠡᠭᠵᠢᠬᠦᠯᠬᠦ ᠪᠠᠶᠢᠴᠠᠭᠠᠯᠳᠠ ᠶᠢ ᠢᠳᠡᠪᠬᠢᠳᠡᠢ ᠬᠠᠮᠵᠢᠯᠴᠠᠨ ᠦᠷᠨᠢᠬᠦᠯᠦᠨ᠎ᠡ᠃ ᠨᠢᠳᠦᠨᠦᠨ ᠤ 11 ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠦᠯᠢ ᠪᠠᠷᠢᠬᠤ ᠦᠢᠯᠡ ᠠᠵᠢᠯᠯᠠᠭ᠎ᠠ ᠶᠢ ᠲᠦᠷᠢᠮᠵᠢᠬᠦᠯᠦᠭᠰᠡᠨ ᠪᠠᠶᠢᠳᠠᠯ ᠢ ᠮᠡᠳᠡᠭᠦᠯᠪᠡ᠃ ᠤᠳᠤᠷᠢᠳᠬᠤ ᠪᠠᠭ ᠤᠨ ᠪᠦᠷᠢᠯᠳᠦᠭᠦᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠠᠢ ᠰᠢᠭᠤᠳ ᠬᠠᠷᠢᠯᠴᠠᠬᠤ ᠳᠥᠷᠢᠮ ᠢ ᠨᠠᠶᠢᠳᠠᠪᠤᠷᠢᠵᠢᠭᠤᠯᠵᠦ᠂ 339 ᠲᠦᠯᠦᠭᠡᠯᠡᠭᠴᠢ ᠶᠢ ᠰᠤᠷᠪᠤᠯᠵᠢᠯᠠᠵᠦ᠂ 269 ᠬᠦᠮᠦᠨ ︵ᠤᠳᠠᠭ᠎ᠠ︶ ᠢ ᠤᠷᠢᠨ ᠪᠠᠶᠢᠴᠠᠭᠠᠬᠤ ᠠᠵᠢᠯ ᠢ ᠪᠠᠶᠢᠴᠠᠭᠠᠨ ᠦᠵᠡᠬᠦᠯᠵᠦ᠂ ᠲᠦᠯᠦᠭᠡᠯᠡᠭᠴᠢ᠂ ᠬᠡᠰᠢᠭᠦᠳ ᠤᠨ ᠲᠤᠷᠠᠳᠤᠭᠰᠠᠨ 2 ᠰᠠᠨᠠᠯ ᠵᠦᠪᠯᠡᠯᠭᠡ ᠲᠤᠷᠠᠳᠤᠯᠭ᠎ᠠ᠂ 45 ᠵᠤᠷᠪᠤᠰ ᠰᠠᠨᠠᠯ ᠰᠠᠨᠠᠭᠤᠯᠭ᠎ᠠ ᠶᠢ ᠨᠢᠭᠡ ᠨᠢᠭᠡ ᠪᠠᠷ ᠱᠠᠭᠠᠷᠳᠠᠨ ᠰᠢᠢᠳᠪᠤᠷᠢᠯᠡᠵᠦ ᠨᠠᠶᠢᠳᠠᠪᠤᠷᠢᠵᠢᠭᠤᠯᠪᠠ᠃ ᠳᠤᠤᠷ ᠰᠦᠯᠵᠢᠶ᠎ᠠ ᠪᠡ ᠸᠢᠴᠠᠲ ᠳᠡᠪᠴᠡᠩ ᠢᠶᠠᠷ ᠬᠠᠷᠢᠯᠴᠠᠨ ᠦᠢᠯᠡᠳᠦᠯᠴᠡᠬᠦ ᠶᠢ ᠨᠡᠪᠳᠡᠷᠡᠬᠦᠯᠵᠦ᠂ ᠰᠠᠨᠠᠯ ᠰᠠᠨᠠᠭᠤᠯᠭ᠎ᠠ ᠶᠢ ᠨᠡᠩ ᠴᠠᠭ ᠳᠤᠬᠠᠢ ᠳᠤᠨᠢ ᠰᠤᠨᠤᠰᠬᠤ ᠪᠤᠯᠭᠠᠪᠠ᠃ ᠰᠢᠬᠦᠬᠦ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠪᠠ ᠬᠠᠦᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠵᠠᠭᠠᠷᠯᠠᠯ ᠢ ᠬᠠᠦᠯᠢ ᠶᠤᠰᠤᠭᠠᠷ ᠬᠦᠯᠢᠶᠡᠵᠦ᠂ ᠬᠠᠦᠯᠢ ᠪᠠᠷᠢᠯᠲᠠ ᠶᠢᠨ ᠲᠦᠪ ᠭᠤᠤᠯᠴᠢ ᠶᠢ ᠬᠠᠮᠳᠤᠪᠠᠷ ᠬᠠᠮᠠᠭᠠᠯᠠᠪᠠ᠃ ︽ᠬᠠᠦᠯᠢ ᠪᠠᠷᠢᠬᠤ ᠦᠢᠯᠡ ᠠᠵᠢᠯᠯᠠᠭ᠎ᠠ ᠶᠢ ᠲᠦᠷᠢᠮᠵᠢᠬᠦᠯᠵᠦ᠂ ᠬᠠᠤᠯᠢ ᠪᠠᠷᠢᠬᠤ ᠶᠢᠨ ᠢᠲᠡᠭᠡᠮᠵᠢᠯᠡᠯ ᠢ ᠲᠡᠭᠡᠭᠰᠢᠯᠡᠬᠦᠯᠬᠦ︾ ᠪᠠᠷ ᠭᠤᠤᠯ ᠰᠡᠳᠤᠪ ᠪᠤᠯᠭᠠᠵᠦ᠂ ︽ᠪᠠᠶᠢᠴᠠᠭᠠᠬᠤ ᠨᠡᠬᠡᠬᠡᠯᠳᠡ ᠶᠢᠨ ᠡᠳᠦᠷ︾ ᠤᠨ ᠠᠵᠢᠯᠯᠠᠭ᠎ᠠ ᠶᠢ ᠦᠷᠨᠢᠬᠦᠯᠵᠦ᠂ ᠨᠡᠶᠢᠭᠡᠮ ᠤᠨ ᠡᠯ᠎ᠡ ᠡᠳᠡᠭᠡᠳ ᠤᠨ ᠲᠦᠯᠦᠭᠡᠯᠡᠭᠴᠢᠳ ᠢ ᠤᠷᠢᠨ ᠦᠵᠡᠬᠦᠯᠭᠡ ᠶᠠᠪᠤᠭᠤᠯᠤᠨ ᠥᠨᠠᠯᠠᠨ ᠶᠠᠷᠢᠯᠴᠠᠭᠤᠯᠵᠤ᠂ ᠪᠠᠶᠢᠴᠠᠭᠠᠬᠤ ᠠᠵᠢᠯ ᠳᠤ ᠲᠤᠷᠰᠢᠨ ᠤᠷᠤᠯᠴᠠᠭᠤᠯᠵᠦ᠂ ᠬᠢᠨᠠᠯᠳᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠠ᠃ ᠵᠠᠭᠤᠴᠢᠯᠠᠭᠤᠷ ᠲᠠᠢ ᠬᠠᠷᠢᠯᠴᠠᠭ᠎ᠠ ᠪᠠᠨ ᠴᠢᠩᠭᠠᠳᠬᠠᠵᠦ᠂ ᠪᠠᠶᠢᠴᠠᠭᠠᠬᠤ ᠲᠠᠢ ᠬᠤᠯᠪᠤᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠤᠰᠬᠠᠭᠰᠠᠨ ᠠᠰᠠᠭᠤᠳᠠᠯ ᠢ ᠴᠠᠭ ᠳᠤᠬᠠᠢ ᠳᠤᠨᠢ ᠬᠠᠷᠭᠤᠭᠤᠯᠤᠨ ᠪᠠᠶᠢᠴᠠᠭᠠᠵᠦ ᠰᠢᠢᠳᠪᠤᠷᠢᠯᠡᠪᠡ᠃ ᠪᠠᠶᠢᠴᠠᠭᠠᠬᠤ ᠰᠤᠨᠢᠨ ᠮᠡᠳᠡᠭᠡᠨ ᠤ ᠨᠡᠶᠢᠲᠡᠯᠡᠯ ᠤᠨ ᠬᠡᠪ ᠤᠨ ᠪᠠᠶᠢᠳᠠᠯᠴᠢᠯᠠᠯᠳᠠ ᠶᠢ ᠢᠳᠡᠪᠬᠢᠳᠡᠢ ᠲᠦᠯᠬᠢᠨ ᠠᠬᠢᠭᠤᠯᠵᠦ᠂ ᠪᠦᠬᠦ ᠤᠷᠤᠨ ᠤ ᠭᠤᠷᠪᠠᠨ ᠱᠠᠳᠤᠨ ᠤ ᠬᠤᠷᠢᠶ᠎ᠠ ᠴᠦᠮ ᠠᠯᠪᠠᠨ ᠤ ᠪᠢᠴᠢᠯ ᠪᠦᠷᠭᠡ᠂ ᠸᠢᠴᠠᠲ ᠪᠠ ᠰᠤᠨᠢᠨ ᠮᠡᠳᠡᠭᠡᠨ ᠤ ᠰᠢᠯᠵᠢᠶ᠎ᠠ ᠶᠢ ᠨᠡᠪᠳᠡᠷᠡᠭᠦᠯᠪᠡ᠃ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠰᠢᠨ᠎ᠡ ᠵᠠᠭᠤᠴᠢᠯᠠᠭᠤᠷ ᠢᠶᠠᠷ ᠲᠠᠮᠵᠢᠭᠤᠯᠤᠨ 8000 ᠭᠠᠷᠤᠢ ᠵᠤᠷᠪᠤᠰ ᠮᠡᠳᠡᠭᠡ ᠵᠠᠩᠬᠢ ᠨᠡᠶᠢᠳᠡᠯᠡᠵᠦ᠂ 600 ᠭᠠᠷᠦᠢ ᠤᠳᠠᠭ᠎ᠠ ᠬᠠᠦᠯᠢ ᠴᠠᠭᠠᠵᠠ ᠶᠢᠨ ᠵᠦᠪᠯᠡᠮᠵᠢ ᠬᠠᠩᠭᠠᠪᠠ᠃

    ᠨᠢᠭᠡ ᠵᠢᠯ ᠤᠨ ᠲᠤᠷᠰᠢ᠂ ᠪᠠᠶᠢᠴᠠᠭᠠᠬᠤ ᠠᠵᠢᠯ ᠤᠨ ᠤᠯᠤᠭᠰᠠᠨ ᠦᠷ᠎ᠡ ᠪᠦᠳᠦᠮᠵᠢ ᠨᠢ ᠡᠯ᠎ᠡ ᠱᠠᠳᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠬᠦᠴᠦᠳᠠᠢ ᠬᠢᠨᠠᠯᠳᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠵᠢᠴᠢ ᠨᠡᠶᠢᠭᠡᠮ ᠤᠨ ᠡᠯ᠎ᠠ ᠡᠳᠡᠭᠡᠳ ᠤᠨ ᠬᠦᠴᠦᠳᠠᠢ ᠲᠡᠮᠵᠢᠯᠭᠡ ᠠᠴᠠ ᠰᠠᠯᠵᠦ ᠴᠢᠳᠠᠬᠤ ᠦᠭᠡᠢ ᠶᠤᠮ᠃ ᠲᠦᠯᠦᠭᠡᠯᠡᠭᠴᠢᠳ᠂ ᠬᠡᠰᠢᠬᠦᠤᠨ ᠠᠴᠠ ᠪᠠᠶᠢᠴᠠᠭᠠᠬᠤ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠪᠠᠶᠢᠴᠠᠭᠠᠬᠤ ᠠᠵᠢᠯ ᠪᠠ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠬᠤ ᠶᠢ ᠢᠳᠡᠪᠬᠢᠳᠡᠢ ᠤᠷᠢᠶᠠᠯᠠᠨ᠂ ᠰᠠᠨᠠᠯ ᠲᠤᠷᠠᠳᠤᠨ ᠠᠷᠭ᠎ᠠ ᠰᠦᠪᠡᠭᠴᠢᠯᠡᠵᠦ᠂ ᠪᠢᠳᠡᠨ ᠳᠤ ᠲᠤᠩ ᠶᠡᠭᠡ ᠵᠤᠷᠢᠬᠵᠢᠭᠤᠯᠤᠯ ᠦᠭᠪᠡ᠃ ᠠᠳᠡ ᠪᠢ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠡᠮᠦᠨ᠎ᠡ ᠠᠴᠠ ᠴᠢᠩ ᠰᠡᠳᠬᠢᠯ ᠤᠨ ᠬᠦᠨᠳᠤᠳᠭᠡᠯ ᠪᠠ ᠬᠦᠨ ᠲᠠᠯᠠᠷᠬᠠᠯ ᠢᠶᠠᠨ ᠲᠡᠪᠰᠢᠬᠦᠯᠦᠶ᠎ᠡ︕

    ᠪᠢᠳᠠ ᠪᠠᠶᠢᠴᠠᠭᠠᠬᠤ ᠠᠵᠢᠯ ᠳᠤ ᠮᠦᠨ ᠪᠠᠭ᠎ᠠ ᠪᠤᠰᠤ ᠠᠰᠠᠭᠤᠳᠠᠯ ᠤᠷᠤᠰᠢᠵᠦ ᠪᠠᠶᠢᠬᠤ ᠶᠢ ᠰᠡᠷᠭᠡᠭ ᠢᠶᠠᠷ ᠲᠠᠨᠢᠵᠦ ᠣᠯᠤᠭᠰᠠᠨ ᠪᠠᠶᠢᠨ᠎ᠠ᠃ ᠡᠬᠦᠨ ᠳᠤ ᠭᠤᠤᠯᠳᠠᠭᠤ᠄ ᠨᠢᠭᠡ ᠳᠤ ᠰᠢᠨ᠎ᠡ ᠪᠠᠶᠢᠳᠠᠯ ᠪᠠ ᠡᠬᠦᠷᠭᠡ ᠶᠢᠨ ᠡᠮᠦᠨ᠎ᠡ᠂ ᠪᠠᠶᠢᠴᠠᠭᠠᠬᠤ ᠠᠵᠢᠯᠳᠠᠨ ᠤ ᠬᠠᠦᠯᠢ ᠪᠠᠷ ᠵᠠᠰᠠᠬᠤ ᠰᠡᠳᠬᠢᠴᠡ ᠪᠠ ᠬᠠᠦᠯᠢ ᠪᠠᠷ ᠵᠠᠰᠠᠬᠤ ᠬᠡᠯᠪᠡᠷᠢ ᠶᠢ ᠬᠡᠷᠡᠭᠯᠡᠵᠦ ᠪᠦᠬᠦ ᠲᠠᠯ᠎ᠠ ᠳᠤ ᠦᠢᠯᠡᠴᠢᠯᠡᠬᠦ᠂ ᠶᠠᠯ᠎ᠠ ᠬᠢᠬᠦ ᠶᠢ ᠵᠠᠯᠬᠠᠭᠠᠨ ᠰᠢᠳᠭᠡᠬᠦ᠂ ᠵᠦᠷᠢᠴᠡᠯ ᠢ ᠨᠠᠮᠳᠠᠭᠤᠯᠬᠤ ᠴᠢᠳᠠᠪᠤᠷᠢ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠬᠦ ᠴᠢᠬᠤᠯᠠᠳᠠᠢ ᠪᠠᠶᠢᠨ᠎ᠠ︔ ᠬᠤᠶᠠᠷ ᠲᠤ ᠵᠠᠷᠢᠮ ᠪᠠᠶᠢᠴᠠᠭᠠᠬᠤ ᠬᠤᠷᠢᠶ᠎ᠠ ᠨᠢ ᠬᠠᠦᠯᠢ ᠴᠠᠭᠠᠵᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠲᠠᠨᠢᠯᠳᠠ ᠲᠤᠲᠠᠮᠠᠭ᠂ ᠬᠦᠴᠢᠷ ᠠᠰᠠᠭᠤᠳᠠᠯ ᠢ ᠵᠠᠳᠠᠯᠬᠤ ᠰᠠᠨᠠᠭᠠᠴᠢᠯᠠᠭᠠᠳᠤ ᠴᠢᠨᠠᠷ ᠨᠢ ᠴᠢᠩᠭ᠎ᠠ ᠪᠢᠰᠢ᠂ ᠵᠠᠷᠢᠮ ᠪᠠᠶᠢᠴᠠᠭᠠᠬᠤ ᠠᠵᠢᠯᠳᠠᠨ ᠳᠤ ᠨᠠᠵᠠᠭᠠᠶᠢᠷᠠᠬᠤ ᠬᠦᠴᠢᠷ ᠠᠴᠠ ᠲᠦᠪᠡᠭᠰᠢᠶᠡᠬᠦ ᠰᠡᠳᠬᠢᠯᠭᠡ ᠤᠷᠤᠰᠢᠵᠦ ᠪᠠᠶᠢᠨ᠎ᠠ︔ ᠭᠤᠷᠪᠠ ᠳᠤ ︽ᠡᠭᠡᠯ ᠶᠡᠷᠦᠮᠳᠡᠭ᠂ ᠠᠯᠵᠠᠭᠤ ᠵᠠᠯᠬᠠᠭᠤ᠂ ᠰᠤᠯᠠ ᠵᠠᠳᠠᠭᠠᠢ︾᠂ ︽ᠪᠦᠳᠦᠬᠦᠯᠢᠭ᠂ ᠬᠤᠶᠢᠷᠭᠤ᠂ ᠬᠥᠪᠪᠤᠮᠠᠯ︾ ᠠᠰᠠᠭᠤᠳᠠᠯ ᠪᠥᠳᠤᠮᠵᠢᠳᠡᠢ ᠰᠢᠢᠳᠪᠤᠷᠢᠯᠡᠭᠳᠡᠬᠡᠳᠤᠢ᠂ ᠬᠠᠦᠯᠢ ᠪᠠᠷᠢᠬᠤ ᠦᠢᠯᠡ ᠠᠵᠢᠯᠯᠠᠭ᠎ᠠ ᠳᠦᠷᠢᠮᠵᠢᠬᠦᠨ ᠪᠤᠰᠤ ᠠᠰᠠᠭᠤᠳᠠᠯ ᠮᠦᠨ ᠤᠷᠤᠰᠢᠭᠰᠠᠭᠠᠷ᠂ ᠵᠠᠷᠢᠮ ᠬᠡᠷᠡᠭ ᠰᠢᠳᠭᠡᠭᠰᠡᠨ ᠴᠢᠨᠠᠷ ᠴᠢᠨᠰᠠᠭ᠎ᠠ ᠰᠠᠶᠢᠨ ᠪᠢᠰᠢ᠂ ᠥ ᠰᠡᠪ ᠨᠡᠯᠢᠶᠡᠳ ᠠᠷᠪᠢᠨ ᠪᠠᠶᠢᠭᠰᠠᠭᠠᠷ᠃ ᠲᠦᠷᠪᠡ ᠳᠤ ᠵᠠᠷᠢᠮ ᠪᠠᠶᠢᠴᠠᠭᠠᠬᠤ ᠠᠵᠢᠯᠳᠠᠨ ᠤ ᠬᠠᠦᠯᠢ ᠴᠠᠭᠠᠵᠠ ᠶᠢᠨ ᠬᠡᠪ ᠴᠢᠨᠠᠷ ᠨᠢ ᠦᠨᠳᠦᠷ ᠪᠢᠰᠢ᠂ ᠬᠡᠷᠡᠭ ᠰᠢᠳᠭᠡᠬᠦ ᠴᠢᠳᠠᠪᠤᠷᠢ ᠨᠢ ᠰᠠᠶᠢᠨ ᠪᠢᠰᠢ᠃ ᠪᠤᠰᠤᠳᠴᠢ ᠲᠡᠭᠡᠷ᠎ᠡ ᠪᠠᠨ ᠬᠡᠷᠡᠭ ᠤᠯᠠᠨ ᠬᠦᠮᠦᠨ ᠴᠥᠬᠡᠨ ᠵᠦᠷᠢᠴᠡᠯ ᠲᠤᠪᠤᠶᠢᠮ᠎ᠠ ᠪᠠᠶᠢᠭᠰᠠᠭᠠᠷ᠂ ᠵᠠᠷᠢᠮ ᠨᠢ ᠬᠡᠷᠡᠭ ᠰᠢᠳᠭᠡᠬᠦ ᠲᠠᠯ᠎ᠠ ᠪᠠᠷ ᠲᠠᠷᠤᠯᠳᠠ ᠶᠡᠭᠡ᠂ ᠬᠠᠷᠢᠭᠤᠴᠠᠯᠭ᠎ᠠ ᠬᠦᠨᠳᠦ᠂ ᠬᠦᠷᠳᠡᠮᠵᠢ ᠲᠤᠤᠷ᠎ᠠ ᠤᠴᠢᠷ ᠠᠴᠠ ᠬᠡᠷᠡᠭ ᠰᠢᠳᠭᠡᠬᠦ ᠨᠢᠭᠡᠳᠦᠭᠡᠷ ᠹᠷᠤᠨᠲ ᠳᠤ ᠠᠵᠢᠯᠯᠠᠬᠤ ᠳᠤᠷ᠎ᠠ ᠦᠭᠡᠢ ᠪᠠᠶᠢᠳᠠᠯ ᠣᠷᠤᠰᠢᠵᠤ ᠪᠤᠢ᠃ ᠲᠠᠪᠤ ᠳᠤ ᠵᠠᠷᠢᠮ ᠪᠠᠶᠢᠴᠠᠭᠠᠬᠤ ᠠᠵᠢᠯᠲᠠᠨ ᠤ ᠬᠠᠦᠯᠢ ᠪᠠᠷᠢᠬᠤ ᠣᠪᠤᠷ ᠰᠣᠷᠳᠠᠯ ᠨᠢ ᠲᠦᠬᠦᠮ ᠪᠦᠳᠦᠬᠦᠯᠢᠭ᠂ ᠬᠠᠦᠯᠢ ᠪᠠᠷᠢᠬᠤ ᠲᠠᠯ᠎ᠠ ᠪᠠᠷ ᠠᠷᠢᠭᠤᠨ ᠴᠢᠭᠡᠴᠢ ᠪᠤᠰᠤ ᠠᠰᠠᠭᠤᠳᠠᠯ ᠪᠠᠰᠠ ᠣᠷᠤᠰᠢᠵᠤ᠂ ᠰᠠᠬᠢᠯᠭ᠎ᠠ ᠪᠠᠳᠤ ᠬᠠᠦᠯᠢ ᠴᠠᠭᠠᠵᠠ ᠠᠴᠠ ᠵᠦᠷᠢᠴᠡᠭᠰᠡᠨ ᠬᠡᠷᠡᠭ ᠮᠦᠨ ᠭᠠᠷᠴᠦ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠦᠷᠬᠦᠯᠵᠢᠯᠡᠨ ᠴᠢᠷᠮᠠᠶᠢᠨ ᠰᠢᠢᠳᠪᠤᠷᠢᠯᠡᠨ᠎ᠡ᠃

    2016 ᠤᠨ ᠳᠤ᠂ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯᠳᠤᠭᠠᠨ ᠪᠠ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ᠂ ᠦᠪᠦᠷ ᠮᠤᠩᠭᠤᠯ ᠢ ᠪᠠᠶᠢᠴᠠᠭᠠᠨ ᠥᠵᠡᠬᠦ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ᠂ ᠲᠦᠪ ᠤᠨ ᠤᠯᠤᠰ ᠲᠦᠷᠦ ᠬᠠᠦᠯᠢ ᠴᠠᠭᠠᠵᠠ ᠶᠢᠨ ᠠᠵᠢᠯ ᠤᠨ ᠬᠤᠷᠠᠯᠳᠤᠭᠠᠨ ᠪᠠ ᠪᠦᠬᠦ ᠤᠯᠤᠰ ᠤᠨ ᠪᠠᠶᠢᠴᠠᠭᠠᠬᠤ ᠲᠠᠷᠤᠭ᠎ᠠ ᠨᠠᠷ ᠤᠨ ᠬᠤᠷᠠᠯᠳᠤᠭᠠᠨ᠂ ᠦᠪᠦᠷ ᠮᠤᠩᠭᠤᠯ ᠤᠨ ᠨᠠᠮ ᠤᠨ ᠬᠤᠷᠢᠶᠠᠨ ᠤ ᠶᠢᠰᠦᠳᠤᠭᠡᠷ ᠬᠤᠭᠤᠴᠠᠭᠠᠨ ᠤ ᠠᠷᠪᠠᠨ ᠲᠦᠷᠪᠡᠳᠦᠭᠡᠷ ᠤᠳᠠᠭᠠᠨ ᠤ ᠪᠦᠬᠦᠳᠡ ᠬᠡᠰᠢᠬᠦᠳ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠦ ᠲᠤᠤᠱᠯᠠᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠲᠣᠭᠤᠷᠢᠭᠤᠯᠤᠨ᠂ ᠦᠨᠦ ᠵᠢᠯ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠡᠯ᠎ᠠ ᠵᠦᠢᠯ ᠤᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠲᠦᠰᠦᠪᠯᠡᠨ ᠲᠦᠯᠦᠪᠯᠡᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠪᠳᠤᠯᠤᠯᠳᠠ ᠶᠢᠨ ᠱᠠᠳᠤᠨ ᠤ ᠰᠠᠶᠢᠨ ᠰᠠᠶᠢᠬᠠᠨ ᠡᠬᠢᠯᠡᠯᠳᠡ ᠶᠢ ᠪᠤᠢ ᠪᠣᠯᠭᠠᠬᠤ ᠳᠤ ᠰᠢᠨ᠎ᠡ ᠬᠤᠪᠢ ᠨᠡᠮᠡᠷᠢ ᠦᠵᠡᠬᠦᠯᠦᠨ᠎ᠡ᠃

    ᠨᠢᠭᠡᠳᠦᠭᠡᠷ ᠲᠤ᠂ ᠵᠦᠪ ᠤᠯᠤᠰ ᠲᠦᠷᠦ ᠶᠢᠨ ᠴᠢᠭᠯᠡᠯ ᠢ ᠨᠡᠩ ᠪᠠᠳᠤ ᠡᠵᠡᠮᠰᠢᠵᠦ᠂ ᠬᠠᠦᠯᠢ ᠪᠠᠷ ᠵᠠᠰᠠᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠣᠢ ᠪᠣᠯᠭᠠᠨ᠎ᠠ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠳᠠᠯᠠᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠦᠪ ᠤᠨ ᠡᠷᠭᠡ ᠰᠦᠷ ᠢ ᠤᠬᠠᠮᠰᠠᠷ ᠠᠴᠠ ᠪᠠᠨ ᠬᠠᠮᠠᠭᠠᠯᠠᠵᠦ᠂ ᠨᠢᠬᠡᠳᠤᠯᠵᠢᠭ᠍ᠰᠡᠨ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠳᠠᠢ ᠪᠠᠶᠢᠬᠤ ᠶᠢ ᠪᠠᠷᠢᠮᠳᠠᠯᠠᠨ᠎ᠠ᠃ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ ᠬᠠᠦᠯᠢ ᠪᠠᠷ ᠵᠠᠰᠠᠬᠤ ᠵᠠᠮ ᠢ ᠪᠠᠷᠢᠮᠳᠠᠯᠠᠵᠦ᠂ ᠪᠦᠬᠦ ᠲᠠᠯ᠎ᠠ ᠪᠠᠷ ᠬᠠᠦᠯᠢ ᠶᠤᠰᠤᠭᠠᠷ ᠤᠯᠤᠰ ᠢᠶᠠᠨ ᠵᠠᠰᠠᠬᠤ ᠲᠤᠮᠳᠠ ᠪᠠᠶᠢᠴᠠᠭᠠᠬᠤ ᠪᠠᠶᠢᠭᠤᠯᠭ᠎ᠠ ᠶᠢᠨ ᠬᠠᠦᠯᠢ ᠴᠠᠭᠠᠵᠠ ᠶᠢᠨ ᠬᠢᠨᠠᠯᠳᠠ ᠲᠠᠯᠪᠢᠬᠤ ᠤᠨᠴᠠᠭᠠᠢ ᠦᠢᠯᠡᠳᠦᠯ ᠢ ᠪᠠᠳᠠᠷᠠᠭᠤᠯᠵᠦ᠂ ᠦᠭᠡᠷᠡᠴᠢᠯᠡᠯᠳᠡ᠂ ᠬᠦᠭᠵᠢᠯᠳᠡ᠂ ᠲᠤᠭᠳᠠᠭᠤᠨ ᠳᠤ ᠬᠠᠦᠯᠢ ᠪᠠᠷ ᠵᠠᠰᠠᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠣᠢ ᠪᠣᠯᠭᠠᠨ᠎ᠠ᠃

    ᠬᠤᠶᠠᠳᠤᠭᠠᠷ ᠲᠤ᠂ ᠡᠩᠭᠡ ᠲᠠᠶᠢᠪᠤᠩ ᠦᠪᠦᠷ ᠮᠤᠩᠭᠤᠯ᠂ ᠬᠠᠦᠯᠢ ᠪᠠᠷ ᠵᠠᠰᠠᠬᠤ ᠦᠪᠦᠷ ᠮᠤᠩᠭᠤᠯ ᠪᠠ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠲᠦ ᠦᠵᠡᠮᠵᠢ ᠶᠢᠨ ᠣᠷᠤᠨ ᠪᠦᠰᠡ ᠶᠢᠨ ᠪᠦᠳᠦᠭᠡᠨ ᠪᠠᠶᠢᠭᠤᠯᠤᠯᠳᠠ ᠳᠤ ᠨᠡᠩ ᠰᠠᠨᠠᠭᠠᠴᠢᠯᠠᠭ᠎ᠠ ᠠᠴᠠ ᠪᠠᠨ ᠤᠷᠤᠯᠴᠠᠨ᠎ᠠ᠃ ᠪᠠᠶᠢᠴᠠᠭᠠᠬᠤ ᠠᠵᠢᠯ ᠪᠤᠯ ᠠᠵᠦ ᠠᠬᠤᠢ ᠨᠡᠶᠢᠭᠡᠮ ᠤᠨ ᠬᠦᠭᠵᠢᠯᠳᠠ ᠲᠠᠢ ᠢᠮᠠᠭᠲᠠ ᠨᠢᠬᠳᠠ ᠬᠠᠷᠢᠯᠴᠠᠭ᠎ᠠ ᠲᠠᠢ ᠪᠠᠶᠢᠳᠠᠬ᠃ ᠪᠦᠬᠦ ᠲᠠᠯ᠎ᠠ ᠳᠤ ᠦᠢᠯᠡᠴᠢᠯᠡᠵᠦ᠂ ᠪᠦᠬᠦ ᠲᠠᠯ᠎ᠠ ᠶᠢ ᠪᠠᠲᠤᠯᠠᠵᠤ᠂ ᠤᠯᠤᠰ ᠤᠨ ᠠᠮᠦᠷ ᠲᠦᠪᠰᠢᠨ᠂ ᠣᠯᠠᠨ ᠨᠡᠶᠢᠳᠡ ᠶᠢᠨ ᠠᠮᠦᠷ ᠲᠦᠪᠰᠢᠨ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ᠂ ᠠᠵᠦ ᠠᠬᠤᠢ ᠨᠡᠶᠢᠭᠡᠮ ᠤᠨ ᠬᠠᠮᠢᠶᠠᠷᠤᠯᠳᠠ ᠶᠢᠨ ᠡᠮᠬᠢ ᠵᠢᠷᠤᠮ ᠳᠤ ᠬᠤᠤᠷ ᠬᠦᠨᠦᠭᠡᠯ ᠤᠴᠠᠷᠠᠭᠤᠯᠤᠭᠰᠠᠨ ᠡᠯ᠎ᠠ ᠵᠦᠢᠯ ᠤᠨ ᠶᠠᠯᠠᠳᠤ ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠵᠦ᠂ ᠨᠡᠶᠢᠭᠡᠮ ᠤᠨ ᠲᠤᠬᠳᠠᠭᠤᠨ ᠢ ᠬᠠᠮᠠᠭᠠᠯᠠᠨ᠎ᠠ᠃ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ ᠢᠳᠡᠪᠬᠢᠳᠡᠢ ᠲᠤᠬᠢᠷᠠᠯᠴᠠᠵᠦ᠂ ᠣᠶᠤᠨ ᠮᠡᠳᠡᠯᠭᠡ ᠶᠢᠨ ᠥᠮᠴᠢ ᠶᠢᠨ ᠡᠷᠬᠡ᠂ ᠠᠮᠢ ᠠᠬᠤᠢ ᠶᠢᠨ ᠤᠷᠴᠢᠨ ᠲᠤᠭᠤᠷᠢᠨ ᠵᠡᠷᠭᠡ ᠳᠠᠬᠢ ᠬᠠᠦᠯᠢ ᠴᠠᠭᠠᠵᠠ ᠶᠢᠨ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠵᠦ᠂ ᠡᠯ᠎ᠡ ᠲᠦᠷᠦᠯ ᠤᠨ ᠥᠮᠴᠢᠯᠡᠯᠲᠦ ᠠᠵᠦ ᠠᠬᠤᠶᠢᠯᠠᠯ ᠤᠨ ᠥᠮᠴᠢ ᠶᠢᠨ ᠡᠷᠭᠡ ᠪᠠ ᠬᠠᠤᠯᠢ ᠶᠣᠰᠤᠨ ᠤ ᠡᠷᠭᠡ ᠠᠰᠢᠭ ᠢ ᠬᠠᠦᠯᠢ ᠶᠤᠰᠤᠭᠠᠷ ᠡᠷᠭᠡ ᠲᠡᠭᠰᠢ ᠪᠠᠷ ᠬᠠᠮᠠᠭᠠᠯᠠᠵᠦ᠂ ᠬᠠᠦᠯᠢ ᠪᠠᠷ ᠵᠠᠰᠠᠬᠤ ᠰᠡᠳᠬᠢᠴᠡ ᠪᠠ ᠬᠠᠦᠯᠢ ᠪᠠᠷ ᠵᠠᠰᠠᠬᠤ ᠬᠡᠯᠪᠡᠷᠢ ᠶᠢ ᠬᠡᠷᠡᠭᠯᠡᠨ ᠰᠢᠨ᠎ᠡ ᠡᠭᠦᠳᠦᠯᠲᠡ ᠲᠠᠢ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡ ᠲᠠᠢ᠂ ᠬᠠᠮᠳᠤᠪᠠᠷ ᠡᠳ᠋ᠯᠡᠬᠦ ᠬᠦᠭᠵᠢᠯᠳᠡ ᠳᠤ ᠦᠢᠯᠡᠴᠢᠯᠡᠬᠦ ᠪᠠ ᠪᠠᠳᠤᠯᠠᠭ᠎ᠠ ᠬᠠᠩᠭᠠᠨ᠎ᠠ᠃ 

ᠭᠤᠷᠪᠠᠳᠤᠭᠠᠷ ᠲᠤ᠂ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠵᠦ ᠤᠷᠢᠳᠴᠢᠯᠠᠨ ᠰᠡᠷᠭᠡᠶᠢᠯᠡᠬᠦ ᠬᠦᠴᠦᠯᠡᠴᠡ ᠪᠠᠨ ᠨᠡᠩ ᠡᠷᠡᠰ ᠰᠢᠭᠤᠷᠬᠠᠢ ᠪᠠᠷ ᠨᠡᠮᠡᠭᠳᠡᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠳᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠣᠢ ᠪᠣᠯᠭᠠᠨ᠎ᠠ᠃ ᠢᠯᠵᠠᠷᠠᠪᠡᠯ ᠵᠠᠪᠠᠯ ᠡᠰᠡᠷᠬᠦᠴᠡᠬᠦ᠂ ᠱᠠᠮᠰᠢᠪᠡᠯ ᠵᠠᠪᠠᠯ ᠰᠢᠳᠭᠡᠬᠦ ᠬᠠᠷᠠᠯᠳᠠ ᠬᠤᠪᠢᠷᠠᠬᠤ ᠦᠭᠡᠢ᠂ ᠵᠤᠷᠢᠭ ᠰᠢᠭᠤᠳᠤᠯ ᠬᠤᠪᠢᠷᠠᠬᠤ ᠦᠭᠡᠢ᠂ ᠬᠦᠴᠦᠯᠡᠴᠡ ᠬᠤᠪᠢᠷᠠᠬᠤ ᠦᠭᠡᠢ ᠪᠠᠶᠢᠬᠤ ᠶᠢ ᠪᠠᠷᠢᠮᠳᠠᠯᠠᠨ᠎ᠠ᠃ ︽ᠪᠠᠷᠰ︾᠂ ︽ᠢᠯᠠᠭ᠎ᠠ︾ ᠶᠢ ᠬᠠᠮᠳᠤ ᠳᠤᠨᠢ ᠴᠤᠬᠢᠬᠤ ᠶᠢ ᠪᠠᠷᠢᠮᠳᠠᠯᠠᠵᠦ᠂ ᠲᠤᠰᠢᠶᠠᠯ ᠤᠨ ᠶᠠᠯᠠᠳᠤ ᠬᠡᠷᠡᠭ ᠨᠢᠭᠡ ᠶᠢ ᠢᠯᠡᠷᠡᠬᠦᠯᠪᠡᠯ ᠨᠢᠭᠡ ᠶᠢ ᠡᠷᠡᠰ ᠪᠠᠶᠢᠴᠠᠭᠠᠨ ᠰᠢᠳᠭᠡᠵᠦ᠂ ᠢᠯᠵᠠᠷᠠᠯ ᠢ ᠡᠰᠡᠷᠬᠦᠴᠡᠬᠦ ᠦᠨᠳᠦᠷ ᠳᠠᠷᠤᠯᠲᠠᠲᠤ ᠬᠡᠪ ᠪᠠᠶᠢᠳᠠᠯ ᠢ ᠦᠷᠬᠦᠯᠵᠢᠯᠡᠨ ᠪᠠᠷᠢᠮᠳᠠᠯᠠᠨ᠎ᠠ᠃ ᠲᠤᠰᠢᠶᠠᠯ ᠤᠨ ᠶᠠᠯᠠᠳᠤ ᠬᠡᠷᠡᠭ ᠢ ᠤᠷᠢᠳᠴᠢᠯᠠᠨ ᠰᠡᠷᠭᠡᠶᠢᠯᠡᠬᠦ ᠠᠵᠢᠯ ᠢ ᠬᠦᠨᠵᠡᠭᠡᠶᠢᠷᠡᠬᠦᠯᠵᠦ᠂ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠪᠠ ᠰᠡᠷᠡᠮᠵᠢ ᠬᠦᠮᠦᠵᠢᠯ ᠢ ᠴᠢᠩᠭᠠᠳᠬᠠᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠥᠯᠦ ᠪᠣᠯᠬᠤ᠂ ᠢᠯᠵᠠᠷᠠᠬᠤ ᠰᠠᠨᠠᠭ᠎ᠠ ᠦᠭᠡᠢ ᠪᠠᠶᠢᠬᠤ ᠨᠡᠶᠢᠬᠡᠮ ᠤᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠨ᠎ᠠ᠃

    ᠲᠦᠷᠪᠡᠳᠦᠭᠡᠷ ᠲᠤ᠂ ᠵᠠᠷᠭᠤ ᠶᠢᠨ ᠠᠵᠢᠯᠯᠠᠭ᠎ᠠ ᠳᠤ ᠬᠠᠦᠯᠢ ᠴᠠᠭᠠᠵᠠ ᠶᠢᠨ ᠬᠢᠨᠠᠯᠳᠠ ᠲᠠᠯᠪᠢᠬᠤ ᠪᠠᠨ ᠨᠡᠩ ᠴᠢᠷᠮᠠᠶᠢᠨ ᠴᠢᠩᠭᠠᠳᠬᠠᠵᠦ᠂ ᠬᠠᠦᠯᠢ ᠪᠠᠷᠢᠯᠲᠠ ᠶᠢᠨ ᠲᠦᠪ ᠭᠤᠤᠯᠴᠢ ᠶᠢ ᠨᠡᠩ ᠰᠠᠶᠢᠨ ᠬᠠᠮᠠᠭᠠᠯᠠᠨ᠎ᠠ᠃ ᠡᠷᠭᠡ ᠶᠢᠨ ᠲᠠᠯ᠎ᠠ ᠪᠠᠷ ᠬᠢ ᠬᠠᠤᠯᠢ ᠪᠠᠷᠢᠬᠤ ᠪᠠᠳᠤᠯᠠᠭ᠎ᠠ᠂ ᠡᠷᠭᠡ ᠶᠢᠨ ᠲᠠᠯ᠎ᠠ ᠪᠠᠷ ᠬᠢ ᠬᠠᠦᠯᠢ ᠴᠠᠭᠠᠵᠠ ᠶᠢᠨ ᠬᠢᠨᠠᠯᠳᠠ ᠲᠠᠯᠪᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠵᠠᠷᠭᠤ ᠳᠤ ᠬᠢᠨᠠᠯᠳᠠ ᠲᠠᠯᠪᠢᠬᠤ ᠠᠵᠢᠯ ᠢ ᠦᠨᠡᠨᠬᠦ ᠴᠢᠩᠭᠠᠳᠬᠠᠬᠤ ᠪᠠ ᠰᠠᠶᠢᠵᠢᠷᠠᠭᠤᠯᠵᠦ᠂ ᠬᠢᠯᠢᠰ ᠬᠤᠳᠠᠯ ᠪᠤᠷᠤᠭᠤ ᠬᠡᠷᠡᠭ ᠢ ᠰᠡᠷᠭᠡᠶᠢᠯᠡᠬᠦ ᠬᠠᠮᠤᠭ ᠲᠤᠤᠷ᠎ᠠ ᠱᠤᠭᠤᠮ ᠢ ᠪᠠᠳᠤ ᠰᠠᠬᠢᠨ᠎ᠠ᠃ ᠦᠯᠢᠭᠡᠷ ᠠᠪᠴᠤ ᠦᠨᠡᠯᠡᠨ ᠵᠢᠱᠢᠬᠦ ᠰᠤᠩᠭᠠᠯᠳᠠ ᠶᠢᠨ ᠠᠵᠢᠯ ᠢ ᠬᠦᠨᠵᠡᠭᠡᠶᠢᠷᠡᠬᠦᠯᠦᠨ ᠦᠷᠨᠢᠬᠦᠯᠵᠦ᠂ ᠪᠠᠶᠢᠴᠠᠭᠠᠬᠤ ᠬᠢᠨᠠᠯᠳᠠ ᠲᠠᠯᠪᠢᠬᠤ ᠰᠢᠨ᠎ᠡ ᠠᠷᠭ᠎ᠠ ᠵᠠᠮ ᠢ ᠨᠡᠭᠡᠭᠡᠨ ᠬᠦᠭᠵᠢᠬᠦᠯᠵᠦ᠂ ᠬᠠᠦᠯᠢ ᠬᠡᠷᠡᠭᠵᠢᠭᠦᠯᠵᠦ ᠬᠠᠤᠯᠢ ᠪᠠᠷᠢᠬᠤ ᠲᠤᠮᠳᠠᠬᠢ ᠲᠤᠪᠤᠶᠢᠮ᠎ᠠ ᠠᠰᠠᠭᠤᠳᠠᠯ ᠢ ᠵᠠᠯᠠᠷᠠᠭᠤᠯᠬᠤ ᠳᠤ ᠡᠷᠡᠰ ᠬᠢᠨᠠᠯᠳᠠ ᠲᠠᠯᠪᠢᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠠ ᠶᠢᠨ ᠬᠠᠦᠯᠢ ᠪᠠᠷᠢᠬᠤ ᠲᠠᠯ᠎ᠠ ᠪᠠᠷ ᠲᠦᠷᠢᠮᠵᠢᠯ ᠦᠭᠡᠢ ᠵᠢᠴᠢ ︽ᠡᠭᠡᠯ ᠶᠡᠷᠦᠮᠳᠡᠭ᠂ ᠠᠯᠵᠠᠭᠤ ᠵᠠᠯᠬᠠᠭᠤ᠂ ᠰᠤᠯᠠ ᠵᠠᠳᠠᠭᠠᠢ︾᠂ ︽ᠪᠦᠳᠦᠬᠦᠯᠢᠭ᠂ ᠬᠤᠶᠢᠷᠭᠤ᠂ ᠬᠥᠪᠪᠤᠮᠠᠯ︾ ᠵᠡᠷᠭᠡ ᠠᠰᠠᠭᠤᠳᠠᠯ ᠢ ᠦᠷᠬᠦᠯᠵᠢᠯᠡᠨ ᠬᠦᠨᠵᠡᠭᠡᠢ ᠴᠡᠭᠴᠡᠯᠡᠨ ᠵᠠᠰᠠᠵᠦ᠂ ᠦᠨᠦ ᠵᠢᠯ ᠠᠴᠠ ᠡᠬᠢᠯᠡᠨ᠂ ᠦᠷᠬᠦᠯᠵᠢᠯᠡᠨ ᠭᠤᠷᠪᠠᠨ ᠵᠢᠯ ︽ᠨᠠᠷᠢᠯᠢᠬᠵᠢᠭᠤᠯᠤᠭᠰᠠᠨ ᠬᠠᠮᠢᠶᠠᠷᠤᠯᠳᠠ ᠶᠢᠨ ᠣᠨ︾ ᠤ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠦᠨ᠎ᠡ᠃

    ᠲᠠᠪᠤᠳᠤᠭᠠᠷ ᠲᠤ᠂ ᠪᠠᠶᠢᠴᠠᠭᠠᠬᠤ ᠦᠭᠡᠷᠡᠴᠢᠯᠡᠯᠳᠡ ᠶᠢ ᠨᠡᠩ ᠬᠦᠨᠵᠡᠭᠡᠢ ᠲᠦᠯᠬᠢᠨ ᠠᠬᠢᠭᠤᠯᠤᠨ᠎ᠠ᠃ ᠪᠠᠶᠢᠴᠠᠭᠠᠬᠤ ᠲᠤᠰᠢᠶᠠᠯᠳᠠᠨ ᠬᠡᠷᠡᠭ ᠰᠢᠳᠭᠡᠬᠦ ᠬᠠᠷᠢᠭᠤᠴᠠᠯᠭ᠎ᠠ ᠶᠢᠨ ᠲᠦᠷᠢᠮ ᠢᠶᠠᠷ ᠭᠤᠤᠯ ᠪᠤᠯᠭᠠᠭᠰᠠᠨ ᠲᠦᠪ ᠤᠨ ᠲᠦᠷᠪᠡᠨ ᠵᠦᠢᠯ ᠤᠨ ᠬᠠᠦᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠳᠡ ᠶᠢᠨ ᠲᠤᠷᠰᠢᠯᠳᠠ ᠶᠢᠨ ᠴᠢᠬ ᠢ ᠬᠦᠨᠵᠡᠭᠡᠶᠢᠷᠡᠬᠦᠯᠬᠦ ᠪᠠ ᠦᠷᠭᠡᠳᠭᠡᠵᠦ᠂ ᠬᠡᠷᠡᠭ ᠰᠢᠳᠭᠡᠬᠦ ᠴᠢᠨᠠᠷ ᠴᠢᠨᠰᠠᠭ᠎ᠠ ᠶᠢ ᠨᠠᠰᠤᠨ ᠲᠤᠷᠰᠢ ᠬᠠᠷᠢᠭᠤᠴᠠᠬᠤ ᠲᠦᠷᠢᠮ ᠪᠠ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠦᠭᠰᠦᠭᠦᠯᠦᠨ ᠪᠠᠶᠢᠴᠠᠭᠠᠬᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠡᠭᠦᠯᠳᠡᠷᠵᠢᠬᠦᠯᠦᠨ᠎ᠡ᠃ ᠬᠠᠦᠯᠢ ᠪᠠᠷᠢᠵᠤ ᠬᠡᠷᠡᠭ ᠰᠢᠳᠭᠡᠬᠦ ᠠᠵᠢᠯᠯᠠᠭ᠎ᠠ ᠶᠢᠨ ᠲᠤᠳᠤᠭᠠᠳᠤ ᠭᠠᠳᠠᠭᠠᠳᠤ ᠶᠢᠨ ᠬᠢᠨᠠᠯᠳᠠ ᠲᠠᠯᠪᠢᠬᠤ ᠶᠢ ᠴᠢᠩᠭᠠᠳᠬᠠᠵᠦ᠂ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠠ ᠶᠢᠨ ᠬᠠᠦᠯᠢ ᠪᠠᠷᠢᠬᠤ ᠬᠢᠷᠢ ᠲᠦᠪᠰᠢᠨ ᠪᠠ ᠬᠡᠷᠡᠭ ᠰᠢᠳᠭᠡᠬᠦ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠨᠡᠶᠢᠳᠡ ᠶᠢᠨ ᠠᠰᠠᠷᠠᠮᠵᠢ ᠶᠢᠨ ᠵᠠᠷᠭᠤ ᠭᠠᠷᠭᠠᠬᠤ ᠲᠤᠷᠰᠢᠯᠳᠠ ᠶᠢᠨ ᠴᠢᠬ ᠤᠨ ᠠᠵᠢᠯ ᠢ ᠴᠢᠨᠠᠭᠰᠢᠲᠠ ᠦᠷᠨᠢᠭᠦᠯᠦᠨ᠎ᠡ᠃ ᠪᠠᠶᠢᠴᠠᠭᠠᠬᠤ ᠶᠠᠪᠤᠳᠠᠯ ᠢ ᠢᠯᠡ ᠪᠤᠯᠭᠠᠬᠤ᠂ ᠠᠷᠠᠳ ᠤᠨ ᠬᠢᠨᠠᠯᠳᠠ ᠲᠠᠯᠪᠢᠬᠴᠢ ᠶᠢᠨ ᠲᠦᠷᠢᠮ ᠤᠨ ᠦᠭᠡᠷᠡᠴᠢᠯᠡᠯᠳᠡ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠦ᠂ ᠬᠠᠦᠯᠢ ᠪᠠᠷᠢᠯᠲᠠ ᠶᠢᠨ ᠲᠦᠪ ᠭᠤᠤᠯᠴᠢ ᠶᠢ ᠠᠷᠠᠳ ᠤᠯᠠᠨ ᠳᠤ ᠦᠵᠡᠬᠦᠯᠵᠦ᠂ ᠰᠡᠷᠡᠭᠳᠡᠬᠦᠯᠵᠦ ᠲᠡᠶᠢᠯᠬᠦ ᠪᠠᠷ ᠴᠢᠷᠮᠠᠶᠢᠨ᠎ᠠ᠃

    ᠵᠢᠷᠭᠤᠳᠤᠭᠠᠷ ᠲᠤ᠂ ᠴᠠᠭᠠᠷᠠᠵᠤ ᠬᠠᠲᠠᠭᠤᠵᠢᠭᠰᠠᠨ ᠪᠠᠶᠢᠴᠠᠭᠠᠬᠤ ᠡᠩᠨᠡᠭᠡ ᠶᠢᠨ ᠪᠠᠶᠢᠭᠤᠯᠤᠯᠳᠠ ᠶᠢ ᠰᠡᠳᠭᠢᠯ ᠲᠠᠯᠪᠢᠨ ᠲᠦᠯᠬᠢᠨ ᠠᠬᠢᠭᠤᠯᠤᠨ᠎ᠠ᠃ ᠫᠠᠨ ᡁᠢ ᠷᠦᠩ ᠨᠦᠬᠦᠷ ᠠᠴᠠ ᠰᠤᠷᠤᠯᠴᠠᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠠᠷᠠᠳ ᠲᠦᠮᠡᠨ ᠤ ᠬᠠᠨᠤᠮᠵᠢᠳᠠᠢ ᠪᠠᠶᠢᠴᠠᠭᠠᠬᠤ ᠲᠤᠰᠢᠶᠠᠯᠳᠠᠨ ᠪᠤᠯᠬᠤ ᠪᠠᠷ ᠴᠢᠷᠮᠠᠶᠢᠨ᠎ᠠ᠃ ᠪᠠᠶᠢᠴᠠᠭᠠᠬᠤ ᠪᠠᠶᠢᠭᠤᠯᠭ᠎ᠠ ᠪᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠰᠠᠬᠢᠯᠭ᠎ᠠ ᠪᠠᠳᠤ ᠪᠠ ᠶᠤᠰᠤ ᠲᠦᠷᠢᠮ ᠢ ᠡᠮᠤᠨᠠᠬᠦᠷ ᠪᠠᠶᠢᠯᠭᠠᠬᠤ ᠶᠢ ᠪᠠᠷᠢᠮᠳᠠᠯᠠᠵᠦ᠂ ᠬᠠᠦᠯᠢ ᠪᠠᠷᠢᠬᠤ ᠣᠪᠤᠷ ᠰᠤᠷᠳᠠᠯ ᠤᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ᠃ ᠪᠠᠶᠢᠴᠠᠭᠠᠬᠤ ᠠᠵᠢᠯᠳᠠᠨ ᠤ ᠬᠠᠦᠯᠢ ᠰᠠᠬᠢᠯᠭ᠎ᠠ ᠠᠴᠠ ᠵᠦᠷᠢᠴᠡᠭᠰᠡᠨ ᠠᠰᠠᠭᠤᠳᠠᠯ ᠢ ᠡᠷᠡᠰ ᠪᠠᠶᠢᠴᠠᠭᠠᠨ ᠰᠢᠳᠭᠡᠵᠦ᠂ ᠤᠬᠳᠤ ᠨᠠᠶᠢᠷ ᠬᠠᠶᠠᠬᠤ ᠦᠭᠡᠢ᠃ ᠦᠨᠳᠦᠰᠦᠨ ᠱᠠᠳᠤᠨ ᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠪᠦᠬᠦ ᠲᠠᠯ᠎ᠠ ᠪᠠᠷ ᠬᠠᠦᠯᠢ ᠶᠤᠰᠤᠭᠠᠷ ᠤᠷᠤᠨ ᠢᠶᠠᠨ ᠵᠠᠰᠠᠬᠤ ᠲᠤᠮᠳᠠ ᠦᠨᠳᠦᠰᠦᠨ ᠱᠠᠳᠤᠨ ᠤ ᠪᠠᠶᠢᠴᠠᠭᠠᠬᠤ ᠬᠤᠷᠢᠶ᠎ᠠ ᠶᠢᠨ ᠨᠢᠭᠡᠳᠦᠭᠡᠷ ᠹᠷᠤᠨᠲ ᠤᠨ ᠲᠠᠪᠴᠠᠩ ᠤᠨ ᠦᠢᠯᠡᠳᠦᠯ ᠢ ᠰᠠᠶᠢᠳᠤᠷ ᠪᠠᠳᠠᠷᠠᠭᠤᠯᠤᠨ᠎ᠠ᠃

    ᠲᠦᠯᠦᠭᠡᠯᠡᠭᠴᠢᠳ ᠡ᠂ ᠰᠢᠨ᠎ᠡ ᠨᠢᠭᠡᠨ ᠵᠢᠯ ᠳᠤ᠂ ᠪᠢᠳᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠲᠠᠭᠡᠳᠦ ᠪᠠᠶᠢᠴᠠᠭᠠᠬᠤ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ︽8337︾ ᠶᠢᠨ ᠬᠥᠭᠵᠢᠯᠳᠠ ᠶᠢᠨ ᠰᠡᠳᠬᠢᠴᠠ ᠪᠠ ᠲᠤᠰ ᠤᠳᠠᠭᠠᠨ ᠤ ᠶᠡᠭᠡ ᠬᠤᠷᠠᠯ ᠤᠨ ᠰᠢᠢᠳᠪᠤᠷᠢ ᠶᠢ ᠨᠠᠷᠢᠨ ᠬᠢᠨᠠᠮᠠᠭᠠᠢ ᠳᠤᠤᠱᠯᠠᠭᠤᠯᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠨᠡᠩ ᠢᠯᠡᠬᠦᠦ ᠤᠬᠠᠮᠰᠠᠷ ᠠᠴᠠ ᠪᠠᠨ ᠬᠦᠯᠢᠶᠡᠵᠦ᠂ ᠴᠢᠷᠮᠠᠶᠢᠨ ᠲᠡᠮᠡᠴᠡᠵᠦ᠂ ᠯᠠᠪᠳᠠᠭᠤᠨ ᠠᠵᠢᠯᠯᠠᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠵᠦ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠤᠯᠤᠰ ᠢᠶᠠᠨ ᠪᠦᠬᠦ ᠲᠠᠯ᠎ᠠ ᠪᠠᠷ ᠬᠠᠦᠯᠢ ᠶᠤᠰᠤᠭᠠᠷ ᠵᠠᠰᠠᠵᠦ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠵᠦ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠲᠦ ᠦᠵᠡᠮᠵᠢ ᠶᠢᠨ ᠣᠷᠤᠨ ᠪᠦᠰᠡ ᠶᠢ ᠪᠣᠢ ᠪᠣᠯᠭᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠦᠶ᠎ᠡ︕


ᠢᠷᠡᠯᠲᠡ
ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro