ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠬᠠᠮᠵᠢᠯᠴᠠᠭ᠎ᠠ ᠪᠠᠨ ᠴᠢᠩᠭᠠᠳᠬᠠᠨ ᠤᠮᠠᠷᠠᠲᠦ ᠬᠢᠯᠢ ᠶᠢᠨ ᠠᠮᠤᠷ ᠲᠤᠬᠳᠠᠭᠤᠨ ᠢ ᠪᠠᠳᠤᠯᠠᠨᠠᠮ

2023-03-03 09:57:23
ᠵᠣᠬᠢᠶᠠᠭᠴᠢ
ᠨᠠᠷᠠᠨᠲᠤᠶᠠᠭ᠎ᠠ

 

微信图片_20230224112332.jpg


     ᠤᠶᠢᠷ᠎ᠡ ᠶᠢᠨ ᠡᠳᠤᠷ᠂ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠪᠤᠯᠤᠨ ᠰᠢᠯᠢ ᠶᠢᠨ ᠭᠤᠤᠯ ᠤᠨ ᠬᠢᠯᠢ ᠶᠢᠨ ᠬᠠᠮᠢᠶᠠᠷᠤᠯᠳᠡ ᠶᠢᠨ ᠰᠠᠯᠪᠦᠷᠢ ᠠᠩᠬᠢ ᠶᠢᠨ ᠲᠤᠷᠰᠢᠨ ᠪᠠᠶᠢᠴᠠᠭᠠᠯᠳᠡ ᠳᠤ ᠬᠢᠨᠠᠯᠳᠡ ᠳᠠᠯᠪᠢᠬᠤ ᠪᠠ ᠬᠠᠮᠵᠢᠯᠴᠠᠭᠠᠨ ᠤ ᠠᠯᠪᠡᠨ ᠬᠡᠷ ᠵᠢᠩᠬᠢᠨᠢ ᠪᠠᠷ ᠪᠠᠶᠢᠭᠤᠯᠤᠬᠳᠠᠪᠠ᠃ ᠲᠡᠷᠡ ᠨᠢ ᠪᠦᠬᠦ ᠤᠷᠤᠨ ᠤ ᠪᠠᠶᠢᠴᠠᠭᠠᠬᠤ ᠳᠠᠷᠤᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ  ᠲᠤᠭᠤᠰᠢᠯᠠᠭᠤᠯᠤᠨ᠂ ︽ᠡᠬᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠬᠳᠠᠭᠤᠨ ᠤ ᠬᠠᠯᠬᠠᠪᠴᠢ ᠶᠢ ᠪᠠᠬᠢᠵᠢᠬᠦᠯᠬᠦ︾ ᠶᠢ ᠦᠨᠡᠨᠬᠦ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠪᠤᠯᠭᠠᠵᠦ᠂  ᠬᠠᠥᠯᠢ ᠪᠠᠷ ᠵᠠᠰᠠᠬᠤ ᠰᠡᠳᠬᠢᠬᠦᠢ ᠪᠤᠯᠤᠨ ᠠᠷᠭ᠎ᠠ ᠬᠡᠯᠪᠡᠷᠢ ᠪᠠᠷ ᠤᠯᠤᠰ ᠬᠦᠷᠦᠨ ᠤ ᠤᠯᠤᠰ ᠲᠦᠷᠦ ᠶᠢᠨ ᠠᠮᠤᠷ ᠲᠦᠪᠰᠢᠨ ᠪᠠ ᠤᠮᠠᠷᠠᠲᠦ ᠬᠢᠯᠢ ᠶᠢᠨ ᠡᠶ᠎ᠡ ᠲᠤᠬᠳᠠᠭᠤᠨ ᠢ ᠬᠠᠮᠠᠭᠠᠯᠠᠬᠤ ᠶᠢ ᠤᠬᠠᠮᠰᠠᠷ ᠠᠴᠠ ᠪᠠᠨ ᠬᠡᠷᠡᠭᠵᠢᠬᠦᠯᠤᠨ᠂ ᠤᠯᠤᠰ ᠤᠨ ᠬᠢᠯᠢ ᠬᠢᠵᠠᠭᠠᠷ ᠤᠨ ᠬᠠᠮᠢᠶᠠᠷᠤᠯᠳᠡ ᠶᠢ ᠬᠠᠷᠰᠢᠯᠠᠬᠰᠠᠨ ᠶᠠᠯ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠡ ᠦᠭᠴᠦ᠂ ᠦᠨᠳᠤᠷ ᠬᠢᠷᠢ ᠲᠦᠪᠰᠢᠨ ᠢᠶᠠᠷ ᠭᠠᠳᠠᠭᠠᠲᠦ ᠨᠡᠭᠡᠭᠡᠯᠳᠡ ᠳᠤ ᠬᠦᠴᠦᠳᠡᠢ ᠬᠠᠤᠯᠢ ᠴᠠᠭᠠᠵᠠ ᠶᠢᠨ ᠪᠠᠳᠤᠯᠠᠭ᠎ᠠ ᠬᠠᠩᠭᠠᠨ᠎ᠡ᠃ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠪᠠᠶᠢᠴᠠᠭᠠᠬᠤ ᠳᠠᠷᠤᠭ᠎ᠠ ᠸᠠᠩ ᠺᠧ ᠸᠧᠢ᠂ ᠰᠢᠯᠢ ᠶᠢᠨ ᠭᠤᠤᠯ ᠤᠨ ᠬᠢᠯᠢ ᠶᠢᠨ ᠬᠠᠮᠢᠶᠦᠷᠤᠯᠳᠡ ᠶᠢᠨ ᠰᠠᠯᠪᠦᠷᠢ ᠠᠩᠬᠢ ᠶᠢᠨ ᠨᠠᠮ ᠤᠨ ᠬᠤᠷᠢᠶᠡᠨ ᠤ ᠱᠦᠵᠢ᠂  ᠰᠠᠯᠪᠦᠷᠢ ᠠᠩᠬᠢ ᠶᠢᠨ ᠳᠠᠷᠤᠭ᠎ᠠ ᠪᠠᠢ ᡁᠢ ᠬᠠᠢ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠪᠤᠯᠤᠨ ᠰᠢᠯᠢ ᠶᠢᠨ ᠭᠤᠤᠯ ᠤᠨ ᠬᠢᠯᠢ ᠶᠢᠨ ᠬᠠᠮᠢᠶᠠᠷᠤᠯᠳᠡ ᠶᠢᠨ ᠰᠠᠯᠪᠦᠷᠢ ᠠᠩᠬᠢ ᠶᠢᠨ ᠲᠤᠷᠰᠢᠨ ᠪᠠᠶᠢᠴᠠᠭᠠᠯᠳᠡ ᠳᠤ ᠬᠢᠨᠠᠯᠳᠡ ᠳᠠᠯᠪᠢᠬᠤ ᠪᠠ ᠬᠠᠮᠵᠢᠯᠴᠠᠭᠠᠨ ᠤ ᠠᠯᠪᠡᠨ ᠬᠡᠷ ᠤᠨ ᠫᠠᠶᠢᠰᠠ ᠡᠯᠬᠦᠬᠦ ᠶᠤᠰᠤᠯᠠᠯ  ᠳᠤ ᠤᠷᠤᠯᠴᠠᠵᠤ᠂ ᠨᠢᠬᠡᠳᠤᠬᠡᠷ ᠤᠳᠠᠭᠠᠨ ᠤ ᠠᠵᠢᠯ ᠤᠨ ᠬᠤᠯᠪᠤᠭᠠᠲᠦ ᠬᠤᠷᠠᠯ ᠬᠤᠷᠠᠯᠳᠤᠬᠰᠠᠨ ᠪᠠᠶᠢᠨ᠎ᠡ᠃

   

微信图片_20230224112346.jpg


ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ︽ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ᠂ ᠰᠢᠯᠢ ᠶᠢᠨ ᠭᠤᠤᠯ ᠤᠨ ᠬᠢᠯᠢ ᠶᠢᠨ ᠬᠠᠮᠢᠶᠠᠷᠤᠯᠳᠡ ᠶᠢᠨ ᠰᠠᠯᠪᠦᠷᠢ ᠠᠩᠬᠢ ᠡᠷᠡᠬᠦᠦ ᠶᠢᠨ ᠬᠡᠷᠡᠭ ᠤᠨ ᠰᠤᠷᠠᠭ ᠵᠠᠩᠬᠢ ᠶᠢ ᠬᠠᠷᠢᠯᠴᠠᠨ ᠰᠤᠯᠢᠯᠴᠠᠬᠤ ᠲᠦᠷᠢᠮ︾ ᠳᠤ ᠭᠠᠷ ᠤᠨ ᠦᠰᠦᠭ ᠵᠢᠷᠤᠵᠦ᠂ ᠠᠷᠠᠳ ᠤᠨ ᠳᠡᠭᠡᠳᠦ ᠪᠠᠶᠢᠴᠭᠠᠠᠬᠤ ᠬᠤᠷᠢᠶ᠎ᠠ᠂ ᠲᠤᠳᠤᠭᠠᠲᠦ ᠶᠢ ᠬᠠᠮᠠᠭᠠᠯᠠᠬᠤ ᠶᠠᠮᠤᠨ ᠤ ︽ᠲᠤᠷᠰᠢᠨ ᠪᠠᠶᠢᠴᠠᠭᠠᠯᠳᠡ ᠳᠤ ᠬᠢᠨᠠᠯᠳᠡ ᠳᠠᠯᠪᠢᠬᠤ ᠪᠠ ᠬᠠᠮᠵᠢᠯᠴᠠᠬᠤ ᠲᠤᠬᠳᠠᠴᠠ ᠶᠢ ᠪᠦᠷᠢᠨᠰᠢᠬᠦᠯᠬᠦ ᠲᠤᠬᠠᠢ ᠰᠠᠨᠠᠯ︾᠂ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ︽ᠴᠠᠭ ᠲᠤ ᠲᠤᠬᠢᠷᠠᠭᠤᠯᠤᠨ  ᠲᠤᠳᠤᠭᠠᠲᠦ ᠶᠢ ᠬᠠᠮᠠᠭᠠᠯᠠᠬᠤ ᠪᠠᠶᠢᠭᠤᠯᠭ᠎ᠠ ᠶᠢᠨ ᠬᠤᠤᠷᠲᠦ ᠡᠳ᠋ ᠤᠨ ᠲᠦᠷᠦᠯ ᠤᠨ ᠶᠠᠯ᠎ᠠ ᠬᠢᠭᠰᠡᠨ ᠬᠡᠷᠡᠭ ᠢ ᠲᠤᠷᠰᠢᠨ ᠪᠠᠶᠢᠴᠠᠭᠠᠬᠤ ᠳᠤ ᠤᠷᠤᠯᠴᠠᠬᠤ ᠲᠦᠷ ᠬᠡᠷᠡᠭᠵᠢᠬᠦᠯᠬᠦ ᠠᠷᠭ᠎ᠠ︾ ᠵᠡᠷᠭᠡ ᠮᠠᠲ᠋ᠧᠷᠢᠶᠠᠯ ᠢ ᠬᠠᠮᠳᠤᠪᠡᠷ  ᠰᠤᠷᠤᠯᠴᠠᠬᠰᠠᠨ ᠪᠠᠶᠢᠨ᠎ᠡ᠃ ᠲᠡᠷᠡᠴᠢᠯᠡᠨ ᠬᠤᠶᠠᠷ ᠲᠠᠯ᠎ᠠ ᠪᠠᠷ ᠲᠤᠷᠰᠢᠨ ᠪᠠᠶᠢᠴᠠᠭᠠᠯᠳᠡ ᠳᠤ ᠬᠢᠨᠠᠯᠳᠡ ᠳᠠᠯᠪᠢᠬᠤ ᠪᠠ ᠬᠠᠮᠵᠢᠯᠴᠠᠭᠠᠨ ᠤ ᠠᠯᠪᠡᠨ ᠬᠡᠷ ᠪᠠᠶᠢᠭᠤᠯᠤᠬᠳᠠᠬᠰᠠᠨ ᠤ ᠵᠤᠷᠢᠯᠭ᠎ᠠ ᠠᠴᠢ ᠬᠤᠯᠪᠤᠬᠳᠠᠯ᠂ ᠠᠵᠢᠯ ᠤᠨ ᠲᠤᠰᠢᠶᠡᠯ ᠬᠠᠷᠢᠭᠤᠴᠠᠯᠭ᠎ᠠ᠂ ᠠᠵᠢᠯᠳᠠᠨ ᠤ ᠲᠤᠮᠢᠯᠠᠨ ᠰᠠᠭᠤᠬᠤ ᠠᠷᠭ᠎ᠠ ᠬᠡᠯᠪᠡᠷᠢ᠂ ᠠᠵᠢᠯ ᠤᠨ ᠬᠠᠮᠵᠢᠯᠴᠠᠭ᠎ᠠ ᠵᠡᠷᠬᠡ ᠲᠠᠯ᠎ᠠ ᠪᠠᠷ ᠬᠦᠨᠵᠡᠬᠡᠢ ᠶᠠᠷᠢᠯᠴᠡᠪᠡ᠃


微信图片_20230224112339.jpg


ᠰᠢᠯᠢ ᠶᠢᠨ ᠭᠤᠤᠯ ᠠᠶᠢᠮᠠᠭ ᠤᠨ ᠤᠮᠠᠷᠠᠲᠦ ᠬᠡᠰᠡᠭ ᠨᠢ ᠮᠤᠩᠭᠤᠯ ᠤᠯᠤᠰ ᠲᠠᠢ ᠬᠢᠯᠢ ᠵᠠᠯᠭᠠᠯᠳᠤᠵᠦ᠂ 1103 ᠺᠢᠯᠤᠮᠧᠲᠷ ᠤᠨ ᠬᠢᠯᠢ ᠶᠢᠨ ᠱᠤᠭᠤᠮ ᠲᠠᠢ ᠪᠠᠶᠢᠳᠠᠭ᠃ ᠲᠤᠷᠰᠢᠨ ᠪᠠᠶᠢᠴᠠᠭᠠᠯᠳᠡ ᠳᠤ ᠬᠢᠨᠠᠯᠳᠡ ᠳᠠᠯᠪᠢᠬᠤ ᠪᠠ ᠬᠠᠮᠵᠢᠯᠴᠠᠭᠠᠨ ᠤ ᠠᠯᠪᠡᠨ ᠬᠡᠷ ᠤᠨ ᠪᠠᠶᠢᠭᠤᠯᠤᠬᠳᠠᠬᠰᠠᠨ ᠨᠢ ᠬᠠᠮᠵᠢᠯᠴᠠᠭ᠎ᠠ ᠶᠢ ᠵᠤᠬᠢᠶᠠᠨ ᠪᠠᠶᠢᠭᠤᠯᠬᠤ᠂ ᠬᠢᠨᠡᠯᠳᠡ ᠳᠠᠯᠪᠢᠨ ᠬᠠᠮᠵᠢᠯᠴᠠᠬᠤ ᠵᠡᠷᠭᠡ ᠲᠤᠰᠢᠶᠡᠯ ᠬᠠᠷᠢᠭᠤᠴᠠᠯᠭ᠎ᠠ ᠶᠢ ᠡᠬᠦᠷᠬᠡᠯᠠᠵᠦ᠂ ᠬᠡᠷᠡᠭ ᠤᠨ ᠴᠢᠨᠠᠷ ᠴᠢᠨᠰᠠᠭ᠎ᠠ᠂ ᠬᠢᠨᠡᠯᠳᠡ ᠳᠠᠯᠪᠢᠬᠤ ᠦᠷ᠎ᠡ ᠪᠦᠳᠦᠮᠵᠢ᠂ ᠬᠠᠤᠯᠢ ᠴᠠᠭᠠᠵᠠ ᠶᠢᠨ ᠢᠳᠡᠬᠡᠮᠵᠢ ᠶᠢᠨ ᠬᠦᠴᠦᠨ ᠢ ᠳᠡᠭᠡᠭᠰᠢᠯᠡᠬᠦᠯᠬᠦ ᠳᠤ ᠬᠦᠴᠦᠨ ᠨᠡᠮᠡᠷᠢᠯᠡᠵᠦ᠂ ᠬᠢᠨᠡᠯᠳᠡ ᠳᠠᠯᠪᠢᠬᠤ ᠰᠢᠰᠲ᠋ᠧᠮᠴᠢᠯᠡᠭᠰᠡᠨ ᠶᠢ ᠠᠬᠢᠭᠤᠯᠬᠤ ᠳᠤ   ᠰᠢᠨ᠎ᠡ ᠬᠡᠪ ᠲᠤᠬᠳᠠᠴᠠ ᠶᠢ ᠪᠠᠶᠢᠭᠤᠯᠬᠤ ᠪᠤᠯᠤᠨ᠎ᠡ᠃

    

ᠨᠠᠷᠠᠨᠲᠤᠶᠠᠭ᠎ᠠ ᠮᠡᠳᠡᠭᠡᠯᠡᠪᠡ    


ᠢᠷᠡᠯᠲᠡ
ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro